ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠨᠡᠶ᠋ᠢᠲᠡᠯᠡᠭᠰᠡᠨ ᠴᠠᠭ᠄ 2023-12-01


12.1.jpg


  2023 ᠣᠨ᠎ᠤ 11 ᠳ᠋ᠦ᠍ᠭᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠥᠬᠥᠶ ᠠᠭᠤᠯᠭ᠎ᠠ ᠵᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠴᠢᠶᠠᠨ ᠶᠸᠦ ᠰᠢᠤᠸᠠᠢ᠂ ᠳᠡᠳ᠋ ᠭᠠᠵᠠᠷ᠎ᠤᠨ ᠳᠠᠷᠤᠭ᠎ᠠ ᠯᠢᠦ ᠵᠢᠶᠠᠨ ᠷᠦᠢ ᠨᠥᠬᠥᠷ ᠲᠣᠰ ᠲᠣᠰ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

 

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠲᠥᠷᠥ ᠵᠢᠨ ᠪᠣᠳᠣᠯᠭ᠎ᠠ ᠵᠢᠨ ᠵᠤᠷᠰᠢᠯᠲᠤ ᠪᠠᠶ᠋ᠢᠳᠠᠯ᠎ᠢ ᠮᠡᠳᠡᠭᠳᠡᠬᠦ ᠬᠤᠷᠠᠯ᠎ᠤᠨ ᠨᠡᠢ᠌ᠲᠡᠯᠡᠯ᠎ᠤᠨ ᠦᠭᠡ

 

   ᠬᠦᠨᠳᠦᠲᠦ ᠵᠠᠭᠤᠴᠢᠯᠠᠭᠤᠷ᠎ᠤᠨ ᠰᠤᠷᠪᠤᠯᠵᠢᠯᠠᠬ᠍ᠴᠢ ᠨᠠᠢ᠌ᠵᠠ ᠨᠠᠷ ᠡ᠄

   ᠰᠠᠶ᠋ᠢᠨ ᠪᠠᠢ᠌ᠴᠠᠭ᠋ᠠᠨ᠎ᠠ ᠦᠦ!   ᠲᠠ ᠣᠯᠠᠨ᠎ᠤ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠪᠠᠶ᠋ᠢᠳᠠᠯ᠎ᠢ ᠮᠡᠳᠡᠭᠳᠡᠬᠦ ᠬᠤᠷᠠᠯ᠎ᠳᠤ ᠣᠷᠣᠯᠴᠠᠬᠤ᠎ᠪᠠᠷ ᠢᠷᠡᠭᠰᠡᠨ᠎ᠳᠤ ᠮᠠᠰᠢ ᠲᠠᠯᠠᠷᠬᠠᠵᠤ ᠪᠠᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠢ ᠣᠯᠠᠨ ᠵᠶ᠋ᠠᠷ ᠵᠶ᠋ᠠᠨ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ!

   ᠳᠣᠣᠷ᠎ᠠ ᠪᠢ ᠬᠣᠶᠠᠷ ᠬᠤᠪᠢ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠲᠣᠭᠲᠠᠭ᠋ᠠᠭᠰᠠᠨ ᠬᠠᠮᠢᠶ᠎ᠠ ᠪᠦᠬᠦᠢ ᠪᠠᠶ᠋ᠢᠳᠠᠯ᠎ᠤᠨ ᠲᠤᠬᠠᠢ ᠲᠤᠰ ᠲᠤᠰ ᠲᠣᠪᠴᠢ ᠲᠠᠨᠢᠯᠴᠠᠭᠤᠯᠭ᠎ᠠ ᠬᠢᠶ᠎ᠡ᠃

   ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠪᠠᠶ᠋ᠢᠳᠠᠯ

  2015 ᠣᠨ᠎ᠤ 9 ᠳ᠋ᠦ᠍ᠭᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 216 ᠳ᠋ᠤᠭ᠋ᠠᠷ ᠲᠣᠭ᠋ᠠᠲᠤ ᠵᠠᠰᠠᠭ᠎ᠤᠨ ᠣᠷᠳᠣᠨ᠎ᠤ ᠵᠠᠷᠯᠢᠭ᠎ᠤᠨ ᠬᠡᠯᠪᠡᠷᠢ᠎ᠪᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠪᠡ᠃ ᠠᠷᠭ᠎ᠠ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ᠎ᠤᠨ ᠬᠠᠤᠯᠢ ᠬᠡᠷᠡᠭᠵᠢᠭᠦᠯᠬᠦ ᠬᠢᠷᠢ ᠭᠡᠮ᠎ᠢ ᠲᠣᠳᠣᠷᠬᠠᠶ᠋ᠢᠯᠠᠨ᠂ ᠴᠢᠩᠭ᠎ᠠ ᠵᠢᠷᠤᠮᠵᠢᠯ᠎ᠲᠠᠢ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠭᠡᠪᠡᠴᠦ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠠ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠭᠦᠨᠵᠡᠭᠡᠶ ᠠᠭᠢᠬᠤ ᠵᠢ ᠳᠠᠭ᠋ᠠᠯᠳᠤᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠳᠤ ᠰᠢᠨ᠎ᠡ ᠡᠭᠦᠷᠭᠡ ᠪᠠ ᠰᠢᠨ᠎ᠡ ᠱᠠᠭ᠋ᠠᠷᠳᠠᠯᠭ᠎ᠠ ᠲᠤᠯᠭ᠋ᠠᠷᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠦᠷᠢᠮ ᠲᠣᠭᠲᠠᠭ᠋ᠠᠯ᠎ᠤᠨ ᠬᠡᠰᠡᠭ ᠲᠣᠭᠲᠠᠭ᠋ᠠᠯ᠎ᠨᠢ ᠨᠢᠭᠡᠨᠲᠡ ᠰᠢᠨ᠎ᠡ ᠴᠠᠭ ᠦᠶ᠎ᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠬᠡᠷᠡᠭᠴᠡᠭᠡ᠎ᠳᠤ ᠵᠣᠬᠢᠴᠠᠬᠤ ᠥᠬᠡᠶ ᠪᠣᠯᠵᠣ᠂ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ ᠲᠣᠭᠲᠠᠭ᠋ᠠᠬᠤ ᠲᠠᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂ ᠥᠷᠭᠡᠨ ᠵᠶ᠋ᠠᠷ ᠰᠠᠨᠠᠯ ᠬᠤᠷᠢᠶᠠᠵᠤ᠂ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠤᠯᠲᠠ ᠵᠢ ᠭᠦᠨᠵᠡᠭᠡᠶ ᠥᠷᠨᠢᠭᠦᠯᠵᠦ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠨᠤᠲᠠᠯᠠᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠶᠠᠷᠢᠯᠴᠠᠭᠤᠯᠤᠨ ᠪᠠᠲᠤᠯᠠᠭᠤᠯᠬᠤ ᠵᠢᠨ ᠬᠠᠮᠲᠤ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠲᠤ ᠬᠡᠷᠡᠭᠵᠢᠭᠦᠯᠦᠨ᠎ᠡ᠃

