ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠵᠢᠴᠢ ᠨᠠᠮ᠎ᠤᠨ ᠡᠭᠦᠷ᠎ᠤᠨ ᠱᠦᠵᠢ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-05-23


  5 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠵᠢᠴᠢ ᠨᠠᠮ᠎ᠤᠨ ᠡᠭᠦᠷ᠎ᠤᠨ ᠱᠦᠵᠢ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠡᠯ᠎ᠡ ᠨᠠᠮ᠎ᠤᠨ ᠡᠭᠦᠷ᠎ᠤᠨ 1—5 ᠳ᠋ᠤᠭ᠋ᠠᠷ ᠰᠠᠷ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ ᠪᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠪᠠᠶ᠋ᠢᠳᠠᠯ᠎ᠢ ᠰᠣᠨᠣᠰᠴᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠾᠧᠦ ᠶᠠᠨ ᠡᠾᠦ᠋ᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


5.23-2.jpg


   ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠨᠠᠮ᠎ᠤᠨ ᠡᠭᠦᠷ᠎ᠤᠨ ᠱᠦᠵᠢ ᠨᠠᠮ᠎ᠤᠨ ᠪᠠᠶ᠋ᠢᠭᠤᠯᠤᠯᠲᠠ ᠵᠢᠨ ᠠᠵᠢᠯ᠎ᠳᠤ 《ᠬᠠᠷᠢᠭᠤᠴᠠᠯᠭ᠋ᠠᠲᠤ ᠰᠡᠳᠬᠢᠯᠭᠡ》᠎ᠲᠠᠢ ᠪᠠᠶ᠋ᠢᠵᠤ᠂ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠤᠯᠤᠰ ᠲᠦᠷᠦ ᠵᠢᠨ ᠲᠠᠯ᠎ᠠ᠎ᠪᠠᠷ᠂ ᠦᠵᠡᠯ ᠰᠠᠨᠠᠭ᠋ᠠᠨ᠎ᠤ ᠲᠠᠯ᠎ᠠ᠎ᠪᠠᠷ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠨᠠᠮ᠎ᠤᠨ ᠪᠠᠶ᠋ᠢᠭᠤᠯᠤᠯᠲᠠ ᠵᠢ ᠴᠢᠬᠤᠯᠠᠴᠢᠯᠠᠵᠤ᠂ ᠨᠠᠮ᠎ᠤᠨ ᠪᠠᠶ᠋ᠢᠭᠤᠯᠤᠯᠲᠠ ᠵᠢ ᠰᠤᠳᠤᠯᠵᠤ᠂ ᠨᠠᠮ᠎ᠤᠨ ᠪᠠᠶ᠋ᠢᠭᠤᠯᠤᠯᠲᠠ ᠵᠢ ᠪᠣᠳᠠᠲᠠᠢ ᠠᠳᠬᠤᠵᠤ᠂ ᠲᠤᠬᠠᠶ᠋ᠢᠯᠠᠭᠰᠠᠨ ᠠᠵᠢᠯ᠎ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶ᠋ᠢᠷᠢᠯᠠᠭᠤᠯᠵᠤ᠂ ᠵᠡᠷᠭᠡᠪᠡᠷ ᠠᠬᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠲᠤᠬᠠᠶ᠋ᠢᠯᠠᠭᠰᠠᠨ ᠠᠵᠢᠯ᠎ᠢ ᠠᠬᠢᠭᠤᠯᠬᠤ᠂ ᠲᠤᠬᠠᠶ᠋ᠢᠯᠠᠭᠰᠠᠨ ᠠᠵᠢᠯ ᠵᠶ᠋ᠠᠷ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠦᠨᠡᠨᠬᠦ ᠪᠡᠶᠡᠯᠡᠭᠦᠯᠬᠦ ᠬᠡᠷᠡᠭᠲᠡᠢ᠃  ᠨᠠᠮ᠎ᠤᠨ ᠪᠠᠶ᠋ᠢᠭᠤᠯᠤᠯᠲᠠ ᠵᠢᠨ ᠠᠵᠢᠯ᠎ᠳᠤ 《ᠤᠷᠤᠭᠰᠢᠯᠠᠨ ᠳᠠᠪᠰᠢᠬᠤ ᠰᠡᠳᠬᠢᠯ》᠎ᠲᠠᠢ ᠪᠠᠶ᠋ᠢᠵᠤ᠂ ᠨᠠᠮ᠎ᠤᠨ ᠡᠭᠦᠷ᠎ᠤᠨ ᠱᠦᠵᠢ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠣᠯ ᠰᠡᠳᠦᠪᠲᠦ ᠨᠠᠮ᠎ᠤᠨ ᠡᠳᠦᠷ᠂ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠵᠡᠷᠭᠡ ᠡᠯ᠎ᠡ ᠵᠦᠢ᠍ᠯ᠎ᠤᠨ ᠲᠦᠷᠢᠮ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠬᠤᠶᠠᠷ ᠲᠠᠯ᠎ᠠ ᠵᠢ ᠠᠳᠬᠤᠵᠤ᠂ ᠬᠤᠶᠠᠷ ᠲᠠᠯ᠎ᠠ ᠵᠢ ᠴᠢᠩᠭ᠎ᠠ ᠠᠳᠬᠤᠬᠤ ᠬᠡᠷᠡᠭᠲᠡᠢ᠃ ᠨᠠᠮ᠎ᠤᠨ ᠪᠠᠶ᠋ᠢᠭᠤᠯᠤᠯᠲᠠ ᠵᠢᠨ ᠠᠵᠢᠯ᠎ᠳᠤ 《ᠰᠢᠮᠳᠠᠬᠤ ᠰᠡᠳᠬᠢᠯᠭᠡ》᠎ᠲᠠᠢ ᠪᠠᠶ᠋ᠢᠵᠤ᠂ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠤᠭᠰᠠᠨ ᠡᠯ᠎ᠡ ᠲᠦᠷᠦᠯ᠎ᠤᠨ ᠰᠤᠷᠤᠯᠴᠠᠯᠭ᠎ᠠ᠂ ᠪᠣᠯᠪᠠᠰᠤᠷᠠᠯ ᠪᠣᠯᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠲᠠᠨᠢᠯᠲᠠ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠡᠳᠬᠢᠴᠡ᠎ᠪᠠᠨ ᠥᠷᠭᠡᠳᠬᠡᠵᠦ᠂ ᠮᠡᠳᠡᠯᠭᠡ᠎ᠪᠠᠨ ᠨᠡᠮᠡᠭᠳᠡᠭᠦᠯᠵᠦ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠤᠨ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠰᠡᠳᠬᠢᠨ ᠰᠦᠪᠡᠭᠴᠢᠯᠡᠬᠦ ᠬᠡᠷᠡᠭᠲᠡᠢ᠃     ᠨᠠᠮ᠎ᠤᠨ ᠪᠠᠶ᠋ᠢᠭᠤᠯᠤᠯᠲᠠ ᠵᠢᠨ ᠠᠵᠢᠯ᠎ᠳᠤ 《ᠰᠢᠨ᠎ᠡ ᠵᠢ ᠡᠭᠦᠳᠬᠦ ᠰᠡᠳᠬᠢᠯ》᠎ᠲᠠᠢ ᠪᠠᠶ᠋ᠢᠵᠤ᠂ ᠬᠤᠳᠠᠯᠳᠤᠭ᠋ᠠᠨ᠎ᠤ ᠶᠠᠪᠤᠳᠠᠯ᠎ᠤᠨ ᠣᠨᠴᠠᠯᠢᠭ᠎ᠢ ᠲᠤᠪᠤᠶ᠋ᠢᠯᠭ᠋ᠠᠭᠰᠠᠨ ᠨᠠᠮ᠎ᠤᠨ ᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠲᠦᠷᠦᠯ ᠲᠡᠮᠳᠡᠭ᠎ᠢ ᠡᠭᠦᠳᠴᠦ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ 《ᠲᠤᠯᠤᠭ᠋ᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ》᠎ᠲᠠᠢ ᠤᠶᠠᠯᠳᠤᠭᠤᠯᠵᠤ᠂ ᠪᠠᠲᠤ ᠴᠢᠩᠭ᠎ᠠ ᠪᠠᠬᠢᠯᠡᠯᠲᠡ 《ᠵᠢᠱ᠌ᠢᠶᠡᠴᠢ》 ᠵᠢᠨ ᠨᠠᠮ᠎ᠤᠨ ᠡᠭᠦᠷ᠎ᠤᠨ ᠥᠪᠡᠷ ᠵᠶ᠋ᠠᠨ ᠡᠭᠦᠳᠬᠦ ᠠᠵᠢᠯ᠎ᠢ ᠢᠳᠡᠪᠬᠢᠲᠡᠢ ᠥᠷᠨᠢᠭᠦᠯᠵᠦ᠂ ᠲᠤᠰ ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ (ᠨᠢᠭᠡᠴᠢ)᠎ᠤᠨ ᠣᠨᠴᠠᠯᠢᠭ᠎ᠲᠤ ᠨᠡᠶ᠋ᠢᠴᠡᠭᠰᠡᠨ ᠨᠠᠮ᠎ᠤᠨ ᠪᠠᠶ᠋ᠢᠭᠤᠯᠤᠯᠲᠠ ᠵᠢᠨ ᠲᠦᠷᠦᠯ ᠲᠡᠮᠳᠡᠭ᠎ᠢ ᠡᠭᠦᠳᠴᠦ᠂ ᠨᠠᠮ᠎ᠤᠨ ᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠯ᠎ᠤᠨ ᠬᠦᠴᠦᠨ᠎ᠢ ᠴᠢᠩᠭ᠋ᠠᠳᠬᠠᠵᠤ᠂ ᠨᠠᠮ᠎ᠤᠨ ᠪᠠᠶ᠋ᠢᠭᠤᠯᠤᠯᠲᠠ ᠵᠢᠨ ᠠᠮᠢᠵᠢᠷᠠᠯ᠎ᠤᠨ ᠬᠦᠴᠦᠨ᠎ᠢ   ᠬᠥᠭᠵᠢᠭᠡᠵᠦ᠂ ᠨᠠᠮ᠎ᠤᠨ ᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠶᠠᠰᠤ ᠴᠢᠨᠠᠷ ᠪᠣᠯᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ᠎ᠤᠨ ᠪᠠᠶ᠋ᠢᠭᠤᠯᠤᠯᠲᠠ᠎ᠪᠠᠷ ᠲᠤᠬᠠᠶ᠋ᠢᠯᠠᠭᠰᠠᠨ ᠠᠵᠢᠯ᠎ᠢ ᠬᠦᠳᠦᠯᠦᠨ ᠳᠠᠭ᠋ᠠᠭᠤᠯᠬᠤ ᠵᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃

   ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠭᠡᠰᠢᠭᠦᠨ᠂ ᠡᠯ᠎ᠡ ᠨᠠᠮ᠎ᠤᠨ ᠡᠭᠦᠷ᠎ᠤᠨ ᠱᠦᠵᠢ ᠬᠤᠷᠠᠯ᠎ᠳᠤ ᠣᠷᠣᠯᠴᠠᠪᠠ᠃


ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ —   ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠨᠢᠭᠡᠳᠦᠭᠡᠷ ᠪᠦᠯᠦᠭ ᠶᠡᠷᠦᠩᠬᠡᠶ ᠲᠦᠷᠢᠮ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠬᠤᠶᠠᠳᠤᠭ᠋ᠠᠷ ᠪᠦᠯᠦᠭ᠎ᠠᠴᠠ ᠲᠠᠪᠤᠳᠤᠭ᠋ᠠᠷ ᠪᠦᠯᠦᠭ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠵᠢᠷᠭᠤᠳᠤᠭ᠋ᠠᠷ ᠪᠦᠯᠦᠭ᠎ᠠᠴᠠ ᠨᠠᠢ᠍ᠮᠠᠳᠤᠭ᠋ᠠᠷ ᠪᠦᠯᠦᠭ ᠬᠦᠷᠲᠡᠯ᠎ᠡ)᠎ᠢ ᠰᠤᠷᠤᠯᠴᠠᠪᠠ
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ·  ᠡᠳᠦᠷ ᠪᠦᠷᠢ ᠵᠢᠨ ᠬᠢᠴᠢᠶᠡᠯ — ᠨᠠᠮ ᠪᠠ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠠᠯᠳᠠᠭᠰᠠᠨ ᠶᠠᠪᠤᠳᠠᠯ᠎ᠢ ᠰᠢᠢ᠍ᠳᠭᠡᠬᠦ ᠲᠤᠬᠠᠢ ᠲᠣᠭᠲᠠᠭ᠋ᠠᠯ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠳᠣᠯᠤᠭ᠎ᠠ ᠵᠢ ᠰᠤᠷᠤᠯᠴᠠᠬᠤ》 ᠠᠷᠭ᠎ᠠ ᠮᠠᠶᠢᠭ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠪᠠ
 
            