
2024 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《2023᠎ᠢ ᠡᠷᠭᠢᠨ ᠬᠠᠷᠠᠬᠤ》 ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ (7 ᠳ᠋ᠤᠭ᠋ᠠᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠤᠰᠬᠠᠶ ᠲᠠᠯᠠᠪᠠᠶ) ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠭᠦᠸᠧ ᠵᠧᠤ ᠮᠢᠩ ᠭᠤᠤᠯ ᠰᠡᠳᠦᠪ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠯᠠ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠭᠠᠵᠠᠷ᠂ ᠭᠠᠳᠠᠭ᠋ᠠᠳᠤ ᠠᠷᠠᠯᠵᠢᠶᠠᠨ᠎ᠤ ᠭᠠᠵᠠᠷ᠂ ᠪᠣᠭᠣᠮᠲᠠ ᠵᠢᠨ ᠠᠯᠪᠠᠨ ᠬᠡᠷ᠂ ᠭᠠᠳᠠᠭ᠋ᠠᠳᠤ ᠵᠢᠨ ᠪᠠᠯᠠ ᠣᠷᠣᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
《2023᠎ᠢ ᠡᠷᠭᠢᠨ ᠬᠠᠷᠠᠬᠤ》 ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠤᠨ ᠨᠡᠢ᠌ᠲᠡᠯᠡᠯ᠎ᠤᠨ ᠦᠭᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠭᠦᠸᠧ ᠵᠧᠤ ᠮᠢᠩ
ᠰᠤᠷᠪᠤᠯᠵᠢᠯᠠᠭᠴᠢ ᠨᠠᠶ᠋ᠢᠵᠠ ᠨᠠᠷ ᠡ᠂ ᠰᠠᠶ᠋ᠢᠨ ᠪᠠᠶ᠋ᠢᠵᠠᠭ᠋ᠠᠨ᠎ᠠ ᠦᠦ᠄
ᠥᠨᠥᠳᠦᠷ ᠦᠳᠡ ᠵᠢᠨ ᠡᠮᠦᠨᠡᠬᠢ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ᠎ᠳᠠᠭᠠᠨ ᠶᠡᠬᠡ ᠪᠠᠶᠠᠷᠯᠠᠵᠤ ᠪᠠᠢ᠌ᠨ᠎ᠠ᠃ ᠪᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠢ ᠲᠥᠯᠥᠭᠡᠯᠡᠨ ᠣᠯᠠᠨ᠎ᠤ ᠣᠷᠳᠣ ᠬᠤᠭᠤᠴᠠᠭ᠋ᠠᠨ᠎ᠤ ᠲᠤᠷᠰᠢ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ!
ᠥᠩᠭᠡᠷᠡᠭᠰᠡᠨ ᠨᠢᠭᠡ ᠵᠢᠯ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠥᠬᠥ ᠬᠦᠴᠦᠨ ᠵᠶ᠋ᠠᠷ ᠠᠬᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠦᠪᠯᠡᠷᠡᠭᠦᠯᠦᠨ᠂ 《ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ》 ᠬᠠᠷᠠᠯᠲᠠ᠂ ᠡᠷᠡᠰ ᠰᠢᠭᠤᠷᠬᠠᠶ᠎ᠪᠠᠷ ᠤᠷᠤᠭᠰᠢᠯᠠᠬᠤ᠂ ᠵᠡᠮ ᠨᠡᠭᠡᠭᠡᠨ ᠰᠢᠨ᠎ᠡ ᠵᠢ ᠡᠭᠦᠳᠬᠦ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠪᠡᠶᠡᠯᠡᠭᠦᠯᠵᠦ᠂ ᠯᠠᠪᠳᠠᠭᠤᠨ ᠮᠥᠷᠲᠡᠭᠡᠨ ᠲᠦᠷᠭᠡᠨ ᠤᠷᠤᠭᠰᠢᠯᠠᠬᠤ᠂ ᠲᠣᠭᠲᠠᠭᠤᠨ ᠵᠶ᠋ᠠᠷ ᠴᠢᠨᠠᠷ᠎ᠢ ᠳᠡᠭᠡᠭᠰᠢᠯᠡᠭᠦᠯᠬᠦ᠂ ᠪᠦᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠶᠡᠷᠦᠩᠬᠡᠢ᠎ᠳᠤ᠎ᠨᠢ ᠠᠪᠴᠤ ᠬᠡᠯᠡᠪᠡᠯ᠂ ᠪᠢᠳᠡ ᠭᠣᠣᠯᠳᠠᠭᠤ ᠳᠣᠣᠷᠠᠬᠢ ᠨᠠᠢ᠍ᠮᠠᠨ ᠲᠠᠯ᠎ᠠ ᠵᠢᠨ ᠠᠵᠢᠯ᠎ᠢ ᠬᠢᠭᠰᠡᠨ ᠪᠠᠶ᠋ᠢᠨ᠎ᠠ᠃
ᠨᠢᠭᠡ᠂ ᠤᠮᠠᠷᠠᠰᠢ ᠨᠡᠭᠡᠭᠡᠯᠲᠡ ᠬᠢᠬᠦ ᠵᠢ ᠯᠠᠪᠳᠠᠭᠤᠨ ᠵᠶ᠋ᠠᠷ ᠠᠬᠢᠭᠤᠯᠤᠨ᠎ᠠ᠃ 《ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠶ᠋ᠢᠭᠤᠯᠬᠤ 2023 ᠣᠨ᠎ᠤ ᠭᠣᠣᠯᠳᠠᠯᠭ᠎ᠠ᠎ᠲᠠᠢ ᠡᠭᠦᠷᠭᠡ》 ᠵᠢ ᠲᠣᠭᠲᠠᠭ᠋ᠠᠵᠤ᠂ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠎ᠠ᠃ ᠲᠤᠰᠬᠠᠶ ᠳᠤᠭᠤᠶ᠋ᠢᠯᠠᠩ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠡᠯ᠎ᠡ ᠬᠠᠷᠢᠭᠤᠴᠠᠯᠭ᠋ᠠᠲᠤ ᠨᠢᠭᠡᠴᠢ (ᠰᠠᠯᠠᠭ᠎ᠠ ᠮᠥᠴᠢᠷ) ᠵᠢᠨ ᠭᠤᠤᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠤᠯᠠᠷᠢᠯ ᠵᠶ᠋ᠠᠷ ᠮᠡᠳᠡᠭᠡᠯᠡᠨ᠎ᠡ᠃ ᠰᠢᠮᠳᠠᠭᠤᠯᠤᠨ ᠭᠦᠢ᠍ᠴᠡᠳᠭᠡᠯᠭᠡᠬᠦ ᠵᠠᠬᠢᠳᠠᠯ ᠪᠠᠭᠤᠯᠭ᠋ᠠᠬᠤ᠂ ᠬᠤᠷᠠᠯ ᠵᠶ᠋ᠠᠷ ᠵᠥᠪᠳᠡᠯᠴᠡᠬᠦ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠪᠴᠤ᠂ ᠬᠠᠷᠢᠭᠤᠴᠠᠯᠭ᠋ᠠᠲᠤ ᠨᠢᠭᠡᠴᠢ (ᠰᠠᠯᠠᠭ᠎ᠠ ᠮᠥᠴᠢᠷ) ᠵᠢ ᠰᠢᠮᠳᠠᠭᠤᠯᠵᠤ ᠪᠠᠶ᠋ᠢᠭ᠋ᠠᠳ ᠠᠬᠢᠴᠠ᠎ᠪᠠᠷ ᠤᠳᠠᠭ᠋ᠠᠨ ᠵᠦᠢ᠍ᠯᠡᠰ᠎ᠢ ᠲᠦᠷᠭᠡᠳᠬᠡᠨ ᠠᠬᠢᠭᠤᠯᠬᠤ ᠬᠡᠷᠡᠭᠲᠡᠶ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠪᠣᠯᠬᠤ ᠠᠶ᠋ᠢᠮᠠᠭ ᠬᠣᠲᠠ ᠵᠢ ᠰᠢᠯᠭ᠋ᠠᠨ ᠬᠢᠨᠠᠬᠤ ᠠᠷᠭ᠎ᠠ ᠵᠢᠴᠢ ᠬᠣᠰᠢᠭᠤ ᠰᠢᠶᠠᠨ᠎ᠤ ᠨᠠᠮ᠎ᠤᠨ ᠬᠣᠷᠢᠶ᠎ᠠ ᠵᠢᠨ ᠱᠦᠵᠢ ᠵᠢᠨ ᠰᠢᠯᠭ᠋ᠠᠨ ᠬᠢᠨᠠᠬᠤ ᠨᠠᠷᠢᠨ ᠲᠦᠷᠢᠮ᠎ᠢ ᠲᠣᠭᠲᠠᠭ᠋ᠠᠵᠤ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠨ᠎ᠠ᠃ 《ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠡᠷᠭᠢᠯᠳᠦᠭᠦᠯᠦᠨ ᠬᠡᠷᠡᠭᠵᠢᠭᠦᠯᠬᠦ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠮᠥᠷᠭᠡ》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠵᠣᠬᠢᠴᠠᠭᠤᠯᠤᠨ ᠠᠬᠢᠭᠤᠯᠤᠨ᠎ᠠ᠃ ᠴᠢᠬᠤᠯᠠ ᠶᠡᠬᠡ ᠠᠰᠠᠭᠤᠳᠠᠯ᠎ᠤᠨ ᠰᠤᠳᠤᠯᠭ᠋ᠠᠨ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠲᠠᠢ ᠬᠠᠮᠲᠤ᠎ᠪᠠᠷ ᠤᠯᠤᠰ᠎ᠤᠨ ᠤᠮᠠᠷᠠᠰᠢ ᠨᠡᠭᠡᠭᠡᠯᠲᠡ ᠬᠢᠬᠦ ᠬᠥᠭᠥᠷᠭᠡᠨ ᠪᠡᠬᠢᠯᠡᠯᠲᠡ ᠵᠢᠨ ᠣᠨᠣᠯ᠎ᠤᠨ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠵᠦ᠂ ᠤᠯᠤᠰ᠎ᠤᠨ ᠳᠣᠲᠣᠭ᠋ᠠᠳᠤ ᠵᠢᠨ ᠳᠡᠭᠡᠳᠦ ᠲᠠᠰ᠎ᠤᠨ ᠲᠤᠰᠬᠠᠶ ᠮᠡᠷᠭᠡᠵᠢᠯᠲᠡᠨ᠎ᠢ ᠤᠷᠢᠵᠤ ᠮᠠᠨ᠎ᠤ ᠣᠷᠣᠨ᠎ᠤ ᠬᠥᠭᠥᠷᠭᠡᠨ ᠪᠡᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ᠎ᠳᠤ ᠰᠤᠳᠠᠯ ᠪᠠᠷᠢᠵᠤ ᠣᠨᠣᠰᠢᠯᠠᠨ᠂ ᠠᠷᠭ᠎ᠠ ᠤᠬᠠᠭ᠋ᠠᠨ ᠭᠠᠷᠭ᠋ᠠᠵᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠣᠯᠪᠣᠭᠳᠠᠯ ᠪᠥᠬᠥᠶ ᠰᠤᠳᠤᠯᠭ᠋ᠠᠨ᠎ᠤ ᠪᠠᠶ᠋ᠢᠭᠤᠯᠤᠮᠵᠢ᠎ᠳᠤ ᠨᠠᠶ᠋ᠢᠳᠠᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢᠨ ᠰᠤᠳᠤᠯᠭ᠋ᠠᠨ᠎ᠢ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ》 ᠰᠡᠳᠦᠪ᠎ᠢ ᠬᠠᠮᠲᠤ᠎ᠪᠠᠷ ᠨᠠᠶ᠋ᠢᠷᠠᠭᠤᠯᠤᠨ ᠵᠣᠬᠢᠶᠠᠨ᠎ᠠ᠃
ᠬᠣᠶᠠᠷ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠬᠢᠷᠢ ᠴᠢᠳᠠᠮᠵᠢ ᠵᠢ ᠢᠯᠡᠳᠲᠡ ᠳᠡᠭᠡᠭᠰᠢᠯᠡᠭᠦᠯᠦᠨ᠎ᠡ᠃ ᠵᠢᠯ᠎ᠤᠨ ᠡᠬᠢᠨ᠎ᠳᠤ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ (2023 — 2025 ᠣᠨ)》᠂ 《ᠬᠤᠳᠠᠯᠳᠤᠭ᠋ᠠᠴᠢᠨ ᠤᠷᠢᠵᠤ ᠪᠠᠯᠠ ᠣᠷᠣᠭᠤᠯᠤᠭᠰᠠᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠵᠤ ᠱᠠᠩᠨᠠᠬᠤ ᠠᠷᠭ᠎ᠠ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠣᠨ᠎ᠤ ᠠᠵᠢᠯ᠎ᠤᠨ ᠭᠤᠤᠯ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠬᠦ᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠪᠠ᠃ 《ᠭᠠᠷᠴᠤ ᠶᠠᠪᠤᠬᠤ》 ᠬᠤᠳᠠᠯᠳᠤᠭ᠋ᠠᠴᠢᠨ ᠤᠷᠢᠬᠤ ᠪᠠ 《ᠤᠷᠢᠵᠤ ᠢᠷᠡᠬᠦ》 ᠬᠤᠳᠠᠯᠳᠤᠭ᠋ᠠᠴᠢᠨ ᠤᠷᠢᠬᠤ ᠵᠢ ᠢᠳᠡᠪᠬᠢᠲᠡᠶ ᠥᠷᠨᠢᠭᠦᠯᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠲᠠᠨᠢᠯᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠪᠡ; ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ᠎ᠢ ᠡᠭᠦᠳᠦᠨ ᠪᠠᠶ᠋ᠢᠭᠤᠯᠵᠤ᠂ ᠳᠡᠯᠡᠬᠡᠶ ᠵᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠶᠡᠬᠡ ᠬᠤᠷᠠᠯ᠂ ᠳᠡᠯᠡᠬᠡᠶ ᠵᠢᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠶᠡᠬᠡ ᠬᠤᠷᠠᠯ ᠵᠡᠷᠭᠡ ᠴᠢᠬᠤᠯᠠ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠎ᠳᠤ ᠣᠷᠣᠯᠴᠠᠨ᠎ᠠ᠃ ᠭᠠᠳᠠᠨ᠎ᠠ ᠣᠷᠣᠨ᠎ᠤ ᠠᠵᠤ ᠠᠬᠤᠶ᠋ᠢᠯᠠᠯ᠎ᠤᠨ ᠭᠡᠷ ᠪᠦᠯᠢ ᠵᠢ ᠡᠭᠦᠳᠦᠨ ᠪᠠᠶ᠋ᠢᠭᠤᠯᠵᠤ᠂ ᠥᠪᠥᠷ ᠮᠣᠩᠭᠣᠯ᠎ᠤᠨ ᠪᠡᠭᠡᠵᠢᠩ᠎ᠤᠨ ᠬᠤᠳᠠᠯᠳᠤᠭ᠋ᠠᠴᠢᠳ᠎ᠤᠨ ᠡᠪᠯᠡᠯ᠂ ᠱᠠᠩᠬᠠᠶ ᠵᠢᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠡᠪᠯᠡᠯ ᠵᠡᠷᠭᠡ 33 ᠬᠤᠳᠠᠯᠳᠤᠭ᠋ᠠᠴᠢᠳ᠎ᠤᠨ ᠡᠪᠯᠡᠯ᠎ᠢ ᠥᠪᠡᠷᠲᠡᠭᠡᠨ ᠵᠠᠰᠠᠬᠤ ᠣᠷᠣᠨ᠎ᠤ 《ᠬᠤᠳᠠᠯᠳᠤᠭ᠋ᠠᠴᠢᠨ ᠤᠷᠢᠬᠤ ᠡᠯᠴᠢᠨ ᠰᠠᠶ᠋ᠢᠳ》 ᠵᠶ᠋ᠠᠷ ᠤᠷᠢᠪᠠ᠃ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠷᠢᠯᠢᠭ ᠣᠨᠣᠴᠠᠲᠠᠶ᠎ᠪᠠᠷ ᠬᠤᠳᠠᠯᠳᠤᠭ᠋ᠠᠴᠢᠨ ᠤᠷᠢᠬᠤ᠂ ᠬᠡᠯᠬᠢᠶ᠎ᠡ ᠵᠢ ᠪᠥᠭᠡᠮᠨᠡᠷᠡᠭᠦᠯᠬᠦ ᠵᠢ ᠥᠷᠨᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠥᠬᠡᠶ ᠤᠷᠲᠤᠳᠬᠠᠨ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠬᠡᠯᠬᠢᠶ᠎ᠡ᠎ᠳᠤ ᠡᠨᠧᠷᠭᠢ ᠨᠡᠮᠡᠷᠢᠯᠡᠨ᠎ᠡ᠃ 1—11 ᠳ᠋ᠦ᠍ᠭᠡᠷ ᠰᠠᠷ᠎ᠠ᠎ᠳᠤ᠂ ᠪᠥᠬᠥ ᠣᠷᠣᠨ ᠤᠯᠤᠰ᠎ᠤᠨ ᠳᠣᠲᠣᠭ᠋ᠠᠳᠤ ᠵᠢᠨ ᠪᠣᠳᠠᠲᠠᠶ ᠪᠠᠯᠠ ᠮᠥᠩᠭᠥ ᠵᠢ 4296.1 ᠳ᠋ᠦᠩᠰᠢᠭᠤᠷ ᠲᠥᠭᠥᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 33.7 %᠎ᠪᠠᠷ ᠨᠡᠮᠡᠭᠳᠡᠵᠦ᠂ ᠪᠥᠬᠥ ᠵᠢᠯ᠎ᠤᠨ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠃ ᠵᠢᠱ᠌ᠢᠯᠲᠡ᠎ᠪᠠᠷ ᠪᠥᠬᠥ ᠵᠢᠯ᠎ᠳᠤ ᠤᠯᠤᠰ᠎ᠤᠨ ᠳᠣᠲᠣᠭ᠋ᠠᠳᠤ ᠵᠢᠨ ᠪᠣᠳᠠᠲᠠᠶ ᠪᠠᠯᠠ ᠮᠥᠩᠭᠥ ᠵᠢ 4500 ᠳ᠋ᠦᠩᠰᠢᠭᠤᠷ ᠲᠥᠭᠥᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 32 % ᠵᠶ᠋ᠠᠷ ᠨᠡᠮᠡᠭᠳᠡᠨ᠂ ᠤᠯᠤᠰ᠎ᠤᠨ ᠳᠣᠲᠣᠭ᠋ᠠᠳᠤ ᠵᠢᠨ ᠪᠣᠳᠠᠲᠠᠶ ᠪᠠᠯᠠ ᠮᠥᠩᠭᠥ ᠵᠢᠨ ᠮᠢᠩᠭ᠋ᠠᠨ ᠳ᠋ᠦᠩᠰᠢᠭᠤᠷ ᠨᠡᠮᠡᠭᠳᠡᠯ᠎ᠤᠨ ᠬᠡᠮᠵᠢᠶ᠎ᠡ ᠵᠢ ᠪᠡᠶᠡᠯᠡᠭᠦᠯᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢ ᠪᠤᠵᠠᠭ᠋ᠠᠶ᠋ᠢᠷᠠᠭᠤᠯᠬᠤ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ᠎ᠳᠤ ᠦᠵᠡᠭᠦᠯᠬᠦ ᠦᠢ᠍ᠯᠡᠳᠦᠯ ᠦᠷᠭᠦᠯᠵᠢᠯᠡᠨ ᠴᠢᠩᠭ᠋ᠠᠷᠠᠪᠠ᠃
ᠭᠤᠷᠪᠠ᠂ ᠬᠡᠷᠡᠭᠯᠡᠭᠡ ᠵᠢ ᠠᠬᠢᠭᠤᠯᠬᠤ ᠡᠷᠴᠢᠮ ᠲᠠᠰᠤᠷᠠᠯᠲᠠ ᠦᠭᠡᠢ ᠴᠢᠩᠭ᠋ᠠᠷᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠡᠷᠡᠭᠯᠡᠭᠡ ᠵᠢᠨ ᠢᠲᠡᠭᠡᠯ ᠵᠣᠷᠢᠭ᠎ᠢ ᠤᠯᠠᠮ ᠨᠢᠭᠡ ᠠᠯᠬᠤᠮ ᠬᠥᠪᠴᠢᠯᠡᠵᠦ ᠬᠡᠷᠡᠭᠯᠡᠭᠡ ᠵᠢᠨ ᠦᠷᠭᠦᠯᠵᠢᠯᠡᠨ ᠰᠡᠷᠭᠦᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ᠎ᠤᠨ ᠬᠡᠷᠡᠭᠰᠡᠯ᠎ᠤᠨ ᠬᠡᠷᠡᠭᠯᠡᠭᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 《ᠢᠳᠡᠭᠡᠨ ᠤᠮᠳᠠᠭ᠋ᠠᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠨᠠᠯ》 ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 《ᠬᠡᠷᠡᠭᠯᠡᠭᠡ ᠵᠢ ᠬᠥᠭᠵᠢᠭᠡᠬᠦ ᠣᠨ》᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠮᠠᠰᠢᠨ ᠲᠡᠷᠭᠡ᠂ ᠬᠡᠷ᠎ᠤᠨ ᠴᠠᠬᠢᠯᠭ᠋ᠠᠨ ᠬᠡᠷᠡᠭᠰᠡᠯ᠂ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭ᠋ᠠᠨ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ 5226 ᠲᠠᠯᠠᠪᠠᠶ ᠥᠷᠨᠢᠭᠦᠯᠵᠦ᠂ ᠪᠣᠷᠣᠯᠠᠭᠤᠯᠭ᠎ᠠ ᠵᠢᠨ ᠲᠣᠭ᠎ᠠ ᠵᠢ 381 ᠳ᠋ᠦᠩᠰᠢᠭᠤᠷ ᠲᠥᠭᠥᠷᠢᠭ ᠪᠡᠶᠡᠯᠡᠭᠦᠯᠦᠨ᠂ ᠡᠯ᠎ᠡ ᠠᠶ᠋ᠢᠮᠠᠭ ᠬᠣᠲᠠ ᠵᠢ ᠵᠢᠯᠣᠭᠣᠳᠴᠤ ᠪᠠᠶ᠋ᠢᠭ᠋ᠠᠳ ᠡᠯ᠎ᠡ ᠲᠥᠷᠥᠯ᠎ᠤᠨ ᠬᠡᠷᠡᠭᠯᠡᠭᠡ ᠵᠢᠨ ᠲᠡᠮᠳᠡᠭᠲᠦ ᠵᠢ 4.7 ᠳ᠋ᠦᠩᠰᠢᠭᠤᠷ ᠲᠥᠭᠥᠷᠢᠭ ᠲᠠᠷᠬᠠᠭ᠋ᠠᠵᠤ᠂ ᠬᠡᠷᠡᠭᠯᠡᠭᠡ ᠵᠢ 65.6 ᠳ᠋ᠦᠩᠰᠢᠭᠤᠷ ᠲᠦᠭᠦᠷᠢᠭ ᠳᠠᠢ᠌ᠴᠢᠯᠠᠪᠠ᠃ 《ᠥᠪᠥᠷ ᠮᠣᠩᠭᠣᠯ᠎ᠢ ᠰᠣᠨᠢᠷᠬᠠᠬᠤ》 ᠠᠮᠲᠠᠲᠤ ᠢᠳᠡᠭᠡᠨ᠎ᠤ ᠪᠠᠶᠠᠷ᠎ᠤᠨ ᠡᠳᠦᠷ᠎ᠤᠨ ᠰᠢᠷᠢᠰ ᠠᠵᠢᠯᠯᠠᠭ᠎ᠠ ᠵᠢ 120 ᠭᠠᠷᠤᠶ ᠲᠠᠯᠠᠪᠤᠷ ᠥᠷᠨᠢᠭᠦᠯᠵᠦ᠂ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠰᠦᠯᠵᠢᠶᠡᠨ᠎ᠤ ᠬᠡᠷᠡᠭᠯᠡᠭᠡ ᠵᠢᠨ ᠳᠡᠰ ᠳᠡᠪᠰᠢᠬᠦ ᠵᠢ ᠢᠳᠡᠪᠬᠢᠲᠡᠢ ᠠᠬᠢᠭᠤᠯᠵᠤ᠂ 《ᠥᠪᠥᠷ ᠮᠣᠩᠭᠣᠯ᠎ᠤᠨ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠎ᠠ ᠬᠤᠳᠠᠯᠳᠤᠨ ᠠᠪᠬᠤ ᠪᠠᠶᠠᠷ》᠂ 《ᠬᠣᠣᠰ ᠪᠦᠲᠦᠭᠡᠭᠳᠡᠬᠦᠨ ᠰᠦᠯᠵᠢᠶᠡᠨ ᠳᠡᠭᠡᠷ᠎ᠡ᠎ᠠᠴᠠ ᠬᠤᠳᠠᠯᠳᠤᠨ ᠠᠪᠬᠤ ᠪᠠᠶᠠᠷ》᠂ ᠪᠦᠬᠦ ᠤᠯᠤᠰ᠎ᠠᠴᠠ ᠵᠠᠭᠤᠨ ᠭᠣᠣᠯ ᠨᠡᠪᠲᠡᠷᠡᠭᠦᠯᠦᠭᠴᠢ᠎ᠲᠠᠢ ᠥᠪᠥᠷ ᠮᠣᠩᠭᠣᠯ᠂ 《ᠵᠠᠭᠤᠨ ᠰᠢᠶᠠᠨ ᠵᠠᠭᠤᠨ ᠪᠦᠲᠦᠭᠡᠭᠳᠡᠬᠦᠨ ᠵᠶ᠋ᠠᠷ ᠲᠠᠷᠢᠶᠠᠯᠠᠩ᠎ᠢ ᠳᠡᠮᠵᠢᠬᠦ ᠠᠵᠢᠯᠯᠠᠭ᠋ᠠᠨ᠎ᠤ ᠥᠪᠥᠷ ᠮᠣᠩᠭᠣᠯ᠎ᠤᠨ ᠲᠤᠰᠬᠠᠢ ᠲᠠᠯᠠᠪᠠᠢ》 ᠵᠡᠷᠭᠡ ᠣᠨᠴᠠᠯᠢᠭᠲᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠵᠢᠱ᠌ᠢᠯᠲᠡ᠎ᠪᠠᠷ ᠪᠦᠬᠦ ᠵᠢᠯ᠎ᠳᠤ ᠰᠦᠯᠵᠢᠶ᠎ᠡ᠎ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 630 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 14 %᠎ᠪᠠᠷ ᠨᠡᠮᠡᠭᠳᠡᠪᠡ᠃ ᠬᠦᠰᠡᠯᠡᠩᠲᠦ ᠮᠠᠰᠢᠨ ᠲᠡᠷᠭᠡ᠂ ᠭᠣᠪᠢ ᠵᠢᠨ ᠢᠮᠠᠭ᠋ᠠᠨ ᠨᠣᠯᠤᠤᠷ᠎ᠤᠨ ᠬᠠᠨᠲᠠᠭ᠋ᠠᠰᠤ᠂ ᠪᠠᠶᠠᠷᠲᠤ ᠴᠠᠶ ᠵᠡᠷᠭᠡ 147 ᠲᠦᠷᠦᠭᠦᠦ ᠳᠡᠯᠭᠡᠭᠦᠷ᠂ ᠲᠤᠭᠴᠢ ᠳᠡᠯᠭᠡᠭᠦᠷ᠎ᠢ ᠠᠮᠵᠢᠯᠲᠠ᠎ᠲᠠᠢ᠎ᠪᠠᠷ ᠣᠷᠣᠭᠤᠯᠤᠨ ᠠᠪᠴᠢᠷᠠᠪᠠ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠠᠮᠲᠤ᠎ᠪᠠᠷ ᠭᠥᠷᠳᠡᠬᠦ ᠡᠭᠦᠯᠡᠨ ᠬᠥᠮᠥᠷᠭᠡ ᠵᠢᠨ ᠲᠤᠷᠰᠢᠯᠲᠠ ᠵᠢᠨ ᠴᠡᠭ 1᠂ ᠳᠠᠪᠠᠭᠤᠯᠢᠭ ᠠᠵᠤ ᠦᠢ᠍ᠯᠡᠰ᠂ ᠣᠨᠴᠠᠯᠢᠠᠠᠳᠣ ᠪᠦᠲᠦᠭᠡᠭᠳᠡᠬᠦᠨ᠎ᠤ ᠡᠯᠧᠺᠲᠷᠣᠨ ᠬᠤᠳᠠᠯᠳᠤᠭ᠋ᠠᠨ᠎ᠤ ᠥᠭᠡᠷᠡᠴᠢᠯᠡᠯᠲᠡ ᠵᠢᠨ ᠲᠥᠷᠥᠯ ᠵᠦᠢ᠍ᠯ 5᠂ ᠤᠯᠤᠰ᠎ᠤᠨ ᠲᠠᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠢ ᠪᠣᠶ᠋ᠢᠵᠢᠭᠤᠯᠤᠨ᠎ᠠ᠃ 1—11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 4853.1 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.2 % ᠵᠶ᠋ᠠᠷ ᠨᠡᠮᠡᠭᠳᠡᠵᠦ᠂ ᠪᠥᠬᠥ ᠤᠯᠤᠰ᠎ᠤᠨ ᠨᠡᠮᠡᠭᠳᠡᠯ᠎ᠤᠨ ᠬᠤᠷᠳᠤᠴᠠ᠎ᠠᠴᠠ 1 ᠵᠠᠭᠤᠨ᠎ᠤ ᠴᠡᠭ ᠥᠨᠳᠥᠷ ᠪᠣᠯᠵᠣ᠂ ᠬᠡᠷᠡᠭᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠬᠦ ᠪᠠᠶ᠋ᠢᠳᠠᠯ᠎ᠲᠠᠢ ᠪᠣᠯᠪᠠ᠃
ᠲᠦᠷᠪᠡ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠰᠢᠰᠲ᠋ᠧᠮ᠎ᠢ ᠲᠦᠷᠭᠡᠪᠴᠢᠯᠡᠨ ᠲᠡᠭᠦᠯᠳᠡᠷᠵᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡᠨ᠎ᠤ ᠲᠥᠪᠯᠡᠷᠡᠯ᠎ᠤᠨ ᠣᠷᠣᠨ᠎ᠢ ᠪᠣᠶ᠋ᠢᠵᠢᠭᠤᠯᠤᠨ ᠪᠦᠲᠦᠭᠡᠨ ᠪᠠᠶ᠋ᠢᠭᠤᠯᠬᠤ ᠬᠡᠷᠡᠭᠵᠢᠭᠦᠯᠬᠦ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠭᠠᠳᠠᠨ᠎ᠠ ᠠᠵᠤ ᠠᠬᠤᠶ ᠵᠢᠨ ᠬᠥᠭᠵᠢᠯᠲᠡ ᠵᠢ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢ ᠲᠣᠭᠲᠠᠭ᠋ᠠᠨ ᠳᠠᠷᠤᠮᠠᠯᠯᠠᠨ ᠶᠠᠪᠤᠭᠤᠯᠵᠤ᠂ ᠬᠡᠷᠡᠭᠯᠡᠭᠡᠨ᠎ᠤ ᠲᠥᠪᠯᠡᠷᠡᠯ᠎ᠤᠨ ᠣᠷᠣᠨ᠎ᠢ ᠶᠡᠬᠡᠪᠡᠷ ᠪᠣᠶ᠋ᠢᠵᠢᠭᠤᠯᠤᠨ᠂ ᠰᠢᠨ᠎ᠡ ᠮᠠᠶᠢᠭ᠎ᠤᠨ ᠬᠡᠷᠡᠭᠯᠡᠭᠡᠨ᠎ᠤ ᠪᠠᠶ᠋ᠢᠳᠠᠯ᠎ᠢ ᠬᠥᠭᠵᠢᠭᠦᠯᠦᠨ᠎ᠡ᠃ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ ᠪᠥᠬᠥ ᠤᠯᠤᠰ᠎ᠤᠨ ᠭᠤᠷᠪᠠᠳᠤᠭ᠋ᠠᠷ ᠪᠦᠯᠦᠭ᠎ᠤᠨ ᠬᠣᠲᠠ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠤᠨ ᠲᠤᠷᠰᠢᠯᠲᠠ ᠵᠢᠨ ᠴᠢᠭ ᠵᠶ᠋ᠠᠷ ᠵᠥᠪᠰᠢᠶᠡᠷᠡᠭᠳᠡᠵᠦ᠂ ᠤᠯᠠᠭ᠋ᠠᠨᠴᠠᠪ ᠵᠡᠷᠭᠡ 3 ᠠᠶ᠋ᠢᠮᠠᠭ ᠬᠣᠲᠠ ᠬᠣᠶᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠷᠰᠢᠯᠲᠠ ᠵᠢᠨ ᠴᠢᠭ᠎ᠲᠤ ᠣᠷᠣᠪᠠ᠃ ᠮᠣᠩᠭᠣᠯ ᠸᠠᠩ᠂ ᠵᠧᠩ ᠪᠸᠢ᠂ ᠵᠢᠨ ᠯᠦ᠍ ᠵᠡᠷᠭᠡ 9 ᠨᠠᠷᠠᠲᠤ ᠲᠡᠮᠳᠡᠭ ᠰᠢᠨ᠎ᠡ ᠨᠢᠭᠡ ᠪᠦᠯᠦᠭ ᠳᠤᠮᠳᠠᠳᠤ ᠵᠢᠨ ᠬᠠᠭᠤᠴᠢᠨ ᠨᠠᠷᠠᠲᠤ ᠲᠡᠮᠳᠡᠭ᠎ᠲᠤ ᠰᠣᠩᠭᠣᠭᠳᠠᠪᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠶᠠᠪᠠᠭ᠋ᠠᠨ ᠵᠡᠭᠡᠯᠢ ᠵᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠲᠤᠷᠰᠢᠯᠲᠠ ᠵᠢᠨ ᠴᠢᠭ 2᠂ ᠥᠪᠥᠷ ᠮᠣᠩᠭᠣᠯ᠎ᠤᠨ ᠬᠠᠭᠤᠴᠢᠨ ᠨᠠᠷᠠᠲᠤ ᠲᠡᠮᠳᠡᠭᠲᠦ 8᠂ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠤᠭᠰᠠᠨ ᠨᠢᠭᠡᠴᠢ 18 ᠵᠢ ᠰᠢᠨ᠎ᠡ᠎ᠪᠠᠷ ᠬᠢᠨᠠᠨ ᠲᠣᠭᠲᠠᠭ᠋ᠠᠪᠠ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠬᠣᠷᠢᠨᠭᠡᠷ᠂ ᠭᠦᠶᠡᠩ ᠵᠡᠷᠭᠡ 16 ᠬᠣᠰᠢᠭᠤ ᠰᠢᠶᠠᠨ᠎ᠢ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠲᠤᠷᠰᠢᠯᠲᠠ ᠵᠢᠨ ᠰᠢᠶᠠᠨ ᠵᠶ᠋ᠠᠷ ᠲᠣᠭᠲᠠᠭ᠋ᠠᠵᠤ᠂ 78 ᠲᠥᠷᠥᠯ ᠵᠦᠢ᠍ᠯ᠎ᠢ ᠳᠡᠮᠵᠢᠬᠦ ᠬᠡᠪᠴᠢᠶᠡᠨ᠎ᠳᠤ ᠣᠷᠣᠭᠤᠯᠤᠨ᠂ 20.9 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠳᠠᠶ᠋ᠢᠴᠢᠯᠠᠨ᠎ᠠ᠃ ᠬᠥᠬᠡᠬᠣᠲᠠ᠂ ᠥᠪᠥᠷ ᠮᠣᠩᠭᠣᠯ᠎ᠤᠨ ᠮᠸᠩ ᠨᠢᠤ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠲᠣᠰ ᠲᠣᠰ 2023 ᠣᠨ᠎ᠤ ᠪᠥᠬᠥ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠣᠲᠠ ᠪᠠ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠳᠤ ᠰᠣᠩᠭᠣᠭᠳᠠᠪᠠ᠃ ᠥᠪᠥᠷ ᠮᠣᠩᠭᠣᠯ᠎ᠤᠨ ᠱ᠌ᠢ ᠴᠢᠤᠸᠠᠨ ᠱ᠌ᠢ ᠮᠧᠶ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ 《ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠪᠠᠷ ᠠᠵᠤ ᠠᠬᠤᠶ᠋ᠢᠯᠠᠯ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ》 ᠬᠡᠷᠡᠭ᠎ᠤᠨ ᠵᠢᠱ᠌ᠢᠶ᠎ᠡ ᠪᠥᠬᠥ ᠤᠯᠤᠰ᠎ᠤᠨ ᠨᠡᠶ᠋ᠢᠲᠡᠯᠢᠭ ᠲᠤᠷᠰᠢᠯᠭ᠎ᠠ ᠠᠷᠭ᠎ᠠ ᠬᠢᠳᠡᠯ᠎ᠳᠤ ᠰᠣᠩᠭᠣᠭᠳᠠᠪᠠ᠃
ᠲᠠᠪᠤ᠂ ᠭᠠᠳᠠᠭ᠋ᠠᠳᠤ ᠠᠷᠠᠯᠵᠢᠶᠠᠨ᠎ᠤ ᠬᠡᠮᠵᠢᠶ᠎ᠡ ᠵᠢ ᠨᠡᠮᠡᠭᠳᠡᠭᠦᠯᠵᠦ ᠴᠢᠨᠠᠷ᠎ᠢ ᠳᠡᠭᠡᠭᠰᠢᠯᠡᠭᠦᠯᠦᠨ᠎ᠡ᠃ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠬᠡᠪᠴᠢᠶ᠎ᠡ ᠵᠢ ᠲᠣᠭᠲᠠᠪᠤᠷᠢᠵᠢᠭᠤᠯᠤᠨ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠬᠤ 32 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠮᠠᠨ᠎ᠤ ᠣᠷᠣᠨ᠎ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ 《ᠲᠦᠷᠭᠡᠨ ᠭᠦᠶᠦᠬᠦ》 ᠵᠢ ᠠᠬᠢᠭᠤᠯᠬᠤ 7 ᠵᠦᠢ᠍ᠯ᠎ᠤᠨ ᠠᠷᠭ᠎ᠠ ᠬᠡᠮᠵᠢᠶ᠎ᠡ ᠵᠢ ᠠᠬᠢᠭᠤᠯᠤᠨ᠂ ᠪᠤᠭᠤᠲᠤ ᠵᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠴᠢᠯᠡᠭᠡᠨ᠎ᠤ ᠠᠷᠠᠯᠵᠢᠶ᠎ᠠ ᠵᠢᠨ ᠲᠠᠪᠴᠠᠩ᠎ᠤᠨ ᠠᠴᠢᠶᠠᠯᠠᠪᠤᠷᠢ ᠵᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ ᠦᠢ᠍ᠯᠡᠴᠢᠯᠡᠭᠡᠨ᠎ᠤ ᠠᠷᠠᠯᠵᠢᠶ᠎ᠠ ᠵᠢᠨ ᠲᠠᠪᠴᠠᠩ᠎ᠤᠨ ᠠᠴᠢᠶᠠᠯᠠᠪᠤᠷᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠨᠴᠠᠯᠢᠭᠲᠤ ᠦᠢ᠍ᠯᠡᠴᠢᠯᠡᠭᠡᠨ᠎ᠢ ᠭᠠᠳᠠᠭ᠋ᠠᠳᠤ᠎ᠳᠤ ᠭᠠᠷᠭ᠋ᠠᠬᠤ ᠰᠠᠭᠤᠷᠢᠨ ᠭᠠᠵᠠᠷ ᠪᠣᠯᠤᠨ ᠦᠢ᠍ᠯᠡᠴᠢᠯᠡᠭᠡᠨ᠎ᠤ ᠠᠷᠠᠯᠵᠢᠶ᠎ᠠ ᠵᠢᠨ ᠭᠤᠤᠯᠳᠠᠯᠭ᠎ᠠ᠎ᠲᠠᠢ ᠠᠵᠤ ᠠᠬᠤᠶ᠋ᠢᠯᠠᠯ ( ᠪᠠᠶ᠋ᠢᠭᠤᠯᠤᠮᠵᠢ)᠎ᠢ ᠭᠤᠤᠯᠳᠠᠯᠭ᠎ᠠ᠎ᠲᠠᠢ ᠪᠣᠶ᠋ᠢᠵᠢᠭᠤᠯᠤᠨ᠎ᠠ᠃ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ ᠥᠪᠡᠷᠲᠡᠭᠡᠨ ᠵᠠᠰᠠᠬᠤ ᠣᠷᠣᠨ᠎ᠤ ᠦᠢ᠍ᠯᠡᠴᠢᠯᠡᠭᠡ ᠵᠢ ᠭᠠᠳᠠᠭᠰᠢ ᠳᠠᠭ᠋ᠠᠭ᠋ᠠᠴᠢᠯᠠᠭᠤᠯᠬᠤ ᠵᠢᠱ᠌ᠢᠶ᠎ᠡ ᠦᠵᠡᠭᠦᠯᠬᠦ ᠬᠣᠲᠠ᠎ᠪᠠᠷ ᠵᠥᠪᠰᠢᠶᠡᠷᠡᠭᠳᠡᠪᠡ᠃ ᠤᠯᠠᠭ᠋ᠠᠨᠴᠠᠪ ᠬᠣᠲᠠ ᠤᠯᠤᠰ᠎ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ᠎ᠤ ᠱᠠᠲᠤᠯᠠᠨ ᠰᠢᠯᠵᠢᠬᠦ ᠭᠤᠤᠯᠳᠠᠯᠭ᠎ᠠ᠎ᠲᠠᠢ ᠵᠠᠯᠭ᠋ᠠᠨ ᠵᠣᠯᠭ᠋ᠠᠭᠤᠯᠬᠤ ᠭᠠᠵᠠᠷ ᠵᠶ᠋ᠠᠷ ᠵᠥᠪᠰᠢᠶᠡᠷᠡᠭᠳᠡᠪᠡ᠃ 693 ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠠᠷᠠᠪ᠎ᠤᠨ ᠬᠣᠯᠪᠣᠭ᠋ᠠᠲᠤ ᠠᠬᠠᠮᠠᠳᠳᠦ ᠤᠯᠤᠰ᠂ ᠰᠠᠦ᠋ᠳᠢ ᠠᠷᠠᠪ᠂ ᠮᠣᠩᠭᠣᠯ ᠤᠯᠤᠰ᠂ ᠣᠷᠣᠰ ᠵᠡᠷᠭᠡ 20 ᠤᠯᠤᠰ ᠪᠠ ᠭᠠᠵᠠᠷ ᠣᠷᠣᠨ᠎ᠳᠤ ᠬᠦᠷᠴᠦ 《ᠥᠪᠥᠷ ᠮᠣᠩᠭᠣᠯ᠎ᠤᠨ ᠠᠷᠠᠯᠵᠢᠶᠠᠴᠢᠳ᠎ᠤᠨ ᠲᠣᠷᠭ᠋ᠠᠨ ᠵᠠᠮ᠎ᠤᠨ ᠠᠶᠠᠯᠠᠯ》᠎ᠤᠨ ᠭᠠᠳᠠᠭ᠋ᠠᠳᠤ᠎ᠳᠠᠬᠢ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠵᠢ ᠥᠷᠨᠢᠭᠦᠯᠵᠦ᠂ ᠠᠷᠠᠯᠵᠢᠶ᠎ᠠ ᠬᠢᠭᠡᠳ ᠪᠠᠯᠠ ᠣᠷᠣᠭᠤᠯᠤᠯᠲᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠭᠰᠠᠨ ᠶᠡᠷᠦᠩᠬᠡᠶ ᠵᠣᠭᠣᠰ᠎ᠤᠨ ᠲᠣᠭ᠎ᠠ 332 ᠳ᠋ᠦᠩᠰᠢᠭᠤᠷ ᠲᠥᠭᠥᠷᠢᠭ᠎ᠢ ᠳᠠᠪᠠᠪᠠ᠃ ᠠᠷᠤ ᠬᠠᠰᠢᠶᠠᠲᠤ᠂ ᠷᠠᠰᠢᠶᠠᠨ᠎ᠤ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠲᠣᠭᠣᠷᠢᠭ᠎ᠢ ᠰᠢᠨ᠎ᠡ᠎ᠪᠠᠷ ᠴᠣᠬᠣᠯᠠᠪᠤᠷᠢᠯᠠᠨ ᠪᠠᠶ᠋ᠢᠭᠤᠯᠵᠤ᠂ ᠡᠷᠢᠶᠡᠨ ᠬᠣᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠢ ᠰᠠᠭᠤᠷᠢᠰᠢᠭᠤᠯᠤᠨ ᠡᠳ᠋ᠰᠢᠭᠦᠯᠬᠦ ᠲᠤᠷᠰᠢᠯᠲᠠ ᠵᠢ ᠡᠬᠢᠯᠡᠭᠦᠯᠪᠡ᠃ ᠰᠢᠶᠠᠨ᠎ᠤ ᠬᠡᠪᠴᠢᠶᠡᠨ᠎ᠳᠠᠬᠢ ᠠᠵᠤ ᠠᠬᠤᠶ ᠠᠷᠠᠯᠵᠢᠶᠠᠨ᠎ᠤ ᠨᠡᠮᠡᠭᠳᠡᠯ ᠥᠬᠡᠶ ᠵᠢᠱ᠌ᠢᠶ᠎ᠡ ᠦᠵᠡᠭᠦᠯᠬᠦ 5 ᠭᠠᠵᠠᠷ ᠣᠷᠣᠨ᠎ᠢ ᠪᠣᠶ᠋ᠢᠵᠢᠭᠤᠯᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠨᠡᠮᠡᠭᠳᠡᠯ᠎ᠤᠨ ᠬᠤᠷᠳᠤᠴᠠ ᠪᠥᠬᠥ ᠣᠷᠣᠨ᠎ᠤ 56 ᠵᠠᠭᠤᠨ᠎ᠤ ᠴᠡᠭ᠎ᠠᠴᠠ ᠥᠨᠳᠥᠷ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠳᠠᠭ᠋ᠠᠳᠤ᠎ᠳᠠᠬᠢ ᠬᠥᠮᠥᠷᠭᠡ ᠵᠢ 7 ᠡᠷᠦᠬᠡ ᠪᠣᠶ᠋ᠢᠵᠢᠭᠤᠯᠪᠠ᠃ 500 ᠭᠠᠷᠤᠢ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭᠯᠡᠭᠴᠢᠳ᠎ᠤᠨ ᠦᠵᠡᠭᠦᠯᠭᠡ᠂ 133 ᠳ᠋ᠤᠭ᠋ᠠᠷ ᠬᠤᠭᠤᠴᠠᠭ᠋ᠠᠨ᠎ᠤ ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ᠂ 2023 ᠣᠨ᠎ᠤ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ ᠵᠡᠷᠭᠡ ᠨᠡᠷᠡᠳᠤ ᠦᠵᠡᠭᠦᠯᠭᠡ᠎ᠳᠤ ᠣᠷᠣᠯᠴᠠᠭᠤᠯᠪᠠ᠃ ᠵᠢᠱ᠌ᠢᠯᠲᠡ᠎ᠪᠠᠷ ᠪᠥᠬᠥ ᠵᠢᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠲᠣᠭ᠎ᠠ 1850 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 21.5 %᠎ᠪᠠᠷ ᠨᠡᠮᠡᠭᠳᠡᠵᠦ᠂ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠨᠡᠮᠡᠭᠳᠡᠯ᠎ᠤᠨ ᠬᠤᠷᠳᠤᠴᠠ ᠦᠷᠭᠦᠯᠵᠢᠯᠡᠨ ᠪᠥᠬᠥ ᠤᠯᠤᠰ᠎ᠲᠤ ᠲᠡᠷᠢᠭᠦᠯᠡᠪᠡ᠃
ᠵᠢᠷᠭᠤᠭ᠎ᠠ᠂ ᠭᠠᠳᠠᠭ᠋ᠠᠳᠤ ᠪᠡᠯᠡ ᠵᠢᠨ ᠠᠰᠢᠭᠯᠠᠯᠲᠠ ᠶᠡᠬᠡ ᠬᠡᠮᠵᠢᠶ᠎ᠡ᠎ᠪᠠᠷ ᠨᠡᠮᠡᠭᠳᠡᠪᠡ᠃ 《ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠭᠠᠳᠠᠭ᠋ᠠᠳᠤ ᠨᠡᠭᠡᠭᠡᠯᠲᠡ ᠵᠢᠨ ᠰᠢᠨ᠎ᠡ ᠥᠨᠳᠥᠷᠯᠢᠭ᠎ᠢ ᠴᠣᠭᠴᠠᠯᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠢ ᠲᠤᠭᠤᠷᠪᠢᠨ ᠲᠣᠭᠲᠠᠭ᠋ᠠᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠬᠢᠯᠢ (ᠬᠢᠯᠢ ᠠᠯᠤᠰᠯᠠᠭᠰᠠᠨ) ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ 15 ᠵᠦᠢ᠍ᠯ᠎ᠤᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠬᠢᠯᠢ ᠳᠠᠭ᠋ᠠᠤ ᠨᠡᠭᠡᠭᠡᠯᠲᠡ ᠵᠢᠨ ᠲᠠᠪᠴᠠᠩ᠎ᠤᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠪᠠ᠃ ᠮᠤᠵᠢ ᠶᠠᠮᠤᠨ᠎ᠤ ᠲᠠᠰ᠎ᠤᠨ ᠭᠠᠳᠠᠭ᠋ᠠᠳᠤ ᠵᠢᠨ ᠬᠤᠳᠠᠯᠳᠤᠭ᠋ᠠᠴᠢᠨ ᠤᠷᠢᠬᠤ ᠲᠠᠪᠴᠠᠩ᠎ᠢ ᠪᠠᠶ᠋ᠢᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠲᠠᠢ ᠬᠠᠮᠲᠤᠷᠠᠨ 《ᠳᠤᠮᠳᠠᠳᠤ ᠤᠯᠤᠰ᠎ᠲᠤ ᠪᠠᠯᠠ ᠣᠷᠣᠭᠤᠯᠬᠤ ᠣᠨ》᠎ᠤ ᠨᠠᠷᠠᠲᠤ ᠲᠡᠮᠳᠡᠭ᠎ᠤᠨ ᠠᠵᠢᠯᠯᠠᠭ᠎ᠠ ᠵᠢᠨ 《ᠤᠯᠤᠰ ᠠᠯᠤᠰᠯᠠᠭᠰᠠᠨ ᠺᠣᠮᠫᠠᠨᠢ ᠵᠢᠨ ᠥᠪᠥᠷ ᠮᠣᠩᠭᠣᠯ᠎ᠤᠨ ᠠᠶᠠᠯᠠᠯ》᠎ᠤᠨ ᠠᠵᠢᠯᠯᠠᠭ᠎ᠠ ᠵᠢ ᠡᠷᠭᠢᠯᠡᠵᠦ᠂ ᠨᠡᠶ᠋ᠢᠲᠡ 15 ᠤᠯᠤᠰ (ᠭᠠᠵᠠᠷ ᠣᠷᠣᠨ)᠎ᠠᠴᠠ ᠢᠷᠡᠭᠰᠡᠨ 45 ᠤᠯᠤᠰ ᠠᠯᠤᠰᠯᠠᠭᠰᠠᠨ ᠺᠣᠮᠫᠠᠨᠢ ᠠᠵᠢᠯᠯᠠᠭ᠎ᠠ᠎ᠳᠤ ᠣᠷᠣᠯᠴᠠᠪᠠ᠃ ᠭᠠᠳᠠᠭ᠋ᠠᠳᠤ᠎ᠠᠴᠠ ᠬᠤᠳᠠᠯᠳᠤᠭ᠋ᠠᠴᠢᠨ ᠤᠷᠢᠬᠤ ᠵᠢ ᠶᠡᠬᠡᠪᠡᠷ ᠥᠷᠨᠢᠭᠦᠯᠵᠦ᠂ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠶᠠᠫᠣᠨ᠂ ᠺᠣᠷᠢᠶᠠ᠂ ᠭᠧᠷᠮᠠᠨ᠎ᠳᠤ ᠣᠴᠢᠭᠤᠯᠵᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠ ᠠᠷᠠᠯᠵᠢᠶ᠎ᠠ ᠵᠢ ᠵᠣᠯᠭ᠋ᠠᠭᠤᠯᠬᠤ ᠠᠵᠢᠯᠯᠠᠭ᠎ᠠ ᠵᠢ ᠥᠷᠨᠢᠭᠦᠯᠵᠦ᠂ ᠪᠡᠯᠡ ᠣᠷᠣᠭᠤᠯᠤᠯᠲᠠ ᠵᠢᠨ ᠠᠷᠠᠯᠵᠢᠶᠠᠨ᠎ᠤ ᠭᠡᠷ᠎ᠡ ᠵᠢ 40 ᠭᠠᠷᠤᠢ ᠬᠤᠪᠢ ᠲᠣᠭᠲᠠᠭ᠋ᠠᠵᠤ᠂ ᠭᠡᠷ᠎ᠡ ᠲᠣᠭᠲᠠᠭᠰᠠᠨ ᠪᠦᠬᠦ ᠵᠣᠭᠣᠰ᠎ᠤᠨ ᠲᠣᠭ᠎ᠠ (ᠰᠠᠨᠠᠮᠵᠢ ᠵᠢᠨ ᠲᠣᠭ᠎ᠠ ᠪᠠᠭᠲᠠᠨ᠎ᠠ) 6.1 ᠳ᠋ᠦᠩᠰᠢᠭᠤᠷ ᠲᠥᠭᠥᠷᠢᠭ᠎ᠲᠤ ᠬᠦᠷᠪᠡ᠃ ᠬᠥᠬᠡᠬᠣᠲᠠ᠂ ᠪᠤᠭᠤᠲᠤ 