ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-12-09

   ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠴᠢᠩᠭ᠋ᠠᠳᠬᠠᠬᠤ ᠵᠢᠨ ᠲᠥᠯᠥᠭᠡ᠂ 12 ᠳ᠋ᠤᠭ᠋ᠠᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠨᠠᠮ᠎ᠤᠨ ᠲᠡᠦᠬᠡ ᠵᠢᠨ ᠰᠡᠳᠦᠪᠲᠦ ᠺᠢᠨᠣ᠋ 《ᠠᠶᠠᠨ ᠵᠠᠮ᠎ᠤᠨ ᠣᠴᠢ》 ᠵᠢ ᠰᠣᠨᠢᠷᠬᠠᠪᠠ᠃


12.9-1.jpg


   ᠺᠢᠨᠣ᠋᠎ᠨᠢ ᠦᠨᠡᠨ ᠪᠣᠳᠠᠲᠠᠶ ᠲᠡᠦᠬᠡᠨ ᠬᠡᠷᠡᠭ ᠶᠠᠪᠤᠳᠠᠯ᠎ᠢ ᠦᠨᠳᠦᠰᠦᠯᠡᠨ᠂ ᠲᠥᠪ᠎ᠤᠨ ᠤᠯᠠᠭ᠋ᠠᠨ ᠴᠡᠷᠢᠭ᠎ᠤᠨ ᠤᠷᠲᠤ ᠵᠠᠮ᠎ᠤᠨ ᠠᠶᠠᠨ ᠲᠠᠶ᠋ᠢᠨ᠎ᠤ ᠭᠦᠢ᠍ᠵᠧᠦ᠎ᠳᠤ ᠰᠢᠯᠵᠢᠭᠰᠡᠨ ᠬᠤᠭᠤᠴᠠᠭ᠋ᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠦᠢ᠍ᠵᠸᠤ ᠮᠤᠵᠢ ᠵᠢᠨ ᠨᠠᠮ᠎ᠤᠨ ᠬᠤᠷᠢᠶᠠᠨ᠎ᠤ ᠨᠢᠭᠡᠳᠦᠭᠡᠷ ᠱᠦᠵᠢ ᠦᠷᠡᠭᠳᠡᠭᠰᠡᠨ ᠪᠠᠭ᠋ᠠᠲᠤᠷ ᠯᠢᠨ ᠴᠢᠩ ᠮᠤᠵᠢ ᠵᠢᠨ ᠨᠠᠮ᠎ᠤᠨ ᠬᠤᠷᠢᠶ᠎ᠠ ᠵᠢ ᠳᠠᠭ᠋ᠠᠭᠤᠯᠤᠨ ᠤᠯᠠᠭ᠋ᠠᠨ ᠴᠡᠷᠢᠭ᠎ᠤᠨ ᠡᠷᠡᠯᠬᠡᠭ ᠪᠠᠭ᠋ᠠᠲᠤᠷᠯᠢᠭ ᠲᠡᠮᠡᠴᠡᠯ᠎ᠢ ᠢᠳᠡᠪᠬᠢᠲᠡᠶ ᠳᠡᠮᠵᠢᠵᠦ ᠬᠠᠮᠵᠢᠯᠴᠠᠭᠰᠠᠨ ᠲᠡᠦᠬᠡᠨ ᠦᠯᠢᠭᠡᠷ᠎ᠢ ᠶᠠᠷᠢᠵᠤ᠂ ᠮᠠᠰᠢ ᠴᠢᠩᠭ᠎ᠠ ᠦᠵᠡᠯ ᠰᠠᠨᠠᠭ᠋ᠠᠴᠢ ᠴᠢᠨᠠᠷ᠂ ᠤᠷᠠᠯᠢᠭᠴᠢ ᠴᠢᠨᠠᠷ᠂ ᠨᠥᠯᠥᠭᠡᠯᠡᠬᠦ ᠬᠦᠴᠦᠨ᠎ᠲᠠᠢ ᠪᠠᠶ᠋ᠢᠵᠤ᠂ ᠨᠠᠮᠴᠢ ᠴᠢᠨᠠᠷ᠎ᠤᠨ ᠬᠥᠮᠦᠵᠢᠯ᠎ᠢ ᠴᠢᠩᠭ᠋ᠠᠳᠬᠠᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠬᠤ ᠠᠮᠢᠳᠤᠯᠢᠭ ᠵᠢᠭ᠋ᠠᠬᠤ ᠮᠠᠲ᠋ᠧᠷᠢᠶᠠᠯ ᠪᠣᠯᠤᠭᠰᠠᠨ ᠪᠠᠶ᠋ᠢᠨ᠎ᠠ᠃