   ᠰᠢᠨ᠎ᠡ᠎ᠪᠠᠷ ᠲᠣᠭᠲᠠᠭ᠋ᠠᠭᠰᠠᠨ 《ᠠᠷᠭ᠎ᠠ》 ᠵᠢᠨ ᠭᠤᠣᠯ ᠠᠭᠤᠯᠭ᠎ᠠ᠎ᠳᠤ᠄

   ᠨᠢᠭᠡ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠠᠪᠬᠤ᠎ᠪᠠᠷ ᠭᠤᠶᠤᠴᠢᠯᠠᠬᠤ ᠨᠥᠬᠥᠴᠡᠯ᠎ᠢ ᠲᠣᠳᠣᠷᠬᠠᠢ᠌ᠯᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠶ ᠵᠣᠬᠢᠶᠠᠨ ᠲᠠᠷᠬᠠᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠬᠦ ᠬᠢᠷᠢ ᠭᠡᠮ᠎ᠲᠠᠢ ᠭᠡᠷᠡᠴᠢ ᠲᠡᠮᠳᠡᠭ ᠪᠣᠯᠤᠨ᠎ᠠ᠂ ᠡᠭᠦᠨ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠦᠨᠡᠮᠯᠡᠯ᠎ᠢ ᠪᠠᠭᠲᠠᠭ᠋ᠠᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠢ ᠭᠤᠶᠤᠴᠢᠯᠠᠬᠤ ᠡᠷᠬᠡ᠎ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ ᠵᠢᠴᠢ ᠬᠠᠤᠯᠢ ᠶᠣᠰᠣᠭ᠋ᠠᠷ ᠨᠠᠶ᠋ᠢᠳᠠᠯᠭ᠎ᠠ ᠵᠢ ᠬᠦᠯᠢᠶᠡᠭᠰᠡᠨ ᠵᠣᠬᠢᠶᠠᠨ ᠪᠠᠶ᠋ᠢᠭᠤᠯᠤᠯᠲᠠ ᠵᠢᠨ ᠳᠣᠲᠣᠷᠠᠬᠢ ᠣᠷᠣᠨ ᠲᠣᠭ᠎ᠠ᠎ᠳᠤ ᠪᠠᠶ᠋ᠢᠬᠤ ᠠᠵᠢᠯ᠎ᠤᠨ ᠪᠠᠶ᠋ᠢᠷᠢ᠎ᠳᠤ ᠪᠠᠶ᠋ᠢᠬᠤ ᠠᠵᠢᠯᠲᠠᠨ ᠪᠠᠶ᠋ᠢᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠎ᠳᠤ ᠣᠷᠣᠯᠴᠠᠬᠤ ᠮᠦᠷᠲᠡᠭᠡᠨ ᠰᠢᠯᠭ᠋ᠠᠯᠲᠠ᠎ᠪᠠᠷ ᠳᠠᠮᠵᠢᠨ ᠬᠢᠷᠢ ᠲᠡᠩᠴᠡᠭᠰᠡᠨ ᠪᠠᠶ᠋ᠢᠬᠤ ᠬᠡᠷᠡᠭᠲᠡᠶ᠃

   ᠬᠤᠶᠠᠷ᠎ᠲᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠦᠴᠦᠨ ᠴᠢᠳᠠᠯ᠎ᠢ ᠲᠣᠳᠣᠷᠬᠠᠢ᠌ᠯᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠠᠵᠢᠯᠲᠠᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠠᠵᠢᠯᠯᠠᠭ᠎ᠠ ᠵᠢ ᠬᠡᠷᠡᠭᠵᠢᠭᠦᠯᠬᠦ᠎ᠳᠤ᠂ ᠰᠠᠨᠠᠭ᠋ᠠᠴᠢᠯᠠᠭ᠎ᠠ᠎ᠠᠴᠠ᠎ᠪᠠᠨ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃ ᠭᠡᠷᠡᠴᠢ ᠲᠡᠮᠳᠡᠭ ᠵᠶ᠋ᠠᠨ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠵᠢᠨ ᠡᠷᠬᠡ ᠮᠡᠳᠡᠯ᠂ ᠣᠷᠣᠨ᠎ᠤ ᠬᠡᠪᠴᠢᠶᠡᠨ᠎ᠠᠴᠠ ᠳᠠᠪᠠᠭᠤᠯᠤᠨ ᠬᠠᠤᠯᠢ ᠬᠡᠷᠡᠭᠵᠢᠭᠦᠯᠦᠭᠰᠡᠨ ᠪᠣᠯ ᠲᠤᠬᠠᠢ ᠵᠢᠨ ᠬᠥᠮᠦᠨ᠎ᠨᠢ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ᠎ᠨᠢ ᠲᠡᠪᠴᠢᠬᠦ ᠡᠷᠬᠡ᠎ᠲᠠᠢ᠃

   ᠭᠤᠷᠪᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠳᠡᠭᠡᠷ᠎ᠡ ᠮᠡᠳᠡᠭᠡ ᠵᠠᠩᠭᠢ ᠵᠢ ᠲᠣᠳᠣᠷᠬᠠᠶ ᠲᠡᠮᠳᠡᠭᠯᠡᠭᠰᠡᠨ᠎ᠢ ᠲᠣᠳᠣᠷᠬᠠᠢ᠌ᠯᠠᠪᠠ᠃ ᠪᠦᠬᠦ ᠤᠯᠤᠰ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠨᠢᠭᠡᠳᠦᠯᠲᠡᠶ ᠪᠠᠷᠢᠮᠵᠢᠶ᠎ᠠ ᠵᠢᠨ ᠶᠠᠩᠵᠤ ᠬᠡᠯᠪᠡᠷᠢ ᠵᠢᠨ ᠲᠤᠬᠠᠶ ᠬᠠᠤᠯᠢ ᠴᠠᠭ᠋ᠠᠵᠠ ᠵᠢᠨ ᠶᠠᠮᠤᠨ᠎ᠤ ᠱᠠᠭ᠋ᠠᠷᠳᠠᠯᠭ᠎ᠠ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠳᠤ ᠦᠨᠡᠮᠯᠡᠯ ᠠᠪᠴᠤ ᠪᠠᠶ᠋ᠢᠭ᠎ᠠ ᠬᠥᠮᠦᠨ᠎ᠤ ᠣᠪᠣᠭ ᠨᠡᠷ᠎ᠡ᠂ ᠵᠢᠷᠤᠭ ᠰᠡᠭᠦᠳᠡᠷ ᠪᠠ ᠬᠣᠶᠠᠷ ᠬᠡᠮᠵᠢᠯᠳᠦ ᠺᠣᠳ᠋᠂ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠵᠢᠨ ᠨᠡᠷᠡᠶ᠋ᠢᠳᠦᠯ ᠪᠠ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠎ᠢ ᠪᠠᠭᠲᠠᠭ᠋ᠠᠵᠤ᠂ ᠳ᠋ᠤᠭ᠋ᠠᠷᠯᠠᠵᠤ᠂ ᠬᠦᠴᠦᠨ᠎ᠲᠠᠢ ᠬᠤᠭᠤᠴᠠᠭ᠎ᠠ ᠬᠢᠵᠠᠭ᠋ᠠᠷ ᠪᠠ ᠦᠢ᠍ᠯᠡᠳᠴᠦ ᠲᠠᠷᠬᠠᠭ᠋ᠠᠭᠰᠠᠨ ᠪᠠᠶ᠋ᠢᠭᠤᠯᠭ᠎ᠠ ᠵᠢ ᠪᠠᠭᠲᠠᠭ᠋ᠠᠬᠤ ᠬᠡᠷᠡᠭᠲᠡᠶ᠃

   ᠳᠥᠷᠪᠡ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠪᠦᠬᠦ ᠶᠠᠪᠤᠴᠠ ᠵᠢ ᠵᠢᠷᠤᠮᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠪᠣᠯᠪᠠᠰᠤᠷᠠᠯ᠂ ᠰᠢᠯᠭ᠋ᠠᠯᠲᠠ ᠪᠣᠯᠤᠨ ᠬᠠᠤᠯᠢ ᠬᠡᠷᠡᠭᠵᠢᠭᠦᠯᠬᠦ ᠬᠢᠷᠢ ᠭᠡᠮ᠎ᠢ ᠣᠯᠤᠭᠰᠠᠨ ᠵᠢᠴᠢ ᠦᠨᠡᠮᠯᠡᠯ ᠠᠪᠬᠤ᠎ᠪᠠᠷ ᠭᠤᠶᠤᠴᠢᠯᠠᠬᠤ᠂ ᠰᠣᠯᠢᠵᠤ ᠣᠯᠭᠣᠬᠤ᠂ ᠪᠤᠴᠠᠭ᠋ᠠᠬᠤ᠂ ᠬᠦᠴᠦᠨ ᠦᠭᠡᠶ ᠪᠣᠯᠭ᠋ᠠᠬᠤ ᠪᠠ ᠤᠰᠠᠳᠬᠠᠬᠤ ᠵᠡᠷᠭᠡ ᠲᠠᠯ᠎ᠠ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠪᠦᠬᠦ ᠶᠠᠪᠤᠴᠠ ᠵᠢᠨ ᠬᠠᠮᠢᠶᠠᠷᠤᠯᠲᠠ ᠵᠢ ᠵᠢᠷᠤᠮᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠲᠠᠪᠴᠠᠩ ᠵᠶ᠋ᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠪᠦᠬᠦ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠬᠡᠷᠡᠭᠵᠢᠭᠦᠯᠦᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

