
2023 ᠣᠨ᠎ᠤ 11 ᠳ᠋ᠦ᠍ᠭᠡᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠬᠠᠶ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠢᠦᠶ ᠱᠧᠩ ᠭᠤᠤᠯ ᠰᠡᠳᠦᠪ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠠᠯᠪᠠᠨ ᠬᠡᠷ᠎ᠤᠨ ᠬᠠᠷᠢᠭᠤᠴᠠᠯᠭ᠋ᠠᠲᠠᠨ ᠨᠥᠬᠥᠳ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠵᠣᠷᠰᠢᠯᠲᠤ ᠪᠠᠶ᠋ᠢᠳᠠᠯ᠎ᠢ ᠮᠡᠳᠡᠭᠳᠡᠬᠦ ᠬᠤᠷᠠᠯ᠎ᠤᠨ ᠭᠤᠤᠯ ᠰᠡᠳᠦᠪ᠎ᠤᠨ ᠨᠡᠢ᠌ᠲᠡᠯᠡᠯ᠎ᠤᠨ ᠦᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠲᠢᠩᠬᠢᠮ᠎ᠤᠨ ᠳᠡᠳ᠋ ᠳᠠᠷᠤᠭ᠎ᠠ — ᠵᠣᠣ ᠢᠦᠶ ᠱᠧᠩ
ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠨ ᠨᠢᠭᠡ ᠪᠣᠯᠤᠨ᠎ᠠ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠵᠢᠨ ᠮᠠᠨ᠎ᠤ ᠣᠷᠣᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠢᠮᠠᠭᠲᠠ ᠪᠠᠲᠤ ᠴᠡᠭᠡᠵᠢᠯᠡᠵᠦ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭ᠋ᠠᠪᠠ᠃ ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠠᠴᠠ 《ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠂ 《ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠢᠰᠦᠨ ᠵᠣᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠵᠤ᠂ ᠮᠠᠨ᠎ᠤ ᠣᠷᠣᠨ᠎ᠤ ᠰᠦ ᠵᠢᠨ ᠦᠢ᠍ᠯᠡᠰ᠎ᠤᠨ ᠬᠥᠭᠵᠢᠯᠲᠡ ᠲᠦᠷᠭᠡᠨ᠎ᠤ ᠵᠠᠮ᠎ᠳᠤ ᠣᠷᠣᠵᠤ᠂ ᠰᠦ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ 2000 ᠳ᠋ᠦᠩᠰᠢᠭᠤᠷ ᠲᠥᠭᠦᠷᠢᠭ᠎ᠢ ᠳᠠᠪᠠᠪᠠ᠃
ᠨᠢᠭᠡ᠂ ᠮᠠᠨ᠎ᠤ ᠣᠷᠣᠨ᠎ᠤ ᠰᠦ ᠵᠢᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠮᠵᠢ
ᠠᠯᠢ ᠣᠯᠠᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠠᠬᠢᠭᠤᠯᠤᠯ ᠳᠣᠣᠷ᠎ᠠ᠂ ᠮᠠᠨ᠎ᠤ ᠣᠷᠣᠨ᠎ᠤ ᠰᠦ ᠵᠢᠨ ᠦᠢ᠍ᠯᠡᠰ᠎ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠪᠦᠬᠦ ᠤᠯᠤᠰ᠎ᠤᠨ ᠠᠩᠬᠠᠳᠠᠭᠴᠢ ᠲᠥᠭᠦᠬᠡᠢ ᠰᠢᠨ᠎ᠡ ᠰᠦ ᠵᠢᠨ ᠭᠠᠷᠤᠯᠲᠠ 700 ᠲᠦᠮᠡᠨ ᠲᠣᠨ᠎ᠢ ᠳᠠᠪᠠᠭᠰᠠᠨ ᠮᠤᠵᠢ ᠪᠣᠯᠪᠠ᠃ 2022 ᠣᠨ᠎ᠳᠤ᠂ ᠪᠥᠬᠦ ᠣᠷᠣᠨ᠎ᠤ ᠰᠠᠭ᠋ᠠᠯᠢ ᠵᠢᠨ ᠦᠨᠢᠶ᠎ᠡ ᠵᠢᠨ ᠲᠤᠭ᠎ᠠ 159.0 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 10.9%᠎ᠪᠠᠷ ᠨᠡᠮᠡᠭᠳᠡᠨ᠂ ᠦᠨᠢᠶᠡᠨ ᠰᠦ ᠵᠢᠨ ᠭᠠᠷᠤᠯᠲᠠ 733.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 9.0%᠎ᠪᠠᠷ ᠨᠡᠮᠡᠭᠳᠡᠨ᠂ ᠬᠡᠪᠴᠢᠶᠡᠵᠢᠯ᠎ᠠᠴᠠ ᠳᠡᠭᠡᠭᠰᠢᠬᠢ ᠴᠠᠭ᠋ᠠᠨ ᠢᠳᠡᠭᠡᠨ᠎ᠤ ᠭᠠᠷᠤᠯᠲᠠ 415.2 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 12.6%᠎ᠪᠠᠷ ᠨᠡᠮᠡᠭᠳᠡᠨ᠂ ᠰᠦ ᠵᠢᠨ ᠦᠢ᠍ᠯᠡᠰ᠎ᠤᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ 2225 ᠳ᠋ᠦᠩᠰᠢᠭᠤᠷ ᠲᠥᠭᠦᠷᠢᠭ᠎ᠲᠤ ᠬᠦᠷᠴᠦ᠂ ᠪᠥᠬᠦ ᠤᠯᠤᠰ᠎ᠤᠨ ᠰᠦ ᠵᠢᠨ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠤᠨ 35.3% ᠵᠢ ᠡᠵᠡᠯᠡᠪᠡ᠃ ᠲᠦᠷᠦᠭᠦᠤ ᠭᠤᠷᠪᠠᠨ ᠤᠯᠠᠷᠢᠯ᠎ᠳᠤ᠂ ᠪᠥᠬᠦ ᠣᠷᠣᠨ᠎ᠤ ᠰᠠᠭ᠋ᠠᠯᠢ ᠵᠢᠨ ᠦᠨᠢᠶ᠎ᠡ ᠵᠢᠨ ᠲᠤᠭ᠎ᠠ 168.7 ᠲᠦᠮᠡ ᠪᠠᠢ᠌ᠵᠤ᠂ ᠦᠨᠢᠶᠡᠨ ᠰᠦ ᠵᠢᠨ ᠭᠠᠷᠤᠯᠲᠠ 461.3 ᠲᠦᠮᠡᠨ ᠲᠣᠨ ᠪᠠᠢ᠌ᠵᠤ᠂ ᠴᠠᠭ᠋ᠠᠨ ᠢᠳᠡᠭᠡᠨ᠎ᠤ ᠭᠠᠷᠤᠯᠲᠠ 349.8 ᠲᠦᠮᠡᠨ ᠲᠣᠨ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ ᠲᠣᠰ ᠲᠣᠰ 4.1%᠂ 6.8% ᠪᠠ 13.3%᠎ᠪᠠᠷ ᠨᠡᠮᠡᠭᠳᠡᠵᠦ᠂ ᠦᠷᠭᠦᠯᠵᠢᠯᠡᠨ ᠪᠥᠬᠦ ᠤᠯᠤᠰ᠎ᠲᠤ ᠲᠡᠷᠢᠭᠦᠯᠡᠪᠡ᠃
ᠲᠡᠵᠢᠭᠡᠨ ᠦᠷᠡᠵᠢᠭᠦᠯᠬᠦ ᠲᠠᠯ᠎ᠠ᠎ᠠᠴᠠ ᠦᠵᠡᠬᠦ᠎ᠳᠤ᠂ ᠨᠢᠭᠡ᠎ᠳᠤ᠂ ᠰᠦ ᠵᠢᠨ ᠢᠷᠡᠯᠲᠡ ᠵᠢᠨ ᠰᠠᠭᠤᠷᠢᠨ ᠭᠠᠵᠠᠷ ᠨᠠᠩ ᠪᠠᠲᠤ ᠪᠠᠬᠢ ᠪᠣᠯᠪᠠ᠃ ᠪᠦᠬᠦ ᠣᠷᠣᠨ᠎ᠳᠤ ᠣᠳᠣ ᠵᠠᠭᠤᠨ ᠲᠣᠯᠣᠭ᠋ᠠᠶ᠎ᠠᠴᠠ ᠳᠡᠭᠡᠭᠰᠢᠬᠢ ᠬᠤᠰᠲ᠋ᠠᠨ ᠰᠠᠭ᠋ᠠᠯᠢ ᠵᠢᠨ ᠦᠨᠢᠶᠡᠨ᠎ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 567 ᠪᠠᠶ᠋ᠢᠵᠤ᠂ ᠬᠤᠰᠲ᠋ᠠᠨ ᠰᠠᠭ᠋ᠠᠯᠢ ᠵᠢᠨ ᠦᠨᠢᠶᠡᠨ᠎ᠤ ᠬᠡᠪᠴᠢᠶᠡᠵᠢᠯ᠎ᠤᠨ ᠨᠣᠷᠮ᠎ᠠ 92% ᠪᠠᠶ᠋ᠢᠵᠤ᠂ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ 20 ᠵᠠᠭᠤᠨ᠎ᠤ ᠴᠡᠭ ᠥᠨᠳᠥᠷ ᠪᠠᠶ᠋ᠢᠨ᠎ᠠ᠃ ᠲᠦᠭᠦᠬᠡᠶ ᠰᠢᠨ᠎ᠡ ᠰᠦ ᠬᠤᠳᠠᠯᠳᠤᠨ ᠠᠪᠬᠤ ᠥᠷᠲᠡᠭᠡ ᠪᠣᠯᠤᠨ ᠲᠡᠭᠡᠭᠡᠪᠦᠷᠢ ᠵᠢᠨ ᠲᠡᠷᠭᠡ ᠬᠥᠰᠬᠡ ᠵᠢ ᠪᠦᠷᠢᠨ ᠬᠠᠮᠤᠷᠤᠭᠤᠯᠬᠤ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠠᠷᠪᠠᠨ ᠳᠥᠷᠪᠡᠨ ᠵᠢᠯ ᠳᠠᠷᠠᠭ᠋ᠠᠯᠠᠨ ᠬᠤᠷᠢᠭ᠎ᠠ ᠴᠠᠭ᠋ᠠᠵᠠ᠎ᠠᠴᠠ ᠵᠥᠷᠢᠴᠡᠭᠰᠡᠨ ᠪᠣᠳᠠᠰ᠎ᠢ ᠨᠢᠭᠡ ᠴᠤ᠌ ᠪᠠᠶ᠋ᠢᠴᠠᠭ᠋ᠠᠨ ᠭᠠᠷᠭ᠋ᠠᠭᠰᠠᠨ ᠦᠭᠡᠢ᠃ ᠬᠤᠶᠠᠷ᠎ᠲᠤ᠂ ᠡᠪᠡᠰᠦ ᠪᠣᠷᠳᠤᠭ᠎ᠠ ᠳᠠᠷᠢᠬᠤ ᠡᠭᠦᠷᠭᠡ ᠵᠢ ᠯᠠᠪᠳᠠᠭᠤᠨ ᠵᠶ᠋ᠠᠷ ᠠᠬᠢᠭᠤᠯᠪᠠ᠃ ᠪᠥᠬᠦ ᠣᠷᠣᠨ᠎ᠤ ᠲᠡᠵᠢᠭᠡᠯ ᠡᠪᠡᠰᠦ ᠳᠠᠷᠢᠬᠤ ᠶᠡᠷᠦᠩᠬᠡᠶ ᠲᠠᠯᠠᠪᠠᠶ ᠵᠢ 1967.7 ᠲᠦᠮᠡᠨ ᠮᠥ᠍᠎ᠳᠤ ᠬᠦᠷᠭᠡᠵᠦ᠂ ᠡᠭᠦᠨ᠎ᠳᠤ 2023 ᠣᠨ᠎ᠳᠤ ᠴᠢᠨᠠᠷ ᠰᠠᠶ᠋ᠢᠲᠠᠶ ᠴᠠᠷᠭ᠋ᠠᠰᠤ ᠵᠢᠨ ᠰᠠᠭᠤᠷᠢᠨ ᠭᠠᠵᠠᠷ᠎ᠢ 74.2 ᠲᠦᠮᠡᠨ ᠮᠥ᠍ ᠰᠢᠨ᠎ᠡ᠎ᠪᠠᠷ ᠪᠠᠶ᠋ᠢᠭᠤᠯᠵᠤ᠂ ᠮᠠᠨ᠎ᠤ ᠣᠷᠣᠨ᠎ᠤ ᠨᠢᠭᠡᠳᠦᠭᠡᠷ ᠳᠡᠰ᠎ᠤᠨ ᠴᠢᠨᠠᠷ ᠰᠠᠶ᠋ᠢᠲᠠᠶ ᠴᠠᠷᠭ᠋ᠠᠰᠤ ᠵᠢᠨ ᠥᠪᠡᠷ᠎ᠢ᠎ᠪᠠᠨ ᠬᠠᠩᠭ᠋ᠠᠬᠤ ᠨᠣᠷᠮ᠎ᠠ ᠵᠢ 80% ᠪᠣᠯᠲᠠᠯ᠎ᠠ ᠳᠡᠭᠡᠭᠰᠢᠯᠡᠭᠦᠯᠵᠦ᠂ 2022 ᠣᠨ᠎ᠤ᠎ᠬᠢ᠎ᠠᠴᠠ 5 ᠵᠠᠭᠤᠨ᠎ᠤ ᠴᠡᠭ ᠳᠡᠭᠡᠭᠰᠢᠯᠡᠬᠦᠯᠪᠡ᠃ ᠭᠤᠷᠪᠠ᠎ᠳᠤ᠂ ᠰᠠᠭ᠋ᠠᠯᠢ ᠵᠢᠨ ᠦᠨᠢᠶᠡᠨ᠎ᠤ ᠪᠡᠶ᠎ᠡ᠎ᠪᠠᠨ ᠳᠠᠭ᠋ᠠᠭ᠋ᠠᠵᠤ ᠡᠭᠦᠯᠳᠡᠷ ᠬᠠᠩᠭ᠋ᠠᠬᠤ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠪᠡ᠃ ᠪᠥᠬᠦ ᠣᠷᠣᠨ᠎ᠳᠤ ᠣᠲᠣ ᠤᠯᠤᠰ᠎ᠤᠨ ᠲᠠᠰ᠎ᠤᠨ ᠡᠭᠦᠯᠳᠡᠷ ᠪᠤᠶ᠋ᠢᠵᠢᠭᠤᠯᠬᠤ ᠠᠵᠤ ᠠᠬᠤᠶ᠋ᠢᠯᠠᠯ 7 ᠪᠠᠶ᠋ᠢᠵᠤ᠂ ᠡᠭᠦᠨ᠎ᠳᠤ ᠤᠯᠤᠰ᠎ᠤᠨ ᠲᠠᠰ᠎ᠤᠨ ᠡᠭᠦᠯᠳᠡᠷ ᠪᠤᠶ᠋ᠢᠵᠢᠭᠤᠯᠬᠤ ᠭᠤᠤᠯ ᠲᠠᠯᠠᠪᠠᠶ 2 ᠪᠠ ᠦᠷ᠎ᠡ ᠵᠢᠨ ᠪᠤᠬᠠᠨ᠎ᠤ ᠥᠷᠲᠡᠭᠡ 5 ᠪᠣᠶ᠃ ᠪᠥᠬᠦ ᠣᠷᠣᠨ᠎ᠳᠤ ᠣᠲᠣ ᠪᠥᠬᠦ ᠤᠯᠤᠰ᠎ᠲᠤ ᠡᠮᠦᠨ᠎ᠡ 100 ᠨᠡᠷᠡᠰ᠎ᠲᠤ ᠵᠢᠭᠰᠠᠭ᠋ᠠᠭᠳᠠᠭᠰᠠᠨ ᠬᠤᠰᠲ᠋ᠠᠨ ᠦᠷ᠎ᠡ ᠵᠢᠨ ᠪᠤᠬ᠎ᠠ 19 ᠪᠠᠶ᠋ᠢᠵᠤ᠂ ᠪᠥᠬᠦ ᠤᠯᠤᠰ᠎ᠤᠨ ᠭᠤᠷᠪᠠᠳᠤᠭ᠋ᠠᠷ᠎ᠲᠤ ᠣᠷᠣᠪᠠ᠃
ᠡᠳ᠋ᠰᠢᠭᠦᠯᠬᠦ ᠲᠠᠯ᠎ᠠ᠎ᠠᠴᠠ ᠦᠵᠡᠬᠦ᠎ᠳᠤ᠂ ᠬᠦᠲᠦᠴᠢ ᠠᠵᠤ ᠠᠬᠤᠶ᠋ᠢᠯᠠᠯ᠎ᠤᠨ ᠪᠣᠶ᠋ᠢᠵᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠢ᠌ᠵᠤ᠂ ᠪᠦᠬᠦ ᠣᠷᠣᠨ᠎ᠳᠤ ᠣᠳᠣ ᠵᠢᠯ᠎ᠳᠤ 500 ᠲᠦᠮᠡ᠎ᠠᠴᠠ ᠳᠡᠭᠡᠭᠰᠢᠬᠢ ᠴᠠᠭ᠋ᠠᠨ ᠢᠳᠡᠭᠡᠨ᠎ᠤ ᠠᠵᠤ ᠠᠬᠤᠶ᠋ᠢᠯᠠᠯ 83 ᠡᠷᠦᠬᠡ᠂ ᠡᠳ᠋ᠰᠢᠭᠦᠯᠬᠦ ᠴᠢᠳᠠᠪᠤᠷᠢ᠎ᠨᠢ 1230 ᠲᠦᠮᠡᠨ ᠲᠣᠨ ᠪᠣᠯᠣᠨ᠎ᠠ᠃ 2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠬᠥᠲᠥᠴᠢ ᠠᠵᠤ ᠠᠬᠤᠶ᠋ᠢᠯᠠᠯ 8 ᠰᠢᠨ᠎ᠡ᠎ᠪᠠᠷ ᠨᠡᠮᠡᠭᠳᠡᠵᠦ᠂ 38 ᠡᠷᠦᠬᠡ᠎ᠳᠤ ᠬᠦᠷᠴᠦ᠂ ᠡᠳ᠋ᠰᠢᠭᠦᠯᠬᠦ ᠴᠢᠳᠠᠪᠤᠷᠢ᠎ᠨᠢ 1140 ᠲᠦᠮᠡᠨ ᠲᠣᠨ ᠪᠠᠢ᠌ᠵᠤ᠂ ᠪᠥᠬᠦ ᠣᠷᠣᠨ᠎ᠤ ᠶᠡᠷᠦᠩᠬᠡᠶ ᠡᠳ᠋ᠰᠢᠭᠦᠯᠬᠦ ᠴᠢᠳᠠᠪᠤᠷᠢ ᠵᠢᠨ 91% ᠵᠢ ᠡᠵᠡᠯᠡᠪᠡ᠃ ᠡᠭᠦᠨ᠎ᠠᠴᠠ ᠭᠠᠳᠠᠨ᠎ᠠ᠂ ᠪᠥᠬᠦ ᠣᠷᠣᠨ᠎ᠳᠤ SC ᠭᠡᠷᠡᠴᠢᠯᠡᠯ ᠬᠦᠷᠲᠡᠭᠰᠡᠨ ᠣᠷᠣᠨ ᠨᠤᠲᠤᠭ᠎ᠤᠨ ᠣᠨᠴᠠᠯᠢᠭᠲᠤ ᠴᠠᠭ᠋ᠠᠨ ᠢᠳᠡᠭᠡᠨ᠎ᠤ ᠠᠵᠤ ᠠᠬᠤᠶ᠋ᠢᠯᠠᠯ 41 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 46.42% ᠵᠶ᠋ᠠᠷ ᠨᠡᠮᠡᠭᠳᠡᠵᠦ᠂ ᠵᠢᠵᠢᠭ ᠦᠢ᠍ᠯᠡᠳᠬᠡᠯ᠎ᠤᠨ ᠭᠠᠵᠠᠷ᠎ᠤᠨ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠣᠷᠣᠨ ᠨᠤᠲᠤᠭ᠎ᠤᠨ ᠣᠨᠴᠠᠯᠢᠭᠲᠤ ᠴᠠᠭ᠋ᠠᠨ ᠢᠳᠡᠭᠡᠨ᠎ᠤ ᠭᠠᠷ ᠦᠢ᠍ᠯᠡᠳᠬᠡᠯ᠎ᠤᠨ ᠭᠠᠵᠠᠷ 1584 ᠡᠷᠦᠬᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 16.29%᠎ᠪᠠᠷ ᠨᠡᠮᠡᠭᠳᠡᠵᠦ᠂ ᠡᠳ᠋ᠰᠢᠭᠦᠯᠬᠦ ᠴᠢᠳᠠᠪᠤᠷᠢ᠎ᠨᠢ 16 ᠲᠦᠮᠡᠨ ᠲᠣᠨ᠎ᠳᠤ ᠬᠦᠷᠴᠡᠶ᠃
ᠬᠤᠶᠠᠷ᠂ 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠤᠨ ᠨᠡᠢ᠌ᠲᠡᠯᠡᠯ
ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠨ᠂ 《ᠨᠢᠭᠡ ᠰᠢᠷᠬᠡᠭ ᠡᠪᠡᠰᠦ᠎ᠠᠴᠠ ᠨᠢᠭᠡ ᠴᠣᠮᠣ ᠰᠦ ᠬᠦᠷᠲᠡᠯ᠎ᠡ》 ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠬᠤ ᠵᠢᠨ ᠲᠤᠰᠠᠳᠠ᠂ ᠣᠶ᠋ᠢᠷ᠎ᠠ ᠵᠢᠨ ᠬᠤᠭᠤᠴᠠᠭ᠋ᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠᠰᠠ 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠭᠰᠡᠨ ᠪᠥᠭᠡᠳ ᠪᠠᠰᠠ ᠮᠠᠨ᠎ᠤ ᠣᠷᠣᠨ᠎ᠤ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠢᠷᠢᠰ ᠳᠡᠮᠵᠢᠯᠭᠡ ᠵᠢᠨ ᠠᠷᠭ᠎ᠠ ᠬᠡᠮᠵᠢᠶ᠎ᠡ ᠵᠢᠨ ᠲᠠᠰ ᠳᠡᠪᠰᠢᠭᠰᠡᠨ ᠬᠡᠪᠯᠡᠯ ᠪᠣᠯᠵᠣ᠂ ᠮᠠᠰᠢ ᠲᠡᠭᠦᠯᠳᠡᠷᠵᠢᠭᠰᠡᠨ ᠲᠥᠷᠥ ᠵᠢᠨ ᠪᠣᠳᠣᠯᠭ᠎ᠠ ᠪᠣᠯᠪᠠ᠃
ᠳᠣᠣᠷ᠎ᠠ ᠪᠢ ᠲᠥᠷᠥ ᠵᠢᠨ ᠪᠣᠳᠣᠯᠭ᠎ᠠ ᠵᠢᠨ ᠬᠣᠯᠪᠤᠭᠳᠠᠯ ᠪᠦᠬᠦᠢ ᠮᠡᠳᠡᠭᠡ ᠵᠠᠩᠭᠢ ᠵᠢ ᠣᠯᠠᠨ᠎ᠳᠤ ᠲᠠᠨᠢᠯᠴᠠᠭᠤᠯᠤᠶ᠎ᠠ᠃
(ᠨᠢᠭᠡ) 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠭᠰᠡᠨ ᠴᠢᠬᠤᠯᠠ ᠠᠴᠢ ᠬᠤᠯᠪᠣᠭᠳᠠᠯ
