
2023 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《2023 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ᠎ᠤ ᠪᠠᠶ᠋ᠢᠳᠠᠯ ᠵᠢᠴᠢ ᠮᠥᠩᠭᠥᠨ ᠭᠦᠢ᠍ᠯᠭᠡᠭᠡᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠭᠰᠡᠨ ᠪᠠᠶ᠋ᠢᠳᠠᠯ》᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠪᠠᠩᠬᠢ ᠵᠢᠨ ᠳᠡᠳ᠋ ᠳᠠᠷᠤᠭ᠎ᠠ ᠹᠠᠨ ᠶᠦᠩ ᠱᠧᠩ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ᠎ᠤ ᠪᠠᠶ᠋ᠢᠳᠠᠯ ᠵᠢᠴᠢ ᠮᠥᠩᠭᠥᠨ ᠭᠦᠢ᠍ᠯᠭᠡᠭᠡᠨ ᠵᠶ᠋ᠠᠷ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠵᠢ ᠳᠡᠮᠵᠢᠭᠰᠡᠨ ᠦᠨᠳᠦᠰᠦᠨ ᠪᠠᠶ᠋ᠢᠳᠠᠯ᠎ᠤᠨ ᠲᠣᠭᠣᠷᠢᠨ᠎ᠳᠤ ᠭᠤᠤᠯ ᠨᠡᠶ᠋ᠢᠲᠡᠯᠡᠪᠡ᠃ ᠵᠣᠭᠣᠰᠣᠨ᠎ᠤ ᠢᠲᠡᠭᠡᠮᠵᠢᠲᠦ ᠵᠢᠭᠡᠯᠡᠯᠭᠡ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠢ ᠶᠦᠩ ᠽᠤ᠌᠂ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠯᠢ ᠹᠸᠩ᠂ ᠣᠯᠠᠨ ᠤᠯᠤᠰ᠎ᠤᠨ ᠣᠷᠣᠯᠭ᠎ᠠ ᠵᠠᠷᠤᠯᠭ᠎ᠠ ᠵᠢᠨ ᠭᠠᠵᠠᠷ᠎ᠤᠨ ᠳᠠᠷᠤᠭ᠎ᠠ ᠹᠠᠨ ᠶᠤᠸᠠᠢ ᠰᠢᠶᠠ ᠲᠣᠰ ᠲᠣᠰ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠤᠨ ᠶᠡᠬᠡ ᠡᠭᠦᠷᠭᠡ᠂ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢ ᠳᠡᠮᠵᠢᠬᠦ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ 《1 + N》 ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠠᠵᠢᠯ᠎ᠢ ᠠᠬᠢᠭᠤᠯᠬᠤ᠂ ᠬᠥᠷᠥᠩᠭᠡ ᠵᠢᠨ ᠲᠥᠷᠥᠯ ᠵᠦᠢ᠍ᠯ᠎ᠤᠨ ᠲᠣᠭ᠋ᠠᠴᠢᠯᠠᠭᠰᠠᠨ ᠦᠢ᠍ᠯᠡᠴᠢᠯᠡᠭᠡᠨ᠎ᠤ ᠲᠤᠷᠰᠢᠯᠲᠠ ᠵᠢᠴᠢ ᠬᠡᠷᠡᠭᠵᠢᠭᠦᠯᠦᠯᠲᠡ ᠵᠡᠷᠭᠡ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
2023 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ᠎ᠤ ᠪᠠᠶ᠋ᠢᠳᠠᠯ ᠵᠢᠴᠢ ᠮᠥᠩᠭᠥᠨ ᠭᠦᠢ᠍ᠯᠭᠡᠭᠡᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠭᠰᠡᠨ ᠪᠠᠶ᠋ᠢᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠪᠠᠩᠬᠢ ᠵᠢᠨ ᠳᠡᠳ᠋ ᠳᠠᠷᠤᠭ᠎ᠠ ᠹᠠᠨ ᠶᠦᠩ ᠱᠧᠩ
ᠵᠠᠭᠤᠴᠢᠯᠠᠭᠤᠷ᠎ᠤᠨ ᠨᠠᠶ᠋ᠢᠵᠠ ᠨᠠᠷ ᠡ᠄
ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠦᠦ᠂ ᠮᠥᠩᠭᠥᠨ ᠭᠦᠢ᠍ᠯᠭᠡᠭᠡᠨ᠎ᠤ ᠠᠵᠢᠯ᠎ᠳᠠᠬᠢ ᠠᠩᠬᠠᠷᠤᠯ ᠪᠣᠯᠤᠨ ᠳᠡᠮᠵᠢᠯᠭᠡ᠎ᠳᠤ ᠲᠠᠯᠠᠷᠬᠠᠵᠤ ᠪᠠᠶ᠋ᠢᠨ᠎ᠠ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠡᠬᠡ ᠲᠠᠯ᠎ᠠ᠎ᠳᠤ ᠰᠠᠭᠤᠷᠢᠯᠠᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠥᠩᠭᠥᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠢᠳᠡᠪᠬᠢᠲᠡᠶ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠳᠡᠮᠵᠢᠬᠦ ᠮᠥᠩᠭᠥᠨ ᠭᠦᠢ᠍ᠯᠭᠡᠭᠡᠨ᠎ᠤ ᠰᠠᠭᠤᠷᠢ ᠪᠠᠲᠤ ᠪᠠᠬᠢ᠂ ᠡᠷᠴᠢᠮ ᠴᠢᠩᠭ᠋ᠠᠷᠠᠪᠠ᠃ ᠳᠣᠣᠷ᠎ᠠ ᠪᠢ ᠳᠡᠭᠡᠷ᠎ᠡ ᠬᠠᠭ᠋ᠠᠰ ᠵᠢᠯ᠎ᠤᠨ ᠪᠦᠬᠦ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ᠎ᠤ ᠪᠠᠶ᠋ᠢᠳᠠᠯ ᠵᠢᠴᠢ ᠮᠥᠩᠭᠥᠨ ᠭᠦᠢ᠍ᠯᠭᠡᠭᠡᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠵᠦ ᠪᠠᠶ᠋ᠢᠭ᠎ᠠ ᠪᠠᠶ᠋ᠢᠳᠠᠯ᠎ᠢ ᠲᠣᠪᠴᠢ ᠲᠠᠨᠢᠯᠴᠠᠭᠤᠯᠤᠶ᠎ᠠ᠃
ᠨᠢᠭᠡ᠂ ᠮᠥᠩᠭᠥᠨ ᠭᠦᠢ᠍ᠯᠭᠡᠭᠡᠨ᠎ᠤ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠭᠣᠣᠯ ᠭᠦᠢ᠍ᠴᠡᠳᠬᠡᠬᠦ ᠲᠣᠭ᠎ᠠ ᠲᠦᠷᠭᠡᠨ ᠨᠡᠮᠡᠭᠳᠡᠪᠡ
(ᠨᠢᠭᠡ) ᠭᠣᠣᠯ ᠪᠣᠯᠬᠤ ᠮᠥᠩᠭᠥᠨ ᠭᠦᠢ᠍ᠯᠭᠡᠭᠡᠨ᠎ᠤ ᠭᠦᠢ᠍ᠴᠡᠳᠬᠡᠯ ᠲᠣᠭ᠎ᠠ ᠲᠦᠷᠭᠡᠨ ᠨᠡᠮᠡᠭᠳᠡᠯ ᠵᠶ᠋ᠠᠨ ᠪᠠᠲᠤᠯᠠᠪᠠ᠃ 2023 ᠣᠨ᠎ᠤ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠪᠠᠯᠠ ᠲᠣᠬᠢᠷᠠᠭᠤᠯᠭ᠎ᠠ ᠵᠢᠨ ᠬᠡᠪᠴᠢᠶ᠎ᠡ ᠵᠢᠨ ᠨᠡᠮᠡᠭᠳᠡᠯ᠎ᠤᠨ ᠬᠡᠮᠵᠢᠶ᠎ᠡ 2655.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1080.7 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠪᠡ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠵᠢᠭᠡᠯᠡᠯᠭᠡ ᠵᠢᠨ ᠦᠯᠡᠳᠡᠪᠦᠷᠢ ᠲᠣᠭ᠎ᠠ 29084.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.4 %᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 3.3 ᠵᠠᠭᠤᠨ᠎ᠤ ᠴᠡᠭ ᠳᠡᠭᠡᠭᠰᠢᠯᠡᠪᠡ; ᠵᠢᠯ᠎ᠤᠨ ᠡᠬᠢᠨ᠎ᠤ᠎ᠬᠢ᠎ᠠᠴᠠ 2119.2 ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 779.4 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠵᠦ᠂ ᠨᠢᠭᠡᠨᠲᠡ ᠳᠡᠭᠡᠷ᠎ᠡ ᠵᠢᠯ᠎ᠤᠨ ᠪᠥᠬᠥ ᠵᠢᠯ᠎ᠤᠨ ᠨᠡᠮᠡᠭᠳᠡᠯ᠎ᠤᠨ ᠬᠡᠮᠵᠢᠶ᠎ᠡ᠎ᠠᠴᠠ 151.8 ᠳ᠋ᠦᠩᠰᠢᠭᠤᠷ ᠲᠥᠭᠥᠷᠢᠭ ᠳᠠᠪᠠᠵᠤ᠂ ᠨᠡᠮᠡᠭᠳᠡᠯ᠎ᠤᠨ ᠬᠤᠷᠳᠤᠴᠠ᠎ᠨᠢ ᠴᠥᠮ ᠣᠶ᠋ᠢᠷ᠎ᠠ ᠵᠢᠨ ᠵᠢᠷᠭᠤᠭ᠋ᠠᠨ ᠵᠢᠯ᠎ᠤᠨ ᠲᠤᠷᠰᠢᠬᠢ ᠬᠠᠮᠤᠭ᠎ᠤᠨ ᠥᠨᠳᠥᠷ ᠲᠦᠪᠰᠢᠨ᠎ᠳᠤ ᠬᠦᠷᠴᠡᠶ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠬᠠᠳᠠᠭ᠋ᠠᠯᠠᠮᠵᠢ ᠵᠢᠨ ᠦᠯᠡᠳᠡᠪᠦᠷᠢ 35181.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 15.3 %᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.2 ᠵᠠᠭᠤᠨ᠎ᠤ ᠴᠡᠭ ᠳᠡᠭᠡᠭᠰᠢᠯᠡᠪᠡ; ᠵᠢᠯ᠎ᠤᠨ ᠡᠬᠢᠨ᠎ᠤ᠎ᠬᠢ᠎ᠠᠴᠠ 2867.9 ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 118.2 ᠳ᠋ᠦᠩᠰᠢᠭᠤᠷ ᠲᠥᠭᠥᠷᠢᠭ ᠳᠤᠲᠠᠭᠤ ᠨᠡᠮᠡᠭᠳᠡᠪᠡ᠃