《ᠳᠤᠮᠳᠠᠳᠤ ᠤᠯᠤᠰ᠎ᠤᠨ ᠪᠠᠯᠠ ᠣᠷᠣᠭᠤᠯᠤᠯᠲᠠ ᠵᠢᠨ ᠬᠠᠯᠠᠮᠰᠢᠯ ᠬᠣᠲᠠ》 ᠵᠢᠨ ᠢᠷᠠᠭᠤ ᠠᠯᠳᠠᠷ᠎ᠢ ᠭᠥᠷᠳᠡᠪᠡ᠃ ᠳᠤᠮᠳᠠᠳᠤ᠂ ᠠᠨᠭ᠌ᠭ᠍ᠯᠢ᠂ ᠶᠠᠫᠣᠨ᠂ ᠺᠣᠷᠢᠶᠠ ᠵᠡᠷᠭᠡ ᠳᠦᠷᠪᠡᠨ ᠬᠡᠯᠡᠨ᠎ᠤ 《ᠳᠤᠮᠳᠠᠳᠤ ᠤᠯᠤᠰ (ᠥᠪᠥᠷ ᠮᠣᠩᠭᠣᠯ)᠎ᠤᠨ ᠪᠡᠯᠡ ᠣᠷᠣᠭᠤᠯᠤᠯᠲᠠ ᠵᠢᠨ ᠳᠠᠯᠳᠠ ᠬᠦᠴᠦᠨ᠎ᠤ ᠬᠥᠭᠵᠢᠯᠲᠡ ᠵᠢᠨ ᠮᠡᠳᠡᠭᠦᠯᠦᠯᠲᠡ》 ᠵᠢ ᠨᠠᠶ᠋ᠢᠷᠠᠭᠤᠯᠤᠨ ᠲᠠᠷᠬᠠᠭ᠋ᠠᠪᠠ᠃ ᠵᠢᠱ᠌ᠢᠯᠲᠡ᠎ᠪᠠᠷ ᠪᠥᠬᠥ ᠵᠢᠯ᠎ᠳᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠢ 145 ᠰᠢᠨ᠎ᠡ᠎ᠪᠠᠷ ᠪᠠᠶ᠋ᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.6 ᠳᠠᠬᠢᠨ ᠨᠡᠮᠡᠭᠳᠡᠪᠡ; ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ 52 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 50.7 %᠎ᠪᠠᠷ ᠨᠡᠮᠡᠭᠳᠡᠪᠡ᠃
ᠲᠤᠯᠤᠭ᠎ᠠ᠂ ᠭᠠᠳᠠᠭ᠋ᠠᠳᠤ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠪᠠ᠃ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ ᠬᠣᠲᠠ᠎ᠳᠤ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠥᠪᠥᠷ ᠮᠣᠩᠭᠣᠯ — ᠮᠣᠩᠭᠣᠯ ᠤᠯᠤᠰ᠎ᠤᠨ ᠪᠠᠯᠠ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠋ᠠᠨ᠎ᠤ ᠲᠠᠨᠢᠯᠴᠠᠭᠤᠯᠬᠤ ᠬᠤᠷᠠᠯ ᠡᠷᠭᠢᠯᠡᠵᠦ᠂ ᠨᠡᠶ᠋ᠢᠲᠡ 20 ᠲᠥᠷᠥᠯ ᠵᠦᠢ᠍ᠯ ᠵᠢᠴᠢ ᠵᠥᠪᠯᠡᠯᠴᠡᠭᠡᠷ ᠲᠣᠭᠲᠠᠵᠤ᠂ ᠭᠡᠷ᠎ᠡ ᠲᠣᠭᠲᠠᠭᠰᠠᠨ ᠪᠥᠬᠥ ᠲᠣᠭ᠎ᠠ᠎ᠨᠢ 202.6 ᠳ᠋ᠦᠩᠰᠢᠭᠤᠷ ᠲᠥᠭᠥᠷᠢᠭ᠎ᠲᠤ ᠬᠦᠷᠴᠡᠶ᠃ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠤᠷᠤᠰ᠎ᠤᠨ ᠦᠵᠡᠭᠦᠯᠭᠡ ᠵᠢᠨ ᠴᠤᠭᠯᠠᠭ᠋ᠠᠨ᠎ᠳᠤ ᠣᠷᠣᠯᠴᠠᠭᠤᠯᠵᠤ᠂ ᠤᠷᠤᠰ᠎ᠤᠨ ᠲᠠᠯ᠎ᠠ᠎ᠲᠠᠢ 30 ᠳ᠋ᠦᠩᠰᠢᠭᠤᠷ ᠲᠥᠭᠥᠷᠢᠭ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠬᠢᠷᠠᠯᠴᠠᠵᠠᠢ᠃ ᠣᠷᠣᠰ᠎ᠤᠨ ᠺᠷᠠᠰᠨᠤᠶᠠᠷᠰᠺ᠎ᠤᠨ ᠬᠢᠯᠢ ᠬᠢᠵᠠᠭ᠋ᠠᠷ ᠣᠷᠣᠨ᠎ᠳᠤ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠥᠪᠥᠷ ᠮᠣᠩᠭᠣᠯ ᠣᠷᠣᠰ᠎ᠤᠨ ᠺᠷᠠᠰᠨᠤᠶᠠᠷᠰᠺ᠎ᠤᠨ ᠪᠠᠯᠠ ᠣᠷᠣᠭᠤᠯᠤᠯᠲᠠ ᠵᠢᠨ ᠠᠷᠠᠯᠵᠢᠶᠠᠨ᠎ᠤ ᠲᠠᠨᠢᠯᠴᠠᠭᠤᠯᠭ᠎ᠠ ᠵᠢᠨ ᠬᠤᠷᠠᠯ ᠵᠢᠴᠢ 2023 ᠣᠨ᠎ᠤ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠲᠠᠸᠠᠷ᠎ᠤᠨ ᠦᠵᠡᠭᠦᠯᠭᠡ ᠵᠢ ᠡᠷᠭᠢᠯᠡᠵᠦ᠂ ᠮᠠᠨ᠎ᠤ ᠣᠷᠣᠨ᠎ᠤ 13 ᠠᠵᠤ ᠠᠬᠤᠶ᠋ᠢᠯᠠᠯ ᠣᠷᠣᠰ᠎ᠤᠨ ᠲᠠᠯ᠎ᠠ᠎ᠲᠠᠢ ᠬᠠᠮᠲᠤᠷᠠᠯᠴᠠᠭ᠋ᠠᠨ᠎ᠤ ᠰᠠᠨᠠᠮᠵᠢ ᠲᠣᠭᠲᠠᠵᠤ᠂ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠤᠨ ᠶᠡᠷᠦᠩᠬᠡᠶ ᠵᠣᠭᠣᠰ᠎ᠤᠨ ᠲᠣᠭ᠎ᠠ ᠪᠠᠷᠤᠭ 9000 ᠲᠦᠮᠡᠨ ᠲᠥᠭᠥᠷᠢᠭ᠎ᠲᠤ ᠬᠦᠷᠴᠡᠶ᠃ ᠵᠢᠱ᠌ᠢᠯᠲᠡ᠎ᠪᠠᠷ ᠪᠥᠬᠥ ᠵᠢᠯ᠎ᠳᠤ ᠰᠢᠨ᠎ᠡ᠎ᠪᠠᠷ ᠨᠡᠮᠡᠭᠳᠡᠭᠰᠡᠨ ᠭᠠᠳᠠᠭ᠋ᠠᠳᠤ᠎ᠳᠤ ᠪᠠᠯᠠ ᠣᠷᠣᠭᠤᠯᠤᠭᠰᠠᠨ ᠲᠥᠷᠥᠯ ᠵᠦᠢ᠍ᠯ᠎ᠤᠨ ᠲᠣᠭ᠎ᠠ 68 ᠪᠣᠯᠵᠣ᠂ ᠠᠳᠠᠯᠢ ᠬᠤᠭᠤᠴᠠᠭ᠋ᠠᠨ᠎ᠤ᠎ᠬᠢ᠎ᠠᠴᠠ 44 ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 183.3 % ᠨᠡᠮᠡᠭᠳᠡᠪᠡ᠂ ᠡᠭᠦᠨ᠎ᠳᠤ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠤᠳ᠎ᠲᠤ ᠪᠠᠯᠠ ᠣᠷᠣᠭᠤᠯᠤᠭᠰᠠᠨ ᠲᠥᠷᠥᠯ ᠵᠦᠢ᠍ᠯ ᠵᠢᠱ᠌ᠢᠯᠲᠡ᠎ᠪᠠᠷ ᠪᠥᠬᠥ ᠵᠢᠯ᠎ᠳᠤ 57 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 40 ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 235.3 % ᠨᠡᠮᠡᠭᠳᠡᠪᠡ᠃
