ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠡᠷᠭᠡ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠪᠠ
ᠨᠡᠶ᠋ᠢᠲᠡᠯᠡᠭᠰᠡᠨ ᠴᠠᠭ᠄ 2024-09-29

  9 ᠳ᠋ᠤᠭᠡᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠡᠷᠭᠡ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠪᠠ᠃

   ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ (ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ)᠎ᠨᠢ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠡᠨᠡ ᠵᠢᠯ᠎ᠠᠴᠠ ᠨᠠᠭ᠋ᠠᠰᠢᠬᠢ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠎ᠠᠴᠠ ᠡᠨᠡ ᠵᠢᠯ᠎ᠠᠴᠠ ᠨᠠᠭ᠋ᠠᠰᠢᠬᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠬᠤᠷᠠᠯ᠎ᠠᠴᠠ ᠪᠠᠰᠠ ᠬᠡᠰᠡᠭ ᠨᠠᠮ᠎ᠤᠨ ᠡᠭᠦᠷ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃

   ᠬᠤᠷᠠᠯ᠎ᠠᠴᠠ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠪᠣᠯ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢᠨ ᠦᠨᠳᠦᠰᠦᠨ ᠪᠠᠲᠤᠯᠠᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠲᠡᠭᠦᠨ᠎ᠤ ᠳᠣᠲᠣᠷᠠᠬᠢ ᠴᠢᠬᠤᠯᠠ ᠠᠭᠤᠯᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠤᠢ᠍ᠢ᠍ᠯᠠᠭ᠋ᠠᠨ ᠡᠵᠡᠮᠰᠢᠵᠦ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠴᠢᠳᠠᠪᠤᠷᠢ ᠪᠠ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃

   ᠬᠤᠷᠠᠯ᠎ᠠᠴᠠ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ᠃ ᠦᠨᠳᠦᠰᠦᠨ ᠱᠠᠳᠤ ᠵᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠵᠢ ᠪᠤᠢ ᠪᠣᠯᠭ᠋ᠠᠵᠤ᠂ ᠵᠠᠷᠢᠮ ᠨᠠᠮ᠎ᠤᠨ ᠡᠭᠦᠷ᠎ᠲᠤ ᠣᠷᠣᠰᠢᠵᠤ ᠪᠠᠶ᠋ᠢᠭ᠎ᠠ ᠪᠣᠳᠠᠲᠠᠢ ᠠᠰᠠᠭᠤᠳᠠᠯ᠎ᠢ ᠱᠠᠯᠠᠪᠳᠠᠨ ᠰᠢᠢ᠍ᠳᠪᠦᠷᠢᠯᠡᠵᠦ᠂ ᠡᠯ᠎ᠡ ᠨᠠᠮ᠎ᠤᠨ ᠡᠭᠦᠷ᠎ᠤᠨ ᠪᠦᠬᠦ ᠲᠠᠯ᠎ᠠ᠎ᠪᠠᠷ ᠲᠠᠪᠰᠢᠬᠤ᠂ ᠪᠦᠬᠦ ᠲᠠᠯ᠎ᠠ᠎ᠪᠠᠷ ᠴᠠᠭ᠋ᠠᠷᠠᠬᠤ ᠵᠢ ᠠᠬᠢᠭᠤᠯᠬᠤ ᠬᠡᠷᠡᠭᠲᠡᠢ᠃ ᠨᠠᠮ᠎ᠤᠨ ᠡᠭᠦᠷ᠎ᠤᠨ ᠬᠥᠮᠦᠨ ᠠᠮᠠ ᠵᠢ ᠬᠠᠮᠢᠶᠠᠷᠬᠤ ᠣᠨᠴᠠᠯᠢᠭ᠎ᠢ ᠪᠠᠳᠠᠷᠠᠭᠤᠯᠵᠤ᠂ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠬᠢᠨᠠᠯᠲᠠ ᠵᠢ ᠴᠢᠩᠳᠠᠯᠠᠵᠤ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠠᠮ᠎ᠤᠨ ᠭᠡᠰᠢᠭᠦᠨ ᠨᠢᠭᠡᠪᠦᠷᠢ ᠵᠢ ᠴᠥᠮ ᠤᠯᠠᠭ᠋ᠠᠨ ᠲᠤᠭ ᠪᠣᠯᠭ᠋ᠠᠵᠤ᠂ ᠨᠠᠮ᠎ᠤᠨ ᠡᠭᠦᠷ ᠨᠢᠭᠡᠪᠦᠷᠢ ᠵᠢ ᠴᠥᠮ ᠨᠠᠮ᠎ᠤᠨ ᠲᠤᠭ᠎ᠢ ᠥᠨᠳᠥᠷ ᠮᠠᠨᠳᠤᠭᠤᠯᠬᠤ ᠲᠠᠶ᠋ᠢᠴᠢᠨ ᠪᠠᠬᠢᠯᠡᠯᠲᠡ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠃


