ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠲᠡᠰ ᠳᠠᠪᠬᠤᠷᠭ᠎ᠠ ᠲᠦᠷᠦᠯ ᠬᠤᠪᠢᠶᠠᠨ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠠᠳᠬᠤᠵᠤ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠣᠰ ᠲᠣᠰ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠥᠷᠭᠡᠳᠬᠡᠭᠰᠡᠨ ᠬᠤᠷᠠᠯ ᠪᠠ ᠨᠠᠮ᠎ᠤᠨ ᠡᠭᠦᠷ᠎ᠤᠨ ᠱᠦᠵᠢ ᠵᠢᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ ᠪᠣᠯᠣᠨ ᠡᠯ᠎ᠡ ᠨᠠᠮ᠎ᠤᠨ ᠡᠭᠦᠷ᠎ᠤᠨ ᠱᠦᠵᠢ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠤᠷᠤᠯᠴᠠᠭᠰᠠᠨ ᠣᠯᠤᠯᠲᠠ ᠪᠣᠯᠣᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠰᠡᠳᠬᠢᠴᠡ ᠠᠷᠭ᠎ᠠ ᠬᠡᠮᠵᠢᠶ᠎ᠡ᠎ᠪᠠᠨ ᠲᠤᠰ ᠲᠤᠰ ᠰᠣᠯᠢᠯᠴᠠᠪᠠ᠃


ᠬᠤᠷᠠᠯ᠎ᠠᠴᠠ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ 《ᠥᠭᠡᠷᠡᠴᠢᠯᠡᠯᠲᠡ ᠵᠢᠨ ᠬᠠᠭᠤᠳᠠᠰᠤ》 ᠵᠢ 《ᠥᠪᠥᠷ ᠮᠣᠩᠭᠤᠯ᠎ᠤᠨ ᠬᠠᠭᠤᠳᠠᠰᠤ》᠂ 《ᠦᠨᠳᠦᠰᠦᠲᠡᠨ᠎ᠤ ᠬᠠᠭᠤᠳᠠᠰᠤ》᠂ 《ᠨᠠᠮ᠎ᠤᠨ ᠪᠠᠶ᠋ᠢᠭᠤᠯᠤᠯᠲᠠ ᠵᠢᠨ ᠬᠠᠭᠤᠳᠠᠰᠤ》᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠲᠠᠰᠤᠷᠠᠯᠳᠡ ᠦᠭᠡᠢ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠬᠤ ᠵᠢ ᠠᠬᠢᠭᠤᠯᠵᠤ᠂ ᠪᠣᠳᠠᠲᠤ ᠦᠷ᠎ᠡ ᠪᠦᠲᠦᠮᠵᠢ᠎ᠪᠠᠷ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃
ᠣᠯᠠᠨ ᠵᠶ᠋ᠠᠷ ᠵᠶ᠋ᠠᠨ ᠶᠠᠷᠢᠶᠠᠨ᠎ᠳᠠᠭᠠᠨ ᠬᠥᠭᠵᠢᠯᠲᠡ ᠵᠢ ᠲᠦᠷᠭᠡᠳᠬᠡᠬᠦ᠂ ᠬᠥᠭᠵᠢᠯᠲᠡ ᠵᠢ ᠶᠡᠬᠡᠪᠡᠷ ᠠᠳᠬᠤᠬᠤ ᠣᠶ᠋ᠢᠯᠠᠭ᠋ᠠᠭᠳᠠᠬᠤᠨ᠎ᠢ ᠪᠣᠶ ᠪᠣᠯᠭ᠋ᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠬᠠᠷᠠᠯᠲᠠ᠎ᠪᠠᠨ ᠲᠣᠭᠲᠠᠭ᠋ᠠᠵᠤ᠂ ᠬᠤᠷᠳᠤᠴᠠ᠎ᠪᠠᠨ ᠳᠡᠭᠡᠭᠰᠢᠯᠡᠭᠦᠯᠦᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠲᠡᠷᠢᠭᠦᠨ᠎ᠳᠤ ᠣᠷᠣᠬᠤ᠎ᠪᠠᠷ ᠴᠢᠷᠮᠠᠶ᠋ᠢᠨ᠂ ᠥᠪᠥᠷ ᠮᠣᠩᠭᠤᠯ᠎ᠤᠨ ᠠᠵᠤ ᠠᠬᠤᠶ ᠵᠢᠨ ᠠᠵᠢᠯᠯᠠᠭ᠋ᠠᠨ᠎ᠤ ᠭᠦᠢ᠍ᠴᠡᠳᠭᠡᠯ ᠲᠤᠭ᠎ᠠ ᠵᠢᠨ ᠪᠥᠬᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠠᠬᠢ ᠬᠤᠪᠢ ᠵᠢᠨ ᠬᠡᠮᠵᠢᠶ᠎ᠡ ᠪᠠ ᠪᠠᠶ᠋ᠢᠷᠢ ᠰᠠᠭᠤᠷᠢ ᠵᠢ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠶ; ᠰᠢᠰᠲ᠋ᠧᠮᠲᠦ ᠦᠵᠡᠯᠲᠡ ᠪᠠ ᠪᠥᠬᠦ ᠲᠠᠯ᠎ᠠ ᠵᠢᠨ ᠰᠡᠳᠬᠢᠬᠦᠶ ᠵᠢ ᠪᠠᠷᠢᠮᠲᠠᠯᠠᠵᠤ᠂ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠭᠠᠷᠳᠠᠬᠤ ᠴᠡᠭ ᠪᠠ ᠬᠦᠴᠦᠯᠡᠬᠦ ᠴᠡᠭ᠎ᠢ ᠣᠨᠣᠪᠴᠢᠲᠠᠶ ᠡᠷᠢᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ᠎ᠢ ᠨᠡᠬᠡᠬᠡᠵᠦ᠂ ᠳᠤᠮᠳᠠᠳᠤ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠨᠠᠩ ᠣᠯᠠᠨ ᠬᠤᠳᠠᠯᠳᠤᠭ᠋ᠠᠨ᠎ᠤ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠷᠬᠡᠶ᠋ᠢᠯᠡᠪᠡ᠃