ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2023 ᠣᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-01-26

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠥᠷᠪᠡᠳᠦᠭᠡᠷ ᠡᠭᠡᠯᠵᠢ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 1 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ 2023 ᠣᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠬᠤᠷᠠᠯ᠎ᠢ ᠡᠷᠭᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠬᠤᠷᠠᠯ᠎ᠳᠤ ᠣᠷᠣᠯᠴᠠᠪᠠ᠃


1.26-2-1.jpg


   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠲᠣᠰ ᠤᠳᠠᠭ᠋ᠠᠨ᠎ᠤ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠷᠠᠯ᠎ᠠᠴᠠ ᠡᠮᠦᠨ᠎ᠡ ᠭᠤᠤᠯ ᠰᠡᠳᠦᠪ᠎ᠲᠠᠢ ᠨᠢᠭᠲᠠ ᠤᠶᠠᠯᠳᠤᠭᠤᠯᠤᠨ ᠬᠤᠷᠠᠯ᠎ᠤᠨ ᠲᠥᠰᠦᠯ᠎ᠢ ᠰᠤᠳᠤᠯᠤᠨ ᠲᠣᠭᠲᠠᠭ᠋ᠠᠵᠤ᠂ ᠤᠳᠤᠷᠢᠳᠬᠤ ᠪᠠᠭ᠎ᠤᠨ ᠬᠠᠷᠢᠴᠠᠭᠤᠯᠤᠨ ᠪᠠᠶ᠋ᠢᠴᠠᠭ᠋ᠠᠬᠤ ᠮᠠᠲ᠋ᠧᠷᠢᠶᠠᠯ ᠪᠠ ᠬᠤᠪᠢ ᠬᠥᠮᠦᠨ᠎ᠤ ᠬᠠᠷᠢᠴᠠᠭᠤᠯᠤᠨ ᠪᠠᠶ᠋ᠢᠴᠠᠭ᠋ᠠᠬᠤ ᠮᠠᠲ᠋ᠧᠷᠢᠶᠠᠯ᠎ᠢ ᠰᠤᠳᠤᠯᠤᠨ ᠲᠤᠭᠤᠷᠪᠢᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ 1 ᠤᠳᠠᠭ᠎ᠠ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ 2013 ᠣᠨ᠎ᠤ 4  ᠳ᠋ᠦ᠍ᠭᠡᠷ ᠰᠠᠷ᠎ᠠ᠎ᠠᠴᠠ 2023 ᠣᠨ᠎ᠤ 1 ᠳ᠋ᠦ᠍ᠭᠡᠷ ᠰᠠᠷ᠎ᠠ ᠪᠣᠯᠲᠠᠯᠠᠬᠢ ᠬᠤᠭᠤᠴᠠᠭ᠋ᠠᠨ᠎ᠳᠠᠬᠢ ᠶᠠᠷᠢᠶᠠᠨ᠎ᠳᠤ ᠬᠤᠯᠪᠣᠭᠳᠠᠯ ᠪᠥᠬᠦᠶ ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠪᠣᠯ ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠦᠷᠢᠮ᠎ᠤᠨ ᠲᠣᠬᠢᠷᠠᠭᠤᠯᠤᠯᠲᠠ ᠵᠢᠨ ᠠᠭᠤᠯᠭ᠎ᠠ ᠵᠢᠨ ᠬᠡᠰᠡᠭᠯᠡᠯ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠵᠢᠨ ᠫᠢᠩ᠎ᠤᠨ 《ᠰᠢᠨ᠎ᠡ ᠪᠠᠶ᠋ᠢᠳᠠᠯ ᠳᠣᠤᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠤᠨ ᠲᠤᠬᠠᠶ ᠪᠠᠷᠢᠮᠵᠢᠶ᠎ᠠ᠎ᠨᠤᠭᠤᠳ》᠂ 《ᠰᠢᠶᠠᠨ᠎ᠠᠴᠠ ᠳᠡᠭᠡᠭᠰᠢᠬᠢ ᠨᠠᠮ ᠪᠠ ᠲᠥᠷᠥ ᠵᠢᠨ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠲᠣᠭᠲᠠᠭ᠋ᠠᠯ᠎ᠤᠳ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠨᠠᠷᠢᠨ ᠬᠢᠨᠠᠮᠠᠭ᠋ᠠᠶ ᠰᠤᠷᠤᠯᠴᠠᠵᠤ᠂ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠳᠤ ᠪᠠᠲᠤ ᠪᠠᠬᠢ ᠦᠵᠡᠯ ᠰᠠᠨᠠᠭ᠋ᠠᠨ᠎ᠤ ᠰᠠᠭᠤᠷᠢ ᠵᠢ ᠲᠠᠯᠪᠢᠭᠰᠠᠨ ᠪᠠᠶ᠋ᠢᠨ᠎ᠠ᠃ ᠰᠡᠳᠬᠢᠯ᠎ᠤᠨ ᠦᠭᠡ᠎ᠪᠠᠨ ᠶᠠᠷᠢᠯᠴᠠᠬᠤ ᠠᠵᠢᠯ᠎ᠢ ᠲᠥᠪ ᠴᠢᠩᠭ᠎ᠠ ᠨᠠᠷᠢᠨ ᠬᠢᠨᠠᠮᠠᠭ᠋ᠠᠢ ᠥᠷᠨᠢᠭᠦᠯᠵᠦ᠂ ᠬᠠᠷᠢᠴᠠᠭᠤᠯᠤᠨ ᠪᠠᠶ᠋ᠢᠴᠠᠭ᠋ᠠᠬᠤ ᠮᠠᠲ᠋ᠧᠷᠢᠶᠠᠯ᠎ᠢ ᠨᠠᠷᠢᠨ ᠨᠢᠮᠪᠠᠢ ᠪᠢᠴᠢᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠳᠤ ᠭᠦᠢ᠍ᠴᠡᠳ ᠪᠡᠯᠡᠳᠬᠡᠯ ᠬᠢᠵᠡᠢ᠃

