ᠬᠣᠶᠠᠳᠤᠭ᠋ᠠᠷ ᠪᠦᠯᠦᠭ ᠳᠤᠮᠳᠠᠳᠤ ᠵᠢᠨ ᠰᠣᠶᠤᠯ᠎ᠢ ᠮᠡᠳᠡᠷᠡᠬᠦ ᠪᠠ ᠰᠣᠶᠤᠯ᠎ᠢ ᠤᠯᠠᠮᠵᠢᠯᠠᠬᠤ ᠶᠠᠪᠤᠳᠠᠯ᠎ᠢ ᠠᠬᠢᠭᠤᠯᠤᠨ᠎ᠠ
ᠠᠷᠪᠠᠨ ᠬᠤᠶᠠᠳᠤᠭ᠋ᠠᠷ ᠵᠦᠢ᠍ᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠠ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠪᠠᠶ᠋ᠢᠩᠭᠤᠵᠢᠭᠤᠯᠬᠤ ᠵᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠣᠨᠣᠯ᠂ ᠲᠥᠷᠥ ᠵᠢᠨ ᠪᠣᠳᠣᠯᠭ᠎ᠠ ᠵᠢᠨ ᠰᠤᠷᠤᠯᠴᠠᠯᠭ᠎ᠠ ᠤᠬᠠᠭᠤᠯᠭ᠎ᠠ ᠵᠢ ᠥᠷᠨᠢᠭᠦᠯᠵᠦ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠬᠥᠮᠦᠵᠢᠯ᠎ᠢ ᠴᠢᠩᠭ᠋ᠠᠳᠬᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠥᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠦᠨ᠎ᠡ᠃
ᠠᠷᠪᠠᠨ ᠭᠤᠷᠪᠠᠳᠤᠭ᠋ᠠᠷ ᠵᠦᠢ᠍ᠯ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ ᠪᠠ ᠨᠥᠯᠥᠭᠡᠯᠡᠬᠦ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ᠃ ᠬᠤᠪᠢᠰᠬᠠᠯᠲᠤ ᠰᠤᠶᠤᠯ᠎ᠢ ᠵᠠᠯᠭ᠋ᠠᠮᠵᠢᠯᠠᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠤᠶᠤᠯ᠎ᠢ ᠬᠥᠭᠵᠢᠭᠦᠯᠵᠦ᠂ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠬᠤ ᠪᠠ ᠲᠤᠪᠤᠶ᠋ᠢᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠤᠨ᠎ᠠ᠃
ᠠᠷᠪᠠᠨ ᠳᠥᠷᠪᠡᠳᠦᠭᠡᠷ ᠵᠦᠢ᠍ᠯ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢᠨ ᠲᠣᠭᠤᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠤᠯᠤᠰ ᠠᠷᠠᠳ᠎ᠤᠨ ᠰᠤᠷᠭ᠋ᠠᠨ ᠬᠥᠮᠦᠵᠢᠯ᠂ ᠺᠠᠳ᠋ᠷ᠎ᠤᠨ ᠰᠤᠷᠭ᠋ᠠᠨ ᠬᠥᠮᠦᠵᠢᠯ᠂ ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠂ ᠨᠡᠶ᠋ᠢᠭᠡᠮ᠎ᠤᠨ ᠰᠤᠷᠭ᠋ᠠᠨ ᠬᠥᠮᠦᠵᠢᠯ᠎ᠳᠤ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ᠎ᠢ ᠭᠦᠨᠵᠡᠭᠡᠶ᠋ᠢᠷᠡᠭᠦᠯᠦᠨ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ ᠪᠣᠯ ᠤᠯᠤᠰ ᠲᠦᠷᠦ ᠵᠢᠨ ᠬᠠᠮᠲᠤ ᠵᠢᠨ ᠴᠣᠭᠴᠠ᠂ ᠠᠰᠢᠭ ᠲᠤᠰᠠ ᠵᠢᠨ ᠬᠠᠮᠲᠤ ᠵᠢᠨ ᠴᠣᠭᠴᠠ᠂ ᠰᠣᠶᠣᠯ᠎ᠤᠨ ᠬᠠᠮᠲᠤ ᠵᠢᠨ ᠴᠣᠭᠴᠠ᠂ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ ᠭᠦᠨᠵᠡᠭᠡᠶ ᠲᠠᠨᠢᠭᠤᠯᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠰᠤᠷᠭ᠋ᠠᠨ ᠬᠥᠮᠦᠵᠢᠯ᠎ᠢ ᠬᠡᠪᠰᠢᠭᠦᠯᠬᠦ ᠵᠢ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠦᠵᠡᠯ ᠰᠠᠨᠠᠭ᠎ᠠ ᠶᠣᠰᠣ ᠮᠣᠷᠠᠯ᠎ᠤᠨ ᠬᠥᠮᠦᠵᠢᠯ᠂ ᠰᠣᠶᠣᠯ ᠮᠡᠳᠡᠯᠭᠡ ᠵᠢᠨ ᠬᠥᠮᠦᠵᠢᠯ᠂ ᠤᠷᠠᠯᠢᠭ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠂ ᠨᠡᠶ᠋ᠢᠭᠡᠮ᠎ᠤᠨ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠳᠤ ᠠᠭᠤᠰᠤᠯᠴᠠᠭᠤᠯᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠩᠬ᠎ᠠ ᠵᠡᠷᠭᠡ ᠵᠢᠨ ᠰᠤᠷᠭ᠋ᠠᠨ ᠬᠥᠮᠦᠵᠢᠯ᠂ ᠳᠤᠮᠳᠠ ᠵᠡᠷᠭᠡ ᠵᠢᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠳᠤᠮᠳᠠᠳᠤ ᠵᠢᠨ ᠦᠨᠳᠦᠰᠦᠲᠡᠨ᠎ᠤ ᠡᠬᠡ ᠣᠷᠣᠨᠴᠢ ᠦᠵᠡᠯ ᠵᠶ᠋ᠠᠷ ᠭᠣᠣᠯ ᠪᠣᠯᠭ᠋ᠠᠭᠰᠠᠨ ᠪᠥᠯᠬᠥᠮᠳᠡᠯ ᠨᠢᠭᠡᠳᠦᠯ᠂ ᠡᠩᠬᠡ ᠲᠠᠶ᠋ᠢᠪᠤᠩ᠎ᠢ ᠡᠷᠬᠢᠮᠯᠡᠳᠡᠭ᠂ ᠠᠵᠢᠯᠴᠢ ᠬᠥᠳᠡᠯᠮᠦᠷᠢᠴᠢ ᠪᠠᠭ᠋ᠠᠲᠤᠷᠯᠢᠭ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠬᠤ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃ ᠨᠠᠮ ᠪᠣᠯᠤᠨ ᠠᠷᠠᠳ ᠲᠦᠮᠡᠨ᠎ᠤ ᠡᠯ᠎ᠡ ᠲᠡᠦᠬᠡᠨ ᠴᠠᠭ ᠦᠶ᠎ᠡ᠎ᠳᠤ ᠪᠦᠷᠢᠯᠳᠦᠭᠰᠡᠨ ᠠᠭᠤᠤ ᠶᠡᠬᠡ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠡᠨᠴᠢ ᠢᠲᠡᠭᠡᠮᠵᠢ ᠵᠢᠨ ᠰᠣᠶᠣᠯ᠎ᠢ ᠪᠠᠳᠠᠷᠠᠭᠤᠯᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠠᠵᠢᠯ ᠦᠢ᠍ᠯᠡᠰ ᠵᠶ᠋ᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠠᠶᠤᠯ ᠲᠦᠭᠰᠢᠭᠦᠷᠢ᠎ᠠᠴᠠ ᠠᠪᠤᠷᠠᠨ ᠲᠤᠰᠠᠯᠠᠬᠤ᠂ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ᠂ ᠨᠠᠰᠤᠲᠠᠨ ᠵᠶ᠋ᠠᠨ ᠠᠴᠢᠯᠠᠵᠤ ᠲᠦᠷᠦᠯ ᠰᠠᠳᠤᠨ ᠵᠶ᠋ᠠᠨ ᠬᠠᠶ᠋ᠢᠷᠠᠯᠠᠬᠤ ᠵᠡᠷᠭᠡ ᠳᠤᠮᠳᠠᠳᠤ ᠵᠢᠨ ᠤᠯᠠᠮᠵᠢᠯᠠᠯᠲᠤ ᠰᠠᠶ᠋ᠢᠬᠠᠨ ᠰᠤᠷᠲᠠᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠠᠬᠢᠭᠤᠯᠤᠨ᠎ᠠ᠃
ᠠᠷᠪᠠᠨ ᠳᠣᠯᠣᠳᠤᠭ᠋ᠠᠷ ᠵᠦᠢ᠍ᠯ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ ᠮᠣᠩᠭᠤᠯ ᠮᠤᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠨᠢᠭᠡ ᠰᠡᠳᠬᠢᠯ ᠨᠢᠭᠡ ᠵᠣᠷᠢᠭ ᠵᠶ᠋ᠠᠷ ᠲᠡᠰᠪᠦᠷᠢ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ ᠵᠢᠨ ᠬᠢᠯᠢ ᠵᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ᠎ᠢ ᠪᠠᠷᠢᠮᠲᠠᠯᠠᠨ᠂ ᠤᠳᠭ᠋᠎ᠠ ᠤᠷᠠᠯᠢᠭ ᠵᠶ᠋ᠠᠷ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ ᠵᠢᠷᠤᠮᠳᠤ ᠦᠢ᠍ᠯᠡᠴᠢᠯᠡᠬᠦ ᠵᠢ ᠪᠠᠷᠢᠮᠲᠠᠯᠠᠵᠤ᠂ ᠨᠡᠩ ᠤᠯᠠᠨ ᠢᠯᠡ ᠲᠣᠳᠣ ᠴᠠᠭ ᠦᠶ᠎ᠡ ᠵᠢᠨ ᠣᠨᠴᠠᠯᠢᠭ᠎ᠲᠠᠢ᠂ ᠦᠨᠳᠦᠰᠦᠲᠡᠨ᠎ᠤ ᠣᠨᠴᠠᠯᠢᠭ᠎ᠲᠠᠢ ᠰᠣᠶᠣᠯ᠎ᠤᠨ ᠲᠦᠷᠦᠯ ᠲᠡᠮᠳᠡᠭ᠎ᠢ ᠡᠭᠦᠳᠴᠦ᠂ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ᠎ᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ᠂ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ᠎ᠳᠤ ᠦᠢ᠍ᠯᠡᠴᠢᠯᠡᠬᠦ᠂ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃
ᠠᠷᠪᠠ ᠶᠢᠰᠦᠳᠦᠭᠡᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠴᠢᠶᠡᠯ᠎ᠢ ᠪᠦᠬᠦ ᠲᠠᠯ᠎ᠠ᠎ᠪᠠᠷ ᠴᠢᠩᠭ᠋ᠠᠳᠬᠠᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠷᠤᠭᠴᠢᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠦᠨᠳᠦᠰᠦᠨ᠎ᠳᠤ᠎ᠪᠠᠨ ᠡᠵᠡᠮᠰᠢᠬᠦ ᠪᠠ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠵᠢ ᠬᠦᠨᠳᠦᠳᠬᠡᠨ ᠳᠡᠮᠵᠢᠵᠦ᠂ ᠡᠯ᠎ᠡ ᠦᠨᠳᠦᠰᠦᠲᠡᠨ᠎ᠤ ᠬᠠᠷᠢᠯᠴᠠᠨ ᠦᠭᠡ ᠬᠡᠯᠡ ᠦᠰᠦᠭ ᠪᠢᠴᠢᠭ᠎ᠢ ᠬᠠᠷᠢᠯᠴᠠᠨ ᠰᠤᠷᠤᠯᠴᠠᠬᠤ ᠵᠢ ᠵᠣᠷᠢᠭᠵᠢᠭᠤᠯᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠬᠠᠮᠲᠤ᠎ᠪᠠᠷ ᠬᠠᠮᠲᠤ᠎ᠪᠠᠷ ᠠᠩᠭᠢ ᠨᠢᠭᠡᠳᠬᠦ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃
ᠬᠣᠷᠢᠳᠤᠭ᠋ᠠᠷ ᠵᠦᠢ᠍ᠯ ᠡᠬᠡ ᠣᠷᠣᠨ᠎ᠤ ᠨᠢᠭᠡᠳᠦᠯ᠂ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠤᠪᠢᠰᠬᠠᠯ᠎ᠤᠨ ᠲᠡᠦᠬᠡ ᠵᠢ ᠲᠤᠰᠬᠠᠭᠰᠠᠨ ᠪᠠᠭᠤᠷᠢ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠳᠤᠮᠳᠠᠳᠤ ᠵᠢᠨ ᠲᠡᠦᠬᠡ ᠵᠢᠨ ᠨᠡᠷᠡᠳᠦ ᠬᠥᠮᠦᠰ᠎ᠢ ᠳᠤᠷᠠᠰᠬᠠᠬᠤ ᠠᠵᠢᠯᠯᠠᠭ᠎ᠠ᠂ ᠤᠯᠤᠰ᠎ᠤᠨ ᠨᠡᠶ᠋ᠢᠲᠡ ᠵᠢᠨ ᠲᠠᠬᠢᠯᠭ᠎ᠠ ᠵᠢᠨ ᠶᠣᠰᠣᠯᠠᠯ᠂ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠡᠳᠦᠷ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ᠂ ᠲᠡᠦᠬᠡ ᠵᠢᠨ ᠦᠯᠡᠳᠡᠭᠳᠡᠯ ᠵᠡᠷᠭᠡ ᠵᠢ ᠭᠦᠢ᠍ᠴᠡᠳ ᠠᠰᠢᠭᠯᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠵᠣᠷᠢᠭ ᠰᠠᠨᠠᠭ᠎ᠠ ᠵᠢ ᠪᠤᠶ᠋ᠢᠵᠢᠭᠤᠯᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ᠎ᠠ᠃
ᠬᠤᠷᠢᠨ ᠨᠢᠭᠡᠳᠦᠭᠡᠷ ᠵᠦᠢ᠍ᠯ ᠤᠳᠬ᠎ᠠ ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠭᠤᠣᠯ ᠰᠡᠳᠦᠪᠲᠦ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠴᠢᠩᠭ᠋ᠠᠳᠬᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡ ᠵᠢᠨ ᠰᠤᠳᠤᠯᠭ᠋ᠠᠨ᠎ᠢ ᠭᠦᠨᠵᠡᠭᠡᠶ᠋ᠢᠷᠡᠭᠦᠯᠵᠦ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠶᠠᠪᠤᠳᠠᠯ᠎ᠢ ᠠᠭᠤᠳᠠᠯᠤᠨ ᠡᠮᠬᠢᠳᠬᠡᠵᠦ᠂ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠲᠠᠢ᠂ ᠥᠪᠥᠷ ᠮᠣᠩᠭᠤᠯ᠎ᠤᠨ ᠣᠨᠴᠠᠯᠢᠭ᠎ᠢ ᠲᠤᠰᠬᠠᠭᠰᠠᠨ᠂ ᠤᠳᠤ ᠦᠶ᠎ᠡ ᠵᠢᠨ ᠪᠣᠯᠪᠠᠰᠤᠨ᠎ᠢ ᠠᠭᠤᠰᠤᠯᠴᠠᠭᠤᠯᠤᠭᠰᠠᠨ᠂ ᠤᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ ᠪᠦᠲᠦᠭᠡᠯ᠎ᠢ ᠳᠡᠯᠭᠡᠷᠡᠭᠦᠯᠬᠦ ᠬᠡᠷᠡᠭᠲᠡᠢ᠃
ᠣᠯᠠᠨ ᠨᠡᠶ᠋ᠢᠲᠡ ᠵᠢᠨ ᠵᠠᠭᠤᠴᠢᠯᠠᠭᠤᠷ᠂ ᠰᠢᠨ᠎ᠡ᠎ᠪᠠᠷ ᠬᠥᠭᠵᠢᠭᠰᠡᠨ ᠵᠠᠭᠤᠴᠢᠯᠠᠭᠤᠷ᠎ᠨᠢ ᠠᠴᠢᠶᠠᠯᠠᠪᠤᠷᠢ ᠪᠣᠯᠤᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠰᠢᠨ᠎ᠡ ᠮᠡᠷᠭᠡᠵᠢᠯ᠎ᠢ ᠭᠦᠢ᠍ᠴᠡᠳ ᠠᠰᠢᠭᠯᠠᠨ᠂ ᠠᠳᠠᠯᠢ ᠪᠤᠰᠤ ᠡᠲᠡᠭᠡᠳ ᠪᠣᠯᠤᠨ ᠬᠦᠯᠢᠶᠡᠨ ᠠᠪᠤᠭᠴᠢᠳ᠎ᠤᠨ ᠣᠨᠴᠠᠯᠢᠭᠲᠤ ᠴᠢᠭᠯᠡᠭᠦᠯᠦᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠤᠨ ᠮᠡᠳᠡᠭᠡᠯᠡᠬᠦ ᠠᠵᠢᠯᠯᠠᠭ᠎ᠠ ᠵᠢ ᠣᠯᠠᠨ ᠠᠷᠭ᠎ᠠ ᠵᠠᠮ᠂ ᠪᠦᠬᠦ ᠲᠠᠯ᠎ᠠ᠎ᠪᠠᠷ ᠥᠷᠨᠢᠭᠦᠯᠬᠦ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠳᠤᠮᠳᠠᠳᠤ ᠤᠯᠤᠰ᠎ᠤᠨ ᠤᠯᠠᠮᠵᠢᠯᠠᠯᠲᠤ ᠲᠣᠰᠬᠣᠨ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠲᠡᠦᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭ᠋ᠠᠰᠤ ᠨᠡᠷᠡᠲᠦ ᠲᠣᠰᠬᠣᠨ᠂ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠨᠡᠷᠡᠲᠦ ᠬᠥᠮᠦᠰ᠎ᠤᠨ ᠬᠠᠭᠤᠴᠢᠨ ᠣᠷᠣᠨ ᠰᠠᠭᠤᠴᠠ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠤᠯᠠᠮᠵᠢᠯᠠᠯᠲᠤ ᠠᠷᠠᠳ᠎ᠤᠨ ᠣᠷᠣᠨ ᠰᠠᠭᠤᠴᠠ᠂ ᠲᠡᠦᠬᠡ ᠵᠢᠨ ᠪᠠᠷᠢᠯᠭ᠎ᠠ᠂ ᠲᠠᠷᠢᠶᠠᠯᠠᠩ ᠮᠠᠯ ᠠᠵᠤ ᠠᠬᠤᠶ ᠵᠢᠨ ᠰᠣᠶᠣᠯ᠎ᠤᠨ ᠥᠪ᠂ ᠠᠵᠤ ᠦᠢ᠍ᠯᠡᠳᠪᠦᠷᠢ ᠵᠢᠨ ᠥᠪ ᠬᠥᠷᠥᠩᠭᠡ᠂ ᠪᠠᠶ᠋ᠢᠭ᠋ᠠᠯᠢ ᠵᠢᠨ ᠥᠪ᠎ᠤᠨ ᠬᠠᠮᠠᠭ᠋ᠠᠯᠠᠯᠲᠠ ᠵᠢ ᠰᠠᠶ᠋ᠢᠲᠤᠷ ᠬᠢᠨ᠎ᠡ᠃
ᠬᠣᠷᠢᠨ ᠭᠤᠷᠪᠠᠳᠤᠭ᠋ᠠᠷ ᠵᠦᠢ᠍ᠯ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠡᠯ᠎ᠡ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠵᠠᠩ ᠳᠠᠳᠬᠠᠯ᠂ ᠤᠯᠠᠮᠵᠢᠯᠠᠯᠲᠤ ᠪᠠᠶᠠᠷ᠂ ᠤᠯᠠᠮᠵᠢᠯᠠᠯᠲᠤ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠢ ᠳᠡᠮᠵᠢᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠠᠯᠭ᠋ᠠᠮᠵᠢᠯᠠᠬᠤ ᠳᠤᠮᠳᠠ ᠬᠥᠭᠵᠢᠭᠦᠯᠬᠦ ᠵᠢ ᠠᠬᠢᠭᠤᠯᠵᠤ᠂ ᠬᠥᠭᠵᠢᠭᠦᠯᠬᠦ ᠳᠤᠮᠳᠠ ᠵᠠᠯᠭ᠋ᠠᠮᠵᠢᠯᠠᠵᠤ᠂ ᠡᠯ᠎ᠡ ᠦᠨᠳᠦᠰᠦᠲᠡᠨ᠎ᠤ ᠰᠣᠶᠣᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠵᠢ ᠡᠭᠦᠳᠴᠦ ᠠᠭᠤᠰᠤᠯᠴᠠᠬᠤ ᠵᠢ ᠠᠬᠢᠭᠤᠯᠤᠨ᠎ᠠ᠃
ᠬᠣᠷᠢᠨ ᠳᠥᠷᠪᠡᠳᠦᠭᠡᠷ ᠵᠦᠢ᠍ᠯ ᠥᠪᠥᠷ ᠮᠣᠩᠭᠣᠯ᠎ᠤᠨ ᠰᠢᠯᠢᠳᠡᠭ ᠤᠳᠬ᠎ᠠ ᠵᠣᠬᠢᠶᠠᠯ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂ ᠰᠢ ᠵᠦᠴᠦᠭᠡ᠂ ᠤᠯᠠᠮᠵᠢᠯᠠᠯᠲᠤ ᠵᠦᠴᠦᠭᠡ ᠵᠢᠨ ᠭᠠᠷᠴᠠᠭ ᠵᠡᠷᠭᠡ ᠵᠢ ᠠᠭᠤᠳᠠᠯᠤᠨ ᠡᠮᠬᠢᠳᠬᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠨᠣᠮ ᠪᠢᠴᠢᠭ᠎ᠢ ᠬᠠᠮᠠᠭ᠋ᠠᠯᠠᠬᠤ᠂ ᠰᠤᠳᠤᠯᠬᠤ᠂ ᠠᠰᠢᠭᠯᠠᠬᠤ ᠵᠢ ᠴᠢᠩᠭ᠋ᠠᠳᠬᠠᠨ᠂ ᠡᠭᠦᠨ᠎ᠳᠤ ᠠᠭᠤᠯᠤᠭᠳᠠᠵᠤ ᠪᠠᠶ᠋ᠢᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠪᠠᠳᠠᠷᠠᠭᠤᠯᠤᠨ᠂ ᠡᠯ᠎ᠡ ᠦᠨᠳᠦᠰᠦᠲᠡᠨ᠎ᠤ ᠰᠣᠩᠭᠣᠳᠠᠭ ᠲᠤᠯᠭᠤᠷ ᠪᠢᠴᠢᠭ᠎ᠢ ᠬᠠᠷᠢᠯᠴᠠᠨ ᠣᠷᠴᠢᠭᠤᠯᠵᠤ ᠬᠡᠪᠯᠡᠭᠦᠯᠬᠦ ᠠᠵᠢᠯ᠎ᠢ ᠰᠠᠶ᠋ᠢᠲᠤᠷ ᠬᠢᠨ᠎ᠡ᠃
ᠬᠣᠷᠢᠨ ᠲᠠᠪᠤᠳᠤᠭ᠋ᠠᠷ ᠵᠦᠢ᠍ᠯ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠬᠥᠭᠵᠢᠭᠦᠯᠵᠦ᠂ ᠨᠠᠭ᠋ᠠᠳᠤᠮ ᠵᠡᠷᠭᠡ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ᠎ᠢ ᠰᠠᠶ᠋ᠢᠲᠤᠷ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠥᠷᠪᠡᠨ ᠵᠢᠯ᠎ᠳᠤ ᠨᠢᠭᠡ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠵᠦ᠂ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠠᠵᠢᠯᠯᠠᠭ᠎ᠠ ᠪᠣᠯᠤᠨ ᠤᠷᠤᠯᠳᠤᠭ᠋ᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠬᠦ ᠬᠡᠷᠡᠭᠲᠡᠶ᠃
ᠬᠤᠷᠢᠨ ᠵᠢᠷᠭᠤᠳᠤᠭ᠋ᠠᠷ ᠵᠣᠷᠪᠤᠰ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠥᠪᠥᠷ ᠮᠣᠩᠭᠤᠯ᠎ᠤᠨ ᠡᠯᠪᠡᠭ ᠪᠠᠶᠠᠯᠢᠭ ᠲᠡᠤᠬᠡ ᠰᠣᠶᠣᠯ᠎ᠤᠨ ᠡᠬᠢ ᠪᠠᠶᠠᠯᠢᠭ᠂ ᠥᠪᠡᠷᠮᠢᠴᠡ ᠣᠨᠴᠠᠯᠢᠭ᠎ᠲᠠᠢ ᠦᠨᠳᠦᠰᠦᠲᠡᠨ᠎ᠤ ᠵᠠᠩ ᠦᠢ᠍ᠯᠡ ᠵᠢ ᠭᠦᠢ᠍ᠴᠡᠳ ᠠᠰᠢᠭᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠶ᠋ᠢᠲᠤᠷ ᠶᠠᠷᠢᠵᠤ᠂ ᠰᠣᠳᠣᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ ᠵᠢᠭᠤᠯᠴᠢᠯᠠᠯ᠎ᠤᠨ ᠵᠠᠮ ᠱᠤᠭᠤᠮ᠎ᠢ ᠪᠣᠶ ᠪᠣᠯᠭ᠋ᠠᠨ᠎ᠠ᠃
ᠭᠤᠷᠪᠠᠳᠤᠭ᠋ᠠᠷ ᠪᠦᠯᠦᠭ ᠦᠨᠳᠦᠰᠦᠲᠡᠨ ᠨᠦᠭᠦᠳ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠤᠨ᠎ᠠ
