ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠵᠠᠪᠠᠯ ᠰᠤᠷᠬᠤ ᠬᠢᠴᠢᠶᠡᠯ — ᠮᠡᠳᠡᠯᠭᠡ ᠵᠢᠨ ᠠᠰᠠᠭᠤᠯᠲᠠ ᠬᠠᠷᠢᠭᠤᠯᠲᠠ (ᠬᠤᠶᠠᠷ)
ᠨᠡᠶ᠋ᠢᠲᠡᠯᠡᠭᠰᠡᠨ ᠴᠠᠭ᠄ 2024-05-08

   ᠠᠰᠠᠭᠤᠯᠲᠠ᠄ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ᠎ᠤᠨ ᠲᠣᠭᠲᠠᠭ᠋ᠠᠯ᠎ᠢ ᠬᠡᠷᠬᠢᠨ ᠬᠡᠷᠡᠭᠵᠢᠭᠦᠯᠬᠦ ᠪᠣᠶ?

   ᠬᠠᠷᠢᠭᠤᠯᠲᠠ᠄ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠣᠭᠲᠠᠭ᠋ᠠᠯ ᠭᠠᠷᠭ᠋ᠠᠭᠰᠠᠨ᠎ᠤ ᠲᠠᠷᠠᠭ᠎ᠠ᠂ ᠨᠢᠭᠡ ᠰᠠᠷ᠎ᠠ ᠵᠢᠨ ᠳᠣᠲᠣᠷ᠎ᠠ ᠨᠠᠮ᠎ᠤᠨ ᠭᠡᠰᠢᠭᠦᠨ᠎ᠳᠤ ᠰᠢᠢ᠍ᠳᠬᠡᠯ ᠥᠭᠭᠦᠭᠰᠡᠨ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠳᠣᠲᠣᠷᠠᠬᠢ ᠪᠦᠬᠦ ᠨᠠᠮ᠎ᠤᠨ ᠭᠡᠰᠢᠭᠦᠨ ᠵᠢᠴᠢ ᠲᠤᠰ ᠬᠥᠮᠥᠨ᠎ᠨᠢ ᠨᠡᠶ᠋ᠢᠲᠡᠯᠡᠬᠦ    ᠬᠡᠷᠡᠭᠲᠡᠢ᠂ ᠤᠳᠤᠷᠢᠳᠬᠤ ᠪᠠᠭ᠎ᠤᠨ ᠪᠦᠷᠢᠯᠳᠦᠬᠦᠨ ᠪᠣᠯ ᠪᠠᠰᠠ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠲᠠᠭᠠᠨ ᠨᠡᠶ᠋ᠢᠲᠡᠯᠡᠬᠦ ᠵᠢᠨ ᠬᠠᠮᠲᠤ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ ᠪᠠ ᠵᠣᠬᠢᠶᠠᠨ ᠪᠠᠶ᠋ᠢᠭᠤᠯᠤᠯᠲᠠ ᠵᠢᠨ ᠬᠠᠷᠢᠴᠠᠭ᠎ᠠ ᠵᠢᠨ ᠶᠣᠰᠣᠭ᠋ᠠᠷ ᠰᠢᠢ᠍ᠳᠬᠡᠯ ᠥᠭᠭᠦᠭᠰᠡᠨ ᠲᠣᠭᠲᠠᠭ᠋ᠠᠯ᠎ᠤᠨ ᠮᠠᠲ᠋ᠧᠷᠢᠶᠠᠯ᠎ᠢ ᠰᠢᠢ᠍ᠳᠬᠡᠭᠳᠡᠭᠰᠡᠨ ᠡᠲᠡᠭᠡᠳ᠎ᠤᠨ ᠳᠠᠩᠰᠠ ᠡᠪᠬᠡᠮᠡᠯ᠎ᠳᠤ ᠣᠷᠣᠭᠤᠯᠤᠨ᠎ᠠ ᠭᠡᠵᠦ ᠨᠡᠶ᠋ᠢᠲᠡᠯᠡᠪᠡ;  ᠨᠠᠮ᠎ᠤᠨ ᠳᠣᠲᠣᠭ᠋ᠠᠳᠤ ᠵᠢᠨ ᠲᠤᠰᠢᠶᠠᠯ᠎ᠠᠴᠠ᠎ᠨᠢ ᠣᠭᠴᠣᠷᠠᠭᠤᠯᠤᠭᠰᠠᠨ ᠰᠢᠢ᠍ᠳᠭᠡᠯ ᠣᠯᠤᠭᠰᠠᠨ ᠪᠠᠢ᠌ᠪᠠᠯ ᠪᠠᠰᠠ ᠨᠢᠭᠡ ᠰᠠᠷ᠎ᠠ ᠵᠢᠨ ᠳᠣᠲᠣᠷ᠎ᠠ ᠲᠤᠰᠢᠶᠠᠯ᠂ ᠴᠠᠯᠢᠩ᠂ ᠠᠵᠢᠯ ᠵᠢᠴᠢ ᠪᠤᠰᠤᠳ ᠬᠣᠯᠪᠣᠭᠳᠠᠯ ᠪᠦᠬᠦᠢ ᠣᠯᠭᠣᠮᠵᠢ ᠵᠡᠷᠭᠡ ᠵᠣᠬᠢᠴᠠᠩᠭᠤᠢ ᠬᠤᠪᠢᠷᠠᠭ᠋ᠠᠬᠤ ᠭᠠᠷ ᠭᠦᠢ᠍ᠴᠡᠳᠭᠡᠯ ᠬᠢᠬᠦ ᠬᠡᠷᠡᠭᠲᠡᠢ; ᠨᠠᠮ᠎ᠤᠨ ᠭᠠᠳᠠᠨᠠᠬᠢ ᠲᠤᠰᠢᠶᠠᠯ᠎ᠠᠴᠠ᠎ᠨᠢ ᠣᠭᠴᠣᠷᠠᠭᠤᠯᠬᠤ ᠪᠤᠶᠤ ᠲᠣᠬᠢᠷᠠᠭᠤᠯᠤᠯᠲᠠ ᠬᠢᠬᠦ᠎ᠳᠤ ᠬᠣᠯᠪᠣᠭᠳᠠᠪᠠᠯ᠂ ᠨᠠᠮ᠎ᠤᠨ ᠭᠠᠳᠠᠨᠠᠬᠢ ᠵᠣᠬᠢᠶᠠᠨ ᠪᠠᠢ᠌ᠭᠤᠯᠤᠯᠲᠠ᠎ᠪᠠᠷ ᠲᠡᠭᠦᠨ᠎ᠢ ᠨᠠᠮ᠎ᠤᠨ ᠭᠠᠳᠠᠨᠠᠬᠢ ᠲᠤᠰᠢᠶᠠᠯ᠎ᠠᠴᠠ᠎ᠨᠢ ᠣᠭᠴᠣᠷᠠᠭᠤᠯᠬᠤ ᠪᠤᠶᠤ ᠲᠣᠬᠢᠷᠠᠭᠤᠯᠤᠯᠲᠠ ᠬᠢᠯᠭᠡᠬᠦ᠎ᠪᠠᠷ ᠰᠠᠨᠠᠭᠤᠯᠬᠤ ᠬᠡᠷᠡᠭᠲᠡᠢ᠃  ᠤᠨᠴᠠᠭ᠋ᠠᠢ ᠪᠠᠢ᠌ᠳᠠᠯ ᠳᠣᠣᠷ᠎ᠠ᠂ ᠰᠢᠢ᠍ᠳᠭᠡᠯ ᠥᠭᠬᠦ ᠲᠣᠭᠲᠠᠭ᠋ᠠᠯ ᠭᠠᠷᠭ᠋ᠠᠬᠤ ᠵᠣᠬᠢᠶᠠᠨ ᠪᠠᠢ᠌ᠭᠤᠯᠤᠯᠲᠠ᠎ᠪᠠᠷ ᠵᠦᠪᠰᠢᠶᠡᠷᠡᠭᠦᠯᠦᠭᠡᠳ ᠰᠢᠢ᠍ᠳᠪᠦᠷᠢᠯᠡᠬᠦ ᠬᠤᠭᠤᠴᠠᠭ᠎ᠠ ᠵᠢ᠎ᠨᠢ ᠵᠣᠬᠢᠰᠲᠠᠢ᠎ᠪᠠᠷ ᠤᠷᠲᠤᠳᠬᠠᠵᠤ ᠪᠣᠯᠤᠨ᠎ᠠ᠃ ᠰᠢᠢ᠍ᠳᠪᠦᠷᠢᠯᠡᠬᠦ ᠬᠤᠭᠤᠴᠠᠭ᠎ᠠ ᠵᠢ ᠬᠠᠮᠤᠭ᠎ᠤᠨ ᠤᠷᠲᠤ᠎ᠳᠤ᠎ᠪᠠᠨ 6 ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠢ᠃    

   ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠣᠯᠭᠣᠬᠤ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠢ᠌ᠭᠤᠯᠭ᠎ᠠ ᠪᠤᠶᠤ   ᠰᠢᠢ᠍ᠳᠭᠡᠯ ᠣᠯᠤᠭᠰᠠᠨ ᠨᠠᠮ᠎ᠤᠨ ᠭᠡᠰᠢᠭᠦᠨ᠎ᠤ ᠪᠠᠶ᠋ᠢᠭ᠎ᠠ ᠨᠢᠭᠡᠴᠢ᠎ᠨᠢ ᠰᠢᠢ᠍ᠳᠭᠡᠬᠦ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠵᠢᠷᠭᠤᠭ᠋ᠠᠨ ᠰᠠᠷ᠎ᠠ ᠵᠢᠨ ᠳᠣᠲᠣᠷ᠎ᠠ ᠰᠢᠢ᠍ᠳᠭᠡᠬᠦ ᠲᠣᠭᠲᠠᠭ᠋ᠠᠯ ᠭᠠᠷᠭ᠋ᠠᠭᠰᠠᠨ ᠪᠤᠶᠤ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠬᠦ ᠬᠡᠷᠡᠭᠲᠡᠶ᠃

   ᠨᠠᠮ᠎ᠤᠨ ᠭᠡᠰᠢᠭᠦᠨ᠎ᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠬᠦᠯᠢᠶᠡᠭᠰᠡᠨ᠎ᠢ ᠨᠠᠮ᠎ᠤᠨ ᠳᠦᠷᠢᠮ ᠵᠢᠴᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠣᠮᠣᠳᠠᠯ ᠲᠣᠭ᠋ᠠᠴᠢᠵᠤ ᠪᠣᠯᠤᠨ᠎ᠠ᠃

   ᠠᠰᠠᠭᠤᠯᠲᠠ ᠬᠠᠷᠢᠭᠤᠯᠲᠠ 2

   ᠠᠰᠠᠭᠤᠯᠲᠠ᠄ ᠶᠠᠮᠠᠷ ᠪᠠᠶ᠋ᠢᠳᠠᠯ ᠪᠠᠶ᠋ᠢᠪᠠᠯ᠂ ᠬᠥᠩᠭᠡᠨ ᠵᠶ᠋ᠠᠷ ᠰᠢᠢ᠍ᠳᠬᠡᠬᠦ ᠪᠤᠶᠤ ᠬᠥᠩᠭᠡᠨ ᠵᠶ᠋ᠠᠷ ᠰᠢᠢ᠍ᠳᠬᠡᠵᠦ ᠪᠣᠯᠬᠤ ᠪᠣᠶ?

   ᠬᠠᠷᠢᠭᠤᠯᠲᠠ᠄ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠥᠩᠭᠡᠨ ᠵᠶ᠋ᠠᠷ ᠰᠢᠢ᠍ᠳᠭᠡᠬᠦ ᠪᠤᠶᠤ ᠰᠢᠢ᠍ᠳᠬᠡᠯ᠎ᠢ᠎ᠨᠢ ᠬᠥᠩᠭᠡᠷᠡᠭᠦᠯᠵᠦ ᠪᠣᠯᠤᠨ᠎ᠠ᠄

  (ᠨᠢᠭᠡ) ᠲᠤᠰ ᠬᠥᠮᠥᠨ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠣᠯᠪᠠᠯ ᠵᠣᠬᠢᠬᠤ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠭᠰᠠᠨ ᠪᠠᠢ᠌ᠬᠤ;