(ᠬᠣᠶᠠᠷ) ᠢᠲᠡᠭᠡᠮᠵᠢᠲᠦ ᠵᠢᠭᠡᠯᠡᠯᠭᠡ ᠲᠠᠯᠪᠢᠬᠤ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠮᠥᠩᠭᠥᠨ ᠭᠦᠢ᠍ᠯᠭᠡᠭᠡᠨ᠎ᠤ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠂ ᠪᠣᠬᠢᠷᠲᠤᠯ ᠥᠬᠡᠶ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠦᠢ᠍ᠯᠡᠳᠬᠦ ᠦᠢ᠍ᠯᠡᠰ ᠵᠡᠷᠭᠡ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠪᠠᠭᠤᠷᠠᠶ ᠲᠠᠯ᠎ᠠ ᠵᠢ ᠳᠡᠮᠵᠢᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠨᠢᠭᠡ᠎ᠳᠤ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢ ᠨᠡᠮᠡᠭᠳᠡᠭᠦᠯᠵᠦ᠂ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠴᠠᠬᠢᠯᠭ᠋ᠠᠨ ᠬᠦᠴᠦᠨ᠂ ᠢᠯᠴᠢ ᠵᠢᠨ ᠬᠦᠴᠦᠨ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠵᠢᠭᠡᠯᠡᠯᠭᠡ ᠵᠢᠨ ᠦᠯᠡᠳᠡᠪᠦᠷᠢ 3241.3 ᠳ᠋ᠦᠩᠰᠢᠭᠤᠷ ᠲᠥᠭᠥᠷᠢᠭ ᠪᠠᠶ᠋ᠢᠵᠤ᠂ ᠦᠢ᠍ᠯᠡᠳᠬᠦ ᠦᠢ᠍ᠯᠡᠰ᠎ᠤᠨ ᠵᠢᠭᠡᠯᠡᠯᠭᠡ ᠵᠢᠨ ᠦᠯᠡᠳᠡᠪᠦᠷᠢ 2876.6 ᠳ᠋ᠦᠩᠰᠢᠭᠤᠷ ᠲᠥᠭᠥᠷᠢᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 19.3 % ᠪᠠ 26.6 %᠎ᠪᠠᠷ ᠨᠡᠮᠡᠭᠳᠡᠪᠡ; ᠵᠢᠯ᠎ᠤᠨ ᠡᠬᠢᠨ᠎ᠤ᠎ᠬᠢ᠎ᠠᠴᠠ ᠲᠣᠰ ᠲᠣᠰ 411.4 ᠳ᠋ᠦᠩᠰᠢᠭᠤᠷ ᠲᠥᠭᠥᠷᠢᠭ ᠪᠠ 495.7 ᠳ᠋ᠦᠩᠰᠢᠭᠤᠷ ᠲᠥᠭᠥᠷᠢᠭ ᠨᠡᠮᠡᠭᠳᠡᠵᠦ᠂ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ 236.5 ᠳ᠋ᠦᠩᠰᠢᠭᠤᠷ ᠲᠥᠭᠥᠷᠢᠭ ᠪᠠ 261 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠪᠡ᠃ ᠬᠣᠶᠠᠷ᠎ᠲᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠶ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠥᠨ ᠭᠦᠢ᠍ᠯᠭᠡᠭᠡᠨ᠎ᠤ ᠪᠠᠭ᠋ᠠᠵᠢ ᠵᠢᠨ ᠬᠥᠰᠢᠭᠦᠷᠭᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠳᠤᠮᠳᠠ ᠣᠷᠳᠣ ᠬᠤᠭᠤᠴᠠᠭ᠋ᠠᠨ᠎ᠤ ᠢᠵᠢ ᠪᠦᠷᠢᠳᠦᠭᠦᠯᠬᠦ ᠪᠠᠯᠠ ᠲᠣᠬᠢᠷᠠᠭᠤᠯᠭ᠎ᠠ ᠵᠢᠨ ᠳᠡᠮᠵᠢᠯᠭᠡ ᠵᠢ ᠨᠡᠮᠡᠭᠳᠡᠭᠦᠯᠵᠦ᠂ 6 ᠳ᠋ᠤᠭ᠋ᠠᠷ ᠰᠠᠷ᠎ᠠ ᠵᠢᠨ ᠡᠴᠦᠰ ᠪᠣᠯᠬᠤ᠎ᠳᠤ ᠰᠠᠭᠤᠷᠢ ᠲᠥᠬᠥᠭᠡᠷᠦᠮᠵᠢ ᠵᠢᠨ ᠳᠤᠮᠳᠠ ᠣᠷᠳᠣ ᠬᠤᠭᠤᠴᠠᠭ᠋ᠠᠨ᠎ᠤ ᠵᠢᠭᠡᠯᠡᠯᠭᠡ ᠵᠢᠨ ᠦᠯᠡᠳᠡᠪᠦᠷᠢ 7411.6 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 11.8 %᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 432.9 ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 138.2 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠪᠡ᠃ ᠭᠤᠷᠪᠠ᠎ᠳᠤ᠂ ᠲᠠᠷᠢᠶᠠᠯᠠᠩ᠂ ᠵᠢᠵᠢᠭ ᠪᠢᠴᠢᠯ ᠠᠵᠤ ᠠᠬᠤᠶ᠋ᠢᠯᠠᠯ᠂ ᠲᠦᠭᠡᠮᠡᠯ ᠬᠠᠷᠠᠭ᠋ᠠᠯᠵᠠᠯ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ ᠵᠡᠷᠭᠡ ᠪᠠᠭᠤᠷᠠᠶ ᠬᠦᠷᠢᠶᠡᠨ᠎ᠳᠠᠬᠢ ᠵᠢᠭᠡᠯᠡᠯᠭᠡ ᠵᠢᠨ ᠨᠡᠮᠡᠭᠳᠡᠯ᠎ᠤᠨ ᠬᠡᠮᠵᠢᠶ᠎ᠡ ᠵᠢ ᠥᠷᠭᠡᠳᠬᠡᠪᠡ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠲᠠᠷᠢᠶᠠᠯᠠᠩ᠎ᠳᠤ ᠬᠣᠯᠪᠣᠭᠳᠠᠭᠰᠠᠨ᠂ ᠵᠢᠵᠢᠭ ᠪᠢᠴᠢᠯ ᠠᠵᠤ ᠠᠬᠤᠶ᠋ᠢᠯᠠᠯ ᠪᠣᠯᠤᠨ ᠨᠡᠶ᠋ᠢᠳᠡᠮ ᠠᠰᠢᠭ ᠬᠦᠷᠲᠡᠭᠡᠬᠦ ᠬᠦᠷᠢᠶᠡᠨ᠎ᠳᠠᠬᠢ ᠵᠢᠭᠡᠯᠡᠯᠭᠡ ᠵᠢᠨ ᠦᠯᠡᠳᠡᠪᠦᠷᠢ ᠲᠣᠭ᠎ᠠ ᠲᠣᠰ ᠲᠣᠰ 10728.5 ᠳ᠋ᠦᠩᠰᠢᠭᠤᠷ ᠲᠥᠭᠥᠷᠢᠭ᠂ 6182.6 ᠳ᠋ᠦᠩᠰᠢᠭᠤᠷ ᠲᠥᠭᠥᠷᠢᠭ᠂ 2639.9 ᠳ᠋ᠦᠩᠰᠢᠭᠤᠷ ᠲᠥᠭᠥᠷᠢᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 14.6 %᠂ 12.6 % ᠪᠠ 13.1 %᠎ᠪᠠᠷ ᠨᠡᠮᠡᠭᠳᠡᠵᠦ᠂ ᠡᠯ᠎ᠡ ᠵᠦᠢ᠍ᠯ᠎ᠤᠨ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ᠎ᠠᠴᠠ ᠴᠥᠮ ᠥᠨᠳᠥᠷ ᠪᠣᠯᠵᠠᠶ; ᠲᠦᠷᠦᠭᠦᠦ ᠬᠠᠭ᠋ᠠᠰ ᠵᠢᠯ᠎ᠳᠤ ᠲᠣᠰ ᠲᠣᠰ 1188.6 ᠳ᠋ᠦᠩᠰᠢᠭᠤᠷ ᠲᠥᠭᠥᠷᠢᠭ᠂ 419.2 ᠳ᠋ᠦᠩᠰᠢᠭᠤᠷ ᠲᠥᠭᠥᠷᠢᠭ ᠪᠠ 297.6 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 62.4 ᠳ᠋ᠦᠩᠰᠢᠭᠤᠷ ᠲᠥᠭᠥᠷᠢᠭ᠂ 255 ᠳ᠋ᠦᠩᠰᠢᠭᠤᠷ ᠲᠥᠭᠥᠷᠢᠭ ᠪᠠ 116.1 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠪᠡ᠃ ᠪᠥᠬᠥ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠵᠢᠭᠡᠯᠡᠯᠭᠡ ᠳᠡᠭᠡᠷ᠎ᠡ ᠬᠠᠭ᠋ᠠᠰ ᠵᠢᠯ᠎ᠳᠤ 747.2 ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 414.5 ᠳ᠋ᠦᠩᠰᠢᠭᠤᠷ ᠲᠥᠭᠥᠷᠢᠭ ᠢᠯᠡᠭᠦᠦ ᠨᠡᠮᠡᠭᠳᠡᠵᠦ᠂ ᠰᠢᠨ᠎ᠡ᠎ᠪᠠᠷ ᠨᠡᠮᠡᠭᠳᠡᠭᠰᠡᠨ ᠲᠣᠭ᠎ᠠ᠎ᠨᠢ ᠲᠡᠦᠬᠡ ᠵᠢᠨ ᠠᠳᠠᠯᠢ ᠬᠤᠭᠤᠴᠠᠭ᠋ᠠᠨ᠎ᠤ ᠰᠢᠨ᠎ᠡ ᠲᠡᠮᠳᠡᠭᠯᠡᠯ᠎ᠢ ᠡᠭᠦᠳᠪᠡ᠃
