
12 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠷᠡᠮᠳᠡᠭ ᠲᠦᠷᠦᠭᠦ ᠵᠢ ᠰᠡᠷᠭᠡᠶ᠋ᠢᠯᠡᠨ ᠵᠠᠰᠠᠬᠤ ᠲᠦᠷᠢᠮ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠳ᠋ᠢ ᠰᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠎ᠤᠨ ᠬᠠᠤᠯᠢ ᠲᠣᠭᠲᠠᠭ᠋ᠠᠯ᠎ᠤᠨ ᠭᠤᠷᠪᠠᠳᠤᠭ᠋ᠠᠷ ᠭᠠᠵᠠᠷ᠎ᠤᠨ ᠳᠡᠳ᠋ ᠳᠠᠷᠤᠭ᠎ᠠ ᠯᠢ ᠰᠢᠨ ᠶᠧ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠶ᠋ᠢᠭᠡᠮ᠎ᠤᠨ ᠬᠡᠷᠡᠭ ᠶᠠᠪᠤᠳᠠᠯ᠎ᠤᠨ ᠭᠠᠵᠠᠷ᠎ᠤᠨ ᠳᠠᠷᠤᠭ᠎ᠠ ᠸᠠᠩ ᠲᠢᠶᠠᠨ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠢᠨ ᠬᠠᠷᠠᠭ᠋ᠠᠯᠵᠠᠯ᠎ᠤᠨ ᠭᠠᠵᠠᠷ᠎ᠤᠨ ᠳᠠᠷᠤᠭ᠎ᠠ ᠪᠦᠦ ᠴᠦᠨ ᠷᠦᠩ᠂ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠤᠷᠢᠶᠠᠨ᠎ᠤ ᠳᠡᠳ᠋ ᠳᠠᠷᠤᠭ᠎ᠠ ᠯᠢᠦ ᠭᠦᠸᠧ ᠬᠤᠶ ᠵᠢ ᠤᠷᠢᠵᠤ᠂ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