9.29.jpg


   ᠬᠤᠷᠠᠯ᠎ᠠᠴᠠ ᠳᠤᠷᠠᠳᠤᠭᠰᠠᠨ᠎ᠨᠢ᠂ ᠨᠠᠮ᠎ᠤᠨ ᠪᠠᠶ᠋ᠢᠭᠤᠯᠤᠯᠲᠠ ᠵᠢᠨ ᠬᠡᠯᠪᠡᠷᠢ ᠵᠢ ᠪᠠᠶᠠᠯᠢᠭᠵᠢᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠭᠤᠯᠭ᠎ᠠ ᠵᠢ ᠲᠡᠭᠦᠯᠳᠡᠷᠵᠢᠭᠦᠯᠵᠦ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ ᠪᠣᠯᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ 《ᠲᠤᠯᠤᠭ᠋ᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ》 ᠵᠢᠨ ᠲᠣᠭᠤᠷᠢᠨ᠎ᠳᠤ᠂ ᠨᠠᠮ᠎ᠤᠨ ᠪᠠᠶ᠋ᠢᠭᠤᠯᠤᠯᠲᠠ ᠵᠢᠨ ᠠᠵᠢᠯᠯᠠᠭ᠎ᠠ᠎ᠪᠠᠷ ᠳᠠᠮᠵᠢᠭᠤᠯᠤᠨ ᠡᠩᠨᠡᠭᠡᠨ᠎ᠤ ᠪᠠᠶ᠋ᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠲᠤᠬᠠᠶ᠋ᠢᠯᠠᠭᠰᠠᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠡᠯ᠎ᠡ ᠨᠠᠮ᠎ᠤᠨ ᠡᠭᠦᠷ᠎ᠤᠨ ᠱᠦᠵᠢ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠲᠤᠬᠠᠶ᠋ᠢᠯᠠᠭᠰᠠᠨ ᠠᠵᠢᠯ᠎ᠳᠤ ᠠᠭᠤᠰᠤᠯᠴᠠᠭᠤᠯᠬᠤ ᠠᠷᠭ᠎ᠠ ᠬᠡᠮᠵᠢᠶ᠎ᠡ ᠪᠣᠯᠤᠨ ᠠᠷᠭ᠎ᠠ ᠵᠠᠮ᠎ᠢ ᠢᠳᠡᠪᠬᠢᠲᠡᠢ ᠰᠡᠳᠬᠢᠨ ᠰᠦᠪᠡᠭᠴᠢᠯᠡᠵᠦ᠂ ᠠᠵᠢᠯ᠎ᠤᠨ ᠭᠠᠷᠳᠠᠬᠤ ᠴᠡᠭ᠎ᠢ ᠣᠨᠣᠪᠴᠢᠲᠠᠢ ᠣᠯᠵᠤ᠂ ᠨᠠᠮ᠎ᠤᠨ ᠪᠠᠶ᠋ᠢᠭᠤᠯᠤᠯᠲᠠ᠎ᠪᠠᠷ ᠲᠤᠬᠠᠶ᠋ᠢᠯᠠᠭᠰᠠᠨ ᠠᠵᠢᠯ᠎ᠢ ᠬᠦᠳᠦᠯᠦᠨ ᠳᠠᠭ᠋ᠠᠭᠤᠯᠵᠤ᠂ 《ᠬᠤᠶᠠᠷ ᠲᠠᠯ᠎ᠠ᠎ᠪᠠᠷ ᠠᠳᠬᠤᠵᠤ᠂ ᠬᠤᠶᠠᠷ᠎ᠢ ᠠᠬᠢᠭᠤᠯᠬᠤ》 ᠵᠢ ᠦᠨᠡᠨ ᠬᠦ᠌ ᠪᠡᠶᠡᠯᠡᠭᠦᠯᠬᠦ      ᠬᠡᠷᠡᠭᠲᠡᠢ᠃

   ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠡᠯ᠎ᠡ ᠭᠠᠵᠠᠷ ᠠᠯᠪᠠᠨ ᠬᠡᠷ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠶ ᠲᠠᠰ ᠳᠠᠪᠬᠤᠷᠭ᠎ᠠ ᠲᠥᠷᠥᠯ ᠬᠤᠪᠢᠶᠠᠨ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠵᠢ ᠱᠠᠲᠤ ᠬᠤᠪᠢᠶᠠᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶ᠋ᠢᠯᠤᠮᠵᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠨᠠᠮ᠎ᠤᠨ ᠠᠴᠢ ᠵᠢ ᠬᠠᠷᠢᠭᠤᠯᠵᠤ ᠡᠷᠡᠯᠬᠡᠭᠯᠡᠨ ᠤᠷᠤᠭᠰᠢᠯᠠᠵᠤ ᠨᠠᠮ ᠵᠶ᠋ᠠᠨ ᠳᠠᠭ᠋ᠠᠬᠤ》 ᠭᠤᠤᠯ ᠰᠡᠳᠦᠪᠲᠦ ᠢᠳᠡᠷᠡᠭᠦᠨ ᠠᠯᠬᠤᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
            