ᠬᠣᠶᠠᠷ᠂ ᠵᠣᠭᠣᠰᠣᠨ᠎ᠤ ᠲᠦᠷᠦ ᠵᠢᠨ ᠪᠤᠳᠤᠯᠭ᠎ᠠ ᠵᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠠᠵᠤ ᠠᠬᠤᠢ ᠵᠢᠨ ᠬᠥᠭᠵᠢᠯᠲᠡ ᠵᠢᠨ ᠬᠥᠳᠡᠯᠭᠡᠭᠴᠢ ᠡᠨᠧᠷᠭᠢ ᠵᠢ ᠨᠡᠮᠡᠭᠳᠡᠭᠦᠯᠦᠨ᠎ᠡ
(ᠨᠢᠭᠡ) ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠪᠠᠭᠤᠷᠠᠶ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ 《1 + N》 ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠠᠵᠢᠯ᠎ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ 16 ᠵᠦᠢ᠍ᠯ᠎ᠤᠨ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠭᠤᠤᠯᠯᠠᠬᠤ ᠠᠵᠤ ᠠᠬᠤᠶ᠋ᠢᠯᠠᠯ ᠪᠣᠯᠤᠨ ᠳᠡᠭᠡᠳᠦ ᠳᠤᠤᠷᠠᠳᠤ ᠤᠷᠤᠰᠬᠠᠯ᠎ᠤᠨ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠦᠯᠡᠳᠡᠪᠦᠷᠢ ᠲᠣᠭ᠎ᠠ 2000 ᠳ᠋ᠦᠩᠰᠢᠭᠤᠷ ᠲᠥᠭᠥᠷᠢᠭ᠎ᠢ ᠳᠠᠪᠠᠪᠠ᠃ ᠠᠷᠠᠳ᠎ᠠᠴᠠ ᠡᠵᠡᠩᠨᠡᠭᠰᠡᠨ ᠠᠵᠤ ᠠᠬᠤᠶ ᠪᠠ ᠵᠢᠵᠢᠭ ᠪᠢᠴᠢᠯ ᠠᠵᠤ ᠠᠬᠤᠶ᠋ᠢᠯᠠᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠨᠡ ᠵᠢᠯ᠎ᠤᠨ 1— 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠠᠷᠠᠳ᠎ᠤᠨ ᠪᠠᠩᠬᠢ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢ ᠳᠡᠮᠵᠢᠬᠦ ᠪᠠᠭ᠋ᠠᠵᠢ᠎ᠪᠠᠷ ᠤᠷᠮᠠᠰᠢᠭᠤᠯᠬᠤ ᠪᠠᠯᠠ ᠮᠥᠩᠭᠥ ᠵᠢ ᠨᠡᠶ᠋ᠢᠲᠡ 0.7 ᠳ᠋ᠦᠩᠰᠢᠭᠤᠷ ᠲᠥᠭᠥᠷᠢᠭ ᠲᠠᠷᠬᠠᠭ᠋ᠠᠵᠤ᠂ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ ᠵᠢ ᠳᠠᠶ᠋ᠢᠴᠢᠯᠠᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢ 35 ᠳ᠋ᠦᠩᠰᠢᠭᠤᠷ ᠲᠥᠭᠥᠷᠢᠭ ᠰᠢᠬᠠᠮ ᠨᠡᠮᠡᠭᠳᠡᠭᠦᠯᠪᠡ; ᠪᠠᠭ᠎ᠠ ᠠᠵᠤ ᠠᠬᠤᠶ᠋ᠢᠯᠠᠯ᠎ᠢ ᠳᠡᠮᠵᠢᠬᠦ ᠳᠠᠬᠢᠨ ᠵᠢᠭᠡᠯᠡᠯᠭᠡ ᠵᠢ ᠨᠡᠶ᠋ᠢᠲᠡ 90 ᠳ᠋ᠦᠩᠰᠢᠭᠤᠷ ᠲᠥᠭᠥᠷᠢᠭ ᠲᠠᠯᠪᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 33.2 ᠳ᠋ᠦᠩᠰᠢᠭᠤᠷ ᠲᠥᠭᠥᠷᠢᠭ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠣᠭᠣᠳᠤᠨ ᠨᠡᠶ᠋ᠢᠲᠡ 1.9 ᠲᠦᠮᠡᠨ ᠡᠷᠦᠬᠡ (ᠤᠳᠠᠭ᠎ᠠ) ᠵᠢᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠎ᠳᠤ 142.3 ᠳ᠋ᠦᠩᠰᠢᠭᠤᠷ ᠲᠥᠭᠥᠷᠢᠭ᠎ᠤᠨ ᠡᠬᠡ ᠬᠦᠦ ᠮᠥᠩᠭᠥ ᠵᠢ ᠬᠣᠶ᠋ᠢᠰᠢᠯᠠᠭᠤᠯᠤᠨ ᠪᠤᠴᠠᠭ᠋ᠠᠬᠤ ᠭᠠᠷ ᠭᠦᠢ᠍ᠴᠡᠳᠭᠡᠯ ᠬᠢᠵᠦ ᠥᠭᠪᠡ᠃ ᠣᠯᠠᠨ ᠠᠷᠭ᠎ᠠ ᠬᠡᠮᠵᠢᠶ᠎ᠡ ᠠᠪᠴᠤ ᠬᠠᠮᠲᠤ᠎ᠪᠠᠷ ᠬᠦᠴᠦᠯᠡᠵᠦ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠵᠢᠭᠡᠯᠡᠯᠭᠡ ᠲᠦᠷᠭᠡᠨ ᠨᠡᠮᠡᠭᠳᠡᠯ ᠵᠶ᠋ᠠᠨ ᠪᠠᠲᠤᠯᠠᠪᠠ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠦᠯᠡᠳᠡᠪᠦᠷᠢ 10684.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.7 %᠎ᠪᠠᠷ ᠨᠡᠮᠡᠭᠳᠡᠵᠦ᠂ ᠠᠷᠠᠳ᠎ᠤᠨ ᠵᠣᠭᠣᠰ᠎ᠤᠨ ᠡᠯ᠎ᠡ ᠵᠦᠢ᠍ᠯ᠎ᠤᠨ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ᠎ᠠᠴᠠ 0.3 ᠵᠠᠭᠤᠨ᠎ᠤ ᠴᠡᠭ ᠥᠨᠳᠥᠷ ᠪᠣᠯᠪᠠ᠃ ᠮᠥᠩᠭᠥᠨ ᠭᠦᠢ᠍ᠯᠭᠡᠭᠡᠨ ᠵᠶ᠋ᠠᠷ ᠠᠳᠠᠯ ᠦᠢ᠍ᠯᠡᠰ ᠴᠣᠭᠴᠠᠯᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ᠎ᠲᠠᠢ ᠵᠢᠭᠡᠯᠡᠯᠭᠡ ᠲᠠᠯᠪᠢᠬᠤ ᠵᠢ ᠨᠡᠮᠡᠭᠳᠡᠭᠦᠯᠵᠦ᠂ 1— 6 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢ ᠨᠡᠶ᠋ᠢᠲᠡ 5.5 ᠳ᠋ᠦᠩᠰᠢᠭᠤᠷ ᠲᠥᠭᠥᠷᠢᠭ ᠲᠠᠯᠪᠢᠪᠠ᠃
(ᠬᠣᠶᠠᠷ) ᠪᠣᠬᠢᠷᠲᠤᠯ ᠥᠬᠡᠶ ᠬᠥᠭᠵᠢᠯᠲᠡ᠂ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠵᠢ ᠬᠤᠪᠢᠷᠠᠭᠤᠯᠬᠤ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠮᠥᠩᠭᠥᠨ ᠭᠦᠢ᠍ᠯᠭᠡᠭᠡᠨ᠎ᠤ 《ᠵᠢᠭᠡᠯᠡᠯᠭᠡ》᠎ᠪᠠᠷ ᠪᠣᠬᠢᠷᠲᠤᠯ ᠥᠬᠡᠶ ᠬᠥᠭᠵᠢᠯᠲᠡ ᠵᠢ ᠳᠠᠶ᠋ᠢᠴᠢᠯᠠᠬᠤ ᠲᠤᠰᠬᠠᠶ ᠠᠵᠢᠯᠯᠠᠭ᠎ᠠ ᠪᠠ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠢᠨᠵᠧᠨᠧᠷᠢᠩ᠎ᠢ ᠥᠷᠨᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠣᠭᠣᠳᠤᠨ ᠤᠷᠢᠳ ᠬᠣᠵᠢᠳ 《ᠨᠡᠭᠦᠷᠡᠰᠦᠲᠥ᠋ᠷᠥᠭᠴᠢ ᠵᠢᠨ ᠬᠤᠷᠠᠮᠳᠤᠯ ᠵᠢᠭᠡᠯᠡᠯᠭᠡ》 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠢᠭᠡᠯᠡᠯᠭᠡ》 ᠵᠡᠷᠭᠡ 13 ᠵᠢᠭᠡᠯᠡᠯᠭᠡ ᠵᠢᠨ ᠵᠦᠶ ᠶᠣᠰᠣᠨ᠎ᠤ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠭᠠᠷᠭ᠋ᠠᠪᠠ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠠᠷᠠᠳ᠎ᠤᠨ ᠪᠠᠩᠬᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠳᠡᠮᠵᠢᠬᠦ ᠪᠠᠭ᠋ᠠᠵᠢ ᠵᠢ ᠰᠠᠶ᠋ᠢᠲᠤᠷ ᠬᠡᠷᠡᠭᠯᠡᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ ᠵᠢᠭᠡᠯᠡᠯᠭᠡ ᠵᠢ ᠨᠡᠶ᠋ᠢᠲᠡ 560.4 ᠳ᠋ᠦᠩᠰᠢᠭᠤᠷ ᠲᠥᠭᠥᠷᠢᠭ ᠲᠠᠯᠪᠢᠵᠤ᠂ ᠵᠦᠶ ᠶᠣᠰᠣᠨ᠎ᠤ ᠵᠢᠭᠡᠯᠡᠯᠭᠡ ᠵᠢ 1606.5 ᠳ᠋ᠦᠩᠰᠢᠭᠤᠷ ᠲᠥᠭᠥᠷᠢᠭ ᠨᠡᠮᠡᠭᠳᠡᠭᠦᠯᠪᠡ᠃ ᠠᠷᠠᠳ᠎ᠤᠨ ᠪᠠᠩᠬᠢ ᠵᠢᠨ ᠨᠡᠭᠦᠷᠡᠰᠦ ᠵᠢ ᠴᠡᠪᠡᠷ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠵᠢ ᠭᠦᠢ᠍ᠴᠡᠳ ᠠᠰᠢᠭᠯᠠᠨ ᠮᠠᠨ᠎ᠤ ᠣᠷᠣᠨ᠎ᠤ ᠤᠶᠤᠨᠴᠢᠯᠠᠭᠰᠠᠨ ᠨᠡᠭᠦᠷᠡᠰᠦᠨ ᠠᠭᠤᠷᠬᠠᠶ᠂ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠨᠡᠭᠦᠷᠡᠰᠦ ᠠᠷᠪᠢᠯᠠᠵᠤ ᠬᠣᠷᠣᠭᠳᠠᠯ᠎ᠢ ᠪᠠᠭ᠋ᠠᠰᠬᠠᠬᠤ ᠥᠭᠡᠷᠡᠴᠢᠯᠡᠯᠲᠡ ᠵᠡᠷᠭᠡ ᠬᠦᠷᠢᠶ᠎ᠡ ᠴᠠᠷᠠᠭ᠎ᠠ᠎ᠳᠠᠬᠢ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠳᠤ ᠨᠡᠭᠦᠷᠡᠰᠦ ᠵᠢ ᠴᠡᠪᠡᠷ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠨᠡᠶ᠋ᠢᠲᠡ 279.6 ᠳ᠋ᠦᠩᠰᠢᠭᠤᠷ ᠲᠥᠭᠥᠷᠢᠭ ᠲᠠᠷᠬᠠᠭ᠋ᠠᠪᠠ᠃