ᠬᠤᠷᠢᠨ ᠳᠣᠯᠣᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢᠨ ᠲᠣᠭᠤᠷᠢᠨ᠎ᠳᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ ᠵᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠨ ᠠᠭᠤᠰᠤᠯᠴᠠᠵᠤ᠂ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠨᠠᠩ ᠴᠢᠨᠠᠷ ᠰᠠᠶ᠋ᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ ᠬᠥᠭᠵᠢᠯᠲᠡ ᠵᠢ ᠪᠡᠶᠡᠯᠡᠭᠦᠯᠦᠨ᠎ᠡ᠃
ᠬᠤᠷᠢᠨ ᠨᠠᠢ᠍ᠮᠠᠳᠤᠭ᠋ᠠᠷ ᠵᠦᠢ᠍ᠯ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠣᠷᠣᠰ ᠮᠣᠩᠭᠤᠯ᠎ᠲᠠᠢ ᠬᠤᠯᠪᠣᠯᠳᠤᠭᠰᠠᠨ ᠣᠷᠣᠨ ᠪᠠᠶ᠋ᠢᠷᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠤᠨ ᠲᠤᠬᠢᠷᠠᠭᠤᠯᠤᠯᠳᠠ ᠪᠠ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠢ ᠵᠢᠨ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠡᠭᠦᠨ᠂ ᠳᠤᠮᠳᠠ᠂ ᠪᠠᠷᠠᠭᠤᠨ ᠣᠷᠣᠨ᠎ᠤ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃
ᠬᠤᠷᠢ ᠶᠢᠰᠦᠳᠦᠭᠡᠷ ᠵᠦᠢ᠍ᠯ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠭᠤᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠭᠤᠭᠴᠤᠭ᠎ᠠ ᠵᠢᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ᠎ᠤ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠶ᠋ᠢᠲᠠᠢ ᠥᠨᠳᠥᠷ ᠦᠷ᠎ᠡ ᠠᠰᠢᠭᠲᠠᠢ᠂ ᠬᠥᠳᠡᠭᠡ ᠲᠣᠰᠬᠤᠨ᠎ᠤ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ᠎ᠤ ᠪᠠᠶᠠᠨ ᠴᠢᠨᠡᠭᠡᠯᠢᠭ ᠪᠠᠶ᠋ᠢᠬᠤ ᠵᠢ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠮᠠᠯᠵᠢᠬᠤ ᠤᠷᠤᠨ᠎ᠤ ᠰᠠᠭᠤᠷᠢ ᠪᠡᠯᠡᠳᠬᠡᠮᠵᠢ ᠵᠢᠨ ᠪᠦᠳᠦᠬᠡᠨ ᠪᠠᠶ᠋ᠢᠭᠤᠯᠤᠯᠳᠠ ᠪᠠ ᠤᠯᠠᠨ ᠨᠡᠶ᠋ᠢᠳᠡ ᠵᠢᠨ ᠦᠢ᠍ᠯᠡᠴᠢᠯᠡᠭᠡ ᠵᠢ ᠴᠢᠩᠭ᠋ᠠᠳᠬᠠᠵᠦ᠂ ᠬᠦᠳᠡᠭᠡ ᠲᠤᠰᠬᠤᠨ ᠮᠠᠯᠵᠢᠬᠤ ᠤᠷᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠳᠤᠯᠠᠬᠤ ᠪᠠ ᠵᠠᠮ ᠨᠡᠪᠳᠡᠷᠡᠯᠭᠡ ᠵᠢᠨ ᠰᠠᠭ᠋ᠠᠳ ᠦᠬᠡᠢ ᠨᠡᠪᠳᠡᠷᠡᠬᠦ ᠵᠢ ᠲᠡᠬᠡᠭᠰᠢᠯᠡᠬᠦᠯᠦᠨ᠂ ᠬᠦᠳᠡᠭᠡ ᠲᠤᠰᠬᠤᠨ ᠮᠠᠯᠵᠢᠬᠤ ᠤᠷᠤᠨ᠎ᠤ ᠪᠠᠷᠠᠭ᠋ᠠᠨ᠎ᠤ ᠭᠦᠢ᠍ᠯᠬᠡᠬᠡᠨ᠎ᠤ ᠰᠢᠰᠲ᠋ᠧᠮᠵᠢ ᠵᠢ ᠪᠦᠷᠢᠨᠰᠢᠬᠦᠯᠵᠦ᠂ ᠲᠠᠷᠢᠶᠠᠯᠠᠩ᠎ᠤᠨ ᠤᠯᠠᠨ ᠡᠬᠢᠳᠤ ᠪᠤᠬᠢᠷᠳᠤᠯ᠎ᠢ ᠰᠡᠷᠬᠡᠶ᠋ᠢᠯᠡᠨ ᠵᠠᠰᠠᠬᠤ ᠵᠢ ᠠᠬᠢᠭᠤᠯᠤᠨ᠂ ᠰᠢᠨᠵᠢᠯᠡᠬᠦ ᠤᠬᠠᠭ᠋ᠠᠨ᠎ᠤ ᠮᠡᠳᠡᠯᠬᠡ ᠵᠢ ᠲᠦᠬᠡᠮᠡᠯᠵᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ᠎ᠤ ᠵᠤᠷᠯᠤᠩ᠎ᠢ ᠦᠬᠡᠷᠡᠴᠢᠯᠡᠬᠦ᠂ ᠠᠮᠢᠳᠤᠷᠠᠯ᠎ᠤᠨ ᠬᠤᠭ ᠨᠤᠪᠰᠢ ᠵᠢ ᠰᠶ᠋ᠢᠳᠪᠦᠷᠢᠯᠡᠬᠦ ᠪᠠ ᠪᠤᠬᠢᠷ ᠤᠰᠤ ᠵᠢ ᠵᠠᠰᠠᠬᠤ ᠵᠢ ᠭᠠᠵᠠᠷ ᠤᠷᠤᠨ᠎ᠤ ᠪᠠᠶ᠋ᠢᠳᠠᠯ᠎ᠳᠤᠨᠢ ᠲᠤᠬᠢᠷᠠᠭᠤᠯᠵᠦ ᠠᠬᠢᠭᠤᠯᠤᠨ᠂ ᠤᠷᠤᠰᠢᠨ ᠠᠮᠢᠳᠤᠷᠠᠬᠤ ᠤᠷᠴᠢᠨ ᠨᠦᠭᠦᠴᠡᠯ᠎ᠢ ᠰᠠᠶ᠋ᠢᠵᠢᠷᠠᠭᠤᠯᠵᠦ᠂ ᠠᠮᠤᠷ ᠠᠮᠤᠭᠤᠯᠠᠩ ᠭᠦᠳᠡᠭᠡ ᠲᠤᠰᠬᠤᠨ᠎ᠤ ᠪᠦᠳᠦᠬᠡᠨ ᠪᠠᠶ᠋ᠢᠭᠤᠯᠤᠯᠳᠠ ᠵᠢ ᠠᠬᠢᠭᠤᠯᠤᠨ᠂ ᠭᠦᠳᠡᠭᠡ ᠲᠤᠰᠬᠤᠨ᠎ᠢ ᠵᠠᠰᠠᠬᠤ ᠠᠷᠭ᠎ᠠ ᠮᠠᠶᠢᠭ᠎ᠲᠤ ᠰᠢᠨ᠎ᠠ ᠵᠢ ᠡᠭᠦᠳᠴᠤ᠂ ᠭᠦᠳᠡᠭᠡ ᠲᠤᠰᠬᠤᠨ᠎ᠢ ᠴᠢᠳᠠᠮᠠᠭ᠋ᠠᠢ ᠵᠠᠰᠠᠬᠤ ᠬᠢᠷᠢ ᠲᠦᠪᠰᠢᠨ᠎ᠢ ᠲᠡᠬᠡᠭᠰᠢᠯᠡᠬᠦᠯᠬᠦ ᠬᠡᠷᠡᠭᠳᠡᠢ᠃
ᠭᠤᠴᠢᠳᠤᠭ᠋ᠠᠷ ᠵᠦᠢ᠍ᠯ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ᠎ᠤ ᠣᠷᠣᠯᠭ᠎ᠠ ᠪᠠᠭ᠋ᠠᠲᠠᠶ ᠬᠥᠮᠦᠨ ᠠᠮᠠ ᠪᠠ ᠬᠥᠭᠵᠢᠭᠡᠳᠦᠶ ᠭᠠᠵᠠᠷ ᠣᠷᠣᠨ᠎ᠢ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠦᠨ᠂ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠦᠨ᠎ᠡ᠃
ᠰᠢᠶᠠᠨ᠎ᠤ ᠬᠡᠪᠴᠢᠶᠡᠨ᠎ᠤ ᠠᠵᠤ ᠠᠬᠤᠢ ᠵᠢ ᠬᠥᠭᠵᠢᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠬᠥᠳᠡᠭᠡ ᠲᠣᠰᠬᠤᠨ᠎ᠤ ᠠᠵᠤ ᠠᠬᠤᠢ ᠵᠢᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠠᠶᠠᠯᠢᠭᠵᠢᠭᠤᠯᠵᠤ᠂ ᠳᠣᠲᠣᠭ᠋ᠠᠳᠤ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠷᠳᠤ ᠬᠤᠭᠤᠴᠠᠭ᠎ᠠ᠎ᠪᠠᠷ ᠲᠣᠭᠲᠠᠭᠤᠨ ᠵᠶ᠋ᠠᠷ ᠣᠷᠣᠯᠭ᠎ᠠ᠎ᠪᠠᠨ ᠨᠡᠮᠡᠭᠳᠡᠭᠦᠯᠬᠦ ᠵᠢ ᠪᠠᠲᠤᠯᠠᠵᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠪᠦᠬᠦ ᠲᠠᠯ᠎ᠠ᠎ᠪᠠᠷ ᠬᠥᠭᠵᠢᠨ ᠴᠡᠴᠡᠭᠯᠡᠬᠦ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠤᠨ᠎ᠠ᠃
ᠭᠤᠴᠢᠨ ᠨᠢᠭᠡᠳᠦᠭᠡᠷ ᠵᠦᠢ᠍ᠯ ᠬᠢᠯᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ ᠵᠢ ᠲᠦᠯᠬᠢᠨ ᠠᠬᠢᠭᠤᠯᠵᠤ᠂ ᠡᠳ᠋᠎ᠤᠨ ᠵᠠᠰᠠᠭ᠂ ᠭᠠᠶ᠋ᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠭᠠᠵᠠᠷ ᠬᠡᠷᠡᠭᠯᠡᠬᠦ ᠵᠡᠷᠭᠡ ᠲᠥᠷᠥ ᠵᠢᠨ ᠪᠣᠳᠣᠯᠭ᠎ᠠ ᠵᠢ ᠭᠦᠢ᠍ᠴᠡᠳ ᠠᠰᠢᠭᠯᠠᠨ᠂ ᠭᠠᠵᠠᠷ ᠣᠷᠣᠨ ᠪᠣᠯᠤᠨ ᠦᠨᠳᠦᠰᠦᠲᠡᠨ᠎ᠤ ᠣᠨᠴᠠᠯᠢᠭᠲᠤ ᠠᠵᠤ ᠦᠢ᠍ᠯᠡᠰ᠂ ᠦᠢ᠍ᠯᠡᠳᠪᠦᠷᠢᠯᠡᠵᠦ ᠡᠳ᠋ᠰᠢᠭᠦᠯᠬᠦ ᠠᠷᠠᠯᠵᠢᠶᠠᠨ᠎ᠤ ᠠᠵᠤ ᠠᠬᠤᠶ᠋ᠢᠯᠠᠯ᠂ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠬᠤ ᠵᠢ ᠳᠡᠮᠵᠢᠵᠦ᠂ ᠣᠷᠣᠨ ᠨᠤᠲᠤᠭ ᠪᠣᠯᠤᠨ ᠦᠨᠳᠦᠰᠦᠲᠡᠨ᠎ᠤ ᠣᠨᠴᠠᠯᠢᠭ᠎ᠲᠠᠢ᠂ ᠵᠠᠬ᠎ᠠ ᠳᠡᠯᠭᠡᠭᠦᠷ᠎ᠲᠤ ᠥᠷᠢᠰᠥᠯᠳᠦᠬᠦ ᠴᠢᠳᠠᠯ᠎ᠲᠠᠢ ᠲᠦᠷᠦᠯ ᠲᠡᠮᠳᠡᠭ᠎ᠢ ᠪᠣᠶ ᠪᠣᠯᠭ᠋ᠠᠬᠤ ᠬᠡᠷᠡᠭᠲᠡᠶ᠃
ᠬᠢᠯᠢ ᠵᠢᠨ ᠣᠷᠣᠨ᠎ᠤ ᠬᠥᠭᠵᠢᠯᠲᠡ ᠵᠢ ᠠᠬᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠬᠢᠯᠢ ᠵᠢᠨ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠢᠯᠢ ᠬᠢᠵᠠᠭ᠋ᠠᠷ᠎ᠢ ᠰᠠᠬᠢᠵᠤ ᠬᠢᠯᠢ ᠬᠢᠵᠠᠭ᠋ᠠᠷ ᠵᠶ᠋ᠠᠨ ᠪᠠᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠢᠯᠢ ᠬᠢᠵᠠᠭ᠋ᠠᠷ ᠣᠷᠣᠨ᠎ᠳᠤ ᠬᠦᠷᠬᠦ ᠬᠣᠲᠠ ᠪᠠᠯᠭ᠋ᠠᠰᠤ ᠵᠢᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠪᠣᠯᠤᠨ ᠠᠵᠤ ᠦᠢ᠍ᠯᠡᠰ᠎ᠤᠨ ᠲᠠᠪᠴᠠᠩ᠎ᠤᠨ ᠪᠡᠯᠡᠳᠬᠡᠮᠵᠢ ᠵᠢ ᠲᠡᠭᠦᠯᠳᠡᠷᠵᠢᠭᠦᠯᠦᠨ᠎ᠡ᠃
ᠭᠤᠴᠢᠨ ᠬᠣᠶᠠᠳᠤᠭ᠋ᠠᠷ ᠵᠦᠢ᠍ᠯ ᠠᠵᠤ ᠠᠬᠤᠶ ᠵᠢᠨ ᠨᠥᠬᠥᠪᠥᠷᠢ ᠥᠭᠬᠦ᠂ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠡᠬᠢ ᠪᠠᠶᠠᠯᠢᠭ᠎ᠢ ᠬᠠᠷᠠᠭ᠋ᠠᠯᠵᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠬᠥᠮᠦᠨ ᠠᠮᠠ ᠨᠡᠯᠢᠶᠡᠳ ᠴᠥᠭᠡᠨ ᠦᠨᠳᠦᠰᠦᠲᠡᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠦ᠂ ᠬᠥᠮᠦᠨ ᠠᠮᠠ ᠨᠡᠯᠢᠶᠡᠳ ᠴᠥᠭᠡᠨ ᠦᠨᠳᠦᠰᠦᠲᠡᠨ᠎ᠤ ᠣᠨᠴᠠᠯᠢᠭ᠎ᠲᠠᠢ ᠲᠣᠰᠬᠣᠨ ᠪᠠᠯᠭ᠋ᠠᠰᠤ ᠵᠢ ᠬᠠᠮᠠᠭ᠋ᠠᠯᠠᠨ ᠬᠥᠭᠵᠢᠭᠦᠯᠵᠦ᠂ ᠬᠥᠮᠦᠨ ᠠᠮᠠ ᠨᠡᠯᠢᠶᠡᠳ ᠴᠥᠭᠡᠨ ᠦᠨᠳᠦᠰᠦᠲᠡᠨ᠎ᠤ ᠤᠯᠠᠮᠵᠢᠯᠠᠯᠲᠤ ᠠᠵᠤ ᠦᠢ᠍ᠯᠡᠰ᠎ᠢ ᠬᠠᠮᠠᠭ᠋ᠠᠯᠠᠨ ᠤᠯᠠᠮᠵᠢᠯᠠᠨ᠎ᠠ᠃