ᠨᠢᠭᠡ᠎ᠳᠤ᠂ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠴᠢᠬᠤᠯᠠ ᠠᠷᠭ᠎ᠠ ᠬᠡᠮᠵᠢᠶ᠎ᠡ ᠵᠢ ᠠᠬᠢᠭᠤᠯᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠰᠦ ᠵᠢᠨ ᠦᠢ᠍ᠯᠡᠰ ᠪᠣᠯ ᠡᠷᠡᠭᠦᠯ ᠡᠩᠬᠡ ᠳᠤᠮᠳᠠᠳᠤ ᠤᠯᠤᠰ᠂ ᠦᠨᠳᠦᠰᠦᠲᠡᠨ᠎ᠤ ᠬᠦᠴᠦᠷᠬᠡᠭᠵᠢᠯ᠎ᠤᠨ ᠲᠤᠳᠠᠭᠳᠠᠵᠤ ᠪᠣᠯᠤᠰᠢ ᠦᠭᠡᠢ ᠠᠵᠤ ᠦᠢ᠍ᠯᠡᠰ᠂ ᠢᠳᠡᠭᠡᠨ᠎ᠤ ᠠᠮᠤᠷ ᠲᠦᠪᠰᠢᠨ᠎ᠤ ᠲᠥᠯᠥᠭᠡᠯᠡᠬᠦ ᠴᠢᠨᠠᠷᠲᠠᠢ ᠠᠵᠤ ᠦᠢ᠍ᠯᠡᠰ᠂ ᠲᠠᠷᠢᠶᠠᠯᠠᠩ᠎ᠤᠨ ᠣᠳᠣᠬᠢᠴᠢᠯᠠᠯᠲᠠ ᠵᠢᠨ ᠪᠡᠯᠭᠡ ᠲᠡᠮᠳᠡᠭ᠎ᠤᠨ ᠴᠢᠨᠠᠷᠲᠠᠢ ᠠᠵᠤ ᠦᠢ᠍ᠯᠡᠰ ᠪᠠ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠵᠣᠬᠢᠴᠠᠩᠭᠤᠶ᠎ᠪᠠᠷ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠠᠵᠤ ᠦᠢ᠍ᠯᠡᠰ ᠮᠥᠨ᠃ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠰᠢᠨ᠎ᠡ ᠵᠢ ᠡᠭᠦᠳᠦᠨ ᠲᠥᠯᠥᠪᠵᠢᠭᠦᠯᠵᠦ᠂ ᠰᠦ ᠵᠢᠨ ᠦᠢ᠍ᠯᠡᠰ᠎ᠤᠨ ᠣᠳᠣᠬᠢᠴᠢᠯᠠᠯᠲᠠ ᠵᠢᠨ ᠲᠦᠪᠰᠢᠨ᠎ᠢ ᠯᠠᠪᠳᠠᠭᠤᠨ ᠪᠠᠲᠤᠲᠠᠶ ᠳᠡᠭᠡᠭᠰᠢᠯᠡᠭᠦᠯᠬᠦ᠎ᠨᠢ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠴᠢᠬᠤᠯᠠ ᠶᠡᠭᠡ ᠪᠥᠭᠡᠳ ᠠᠯᠤᠰ ᠬᠡᠲᠦ ᠵᠢᠨ ᠠᠴᠢ ᠬᠤᠯᠪᠣᠭᠳᠠᠯ᠎ᠲᠠᠢ ᠶᠤᠮ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠳᠤᠮᠳᠠᠳᠤ ᠤᠯᠤᠰ᠎ᠤᠨ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠭᠤᠣᠯ ᠭᠦᠢ᠍ᠴᠡᠳᠬᠡᠯ ᠲᠤᠭ᠎ᠠ ᠵᠢᠨ ᠰᠢᠰᠲᠸᠮᠵᠢ》᠎ᠳᠤ ᠳᠤᠷᠠᠳᠤᠭᠰᠠᠨ 《ᠣᠨᠣᠯᠵᠢᠬᠤᠨ ᠵᠶ᠋ᠠᠨ ᠬᠠᠷᠢᠯᠴᠠᠨ ᠠᠭᠤᠰᠤᠯᠴᠠᠭᠤᠯᠵᠤ ᠬᠠᠷᠢᠯᠴᠠᠨ ᠠᠬᠢᠭᠤᠯᠵᠤ᠂ ᠲᠣᠭ᠋ᠠᠵᠢᠭᠤᠯᠤᠯᠲᠠ᠎ᠪᠠᠨ ᠵᠦᠢ ᠵᠣᠬᠢᠰᠲᠠᠢ ᠨᠡᠮᠡᠭᠳᠡᠭᠦᠯᠬᠦ ᠪᠠ ᠶᠠᠰᠤ ᠴᠢᠨᠠᠷ ᠵᠶ᠋ᠠᠨ ᠪᠦᠲᠦᠮᠵᠢᠲᠡᠢ ᠳᠡᠭᠡᠭᠰᠢᠯᠡᠭᠦᠯᠬᠦ》 ᠭᠤᠷᠪᠠᠨ ᠶᠡᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢᠨ ᠲᠣᠭᠤᠷᠢᠨ᠎ᠳᠤ᠂ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠬᠤ ᠬᠡᠷᠡᠭᠲᠡᠢ᠃ 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠭᠰᠡᠨ᠎ᠨᠢ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠭᠰᠡᠨ ᠪᠠᠶ᠋ᠢᠨ᠎ᠠ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠭᠦᠨᠵᠡᠭᠡᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠡᠢ᠃
ᠬᠤᠶᠠᠷ᠎ᠲᠤ᠂ ᠠᠷᠠᠳ ᠣᠯᠠᠨ᠎ᠤ 《ᠰᠦ ᠵᠢᠨ ᠰᠠᠪᠠ》 ᠵᠢᠨ ᠴᠢᠬᠤᠯᠠ ᠠᠷᠭ᠎ᠠ ᠪᠠᠷᠢᠯ᠎ᠢ ᠪᠠᠲᠤᠯᠠᠪᠠ᠃ ᠵᠢᠵᠢᠭᠬᠡᠨ ᠨᠢᠭᠡ ᠴᠣᠮᠣ ᠰᠦ ᠵᠢᠨ ᠨᠢᠭᠡ ᠲᠠᠯ᠎ᠠ᠎ᠨᠢ ᠬᠥᠳᠡᠭᠡ ᠲᠣᠰᠬᠤᠨ᠂ ᠲᠠᠷᠢᠶᠠᠴᠢᠨ ᠡᠷᠦᠬᠡ᠎ᠲᠠᠢ ᠬᠣᠯᠪᠤᠯᠳᠤᠵᠤ᠂ ᠨᠥᠭᠦᠭᠡ ᠲᠠᠯ᠎ᠠ᠎ᠨᠢ ᠥᠷᠭᠡᠨ ᠣᠯᠠᠨ ᠬᠡᠷᠡᠭᠯᠡᠭᠴᠢᠳ᠎ᠲᠠᠢ ᠬᠤᠯᠪᠣᠯᠳᠤᠵᠤ ᠪᠠᠶ᠋ᠢᠳᠠᠭ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠡᠷᠡᠭᠦᠯ ᠬᠥᠭᠵᠢᠯᠲᠡ᠎ᠨᠢ ᠥᠷᠭᠡᠨ ᠣᠯᠠᠨ ᠰᠠᠭ᠋ᠠᠯᠢᠴᠢᠳ᠎ᠤᠨ ᠠᠰᠢᠭ ᠲᠤᠰᠠᠲᠠᠢ ᠬᠤᠯᠪᠣᠭᠳᠠᠬᠤ ᠮᠥᠷᠲᠡᠭᠡᠨ ᠪᠠᠰᠠ ᠴᠠᠭ᠋ᠠᠨ ᠢᠳᠡᠭᠡᠨ᠎ᠤ ᠠᠮᠤᠷ ᠲᠦᠪᠰᠢᠨ ᠪᠠ ᠣᠯᠠᠨ ᠲᠦᠮᠡᠨ᠎ᠤ ᠡᠷᠡᠭᠦᠯ ᠮᠡᠨᠳᠦ᠎ᠲᠠᠢ ᠬᠤᠯᠪᠣᠭᠳᠠᠵᠤ ᠪᠠᠶ᠋ᠢᠳᠠᠭ᠃ 2022 ᠣᠨ᠎ᠤ 3 ᠳ᠋ᠤᠭ᠋ᠠᠷ ᠰᠠᠷ᠎ᠠ ᠵᠢᠨ 5᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ ᠰᠦ ᠵᠢᠨ ᠦᠢ᠍ᠯᠡᠰ᠎ᠤᠨ ᠲᠤᠬᠠᠶ ᠲᠤᠰᠬᠠᠶ᠋ᠢᠯᠠᠨ ᠴᠢᠬᠤᠯᠠ ᠵᠢᠭ᠋ᠠᠪᠤᠷᠢ ᠥᠭᠴᠦ᠂ ᠦᠷᠭᠦᠯᠵᠢᠯᠡᠨ ᠴᠢᠷᠮᠠᠢ᠌ᠨ ᠪᠠᠢ᠌ᠵᠤ ᠰᠦ ᠵᠢᠨ ᠦᠢ᠍ᠯᠡᠰ᠎ᠢ ᠬᠥᠭᠵᠢᠬᠦᠯᠵᠦ᠂ ᠲᠡᠭᠦᠨ᠎ᠤ ᠡᠷᠡᠭᠦᠯ ᠬᠥᠭᠵᠢᠯᠲᠡ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠮᠠᠨ᠎ᠤ ᠤᠯᠤᠰ ᠪᠣᠯ ᠰᠦ ᠵᠢᠨ ᠦᠢ᠍ᠯᠡᠰ᠎ᠤᠨ ᠦᠢ᠍ᠯᠡᠳᠪᠦᠷᠢᠯᠡᠯ ᠪᠠ ᠬᠡᠷᠡᠭᠯᠡᠭᠡᠨ᠎ᠤ ᠲᠣᠮᠣ ᠤᠯᠤᠰ ᠪᠣᠯᠤᠨ᠎ᠠ᠂ ᠥᠪᠥᠷ ᠮᠣᠩᠭᠤᠯ ᠪᠥᠬᠦ ᠤᠯᠤᠰ᠎ᠤᠨ ᠨᠡᠷ᠎ᠡ ᠨᠢᠳᠡᠷ᠎ᠲᠤ᠎ᠪᠠᠨ ᠨᠡᠶ᠋ᠢᠴᠡᠭᠰᠡᠨ 《ᠰᠦ ᠵᠢᠨ ᠰᠠᠪᠠ》 ᠪᠣᠯᠤᠭᠰᠠᠨ᠎ᠤ ᠬᠤᠪᠢ᠎ᠳᠤ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠪᠢᠳᠡᠨ᠎ᠤ ᠳᠠᠪᠠᠭᠤᠯᠢᠭ ᠮᠥᠨ᠂ ᠪᠠᠰᠠ ᠴᠤ᠌ ᠡᠭᠦᠷᠭᠡᠯᠡᠵᠦ ᠪᠠᠶ᠋ᠢᠭ᠎ᠠ ᠴᠢᠬᠤᠯᠠ ᠶᠡᠭᠡ ᠬᠠᠷᠢᠭᠤᠴᠠᠯᠭ᠎ᠠ ᠮᠥᠨ ᠭᠡᠵᠡᠢ᠃
ᠭᠤᠷᠪᠠ᠎ᠳᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠴᠢᠬᠤᠯᠠ ᠦᠢ᠍ᠯᠡᠳᠦᠯᠭᠡ ᠵᠢ ᠠᠬᠢᠭᠤᠯᠪᠠ᠃ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠥᠪᠥᠷ ᠮᠣᠩᠭᠤᠯ ᠥᠷᠭᠡᠨ ᠠᠭᠤᠳᠠᠮ ᠪᠠᠶ᠋ᠢᠭ᠋ᠠᠯᠢ ᠵᠢᠨ ᠲᠠᠯ᠎ᠠ ᠨᠤᠲᠤᠭ ᠪᠠ ᠡᠯᠪᠡᠭ ᠪᠠᠶᠠᠯᠢᠭ ᠲᠠᠷᠢᠮᠠᠯ ᠪᠡᠯᠴᠢᠭᠡᠷ᠎ᠲᠠᠢ ᠪᠠᠶ᠋ᠢᠵᠤ᠂ ᠴᠡᠪᠡᠷ ᠤᠰᠤᠨ ᠰᠤᠷᠪᠤᠯᠵᠢ᠂ ᠴᠡᠪᠡᠷ ᠠᠭ᠋ᠠᠷ᠂ ᠲᠣᠬᠢᠷᠠᠮᠵᠢᠲᠠᠶ ᠠᠭᠤᠷ ᠠᠮᠢᠰᠬᠤᠯ᠎ᠲᠠᠢ ᠪᠠᠶ᠋ᠢᠵᠤ᠂ ᠪᠥᠬᠦ ᠳᠡᠯᠡᠬᠡᠢ ᠵᠢᠨ ᠬᠠᠮᠤᠭ᠎ᠤᠨ ᠴᠢᠨᠠᠷ ᠰᠠᠶ᠋ᠢᠲᠠᠶ᠂ ᠲᠠᠯᠠᠪᠠᠶ᠎ᠪᠠᠷ ᠬᠠᠮᠤᠭ᠎ᠤᠨ ᠶᠡᠭᠡ ᠰᠢᠵᠢᠷ ᠠᠯᠲᠠᠨ ᠰᠦ ᠵᠢᠨ ᠢᠷᠡᠯᠲᠡ ᠵᠢᠨ ᠪᠦᠰᠡ ᠵᠢ ᠪᠣᠶ ᠪᠣᠯᠭ᠋ᠠᠵᠤ᠂ ᠰᠦ ᠵᠢᠨ ᠠᠵᠤ ᠦᠢ᠍ᠯᠡᠰ᠎ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠯ᠎ᠠ᠎ᠲᠠᠢ ᠶᠤᠮ᠃ ᠥᠪᠥᠷ ᠮᠣᠩᠭᠤᠯ ᠳᠠᠪᠠᠭᠤᠯᠢᠭ᠎ᠲᠤ᠎ᠪᠠᠨ ᠲ᠋ᠦᠰᠢᠭᠯᠡᠨ᠂ ᠴᠢᠨᠠᠷ ᠰᠠᠶ᠋ᠢᠲᠠᠶ ᠲᠡᠵᠢᠭᠡᠯ ᠡᠪᠡᠰᠦᠨ᠎ᠤ ᠬᠠᠩᠭ᠋ᠠᠯᠭ᠎ᠠ᠂ ᠰᠢᠯᠢᠳᠡᠭ ᠡᠭᠦᠯᠳᠡᠷ᠎ᠢ ᠪᠤᠶ᠋ᠢᠵᠢᠭᠤᠯᠬᠤ᠂ ᠴᠢᠨᠠᠷ ᠰᠠᠶ᠋ᠢᠲᠠᠶ ᠰᠦ ᠵᠢᠨ ᠢᠷᠡᠯᠲᠡ ᠵᠢᠨ ᠰᠠᠭᠤᠷᠢᠨ ᠭᠠᠵᠠᠷ᠂ ᠪᠦᠯᠦᠭᠯᠡᠨ ᠬᠥᠭᠵᠢᠬᠦ ᠵᠡᠷᠭᠡ ᠵᠠᠩᠭᠢᠯᠠᠭ᠎ᠠ ᠵᠢᠨ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠥᠩᠭᠦᠨ ᠭᠦᠢ᠍ᠯᠭᠡᠭᠡᠨ ᠵᠡᠷᠭᠡ ᠨᠡᠶ᠋ᠢᠭᠡᠮ᠎ᠤᠨ ᠬᠥᠷᠥᠩᠭᠡ ᠵᠢᠨ ᠢᠳᠡᠪᠬᠢᠲᠡᠶ ᠣᠷᠣᠯᠴᠠᠬᠤ ᠵᠢ ᠳᠠᠶ᠋ᠢᠴᠢᠯᠠᠵᠤ᠂ ᠠᠵᠤ ᠠᠬᠤᠶ᠋ᠢᠯᠠᠯ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠡᠷᠭᠡ ᠡᠯ᠎ᠡ ᠲᠥᠷᠥᠯ᠎ᠤᠨ ᠭᠤᠤᠯ ᠴᠣᠭᠴᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ 《ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠵᠦ᠂ 《ᠨᠢᠭᠡ ᠰᠢᠷᠬᠡᠭ ᠡᠪᠡᠰᠦ᠎ᠠᠴᠠ ᠨᠢᠭᠡ ᠴᠣᠮᠣ ᠰᠦ ᠬᠦᠷᠲᠡᠯᠡᠬᠢ》 ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠶ᠎ᠪᠠᠷ ᠰᠦ ᠵᠢᠨ ᠦᠢ᠍ᠯᠡᠰ᠎ᠤᠨ ᠬᠥᠭᠵᠢᠯᠲᠡ ᠵᠢ ᠪᠠᠶ᠋ᠢᠷᠢᠰᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢᠨ ᠲᠣᠮᠣ ᠣᠷᠣᠨ᠎ᠠᠴᠠ ᠶᠠᠰᠤ ᠴᠢᠨᠠᠷ ᠵᠶ᠋ᠠᠷ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠠᠬᠢᠭᠤᠯᠪᠠ᠃
ᠳᠥᠷᠪᠡ᠎ᠳᠤ᠂ ᠮᠠᠨ᠎ᠤ ᠣᠷᠣᠨ᠎ᠤ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠳᠡᠰ ᠳᠡᠪᠰᠢᠭᠦᠯᠪᠡ᠃ 2018 ᠣᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠰᠦ ᠵᠢᠨ ᠦᠢ᠍ᠯᠡᠰ᠎ᠢ ᠦᠷᠭᠦᠯᠵᠢᠯᠡᠨ ᠳᠡᠮᠵᠢᠵᠦ᠂ ᠰᠦ ᠵᠢᠨ ᠦᠢ᠍ᠯᠡᠰ᠎ᠤᠨ ᠬᠥᠭᠵᠢᠯᠲᠡ᠎ᠨᠢ ᠪᠥᠬᠦ ᠤᠯᠤᠰ᠎ᠤᠨ ᠲᠡᠷᠢᠭᠦᠨ᠎ᠤ ᠪᠠᠶ᠋ᠢᠷᠢᠨ᠎ᠳᠤ ᠣᠷᠤᠪᠠ᠃ ᠭᠡᠪᠡᠴᠦ ᠮᠠᠨ᠎ᠤ ᠣᠷᠣᠨ᠎ᠤ ᠰᠦ ᠵᠢᠨ ᠦᠢ᠍ᠯᠡᠰ᠎ᠤᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠪᠠᠰᠠ ᠵᠠᠷᠢᠮ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ ᠢᠯᠡᠷᠡᠵᠦ᠂ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠳᠤ ᠰᠢᠢ᠍ᠳᠪᠦᠷᠢᠯᠡᠬᠦ ᠴᠢᠬᠤᠯᠠᠲᠠᠢ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠣᠳᠣᠬᠠᠨ᠎ᠤ ᠰᠦ ᠵᠢᠨ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠭᠦᠨᠵᠡᠭᠡᠶ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ ᠣᠲᠣ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠵᠶ᠋ᠠᠨ ᠮᠥᠨ ᠬᠦ᠌ ᠪᠠᠳᠠᠷᠠᠭᠤᠯᠬᠤ ᠬᠡᠷᠡᠭᠲᠡᠶ᠂ ᠠᠬ᠎ᠠ ᠳᠡᠭᠦᠦ ᠮᠤᠵᠢ ᠣᠷᠣᠨ᠎ᠠᠴᠠ ᠲᠣᠯᠢᠯᠠᠵᠤ ᠪᠣᠯᠬᠤ ᠲᠥᠷᠥ ᠵᠢᠨ ᠪᠣᠳᠣᠯᠭ᠎ᠠ ᠵᠢ ᠰᠢᠩᠭᠡᠭᠡᠨ ᠠᠪᠴᠤ᠂ ᠨᠥᠬᠦᠪᠥᠷᠢᠯᠡᠬᠦ ᠴᠢᠬᠤᠯᠠᠲᠠᠶ ᠲᠥᠷᠥ ᠵᠢᠨ ᠪᠣᠳᠣᠯᠭ᠎ᠠ ᠵᠢ ᠭᠦᠢ᠍ᠴᠡᠳ ᠨᠥᠬᠦᠪᠥᠷᠢᠯᠡᠬᠦ ᠵᠠᠷᠴᠢᠮ ᠶᠣᠰᠣᠭ᠋ᠠᠷ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠥᠲᠥᠯᠦᠨ ᠳᠠᠭ᠋ᠠᠭᠤᠯᠬᠤ᠂ ᠬᠡᠯᠬᠢᠶᠡᠵᠢᠭᠰᠡᠨ ᠰᠡᠳᠬᠢᠬᠦᠶ ᠪᠠ ᠴᠢᠨᠠᠷ ᠰᠠᠶ᠋ᠢᠲᠠᠶ ᠬᠥᠭᠵᠢᠯᠲᠡ ᠵᠢ ᠪᠠᠷᠢᠮᠲᠠᠯᠠᠵᠤ᠂ 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠪᠣᠶ ᠪᠣᠯᠭ᠋ᠠᠪᠠ᠃
(ᠬᠤᠶᠠᠷ) 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠤᠨ ᠰᠢᠨ᠎ᠡ ᠬᠢᠯᠠᠰ ᠴᠡᠭ
ᠨᠢᠭᠡ᠎ᠳᠤ᠂ ᠬᠡᠯᠬᠢᠶᠡᠵᠢᠭᠰᠡᠨ ᠰᠡᠳᠬᠢᠬᠦᠶ ᠵᠢ ᠢᠯᠡᠷᠡᠭᠦᠯᠪᠡ᠃ ᠡᠪᠡᠰᠦᠨ᠎ᠤ ᠢᠷᠡᠯᠲᠡ᠂ ᠦᠷ᠎ᠡ ᠵᠢᠨ ᠢᠷᠡᠯᠲᠡ᠂ ᠰᠦ ᠵᠢᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠴᠠᠭ᠋ᠠᠨ ᠢᠳᠡᠭᠡᠨ ᠡᠳ᠋ᠰᠢᠭᠦᠯᠬᠦ᠂ ᠨᠡᠷᠡᠲᠦ ᠲᠡᠮᠳᠡᠭᠲᠦ ᠵᠢ ᠪᠤᠶ᠋ᠢᠵᠢᠭᠤᠯᠬᠤ᠂ ᠬᠡᠷᠡᠭᠯᠡᠭᠡ ᠵᠢ ᠬᠥᠲᠥᠯᠥᠨ ᠵᠢᠯᠣᠭᠤᠳᠬᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠯᠭ᠋ᠠᠭᠤᠷᠢᠯᠠᠬᠤ᠂ ᠬᠢᠨᠠᠨ ᠬᠠᠮᠢᠶᠠᠷᠬᠤ ᠳᠦᠷᠢᠮ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠣᠯᠠᠨ ᠲᠠᠯ᠎ᠠ ᠵᠢᠨ ᠠᠭᠤᠯᠭ᠎ᠠ ᠵᠢ ᠬᠠᠮᠤᠷᠤᠭᠰᠠᠨ᠎ᠨᠢ ᠰᠦ ᠵᠢᠨ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ᠎ᠳᠤ ᠠᠰᠢᠭᠲᠠᠢ ᠶᠤᠮ᠃ 《ᠡᠪᠡᠰᠦ᠂ ᠲᠠᠷᠢᠬᠤ᠂ ᠠᠷᠠᠴᠢᠯᠠᠬᠤ᠂ ᠡᠳ᠋ᠰᠢᠭᠦᠯᠬᠦ᠂ ᠪᠣᠷᠣᠯᠠᠭᠤᠯᠬᠤ》 ᠪᠦᠬᠦ ᠬᠡᠯᠬᠢᠶᠡᠨ᠎ᠤ ᠳᠤᠲᠠᠭᠤᠳᠠᠯ᠎ᠢ ᠨᠥᠬᠦᠪᠥᠷᠢᠯᠡᠬᠦ ᠵᠢ ᠪᠠᠷᠢᠮᠲᠠᠯᠠᠵᠤ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ᠂ ᠡᠳ᠋ᠰᠢᠭᠦᠯᠦᠨ ᠬᠤᠪᠢᠷᠠᠭᠤᠯᠬᠤ ᠵᠡᠷᠭᠡ ᠱᠠᠩᠨᠠᠯ᠎ᠤᠨ ᠵᠣᠬᠢᠴᠠᠮᠵᠢ ᠵᠢᠨ ᠰᠢᠨ᠎ᠡ ᠵᠢ ᠡᠭᠦᠳᠴᠦ᠂ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠪᠦᠬᠦ ᠬᠡᠯᠬᠢᠶᠡᠨ᠎ᠤ ᠡᠵᠡᠩᠨᠡᠯᠲᠡ ᠵᠢᠨ ᠭᠤᠣᠯ ᠴᠣᠭᠴᠠ ᠵᠢᠨ ᠠᠰᠢᠭ ᠲᠤᠰᠠ ᠵᠢᠨ ᠬᠤᠯᠪᠣᠭ᠎ᠠ ᠵᠢ ᠴᠢᠩᠭ᠋ᠠᠷᠠᠭᠤᠯᠵᠤ᠂ ᠬᠡᠯᠬᠢᠶᠡᠨ᠎ᠤ ᠰᠡᠳᠬᠢᠬᠦᠢ᠎ᠪᠠᠷ 《ᠨᠢᠭᠡ ᠰᠢᠷᠬᠡᠭ ᠡᠪᠡᠰᠦ᠎ᠠᠴᠠ ᠨᠢᠭᠡ ᠴᠣᠮᠣ ᠰᠦ ᠬᠦᠷᠲᠡᠯᠡᠬᠢ》 ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠤᠨ᠎ᠠ᠃