ᠨᠠᠢ᠍ᠮᠠ᠂ ᠪᠣᠭᠣᠮᠲᠠ ᠵᠢᠨ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠲᠡᠦᠬᠡᠲᠦ ᠴᠢᠨᠠᠷᠲᠠᠶ ᠰᠢᠨ᠎ᠡ ᠰᠢᠪᠲᠤᠯᠤᠯᠲᠠ᠎ᠲᠠᠢ ᠪᠣᠯᠪᠠ᠃ 11 ᠬᠠᠭᠤᠷᠠᠶ ᠵᠠᠮ᠎ᠤᠨ ᠬᠢᠯᠢ ᠵᠢᠨ ᠪᠣᠭᠣᠮᠲᠠ ᠵᠢᠨ ᠠᠶᠠᠨᠴᠢᠳ ᠪᠠ ᠪᠠᠷᠠᠭ᠎ᠠ ᠵᠢᠨ ᠬᠤᠤᠰ ᠨᠡᠪᠲᠡᠷᠡᠯ᠎ᠢ ᠰᠡᠷᠭᠦᠭᠡᠬᠦ ᠵᠢ ᠠᠬᠢᠭᠤᠯᠵᠤ᠂ ᠲᠡᠭᠡᠭᠡᠪᠦᠷᠢ ᠵᠢᠨ ᠬᠡᠮᠵᠢᠶ᠎ᠡ ᠵᠢ ᠪᠥᠬᠥ ᠬᠦᠴᠦᠨ ᠵᠶ᠋ᠠᠷ ᠵᠶ᠋ᠠᠨ ᠳᠡᠭᠡᠭᠰᠢᠯᠡᠭᠦᠯᠦᠨ᠂ ᠪᠣᠭᠣᠮᠲᠠ᠎ᠪᠠᠷ ᠰᠠᠭ᠋ᠠᠳ ᠥᠬᠡᠶ ᠥᠩᠭᠡᠷᠡᠬᠦ ᠵᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠣᠭᠣᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠡᠯ᠎ᠡ ᠠᠶ᠋ᠢᠮᠠᠭ ᠬᠣᠲᠠ ᠵᠢ ᠵᠢᠯᠣᠭᠣᠳᠤᠨ ᠪᠣᠭᠣᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠪᠡᠶᠡᠯᠡᠭᠦᠯᠦᠨ᠎ᠡ᠃ ᠪᠣᠭᠣᠮᠲᠠ ᠵᠢᠨ ᠠᠵᠤ ᠠᠬᠤᠶ ᠵᠢᠨ ᠬᠥᠭᠵᠢᠯᠲᠡ ᠵᠢᠨ ᠲᠤᠰᠬᠠᠶ ᠪᠠᠯᠠ ᠮᠥᠩᠭᠥ ᠵᠢ 2 ᠳ᠋ᠦᠩᠰᠢᠭᠤᠷ ᠲᠥᠭᠥᠷᠢᠭ ᠪᠠᠭᠤᠯᠭ᠋ᠠᠵᠤ᠂ 44 ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠳᠡᠮᠵᠢᠵᠦ᠂ 7.18 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠳᠠᠶ᠋ᠢᠴᠢᠯᠠᠪᠠ᠃ ᠪᠤᠭᠤᠲᠤ ᠵᠢᠨ ᠠᠭ᠋ᠠᠷ ᠠᠶᠠᠯᠠᠯ᠎ᠤᠨ ᠬᠢᠯᠢ ᠵᠢᠨ ᠪᠣᠭᠣᠮᠲᠠ᠎ᠨᠢ ᠤᠯᠤᠰ᠎ᠤᠨ ᠬᠢᠨᠠᠨ ᠰᠢᠯᠭ᠋ᠠᠯᠲᠠ ᠵᠢ ᠥᠩᠭᠡᠷᠡᠭᠡᠵᠦ᠂ ᠣᠷᠳᠣᠰ᠎ᠤᠨ ᠠᠭ᠋ᠠᠷ ᠠᠶᠠᠯᠠᠯ᠎ᠤᠨ ᠬᠢᠯᠢ ᠵᠢᠨ ᠪᠣᠭᠣᠮᠲᠠ᠎ᠪᠠᠷ ᠣᠷᠣᠵᠤ ᠢᠷᠡᠬᠦ ᠬᠢᠨᠠᠨ ᠬᠠᠮᠢᠶᠠᠷᠤᠯᠲᠠ ᠵᠢᠨ ᠲᠠᠯᠠᠪᠤᠷ᠎ᠨᠢ ᠬᠢᠯᠢ ᠵᠢᠨ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠬᠢᠨᠠᠨ ᠰᠢᠯᠭ᠋ᠠᠯᠲᠠ ᠵᠢ ᠥᠩᠭᠡᠷᠡᠭᠡᠪᠡ᠃ 《ᠥᠪᠥᠷ ᠮᠣᠩᠭᠣᠯ᠎ᠤᠨ ᠪᠣᠭᠣᠮᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠢ ᠲᠦᠷᠦᠭᠦᠯᠡᠨ ᠲᠤᠭᠤᠷᠪᠢᠵᠤ᠂ ᠬᠥᠭᠵᠢᠯᠲᠡ ᠵᠢᠨ ᠠᠰᠠᠭᠤᠳᠠᠯ᠎ᠤᠨ ᠨᠠᠷᠢᠨ ᠬᠠᠭᠤᠳᠠᠰᠤ᠂ ᠬᠠᠷᠠᠯᠲᠠ ᠵᠢᠨ ᠨᠠᠷᠢᠨ ᠬᠠᠭᠤᠳᠠᠰᠤ᠂ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢᠴᠢ ᠪᠣᠭᠣᠮᠲᠠ ᠵᠢᠨ ᠣᠷᠣᠨ ᠪᠠᠶ᠋ᠢᠷᠢ ᠵᠢᠨ ᠵᠠᠮ ᠬᠠᠷᠢᠯᠴᠠᠭ᠋ᠠᠨ᠎ᠤ ᠵᠢᠷᠤᠭ᠂ ᠪᠣᠭᠣᠮᠲᠠ ᠵᠢᠨ ᠴᠢᠳᠠᠮᠵᠢ (ᠠᠵᠤ ᠦᠢ᠍ᠯᠡᠰ) ᠵᠢᠨ ᠵᠢᠷᠤᠭ ᠵᠡᠷᠭᠡ 《ᠭᠤᠷᠪᠠᠨ ᠨᠠᠷᠢᠨ ᠬᠠᠭᠤᠳᠠᠰᠤ᠂ ᠬᠣᠶᠠᠷ ᠵᠢᠷᠤᠭ》᠎ᠢ ᠲᠣᠭᠲᠠᠭ᠋ᠠᠪᠠ᠃ ᠮᠠᠨᠵᠤᠤᠷ᠂ ᠡᠷᠢᠶᠡᠨ ᠬᠣᠲᠠ ᠵᠢᠨ ᠪᠣᠭᠣᠮᠲᠠ ᠵᠢ ᠤᠯᠤᠰ᠎ᠤᠨ ᠤᠶᠤᠨᠲᠤ ᠪᠣᠭᠣᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠢᠭ᠎ᠲᠤ ᠣᠷᠣᠭᠤᠯᠪᠠ᠃ ᠮᠠᠨᠵᠤᠤᠷ᠂ ᠡᠷᠢᠶᠡᠨ ᠬᠣᠲᠠ ᠵᠢᠨ 8᠎ᠠᠴᠠ ᠳᠣᠷᠣᠭᠰᠢ ᠲᠡᠷᠭᠡ ᠬᠥᠰᠬᠡ ᠵᠢᠨ ᠪᠣᠭᠣᠮᠲᠠ᠎ᠪᠠᠷ ᠥᠩᠭᠡᠷᠡᠬᠦ ᠵᠢ ᠰᠡᠷᠭᠦᠭᠡᠬᠦ ᠵᠢ ᠵᠣᠬᠢᠴᠠᠭᠤᠯᠤᠨ ᠠᠬᠢᠭᠤᠯᠤᠨ᠎ᠠ᠃ ᠣᠷᠣᠰ᠎ᠤᠨ ᠬᠣᠯᠪᠣᠭ᠋ᠠᠨ᠎ᠤ ᠠᠷᠤ ᠪᠠᠶ᠋ᠢᠭ᠋ᠠᠯᠤᠨ ᠬᠢᠯᠢ ᠬᠢᠵᠠᠭ᠋ᠠᠷ ᠣᠷᠣᠨ᠎ᠢ ᠲᠥᠯᠥᠪᠵᠢᠭᠦᠯᠦᠨ ᠬᠥᠭᠵᠢᠭᠦᠯᠬᠦ ᠶᠠᠮᠤᠨ᠎ᠲᠠᠢ ᠬᠠᠮᠲᠤᠷᠠᠨ ᠠᠵᠢᠯᠯᠠᠬᠤ ᠲᠣᠭᠲᠠᠴᠠ ᠪᠠᠶ᠋ᠢᠭᠤᠯᠪᠠ᠃ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠨᠡᠭᠡᠭᠡᠨ ᠬᠥᠭᠵᠢᠭᠦᠯᠬᠦ ᠲᠥᠯᠥᠪᠯᠡᠭᠡ ᠵᠢᠨ ᠵᠠᠬᠢᠷᠭ᠎ᠠ ᠵᠢᠨ ᠵᠡᠭᠦᠨ ᠬᠣᠶ᠋ᠢᠲᠤ ᠠᠽᠢᠶ᠎ᠠ ᠵᠢᠨ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠪᠠ᠃
12 ᠳ᠋ᠤᠭ᠋ᠠᠷ ᠰᠠᠷ᠎ᠠ ᠵᠢᠨ 8᠎ᠤ ᠡᠳᠦᠷ᠂ ᠮᠠᠨ᠎ᠤ ᠣᠷᠣᠨ᠎ᠤ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠳ᠋ᠦᠩᠰᠢᠭᠤᠷ ᠲᠣᠨ᠎ᠢ ᠳᠠᠪᠠᠵᠤ᠂ ᠮᠠᠨ᠎ᠤ ᠤᠯᠤᠰ᠎ᠤᠨ ᠬᠢᠯᠢ ᠳᠠᠭ᠋ᠠᠤ ᠬᠠᠭᠤᠷᠠᠶ ᠵᠠᠮ᠎ᠤᠨ ᠪᠣᠭᠣᠮᠲᠠ ᠵᠢᠨ ᠠᠩᠬᠠᠳᠠᠭᠴᠢ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠳ᠋ᠦᠩᠰᠢᠭᠤᠷ ᠲᠣᠨ᠎ᠢ ᠳᠠᠪᠠᠭᠰᠠᠨ ᠮᠤᠵᠢ ᠣᠷᠣᠨ ᠪᠣᠯᠪᠠ᠃ ᠵᠢᠱ᠌ᠢᠯᠲᠡ᠎ᠪᠠᠷ ᠪᠥᠬᠥ ᠵᠢᠯ᠎ᠤᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.07 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 83 %᠎ᠪᠠᠷ ᠨᠡᠮᠡᠭᠳᠡᠪᠡ; ᠬᠢᠯᠢ᠎ᠪᠠᠷ ᠥᠩᠭᠡᠷᠡᠬᠦ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ 8000᠎ᠠᠴᠠ ᠳᠡᠭᠡᠭᠰᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9 %᠎ᠪᠠᠷ ᠨᠡᠮᠡᠭᠳᠡᠪᠡ᠃ ᠣᠯᠠᠨ᠎ᠳᠤ ᠪᠠᠶᠠᠷᠯᠠᠯ᠎ᠠ!