ᠭᠤᠴᠢᠨ ᠭᠤᠷᠪᠠᠳᠤᠭ᠋ᠠᠷ ᠵᠦᠢ᠍ᠯ ᠤᠯᠤᠰ᠎ᠤᠨ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠠᠬᠤ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠴᠢᠬᠤᠯᠠ ᠶᠡᠬᠡ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠵᠠᠰᠠᠮᠠᠯ ᠵᠠᠮ᠂ ᠲᠡᠮᠦᠷ ᠵᠠᠮ᠂ ᠠᠭ᠋ᠠᠷ᠎ᠤᠨ ᠠᠶᠠᠯᠠᠯ ᠵᠶ᠋ᠠᠷ ᠭᠣᠤᠯ ᠴᠣᠭᠴᠠ ᠪᠣᠯᠭ᠋ᠠᠭᠰᠠᠨ ᠶᠡᠷᠦᠩᠬᠡᠶ᠋ᠢᠯᠡᠭᠰᠡᠨ ᠪᠡᠶᠡᠲᠦ ᠵᠠᠮ ᠬᠠᠷᠢᠯᠴᠠᠭ᠋ᠠᠨ᠎ᠤ ᠲᠣᠤᠷ ᠰᠦᠯᠵᠢᠶ᠎ᠡ ᠵᠢ ᠲᠦᠷᠭᠡᠳᠬᠡᠨ ᠪᠣᠶ ᠪᠣᠯᠭ᠋ᠠᠵᠤ᠂ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠤᠨ᠎ᠠ᠃
ᠬᠣᠲᠠ ᠬᠥᠳᠡᠭᠡ ᠵᠢ ᠬᠠᠮᠤᠷᠤᠭᠰᠠᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠲᠡᠩᠴᠡᠭᠦᠷᠢᠰᠢᠭᠦᠯᠬᠦ᠂ ᠲᠣᠬᠢᠷᠠᠬᠤ ᠴᠢᠨᠠᠷ᠂ ᠪᠣᠯᠤᠮᠵᠢᠲᠤ ᠴᠢᠨᠠᠷ᠎ᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠵᠢᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠨᠢᠭᠡ ᠴᠤᠭᠴᠠᠵᠢᠭᠤᠯᠤᠭᠰᠠᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠂ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠨ ᠳᠣᠷᠣᠭᠰᠢ ᠪᠠᠭᠤᠯᠭ᠋ᠠᠬᠤ ᠢᠨᠵᠧᠨᠧᠷᠢᠩ᠎ᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠬᠤᠲᠠ ᠬᠥᠳᠡᠭᠡ ᠵᠢᠨ ᠨᠡᠶ᠋ᠢᠭᠡᠮ ᠲᠣᠭᠤᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠪᠡᠯᠡᠳᠬᠡᠮᠵᠢ᠂ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠪᠠ ᠬᠡᠤᠬᠡᠳ᠎ᠤᠨ ᠠᠰᠠᠷᠠᠮᠵᠢ ᠵᠢᠨ ᠪᠡᠯᠡᠳᠬᠡᠮᠵᠢ ᠵᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶ᠋ᠢᠭᠤᠯᠤᠨ᠎ᠠ᠃
ᠦᠨᠳᠦᠰᠦᠲᠡᠨ᠎ᠤ ᠤᠯᠠᠮᠵᠢᠯᠠᠯᠲᠤ ᠡᠮ ᠡᠮᠨᠡᠯᠭᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠨᠡᠭᠡᠭᠡᠨ ᠠᠰᠢᠭᠯᠠᠬᠤ ᠵᠢ ᠴᠢᠩᠭ᠋ᠠᠳᠬᠠᠨ᠂ ᠦᠨᠳᠦᠰᠦᠲᠡᠨ᠎ᠤ ᠡᠮ ᠡᠮᠨᠡᠯᠭᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠰᠢᠨ᠎ᠡ ᠵᠢ ᠡᠭᠦᠳᠦᠨ ᠬᠥᠭᠵᠢᠬᠦ ᠪᠠ ᠳᠡᠯᠭᠡᠷᠡᠭᠦᠯᠦᠨ ᠬᠡᠷᠡᠭᠯᠡᠬᠦ ᠵᠢ ᠳᠡᠮᠵᠢᠨ᠎ᠡ᠃
ᠭᠤᠴᠢᠨ ᠳᠥᠷᠪᠡᠳᠦᠭᠡᠷ ᠵᠦᠢ᠍ᠯ ᠠᠵᠢᠯ ᠣᠯᠭᠤᠬᠤ ᠴᠢᠳᠠᠪᠤᠷᠢ ᠵᠢ ᠶᠡᠭᠡ᠎ᠪᠠᠷ ᠪᠤᠶ᠋ᠢᠵᠢᠭᠤᠯᠤᠨ ᠳᠡᠭᠡᠭᠰᠢᠯᠡᠭᠦᠯᠵᠦ᠂ ᠤᠯᠠᠨ ᠠᠷᠭ᠎ᠠ ᠵᠠᠮ ᠵᠶ᠋ᠠᠷ ᠵᠠᠬ᠎ᠠ ᠳᠡᠯᠭᠡᠭᠦᠷ᠎ᠲᠤ ᠠᠵᠢᠯ ᠣᠯᠭᠤᠬᠤ ᠵᠢ ᠠᠬᠢᠭᠤᠯᠵᠤ᠂ ᠤᠷ᠎ᠠ ᠴᠢᠳᠠᠪᠤᠷᠢ ᠵᠢᠨ ᠪᠣᠯᠪᠠᠰᠤᠷᠠᠯ ᠵᠶ᠋ᠠᠷ ᠳᠠᠮᠵᠢᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠢᠯᠠᠩᠭᠤᠶ᠎ᠠ ᠮᠠᠯᠴᠢᠨ ᠲᠠᠷᠢᠶᠠᠴᠢᠨ᠎ᠤ ᠠᠵᠢᠯ ᠤᠯᠬᠤ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠠᠵᠤ ᠠᠬᠤᠶ᠋ᠢᠯᠠᠯ᠎ᠤᠨ ᠲᠤᠬᠠᠢ ᠵᠢᠨ ᠭᠠᠵᠠᠷ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠰᠢᠩᠭᠡᠭᠡᠨ ᠠᠪᠴᠤ ᠠᠵᠢᠯ ᠣᠯᠭᠤᠬᠤ ᠵᠢ ᠵᠣᠷᠢᠭᠵᠢᠭᠤᠯᠤᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤᠷᠠᠨ ᠦᠢ᠍ᠯᠡᠰ ᠪᠣᠰᠬᠠᠬᠤ ᠵᠢ ᠵᠣᠷᠢᠭᠵᠢᠭᠤᠯᠤᠨ᠎ᠠ᠃
ᠨᠥᠬᠥᠴᠡᠯ ᠪᠦᠷᠢᠯᠳᠦᠭᠦᠯᠵᠦ ᠪᠠᠶ᠋ᠢᠭ᠋ᠠᠳ ᠦᠨᠳᠦᠰᠦᠲᠡᠨ᠎ᠨᠦᠭᠦᠳ᠎ᠤᠨ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠨᠣᠷᠮ᠎ᠠ ᠵᠢ ᠳᠡᠭᠡᠭᠰᠢᠯᠡᠭᠦᠯᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠷᠬᠡ ᠲᠡᠭᠰᠢ᠎ᠪᠠᠷ ᠠᠵᠢᠯ ᠣᠯᠵᠤ᠂ ᠭᠦᠢ᠍ᠴᠡᠳ ᠠᠵᠢᠯ ᠣᠯᠬᠤ ᠵᠢ ᠠᠬᠢᠭᠤᠯᠤᠨ᠎ᠠ᠃
ᠭᠤᠴᠢᠨ ᠲᠠᠪᠤᠳᠤᠭ᠋ᠠᠷ ᠵᠦᠢ᠍ᠯ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠂ ᠤᠢ ᠰᠢᠭᠤᠢ ᠵᠢᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠵᠢ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠶᠠᠨᠳᠠᠭ᠋ᠠᠨ ᠰᠡᠷᠭᠦᠭᠡᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠠᠮᠢ ᠠᠬᠤᠢ ᠵᠢᠨ ᠰᠢᠰᠲ᠋ᠧᠮ᠎ᠤᠨ ᠳᠣᠲᠣᠭ᠋ᠠᠳᠤ ᠵᠢᠨ ᠵᠢᠮ᠎ᠡ ᠶᠣᠰᠣ ᠵᠢ ᠵᠢᠷᠤᠮᠯᠠᠵᠤ᠂ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠪᠠ ᠬᠡᠷᠡᠭᠵᠢᠭᠦᠯᠵᠦ᠂ ᠤᠯᠠᠨ ᠡᠰᠢᠴᠢᠯᠡᠭᠰᠡᠨ ᠠᠮᠢ ᠠᠬᠤᠢ ᠵᠢᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠎ᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃
ᠤᠯᠤᠰ᠎ᠤᠨ ᠡᠬᠢ ᠪᠠᠶᠠᠯᠢᠭ᠎ᠢ ᠦᠨ᠎ᠡ ᠲᠥᠯᠥᠪᠦᠷᠢ᠎ᠲᠠᠢ ᠬᠡᠷᠡᠭᠯᠡᠬᠦ ᠳᠦᠷᠢᠮ᠎ᠢ ᠨᠠᠶ᠋ᠢᠳᠠᠪᠤᠷᠢᠵᠢᠭᠤᠯᠤᠨ᠂ ᠠᠮᠢ ᠠᠬᠤᠶ ᠵᠢᠨ ᠡᠬᠢ ᠪᠠᠶᠠᠯᠢᠭ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠵᠤ᠂ ᠡᠬᠢ ᠪᠠᠶᠠᠯᠢᠭ᠎ᠢ ᠨᠡᠭᠡᠭᠡᠨ ᠠᠰᠢᠭᠯᠠᠵᠤ ᠪᠠᠶ᠋ᠢᠭ᠋ᠠᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠡᠩ ᠢᠯᠡᠭᠦᠦ ᠠᠰᠢᠭ ᠬᠦᠷᠲᠡᠭᠡᠬᠦ ᠵᠢ ᠠᠬᠢᠭᠤᠯᠤᠨ᠎ᠠ᠃
ᠳᠥᠷᠪᠡᠳᠦᠭᠡᠷ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ
ᠭᠤᠴᠢᠨ ᠵᠢᠷᠭᠤᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠡᠩ᠎ᠤᠨ ᠴᠠᠭ᠎ᠲᠤ ᠰᠡᠳᠬᠢᠯ ᠵᠢᠷᠦᠬᠡ᠎ᠪᠠᠨ ᠬᠤᠯᠪᠣᠬᠤ᠂ ᠰᠡᠳᠬᠢᠯ ᠰᠠᠨᠠᠭ᠎ᠠ᠎ᠪᠠᠨ ᠰᠣᠯᠢᠯᠴᠠᠬᠤ᠂ ᠦᠢ᠍ᠯᠡ ᠠᠵᠢᠯᠯᠠᠭ᠎ᠠ᠎ᠪᠠᠷ ᠵᠶ᠋ᠠᠨ ᠭᠤᠣᠯᠳᠠᠯᠭ᠎ᠠ ᠪᠣᠯᠭ᠋ᠠᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠬᠥᠮᠦᠨ᠎ᠤ ᠰᠣᠶᠣᠯ᠎ᠢ ᠦᠨᠳᠦᠰᠦᠯᠡᠬᠦ᠂ ᠪᠣᠳᠠᠲᠤ ᠴᠣᠭᠴᠠᠴᠢᠯᠠᠬᠤ᠂ ᠣᠯᠠᠨ ᠲᠦᠮᠡᠨᠴᠢᠯᠡᠬᠦ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠶ ᠪᠥᠭᠡᠳ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ᠎ᠤᠨ ᠭᠦᠨᠳᠤ ᠦᠨᠳᠦᠰᠦᠯᠡᠭᠦᠯᠦᠨ᠎ᠡ᠃
ᠭᠤᠴᠢᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠲᠥᠯᠥᠪᠵᠢᠭᠦᠯᠭᠡ ᠲᠣᠭᠲᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠪᠠᠢ᠌ᠭᠤᠯᠭ᠎ᠠ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠂ ᠰᠤᠮᠤ ᠰᠢᠶᠠᠩ ᠪᠠᠯᠭ᠋ᠠᠰᠤ᠂ ᠰᠤᠷᠭ᠋ᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠂ ᠲᠣᠤᠷ ᠰᠦᠯᠵᠢᠶᠡᠨ᠎ᠳᠤ ᠣᠷᠣᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠦᠢ᠍ᠯ ᠲᠦᠷᠦ ᠵᠢᠨ ᠪᠠᠶ᠋ᠢᠭᠤᠯᠭ᠎ᠠ᠎ᠨᠢ ᠨᠠᠮ᠎ᠤᠨ ᠦᠨᠳᠦᠰᠦᠳᠡᠨ᠎ᠤ ᠲᠦᠷᠦ ᠵᠢᠨ ᠪᠤᠳᠤᠯᠭ᠎ᠠ ᠪᠠ ᠦᠨᠳᠦᠰᠦᠨ ᠬᠠᠤᠯᠢ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠢ ᠲᠤᠭᠤᠰᠢᠯᠠᠭᠤᠯᠬᠤ ᠭᠦᠢ᠍ᠴᠡᠳᠭᠡᠬᠦ ᠴᠢᠳᠠᠪᠤᠷᠢ᠎ᠪᠠᠨ ᠲᠡᠭᠡᠭᠰᠢᠯᠡᠭᠦᠯᠦᠨ᠂ ᠦᠨᠳᠦᠰᠦᠳᠡᠨ᠎ᠤ ᠬᠡᠷᠡᠭ ᠶᠠᠪᠤᠳᠠᠯ᠎ᠢ ᠬᠠᠤᠯᠢ ᠶᠤᠰᠤᠭ᠋ᠠᠷ ᠵᠠᠰᠠᠬᠤ ᠴᠢᠳᠠᠪᠤᠷᠢ᠎ᠪᠠᠨ ᠲᠡᠭᠡᠭᠰᠢᠯᠡᠭᠦᠯᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠤᠨ ᠲᠤᠮᠳᠠ ᠲᠤᠤᠷᠠᠬᠢ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠤᠯᠤᠰ ᠲᠦᠷᠦ ᠵᠢᠨ ᠵᠣᠭᠰᠣᠯᠲᠠ᠎ᠪᠠᠨ ᠪᠠᠲᠤᠳᠬᠠᠵᠤ᠂ ᠶᠡᠭᠡ ᠲᠠᠯ᠎ᠠ᠎ᠠᠴᠠ ᠦᠨᠳᠦᠰᠦᠲᠡᠨ᠎ᠤ ᠠᠵᠢᠯ᠎ᠢ ᠲᠥᠯᠥᠪᠵᠢᠭᠦᠯᠦᠨ ᠠᠬᠢᠭᠤᠯᠵᠤ᠂ ᠲᠦᠷᠦ ᠵᠢᠨ ᠪᠤᠳᠤᠯᠭ᠎ᠠ ᠲᠣᠭᠲᠠᠭ᠋ᠠᠬᠤ ᠪᠤᠶᠤ ᠠᠵᠢᠯ ᠵᠶ᠋ᠠᠨ ᠥᠷᠨᠢᠭᠦᠯᠬᠦ᠎ᠳᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠪᠦᠬᠦ ᠲᠠᠯ᠎ᠠ᠎ᠪᠠᠷ ᠵᠥᠪ ᠣᠨᠣᠪᠴᠢᠲᠠᠢ ᠲᠤᠭᠤᠰᠢᠯᠠᠭᠤᠯᠤᠨ ᠬᠡᠷᠡᠭᠵᠢᠭᠦᠯᠬᠦ ᠵᠢ ᠪᠠᠲᠤᠯᠠᠬᠤ ᠬᠡᠷᠡᠭᠲᠡᠢ;
(ᠬᠤᠶᠠᠷ) ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠦᠷᠭᠡᠳᠭᠡᠨ᠂ ᠰᠠᠭᠤᠷᠢ ᠲᠥᠭᠥᠭᠡᠷᠦᠮᠵᠢ ᠪᠠ ᠠᠮᠢᠳᠤᠷᠠᠯ᠎ᠤᠨ ᠨᠥᠬᠥᠴᠡᠯ ᠵᠶ᠋ᠠᠨ ᠰᠠᠶ᠋ᠢᠵᠢᠷᠠᠭᠤᠯᠵᠤ᠂ ᠥᠪᠡᠷᠲᠡᠭᠡᠨ ᠵᠠᠰᠠᠬᠤ ᠣᠷᠤᠨ᠎ᠢ ᠪᠦᠬᠦ ᠤᠯᠤᠰ᠎ᠯᠤᠭ᠎ᠠ ᠵᠢᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠵᠡᠷᠭᠡ᠎ᠪᠡᠷ ᠪᠡᠶᠡᠯᠡᠭᠦᠯᠬᠦ ᠵᠢ ᠠᠬᠢᠭᠤᠯᠤᠨ᠎ᠠ;
(ᠭᠤᠷᠪᠠ) ᠠᠵᠢᠯ᠎ᠤᠨ ᠲᠤᠨᠨᠳᠠᠴᠠ ᠵᠢᠨ ᠰᠢᠨ᠎ᠠ ᠵᠢ ᠡᠭᠦᠳᠴᠤ᠂ ᠦᠨᠳᠦᠰᠦᠳᠡᠨ᠎ᠤ ᠪᠦᠯᠭᠦᠮᠳᠠᠯ ᠲᠠᠪᠰᠢᠯᠳᠠ ᠵᠢᠨ ᠭᠦᠮᠦᠵᠢᠯ᠎ᠤᠨ ᠰᠠᠭᠤᠷᠢᠨ ᠭᠠᠵᠠᠷ᠎ᠤᠨ ᠪᠦᠳᠦᠬᠡᠨ ᠪᠠᠶ᠋ᠢᠭᠤᠯᠤᠯᠳᠠ ᠵᠢ ᠠᠬᠢᠭᠤᠯᠤᠨ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠢ ᠵᠤᠬᠢᠶᠠᠨ ᠪᠠᠶ᠋ᠢᠭᠤᠯᠵᠦ ᠲᠦᠷᠦᠯ ᠬᠡᠯᠪᠡᠷᠢ᠎ᠪᠠᠷ ᠤᠯᠠᠨ ᠶᠠᠩᠵᠦ ᠵᠢᠨ ᠭᠤᠤᠯ ᠰᠡᠳᠦᠪᠳᠦ ᠭᠦᠮᠦᠵᠢᠯ ᠪᠠ ᠨᠡᠶ᠋ᠢᠬᠡᠮ᠎ᠤᠨ ᠦᠢ᠍ᠯᠡᠳᠦᠯᠬᠡ ᠵᠢᠨ ᠠᠵᠢᠯᠯᠠᠭ᠎ᠠ ᠵᠢ ᠦᠷᠨᠢᠬᠦᠯᠦᠨ᠂ ᠦᠨᠳᠦᠰᠦᠳᠡᠨ᠎ᠨᠦᠭᠦᠳ᠎ᠤᠨ ᠰᠤᠶᠤᠯ᠎ᠢ ᠠᠭᠤᠰᠤᠯᠴᠠᠭᠤᠯᠤᠨ ᠭᠦᠭᠵᠢᠬᠦᠯᠬᠦ ᠪᠠ ᠰᠢᠨ᠎ᠠ ᠵᠢ ᠡᠭᠦᠳᠬᠦ ᠵᠢ ᠠᠬᠢᠭᠤᠯᠤᠨ᠎ᠠ᠃
ᠲᠥᠷᠥ ᠵᠢᠨ ᠪᠠᠶ᠋ᠢᠭᠤᠯᠭ᠎ᠠ ᠵᠢᠨ ᠠᠵᠢᠯᠲᠠᠳ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠳᠤᠮᠳᠠ ᠵᠢᠱ᠌ᠢᠶᠡᠴᠢ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠲᠡᠶ᠃
ᠭᠤᠴᠢ ᠶᠢᠰᠦᠳᠦᠭᠡᠷ ᠵᠦᠢ᠍ᠯ ᠡᠯ᠎ᠡ ᠲᠥᠷᠥᠯ᠎ᠤᠨ ᠠᠵᠤ ᠠᠬᠤᠶ᠋ᠢᠯᠠᠯ᠎ᠢ ᠳᠠᠮᠵᠢᠵᠤ ᠪᠠᠶ᠋ᠢᠭ᠋ᠠᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠵᠤ ᠠᠬᠤᠶ᠋ᠢᠯᠠᠯ᠎ᠤᠨ ᠬᠠᠮᠢᠶᠠᠷᠤᠯᠲᠠ ᠪᠠ ᠠᠵᠤ ᠠᠬᠤᠶ᠋ᠢᠯᠠᠯ᠎ᠤᠨ ᠰᠣᠶᠣᠯ᠎ᠤᠨ ᠪᠠᠶ᠋ᠢᠭᠤᠯᠤᠯᠲᠠ᠎ᠳᠤ ᠠᠭᠤᠰᠬᠠᠨ ᠣᠷᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠬᠤ ᠠᠵᠢᠯ᠎ᠢ ᠦᠷᠨᠢᠭᠦᠯᠦᠨ᠂ ᠳᠣᠣᠷᠠᠬᠢ ᠮᠡᠲᠦ ᠨᠡᠶ᠋ᠢᠭᠡᠮ᠎ᠤᠨ ᠬᠠᠷᠢᠭᠤᠴᠠᠯᠭ᠎ᠠ ᠵᠢ ᠭᠦᠢ᠍ᠴᠡᠳᠭᠡᠨ᠎ᠡ᠄
(ᠨᠢᠭᠡ) ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ ᠣᠯᠭᠤᠯᠲᠠ ᠵᠢ ᠢᠳᠡᠪᠬᠢᠲᠡᠢ᠎ᠪᠠᠷ ᠬᠦᠯᠢᠶᠡᠨ ᠠᠪᠴᠤ᠂ ᠦᠨᠳᠦᠰᠦᠲᠡᠨ᠎ᠨᠦᠭᠦᠳ᠎ᠤᠨ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ;
(ᠬᠤᠶᠠᠷ) ᠠᠵᠤ ᠦᠢ᠍ᠯᠡᠰ ᠲᠣᠬᠢᠷᠠᠭᠤᠯᠬᠤ᠂ ᠨᠡᠶ᠋ᠢᠭᠡᠮ᠎ᠤᠨ ᠦᠢ᠍ᠯᠡᠴᠢᠯᠡᠭᠡ ᠥᠷᠨᠢᠭᠦᠯᠬᠦ᠎ᠳᠡᠭᠡᠨ ᠲᠤᠬᠠᠶ ᠵᠢᠨ ᠭᠠᠵᠠᠷ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠰᠢᠭ ᠲᠤᠰᠠ ᠵᠢ ᠭᠦᠢ᠍ᠴᠡᠳ ᠪᠣᠳᠣᠯᠬᠢᠯᠠᠬᠤ ᠬᠡᠷᠡᠭᠲᠡᠶ᠃
(ᠭᠤᠷᠪᠠ) ᠶᠠᠳᠠᠭᠤ ᠵᠢ ᠲᠡᠳᠭᠦᠨ ᠬᠦᠴᠢᠷᠳᠡᠯᠲᠡᠶ ᠵᠢ ᠲᠤᠰᠠᠯᠠᠬᠤ᠂ ᠡᠳ᠋ ᠮᠥᠩᠭᠥ᠎ᠪᠠᠷ ᠰᠤᠷᠤᠯᠭ᠎ᠠ ᠵᠢ ᠲᠡᠳᠬᠦᠬᠦ᠂ ᠬᠥᠭᠥᠷᠭᠡ ᠪᠠᠶ᠋ᠢᠭᠤᠯᠤᠨ ᠵᠠᠮ ᠵᠠᠰᠠᠬᠤ ᠵᠡᠷᠭᠡ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠥᠷᠨᠢᠭᠦᠯᠦᠨ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠤᠨ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠬᠡᠷᠡᠭᠲᠡᠶ᠃
ᠳᠥᠴᠢᠳᠦᠭᠡᠷ ᠵᠦᠢ᠍ᠯ ᠨᠡᠶ᠋ᠢᠭᠡᠮ ᠲᠣᠭᠤᠷᠢᠭ᠎ᠤᠨ ᠬᠠᠷᠢᠯᠴᠠᠨ ᠰᠢᠭᠢᠳᠬᠡᠭᠰᠡᠨ ᠮᠠᠶᠢᠭ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮᠵᠢ ᠵᠢᠨ ᠴᠢᠬᠤᠯᠠ ᠠᠭᠤᠯᠭ᠎ᠠ ᠪᠣᠯᠭ᠋ᠠᠵᠤ᠂ ᠳᠣᠣᠷᠠᠬᠢ ᠠᠵᠢᠯ᠎ᠤᠳ᠎ᠢ ᠥᠷᠨᠢᠭᠦᠯᠬᠦ ᠬᠡᠷᠡᠭᠲᠡᠶ᠄
(ᠨᠢᠭᠡ) ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠬᠤ᠂ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠴᠡᠩᠭᠡᠬᠦ᠂ ᠬᠠᠮᠲᠤ᠎ᠪᠠᠷ ᠡᠳ᠋ᠯᠡᠬᠦ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ᠎ᠲᠠᠢ ᠬᠠᠮᠲᠤ᠎ᠪᠠᠷ ᠰᠠᠭᠤᠷᠢᠰᠢᠭᠤᠯᠤᠨ᠎ᠠ᠃
(ᠬᠤᠶᠠᠷ) ᠦᠨᠳᠦᠰᠦᠲᠡᠨ᠎ᠨᠦᠭᠦᠳ᠎ᠤᠨ ᠨᠡᠭᠦᠳᠡᠯ ᠬᠥᠮᠦᠨ ᠠᠮᠠ ᠵᠢᠨ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠨᠡᠭᠦᠳᠡᠯ ᠬᠥᠮᠦᠨ ᠠᠮᠠ ᠵᠢᠨ ᠬᠤᠲᠠ᠎ᠳᠤ ᠨᠠᠩ ᠰᠠᠶ᠋ᠢᠲᠤᠷ ᠠᠭᠤᠰᠤᠯᠴᠠᠬᠤ ᠵᠢ ᠠᠬᠢᠭᠤᠯᠤᠨ᠎ᠠ᠃
(ᠭᠤᠷᠪᠠ) ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠨ ᠰᠠᠭᠤᠴᠠ᠂ ᠡᠪᠡᠳᠴᠢᠨ ᠦᠵᠡᠭᠦᠯᠬᠦ᠂ ᠰᠤᠷᠭ᠋ᠠᠭᠤᠯᠢ᠎ᠳᠤ ᠣᠷᠣᠬᠤ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠬᠦᠴᠢᠷᠳᠡᠯ᠎ᠢ ᠬᠠᠪᠰᠤᠷᠤᠨ ᠰᠢᠢ᠍ᠳᠪᠦᠷᠢᠯᠡᠵᠦ᠂ ᠬᠠᠤᠯᠢ᠎ᠪᠠᠷ ᠵᠠᠰᠠᠬᠤ ᠤᠬᠠᠭᠤᠯᠭ᠎ᠠ᠂ ᠠᠵᠢᠯ ᠣᠯᠭᠤᠯᠲᠠ ᠵᠢᠨ ᠵᠢᠯᠣᠭᠤᠳᠣᠯᠭ᠎ᠠ᠂ ᠵᠥᠷᠢᠴᠡᠯ᠎ᠢ ᠨᠠᠮᠳᠠᠭᠤᠯᠬᠤ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠡᠷᠭᠡ ᠦᠢ᠍ᠯᠡᠴᠢᠯᠡᠭᠡ ᠵᠢ ᠴᠢᠩᠭ᠋ᠠᠳᠬᠠᠨ᠎ᠠ᠃
(ᠲᠦᠷᠪᠡ) ᠵᠠᠩ ᠳᠠᠳᠬᠠᠯ᠎ᠢ ᠥᠭᠡᠷᠡᠴᠢᠯᠡᠬᠦ ᠵᠢ ᠰᠠᠨᠠᠭ᠋ᠠᠴᠢᠯᠠᠵᠤ᠂ ᠪᠣᠯᠪᠠᠰᠤᠨ ᠰᠢᠨ᠎ᠡ ᠰᠤᠷᠲᠠᠯ᠎ᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠠᠩ ᠳᠠᠳᠬᠠᠯ᠎ᠢ ᠬᠠᠷᠢᠯᠴᠠᠨ ᠬᠦᠨᠳᠦᠳᠬᠡᠵᠦ᠂ ᠬᠥᠷᠰᠢ ᠵᠡᠷᠭᠡᠯᠡᠳᠡᠭᠡ᠎ᠲᠠᠢ᠎ᠪᠠᠨ ᠪᠦᠯᠬᠦᠮᠳᠡᠭᠰᠡᠨ᠂ ᠭᠡᠷ ᠪᠦᠯᠢ ᠪᠠ ᠭᠤᠶᠤ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠤᠢ ᠪᠣᠯᠭ᠋ᠠᠨ᠎ᠠ᠃
ᠳᠥᠴᠢᠨ ᠨᠢᠭᠡᠳᠦᠭᠡᠷ ᠵᠦᠢ᠍ᠯ ᠰᠤᠮᠤ ᠰᠢᠶᠠᠩ ᠪᠠᠯᠭ᠋ᠠᠰᠤ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠪᠦᠷᠢᠨᠰᠢᠭᠦᠯᠵᠦ᠂ ᠡᠭᠦᠳᠦᠨ ᠪᠠᠶ᠋ᠢᠭᠤᠯᠬᠤ ᠠᠵᠢᠯ᠎ᠤᠨ ᠨᠠᠮ ᠵᠠᠰᠠᠭ᠎ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠤᠨ ᠠᠵᠢᠯ᠎ᠤᠨ ᠪᠦᠲᠦᠮᠵᠢ ᠵᠢ ᠬᠢᠨᠠᠨ ᠰᠢᠯᠭ᠋ᠠᠬᠤ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