ᠬᠤᠶᠠᠷ᠎ᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠯᠣᠭᠤᠳᠤᠮᠵᠢ ᠵᠢ ᠢᠯᠡᠷᠡᠭᠦᠯᠪᠡ᠃ ᠰᠦ ᠵᠢᠨ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠯᠡ ᠮᠥᠩᠭᠦ ᠵᠢᠨ ᠵᠠᠷᠴᠢᠮ᠎ᠤᠨ ᠴᠢᠨᠠᠷᠲᠠᠢ ᠣᠷᠣᠭᠤᠯᠤᠯᠲᠠ ᠵᠢᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠳᠡᠭᠡᠳᠦ ᠳᠡᠰ᠎ᠤᠨ ᠴᠠᠭ᠋ᠠᠨ ᠢᠳᠡᠭᠡᠨ᠎ᠤ ᠰᠤᠳᠤᠯᠤᠨ ᠨᠡᠭᠡᠭᠡᠬᠦ᠂ ᠰᠦ ᠵᠢᠨ ᠦᠢ᠍ᠯᠡᠰ᠎ᠤᠨ ᠪᠦᠬᠦ ᠬᠡᠯᠬᠢᠶ᠎ᠡ ᠵᠢᠨ ᠭᠤᠣᠯ ᠮᠡᠷᠭᠡᠵᠢᠯ᠎ᠤᠨ ᠪᠣᠭᠤᠮᠲᠠ ᠰᠢᠪᠲᠤᠯᠬᠤ ᠵᠢᠴᠢ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠵᠢ ᠴᠢᠩᠭ᠋ᠠᠷᠠᠭᠤᠯᠪᠠ᠃ ᠡᠪᠡᠰᠦᠨ ᠦᠷ᠎ᠡ ᠵᠢᠨ ᠦᠢ᠍ᠯᠡᠰ᠂ ᠰᠠᠭ᠋ᠠᠯᠢ ᠵᠢᠨ ᠦᠨᠢᠶ᠎ᠡ ᠵᠢᠨ ᠦᠷ᠎ᠡ ᠵᠢᠨ ᠦᠢ᠍ᠯᠡᠰ᠎ᠤᠨ ᠬᠦᠷᠢᠶᠡᠨ᠎ᠳᠤ 《ᠲᠤᠩᠬᠠᠭ ᠨᠡᠢ᠌ᠲᠡᠯᠡᠨ ᠮᠠᠩᠯᠠᠶ᠋ᠢᠯᠠᠭᠤᠯᠬᠤ》 ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ᠎ᠳᠤ ᠤᠯᠠᠷᠢᠭᠤᠯᠤᠨ ᠬᠤᠪᠢᠷᠠᠭᠤᠯᠤᠭᠰᠠᠨ ᠭᠤᠣᠯ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠵᠤ᠂ ᠰᠦ ᠵᠢᠨ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠦᠷᠢᠶᠡᠨ᠎ᠳᠤ ᠰᠢᠪᠲᠤᠯᠤᠯᠲᠠ ᠵᠢᠨ ᠴᠢᠨᠠᠷᠲᠠᠢ ᠠᠬᠢᠴᠠ ᠪᠤᠶᠤ ᠵᠠᠩᠭᠢᠯᠠᠭ᠎ᠠ ᠵᠢᠨ ᠭᠤᠣᠯ ᠮᠡᠷᠭᠡᠵᠢᠯ᠎ᠢ ᠰᠢᠪᠲᠤᠯᠤᠭᠰᠠᠨ ᠭᠤᠣᠯ ᠴᠣᠭᠴᠠ᠎ᠳᠤ ᠳᠡᠮᠵᠢᠯᠭᠡ ᠦᠵᠡᠭᠦᠯᠦᠨ᠎ᠡ᠃ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠠᠵᠢᠯ᠎ᠢ ᠴᠢᠩᠭ᠋ᠠᠳᠬᠠᠨ᠂ ᠴᠠᠭ᠋ᠠᠨ ᠢᠳᠡᠭᠡᠨ ᠡᠳ᠋ᠰᠢᠭᠦᠯᠬᠦ ᠠᠵᠤ ᠠᠬᠤᠶ᠋ᠢᠯᠠᠯ᠎ᠤᠳ᠎ᠤᠨ ᠤᠯᠤᠰ ᠪᠣᠯᠤᠨ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠬᠤ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠵᠤ᠂ ᠠᠵᠢᠯ ᠲᠥᠷᠥᠯ᠎ᠤᠨ ᠬᠥᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠬᠥᠲᠥᠯᠥᠨ ᠳᠠᠭ᠋ᠠᠭᠤᠯᠤᠨ᠎ᠠ᠃
ᠭᠤᠷᠪᠠ᠎ᠳᠤ᠂ ᠴᠢᠨᠠᠷ ᠰᠠᠶ᠋ᠢᠲᠠᠢ ᠱᠠᠭ᠋ᠠᠷᠳᠠᠯᠭ᠎ᠠ ᠵᠢ ᠢᠯᠡᠷᠡᠭᠦᠯᠪᠡ᠃ ᠬᠥᠭᠵᠢᠯᠲᠡ ᠵᠢᠨ ᠣᠶ᠋ᠢᠯᠠᠭ᠋ᠠᠭᠳᠠᠬᠤᠨ᠎ᠤ ᠴᠠᠭ ᠮᠥᠴᠡ᠎ᠲᠠᠢ ᠵᠡᠷᠭᠡ᠎ᠪᠠᠷ ᠤᠷᠤᠭᠰᠢᠯᠠᠬᠤ᠂ ᠬᠥᠭᠵᠢᠯᠲᠡ ᠵᠢᠨ ᠪᠠᠶ᠋ᠢᠷᠢᠰᠢᠯ ᠦᠷᠭᠦᠯᠵᠢᠯᠡᠨ ᠡᠷᠡᠭᠦᠯ ᠪᠠᠶ᠋ᠢᠬᠤ᠂ ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ ᠬᠠᠨᠳᠤᠰᠢ ᠵᠢ ᠲᠥᠪᠯᠡᠷᠡᠭᠦᠯᠬᠦ᠂ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠭᠤᠣᠯᠳᠠᠯᠭ᠎ᠠ ᠵᠢ ᠲᠤᠪᠤᠶ᠋ᠢᠯᠭ᠋ᠠᠭᠰᠠᠨ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠵᠠᠷᠴᠢᠮ᠎ᠢ ᠵᠢᠷᠤᠮᠯᠠᠬᠤ ᠬᠡᠷᠡᠭᠲᠡᠢ᠃ ᠨᠥᠬᠦᠪᠥᠷᠢ ᠵᠢᠨ ᠪᠠᠯᠠ ᠮᠥᠩᠭᠦ ᠵᠢᠨ ᠬᠥᠲᠥᠯᠦᠨ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠬᠤ ᠬᠠᠷᠠᠯᠲᠠ᠎ᠳᠤ ᠪᠥᠬᠦ ᠲᠠᠯ᠎ᠠ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠶᠡᠭᠡ ᠵᠢ᠎ᠨᠢ ᠠᠳᠬᠤᠵᠤ ᠪᠠᠭ᠎ᠠ ᠵᠢ᠎ᠨᠢ ᠲᠠᠯᠪᠢᠬᠤ ᠥᠬᠡᠶ ᠪᠠᠶ᠋ᠢᠬᠤ ᠵᠢ ᠪᠠᠷᠢᠮᠲᠠᠯᠠᠨ᠂ ᠳᠤᠮᠳᠠ ᠵᠢᠵᠢᠭ ᠰᠦ ᠵᠢᠨ ᠠᠵᠤ ᠠᠬᠤᠶ᠋ᠢᠯᠠᠯ᠎ᠤᠨ ᠠᠰᠢᠭ ᠲᠤᠰᠠ ᠵᠢ ᠬᠠᠮᠲᠤᠳᠤᠨᠢ ᠬᠠᠷᠠᠭ᠋ᠠᠯᠵᠠᠵᠤ᠂ ᠰᠦ ᠵᠢᠨ ᠠᠵᠤ ᠠᠬᠤᠶ᠋ᠢᠯᠠᠯ᠎ᠤᠨ ᠨᠠᠷᠢᠯᠢᠭ ᠭᠦᠨᠵᠡᠭᠡᠶ ᠡᠳ᠋ᠰᠢᠭᠦᠯᠬᠦ ᠵᠢ ᠳᠡᠮᠵᠢᠬᠦ ᠪᠣᠳᠠᠲᠠᠶ ᠠᠷᠭ᠎ᠠ ᠬᠡᠮᠵᠢᠶ᠎ᠡ ᠵᠢ ᠲᠣᠪᠤᠶ᠋ᠢᠮ᠎ᠠ ᠳᠡᠮᠵᠢᠵᠦ᠂ ᠪᠢᠰᠢᠯᠠᠭ ᠵᠡᠷᠭᠡ ᠬᠠᠲᠠᠭᠤ ᠲᠦᠯᠦᠪᠲᠦ ᠰᠦ᠂ ᠢᠮᠠᠭ᠋ᠠᠨ ᠰᠦ ᠪᠣᠯᠣᠨ ᠢᠩᠭᠡᠨ ᠰᠦ ᠵᠡᠷᠭᠡ ᠣᠨᠴᠠᠯᠢᠭᠲᠤ ᠰᠦ ᠵᠢᠨ ᠵᠦᠷᠢᠶᠡᠴᠢᠯᠡᠭᠰᠡᠨ ᠬᠥᠭᠵᠢᠯᠲᠡ ᠵᠢ ᠲᠦᠷᠭᠡᠳᠭᠡᠵᠦ᠂ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠳᠤᠮᠳᠠ ᠳᠡᠭᠡᠳᠦ ᠳᠡᠰ ᠲᠡᠶ᠋ᠢᠰᠢ ᠬᠦᠭᠵᠢᠬᠦ ᠵᠢ ᠠᠬᠢᠭᠤᠯᠤᠨ᠎ᠠ᠃
(ᠭᠤᠷᠪᠠ) 《ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠤᠨ ᠭᠤᠤᠯ ᠠᠭᠤᠯᠭ᠎ᠠ