   ᠬᠤᠶᠠᠷ᠂ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠪᠠᠶ᠋ᠢᠳᠠᠯ

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠤᠤᠯ ᠨᠡᠷ᠎ᠡ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ》 ᠪᠠᠢ᠌ᠵᠤ᠂ 2013 ᠣᠨ᠎ᠤ 1 ᠳ᠋ᠦ᠍ᠭᠡᠷ ᠰᠠᠷ᠎ᠠ᠎ᠳᠤ ᠨᠡᠶ᠋ᠢᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢ ᠬᠠᠤᠯᠢ ᠶᠣᠰᠣᠭ᠋ᠠᠷ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠦᠨ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠷᠢᠴᠠᠩᠭᠤᠶ ᠬᠥᠮᠦᠨ᠎ᠤ ᠠᠰᠢᠭ ᠲᠤᠰᠠ ᠵᠢ ᠪᠠᠲᠤᠯᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠪᠠᠶ᠋ᠢᠨ᠎ᠠ᠂ ᠭᠡᠪᠡᠴᠦ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠪᠠ ᠬᠢᠨᠠᠨ ᠬᠠᠮᠢᠶᠠᠷᠬᠤ ᠠᠵᠢᠯ᠎ᠢ ᠴᠢᠩᠭ᠋ᠠᠳᠬᠠᠬᠤ ᠲᠤᠬᠠᠶ ᠵᠢᠯᠣᠭᠤᠳᠬᠤ ᠰᠠᠨᠠᠯ》 ᠵᠢᠴᠢ 《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 — 2025 ᠣᠨ)》 ᠵᠡᠷᠭᠡ ᠪᠢᠴᠢᠭ ᠮᠠᠲ᠋ᠧᠷᠢᠶᠠᠯ᠎ᠢ ᠤᠷᠢᠳ ᠬᠤᠵᠢᠳ ᠳᠠᠷᠤᠮᠠᠯᠯᠠᠨ ᠲᠠᠷᠬᠠᠭ᠋ᠠᠬᠤ ᠵᠢ ᠳᠠᠭ᠋ᠠᠯᠳᠤᠨ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ᠎ᠳᠤ ᠨᠠᠩ ᠥᠨᠳᠥᠷ ᠨᠠᠩ ᠪᠣᠳᠠᠲᠠᠶ ᠱᠠᠭ᠋ᠠᠷᠳᠠᠯᠭ᠎ᠠ ᠳᠤᠷᠠᠳᠴᠤ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠠᠷᠭ᠎ᠠ ᠰᠢᠨ᠎ᠡ ᠪᠠᠶ᠋ᠢᠳᠠᠯ᠎ᠤᠨ ᠱᠠᠭ᠋ᠠᠷᠳᠠᠯᠭ᠎ᠠ᠎ᠳᠤ ᠨᠢᠭᠡᠨᠲᠡ ᠵᠣᠬᠢᠴᠠᠬᠤ ᠥᠬᠡᠶ ᠪᠣᠯᠵᠠᠶ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠠᠤᠯᠢ ᠲᠣᠭᠲᠠᠭ᠋ᠠᠬᠤ ᠲᠠᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠳᠤ ᠳᠡᠪᠰᠢᠭᠦᠯᠵᠦ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢ ᠶᠠᠷᠢᠯᠴᠠᠨ ᠪᠠᠲᠤᠯᠠᠭᠤᠯᠬᠤ ᠵᠢᠨ ᠬᠠᠮᠲᠤ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠦᠨ᠎ᠡ᠃

   ᠰᠢᠨ᠎ᠡ᠎ᠪᠠᠷ ᠲᠣᠭᠲᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠭᠤᠤᠯ ᠠᠭᠤᠯᠭ᠎ᠠ᠎ᠳᠤ᠄