   ᠬᠤᠷᠠᠯ᠎ᠠᠴᠠ ᠡᠩ ᠲᠡᠷᠢᠭᠦᠨ᠎ᠳᠤ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 2023 ᠣᠨ᠎ᠤ ᠭᠤᠤᠯ ᠰᠡᠳᠦᠪᠲᠦ ᠬᠥᠮᠦᠵᠢᠯ᠎ᠤᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠡᠳᠡᠭᠳᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠲᠢᠩᠬᠢᠮ᠎ᠤᠨ ᠤᠳᠤᠷᠢᠳᠬᠤ ᠪᠠᠭ᠎ᠢ ᠲᠥᠯᠥᠭᠡᠯᠡᠨ ᠬᠠᠷᠢᠴᠠᠭᠤᠯᠤᠨ ᠪᠠᠶ᠋ᠢᠴᠠᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠤᠷᠪᠠᠳᠤᠭ᠋ᠠᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠳᠠᠯ᠎ᠢ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠤᠨ ᠲᠣᠭᠤᠷᠢᠨ᠎ᠳᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠳᠥᠷᠪᠡᠨ ᠲᠠᠯ᠎ᠠ᠎ᠠᠴᠠ ᠭᠦᠨᠵᠡᠭᠡᠶ ᠪᠠᠶ᠋ᠢᠴᠠᠭ᠋ᠠᠨ ᠳᠡᠯᠭᠡᠵᠦ᠂ ᠰᠢᠯᠲᠠᠭ᠋ᠠᠨ᠎ᠢ ᠭᠦᠨᠵᠡᠭᠡᠶ ᠵᠠᠳᠠᠯᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ ᠵᠢᠨ ᠬᠠᠮᠲᠤ ᠲᠦᠷᠦᠭᠦᠯᠡᠨ ᠬᠤᠪᠢ ᠬᠥᠮᠦᠨ᠎ᠤ ᠬᠠᠷᠢᠴᠠᠭᠤᠯᠤᠨ ᠪᠠᠶ᠋ᠢᠴᠠᠭ᠋ᠠᠯᠲᠠ ᠬᠢᠨ᠎ᠠ; ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠡᠷ ᠥᠪᠡᠷ ᠥᠪᠡᠷ᠎ᠤᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠠᠰ ᠳᠠᠷᠠᠭ᠋ᠠᠯᠠᠨ ᠬᠠᠷᠢᠴᠠᠭᠤᠯᠤᠨ ᠪᠠᠶ᠋ᠢᠴᠠᠭ᠋ᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠲᠥᠪ ᠴᠢᠩᠭ᠎ᠠ ᠨᠠᠷᠢᠨ ᠬᠢᠨᠠᠮᠠᠭ᠋ᠠᠶ ᠥᠷᠨᠢᠭᠦᠯᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠨᠠᠷᠢᠨ ᠬᠢᠨᠠᠮᠠᠭ᠋ᠠᠶ ᠥᠷᠨᠢᠭᠦᠯᠵᠦ᠂ 《ᠴᠢᠬᠢ᠎ᠪᠠᠨ ᠵᠠᠭᠤᠵᠤ ᠬᠠᠨᠴᠤᠢ᠎ᠪᠠᠨ ᠲᠠᠲᠠᠬᠤ》᠂ 《ᠨᠢᠭᠤᠷ ᠤᠯᠠᠢ᠌ᠨ ᠬᠥᠯᠥᠰᠥ ᠭᠠᠷᠬᠤ》᠂ ᠦᠵᠡᠯ ᠰᠠᠨᠠᠭ᠎ᠠ ᠵᠢ ᠬᠦᠨᠳᠡᠬᠦ ᠪᠠ ᠪᠦᠯᠬᠦᠮᠳᠡᠯ᠎ᠢ ᠴᠢᠩᠭ᠋ᠠᠳᠬᠠᠬᠤ᠂ ᠠᠵᠢᠯ ᠵᠶ᠋ᠠᠨ ᠰᠠᠶ᠋ᠢᠵᠢᠷᠠᠭᠤᠯᠬᠤ᠂ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠬᠤ ᠵᠣᠷᠢᠯᠭ᠎ᠠ᠎ᠳᠤ ᠭᠦᠷᠦᠭᠰᠡᠨ     ᠪᠠᠶ᠋ᠢᠨ᠎ᠠ᠃

   ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠳ᠋ᠦᠩᠨᠡᠯᠲᠡ ᠵᠢᠨ ᠶᠠᠷᠢᠶ᠎ᠠ ᠲᠠᠯᠪᠢᠬᠤ᠎ᠳᠠᠭᠠᠨ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠤᠳᠤᠷᠢᠳᠬᠤ ᠪᠠᠭ᠎ᠤᠨ ᠠᠰᠠᠭᠤᠳᠠᠯ ᠪᠠ ᠬᠤᠪᠢ ᠬᠥᠮᠦᠨ᠎ᠤ ᠠᠰᠠᠭᠤᠳᠠᠯ᠎ᠢ ᠬᠠᠮᠲᠤ᠎ᠳᠤᠨᠢ ᠠᠳᠬᠤᠬᠤ ᠵᠢ ᠪᠠᠷᠢᠮᠲᠠᠯᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶ᠋ᠢᠵᠢᠷᠠᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠵᠤ᠂ ᠴᠡᠭᠴᠡᠯᠡᠨ ᠰᠠᠶ᠋ᠢᠵᠢᠷᠠᠭᠤᠯᠬᠤ ᠡᠬᠡ ᠲᠠᠩᠰᠠ ᠲᠣᠭᠲᠠᠭ᠋ᠠᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠦᠷ᠎ᠡ ᠪᠦᠲᠦᠮᠵᠢ ᠳᠡᠭᠡᠷ᠎ᠡ ᠦᠨᠡᠨ ᠬᠦ᠌ ᠭᠦᠢ᠍ᠴᠡᠳ ᠢᠯᠡᠷᠡᠭᠦᠯᠬᠦ ᠬᠡᠷᠡᠭᠲᠡᠶ;  ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠲᠠ ᠵᠢ ᠴᠢᠨᠠᠭᠰᠢᠳᠠ ᠴᠢᠩᠭ᠋ᠠᠳᠬᠠᠵᠤ᠂ ᠤᠯᠤᠰ ᠲᠦᠷᠦ ᠵᠢᠨ ᠪᠠᠶ᠋ᠢᠭᠤᠯᠭ᠎ᠠ ᠵᠢᠨ ᠤᠬᠠᠮᠰᠠᠷ᠎ᠢ ᠴᠢᠩᠭ᠋ᠠᠳᠬᠠᠵᠤ᠂ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠤᠣᠯ ᠱᠤᠭᠤᠮ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠲᠦᠷᠦᠭᠦᠯᠡᠨ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠦᠯᠢᠭᠡᠷ ᠳᠠᠭᠤᠷᠢᠶᠠᠯ ᠪᠤᠯᠵᠤ᠂ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠦᠯᠢᠭᠡᠷ ᠳᠠᠭᠤᠷᠢᠶᠠᠯ ᠪᠤᠯᠵᠤ᠂ ᠤᠯᠤᠰ ᠲᠦᠷᠦ ᠵᠢᠨ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠬᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ; ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭᠲᠠᠷᠠᠭᠤᠯᠤᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ;  ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ 《ᠭᠤᠷᠪᠠᠨ ᠴᠢᠬᠤᠯᠠ》 ᠵᠢᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠪᠦᠬᠦ ᠬᠦᠴᠦᠨ ᠵᠶ᠋ᠠᠷ ᠵᠶ᠋ᠠᠨ ᠨᠡᠬᠡᠬᠡᠯᠳᠡ ᠵᠢ ᠥᠷᠭᠡᠳᠬᠡᠵᠦ᠂ ᠠᠷᠠᠯᠵᠢᠶᠠᠴᠢᠨ ᠤᠷᠢᠬᠤ ᠵᠢ ᠠᠳᠬᠤᠵᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠵᠤ᠂ ᠭᠠᠳᠠᠭ᠋ᠠᠳᠤ ᠪᠡᠯᠡ ᠵᠢ ᠥᠷᠭᠡᠳᠬᠡᠵᠦ᠂ ᠬᠡᠷᠡᠭᠯᠡᠭᠡ ᠵᠢ ᠠᠬᠢᠭᠤᠯᠵᠤ᠂ ᠪᠣᠭᠤᠮᠲᠠ ᠵᠢ ᠬᠦᠴᠦᠷᠬᠡᠭᠵᠢᠭᠦᠯᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠵᠦ᠂ ᠳᠤᠮᠳᠠ ᠵᠤᠭ᠋ᠠᠴᠠᠯ᠎ᠳᠤ ᠣᠷᠣᠵᠤ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠵᠢ ᠰᠦᠷ ᠳᠠᠯᠠᠶ᠋ᠢᠴᠠᠲᠠᠢ ᠴᠣᠭᠴᠠᠯᠠᠨ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ; ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠵᠥᠪ ᠣᠨᠣᠪᠴᠢᠲᠠᠢ ᠠᠵᠢᠯ᠎ᠤᠨ ᠪᠦᠲᠦᠮᠵᠢ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ 《ᠲᠦᠷᠪᠡᠨ ᠰᠤᠷᠲᠠᠯ》᠎ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠨᠠᠮ᠎ᠤᠨ ᠪᠠᠶ᠋ᠢᠭᠤᠯᠤᠯᠲᠠ᠎ᠪᠠᠷ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠬᠤ ᠬᠡᠷᠡᠭᠲᠡᠢ᠃

   ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠲᠢᠩᠬᠢᠮ᠎ᠤᠨ ᠬᠤᠯᠪᠣᠭᠳᠠᠯ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠣᠯᠤᠨ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠪᠡ
ᠨᠠᠮ᠎ᠤᠨ ᠠᠴᠢ᠎ᠳᠤ ᠲᠠᠯᠠᠷᠬᠠᠵᠦ ᠨᠠᠮ᠎ᠤᠨ ᠦᠭᠡ ᠵᠢ ᠰᠤᠨᠤᠰᠬᠤ ᠨᠠᠮ ᠵᠶ᠋ᠠᠨ ᠳᠠᠭ᠋ᠠᠬᠤ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠭᠤᠤᠯ ᠰᠡᠳᠦᠪᠳᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠬᠦᠯᠪᠡ
ᠭᠤᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠵᠠᠪᠠᠯ ᠰᠤᠷᠬᠤ ᠬᠢᠴᠢᠶᠡᠯ — ᠮᠡᠳᠡᠯᠭᠡ ᠵᠢᠨ ᠠᠰᠠᠭᠤᠯᠲᠠ ᠬᠠᠷᠢᠭᠤᠯᠲᠠ (ᠬᠤᠶᠠᠷ)
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠡᠳᠡᠯᠭᠡ ᠵᠢᠨ ᠰᠢᠯᠭ᠋ᠠᠯᠲᠠ ᠡᠷᠬᠢᠯᠡᠪᠡ
 
            