ᠨᠢᠭᠡᠳᠦᠭᠡᠷ ᠬᠡᠰᠡᠭ᠂ 《ᠡᠪᠡᠰᠦᠨ᠎ᠤ ᠢᠷᠡᠯᠲᠡ》 ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠷᠠᠴᠢᠯᠠᠨ ᠲᠡᠵᠢᠭᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠭᠤᠤᠯᠳᠠᠭᠤ 《ᠲᠡᠵᠢᠭᠡᠬᠦ ᠵᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠵᠢ ᠤᠶᠠᠯᠳᠤᠭᠤᠯᠬᠤ》 ᠣᠶ᠋ᠢᠯᠠᠭ᠋ᠠᠭᠳᠠᠬᠤᠨ᠎ᠢ ᠢᠯᠡᠷᠡᠭᠦᠯᠵᠦ᠂ ᠴᠢᠨᠠᠷ ᠰᠠᠶ᠋ᠢᠲᠠᠶ ᠴᠠᠷᠭ᠋ᠠᠰᠤ ᠵᠢᠨ ᠥᠪᠡᠷ᠎ᠢ᠎ᠪᠠᠨ ᠬᠠᠩᠭ᠋ᠠᠬᠤ ᠲᠠᠯ᠎ᠠ᠎ᠪᠠᠷ ᠬᠦᠷᠦᠯᠴᠡᠬᠦ ᠥᠬᠡᠶ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ᠎ᠨᠢ ᠥᠨᠳᠥᠷ᠂ ᠴᠢᠨᠠᠷ ᠰᠠᠶ᠋ᠢᠲᠠᠶ ᠡᠪᠡᠰᠦᠨ᠎ᠤ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ᠎ᠪᠠᠷ ᠬᠦᠷᠦᠯᠴᠡᠬᠦ ᠥᠬᠡᠶ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠵᠢᠭᠡᠯ ᠡᠪᠡᠰᠦ ᠬᠤᠷᠢᠶᠠᠨ ᠨᠥᠭᠡᠴᠡᠯᠡᠬᠦ᠂ ᠴᠠᠷᠭ᠋ᠠᠰᠤ ᠳᠠᠷᠢᠬᠤ ᠨᠥᠬᠦᠪᠥᠷᠢ ᠵᠢ ᠳᠤᠷᠠᠳᠤᠨ ᠭᠠᠷᠭ᠋ᠠᠵᠤ᠂ ᠴᠠᠷᠭ᠋ᠠᠰᠤ ᠵᠢᠨ ᠡᠭᠦᠯᠳᠡᠷ᠎ᠤᠨ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠰᠢᠨ᠎ᠡ ᠡᠭᠦᠯᠳᠡᠷ᠎ᠢ ᠰᠣᠩᠭᠤᠨ ᠪᠤᠶ᠋ᠢᠵᠢᠭᠤᠯᠵᠤ 《ᠲᠤᠩᠬᠠᠭ ᠨᠡᠢ᠌ᠲᠡᠯᠡᠨ ᠮᠠᠩᠯᠠᠶ᠋ᠢᠯᠠᠭᠤᠯᠬᠤ》 ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠴᠠᠷᠭ᠋ᠠᠰᠤ ᠳᠠᠷᠢᠬᠤ ᠨᠥᠬᠦᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠃
ᠬᠤᠶᠠᠳᠤᠭ᠋ᠠᠷ ᠬᠡᠰᠡᠭ᠂ 《ᠦᠷ᠎ᠡ ᠵᠢᠨ ᠢᠷᠡᠯᠳᠡ》 ᠵᠢᠨ ᠥᠪᠡᠷ᠎ᠢ᠎ᠪᠠᠨ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠰᠠᠭ᠋ᠠᠯᠢ ᠵᠢᠨ ᠮᠠᠯ᠎ᠤᠨ ᠰᠠᠶ᠋ᠢᠨ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ ᠵᠢ ᠴᠢᠩᠭ᠋ᠠᠳᠬᠠᠨ᠎ᠠ᠃ ᠦᠷ᠎ᠡ ᠵᠢᠨ ᠢᠷᠡᠯᠳᠡ᠎ᠨᠢ ᠥᠪᠡᠷ᠎ᠢ᠎ᠪᠠᠨ ᠬᠠᠩᠭ᠋ᠠᠬᠤ ᠴᠢᠳᠠᠪᠤᠷᠢ᠎ᠪᠠᠷ ᠴᠢᠩᠭ᠎ᠠ ᠪᠤᠰᠤ᠂ ᠭᠤᠣᠯ ᠦᠷ᠎ᠡ ᠪᠤᠶ᠋ᠢᠵᠢᠭᠤᠯᠬᠤ ᠲᠠᠯᠠᠪᠠᠢ ᠪᠠ ᠳᠡᠭᠡᠳᠦ ᠳᠡᠰ᠎ᠤᠨ ᠦᠷ᠎ᠡ ᠵᠢᠨ ᠪᠤᠬ᠎ᠠ ᠵᠢ ᠪᠤᠶ᠋ᠢᠵᠢᠭᠤᠯᠬᠤ᠎ᠪᠠᠷ ᠬᠦᠷᠦᠯᠴᠡᠬᠦ ᠦᠭᠡᠢ᠂ ᠦᠢ᠍ᠯᠡᠳᠪᠦᠷᠢᠯᠡᠯ᠎ᠤᠨ ᠴᠢᠳᠠᠮᠵᠢ ᠵᠢ ᠬᠡᠮᠵᠢᠨ ᠲᠣᠭᠲᠠᠭ᠋ᠠᠬᠤ᠎ᠪᠠᠷ ᠬᠦᠷᠦᠯᠴᠡᠬᠦ ᠦᠭᠡᠢ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭ᠋ᠠᠯᠢ ᠵᠢᠨ ᠦᠨᠢᠶ᠎ᠡ ᠵᠢᠨ ᠴᠢᠨᠠᠷᠲᠠᠢ ᠬᠦᠪᠦᠷᠡᠯ᠎ᠤᠨ ᠨᠥᠬᠦᠪᠥᠷᠢ᠂ ᠲᠡᠷᠢᠭᠦᠨ ᠳᠡᠰ᠎ᠤᠨ ᠦᠷ᠎ᠡ ᠵᠢᠨ ᠪᠤᠬ᠎ᠠ ᠵᠢ ᠪᠤᠶ᠋ᠢᠵᠢᠭᠤᠯᠬᠤ᠂ ᠭᠤᠣᠯ ᠦᠷ᠎ᠡ ᠪᠤᠶ᠋ᠢᠵᠢᠭᠤᠯᠬᠤ ᠲᠠᠯᠠᠪᠠᠢ ᠵᠢ ᠡᠭᠦᠳᠦᠨ ᠪᠠᠶ᠋ᠢᠭᠤᠯᠬᠤ᠂ ᠰᠠᠭ᠋ᠠᠯᠢ ᠵᠢᠨ ᠦᠨᠢᠶ᠎ᠡ ᠵᠢᠨ ᠦᠢ᠍ᠯᠡᠳᠪᠦᠷᠢᠯᠡᠯ᠎ᠤᠨ ᠴᠢᠳᠠᠮᠵᠢ ᠵᠢ ᠬᠡᠮᠵᠢᠨ ᠲᠣᠭᠲᠠᠭ᠋ᠠᠬᠤ᠂ ᠰᠠᠭ᠋ᠠᠯᠢ ᠵᠢᠨ ᠦᠨᠢᠶ᠎ᠡ ᠵᠢᠨ ᠰᠠᠭ᠋ᠠᠯᠢ ᠵᠢᠨ ᠢᠮᠠᠭ᠋ᠠᠨ᠎ᠤ ᠢᠴᠡᠭᠡᠯ ᠦᠷ᠎ᠡ ᠵᠢᠨ ᠨᠥᠬᠦᠪᠦᠷᠢ ᠥᠭᠬᠦ᠂ ᠮᠣᠩᠭᠤᠯ ᠮᠣᠷᠢ᠂ ᠬᠤᠣᠰ ᠪᠥᠬᠦᠲᠦ ᠲᠡᠮᠡᠭᠡᠨ᠎ᠤ ᠲᠤᠰ ᠡᠭᠦᠯᠳᠡᠷ᠎ᠢ ᠰᠣᠩᠭᠤᠨ ᠪᠤᠶ᠋ᠢᠵᠢᠭᠤᠯᠬᠤ ᠵᠡᠷᠭᠡ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠳᠤᠷᠠᠳᠪᠠ᠃
ᠭᠤᠷᠪᠠᠳᠤᠭ᠋ᠠᠷ ᠬᠡᠰᠡᠭ᠂ 《ᠰᠦ ᠵᠢᠨ ᠢᠷᠡᠯᠲᠡ》 ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢ ᠪᠠᠲᠤᠳᠬᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠦᠨ᠎ᠡ᠃ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ ᠨᠡᠮᠡᠭᠳᠡᠭᠰᠡᠨ᠂ ᠣᠨᠴᠠᠯᠢᠭᠲᠤ ᠰᠠᠭ᠋ᠠᠯᠢ ᠵᠢᠨ ᠮᠠᠯ᠎ᠢ ᠲᠡᠵᠢᠭᠡᠨ ᠦᠷᠡᠵᠢᠭᠦᠯᠬᠦ ᠦᠢ᠍ᠯᠡᠰ᠎ᠤᠨ ᠳᠡᠮᠵᠢᠯᠭᠡ ᠬᠦᠷᠦᠯᠴᠡᠬᠦ ᠦᠭᠡᠢ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠢ ᠵᠢᠨ ᠡᠵᠡᠩᠨᠡᠯᠲᠡ ᠵᠢᠨ ᠬᠦᠴᠢᠷᠳᠡᠯ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠤᠯ᠎ᠤᠨ ᠲᠥᠷᠥ ᠵᠢᠨ ᠪᠣᠳᠣᠯᠭ᠎ᠠ ᠵᠢᠨ ᠳᠣᠲᠣᠷᠠᠬᠢ 3000 ᠲᠣᠯᠣᠭ᠋ᠠᠶ᠎ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠ ᠭᠠᠳᠠᠭ᠋ᠠᠳᠤ᠎ᠠᠴᠠ ᠣᠷᠣᠭᠤᠯᠤᠭᠰᠠᠨ ᠰᠠᠭ᠋ᠠᠯᠢ ᠵᠢᠨ ᠦᠨᠢᠶᠡᠨ᠎ᠳᠤ ᠨᠥᠬᠦᠪᠥᠷᠢ ᠥᠭᠬᠦ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦᠢ᠌ᠴᠡ ᠴᠢᠨᠠᠷ᠎ᠢ ᠪᠠᠲᠤᠯᠠᠬᠤ ᠵᠢᠨ ᠬᠠᠮᠲᠤ 3000 ᠲᠣᠯᠣᠭ᠋ᠠᠶ᠎ᠠᠴᠠ ᠳᠣᠷᠣᠭᠰᠢᠬᠢ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢᠨ ᠨᠥᠬᠦᠪᠥᠷᠢ ᠵᠢᠨ ᠳᠡᠮᠵᠢᠯᠭᠡ ᠵᠢ ᠰᠢᠨ᠎ᠡ᠎ᠪᠠᠷ ᠨᠡᠮᠡᠭᠳᠡᠭᠦᠯᠵᠦ᠂ ᠣᠨᠴᠠᠯᠢᠭᠲᠤ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠵᠢ ᠵᠣᠷᠢᠭᠵᠢᠭᠤᠯᠵᠤ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠵᠢ ᠱᠠᠩᠨᠠᠨ ᠬᠥᠬᠢᠭᠦᠯᠬᠦ᠂ ᠲᠡᠵᠢᠭᠡᠨ ᠦᠷᠡᠵᠢᠭᠦᠯᠬᠦ ᠲᠠᠯᠠᠪᠠᠶ ᠵᠢᠨ ᠤᠶᠤᠨᠴᠢᠯᠠᠭᠰᠠᠨ ᠪᠠᠶ᠋ᠢᠭᠤᠯᠤᠯᠲᠠ ᠵᠡᠷᠭᠡ ᠲᠥᠷᠥ ᠵᠢᠨ ᠪᠣᠳᠣᠯᠭ᠎ᠠ ᠵᠢ ᠰᠢᠨ᠎ᠡ᠎ᠪᠠᠷ ᠲᠣᠭᠲᠠᠭ᠋ᠠᠪᠠ᠃
ᠳᠥᠷᠪᠡᠳᠦᠭᠡᠷ ᠬᠡᠰᠡᠭ᠂ ᠴᠠᠭ᠋ᠠᠨ ᠢᠳᠡᠭᠡᠨ ᠡᠳ᠋ᠰᠢᠭᠦᠯᠬᠦ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠤᠨ᠎ᠠ᠃ ᠠᠵᠤ ᠦᠢ᠍ᠯᠡᠰ᠎ᠤᠨ ᠪᠦᠲᠦᠴᠡ ᠵᠦᠢ ᠵᠤᠬᠢᠰ ᠦᠭᠡᠢ᠂ ᠴᠠᠭ᠋ᠠᠨ ᠢᠳᠡᠭᠡᠨ᠎ᠢ ᠨᠠᠷᠢᠯᠢᠭ ᠡᠳ᠋ᠰᠢᠭᠦᠯᠬᠦ᠎ᠪᠠᠷ ᠬᠦᠷᠦᠯᠴᠡᠬᠦ ᠦᠭᠡᠢ᠂ ᠨᠤᠨᠲᠠᠭ ᠰᠦᠷᠴᠢᠬᠦ ᠨᠥᠬᠦᠪᠥᠷᠢ ᠵᠢᠨ ᠪᠠᠷᠢᠮᠵᠢᠶ᠎ᠠ ᠨᠡᠯᠢᠶᠡᠳ ᠳᠣᠣᠷ᠎ᠠ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠢᠰᠢᠯᠠᠭ ᠦᠢ᠍ᠯᠡᠳᠪᠦᠷᠢᠯᠡᠬᠦ ᠨᠥᠬᠦᠪᠥᠷᠢ᠂ ᠲᠦᠭᠦᠬᠡᠢ ᠰᠢᠨ᠎ᠡ ᠰᠦ ᠡᠳ᠋ᠰᠢᠭᠦᠯᠬᠦ ᠨᠡᠮᠡᠭᠳᠡᠯ᠎ᠤᠨ ᠬᠡᠮᠵᠢᠶᠡᠨ᠎ᠤ ᠨᠥᠬᠦᠪᠥᠷᠢ᠂ ᠰᠦ ᠵᠢᠨ ᠠᠵᠤ ᠠᠬᠤᠶ᠋ᠢᠯᠠᠯ᠎ᠤᠨ ᠤᠤᠯ ᠬᠢᠭᠰᠡᠨ ᠪᠢᠰᠢᠯᠠᠭ᠂ ᠰᠢᠷᠠᠰᠤ᠂ ᠲᠡᠮᠦᠷᠲᠦ ᠤᠭᠤᠷᠠᠭ ᠵᠡᠷᠭᠡ ᠨᠠᠷᠢᠯᠢᠭ ᠡᠳ᠋ᠰᠢᠭᠦᠯᠬᠦ ᠵᠢ ᠳᠡᠮᠵᠢᠵᠦ᠂ ᠣᠷᠣᠨ ᠨᠤᠲᠤᠭ᠎ᠤᠨ ᠣᠨᠴᠠᠯᠢᠭᠲᠤ ᠴᠠᠭ᠋ᠠᠨ ᠢᠳᠡᠭᠡᠨ᠎ᠢ ᠥᠭᠡᠷᠡᠴᠢᠯᠡᠨ ᠲᠡᠰ ᠳᠡᠪᠰᠢᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠨᠤᠨᠳᠠᠭ ᠰᠦᠷᠴᠢᠬᠦ ᠨᠥᠬᠦᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠃
ᠲᠠᠪᠤᠳᠤᠭ᠋ᠠᠷ ᠬᠡᠰᠡᠭ᠂ ᠨᠠᠷᠠᠲᠤ ᠲᠡᠮᠳᠡᠭᠲᠦ ᠵᠢ ᠪᠤᠶ᠋ᠢᠵᠢᠭᠤᠯᠬᠤ ᠵᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠣᠨᠴᠠᠯᠢᠭᠲᠤ ᠴᠠᠭ᠋ᠠᠨ ᠢᠳᠡᠭᠡᠨ᠎ᠤ ᠲᠥᠷᠥᠯ ᠲᠡᠮᠳᠡᠭᠲᠦ ᠵᠢᠨ ᠪᠤᠶ᠋ᠢᠵᠢᠭᠤᠯᠤᠯᠲᠠ ᠵᠢᠨ ᠬᠦᠷᠦᠯᠴᠡᠬᠦ ᠥᠬᠡᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦ ᠵᠢᠨ ᠦᠢ᠍ᠯᠡᠰ᠎ᠤᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭᠲᠦ᠂ ᠦᠢ᠍ᠯᠡᠳᠬᠦᠨ᠎ᠤ ᠨᠠᠷᠠᠲᠤ ᠲᠡᠮᠳᠡᠭᠲᠦ᠂ ᠠᠵᠤ ᠠᠬᠤᠶ᠋ᠢᠯᠠᠯ᠎ᠤᠨ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢ ᠳᠡᠮᠵᠢᠵᠦ᠂ ᠪᠥᠬᠦ ᠪᠥᠮᠪᠥᠷᠴᠡᠭ᠎ᠤᠨ ᠰᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠥᠨᠳᠦᠷᠯᠢᠭ᠎ᠢ ᠪᠣᠶ ᠪᠣᠯᠭ᠋ᠠᠬᠤ ᠵᠡᠷᠭᠡ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠪᠠ᠃
ᠵᠢᠷᠭᠤᠳᠤᠭ᠋ᠠᠷ ᠬᠡᠰᠡᠭ᠂ ᠬᠡᠷᠡᠭᠯᠡᠭᠡ᠎ᠪᠠᠷ ᠬᠥᠲᠥᠯᠥᠨ ᠵᠢᠯᠣᠭᠤᠳᠬᠤ ᠵᠢ ᠴᠢᠩᠭ᠋ᠠᠳᠬᠠᠵᠤ᠂ ᠴᠠᠭ᠋ᠠᠨ ᠢᠳᠡᠭᠡᠨ᠎ᠤ ᠪᠣᠷᠣᠯᠠᠭᠤᠯᠭ᠎ᠠ ᠵᠢᠨ ᠬᠡᠮᠵᠢᠶ᠎ᠡ ᠵᠢ ᠥᠷᠭᠡᠳᠬᠡᠨ᠎ᠡ᠃ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠰᠡᠷᠭᠦᠵᠦ ᠳᠡᠶ᠋ᠢᠯᠬᠦ ᠦᠭᠡᠢ᠂ ᠬᠡᠷᠡᠭᠯᠡᠭᠡᠨ᠎ᠤ ᠠᠷᠭ᠎ᠠ ᠵᠠᠮ ᠳᠠᠩ ᠴᠤᠯᠭᠤᠢ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠦᠮᠦᠵᠢᠭᠦᠯᠦᠯ ᠬᠦᠷᠦᠯᠴᠡᠬᠦ ᠦᠭᠡᠢ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦ ᠵᠢᠨ ᠦᠢ᠍ᠯᠡᠰ᠎ᠤᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠰᠦᠯᠵᠢᠶᠡᠨ ᠳᠡᠭᠡᠷᠡᠬᠢ ᠬᠡᠷᠡᠭᠯᠡᠭᠡᠨ᠎ᠤ ᠠᠷᠭ᠎ᠠ ᠵᠠᠮ᠎ᠢ ᠥᠷᠭᠡᠳᠬᠡᠵᠦ᠂ ᠰᠦ ᠵᠢᠨ ᠦᠢ᠍ᠯᠡᠰ᠎ᠤᠨ 《ᠬᠡᠷᠡᠭᠯᠡᠭᠡ + ᠵᠢᠭᠤᠯᠴᠢᠯᠠᠯ》᠎ᠤᠨ ᠵᠠᠭᠪᠤᠷ᠎ᠤᠨ ᠰᠢᠨ᠎ᠡ ᠵᠢ ᠡᠭᠦᠳᠴᠦ᠂ ᠡᠯᠸᠺᠲᠷᠣᠨ ᠬᠤᠳᠠᠯᠳᠤᠭ᠋ᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠢ ᠳᠡᠮᠵᠢᠬᠦ ᠵᠡᠷᠭᠡ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠪᠠ᠃
ᠳᠣᠯᠣᠳᠤᠭ᠋ᠠᠷ ᠬᠡᠰᠡᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠤᠨ᠎ᠠ᠃ ᠰᠦ ᠵᠢᠨ ᠦᠢ᠍ᠯᠡᠰ᠂ ᠦᠷ᠎ᠡ ᠵᠢᠨ ᠦᠢ᠍ᠯᠡᠰ᠎ᠤᠨ 《ᠪᠣᠭᠤᠮᠢ》 ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦ ᠵᠢᠨ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠤᠨ ᠰᠤᠳᠤᠯᠤᠨ ᠨᠡᠭᠡᠭᠡᠬᠦ ᠵᠢ ᠦᠷᠭᠦᠯᠵᠢᠯᠡᠨ ᠳᠡᠮᠵᠢᠵᠦ᠂ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ ᠪᠠ ᠦᠷ᠎ᠡ ᠪᠦᠲᠦᠭᠡᠯ᠎ᠢ ᠬᠤᠪᠢᠷᠠᠭᠤᠯᠬᠤ ᠲᠦᠷᠦᠯ ᠵᠦᠢ᠍ᠯ᠎ᠢ ᠬᠡᠷᠡᠭᠵᠢᠭᠦᠯᠵᠦ᠂ ᠭᠤᠣᠯ ᠪᠣᠯᠬᠤ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠱᠠᠩᠨᠠᠨ ᠬᠥᠬᠢᠭᠦᠯᠵᠦ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠳᠤᠷᠠᠳᠤᠨ ᠭᠠᠷᠭ᠋ᠠᠪᠠ᠃
ᠨᠠᠢ᠍ᠮᠠᠳᠤᠭ᠋ᠠᠷ ᠬᠡᠰᠡᠭ᠂ ᠬᠢᠨᠠᠯᠲᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠨ᠎ᠠ᠃ ᠰᠠᠭ᠋ᠠᠯᠢ ᠵᠢᠨ ᠮᠠᠯ᠎ᠤᠨ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠪᠠᠢ᠌ᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠴᠢᠳᠠᠪᠤᠷᠢ ᠬᠦᠷᠦᠯᠴᠡᠬᠦ ᠦᠭᠡᠢ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠠᠭ᠋ᠠᠯᠢ ᠵᠢᠨ ᠮᠠᠯ᠎ᠤᠨ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠲᠦᠭᠦᠬᠡᠶ ᠰᠢᠨ᠎ᠡ ᠰᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠪᠠ᠃