   ᠨᠢᠭᠡ᠎ᠳᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠲᠤᠭᠲᠠᠭ᠋ᠠᠬᠤ ᠭᠤᠤᠯ ᠴᠤᠭᠴᠠ ᠵᠢ ᠲᠤᠳᠤᠷᠬᠠᠶ᠋ᠢᠯᠠᠪᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠪᠠᠶ᠋ᠢᠭᠤᠯᠤᠭᠰᠠᠨ ᠲᠣᠮᠢᠯᠠᠭᠰᠠᠨ ᠪᠠᠶ᠋ᠢᠭᠤᠯᠭ᠎ᠠ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠢᠯᠯᠠᠬᠤ ᠰᠠᠯᠠᠭ᠎ᠠ ᠮᠥᠴᠢᠷ ᠪᠣᠯᠣᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠮᠵᠢ᠎ᠲᠠᠢ ᠵᠣᠬᠢᠶᠠᠨ ᠪᠠᠶ᠋ᠢᠭᠤᠯᠤᠯᠲᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠲᠣᠭᠲᠠᠭ᠋ᠠᠵᠤ ᠪᠣᠯᠣᠨ᠎ᠠ; ᠲᠦᠷ ᠴᠠᠭ᠎ᠤᠨ ᠪᠠᠶ᠋ᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ᠂ ᠰᠠᠯᠠᠭ᠎ᠠ ᠮᠥᠴᠢᠷ᠎ᠤᠨ ᠲᠣᠮᠢᠯᠠᠭᠰᠠᠨ ᠪᠠᠶ᠋ᠢᠭᠤᠯᠤᠮᠵᠢ᠂ ᠰᠠᠯᠠᠭ᠎ᠠ ᠮᠥᠴᠢᠷ᠎ᠤᠨ ᠳᠣᠲᠣᠭ᠋ᠠᠳᠤ ᠪᠠᠶ᠋ᠢᠭᠤᠯᠤᠮᠵᠢ᠎ᠨᠢ ᠲᠤᠰ ᠪᠠᠶ᠋ᠢᠭᠤᠯᠤᠮᠵᠢ ᠵᠢᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ ᠪᠣᠯᠬᠤ ᠦᠭᠡᠢ; ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠎ᠪᠠᠷ ᠳᠠᠮᠵᠢᠭᠤᠯᠤᠨ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠭᠤᠤᠯ ᠴᠣᠭᠴᠠ ᠵᠢ ᠨᠡᠶ᠋ᠢᠲᠡᠯᠡᠬᠦ ᠵᠢᠨ ᠬᠠᠮᠲᠤ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃

   ᠬᠤᠶᠠᠷ᠎ᠲᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠩᠰᠡᠯᠡᠵᠦ ᠬᠢᠨᠠᠯᠲᠠ ᠲᠠᠯᠪᠢᠬᠤ ᠵᠢ ᠲᠡᠭᠦᠯᠳᠡᠷᠵᠢᠭᠦᠯᠪᠡ᠃ 《ᠠᠷᠭ᠎ᠠ》᠎ᠳᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠭᠤᠯᠬᠤ ᠭᠤᠤᠯ ᠴᠣᠭᠴᠠ᠂ ᠲᠠᠰ ᠳᠠᠷᠠᠭ᠋ᠠᠯᠠᠯ᠂ ᠮᠡᠳᠡᠭᠦᠯᠦᠨ ᠬᠦᠷᠭᠡᠬᠦ ᠱᠠᠭ᠋ᠠᠷᠳᠠᠯᠭ᠎ᠠ ᠵᠢᠴᠢ ᠳᠠᠩᠰᠠᠯᠠᠭᠤᠯᠬᠤ ᠵᠢ ᠬᠢᠨᠠᠨ ᠪᠠᠶ᠋ᠢᠴᠠᠭ᠋ᠠᠬᠤ ᠪᠠᠷᠢᠮᠵᠢᠶ᠎ᠠ ᠵᠢ ᠲᠣᠳᠣᠷᠬᠠᠶ ᠲᠣᠭᠲᠠᠭ᠋ᠠᠵᠠᠢ; ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠲᠣᠰ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠩᠰᠡᠯᠡᠵᠦ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠣᠨᠳᠣᠤ ᠰᠠᠨᠠᠯ᠎ᠲᠠᠢ ᠬᠢᠨᠠᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ ᠪᠣᠯᠤᠨ᠎ᠠ᠃ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠤᠷᠠᠳᠤᠭᠰᠠᠨ ᠣᠨᠳᠣᠤ ᠰᠠᠨᠠᠯ᠎ᠲᠠᠢ ᠭᠤᠶᠤᠴᠢᠯᠠᠯ᠎ᠢ ᠰᠤᠳᠤᠯᠤᠨ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠴᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃

   ᠭᠤᠷᠪᠠ᠎ᠳᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠢᠯᠭ᠋ᠠᠷᠠᠭᠤᠯᠬᠤ ᠵᠢ ᠨᠠᠷᠢᠯᠢᠬ᠍ᠵᠢᠭᠤᠯᠪᠠ᠃ 《ᠠᠷᠭ᠎ᠠ》᠎ᠳᠤ ᠲᠤᠰᠬᠠᠶ ᠪᠦᠯᠦᠭ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠷᠠᠭᠤᠯᠬᠤ ᠲᠦᠷᠢᠮ᠎ᠢ ᠲᠡᠭᠦᠯᠳᠡᠷᠵᠢᠭᠦᠯᠪᠡ᠃ ᠪᠠᠶ᠋ᠢᠭᠤᠯᠭ᠎ᠠ᠎ᠨᠢ ᠬᠤᠶᠠᠷ ᠵᠢᠯ ᠪᠤᠯᠭ᠋ᠠᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠪᠦᠬᠦ ᠲᠠᠯ᠎ᠠ᠎ᠪᠠᠷ ᠢᠯᠭ᠋ᠠᠷᠠᠭᠤᠯᠵᠤ᠂ ᠢᠯᠭ᠋ᠠᠷᠠᠭᠤᠯᠵᠤ ᠳᠠᠭᠤᠰᠤᠭᠰᠠᠨ᠎ᠤ ᠳᠠᠷᠠᠭ᠎ᠠ ᠭᠤᠴᠢᠨ ᠡᠳᠦᠷ᠎ᠤᠨ ᠲᠤᠳᠤᠷ᠎ᠠ ᠴᠡᠭᠴᠡᠯᠡᠭᠰᠡᠨ ᠦᠷ᠎ᠡ ᠳ᠋ᠦᠩ᠎ᠤᠨ ᠭᠠᠷᠴᠠᠭ᠎ᠢ ᠨᠡᠶ᠋ᠢᠭᠡᠮ᠎ᠳᠤ ᠨᠡᠶ᠋ᠢᠲᠡᠯᠡᠵᠦ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠳᠤ ᠬᠦᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠦᠨ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠤᠯᠤᠰ᠎ᠤᠨ ᠬᠠᠤᠯᠢ ᠴᠠᠭ᠋ᠠᠵᠠ ᠬᠠᠤᠯᠢ ᠲᠤᠭᠲᠠᠭ᠋ᠠᠯ ᠪᠠ ᠲᠦᠷᠦ ᠵᠢᠨ ᠪᠤᠳᠤᠯᠭ᠎ᠠ᠎ᠲᠠᠢ ᠳᠡᠭᠡᠳᠦ ᠬᠡᠮᠵᠢᠶ᠎ᠠ᠎ᠪᠠᠷ ᠨᠢᠭᠡᠲᠦᠯᠲᠠᠢ ᠪᠠᠶ᠋ᠢᠯᠭ᠋ᠠᠬᠤ ᠵᠢ ᠲᠤᠳᠤᠷᠬᠠᠢ ᠲᠤᠭᠳᠠᠭ᠋ᠠᠪᠠ᠃

   ᠭᠤᠷᠪᠠ᠂ ᠬᠤᠶᠠᠷ ᠲᠦᠷᠢᠮ ᠲᠤᠭᠳᠠᠭ᠋ᠠᠯ᠎ᠢ ᠤᠬᠠᠭᠤᠯᠤᠨ ᠲᠤᠭᠤᠰᠢᠯᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ

   ᠬᠠᠤᠯᠢ ᠴᠠᠭ᠋ᠠᠵᠠ ᠵᠢᠨ ᠠᠮᠢ᠎ᠨᠢ ᠬᠡᠷᠡᠭᠵᠢᠭᠦᠯᠬᠦ᠎ᠳᠤ ᠪᠤᠢ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠠᠷ ᠲᠦᠷᠢᠮ ᠲᠣᠭᠲᠠᠭ᠋ᠠᠯ᠎ᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠯᠡᠬᠦ ᠵᠢ ᠠᠬᠢᠭᠤᠯᠵᠤ᠂ ᠬᠠᠤᠯᠢ ᠬᠡᠷᠡᠭᠵᠢᠭᠦᠯᠬᠦ ᠰᠠᠶ᠋ᠢᠨ ᠰᠠᠶ᠋ᠢᠬᠠᠨ ᠣᠶ᠋ᠢᠯᠠᠭ᠋ᠠᠭᠳᠠᠬᠤᠨ ᠪᠠ ᠡᠷᠬᠡ ᠲᠡᠭᠰᠢ ᠲᠥᠪ ᠭᠤᠤᠯᠴᠢ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠰᠦᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭ᠋ᠠᠬᠤ ᠪᠠ ᠬᠠᠮᠢᠶᠠᠷᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠦᠮᠦᠨ᠎ᠤ ᠬᠠᠷᠢᠴᠠᠩᠭᠤᠢ ᠡᠷᠬᠡ ᠠᠰᠢᠭ᠎ᠢ ᠬᠠᠮᠠᠭ᠋ᠠᠯᠠᠨ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠤᠨ ᠣᠬᠤᠷ ᠪᠠ ᠲᠦᠷᠭᠡᠨ ᠪᠠᠶ᠋ᠢᠬᠤ ᠳᠠᠪᠠᠭᠤᠯᠢᠭ᠎ᠢ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠬᠠᠤᠯᠢ ᠴᠠᠭ᠋ᠠᠵᠠ ᠬᠠᠤᠯᠢ ᠳᠦᠷᠢᠮ᠎ᠤᠨ ᠰᠢᠰᠲ᠋ᠧᠮᠵᠢ ᠵᠢᠨ ᠠᠰᠢᠭᠲᠠᠢ ᠨᠦᠬᠦᠪᠦᠷᠢ ᠪᠤᠯᠭ᠋ᠠᠵᠦ᠂ ᠨᠡᠶ᠋ᠢᠭᠡᠮ ᠵᠢᠷᠤᠮ᠎ᠤᠨ ᠬᠠᠤᠯᠢ ᠳᠦᠷᠢᠮ᠎ᠤᠨ ᠨᠢᠭᠡᠲᠦᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠪᠢᠳᠡ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠣᠯᠪᠤᠭᠳᠠᠯ ᠪᠥᠬᠦᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠬᠥᠳᠡᠯᠦᠯᠴᠡᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠮᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠠᠰᠤᠷᠠᠯᠲᠠ ᠥᠬᠡᠶ ᠠᠬᠢᠭᠤᠯᠵᠤ᠂ ᠬᠠᠤᠯᠢ᠎ᠪᠠᠷ ᠵᠠᠰᠠᠬᠤ ᠵᠢᠨ ᠦᠨᠳᠦᠰᠦ ᠵᠢ ᠪᠠᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠲᠦ᠎ᠳᠤ ᠠᠰᠢᠭᠲᠠᠶ ᠪᠠᠶ᠋ᠢᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠶᠡᠭᠡ ᠶᠠᠪᠤᠳᠠᠯ》᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ᠃

   ᠡᠭᠦᠨ᠎ᠤ ᠬᠠᠮᠲᠤ᠂ ᠰᠣᠨᠢᠨ ᠮᠡᠳᠡᠭᠡᠨ᠎ᠤ ᠡᠲᠡᠭᠡᠳ᠎ᠤᠨ᠎ᠬᠢᠨ᠎ᠤ ᠨᠠᠶ᠋ᠢᠵᠠ ᠨᠠᠷ᠎ᠲᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠥᠬᠦ ᠨᠡᠶ᠋ᠢᠭᠡᠮ᠎ᠤᠨ ᠮᠡᠳᠡᠬᠦ ᠨᠣᠷᠮ᠎ᠠ ᠵᠢ ᠳᠡᠭᠡᠭᠰᠢᠯᠡᠭᠦᠯᠦᠨ᠂ ᠬᠤᠶᠠᠷ ᠲᠦᠷᠢᠮ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠬᠦ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠬᠠᠩᠭ᠋ᠠᠨ᠎ᠠ᠃

  

   ᠳᠠᠭ᠋ᠠᠯᠳᠤᠭᠤᠯᠤᠯ᠄ ᠲᠥᠷᠥ ᠵᠢᠨ ᠪᠣᠳᠣᠯᠭ᠎ᠠ ᠵᠢᠨ ᠪᠠᠶ᠋ᠢᠳᠠᠯ᠎ᠢ ᠮᠡᠳᠡᠭᠳᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢᠨ ᠬᠠᠷᠢᠭᠤᠯᠲᠠ

 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《2023᠎ᠢ ᠡᠷᠭᠢᠨ ᠬᠠᠷᠠᠬᠤ》 ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ (7 ᠳ᠋ᠤᠭ᠋ᠠᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠤᠰᠬᠠᠶ ᠲᠠᠯᠠᠪᠠᠶ)
 
            