12 ᠳ᠋ᠤᠭ᠋ᠠᠷ ᠰᠠᠷ᠎ᠠ ᠵᠢᠨ 10ᠤ ᠡᠳᠦᠷᠤᠨ ᠦᠳᠡ ᠵᠢᠨ ᠡᠮᠦᠨ᠎ᠡ᠂ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠵᠠᠰᠠᠭᠤᠨ ᠣᠷᠳᠣᠨᠤ ᠰᠣᠨᠢᠨ ᠮᠡᠳᠡᠭᠡᠨᠤ ᠠᠯᠪᠠᠨ ᠬᠡᠷ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠬᠤᠲᠠ ᠪᠠᠯᠭ᠋ᠠᠰᠤ ᠵᠢᠨ ᠤᠰᠤ ᠵᠠᠯᠠᠬᠤ ᠪᠠ ᠪᠣᠬᠢᠷ ᠤᠰᠤ ᠵᠢ ᠰᠢᠢ᠍ᠳᠪᠦᠷᠢᠯᠡᠬᠦ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮᠤᠨ ᠨᠠᠮᠤᠨ ᠤᠳᠤᠷᠢᠳᠬᠤ ᠳᠤᠭᠤᠶ᠋ᠢᠯᠠᠩᠤᠨ ᠭᠡᠰᠢᠭᠦᠨ᠂ ᠳᠡᠳ᠋ ᠲᠢᠩᠬᠢᠮᠤᠨ ᠳᠠᠷᠤᠭ᠎ᠠ ᠢᠦᠶ ᠰᠢᠨ ᠹᠠᠩ᠂ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮᠤᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷᠤᠨ ᠳᠡᠳ᠋ ᠳᠠᠷᠤᠭ᠎ᠠ ᠯᠢ ᠰᠢᠩ ᠮᠥᠸᠧ᠂ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮᠤᠨ ᠬᠠᠤᠯᠢ ᠲᠣᠭᠲᠠᠭ᠋ᠠᠬᠤ ᠬᠤᠶᠠᠳᠤᠭ᠋ᠠᠷ ᠭᠠᠵᠠᠷᠤᠨ ᠳᠡᠳ᠋ ᠳᠠᠷᠤᠭ᠎ᠠ ᠵᠣᠣ ᠸᠧᠶ ᠭᠠᠩ᠂ ᠥᠪᠡᠷᠲᠡᠭᠡᠨ ᠵᠠᠰᠠᠬᠤ ᠣᠷᠣᠨᠤ ᠬᠤᠲᠠ ᠬᠥᠳᠡᠭᠡ ᠵᠢᠨ ᠣᠷᠣᠰᠢᠨ ᠰᠠᠭᠤᠬᠤ ᠣᠷᠴᠢᠨ ᠲᠣᠭᠤᠷᠢᠨᠤ ᠬᠥᠭᠵᠢᠯᠲᠡ ᠵᠢ ᠠᠬᠢᠭᠤᠯᠬᠤ ᠲᠥᠪᠤᠨ ᠳᠡᠳ᠋ ᠡᠷᠬᠢᠯᠡᠭᠴᠢ ᠯᠢ ᠳ᠋ᠦᠩ ᠱᠧᠩ᠂ ᠪᠠᠶ᠋ᠢᠳᠠᠯᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