(ᠭᠤᠷᠪᠠ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠢᠳᠡᠪᠬᠢᠲᠡᠶ ᠠᠬᠢᠭᠤᠯᠤᠨ᠎ᠠ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠣᠭᠣᠳᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠶ ᠵᠢᠨ ᠡᠵᠡᠩᠨᠡᠯᠲᠡ ᠵᠢᠨ ᠡᠷᠬᠡ ᠵᠢ ᠡᠷᠭᠢᠯᠳᠦᠭᠦᠯᠬᠦ ᠬᠠᠮᠢᠶᠠᠷᠤᠯᠲᠠ ᠵᠢᠨ ᠰᠢᠰᠲ᠋ᠧᠮ᠎ᠢ ᠭᠦᠢ᠍ᠴᠡᠳ ᠬᠡᠷᠡᠭᠯᠡᠨ ᠭᠠᠵᠠᠷ ᠰᠢᠷᠣᠶ ᠵᠢᠨ ᠡᠷᠬᠡ ᠵᠢ ᠨᠤᠲᠠᠯᠠᠨ ᠲᠣᠭᠲᠠᠭ᠋ᠠᠬᠤ ᠲᠣᠭ᠎ᠠ ᠪᠠᠷᠢᠮᠲᠠ᠎ᠳᠤ ᠰᠠᠭᠤᠷᠢᠯᠠᠭᠰᠠᠨ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠨᠡᠭᠡᠭᠡᠨ ᠡᠷᠭᠢᠯᠡᠨ᠎ᠡ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠬᠥᠳᠡᠭᠡ ᠲᠣᠰᠬᠣᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠪᠠᠷᠢᠴᠠᠭ᠋ᠠᠲᠤ ᠵᠢᠭᠡᠯᠡᠯᠭᠡ ᠵᠢᠨ ᠦᠯᠡᠳᠡᠪᠦᠷᠢ 124.2 ᠳ᠋ᠦᠩᠰᠢᠭᠤᠷ ᠲᠥᠭᠥᠷᠢᠭ ᠪᠠᠶ᠋ᠢᠵᠤ᠂ ᠵᠢᠯ᠎ᠤᠨ ᠡᠬᠢᠨ᠎ᠤ᠎ᠬᠢ᠎ᠠᠴᠠ 23.7 ᠳ᠋ᠦᠩᠰᠢᠭᠤᠷ ᠲᠥᠭᠥᠷᠢᠭ ᠨᠡᠮᠡᠭᠳᠡᠪᠡ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ 《ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ + ᠠᠮᠢᠳᠤ ᠮᠠᠯ + ᠭᠤᠷᠪᠠᠳᠠᠬᠢ ᠡᠲᠡᠭᠡᠳ᠎ᠤᠨ ᠬᠢᠨᠠᠯᠲᠠ ᠬᠠᠮᠢᠶᠠᠷᠤᠯᠲᠠ + ᠳᠠᠭ᠋ᠠᠳᠬᠠᠯ》 ᠵᠡᠷᠭᠡ ᠵᠠᠭᠪᠤᠷ ᠵᠶ᠋ᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠡᠬᠢ ᠪᠠᠶᠠᠯᠢᠭ ᠡᠳ᠋ ᠬᠥᠷᠥᠩᠭᠡ ᠵᠢ ᠴᠢᠯᠥᠭᠡᠲᠡᠶ ᠠᠮᠢᠯᠠᠭᠤᠯᠤᠨ᠎ᠠ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠠᠮᠢᠳᠤ ᠮᠠᠯ᠎ᠤᠨ ᠳᠠᠨᠵᠢᠯᠠᠭ᠎ᠠ ᠵᠢᠨ ᠵᠢᠭᠡᠯᠡᠯᠭᠡ ᠵᠢᠨ ᠦᠯᠡᠳᠡᠪᠦᠷᠢ ᠲᠣᠭ᠎ᠠ 90.7 ᠳ᠋ᠦᠩᠰᠢᠭᠤᠷ ᠲᠥᠭᠥᠷᠢᠭ ᠪᠠᠶ᠋ᠢᠵᠤ᠂ ᠵᠢᠯ᠎ᠤᠨ ᠡᠬᠢᠨ᠎ᠤ᠎ᠬᠢ᠎ᠠᠴᠠ 7.4 ᠳ᠋ᠦᠩᠰᠢᠭᠤᠷ ᠲᠥᠭᠥᠷᠢᠭ ᠨᠡᠮᠡᠭᠳᠡᠪᠡ᠃ ᠡᠭᠦᠨ᠎ᠤ ᠬᠠᠮᠲᠤ ᠲᠠᠷᠢᠶᠠᠯᠠᠩ᠎ᠢ ᠳᠡᠮᠵᠢᠬᠦ ᠳᠠᠬᠢᠨ ᠵᠢᠭᠡᠯᠡᠯᠭᠡ ᠵᠢ ᠰᠠᠶ᠋ᠢᠲᠤᠷ ᠬᠡᠷᠡᠭᠯᠡᠵᠦ᠂ 1 — 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠠᠷᠠᠳ᠎ᠤᠨ ᠪᠠᠩᠬᠢ ᠲᠠᠷᠢᠶᠠᠯᠠᠩ᠎ᠢ ᠳᠡᠮᠵᠢᠬᠦ ᠳᠠᠬᠢᠨ ᠵᠢᠭᠡᠯᠡᠯᠭᠡ ᠵᠢ ᠨᠡᠶ᠋ᠢᠲᠡ 43.7 ᠳ᠋ᠦᠩᠰᠢᠭᠤᠷ ᠲᠥᠭᠥᠷᠢᠭ ᠲᠠᠯᠪᠢᠵᠤ᠂ ᠲᠠᠷᠢᠶᠠᠯᠠᠩ᠎ᠳᠤ ᠬᠣᠯᠪᠣᠭᠳᠠᠬᠤ ᠵᠢᠭᠡᠯᠡᠯᠭᠡ ᠵᠢᠨ ᠲᠦᠷᠭᠡᠨ ᠨᠡᠮᠡᠭᠳᠡᠬᠦ ᠵᠢ ᠳᠠᠶ᠋ᠢᠴᠢᠯᠠᠪᠠ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠤ ᠲᠠᠷᠢᠶᠠᠯᠠᠩ᠎ᠳᠤ ᠬᠣᠯᠪᠣᠭᠳᠠᠭᠰᠠᠨ ᠵᠢᠭᠡᠯᠡᠯᠭᠡ ᠵᠢᠨ ᠦᠯᠡᠳᠡᠪᠦᠷᠢ 10728.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 14.6 %᠎ᠪᠠᠷ ᠨᠡᠮᠡᠭᠳᠡᠪᠡ᠃
(ᠳᠥᠷᠪᠡ) ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢᠨ ᠬᠢᠷᠢ ᠬᠡᠮᠵᠢᠶ᠎ᠡ ᠵᠢ ᠯᠠᠪᠳᠠᠭᠤᠨ ᠵᠶ᠋ᠠᠷ ᠪᠠᠭᠤᠷᠠᠭᠤᠯᠬᠤ ᠵᠢ ᠠᠬᠢᠭᠤᠯᠤᠨ᠎ᠠ᠃ ᠬᠠᠳᠠᠭ᠋ᠠᠯᠠᠮᠵᠢ ᠵᠢᠨ ᠬᠦᠦ ᠮᠥᠩᠭᠥ ᠵᠢᠨ ᠨᠣᠷᠮ᠎ᠠ ᠵᠢᠨ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠵᠢᠨ ᠡᠷᠬᠡᠲᠡᠨ᠎ᠲᠠᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠬᠠᠳᠠᠭ᠋ᠠᠯᠠᠮᠵᠢ ᠵᠢᠨ ᠬᠦᠦ ᠮᠥᠩᠭᠥ ᠵᠢᠨ ᠨᠣᠷᠮ᠎ᠠ ᠵᠢᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ ᠵᠢᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠠᠶ᠋ᠢᠨ ᠰᠠᠶ᠋ᠢᠬᠠᠨ ᠡᠮᠬᠢ ᠵᠢᠷᠤᠮ᠎ᠲᠠᠢ ᠬᠠᠳᠠᠭ᠋ᠠᠯᠠᠮᠵᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠪᠦᠲᠦᠮᠵᠢᠲᠡᠶ ᠬᠠᠮᠠᠭ᠋ᠠᠯᠠᠵᠤ᠂ ᠪᠣᠳᠠᠲᠤ ᠴᠣᠭᠴᠠ ᠵᠢᠨ ᠠᠵᠤ ᠠᠬᠤᠶ ᠵᠢᠨ ᠡᠷᠡᠭᠦᠯ ᠵᠶ᠋ᠠᠷ ᠬᠥᠭᠵᠢᠬᠦ᠎ᠳᠤ ᠲᠣᠬᠢᠷᠠᠮᠵᠢᠲᠠᠶ ᠪᠡᠯᠡ ᠲᠣᠬᠢᠷᠠᠭᠤᠯᠬᠤ ᠣᠷᠴᠢᠨ ᠲᠣᠭᠣᠷᠢᠨ᠎ᠢ ᠡᠭᠦᠳᠴᠦ ᠥᠭᠭᠦᠨ᠎ᠡ᠃ 1 — 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠳᠤ ᠲᠣᠭᠲᠠᠮᠠᠯ ᠬᠤᠭᠤᠴᠠᠭ᠋ᠠᠲᠤ ᠬᠠᠳᠠᠭ᠋ᠠᠯᠠᠮᠵᠢ ᠵᠢᠨ ᠨᠡᠮᠡᠭᠦᠷᠢ ᠵᠢᠨ ᠳᠤᠮᠳᠠᠴᠢ ᠬᠦᠦ ᠵᠢᠨ ᠨᠣᠷᠮ᠎ᠠ 2.35 % ᠰᠢᠨ᠎ᠡ᠎ᠪᠠᠷ ᠡᠭᠦᠰᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.1 ᠵᠠᠭᠤᠨ᠎ᠤ ᠴᠡᠭ ᠪᠠᠭᠤᠷᠠᠪᠠ᠃ ᠪᠠᠩᠬᠢ ᠵᠢ ᠰᠢᠮᠳᠠᠭᠤᠯᠵᠤ ᠪᠠᠶ᠋ᠢᠭ᠋ᠠᠳ ᠳᠣᠲᠣᠭ᠋ᠠᠳᠤ ᠪᠡᠯᠡ ᠮᠥᠩᠭᠥ ᠵᠢ ᠰᠢᠯᠵᠢᠭᠦᠯᠦᠨ ᠦᠨ᠎ᠡ ᠲᠣᠭᠲᠠᠭ᠋ᠠᠬᠤ (FTP) ᠲᠣᠭᠲᠠᠴᠠ ᠵᠢ ᠲᠦᠷᠭᠡᠳᠬᠡᠨ ᠪᠠᠶ᠋ᠢᠭᠤᠯᠬᠤ ᠵᠢᠨ ᠬᠠᠮᠲᠤ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ (LPR) ᠵᠢᠨ ᠳᠣᠲᠣᠷ᠎ᠠ FTP ᠰᠢᠭᠢᠳᠦᠨ ᠣᠷᠣᠭᠤᠯᠵᠤ᠂ ᠵᠣᠭᠣᠰᠣᠨ᠎ᠤ ᠲᠥᠷᠥ ᠵᠢᠨ ᠪᠣᠳᠣᠯᠭ᠎ᠠ ᠵᠢᠨ ᠳᠠᠮᠵᠢᠭᠤᠯᠬᠤ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠦᠨ᠂ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠣᠰ ᠰᠣᠯᠢᠵᠤ ᠥᠭᠬᠦ ᠵᠡᠷᠭᠡ ᠲᠥᠪ ᠪᠠᠩᠬᠢ ᠵᠢᠨ ᠥᠪᠡᠷ᠎ᠤᠨ ᠥᠷᠲᠡᠭ ᠵᠶ᠋ᠠᠷ ᠳᠣᠣᠷ᠎ᠠ ᠪᠡᠯᠡ ᠮᠥᠩᠭᠥ ᠵᠢ ᠰᠠᠶ᠋ᠢᠲᠤᠷ ᠭᠦᠢ᠍ᠴᠡᠳ ᠬᠡᠷᠡᠭᠯᠡᠵᠦ᠂ ᠪᠣᠳᠠᠲᠤ ᠴᠣᠭᠴᠠ ᠵᠢᠨ ᠠᠵᠤ ᠠᠬᠤᠶ ᠵᠢᠨ ᠪᠡᠯᠡ ᠲᠣᠬᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ 1— 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠡᠩ᠎ᠤᠨ ᠵᠢᠭᠡᠯᠡᠯᠭᠡ ᠵᠢᠨ ᠨᠡᠮᠡᠭᠦᠷᠢ ᠵᠢᠨ ᠳᠤᠮᠳᠠᠴᠢ ᠬᠦᠦ ᠮᠥᠩᠭᠥ ᠵᠢᠨ ᠨᠣᠷᠮ᠎ᠠ᠎ᠨᠢ 4.59 % ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.57 ᠵᠠᠭᠤᠨ᠎ᠤ ᠴᠡᠭ ᠪᠠᠭᠤᠷᠠᠪᠠ᠃ ᠡᠭᠦᠨ᠎ᠳᠤ᠂ ᠰᠢᠨ᠎ᠡ᠎ᠪᠠᠷ ᠲᠠᠷᠬᠠᠭ᠋ᠠᠭᠰᠠᠨ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠨᠡᠮᠡᠭᠦᠷᠢ ᠵᠢᠨ ᠳᠤᠮᠳᠠᠴᠢ ᠬᠦᠦ ᠵᠢᠨ ᠨᠣᠷᠮ᠎ᠠ᠎ᠨᠢ 3.51 % ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.49 ᠵᠠᠭᠤᠨ᠎ᠤ ᠬᠤᠪᠢ ᠵᠢᠨ ᠴᠡᠭ ᠪᠠᠭᠤᠷᠠᠪᠠ᠃
ᠭᠤᠷᠪᠠ᠂ ᠭᠠᠳᠠᠭ᠋ᠠᠳᠤ ᠭᠤᠪᠢᠭᠤᠯᠭ᠎ᠠ ᠵᠢ ᠳᠥᠭᠥᠮᠴᠢᠯᠡᠬᠦ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠬᠤ ᠬᠡᠷᠡᠭᠲᠡᠶ
2023 ᠣᠨ᠎ᠤ ᠳᠡᠭᠡᠷ᠎ᠡ ᠬᠠᠭ᠋ᠠᠰ ᠵᠢᠯ᠎ᠳᠤ᠂ ᠭᠠᠳᠠᠭ᠋ᠠᠳᠤ ᠭᠤᠪᠢᠭᠤᠯᠭ᠎ᠠ ᠵᠢᠨ ᠲᠣᠪᠴᠢᠶ᠎ᠠ ᠵᠢᠨ ᠥᠪᠥᠷ ᠮᠣᠩᠭᠣᠯ᠎ᠤᠨ ᠬᠤᠪᠢᠶᠠᠷᠢ ᠲᠣᠪᠴᠢᠶ᠎ᠠ᠎ᠨᠢ ᠭᠠᠳᠠᠭ᠋ᠠᠳᠤ ᠭᠤᠪᠢᠭᠤᠯᠭ᠎ᠠ ᠵᠢᠨ ᠬᠦᠷᠢᠶᠡᠨ᠎ᠳᠠᠬᠢ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠪᠠᠶ᠋ᠢᠳᠠᠯ᠎ᠢ ᠵᠠᠳᠠᠯᠵᠤ ᠤᠷᠢᠳᠴᠢᠯᠠᠨ ᠰᠡᠷᠡᠮᠵᠢᠯᠡᠭᠦᠯᠬᠦ ᠪᠠ ᠬᠤᠮᠠᠬᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠯᠢ ᠠᠯᠤᠰᠯᠠᠭᠰᠠᠨ ᠪᠠᠯᠠ ᠮᠥᠩᠭᠥ ᠵᠢᠨ ᠰᠢᠯᠵᠢᠯᠲᠡ ᠵᠢᠨ ᠠᠶᠤᠯ ᠲᠦᠭᠰᠢᠭᠦᠷᠢ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠮᠥᠩᠭᠥᠨ ᠭᠦᠢ᠍ᠯᠭᠡᠭᠡᠨ ᠵᠶ᠋ᠠᠷ ᠤᠮᠠᠷᠠᠰᠢ ᠨᠡᠭᠡᠭᠡᠯᠲᠡ ᠬᠢᠬᠦ ᠵᠢ ᠳᠡᠮᠵᠢᠬᠦ ᠴᠢᠬᠤᠯᠠ ᠪᠡᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ᠎ᠤ ᠭᠠᠳᠠᠭ᠋ᠠᠳᠤ᠎ᠲᠠᠢ ᠬᠣᠯᠪᠣᠭᠳᠠᠭᠰᠠᠨ ᠠᠵᠤ ᠠᠬᠤᠶ ᠵᠢᠨ ᠬᠥᠭᠵᠢᠯᠲᠡ᠎ᠳᠤ ᠭᠠᠳᠠᠭ᠋ᠠᠳᠤ ᠭᠤᠪᠢᠭᠤᠯᠭ᠎ᠠ ᠵᠢᠨ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠣᠶ ᠪᠣᠯᠭ᠋ᠠᠵᠤ ᠥᠭᠪᠡ᠃ ᠪᠥᠬᠥ ᠣᠷᠣᠨ᠎ᠤ ᠭᠠᠳᠠᠭ᠋ᠠᠳᠤ᠎ᠲᠠᠢ ᠬᠣᠯᠪᠣᠭᠳᠠᠭᠰᠠᠨ ᠣᠷᠣᠯᠭ᠎ᠠ ᠵᠠᠷᠤᠯᠭ᠎ᠠ ᠲᠣᠭᠲᠠᠭᠤᠨ ᠵᠶ᠋ᠠᠷ ᠡᠷᠭᠢᠯᠳᠦᠵᠦ᠂ 2023 ᠣᠨ᠎ᠤ ᠳᠡᠭᠡᠷ᠎ᠡ ᠬᠠᠭ᠋ᠠᠰ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠩᠬᠢ ᠵᠢᠨ ᠵᠣᠴᠢᠨ᠎ᠢ ᠣᠷᠣᠯᠠᠨ ᠭᠠᠳᠠᠭ᠋ᠠᠳᠤ᠎ᠲᠠᠢ ᠬᠣᠯᠪᠣᠭᠳᠠᠭᠰᠠᠨ ᠵᠣᠭᠣᠰ ᠬᠤᠷᠢᠶᠠᠭᠰᠠᠨ ᠶᠡᠷᠦᠩᠬᠡᠶ ᠲᠣᠭ᠎ᠠ 251.66 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 49.22 % ᠵᠶ᠋ᠠᠷ ᠶᠡᠬᠡᠪᠡᠷ ᠨᠡᠮᠡᠭᠳᠡᠪᠡ᠃
(ᠨᠢᠭᠡ) ᠠᠷᠠᠯᠵᠢᠶᠠᠨ᠎ᠤ ᠳᠥᠭᠥᠮ ᠳᠥᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠢ ᠬᠠᠪᠰᠤᠷᠤᠨ ᠥᠪᠡᠷ᠎ᠤᠨ ᠥᠷᠲᠡᠭ᠎ᠢ᠎ᠨᠢ ᠲᠠᠰᠤᠷᠠᠯᠲᠠ ᠥᠬᠡᠶ ᠪᠠᠭᠤᠷᠠᠭᠤᠯᠵᠤ ᠦᠷ᠎ᠡ ᠠᠰᠢᠭ᠎ᠢ᠎ᠨᠢ ᠨᠡᠮᠡᠭᠳᠡᠭᠦᠯᠪᠡ᠃ ᠨᠢᠭᠡ᠎ᠳᠤ᠂ ᠴᠢᠨᠠᠷ ᠰᠠᠶ᠋ᠢᠲᠠᠢ ᠠᠵᠤ ᠠᠬᠤᠶ᠋ᠢᠯᠠᠯ᠎ᠤᠨ ᠠᠷᠠᠯᠵᠢᠶᠠᠨ᠎ᠤ ᠭᠠᠳᠠᠭ᠋ᠠᠳᠤ ᠭᠤᠪᠢᠭᠤᠯᠭ᠎ᠠ ᠵᠢᠨ ᠣᠷᠣᠯᠭ᠎ᠠ ᠵᠠᠷᠤᠯᠭ᠎ᠠ ᠵᠢ ᠲᠦᠬᠦᠮ ᠪᠣᠯᠭ᠋ᠠᠬᠤ ᠲᠤᠷᠰᠢᠯᠲᠠ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠨᠠᠷᠢᠯᠢᠭ ᠣᠨᠣᠴᠠᠲᠠᠶ᠎ᠪᠠᠷ ᠬᠠᠪᠰᠤᠷᠤᠨ ᠵᠢᠯᠣᠭᠣᠳᠴᠤ᠂ ᠠᠵᠤ ᠠᠬᠤᠶ᠋ᠢᠯᠠᠯ᠎ᠤᠨ ᠪᠡᠯᠡᠳᠬᠡᠯ ᠬᠥᠮᠥᠷᠭᠡ ᠵᠢ ᠬᠥᠳᠡᠯᠦᠩᠭᠦᠶ᠎ᠪᠠᠷ ᠰᠢᠨᠡᠳᠬᠡᠵᠦ᠂ ᠪᠠᠩᠬᠢ ᠵᠢ ᠵᠢᠯᠣᠭᠣᠳᠤᠨ ᠳᠤᠮᠳᠠ ᠵᠢᠵᠢᠭ ᠠᠵᠤ ᠠᠬᠤᠶ᠋ᠢᠯᠠᠯ᠎ᠳᠤ ᠦᠢ᠍ᠯᠡᠴᠢᠯᠡᠬᠦ ᠰᠠᠨᠠᠭ᠋ᠠᠴᠢᠯᠠᠭ᠋ᠠᠲᠤ ᠴᠢᠨᠠᠷ ᠪᠠ ᠲᠤᠰᠬᠠᠶ ᠮᠡᠷᠭᠡᠵᠢᠯ᠎ᠤᠨ ᠴᠢᠨᠠᠷ᠎ᠢ ᠳᠡᠭᠡᠭᠰᠢᠯᠡᠭᠦᠯᠦᠨ᠎ᠡ᠃ ᠲᠤᠷᠰᠢᠯᠲᠠ ᠵᠢᠨ ᠴᠡᠭ᠎ᠢ ᠨᠠᠶ᠋ᠢᠳᠠᠪᠤᠷᠢᠵᠢᠭᠤᠯᠤᠭᠰᠠᠨ᠎ᠠᠴᠠ ᠨᠠᠭ᠋ᠠᠰᠢ 2023 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠬᠠᠷᠢᠶᠠᠨ᠎ᠳᠠᠬᠢ 5 ᠲᠤᠷᠰᠢᠯᠲᠠ ᠵᠢᠨ ᠴᠡᠭ᠎ᠤᠨ ᠪᠠᠩᠬᠢ᠎ᠨᠢ 34 ᠲᠤᠷᠰᠢᠯᠲᠠ ᠵᠢᠨ ᠴᠡᠭ᠎ᠤᠨ ᠠᠵᠤ ᠠᠬᠤᠶ᠋ᠢᠯᠠᠯ᠎ᠳᠤ 3605 ᠬᠤᠪᠢ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠵᠦ᠂ ᠵᠣᠭᠣᠰ᠎ᠤᠨ ᠲᠣᠭ᠎ᠠ᠎ᠨᠢ 17.74 ᠳ᠋ᠦᠩᠰᠢᠭᠤᠷ ᠳ᠋ᠣᠯᠯᠠᠷ᠎ᠲᠤ ᠬᠦᠷᠴᠦ᠂ 12 ᠠᠶ᠋ᠢᠮᠠᠭ ᠬᠣᠲᠠ ᠵᠢ ᠪᠦᠷᠢᠨ ᠪᠥᠷᠬᠥᠭᠦᠯᠬᠦ ᠵᠢ ᠪᠡᠶᠡᠯᠡᠭᠦᠯᠵᠦ᠂ ᠴᠠᠭ᠋ᠠᠨ ᠢᠳᠡᠭᠡᠨ᠂ ᠠᠮᠢᠳᠤ ᠪᠣᠳᠠᠰ᠎ᠤᠨ ᠡᠮ ᠦᠢ᠍ᠯᠡᠳᠬᠦ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠳᠤ ᠠᠰᠢᠭ ᠬᠦᠷᠲᠡᠭᠡᠪᠡ᠃ ᠬᠣᠶᠠᠷ᠎ᠲᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠤᠨ᠎ᠠ᠃ ᠬᠢᠯᠢ ᠠᠯᠤᠰᠯᠠᠭᠰᠠᠨ ᠠᠷᠠᠯᠵᠢᠶᠠᠨ᠎ᠤ ᠪᠠᠯᠠ ᠣᠷᠣᠭᠤᠯᠤᠯᠲᠠ ᠵᠢ ᠲᠥᠬᠥᠮ ᠪᠣᠯᠭ᠋ᠠᠬᠤ ᠲᠥᠷᠥ ᠵᠢᠨ ᠪᠣᠳᠣᠯᠭ᠎ᠠ᠎ᠨᠢ ᠠᠵᠤ ᠠᠬᠤᠶ᠋ᠢᠯᠠᠯ ᠪᠠ ᠠᠷᠠᠳ᠎ᠲᠤ ᠠᠰᠢᠭ ᠬᠦᠷᠲᠡᠭᠡᠵᠦ᠂ 《ᠰᠦᠯᠵᠢᠶᠡᠨ᠎ᠤ ᠪᠠᠩᠬᠢ》 ᠪᠠ 《ᠨᠢᠭᠡ ᠯᠡ ᠴᠣᠩᠬᠣᠪᠴᠢ》 ᠵᠡᠷᠭᠡ ᠠᠷᠭ᠎ᠠ ᠵᠠᠮ᠎ᠳᠤ ᠲᠦᠰᠢᠭᠯᠡᠨ ᠡᠯᠧᠺᠲᠷᠣᠨ ᠬᠠᠭᠤᠳᠠᠰᠤ ᠪᠠᠷᠢᠮᠲᠠ ᠵᠢᠨ ᠦᠨᠡᠨ ᠪᠣᠳᠠᠲᠤ ᠴᠢᠨᠠᠷ᠂ ᠴᠣᠷ᠎ᠤᠨ ᠭᠠᠭᠴᠠ ᠴᠢᠨᠠᠷ᠎ᠢ ᠬᠢᠨᠠᠨ ᠬᠠᠷᠭᠤᠭᠤᠯᠵᠤ᠂ ᠴᠠᠭ ᠪᠠ ᠣᠷᠣᠨ ᠵᠠᠶ ᠵᠢᠨ ᠬᠢᠵᠠᠭ᠋ᠠᠷᠯᠠᠯ᠎ᠢ ᠡᠪᠳᠡᠵᠦ᠂ ᠠᠵᠤ ᠠᠬᠤᠶ᠋ᠢᠯᠠᠯ᠎ᠤᠨ ᠠᠷᠠᠯᠵᠢᠶᠠᠨ᠎ᠤ ᠳ᠋ᠦᠩᠨᠡᠨ ᠪᠤᠳᠤᠬᠤ᠎ᠳᠤ ᠲᠥᠬᠥᠮ ᠦᠵᠡᠭᠦᠯᠪᠡ᠂ 1— 6 ᠰᠠᠷ᠎ᠠ᠎ᠳᠤ᠂ ᠠᠷᠠᠯᠵᠢᠶᠠᠨ᠎ᠤ ᠭᠠᠳᠠᠭ᠋ᠠᠳᠤ ᠭᠤᠪᠢᠭᠤᠯᠭ᠎ᠠ ᠵᠢᠨ ᠲᠤᠬᠠᠶ᠋ᠢᠯᠠᠭᠰᠠᠨ ᠠᠵᠢᠯ᠎ᠤᠨ ᠡᠯᠧᠺᠲᠷᠣᠨ ᠬᠠᠭᠤᠳᠠᠰᠤ ᠪᠠᠷᠢᠮᠲᠠ ᠵᠢ 2978 ᠬᠤᠪᠢ ᠳ᠋ᠦᠩᠨᠡᠨ ᠪᠤᠳᠤᠵᠤ᠂ ᠵᠣᠭᠣᠰ᠎ᠤᠨ ᠲᠣᠭ᠎ᠠ᠎ᠨᠢ 11.74 ᠳ᠋ᠦᠩᠰᠢᠭᠤᠷ ᠳ᠋ᠣᠯᠯᠠᠷ᠎ᠲᠤ ᠬᠦᠷᠴᠡᠶ; ᠦᠢ᠍ᠯᠡᠴᠢᠯᠡᠭᠡᠨ᠎ᠤ ᠠᠷᠠᠯᠵᠢᠶ᠎ᠠ ᠵᠢᠨ ᠭᠠᠳᠠᠭ᠋ᠠᠳᠤ ᠲᠣᠭ᠋ᠠᠴᠠᠭ᠎ᠠ ᠬᠢᠵᠦ ᠪᠦᠷᠢᠳᠬᠡᠨ ᠳᠡᠩᠰᠡᠯᠡᠵᠦ ᠬᠢᠨᠠᠨ ᠰᠢᠯᠭ᠋ᠠᠬᠤ ᠵᠢ ᠦᠷᠭᠦᠯᠵᠢᠯᠡᠨ ᠰᠢᠯᠢᠳᠡᠭᠵᠢᠭᠦᠯᠵᠦ᠂ ᠪᠦᠷᠢᠳᠬᠡᠨ ᠳᠠᠩᠰᠠᠯᠠᠬᠤ ᠬᠦᠰᠦᠨᠦᠭᠲᠦ ᠵᠢᠨ ᠭᠤᠪᠢᠭᠤᠯᠭ᠎ᠠ ᠵᠢ 519 ᠬᠤᠪᠢ ᠭᠦᠢ᠍ᠴᠡᠳᠭᠡᠵᠦ᠂ 153 ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ᠂ ᠵᠣᠭᠣᠰ᠎ᠤᠨ ᠲᠣᠭ᠎ᠠ᠎ᠨᠢ 13.31 ᠳ᠋ᠦᠩᠰᠢᠭᠤᠷ ᠳ᠋ᠣᠯᠯᠠᠷ᠎ᠲᠤ ᠬᠥᠷᠪᠡ᠃ ᠭᠤᠷᠪᠠ᠎ᠳᠤ᠂ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠵᠢᠷᠤᠮᠵᠢᠭᠤᠯᠵᠤ ᠰᠢᠨ᠎ᠡ ᠵᠢ ᠡᠭᠦᠳᠦᠨ ᠬᠥᠭᠵᠢᠭᠦᠯᠦᠨ᠎ᠡ᠃ 《ᠬᠢᠯᠢ ᠵᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢ ᠪᠣᠳᠠᠲᠠᠶ᠋ᠢᠵᠢᠭᠤᠯᠤᠨ ᠪᠣᠯᠪᠠᠰᠤᠷᠠᠭᠤᠯᠵᠤ ᠬᠤᠳᠠᠯᠳᠤᠨ ᠠᠪᠬᠤ ᠪᠠ ᠭᠤᠪᠢᠭᠤᠯᠭ᠎ᠠ ᠥᠭᠬᠦ ᠠᠵᠢᠯᠯᠠᠭ᠋ᠠᠨ᠎ᠤ ᠴᠤᠪᠤᠷᠠᠯ》᠎ᠢ ᠲᠣᠭᠲᠠᠭ᠋ᠠᠵᠤ᠂ ᠲᠣᠭ᠎ᠠ ᠪᠠᠷᠢᠮᠲᠠ ᠴᠤᠭᠯᠠᠭᠤᠯᠬᠤ᠂ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ᠂ ᠳ᠋ᠦᠩᠨᠡᠨ ᠪᠤᠳᠤᠬᠤ ᠪᠠᠯᠠ ᠮᠥᠩᠭᠥ ᠵᠢ ᠬᠤᠪᠢᠶᠠᠷᠢᠯᠠᠨ ᠰᠢᠯᠵᠢᠭᠦᠯᠬᠦ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ; ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠠᠷᠠᠯᠵᠢᠶ᠎ᠠ ᠵᠢᠨ ᠠᠵᠤ ᠠᠬᠤᠶ᠋ᠢᠯᠠᠯ᠎ᠤᠨ ᠰᠦᠯᠵᠢᠶ᠎ᠡ᠎ᠪᠠᠷ ᠪᠠᠯᠠ ᠮᠥᠩᠭᠥ ᠳ᠋ᠦᠩᠨᠡᠨ ᠪᠤᠳᠤᠬᠤ ᠠᠷᠭ᠎ᠠ ᠵᠠᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠭᠴᠠ ᠤᠳᠠᠭ᠋ᠠᠨ᠎ᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠴᠠᠭ᠎ᠢ ᠬᠠᠭ᠋ᠠᠰ᠎ᠠᠴᠠ ᠳᠡᠭᠡᠭᠰᠢ᠎ᠪᠠᠷ ᠪᠠᠭ᠋ᠠᠰᠬᠠᠨ᠎ᠠ᠃
(ᠬᠣᠶᠠᠷ) ᠪᠠᠯᠠ ᠲᠣᠬᠢᠷᠠᠭᠤᠯᠭ᠎ᠠ᠎ᠳᠤ ᠲᠥᠬᠥᠮ ᠦᠵᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠎ᠳᠤ ᠲᠥᠬᠥᠮ ᠦᠵᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠠᠰᠢᠭ ᠬᠦᠷᠲᠡᠭᠡᠬᠦ ᠵᠢ ᠠᠬᠢᠭᠤᠯᠤᠨ᠎ᠠ᠃ ᠨᠢᠭᠡ᠎ᠳᠤ᠂ ᠭᠠᠳᠠᠭ᠋ᠠᠳᠤ ᠤᠯᠤᠰ᠎ᠤᠨ ᠳᠤᠮᠳᠠᠳᠤ ᠤᠯᠤᠰ᠎ᠲᠤ ᠢᠷᠡᠵᠦ ᠪᠠᠯᠠ ᠣᠷᠣᠭᠤᠯᠬᠤ ᠪᠠ 《ᠨᠢᠭᠡ ᠪᠦᠰᠡ ᠨᠢᠭᠡ ᠵᠠᠮ》᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠬᠢᠯᠢ ᠠᠯᠤᠰᠯᠠᠭᠰᠠᠨ ᠪᠠᠯᠠ ᠣᠷᠣᠭᠤᠯᠤᠯᠲᠠ ᠵᠢᠨ ᠯᠠᠪᠳᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ᠃ 1— 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠪᠣᠳᠠᠲᠠᠶ ᠠᠰᠢᠭᠯᠠᠭᠰᠠᠨ ᠭᠠᠳᠠᠭ᠋ᠠᠳᠤ ᠪᠠᠯᠠ ᠨᠡᠶ᠋ᠢᠲᠡ 1.51 ᠳ᠋ᠦᠩᠰᠢᠭᠤᠷ ᠳ᠋ᠣᠯᠯᠠᠷ᠎ᠲᠤ ᠬᠦᠷᠴᠦ᠂ ᠬᠢᠯᠢ ᠵᠢᠨ ᠭᠠᠳᠠᠨ᠎ᠠ ᠪᠠᠯᠠ ᠣᠷᠣᠭᠤᠯᠤᠭᠰᠠᠨ ᠪᠣᠳᠠᠲᠠᠶ ᠪᠠᠯᠠ ᠵᠢᠨ ᠲᠣᠭ᠎ᠠ ᠨᠡᠶ᠋ᠢᠲᠡ 4.72 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 23.1 %᠎ᠪᠠᠷ ᠨᠡᠮᠡᠭᠳᠡᠪᠡ᠃ ᠬᠣᠶᠠᠷ᠎ᠲᠤ᠂ ᠪᠥᠬᠥ ᠰᠢᠰᠲ᠋ᠧᠮ᠎ᠤᠨ ᠬᠢᠯᠢ ᠠᠯᠤᠰᠯᠠᠭᠰᠠᠨ ᠪᠠᠯᠠ ᠲᠣᠬᠢᠷᠠᠭᠤᠯᠭ᠎ᠠ ᠵᠢᠨ ᠬᠣᠷᠸ᠎ᠠ ᠲᠠᠯ᠎ᠠ ᠵᠢᠨ ᠬᠢᠨᠠᠭᠤᠷ ᠪᠣᠯᠭᠣᠮᠵᠢᠲᠠᠶ ᠢᠯᠡᠳᠬᠡᠮᠵᠢ ᠵᠢ ᠳᠡᠭᠡᠭᠰᠢᠯᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ ᠠᠯᠤᠰᠯᠠᠭᠰᠠᠨ ᠺᠣᠮᠫᠠᠨᠢ ᠵᠢᠨ ᠬᠢᠯᠢ ᠠᠯᠤᠰᠯᠠᠭᠰᠠᠨ ᠪᠠᠯᠠ ᠮᠥᠩᠭᠥ ᠵᠢ ᠲᠥᠪᠯᠡᠷᠡᠭᠦᠯᠦᠨ ᠡᠵᠡᠩᠨᠡᠵᠦ ᠬᠠᠮᠢᠶᠠᠷᠬᠤ ᠵᠢ ᠴᠢᠩᠭ᠋ᠠᠳᠬᠠᠨ᠎ᠠ᠃ 1— 6 ᠰᠠᠷ᠎ᠠ᠎ᠳᠤ᠂ ᠬᠢᠯᠢ ᠠᠯᠤᠰᠯᠠᠨ ᠠᠭᠤᠰᠤᠯᠴᠠᠭᠰᠠᠨ ᠪᠠᠯᠠ ᠮᠥᠩᠭᠥ 0.70 ᠳ᠋ᠦᠩᠰᠢᠭᠤᠷ ᠳ᠋ᠣᠯᠯᠠᠷ᠎ᠲᠤ ᠬᠦᠷᠴᠦ᠂ ᠤᠯᠤᠰ ᠠᠯᠤᠰᠯᠠᠭᠰᠠᠨ 5 ᠺᠣᠮᠫᠠᠨᠢ ᠵᠢᠨ ᠲᠥᠪᠯᠡᠷᠡᠭᠦᠯᠦᠨ ᠬᠠᠮᠢᠶᠠᠷᠴᠤ ᠪᠠᠶ᠋ᠢᠭ᠎ᠠ ᠬᠢᠯᠢ ᠵᠢᠨ ᠳᠣᠲᠣᠨ᠎ᠠ ᠭᠠᠳᠠᠨᠠᠬᠢ 240 ᠪᠦᠷᠢᠯᠳᠦᠬᠦᠨ ᠠᠵᠤ ᠠᠬᠤᠶ᠋ᠢᠯᠠᠯ ᠬᠢᠯᠢ ᠠᠯᠤᠰᠯᠠᠭᠰᠠᠨ ᠪᠠᠯᠠ ᠮᠥᠩᠭᠥ ᠵᠢᠨ ᠴᠥᠭᠥᠷᠥᠮ ᠵᠶ᠋ᠠᠷ ᠳᠡᠮᠵᠢᠨ 16.11 ᠳ᠋ᠦᠩᠰᠢᠭᠤᠷ ᠳ᠋ᠣᠯᠯᠠᠷ᠎ᠲᠤ ᠬᠦᠷᠴᠦ᠂ 2019 ᠣᠨ᠎ᠠᠴᠠ ᠨᠠᠭ᠋ᠠᠰᠢ ᠬᠢᠯᠢ ᠠᠯᠤᠰᠯᠠᠭᠰᠠᠨ ᠪᠠᠯᠠ ᠮᠥᠩᠭᠥ ᠵᠢᠨ ᠴᠥᠭᠥᠷᠥᠮ ᠵᠶ᠋ᠠᠷ ᠳᠠᠮᠵᠢᠭᠤᠯᠤᠨ ᠠᠵᠤ ᠠᠬᠤᠶ᠋ᠢᠯᠠᠯ᠎ᠳᠤ ᠨᠡᠶ᠋ᠢᠲᠡ 8000 ᠲᠦᠮᠡᠨ ᠲᠥᠭᠥᠷᠢᠭ᠎ᠤᠨ ᠪᠠᠯᠠ ᠮᠥᠩᠭᠥ ᠠᠷᠪᠢᠯᠠᠨ ᠥᠭᠴᠦ᠂ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃
(ᠭᠤᠷᠪᠠ) ᠮᠥᠩᠭᠥᠨ ᠭᠦᠢ᠍ᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠳᠤ ᠴᠢᠳᠠᠮᠵᠢ ᠣᠯᠭᠣᠬᠤ ᠵᠢ ᠴᠢᠩᠭ᠋ᠠᠳᠬᠠᠵᠤ᠂ ᠭᠤᠪᠢᠭᠤᠯᠭ᠎ᠠ ᠵᠢᠨ ᠨᠣᠷᠮ᠎ᠠ ᠵᠢᠨ ᠠᠶᠤᠯ᠎ᠠᠴᠠ ᠵᠠᠶ᠋ᠢᠯᠠᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠨᠢᠭᠡ᠎ᠳᠤ᠂ ᠬᠢᠯᠢ ᠠᠯᠤᠰᠯᠠᠭᠰᠠᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠴᠠᠩ᠎ᠤᠨ ᠬᠡᠷᠡᠭᠯᠡᠭᠡᠨ᠎ᠤ ᠬᠡᠪᠴᠢᠶ᠎ᠡ ᠵᠢ ᠥᠷᠭᠡᠳᠬᠡᠨ ᠬᠡᠮᠵᠢᠶ᠎ᠡ ᠵᠢ ᠨᠡᠮᠡᠭᠳᠡᠭᠦᠯᠬᠦ ᠵᠢ ᠠᠬᠢᠭᠤᠯᠤᠨ᠎ᠠ᠃ ᠲᠠᠪᠴᠠᠩ᠎ᠤᠨ ᠬᠡᠷᠡᠭᠯᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠤᠤᠯ᠎ᠤᠨ 4 ᠬᠡᠷᠡᠭᠯᠡᠭᠡᠨ᠎ᠤ ᠪᠠᠶ᠋ᠢᠳᠠᠯ᠎ᠤᠨ ᠰᠠᠭᠤᠷᠢᠨ ᠳᠡᠭᠡᠷ᠎ᠡ᠂ 《ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ᠎ᠤᠨ ᠬᠠᠭᠤᠳᠠᠰᠤ᠎ᠪᠠᠷ ᠪᠠᠯᠠ ᠳᠣᠭᠢᠷᠠᠭᠤᠯᠬᠤ》 ᠪᠠᠶ᠋ᠢᠳᠠᠯ᠎ᠢ ᠰᠢᠨ᠎ᠡ᠎ᠪᠠᠷ ᠨᠡᠮᠡᠭᠳᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠵᠶ᠋ᠠᠷ ᠦᠢ᠍ᠯᠡᠴᠢᠯᠡᠭᠡᠨ᠎ᠤ ᠭᠤᠤᠯᠳᠠᠯᠭ᠎ᠠ ᠪᠣᠯᠭ᠋ᠠᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠯᠠ ᠳᠣᠭᠢᠷᠠᠭᠤᠯᠬᠤ ᠣᠷᠴᠢᠨ ᠨᠥᠬᠥᠴᠡᠯ᠎ᠢ ᠰᠠᠶ᠋ᠢᠵᠢᠷᠠᠭᠤᠯᠬᠤ᠎ᠳᠤ ᠬᠦᠴᠦᠨ ᠨᠡᠮᠡᠷᠢᠯᠡᠪᠡ᠃ ᠬᠣᠶᠠᠷ᠎ᠲᠤ᠂ ᠭᠤᠪᠢᠭᠤᠯᠭ᠎ᠠ ᠵᠢᠨ ᠨᠤᠷᠮ᠎ᠠ ᠵᠢᠨ ᠠᠶᠤᠯ᠎ᠠᠴᠠ ᠵᠠᠶ᠋ᠢᠯᠠᠬᠤ ᠬᠠᠮᠢᠶᠠᠷᠤᠯᠲᠠ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ 《〈ᠪᠠᠯᠠ ᠨᠡᠶ᠋ᠢᠯᠡᠭᠦᠯᠦᠨ ᠠᠵᠤ ᠠᠬᠤᠶ᠋ᠢᠯᠠᠯ᠎ᠢ ᠲᠤᠰᠠᠯᠠᠬᠤ〉 ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠨᠣᠷᠮ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠡᠳ᠋᠎ᠤᠨ ᠵᠠᠰᠠᠭ᠂ ᠬᠤᠳᠠᠯᠳᠤᠭ᠋ᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠯᠦᠭᠡ ᠬᠠᠮᠵᠢᠯᠴᠠᠬᠤ᠎ᠪᠠᠨ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠳᠠᠭ᠋ᠠᠭ᠋ᠠᠯᠲᠠ ᠵᠢᠨ ᠺᠣᠮᠫᠠᠨᠢ ᠵᠢᠨ ᠭᠤᠪᠢᠭᠤᠯᠭ᠎ᠠ ᠵᠢᠨ ᠨᠣᠷᠮ᠎ᠠ ᠵᠢᠨ ᠲᠦᠭᠰᠢᠭᠦᠷᠢ᠎ᠠᠴᠠ ᠵᠠᠶ᠋ᠢᠯᠠᠬᠤ ᠵᠢ ᠳᠡᠮᠵᠢᠬᠦ ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠢᠳᠡᠪᠬᠢᠲᠡᠶ ᠣᠷᠣᠯᠴᠠᠬᠤ ᠵᠢ ᠠᠬᠢᠭᠤᠯᠤᠨ᠎ᠠ᠃ ᠬᠠᠷᠢᠶ᠎ᠠ ᠣᠷᠣᠨ᠎ᠤ ᠡᠯ᠎ᠡ ᠪᠠᠩᠬᠢ ᠵᠢᠨ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠵᠢ ᠬᠢᠨᠠᠨ ᠵᠢᠯᠣᠭᠣᠳᠴᠤ᠂ ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠨᠣᠷᠮ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠥᠪᠡᠷ᠎ᠤᠨ ᠥᠷᠲᠡᠭ᠎ᠢ ᠦᠨᠡᠨᠬᠦ ᠪᠠᠭᠤᠷᠠᠭᠤᠯᠤᠨ᠎ᠠ᠃ 1— 6 ᠰᠠᠷ᠎ᠠ᠎ᠳᠤ᠂ ᠡᠭᠦᠰᠦᠮᠡᠯ ᠪᠦᠲᠦᠭᠡᠭᠳᠡᠬᠦᠨ᠎ᠤ 《ᠠᠩᠬ᠎ᠠ ᠭᠦᠢ᠍ᠴᠡᠳᠭᠡᠬᠦ ᠡᠷᠦᠬᠡ》 ᠰᠢᠨ᠎ᠡ᠎ᠪᠠᠷ 70 ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.9 ᠳᠠᠬᠢᠨ ᠨᠡᠮᠡᠭᠳᠡᠵᠦ᠂ 62 ᠠᠵᠤ ᠠᠬᠤᠶ᠋ᠢᠯᠠᠯ ᠭᠠᠳᠠᠭ᠋ᠠᠳᠤ ᠭᠤᠪᠢᠭᠤᠯᠭ᠎ᠠ ᠵᠢᠨ ᠡᠭᠦᠰᠦᠮᠡᠯ ᠡᠳ᠋ ᠭᠦᠢ᠍ᠴᠡᠳᠭᠡᠵᠦ ᠰᠦᠢ᠍ᠳᠭᠡᠯ ᠬᠠᠰᠤᠵᠤ ᠠᠰᠢᠭ ᠣᠯᠭᠣᠬᠤ ᠵᠢᠴᠢ ᠪᠠᠲᠤᠯᠠᠭ᠎ᠠ ᠵᠢᠨ ᠮᠥᠩᠭᠥ ᠵᠢ ᠬᠠᠰᠤᠵᠤ ᠭᠡᠯᠳᠦᠷᠢᠭᠦᠯᠪᠡ᠃
ᠳᠥᠷᠪᠡ᠂ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠂ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ
ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠎ᠨᠢ 《ᠠᠷᠠᠳ ᠲᠦᠮᠡᠨ ᠵᠶ᠋ᠠᠷ ᠭᠤᠤᠯ ᠪᠣᠯᠭ᠋ᠠᠬᠤ》 ᠵᠢᠨ ᠢᠲᠡᠭᠡᠮᠵᠢ ᠣᠯᠬᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠢᠲᠡᠭᠡᠮᠵᠢ ᠣᠯᠬᠤ ᠪᠦᠲᠦᠮᠵᠢᠲᠡᠶ ᠬᠠᠩᠭ᠋ᠠᠯᠭ᠎ᠠ ᠵᠢ ᠨᠡᠮᠡᠭᠳᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ᠎ᠳᠤ ᠦᠢ᠍ᠯᠡᠴᠢᠯᠡᠬᠦ᠂ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠠᠯ᠎ᠠ᠎ᠪᠠᠷ ᠰᠢᠨ᠎ᠡ ᠵᠢ ᠡᠭᠦᠳᠬᠦ᠎ᠪᠠᠷ ᠬᠠᠶ᠋ᠢᠨ ᠰᠦᠪᠡᠭᠴᠢᠯᠡᠵᠦ᠂ ᠢᠳᠡᠪᠬᠢᠲᠡᠶ᠎ᠪᠠᠷ ᠠᠵᠢᠯᠯᠠᠨ᠂ ᠰᠠᠶ᠋ᠢᠨ ᠦᠷ᠎ᠡ ᠪᠦᠲᠦᠮᠵᠢ ᠣᠯᠪᠠ᠃
ᠨᠢᠭᠡ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ᠎ᠤᠨ ᠦᠢ᠍ᠯᠡᠴᠢᠯᠡᠭᠡᠨ᠎ᠤ ᠬᠡᠪᠴᠢᠶ᠎ᠡ ᠵᠢ ᠲᠠᠰᠤᠷᠠᠯᠲᠠ ᠤᠢ᠍ᠭᠡᠢ ᠥᠷᠭᠡᠳᠬᠡᠪᠡ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ᠎ᠳᠤ ᠥᠪᠥᠷ ᠮᠣᠩᠭᠣᠯ᠎ᠤᠨ 2084 ᠲᠦᠮᠡᠨ ᠪᠠᠶ᠋ᠢᠭ᠋ᠠᠯᠢ ᠬᠥᠮᠦᠨ᠂ 97 ᠲᠦᠮᠡᠨ ᠠᠵᠤ ᠠᠬᠤᠶ᠋ᠢᠯᠠᠯ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠠᠩᠬᠢ ᠵᠢᠨ ᠢᠲᠡᠭᠡᠮᠵᠢᠲᠦ ᠵᠢᠭᠡᠯᠡᠯᠭᠡ᠂ ᠰᠢᠭᠦᠬᠦ ᠬᠣᠷᠢᠶ᠎ᠠ ᠵᠢᠨ ᠰᠢᠭᠦᠨ ᠲᠠᠰᠤᠯᠤᠯᠲᠠ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠡᠷᠭᠡ ᠮᠡᠳᠡᠭᠡ ᠵᠠᠩᠭᠢ ᠵᠢ ᠣᠷᠣᠭᠤᠯᠪᠠ᠃ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠰᠢᠰᠲᠸᠮ᠎ᠤᠨ ᠵᠠᠯᠭ᠋ᠠᠵᠤ ᠣᠷᠣᠭᠤᠯᠬᠤ ᠪᠠᠶ᠋ᠢᠭᠤᠯᠤᠮᠵᠢ ᠵᠢᠨ ᠪᠦᠷᠬᠦᠴᠡ ᠵᠢᠨ ᠬᠡᠪᠴᠢᠶ᠎ᠡ ᠲᠠᠰᠤᠷᠠᠯᠲᠠ ᠤᠢ᠍ᠭᠡᠢ ᠥᠷᠭᠡᠵᠢᠵᠦ᠂ ᠪᠦᠬᠦ ᠣᠷᠣᠨ᠎ᠤ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠰᠢᠰᠲᠸᠮ᠎ᠳᠤ ᠵᠠᠯᠭ᠋ᠠᠵᠤ ᠣᠷᠣᠭᠤᠯᠬᠤ ᠪᠠᠶ᠋ᠢᠭᠤᠯᠤᠮᠵᠢ᠎ᠳᠤ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠡᠳ᠋᠎ᠤᠨ ᠶᠠᠪᠤᠳᠠᠯ᠎ᠤᠨ ᠺᠣᠮᠫᠠᠨᠢ᠂ ᠢᠲᠡᠭᠡᠮᠵᠢ ᠵᠢᠨ ᠺᠣᠮᠫᠠᠨᠢ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠥᠪ ᠵᠡᠷᠭᠡ ᠵᠢ ᠪᠠᠭᠲᠠᠭ᠋ᠠᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠠᠯᠭ᠋ᠠᠵᠤ ᠣᠷᠣᠭᠤᠯᠬᠤ ᠲᠥᠷᠥᠯ ᠵᠦᠢ᠍ᠯ᠎ᠢ ᠥᠷᠭᠡᠨ ᠵᠶ᠋ᠠᠷ ᠬᠠᠮᠤᠷᠬᠤ ᠵᠢ ᠪᠡᠶᠡᠯᠡᠭᠦᠯᠵᠦ᠂ ᠢᠲᠡᠭᠡᠮᠵᠢ ᠵᠢᠨ ᠮᠡᠳᠡᠭᠦᠯᠦᠯᠲᠡ᠎ᠪᠠᠷ ᠭᠣᠣᠯ ᠪᠣᠯᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠦᠢ᠍ᠯᠡᠳᠬᠦᠨ᠎ᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠢᠲᠡᠭᠡᠮᠵᠢᠲᠦ ᠵᠢᠭᠡᠯᠡᠯᠭᠡ ᠵᠢᠨ ᠲᠦᠭᠰᠢᠭᠦᠷᠢ ᠵᠢᠨ ᠬᠠᠮᠢᠶᠠᠷᠤᠯᠲᠠ᠎ᠳᠤ ᠥᠷᠭᠡᠨ ᠵᠶ᠋ᠠᠷ ᠬᠡᠷᠡᠭᠯᠡᠨ᠎ᠡ᠃