(ᠨᠢᠭᠡ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠠᠭᠤᠰᠤᠯᠴᠠᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠠᠵᠤ ᠦᠢ᠍ᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠶ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶ᠋ᠢᠬᠤ ᠵᠢ ᠪᠡᠶᠡᠯᠡᠭᠦᠯᠬᠦ ᠵᠢ ᠠᠬᠢᠭᠤᠯᠤᠨ᠎ᠠ;
(ᠬᠤᠶᠠᠷ) ᠬᠠᠷᠢᠶᠠᠲᠤ ᠣᠷᠣᠨ᠎ᠤ ᠳᠣᠲᠣᠷᠠᠬᠢ ᠬᠠᠷᠢᠴᠠᠩᠭᠤᠶ ᠬᠤᠴᠣᠷᠤᠩᠭᠤᠶ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠨᠨᠰᠠᠨ ᠭᠠᠴᠠᠭ᠎ᠠ ᠲᠣᠰᠬᠤᠨ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠠᠪᠠᠭᠤᠯᠢᠭ ᠤᠨᠴᠠᠯᠢᠭᠳᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ;
(ᠭᠤᠷᠪᠠ) ᠰᠠᠭᠤᠷᠢ ᠲᠥᠬᠥᠭᠡᠷᠥᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢ ᠵᠢ ᠠᠬᠢᠭᠤᠯᠵᠤ᠂ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠠᠵᠢᠯ ᠣᠯᠬᠤ᠂ ᠰᠤᠷᠭ᠋ᠠᠨ ᠬᠥᠮᠥᠵᠢᠯ᠂ ᠡᠮ ᠡᠮᠨᠡᠯᠭᠡ᠂ ᠣᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠨᠡᠶ᠋ᠢᠭᠡᠮ᠎ᠤᠨ ᠪᠠᠲᠤᠯᠠᠭ᠎ᠠ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ;
(ᠲᠦᠷᠪᠡ) ᠬᠠᠷᠢᠶᠠᠲᠤ ᠣᠷᠣᠨ᠎ᠤ ᠳᠣᠲᠣᠷᠠᠬᠢ ᠰᠠᠭᠤᠭ᠋ᠠᠯᠢ ᠠᠷᠠᠳ ᠪᠠ ᠨᠡᠭᠦᠳᠡᠯ ᠬᠥᠮᠦᠨ ᠠᠮᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠬᠥᠭᠵᠢᠬᠦ ᠵᠢ ᠠᠬᠢᠭᠤᠯᠤᠨ᠎ᠠ᠃
(ᠲᠠᠪᠤ) ᠵᠢᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠠᠵᠢᠯ᠎ᠢ ᠢᠳᠡᠪᠬᠢᠲᠡᠶ ᠥᠷᠨᠢᠭᠦᠯᠵᠦ᠂ ᠡᠯ᠎ᠡ ᠵᠦᠢ᠍ᠯ᠎ᠤᠨ ᠵᠥᠷᠢᠴᠡᠯ ᠵᠢᠭᠤᠷᠠᠯᠳᠤᠭ᠋ᠠᠨ᠎ᠢ ᠰᠡᠷᠭᠡᠶ᠋ᠢᠯᠡᠬᠦ ᠪᠠ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃
ᠳᠥᠴᠢᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠨᠤᠭᠤᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠳᠣᠤᠷᠠᠬᠢ ᠠᠵᠢᠯ᠎ᠤᠳ᠎ᠢ ᠥᠷᠨᠢᠭᠦᠯᠬᠦ ᠬᠡᠷᠡᠭᠲᠡᠶ᠄
(ᠨᠢᠭᠡ) ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠨᠡᠶ᠋ᠢᠭᠡᠮ᠎ᠤᠨ ᠦᠢ᠍ᠯᠡᠳᠦᠯᠭᠡ᠂ ᠭᠡᠷ ᠪᠦᠯᠢ ᠵᠢᠨ ᠬᠥᠮᠦᠵᠢᠯ᠎ᠢ ᠨᠢᠭᠡ ᠴᠤᠭᠴᠠᠵᠢᠭᠤᠯᠤᠭᠰᠠᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠲᠠᠪᠴᠠᠩ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠲᠡᠦᠬᠡ ᠵᠢᠨ ᠬᠥᠮᠦᠵᠢᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠮᠦᠵᠢᠯ᠂ ᠳᠤᠮᠳᠠᠳᠤ ᠵᠢᠨ ᠵᠡᠭᠦᠳᠦ ᠵᠢᠨ ᠬᠥᠮᠦᠵᠢᠯ᠎ᠢ ᠭᠦᠨᠵᠡᠭᠡᠢ ᠥᠷᠨᠢᠭᠦᠯᠦᠨ᠎ᠡ᠃
(ᠬᠤᠶᠠᠷ) ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠬᠠᠮᠲᠤ᠎ᠪᠠᠷ ᠣᠷᠣᠯᠴᠠᠭᠰᠠᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠳᠤ ᠠᠭᠤᠰᠤᠯᠴᠠᠭᠤᠯᠬᠤ ᠵᠢ ᠠᠬᠢᠭᠤᠯᠤᠨ᠎ᠠ᠃
(ᠭᠤᠷᠪᠠ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠨᠢᠭᠡᠳᠦᠯᠲᠡᠶ ᠵᠢᠷᠤᠮᠵᠢᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ᠂ ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠵᠢᠷᠤᠮᠵᠢᠭᠤᠯᠤᠨ᠂ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠪᠠᠭᠰᠢ ᠠᠵᠢᠯᠲᠠᠨ᠎ᠤ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠬᠡᠪᠴᠢᠶᠡᠨ᠎ᠳᠤ ᠣᠷᠣᠭᠤᠯᠤᠨ᠎ᠠ;
(ᠲᠦᠷᠪᠡ) ᠶᠡᠭᠡ ᠳᠡᠭᠡᠳᠦ ᠰᠤᠷᠭ᠋ᠠᠭᠤᠯᠢ᠎ᠨᠤᠭᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠤᠬᠡ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠠᠶ᠋ᠢᠷᠢᠰᠢᠯ᠎ᠤᠨ ᠰᠤᠳᠤᠯᠤᠯ᠎ᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠤᠷᠭ᠋ᠠᠨ ᠬᠥᠮᠦᠵᠢᠯ᠎ᠤᠨ ᠵᠢᠭ᠋ᠠᠨ ᠰᠤᠳᠤᠯᠬᠤ ᠠᠵᠢᠯᠯᠠᠭ᠎ᠠ ᠪᠠ ᠰᠡᠳᠦᠪ᠎ᠤᠨ ᠰᠤᠳᠤᠯᠭ᠋ᠠᠨ᠎ᠢ ᠥᠷᠨᠢᠭᠦᠯᠦᠨ᠎ᠡ᠃
ᠳᠥᠴᠢᠨ ᠭᠤᠷᠪᠠᠳᠤᠭ᠋ᠠᠷ ᠵᠦᠢ᠍ᠯ ᠴᠡᠷᠢᠭ ᠵᠶ᠋ᠠᠨ ᠬᠦᠷᠢᠶᠡᠯᠡᠨ ᠠᠷᠠᠳ ᠵᠶ᠋ᠠᠨ ᠬᠠᠶ᠋ᠢᠷᠠᠯᠠᠬᠤ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠵᠦ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ ᠰᠠᠭᠤᠭ᠎ᠠ ᠭᠠᠵᠠᠷ᠎ᠤᠨ ᠴᠡᠷᠢᠭ ᠠᠩᠭᠢ᠎ᠲᠠᠢ ᠬᠠᠮᠲᠤᠷᠠᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ ᠪᠠ ᠴᠡᠷᠢᠭ ᠵᠶ᠋ᠠᠨ ᠬᠦᠷᠢᠶᠡᠯᠡᠨ ᠭᠡᠷ ᠪᠦᠯᠢ ᠵᠢ᠎ᠨᠢ ᠬᠠᠷᠠᠭ᠋ᠠᠯᠵᠠᠬᠤ᠂ ᠵᠠᠰᠠᠭ ᠵᠶ᠋ᠠᠨ ᠬᠦᠷᠢᠶᠡᠯᠡᠨ ᠠᠷᠠᠳ ᠵᠶ᠋ᠠᠨ ᠬᠠᠶ᠋ᠢᠷᠠᠯᠠᠬᠤ ᠠᠵᠢᠯᠯᠠᠭ᠎ᠠ ᠵᠢ ᠥᠷᠨᠢᠭᠦᠯᠦᠨ᠎ᠡ᠃
ᠤᠯᠤᠰ ᠵᠶ᠋ᠠᠨ ᠬᠠᠶ᠋ᠢᠷᠠᠯᠠᠵᠤ ᠬᠢᠯᠢ ᠬᠢᠵᠠᠭ᠋ᠠᠷ ᠵᠶ᠋ᠠᠨ ᠰᠠᠬᠢᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠯᠢ ᠵᠢᠨ ᠠᠷᠠᠳ᠎ᠤᠨ ᠬᠢᠯᠢ ᠬᠢᠵᠠᠭ᠋ᠠᠷ ᠵᠶ᠋ᠠᠨ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠦᠨ᠂ ᠬᠢᠯᠢ ᠵᠢᠨ ᠬᠠᠮᠠᠭ᠋ᠠᠯᠠᠭᠴᠢ ᠵᠢ ᠪᠠᠲᠤᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠢᠯᠢ ᠵᠢᠨ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠦᠬᠦᠴᠡᠯ᠎ᠢ ᠰᠠᠶ᠋ᠢᠵᠢᠷᠠᠭᠤᠯᠤᠨ᠂ ᠬᠢᠯᠢ ᠬᠢᠵᠠᠭ᠋ᠠᠷ ᠵᠶ᠋ᠠᠨ ᠪᠠᠲᠤ ᠰᠠᠬᠢᠬᠤ ᠦᠨᠳᠦᠰᠦᠲᠡᠨ᠎ᠤ ᠪᠦᠯᠬᠦᠮᠳᠡᠯ᠎ᠤᠨ ᠰᠠᠭᠤᠷᠢ ᠵᠢ ᠪᠠᠬᠢᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢ ᠬᠠᠮᠲᠤ᠎ᠪᠠᠷ ᠰᠠᠬᠢᠨ ᠬᠠᠮᠠᠭ᠋ᠠᠯᠠᠨ᠎ᠠ᠃
ᠳᠥᠴᠢᠨ ᠳᠥᠷᠪᠡᠳᠦᠭᠡᠷ ᠵᠦᠢ᠍ᠯ ᠱᠠᠰᠢᠨ ᠰᠤᠷᠲᠠᠬᠤᠨ᠎ᠤ ᠪᠦᠯᠬᠦᠮ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠂ ᠱᠠᠰᠢᠨ ᠰᠤᠷᠲᠠᠬᠤᠨ᠎ᠤ ᠳᠡᠭᠡᠳᠦ ᠰᠤᠷᠭ᠋ᠠᠭᠤᠯᠢ᠎ᠨᠤᠭᠤᠳ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠢᠳᠡᠪᠬᠢᠲᠡᠢ᠎ᠪᠠᠷ ᠠᠬᠢᠭᠤᠯᠬᠤ ᠬᠡᠷᠡᠭᠲᠡᠢ᠄
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠬᠦᠷᠢᠶᠡᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠂ ᠡᠬᠡ ᠤᠯᠤᠰ᠎ᠤᠨ ᠨᠢᠭᠡᠳᠦᠯ᠂ ᠱᠠᠰᠢᠨ ᠰᠤᠷᠲᠠᠬᠤᠨ᠎ᠤ ᠡᠶ᠎ᠡ ᠵᠣᠬᠢᠴᠠᠯ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠎ᠠ;
(ᠬᠤᠶᠠᠷ) ᠤᠯᠤᠰ ᠵᠶ᠋ᠠᠨ ᠬᠠᠶ᠋ᠢᠷᠠᠯᠠᠵᠤ ᠱᠠᠰᠢᠨ ᠵᠶ᠋ᠠᠨ ᠬᠠᠶ᠋ᠢᠷᠠᠯᠠᠬᠤ ᠵᠢ ᠪᠠᠷᠢᠮᠲᠠᠯᠠᠵᠤ᠂ ᠦᠨᠳᠦᠰᠦᠨ ᠬᠠᠤᠯᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠵᠤ᠂ ᠱᠠᠰᠢᠨ ᠰᠤᠷᠲᠠᠬᠤᠨ᠎ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶ᠋ᠢᠭ᠋ᠠᠳ ᠨᠡᠶ᠋ᠢᠭᠡᠮ ᠵᠢᠷᠤᠮᠲᠤ ᠨᠡᠶ᠋ᠢᠭᠡᠮ᠎ᠲᠠᠢ ᠵᠣᠬᠢᠴᠠᠭᠤᠯᠤᠨ᠎ᠠ᠃