12.9-2.jpg


   ᠺᠢᠨᠣ᠋ ᠦᠵᠡᠵᠦ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ ᠬᠤᠶ᠋ᠢᠨ᠎ᠠ ᠬᠤᠶ᠋ᠢᠨ᠎ᠠ᠎ᠠᠴᠠ᠎ᠪᠠᠨ ᠦᠵᠡᠯᠲᠡ᠎ᠪᠠᠨ ᠰᠣᠯᠢᠯᠴᠠᠵᠤ᠂ ᠢᠩᠭᠢᠵᠦ ᠰᠢᠭᠤᠳ ᠰᠤᠷᠤᠯᠴᠠᠬᠤ ᠠᠷᠭ᠎ᠠ ᠬᠡᠯᠪᠡᠷᠢ᠎ᠨᠢ ᠬᠥᠮᠦᠰ᠎ᠲᠤ ᠶᠡᠭᠡ ᠠᠰᠢᠭ ᠬᠦᠷᠲᠡᠭᠡᠨ᠎ᠡ ᠭᠡᠵᠦ ᠢᠯᠡᠳᠬᠡᠵᠦ᠂ ᠬᠤᠶ᠋ᠢᠰᠢᠳᠠ ᠵᠢᠨ ᠠᠵᠢᠯ᠎ᠤᠨ ᠳᠤᠮᠳᠠ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠯᠠᠪᠳᠠᠭᠤᠨ ᠪᠠᠲᠤᠲᠠᠶ ᠠᠵᠢᠯᠯᠠᠵᠤ ᠪᠣᠳᠠᠲᠠᠶ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠰᠢᠨ᠎ᠡ ᠵᠠᠮ᠎ᠢ ᠨᠡᠬᠡᠬᠡᠵᠦ᠂ ᠳᠤᠮᠳᠠ ᠲᠦᠪᠰᠢᠨ᠎ᠳᠤ ᠳᠠᠪᠰᠢᠬᠤ ᠬᠠᠷᠠᠯᠲᠠ ᠵᠢ ᠪᠡᠶᠡᠯᠡᠭᠦᠯᠬᠦ᠎ᠳᠤ ᠨᠠᠩ ᠣᠯᠠᠨ ᠬᠤᠳᠠᠯᠳᠤᠭ᠋ᠠᠨ᠎ᠤ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠢᠯᠡᠳᠬᠡᠪᠡ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2025 ᠣᠨ᠎ᠤ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠯᠧᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠵᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠪᠢᠳᠡ ᠤᠷᠢᠳᠠᠪᠠᠷ ᠬᠡᠷᠡᠭᠵᠢᠭᠦᠯᠬᠦ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠦᠯᠲᠡ》 ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠡᠷᠬᠢᠯᠡᠪᠡ
[ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ] ᠰᠠᠨᠠᠭ᠋ᠠᠯᠵᠠᠬᠤ᠎ᠨᠢ᠄ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ ᠡᠷᠡᠯᠬᠡᠭᠯᠡᠨ ᠤᠷᠤᠭᠰᠢᠯᠠᠬᠤ ᠬᠦᠴᠦᠨ᠎ᠢ ᠬᠥᠭᠵᠢᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠪᠠ
 
            