(ᠬᠣᠶᠠᠷ) ᠬᠥᠳᠡᠯᠬᠦ ᠬᠥᠷᠥᠩᠭᠡ ᠵᠢᠨ ᠪᠠᠯᠠ ᠲᠣᠬᠢᠷᠠᠭᠤᠯᠭ᠎ᠠ ᠵᠢᠨ ᠲᠠᠪᠴᠠᠩ᠎ᠨᠢ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠨᠠᠮᠳᠠᠭᠤᠯᠪᠠ᠃ ᠬᠥᠳᠡᠯᠬᠦ ᠬᠥᠷᠥᠩᠭᠡ ᠵᠢᠨ ᠳᠠᠭ᠋ᠠᠭ᠋ᠠᠯᠲᠠ ᠵᠢ ᠨᠢᠭᠡᠳᠦᠯᠲᠡᠶ ᠳᠠᠩᠰᠠᠯᠠᠬᠤ ᠪᠠ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ᠎ᠤᠨ ᠦᠢ᠍ᠯᠡᠴᠢᠯᠡᠭᠡᠨ᠎ᠤ ᠲᠠᠪᠴᠠᠩ᠎ᠤᠨ ᠮᠥᠩᠭᠥᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠡᠭᠡᠳᠦ ᠳᠤᠤᠷᠠᠳᠤ ᠬᠡᠯᠬᠢᠶ᠎ᠡ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ᠂ ᠬᠠᠳᠠᠭ᠋ᠠᠯᠠᠭᠰᠠᠨ ᠪᠠᠷᠠᠭ᠎ᠠ᠂ ᠬᠥᠮᠥᠷᠭᠡ ᠵᠢᠨ ᠬᠠᠭᠤᠳᠠᠰᠤ ᠵᠡᠷᠭᠡ ᠬᠥᠳᠡᠯᠬᠦ ᠬᠥᠷᠥᠩᠭᠡ᠎ᠪᠠᠷ ᠳᠠᠨᠵᠢᠯᠠᠵᠤ ᠪᠠᠯᠠ ᠳᠣᠭᠢᠷᠠᠭᠤᠯᠬᠤ ᠲᠤᠬᠠᠶ᠋ᠢᠯᠠᠭᠰᠠᠨ ᠠᠵᠢᠯ᠎ᠢ ᠥᠷᠨᠢᠭᠦᠯᠦᠨ᠂ ᠳᠤᠮᠳᠠ ᠵᠢᠵᠢᠭ ᠠᠵᠤ ᠠᠬᠤᠶ᠋ᠢᠯᠠᠯ᠎ᠤᠨ ᠪᠠᠯᠠ ᠳᠣᠭᠢᠷᠠᠭᠤᠯᠬᠤ᠎ᠳᠤ ᠬᠦᠴᠢᠷᠲᠡᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠨ᠎ᠡ᠃ ᠬᠥᠳᠡᠯᠬᠦ ᠬᠥᠷᠥᠩᠭᠡ ᠵᠢ ᠨᠢᠭᠡᠳᠦᠯᠲᠡᠶ ᠳᠡᠩᠰᠡᠯᠡᠨ ᠲᠡᠮᠳᠡᠭᠯᠡᠵᠦ ᠨᠡᠶ᠋ᠢᠲᠡ᠎ᠳᠤ ᠵᠠᠷᠯᠠᠬᠤ ᠰᠢᠰᠲ᠋ᠧᠮ᠎ᠤᠨ ᠬᠥᠳᠡᠯᠬᠦ ᠬᠥᠷᠥᠩᠭᠡ ᠪᠠ ᠡᠷᠬᠡ ᠵᠢᠨ ᠳᠠᠭ᠋ᠠᠭ᠋ᠠᠯᠲᠠ ᠵᠢᠨ ᠳᠡᠩᠰᠡᠯᠡᠨ ᠲᠡᠮᠳᠡᠭᠯᠡᠬᠦ ᠬᠦᠷᠢᠶ᠎ᠡ ᠬᠡᠪᠴᠢᠶ᠎ᠡ ᠵᠢ ᠪᠦᠲᠦᠮᠵᠢᠲᠡᠶ ᠥᠷᠭᠡᠳᠬᠡᠵᠦ᠂ 1 — 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠳᠤ 1.3 ᠲᠦᠮᠡᠨ ᠬᠤᠪᠢ ᠳᠡᠩᠰᠡᠯᠡᠨ ᠲᠡᠮᠳᠡᠭᠯᠡᠬᠦ ᠲᠤᠬᠠᠶ᠋ᠢᠯᠠᠭᠰᠠᠨ ᠠᠵᠢᠯ᠂ 3.3 ᠲᠦᠮᠡᠨ ᠬᠤᠪᠢ ᠬᠠᠶ᠋ᠢᠨ ᠯᠠᠪᠯᠠᠬᠤ ᠲᠤᠬᠠᠶ᠋ᠢᠯᠠᠭᠰᠠᠨ ᠠᠵᠢᠯ ᠡᠭᠦᠰᠪᠡ᠃ ᠳᠤᠮᠳᠠᠳᠤ ᠤᠯᠤᠰ᠎ᠠᠴᠠ ᠲᠠᠲᠠᠪᠤᠷᠢᠯᠠᠬᠤ ᠶᠣᠰᠣᠲᠠᠶ ᠳᠠᠩᠰᠠᠨ᠎ᠳᠠᠬᠢ ᠵᠣᠭᠣᠰ᠎ᠤᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠲᠦᠮᠵᠢᠲᠡᠶ ᠳᠡᠭᠡᠭᠰᠢᠯᠡᠭᠦᠯᠵᠦ᠂ ᠬᠠᠩᠭ᠋ᠠᠯᠭ᠎ᠠ ᠵᠢᠨ ᠬᠡᠯᠬᠢᠶᠡᠰᠦ ᠵᠢᠨ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠣᠯᠵᠤ ᠪᠣᠯᠬᠤᠶ᠋ᠢᠴᠠ ᠴᠢᠨᠠᠷ᠎ᠢ ᠳᠠᠮᠵᠢᠵᠤ᠂ 76.5 ᠳ᠋ᠦᠩᠰᠢᠭᠤᠷ ᠲᠥᠭᠥᠷᠢᠭ᠎ᠤᠨ ᠪᠠᠯᠠ ᠲᠣᠬᠢᠷᠠᠭᠤᠯᠭ᠎ᠠ ᠵᠢ ᠠᠬᠢᠭᠤᠯᠪᠠ᠂ ᠡᠭᠦᠨ᠎ᠳᠤ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢ 68 ᠳ᠋ᠦᠩᠰᠢᠭᠤᠷ ᠲᠥᠭᠥᠷᠢᠭ ᠳᠡᠮᠵᠢᠪᠡ᠃
(ᠭᠤᠷᠪᠠ) ᠬᠥᠳᠡᠭᠡ ᠲᠣᠰᠬᠣᠨ᠎ᠤ ᠢᠲᠡᠭᠡᠮᠵᠢ ᠵᠢᠨ ᠣᠷᠴᠢᠨ ᠨᠥᠬᠥᠴᠡᠯ ᠦᠷᠭᠦᠯᠵᠢᠯᠡᠨ ᠰᠠᠶ᠋ᠢᠵᠢᠷᠠᠪᠠ᠃ ᠢᠲᠡᠭᠡᠮᠵᠢᠲᠦ ᠡᠷᠦᠬᠡ᠂ ᠢᠲᠡᠭᠡᠮᠵᠢᠲᠦ ᠲᠣᠰᠬᠣᠨ (ᠭᠠᠴᠠᠭ᠎ᠠ)᠂ ᠢᠲᠡᠭᠡᠮᠵᠢᠲᠦ ᠰᠢᠶᠠᠩ ᠪᠠᠯᠭ᠋ᠠᠰᠤ (ᠰᠤᠮᠤ) ᠵᠢ ᠰᠢᠯᠭ᠋ᠠᠨ ᠲᠣᠭᠲᠠᠭ᠋ᠠᠬᠤ ᠪᠠ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠥᠷᠨᠢᠭᠦᠯᠵᠦ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠯᠦᠭᠡ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠵᠢ ᠠᠬᠢᠭᠤᠯᠤᠨ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠬᠢᠭᠡᠳ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ ᠵᠢᠨ 《ᠨᠢᠭᠡ᠎ᠳᠤ ᠨᠢᠭᠡ》 ᠪᠣᠶ᠋ᠢᠵᠢᠭᠤᠯᠤᠨ ᠵᠣᠯᠭ᠋ᠠᠭᠤᠯᠬᠤ ᠬᠠᠷᠢᠴᠠᠭ᠎ᠠ ᠪᠠᠶ᠋ᠢᠭᠤᠯᠬᠤ ᠵᠢ ᠠᠬᠢᠭᠤᠯᠤᠨ᠎ᠠ᠃ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠪᠥᠬᠥ ᠣᠷᠣᠨ᠎ᠳᠤ ᠨᠡᠶ᠋ᠢᠲᠡ 151.8 ᠲᠦᠮᠡᠨ ᠢᠲᠡᠭᠡᠮᠵᠢ ᠵᠢᠨ ᠡᠷᠦᠬᠡ᠂ 4757 ᠢᠲᠡᠭᠡᠮᠵᠢ ᠵᠢᠨ ᠲᠣᠰᠬᠣᠨ᠂ 275 ᠢᠲᠡᠭᠡᠮᠵᠢ ᠵᠢᠨ ᠰᠢᠶᠠᠩ ᠪᠠᠯᠭ᠋ᠠᠰᠤ ᠵᠢ ᠦᠨᠡᠯᠡᠨ ᠲᠣᠭᠲᠠᠭ᠋ᠠᠵᠤ᠂ 9000 ᠭᠠᠷᠤᠶ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ᠎ᠳᠤ ᠢᠲᠡᠭᠡᠮᠵᠢ ᠵᠢᠨ ᠲᠠᠩᠰᠠ ᠡᠪᠬᠡᠮᠡᠯ ᠪᠠᠶ᠋ᠢᠭᠤᠯᠵᠤ᠂ ᠨᠡᠶ᠋ᠢᠲᠡ 174.3 ᠲᠦᠮᠡᠨ ᠮᠠᠯᠵᠢᠬᠤ ᠲᠠᠷᠢᠶᠠᠯᠠᠬᠤ ᠡᠷᠦᠬᠡ᠎ᠳᠤ 839.7 ᠳ᠋ᠦᠩᠰᠢᠭᠤᠷ ᠲᠥᠭᠥᠷᠢᠭ᠎ᠤᠨ ᠢᠲᠡᠭᠡᠮᠵᠢᠲᠦ ᠵᠢᠭᠡᠯᠡᠯᠭᠡ ᠲᠠᠯᠪᠢᠵᠤ᠂ 6600 ᠭᠠᠷᠤᠶ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ᠎ᠳᠤ 11.7 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠲᠠᠯᠪᠢᠪᠠ᠃
ᠲᠠᠷᠠᠭ᠋ᠠᠴᠢ ᠵᠢᠨ ᠠᠯᠬᠤᠮ᠎ᠳᠤ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠵᠢᠴᠢ ᠠᠷᠠᠳ᠎ᠤᠨ ᠪᠠᠩᠬᠢ ᠵᠢᠨ ᠶᠡᠷᠦᠩᠬᠡᠶ ᠪᠠᠩᠬᠢ ᠵᠢᠨ ᠭᠤᠤᠯ ᠠᠵᠢᠯ᠎ᠤᠨ ᠲᠣᠭᠣᠷᠢᠨ᠎ᠳᠤ᠂ ᠵᠣᠭᠣᠰᠣᠨ᠎ᠤ ᠲᠣᠭᠲᠠᠭᠤᠨ ᠲᠥᠷᠥ ᠵᠢᠨ ᠪᠣᠳᠣᠯᠭ᠎ᠠ ᠵᠢ ᠣᠨᠣᠪᠴᠢᠲᠠᠶ ᠪᠥᠭᠡᠳ ᠬᠦᠴᠦᠲᠡᠶ ᠬᠡᠷᠡᠭᠵᠢᠭᠦᠯᠵᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠳᠡᠮᠵᠢᠯᠭᠡ ᠵᠢᠨ ᠡᠷᠴᠢᠮ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠰᠠᠶ᠋ᠢᠲᠤᠷ ᠨᠠᠶ᠋ᠢᠳᠠᠪᠤᠷᠢᠵᠢᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠵᠣᠭᠣᠰ ᠮᠥᠩᠭᠥᠨ ᠭᠦᠢ᠍ᠯᠭᠡᠭᠡᠨ᠎ᠤ ᠲᠣᠬᠢᠷᠠᠮᠵᠢᠲᠠᠶ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