ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ
2021 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠢ ᠪᠠᠲᠤᠯᠠᠵᠤ᠂ ᠡᠳᠦᠭᠡ ᠨᠡᠶ᠋ᠢᠲᠡᠯᠡᠪᠡ᠂ 2021 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
2021 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠠᠬᠢᠭᠤᠯᠤᠨ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ ᠵᠢᠨ ᠲᠤᠰᠠᠳᠠ᠂ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠪᠣᠯᠤᠨ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠡᠯ᠎ᠡ ᠵᠦᠢ᠍ᠯ᠎ᠤᠨ ᠠᠵᠢᠯᠯᠠᠭ᠎ᠠ᠎ᠳᠤ ᠲᠤᠰ ᠲᠦᠷᠢᠮ ᠲᠣᠬᠢᠷᠠᠨ᠎ᠠ᠃
ᠭᠤᠷᠪᠠᠳᠤᠭ᠋ᠠᠷ ᠵᠦᠢ᠍ᠯ ᠥᠪᠥᠷ ᠮᠣᠩᠭᠣᠯ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠬᠡᠷᠡᠭᠵᠢᠭᠦᠯᠵᠦ ᠪᠠᠶ᠋ᠢᠭ᠎ᠠ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠪᠣᠯᠬᠤ ᠪᠥᠭᠡᠳ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠲᠠᠢ ᠶᠤᠮ᠃ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠬᠠᠷᠢᠭᠤᠴᠠᠯᠭ᠎ᠠ ᠮᠥᠨ᠃
ᠳᠥᠷᠪᠡᠳᠦᠭᠡᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠤᠯᠤᠰ ᠣᠷᠣᠨ᠎ᠤ ᠨᠢᠭᠡᠳᠦᠯ᠎ᠢ ᠪᠠᠷᠢᠮᠲᠠᠯᠠᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠭᠴᠠᠵᠢᠭᠰᠠᠨ ᠪᠠᠶ᠋ᠢᠷᠢᠰᠢᠯ᠎ᠢ ᠪᠠᠷᠢᠮᠲᠠᠯᠠᠵᠤ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠵᠦ᠂ ᠨᠢᠭᠡ ᠴᠣᠭᠴᠠᠵᠢᠬᠤ ᠵᠢ ᠠᠬᠢᠭᠤᠯᠵᠤ᠂ ᠵᠥᠷᠢᠶ᠎ᠡ ᠵᠢ ᠬᠦᠨᠳᠦᠳᠬᠡᠵᠦ᠂ ᠤᠯᠠᠨ ᠶᠠᠩᠵᠤ ᠵᠢ ᠪᠠᠭᠲᠠᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠵᠣᠬᠢᠴᠠᠯ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》᠎ᠪᠠᠷ ᠶᠡᠷᠦᠩᠬᠡᠶ ᠬᠠᠷᠠᠯᠲᠠ ᠪᠣᠯᠭ᠋ᠠᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠤᠳᠤᠮᠵᠢ ᠪᠣᠯᠭ᠋ᠠᠵᠤ᠂ ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠂ ᠴᠥᠭᠡᠨ ᠲᠣᠭ᠋ᠠᠲᠤ ᠦᠨᠳᠦᠰᠦᠲᠡᠨ᠎ᠨᠢ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭ᠋ᠠᠲᠤ ᠦᠨᠳᠦᠰᠦᠲᠡᠨ᠎ᠨᠢ ᠴᠤ᠌ ᠬᠠᠷᠢᠯᠴᠠᠨ ᠰᠠᠯᠵᠤ ᠴᠢᠳᠠᠬᠤ ᠦᠭᠡᠢ ᠦᠵᠡᠯ ᠰᠠᠨᠠᠭ᠎ᠠ ᠵᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠬᠠᠮᠲᠤ ᠵᠢᠨ ᠲᠠᠨᠢᠯᠲᠠ ᠵᠢ ᠴᠢᠩᠭ᠋ᠠᠳᠬᠠᠬᠤ ᠬᠡᠷᠡᠭᠲᠡᠶ᠃
ᠳᠣᠯᠣᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠭᠡᠬᠦ ᠪᠠ ᠥᠪᠡᠷᠲᠡᠭᠡᠨ ᠵᠠᠰᠠᠬᠤ ᠵᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢ᠍ᠯ ᠪᠣᠯᠤᠨ ᠣᠷᠣᠨ ᠪᠦᠰᠡ ᠵᠢᠨ ᠬᠦᠴᠦᠨ ᠵᠦᠢ᠍ᠯ᠎ᠢ ᠬᠠᠷᠢᠯᠴᠠᠨ ᠤᠶᠠᠯᠳᠤᠭᠤᠯᠬᠤ ᠵᠢ ᠪᠡᠶᠡᠯᠡᠭᠦᠯᠵᠦ᠂ ᠤᠯᠤᠰ ᠣᠷᠣᠨ᠎ᠤ ᠨᠢᠭᠡᠳᠦᠯ ᠪᠣᠯᠤᠨ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠵᠢ ᠦᠨᠳᠦᠰᠦᠲᠡᠨ᠎ᠨᠦᠭᠦᠳ᠎ᠤᠨ ᠬᠠᠮᠤᠭ᠎ᠤᠨ ᠳᠡᠭᠡᠳᠦ ᠠᠰᠢᠭ ᠲᠤᠰᠠ ᠪᠣᠯᠭ᠋ᠠᠵᠤ᠂ ᠦᠨᠳᠦᠰᠦᠲᠡᠨ᠎ᠨᠦᠭᠦᠳ ᠡᠷᠬᠡ ᠲᠡᠭᠰᠢ ᠡᠷᠬᠡ᠎ᠪᠠᠨ ᠡᠳ᠋ᠯᠡᠬᠦ᠂ ᠡᠷᠬᠡ ᠲᠡᠭᠰᠢ ᠡᠭᠦᠷᠭᠡ᠎ᠪᠠᠨ ᠭᠦᠢ᠍ᠴᠡᠳᠭᠡᠬᠦ ᠵᠢ ᠪᠠᠷᠢᠮᠲᠠᠯᠠᠨ᠂ ᠡᠯ᠎ᠡ ᠵᠦᠢ᠍ᠯ᠎ᠤᠨ ᠠᠵᠢᠯ ᠦᠢ᠍ᠯᠡᠰ᠎ᠢ ᠬᠠᠮᠲᠤ᠎ᠪᠠᠷ ᠪᠠᠢ᠌ᠭᠤᠯᠬᠤ ᠬᠡᠷᠡᠭᠲᠡᠢ᠃
ᠨᠠᠢ᠍ᠮᠠᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ᠎ᠢ ᠭᠦᠨᠵᠡᠭᠡᠶ ᠦᠢ᠍ᠯᠡᠳᠦᠯᠭᠡᠵᠢᠭᠦᠯᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ ᠪᠠ ᠬᠢᠯᠢ ᠬᠢᠵᠠᠭ᠋ᠠᠷ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠵᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠥᠲᠥᠭᠡᠨ ᠪᠠᠶ᠋ᠢᠭᠤᠯᠵᠤ᠂ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠵᠦ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠦᠷᠭᠦᠯᠵᠢᠯᠡᠨ ᠪᠠᠲᠤᠯᠠᠬᠤ ᠬᠡᠷᠡᠭᠲᠡᠶ᠃
ᠶᠢᠰᠦᠳᠦᠭᠡᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠪᠠᠷᠢᠮᠲᠠᠯᠠᠨ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠨᠠᠩ ᠥᠨᠳᠥᠷ ᠲᠦᠪᠰᠢᠨ ᠪᠥᠬᠦᠶ ᠪᠣᠯᠪᠠᠰᠤᠨ᠎ᠳᠤ ᠳᠠᠪᠰᠢᠬᠤ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠳᠤ ᠥᠪᠥᠷ ᠮᠣᠩᠭᠤᠯ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠶ᠃
ᠠᠷᠪᠠᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠪᠠ ᠦᠨᠳᠦᠰᠦᠲᠡᠨ᠎ᠨᠦᠭᠦᠳ᠎ᠤᠨ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ᠂ ᠦᠨᠳᠦᠰᠦᠲᠡᠨ᠎ᠤ ᠪᠦᠯᠬᠦᠮᠳᠡᠯ᠎ᠢ ᠨᠥᠯᠥᠭᠡᠯᠡᠬᠦ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢ ᠬᠠᠤᠯᠢ᠎ᠪᠠᠷ ᠵᠠᠰᠠᠬᠤ ᠵᠠᠮ ᠵᠶ᠋ᠠᠷ ᠶᠠᠪᠤᠭᠳᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠎ᠳᠤ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠬᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠠᠤᠯᠢ ᠶᠣᠰᠣᠭ᠋ᠠᠷ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ ᠪᠦᠬᠦ ᠲᠠᠯ᠎ᠠ᠎ᠪᠠᠷ ᠬᠠᠷᠢᠭᠤᠴᠠᠬᠤ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠬᠤ᠂ ᠨᠡᠶ᠋ᠢᠭᠡᠮ᠎ᠤᠨ ᠡᠯ᠎ᠡ ᠡᠲᠡᠭᠡᠳ ᠢᠳᠡᠪᠬᠢᠲᠡᠶ ᠬᠠᠮᠵᠢᠯᠴᠠᠬᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠮᠲᠤ᠎ᠪᠠᠷ ᠣᠷᠣᠯᠴᠠᠬᠤ ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠬᠡᠷᠡᠭᠲᠡᠶ᠃