(ᠭᠤᠷᠪᠠ) ᠱᠠᠰᠢᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠳᠦᠷᠢᠮ ᠳᠤᠮᠳᠠᠬᠢ ᠨᠡᠶ᠋ᠢᠭᠡᠮ᠎ᠤᠨ ᠡᠶ᠎ᠡ ᠵᠣᠬᠢᠴᠠᠯ᠂ ᠴᠠᠭ ᠦᠶ᠎ᠡ ᠵᠢᠨ ᠳᠠᠪᠰᠢᠯᠲᠠ᠂ ᠡᠷᠡᠭᠦᠯ ᠪᠣᠯᠪᠠᠰᠤᠨ ᠠᠭᠤᠯᠭ᠎ᠠ᠎ᠳᠤ ᠠᠰᠢᠭᠲᠠᠢ ᠠᠭᠤᠯᠭ᠎ᠠ ᠵᠢ ᠠᠭᠤᠳᠠᠯᠤᠨ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠱᠠᠰᠢᠨ᠎ᠤ ᠳᠦᠷᠢᠮ᠎ᠳᠤ ᠣᠳᠣ ᠦᠶ᠎ᠡ ᠵᠢᠨ ᠳᠤᠮᠳᠠᠳᠤ ᠤᠯᠤᠰ᠎ᠤᠨ ᠬᠥᠭᠵᠢᠯᠲᠡ ᠳᠠᠪᠰᠢᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠨᠡᠶ᠋ᠢᠴᠡᠭᠰᠡᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠠᠶ᠋ᠢᠯᠪᠤᠷᠢᠯᠠᠯᠲᠠ ᠬᠢᠪᠡ᠃
(ᠲᠦᠷᠪᠡ) ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠣᠯᠤᠨ ᠱᠠᠰᠢᠨ ᠰᠢᠲᠦᠳᠡᠭ ᠣᠯᠠᠨ ᠲᠦᠮᠡᠨ᠎ᠤ ᠡᠬᠡ ᠣᠷᠣᠨᠴᠢ ᠦᠵᠡᠯ᠎ᠤᠨ ᠬᠥᠮᠦᠵᠢᠯ᠂ ᠬᠠᠤᠯᠢ᠎ᠪᠠᠷ ᠵᠠᠰᠠᠬᠤ ᠬᠥᠮᠦᠵᠢᠯ᠂ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠷᠠᠭᠤᠯᠤᠨ᠎ᠠ᠃
ᠳᠥᠴᠢᠨ ᠲᠠᠪᠤᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠤᠨ ᠰᠦᠯᠵᠢᠶᠡᠨ᠎ᠤ ᠣᠷᠣᠨ ᠵᠠᠶ ᠵᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ᠎ᠨᠦᠭᠦᠳ᠎ᠤᠨ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠰᠠᠶ᠋ᠢᠲᠤᠷ ᠪᠦᠲᠦᠭᠡᠨ ᠪᠠᠶ᠋ᠢᠭᠤᠯᠤᠨ᠎ᠠ᠄
(ᠨᠢᠭᠡ) ᠪᠦᠯᠬᠦᠮᠳᠡᠯ ᠲᠣᠭᠲᠠᠭᠤᠨ ᠵᠶ᠋ᠠᠷ ᠡᠷᠴᠢ ᠵᠣᠷᠢᠭ ᠵᠶ᠋ᠠᠨ ᠬᠥᠪᠴᠢᠯᠡᠬᠦ᠂ ᠵᠥᠪ ᠲᠠᠯ᠎ᠠ ᠵᠢᠨ ᠤᠬᠠᠭᠤᠯᠭ᠎ᠠ᠎ᠪᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠵᠢᠭᠰᠠᠭ᠋ᠠᠯ᠎ᠤᠨ ᠭᠠᠵᠠᠷ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ 《ᠢᠨᠲ᠋ᠧᠷ ᠰᠦᠯᠵᠢᠶᠡᠨ᠎ᠤ ᠦᠨᠳᠦᠰᠦᠲᠡᠨ᠎ᠤ ᠪᠦᠯᠬᠦᠮᠳᠡᠯ》᠎ᠤᠨ ᠠᠵᠢᠯᠯᠠᠭ᠎ᠠ ᠵᠢ ᠠᠬᠢᠭᠤᠯᠵᠤ᠂ ᠰᠦᠯᠵᠢᠶᠡᠨ᠎ᠤ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠬᠠᠮ ᠵᠠᠭᠤᠴᠢᠯᠠᠭᠤᠷ᠎ᠤᠨ ᠤᠬᠠᠭᠤᠯᠭ᠎ᠠ᠂ ᠪᠥᠬᠦ ᠡᠵᠡᠩᠨᠡᠯᠲᠡ ᠵᠢᠨ ᠬᠡᠯᠪᠡᠷᠢ ᠵᠢᠨ ᠳᠠᠮᠵᠢᠭᠤᠯᠭ᠎ᠠ᠂ ᠪᠥᠬᠦ ᠲᠠᠪᠴᠠᠩ᠎ᠢ ᠬᠠᠮᠤᠷᠤᠭᠰᠠᠨ ᠰᠦᠯᠵᠢᠶᠡᠨ᠎ᠤ ᠤᠬᠠᠭᠤᠯᠭ᠎ᠠ ᠵᠢᠨ ᠠᠵᠢᠯ᠎ᠤᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠶ;
(ᠬᠤᠶᠠᠷ) ᠭᠤᠣᠯ ᠤᠷᠤᠰᠬᠠᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠤᠰᠬᠠᠶ ᠪᠤᠯᠤᠩ᠂ ᠲᠤᠰᠬᠠᠶ ᠰᠡᠳᠦᠪ᠎ᠢ ᠨᠡᠭᠡᠭᠡᠵᠦ᠂ ᠴᠢᠨᠠᠷ ᠰᠠᠶ᠋ᠢᠲᠠᠶ ᠠᠭᠤᠯᠭ᠎ᠠ ᠭᠠᠷᠭ᠋ᠠᠯᠲᠠ ᠵᠢᠨ ᠲᠣᠭᠲᠠᠴᠠ ᠵᠢ ᠪᠠᠶ᠋ᠢᠭᠤᠯᠵᠤ᠂ ᠵᠢᠭᠰᠠᠭ᠋ᠠᠯ᠎ᠤᠨ ᠭᠠᠵᠠᠷ᠎ᠤᠨ ᠳᠠᠪᠠᠭᠤᠯᠢᠭ᠂ ᠳᠠᠮᠵᠢᠭᠤᠯᠭ᠎ᠠ ᠵᠢᠨ ᠳᠠᠪᠠᠭᠤᠯᠢᠭ᠎ᠢ ᠰᠠᠶ᠋ᠢᠲᠤᠷ ᠪᠠᠳᠠᠷᠠᠭᠤᠯᠵᠤ᠂ ᠨᠥᠯᠥᠭᠡᠯᠡᠬᠦ ᠬᠦᠴᠦᠨ ᠵᠶ᠋ᠠᠷ ᠶᠡᠭᠡ᠂ ᠬᠠᠮᠤᠷᠬᠤ ᠬᠡᠪᠴᠢᠶ᠎ᠡ᠎ᠪᠠᠷ ᠥᠷᠭᠡᠨ ᠡᠷᠬᠡ ᠰᠦᠷᠲᠦ ᠬᠠᠮ ᠵᠠᠭᠤᠴᠢᠯᠠᠭᠤᠷ᠎ᠤᠨ ᠪᠦᠲᠦᠭᠡᠯ᠎ᠢ ᠪᠣᠶ ᠪᠣᠯᠭ᠋ᠠᠵᠤ᠂ ᠣᠯᠠᠨ ᠲᠦᠮᠡᠨ᠎ᠢ ᠨᠠᠩ ᠰᠠᠶ᠋ᠢᠲᠤᠷ ᠨᠢᠭᠲᠠᠷᠠᠭᠤᠯᠵᠤ᠂ ᠣᠯᠠᠨ ᠲᠦᠮᠡᠨ᠎ᠢ ᠬᠥᠲᠥᠯᠥᠨ ᠵᠢᠯᠣᠭᠤᠳᠬᠤ ᠬᠡᠷᠡᠭᠲᠡᠶ᠃
(ᠭᠤᠷᠪᠠ) ᠢᠨᠲ᠋ᠧᠷ ᠰᠦᠯᠵᠢᠶᠡᠨ᠎ᠤ ᠵᠠᠭᠤᠴᠢᠯᠠᠭᠤᠷ᠂ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠂ ᠰᠦᠯᠵᠢᠶᠡᠨ ᠢᠷᠭᠡᠳ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠬᠦ ᠵᠢ ᠵᠣᠷᠢᠭᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠳᠤ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠨ᠎ᠠ;
(ᠲᠦᠷᠪᠡ) ᠪᠠᠶ᠋ᠢᠭᠤᠯᠭ᠎ᠠ᠂ ᠠᠵᠤ ᠠᠬᠤᠶ᠋ᠢᠯᠠᠯ᠂ ᠰᠤᠷᠭ᠋ᠠᠭᠤᠯᠢ᠂ ᠨᠡᠶ᠋ᠢᠭᠡᠮ ᠲᠣᠭᠤᠷᠢᠭ᠎ᠨᠢ ᠰᠦᠯᠵᠢᠶᠡᠨ᠎ᠤ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠰᠦᠯᠵᠢᠶᠡᠨ ᠳᠡᠭᠡᠷᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠶᠠᠷᠢᠶᠠᠨ᠎ᠤ ᠲᠠᠪᠴᠠᠩ᠎ᠢ ᠪᠠᠶ᠋ᠢᠭᠤᠯᠵᠤ᠂ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡ ᠠᠵᠢᠯᠯᠠᠭ᠎ᠠ ᠵᠢ ᠤᠬᠠᠭᠤᠯᠬᠤ ᠬᠡᠷᠡᠭᠲᠡᠶ;
(ᠲᠠᠪᠤ) ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠷᠢᠮᠲᠠᠯᠠᠨ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠥᠲᠥᠯᠥᠨ ᠵᠢᠯᠣᠭᠣᠳᠬᠤ ᠲᠣᠭᠲᠠᠴᠠ ᠵᠢ ᠪᠦᠷᠢᠨᠰᠢᠭᠦᠯᠵᠦ᠂ ᠰᠦᠯᠵᠢᠶᠡᠨ᠎ᠤ ᠲᠠᠪᠴᠠᠩ᠎ᠳᠤ ᠭᠠᠷᠤᠭᠰᠠᠨ ᠦᠨᠳᠦᠰᠦᠲᠡᠨ᠎ᠤ ᠪᠦᠯᠬᠦᠮᠳᠡᠯ᠎ᠢ ᠡᠪᠳᠡᠬᠦ᠂ ᠬᠢᠯᠢ ᠬᠢᠵᠠᠭ᠋ᠠᠷ᠎ᠤᠨ ᠲᠣᠭᠲᠠᠭᠤᠨ ᠪᠠᠶ᠋ᠢᠳᠠᠯ᠎ᠳᠤ ᠠᠰᠢᠭ ᠦᠭᠡᠶ ᠵᠢᠴᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠨᠥᠯᠥᠭᠡᠯᠡᠬᠦ ᠶᠠᠷᠢᠶ᠎ᠠ ᠬᠡᠯᠡᠯᠭᠡ ᠵᠢ ᠴᠠᠭ ᠲᠤᠬᠠᠶ᠎ᠳᠤᠨᠢ ᠢᠯᠡᠷᠡᠭᠦᠯᠬᠦ ᠪᠠ ᠬᠣᠷᠢᠭᠯᠠᠨ ᠵᠣᠭᠰᠣᠭ᠋ᠠᠵᠤ᠂ ᠡᠯ᠎ᠡ ᠵᠦᠢ᠍ᠯ᠎ᠤᠨ ᠪᠤᠷᠤᠭᠤ ᠦᠵᠡᠯᠲᠡ ᠵᠢ ᠲᠤᠭ ᠲᠡᠮᠳᠡᠭ ᠲᠣᠳᠣᠷᠬᠠᠶ ᠡᠰᠡᠷᠭᠦᠴᠡᠨ ᠬᠣᠷᠢᠭᠯᠠᠬᠤ ᠬᠡᠷᠡᠭᠲᠡᠶ᠃
ᠳᠥᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠨ ᠬᠡᠮᠵᠢᠨ ᠲᠣᠭᠲᠠᠭ᠋ᠠᠬᠤ ᠭᠦᠢ᠍ᠴᠡᠳᠬᠡᠬᠦ ᠲᠣᠭ᠎ᠠ ᠵᠢ ᠲᠣᠭᠲᠠᠭ᠋ᠠᠵᠤ᠂ ᠬᠢᠨᠠᠨ ᠰᠢᠯᠭ᠋ᠠᠵᠤ ᠦᠨᠡᠯᠡᠬᠦ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠨ ᠬᠡᠮᠵᠢᠨ ᠲᠣᠭᠲᠠᠭ᠋ᠠᠬᠤ ᠭᠦᠢ᠍ᠴᠡᠳᠬᠡᠬᠦ ᠲᠣᠭ᠎ᠠ ᠵᠢ ᠦᠨᠳᠦᠰᠦᠯᠡᠨ᠂ ᠪᠣᠳᠠᠲᠠᠶ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠶ᠃
ᠳᠥᠴᠢᠨ ᠳᠣᠯᠣᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠨᠡᠶ᠋ᠢᠲᠡᠯᠢᠭ ᠵᠢᠱ᠌ᠢᠶ᠎ᠡ ᠵᠢ ᠬᠥᠮᠦᠵᠢᠭᠦᠯᠦᠨ ᠪᠣᠶ ᠪᠣᠯᠭ᠋ᠠᠬᠤ ᠠᠵᠢᠯ᠎ᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠪᠣᠯᠤᠨ ᠵᠢᠱ᠌ᠢᠶᠡᠴᠢ ᠬᠤᠪᠢ ᠬᠥᠮᠦᠨ᠎ᠢ ᠰᠢᠯᠭ᠋ᠠᠷᠠᠭᠤᠯᠤᠨ ᠬᠥᠬᠢᠭᠦᠯᠬᠦ ᠠᠵᠢᠯᠯᠠᠭ᠎ᠠ ᠵᠢ ᠥᠷᠨᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠨᠢᠭᠡ ᠤᠳᠠᠭ᠋ᠠᠨ᠎ᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠢ ᠲᠠᠪᠤᠨ ᠵᠢᠯ᠎ᠳᠤ ᠨᠢᠭᠡ ᠤᠳᠠᠭ᠎ᠠ ᠬᠤᠷᠠᠯᠳᠤᠭᠤᠯᠵᠤ᠂ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠠᠬᠢᠭᠤᠯᠬᠤ ᠳᠤᠮᠳᠠ ᠢᠯᠡᠳᠲᠡ ᠠᠮᠵᠢᠯᠲᠠ ᠭᠠᠷᠭ᠋ᠠᠭᠰᠠᠨ ᠪᠠ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠵᠢᠱ᠌ᠢᠶᠡᠴᠢ ᠬᠠᠮᠲᠤ ᠪᠣᠯᠤᠨ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠱᠠᠩᠨᠠᠬᠤ ᠬᠡᠷᠡᠭᠲᠡᠶ᠃