ᠶᠢᠰᠦᠳᠦᠭᠡᠷ ᠬᠡᠰᠡᠭ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠵᠢᠭᠡᠯᠡᠯᠭᠡ ᠵᠢᠨ ᠲᠡᠮᠳᠡᠭᠲᠦ ᠪᠠ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠵᠢᠨ ᠳᠡᠮᠵᠢᠯᠭᠡ ᠵᠢᠨ ᠬᠡᠪᠴᠢᠶ᠎ᠡ ᠲᠠᠩ ᠴᠤᠯᠭᠤᠢ᠂ ᠮᠥᠩᠭᠦᠨ ᠭᠦᠢ᠍ᠯᠭᠡᠭᠡᠨ ᠳᠠᠭ᠋ᠠᠳᠬᠠᠯ᠎ᠤᠨ ᠳᠡᠮᠵᠢᠯᠭᠡ ᠬᠦᠷᠦᠯᠴᠡᠬᠦ ᠦᠭᠡᠢ᠂ ᠨᠥᠬᠦᠪᠥᠷᠢ ᠵᠢᠨ ᠪᠡᠯᠡ ᠮᠥᠩᠭᠦ ᠵᠢ ᠪᠣᠳᠠᠲᠠᠢ ᠨᠠᠶ᠋ᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠭᠡᠯᠡᠯᠭᠡ ᠵᠢᠨ ᠲᠡᠮᠳᠡᠭᠲᠦ᠂ ᠪᠡᠯᠡ ᠣᠷᠣᠭᠤᠯᠤᠯᠲᠠ ᠵᠢᠨ ᠪᠡᠯᠡ ᠮᠥᠩᠭᠦ ᠵᠢᠨ ᠬᠡᠷᠡᠭᠯᠡᠯᠲᠡ ᠵᠢᠨ ᠬᠡᠪᠴᠢᠶ᠎ᠡ ᠵᠢ ᠰᠢᠯᠢᠳᠡᠭᠵᠢᠭᠦᠯᠵᠦ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠤᠨ ᠬᠠᠮᠢᠶᠠᠷᠤᠯᠲᠠ ᠪᠠ ᠪᠡᠯᠡ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠵᠤ᠂ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠰᠢᠨ᠎ᠡ ᠵᠢ ᠡᠭᠦᠳᠴᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠵᠢᠭᠡᠯᠡᠯᠭᠡ ᠵᠢᠨ ᠬᠤᠭᠤᠴᠠᠭ᠎ᠠ ᠵᠢ ᠵᠦᠢ ᠵᠣᠬᠢᠰᠲᠠᠢ ᠲᠣᠭᠲᠠᠭ᠋ᠠᠵᠤ᠂ ᠳᠤᠮᠳᠠ ᠤᠷᠳᠤ ᠬᠤᠭᠤᠴᠠᠭ᠋ᠠᠨ᠎ᠤ ᠬᠠᠷᠠᠭ᠋ᠠᠯᠵᠠᠯ᠎ᠤᠨ ᠬᠦᠤ ᠵᠢᠨ ᠨᠤᠷᠮ᠎ᠠ᠎ᠲᠠᠢ ᠵᠢᠭᠡᠯᠡᠯᠭᠡ ᠣᠯᠭᠤᠵᠤ᠂ ᠨᠥᠬᠦᠪᠥᠷᠢ ᠵᠢᠨ ᠪᠡᠯᠡ ᠮᠥᠩᠭᠦ ᠵᠢ ᠪᠣᠳᠠᠲᠠᠶ᠋ᠢᠵᠢᠭᠤᠯᠬᠤ ᠵᠡᠷᠭᠡ ᠲᠦᠷᠦ ᠵᠢᠨ ᠪᠤᠳᠤᠯᠭ᠎ᠠ ᠵᠢ ᠲᠣᠳᠣᠷᠬᠠᠶ᠋ᠢᠯᠠᠵᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ᠎ᠤᠳ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠲᠦᠷᠦᠯ ᠵᠦᠢ᠍ᠯ᠎ᠤᠨ ᠬᠡᠷᠡᠭᠵᠢᠭᠦᠯᠬᠦ ᠨᠠᠷᠢᠨ ᠳᠦᠷᠢᠮ ᠪᠠ ᠪᠡᠯᠡ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠪᠠ᠃
ᠭᠤᠷᠪᠠ᠂ ᠮᠠᠨ᠎ᠤ ᠣᠷᠣᠨ᠎ᠤ ᠳᠠᠷᠠᠭ᠋ᠠᠴᠢ ᠵᠢᠨ ᠠᠯᠬᠤᠮ᠎ᠳᠠᠬᠢ ᠰᠦ ᠵᠢᠨ ᠦᠢ᠍ᠯᠡᠰ᠎ᠤᠨ ᠬᠥᠭᠵᠢᠯᠲᠡ
ᠲᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠲᠣ ᠦᠶ᠎ᠡ ᠵᠢᠨ ᠰᠦ ᠵᠢᠨ ᠠᠵᠤ ᠦᠢ᠍ᠯᠡᠰ᠎ᠤᠨ ᠰᠢᠰᠲᠸᠮᠵᠢ ᠵᠢ ᠬᠦᠴᠦᠯᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠨᠠᠩ ᠢᠳᠡᠪᠬᠢᠲᠡᠶ ᠠᠬᠢᠭᠤᠯᠵᠤ᠂ 2025 ᠣᠨ ᠪᠣᠯᠬᠤ᠎ᠳᠤ᠂ ᠰᠦ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ 3000 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠠᠵᠢᠯ᠎ᠤᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠡᠯ᠎ᠡ ᠬᠠᠮᠢᠶ᠎ᠠ ᠪᠥᠬᠦᠶ ᠠᠶ᠋ᠢᠮᠠᠭ ᠬᠤᠲᠠ᠂ ᠲᠢᠩᠬᠢᠮ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠬᠤ ᠵᠢ ᠢᠳᠡᠪᠬᠢᠲᠡᠶ ᠵᠣᠬᠢᠴᠠᠭᠤᠯᠤᠨ ᠠᠬᠢᠭᠤᠯᠵᠤ᠂ ᠬᠡᠷᠡᠭᠵᠢᠭᠦᠯᠬᠦ ᠨᠠᠷᠢᠨ ᠲᠦᠷᠢᠮ (ᠲᠥᠰᠦᠯ)᠎ᠢ ᠲᠣᠭᠲᠠᠭ᠋ᠠᠨ᠂ ᠠᠵᠢᠯ᠎ᠤᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠲᠦᠷᠭᠡᠳᠬᠡᠨ ᠠᠬᠢᠭᠤᠯᠵᠤ᠂ ᠰᠦ ᠵᠢᠨ ᠠᠵᠤ ᠦᠢ᠍ᠯᠡᠰ᠎ᠤᠨ ᠡᠯ᠎ᠡ ᠭᠤᠤᠯ ᠴᠣᠭᠴᠠ ᠵᠢᠨ ᠡᠷᠲᠡ ᠬᠠᠷᠠᠭ᠋ᠠᠯᠵᠠᠯ ᠭᠥᠷᠳᠡᠵᠦ᠂ ᠡᠷᠲᠡ ᠠᠰᠢᠭ ᠭᠥᠷᠳᠡᠬᠦ ᠵᠢ ᠦᠨᠡᠨ ᠬᠦ᠌ ᠪᠠᠲᠤᠯᠠᠨ᠎ᠠ᠃ ᠡᠭᠦᠨ᠎ᠤ ᠬᠠᠮᠲᠤ᠂ 《ᠬᠡᠯᠬᠢᠶ᠎ᠡ ᠵᠢ ᠤᠷᠲᠤᠳᠬᠠᠬᠤ᠂ ᠬᠡᠯᠬᠢᠶ᠎ᠡ ᠵᠢ ᠨᠥᠬᠦᠪᠥᠷᠢᠯᠡᠬᠦ᠂ ᠬᠡᠯᠬᠢᠶ᠎ᠡ ᠵᠢ ᠬᠦᠴᠦᠷᠬᠡᠭᠵᠢᠭᠦᠯᠬᠦ》 ᠠᠵᠢᠯ᠎ᠤᠨ ᠰᠡᠳᠭᠢᠮᠵᠢ ᠶᠣᠰᠣᠭ᠋ᠠᠷ᠂ ᠰᠦ ᠵᠢᠨ ᠦᠢ᠍ᠯᠡᠰ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠰᠢᠨ᠎ᠡ ᠵᠢ ᠡᠭᠦᠳᠬᠦ ᠵᠢᠨ ᠬᠥᠲᠥᠯᠦᠨ ᠳᠠᠭ᠋ᠠᠭᠤᠯᠬᠤ ᠬᠦᠴᠦᠨ᠂ ᠵᠠᠬ᠎ᠠ ᠳᠡᠯᠭᠡᠭᠦᠷ᠎ᠤᠨ ᠭᠤᠤᠯᠯᠠᠬᠤ ᠬᠦᠴᠦᠨ᠂ ᠰᠦᠷᠦᠭᠵᠢᠯ᠎ᠤᠨ ᠬᠡᠯᠬᠢᠶ᠎ᠡ ᠵᠢᠨ ᠳᠠᠶ᠋ᠢᠴᠢᠯᠠᠬᠤ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠭᠠᠳᠠᠭᠰᠢ ᠭᠠᠷᠬᠤ》᠎ᠪᠠᠷ ᠳᠠᠮᠵᠢᠭᠤᠯᠤᠨ ᠬᠤᠳᠠᠯᠳᠤᠭ᠋ᠠᠴᠢᠨ ᠤᠷᠢᠬᠤ᠂ ᠲᠤᠳᠠᠭᠤᠳᠠᠯ ᠵᠶ᠋ᠠᠨ ᠨᠥᠬᠦᠪᠥᠷᠢᠯᠡᠬᠦ᠂ ᠰᠦ ᠵᠢᠨ ᠦᠢ᠍ᠯᠡᠰ᠎ᠤᠨ ᠬᠡᠯᠬᠢᠶ᠎ᠡ ᠵᠢᠨ ᠪᠠᠶ᠋ᠢᠷᠢᠰᠢᠭᠤᠯᠤᠯᠲᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠥᠬᠦ ᠳᠡᠯᠡᠬᠡᠢ ᠵᠢᠨ ᠲᠡᠷᠢᠭᠦᠨ᠎ᠤ ᠰᠦ ᠵᠢᠨ ᠦᠢ᠍ᠯᠡᠰ᠎ᠤᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠠᠮᠢ ᠠᠬᠤᠶ ᠵᠢᠨ ᠴᠠᠭ᠋ᠠᠷᠢᠭ᠎ᠢ ᠪᠣᠶ ᠪᠣᠯᠭ᠋ᠠᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠯᠠᠨ᠎ᠤ ᠬᠠᠮᠲᠤ ᠵᠢᠨ ᠴᠢᠷᠮᠠᠶ᠋ᠢᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠰᠦ ᠵᠢᠨ ᠠᠵᠤ ᠦᠢ᠍ᠯᠡᠰ ᠯᠠᠪᠲᠠᠢ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ ᠴᠢᠳᠠᠨ᠎ᠠ ᠭᠡᠳᠡᠭ᠎ᠢ ᠢᠲᠡᠭᠡᠵᠦ ᠪᠠᠶ᠋ᠢᠨ᠎ᠠ᠃ ᠪᠢᠳᠡ ᠥᠩᠭᠡᠷᠡᠭᠰᠡᠨ᠎ᠲᠠᠢ᠎ᠪᠠᠨ ᠠᠳᠠᠯᠢ᠎ᠪᠠᠷ ᠰᠦ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠠᠵᠤ ᠠᠬᠤᠶ᠋ᠢᠯᠠᠯ᠎ᠲᠠᠢ ᠬᠠᠮᠲᠤ᠎ᠪᠠᠷ ᠤᠷᠤᠭᠰᠢᠯᠠᠵᠤ᠂ ᠦᠢ᠍ᠯᠡᠴᠢᠯᠡᠭᠡ ᠵᠢ ᠰᠠᠶ᠋ᠢᠲᠤᠷ ᠬᠢᠵᠦ᠂ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ᠃
ᠳᠠᠭ᠋ᠠᠯᠳᠤᠭᠤᠯᠤᠯ᠄ ᠰᠣᠨᠢᠨ ᠮᠡᠳᠡᠭᠡᠨ᠎ᠤ ᠨᠡᠢ᠌ᠲᠡᠯᠡᠯ᠎ᠤᠨ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢᠨ ᠬᠠᠷᠢᠭᠤᠯᠲᠠ