ᠳᠥᠴᠢᠨ ᠨᠠᠢ᠍ᠮᠠᠳᠤᠭ᠋ᠠᠷ ᠵᠦᠢ᠍ᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠵᠢᠯ ᠪᠦᠷᠢ ᠵᠢᠨ 5 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠪᠣᠯᠭ᠋ᠠᠵᠤ᠂ 5 ᠳ᠋ᠤᠭ᠋ᠠᠷ ᠰᠠᠷ᠎ᠠ ᠵᠢᠨ ᠬᠠᠮᠤᠭ ᠰᠡᠭᠦᠯᠴᠢ ᠵᠢᠨ ᠨᠢᠭᠡ ᠭᠠᠷᠠᠭ᠎ᠢ ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ ᠵᠶ᠋ᠠᠷ ᠪᠣᠯᠭ᠋ᠠᠨ᠎ᠠ; ᠵᠢᠯ ᠪᠦᠷᠢ ᠵᠢᠨ 9 ᠳ᠋ᠦ᠍ᠭᠡᠷ ᠰᠠᠷ᠎ᠠ᠎ᠳᠤ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠭ᠋ᠠᠨ᠎ᠠ᠃
ᠲᠠᠪᠤᠳᠤᠭ᠋ᠠᠷ ᠪᠦᠯᠦᠭ ᠨᠡᠶ᠋ᠢᠭᠡᠮ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ
ᠳᠥᠴᠢ ᠶᠢᠰᠦᠳᠦᠭᠡᠷ ᠵᠦᠢ᠍ᠯ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠷᠢᠯᠴᠠᠨ ᠣᠶ᠋ᠢᠯᠠᠭ᠋ᠠᠯᠴᠠᠵᠤ᠂ ᠬᠠᠷᠢᠯᠴᠠᠨ ᠬᠦᠨᠳᠦᠳᠭᠡᠵᠦ᠂ ᠬᠠᠷᠢᠯᠴᠠᠨ ᠪᠠᠭᠲᠠᠭ᠋ᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ᠎ᠲᠠᠢ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠠᠬᠤᠶ ᠪᠣᠯᠤᠨ ᠠᠮᠢᠳᠤᠷᠠᠯ᠎ᠤᠨ ᠠᠭᠤᠷ ᠠᠮᠢᠰᠬᠤᠯ᠎ᠢ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠡᠬᠦ ᠬᠡᠷᠡᠭᠲᠡᠶ᠃
ᠲᠠᠪᠢᠳᠤᠭ᠋ᠠᠷ ᠵᠦᠢ᠍ᠯ ᠡᠯ᠎ᠡ ᠱᠠᠲᠤᠨ᠎ᠤ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠣᠯᠠᠨ ᠲᠦᠮᠡᠨ᠎ᠤ ᠠᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠪᠦᠲᠦᠭᠡᠯᠴᠢ ᠴᠢᠨᠠᠷᠲᠠᠶ᠎ᠪᠠᠷ ᠥᠷᠨᠢᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠠᠮᠲᠤ᠎ᠪᠠᠷ ᠠᠬᠢᠭᠤᠯᠬᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
ᠠᠵᠢᠯᠴᠢᠨ᠎ᠤ ᠡᠪᠯᠡᠯ ᠡᠯ᠎ᠡ ᠦᠨᠳᠦᠰᠦᠲᠡᠨ᠎ᠤ ᠠᠵᠢᠯᠲᠠᠨ ᠠᠵᠢᠯᠴᠢᠨᠯᠤᠭᠠ ᠬᠠᠷᠢᠯᠴᠠᠬᠤ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠠᠨ ᠪᠠᠳᠠᠷᠠᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠬᠦ ᠬᠡᠷᠡᠭᠲᠡᠶ᠃
ᠡᠪ ᠬᠠᠮᠲᠤ ᠵᠠᠯᠠᠭᠤᠴᠤᠳ᠎ᠤᠨ ᠡᠪᠯᠡᠯ ᠵᠠᠯᠠᠭᠤᠴᠤᠳ ᠪᠠᠭ᠋ᠠᠴᠤᠳ᠎ᠢ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠵᠠᠯᠠᠭᠤᠴᠤᠳ᠎ᠲᠠᠢ ᠪᠦᠯᠬᠦᠮᠳᠡᠵᠦ᠂ ᠵᠠᠯᠠᠭᠤᠴᠤᠳ᠎ᠢ ᠨᠢᠭᠲᠠᠷᠠᠭᠤᠯᠵᠤ᠂ ᠵᠠᠯᠠᠭᠤᠴᠤᠳ᠎ᠢ ᠳᠠᠭ᠋ᠠᠭᠤᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠢᠳᠡᠪᠬᠢᠲᠡᠢ ᠣᠷᠣᠯᠴᠠᠭᠤᠯᠵᠤ᠂ ᠵᠠᠯᠠᠭᠤᠴᠤᠳ ᠪᠠᠭ᠋ᠠᠴᠤᠳ᠎ᠤᠨ ᠳᠤᠮᠳᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠬᠦ ᠬᠡᠷᠡᠭᠲᠡᠶ᠃
ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠨᠢ ᠡᠮᠡᠭᠲᠡᠶ᠋ᠢᠴᠦᠳ᠎ᠤᠨ ᠨᠡᠶ᠋ᠢᠭᠡᠮ᠎ᠤᠨ ᠠᠮᠢᠳᠤᠷᠠᠯ ᠪᠠ ᠭᠡᠷ ᠪᠦᠯᠢ ᠵᠢᠨ ᠠᠮᠢᠳᠤᠷᠠᠯ᠎ᠳᠠᠬᠢ ᠥᠪᠡᠷᠮᠢᠴᠡ ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠡᠮᠡᠭᠲᠡᠶ᠋ᠢᠴᠦᠳ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠢᠳᠡᠪᠬᠢᠲᠡᠶ ᠠᠵᠢᠯᠯᠠᠭᠤᠯᠤᠨ᠎ᠠ᠃
ᠲᠠᠪᠢᠨ ᠨᠢᠭᠡᠳᠦᠭᠡᠷ ᠵᠦᠢ᠍ᠯ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠭᠤᠯᠭ᠎ᠠ ᠵᠢ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ᠎ᠳᠤ ᠣᠷᠣᠭᠤᠯᠬᠤ ᠵᠢ ᠵᠣᠷᠢᠭᠵᠢᠭᠤᠯᠤᠨ᠎ᠠ᠃
ᠲᠠᠪᠢᠨ ᠬᠣᠶᠠᠳᠤᠭ᠋ᠠᠷ ᠵᠦᠢ᠍ᠯ ᠭᠡᠷ ᠪᠦᠯᠢ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠤᠮᠳᠠ ᠢᠳᠡᠪᠬᠢ ᠦᠢ᠍ᠯᠡᠳᠦᠯ ᠵᠶ᠋ᠠᠨ ᠪᠠᠳᠠᠷᠠᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠎ᠠ ᠵᠢ ᠭᠡᠷ᠎ᠤᠨ ᠰᠤᠷᠭ᠋ᠠᠯ᠂ ᠭᠡᠷ᠎ᠤᠨ ᠰᠤᠷᠲᠠᠯ᠎ᠳᠤ ᠠᠭᠤᠰᠬᠠᠨ ᠣᠷᠣᠭᠤᠯᠵᠤ᠂ ᠭᠡᠷ ᠪᠦᠯᠢ ᠵᠢᠨ ᠪᠦᠷᠢᠯᠳᠦᠬᠦᠨᠨᠦᠭᠦᠳᠤᠨ ᠬᠣᠭᠣᠷᠣᠨᠳᠣ᠎ᠪᠠᠨ ᠬᠠᠷᠢᠯᠴᠠᠨ ᠬᠦᠨᠳᠦᠳᠬᠡᠨ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠦᠵᠢᠭᠦᠯᠵᠦ᠂ ᠬᠠᠷᠢᠯᠴᠠᠨ ᠠᠬᠢᠭᠤᠯᠬᠤ ᠬᠡᠷᠡᠭᠲᠡᠶ᠃
ᠲᠠᠪᠢᠨ ᠭᠤᠷᠪᠠᠳᠤᠭ᠋ᠠᠷ ᠵᠦᠢ᠍ᠯ ᠨᠣᠮ᠎ᠤᠨ ᠰᠠᠩ᠂ ᠮᠦᠽᠧᠶ᠂ ᠦᠵᠡᠰᠬᠦᠯᠡᠩ᠎ᠤᠨ ᠣᠷᠳᠣᠨ᠂ ᠰᠣᠶᠣᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠳᠤᠷᠠᠰᠬᠠᠯ᠎ᠤᠨ ᠣᠷᠳᠣᠨ᠂ ᠪᠠᠭ᠋ᠠᠴᠤᠳ᠎ᠤᠨ ᠣᠷᠳᠣᠨ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠭᠠᠵᠠᠷ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠴᠡᠴᠡᠷᠯᠢᠭ᠂ ᠠᠭᠤᠳᠠᠮ ᠲᠠᠯᠠᠪᠠᠶ᠂ ᠨᠢᠰᠬᠡᠯ᠎ᠤᠨ ᠪᠠᠭᠤᠳᠠᠯ᠂ ᠲᠡᠷᠭᠡᠨ ᠥᠷᠲᠡᠭᠡ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠤᠬᠠᠭᠤᠯᠭ᠎ᠠ ᠬᠥᠮᠦᠵᠢᠯ᠎ᠤᠨ ᠠᠭᠤᠯᠭ᠎ᠠ ᠵᠢ ᠳᠡᠯᠭᠡᠨ ᠦᠵᠡᠭᠦᠯᠬᠦ ᠬᠡᠷᠡᠭᠲᠡᠶ᠃
ᠲᠠᠪᠢᠨ ᠳᠥᠷᠪᠡᠳᠦᠭᠡᠷ ᠵᠦᠢ᠍ᠯ ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠵᠢᠨ ᠨᠡᠷᠡᠶ᠋ᠢᠳᠦᠯ᠂ ᠠᠵᠤ ᠠᠬᠤᠶ᠋ᠢᠯᠠᠯ᠎ᠤᠨ ᠨᠡᠷᠡᠶ᠋ᠢᠳᠦᠯ᠂ ᠨᠡᠷᠡᠲᠦ ᠲᠡᠮᠳᠡᠭᠲᠦ ᠲᠠᠸᠠᠷ᠎ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠦᠭᠡᠶ᠋ᠢᠰᠬᠡᠬᠦ᠂ ᠦᠨᠳᠦᠰᠦᠲᠡᠨ᠎ᠤ ᠵᠠᠩ ᠵᠠᠩᠰᠢᠯ᠎ᠢ ᠳᠣᠷᠣᠮᠵᠢᠯᠠᠬᠤ᠂ ᠦᠨᠳᠦᠰᠦᠲᠡᠨ᠎ᠤ ᠬᠠᠶ᠋ᠢᠷ᠎ᠠ ᠰᠡᠳᠬᠢᠯᠭᠡ ᠵᠢ ᠬᠣᠬᠢᠷᠠᠭᠤᠯᠬᠤ ᠵᠡᠷᠭᠡ ᠦᠨᠳᠦᠰᠦᠲᠡᠨ᠎ᠤ ᠪᠦᠯᠬᠦᠮᠳᠡᠯ᠎ᠢ ᠨᠥᠯᠥᠭᠡᠯᠡᠬᠦ ᠠᠭᠤᠯᠭ᠎ᠠ ᠭᠠᠷᠬᠤ ᠵᠢ ᠴᠠᠭ᠋ᠠᠵᠠᠯᠠᠨ᠎ᠠ᠃
ᠲᠠᠪᠢᠨ ᠲᠠᠪᠤᠳᠤᠭ᠋ᠠᠷ ᠵᠦᠢ᠍ᠯ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ᠎ᠤ ᠪᠦᠯᠬᠦᠮᠳᠡᠯ᠎ᠳᠤ ᠠᠰᠢᠭ ᠦᠭᠡᠢ ᠶᠠᠷᠢᠶ᠎ᠠ ᠬᠡᠯᠡᠯᠴᠡᠭᠡ ᠵᠢ ᠲᠠᠷᠬᠠᠭ᠋ᠠᠵᠤ ᠪᠣᠯᠬᠤ ᠦᠭᠡᠢ; ᠦᠨᠳᠦᠰᠦᠲᠡᠨ᠎ᠤ ᠪᠦᠯᠬᠦᠮᠳᠡᠯ᠎ᠳᠤ ᠠᠰᠢᠭ ᠦᠭᠡᠢ ᠮᠡᠳᠡᠭᠡ ᠵᠠᠩᠭᠢ ᠵᠢ ᠴᠤᠭᠯᠠᠭᠤᠯᠵᠤ᠂ ᠵᠣᠬᠢᠶᠠᠵᠤ᠂ ᠬᠠᠩᠭ᠋ᠠᠵᠤ᠂ ᠤᠯᠠᠮᠵᠢᠯᠠᠭᠤᠯᠵᠤ ᠪᠣᠯᠬᠤ ᠦᠭᠡᠢ; ᠦᠨᠳᠦᠰᠦᠲᠡᠨ᠎ᠤ ᠪᠦᠯᠬᠦᠮᠳᠡᠯ᠎ᠢ ᠡᠪᠳᠡᠬᠦ᠂ ᠦᠨᠳᠦᠰᠦᠲᠡᠨ᠎ᠤ ᠬᠣᠷᠣᠰᠤᠯ ᠪᠠ ᠦᠨᠳᠦᠰᠦᠲᠡᠨ᠎ᠤ ᠭᠠᠳᠠᠭᠤᠷᠴᠢᠯᠠᠯ᠎ᠢ ᠥᠳᠥᠭᠡᠬᠦ ᠠᠵᠢᠯᠯᠠᠭ᠎ᠠ ᠬᠢᠵᠦ ᠪᠣᠯᠬᠤ ᠦᠭᠡᠢ᠃
ᠲᠠᠪᠢᠨ ᠵᠢᠷᠭᠤᠳᠤᠭ᠋ᠠᠷ ᠵᠦᠢ᠍ᠯ ᠨᠡᠪᠴᠢᠯᠲᠡ ᠬᠢᠵᠦ ᠨᠤᠷᠠᠭ᠋ᠠᠬᠤ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ᠎ᠤᠨ ᠠᠵᠢᠯᠯᠠᠭ᠎ᠠ᠂ ᠦᠨᠳᠦᠰᠦᠲᠡᠨ᠎ᠤ ᠬᠠᠭ᠋ᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ᠎ᠤ ᠬᠡᠲᠦᠷᠡᠮᠡᠬᠡᠢ ᠠᠵᠢᠯᠯᠠᠭ᠎ᠠ ᠵᠢ ᠰᠡᠷᠭᠡᠢ᠌ᠯᠡᠬᠦ ᠪᠠ ᠲᠡᠭᠦᠨ᠎ᠳᠤ ᠴᠣᠬᠢᠯᠲᠠ ᠥᠭᠴᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ ᠪᠡᠢ᠌ᠳᠠᠯᠢ ᠬᠠᠮᠠᠭ᠋ᠠᠯᠠᠨ᠎ᠠ᠃