  (ᠬᠤᠶᠠᠷ) ᠶᠠᠷᠢᠯᠴᠠᠭ᠎ᠠ ᠵᠢ ᠵᠣᠬᠢᠶᠠᠨ ᠪᠠᠶ᠋ᠢᠭᠤᠯᠬᠤ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠬᠡᠷᠡᠭ ᠪᠣᠯᠭ᠋ᠠᠨ ᠳᠡᠩᠰᠡᠯᠡᠵᠦ ᠬᠢᠨᠠᠨ ᠪᠠᠶ᠋ᠢᠴᠠᠭ᠋ᠠᠬᠤ ᠶᠠᠪᠤᠴᠠ᠎ᠳᠤ᠂ ᠬᠢᠨᠠᠨ ᠬᠠᠷᠭᠤᠭᠤᠯᠵᠤ ᠬᠢᠨᠠᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠵᠤ᠂ ᠲᠣᠰ ᠬᠥᠮᠦᠨ᠎ᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠪᠣᠳᠠᠲᠤ ᠶᠠᠪᠤᠳᠠᠯ᠎ᠢ ᠦᠨᠡᠨ ᠪᠣᠳᠠᠲᠠᠶ᠎ᠪᠠᠷ ᠲᠣᠳᠣᠷᠬᠠᠶ᠋ᠢᠯᠠᠨ᠎ᠠ᠃

  (ᠭᠤᠷᠪᠠ) ᠨᠢᠭᠡ ᠬᠡᠷᠡᠭᠲᠡᠨ ᠪᠤᠶᠤ ᠪᠤᠰᠤᠳ ᠬᠥᠮᠦᠨ᠎ᠢ ᠢᠯᠡᠴᠢᠯᠡᠪᠡᠯ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠪᠤᠶᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ᠎ᠲᠠᠢ ᠪᠦᠭᠡᠳ ᠪᠠᠢ᠌ᠴᠠᠭ᠋ᠠᠭᠰᠠᠨ ᠭᠡᠷᠡᠴᠢ᠎ᠨᠢ ᠦᠨᠡᠨ ᠪᠣᠳᠠᠲᠠᠢ ᠪᠤᠶᠤ ᠭᠠᠪᠢᠶ᠎ᠠ ᠪᠠᠢ᠌ᠭᠤᠯᠤᠭᠰᠠᠨ ᠪᠤᠰᠤᠳ ᠢᠯᠡᠷᠡᠯ᠎ᠲᠠᠢ;

  (ᠲᠦᠷᠪᠡ) ᠬᠣᠬᠢᠷᠠᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠡᠭᠡᠭᠦᠯᠦᠨ ᠠᠪᠴᠢᠷᠠᠵᠤ᠂ ᠮᠠᠭᠤ ᠨᠥᠯᠥᠭᠡ ᠵᠢ ᠠᠷᠢᠯᠭ᠋ᠠᠬᠤ ᠪᠤᠶᠤ ᠬᠤᠤᠷ ᠬᠥᠨᠥᠭᠡᠯ᠎ᠤᠨ ᠦᠷ᠎ᠡ ᠳ᠋ᠦᠩ ᠡᠭᠦᠰᠬᠦ ᠵᠢ ᠪᠦᠲᠦᠮᠵᠢᠲᠡᠶ ᠬᠤᠷᠢᠭᠯᠠᠨ᠎ᠠ;

  (ᠲᠠᠪᠤ) ᠰᠠᠬᠢᠯᠭ᠎ᠠ ᠪᠠᠲᠤ᠎ᠠᠴᠠ ᠵᠥᠷᠢᠴᠡᠭᠰᠡᠨ ᠣᠯᠵᠠᠪᠤᠷᠢ ᠵᠢ ᠰᠠᠨᠠᠭ᠋ᠠᠴᠢᠯᠠᠭ᠎ᠠ᠎ᠠᠴᠠ᠎ᠪᠠᠨ ᠳᠡᠭᠡᠭᠰᠢ ᠲᠤᠰᠢᠶᠠᠬᠤ ᠪᠤᠶᠤ ᠪᠤᠴᠠᠭ᠋ᠠᠬᠤ;

  (ᠵᠢᠷᠭᠤᠭ᠎ᠠ) ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠥᠩᠭᠡᠨ ᠵᠶ᠋ᠠᠷ ᠰᠢᠢ᠍ᠳᠭᠡᠬᠦ ᠪᠤᠶᠤ ᠰᠢᠢ᠍ᠳᠭᠡᠯ᠎ᠢ ᠬᠥᠩᠭᠡᠷᠡᠭᠦᠯᠵᠦ ᠪᠠᠶ᠋ᠢᠭ᠎ᠠ ᠪᠠᠶ᠋ᠢᠳᠠᠯ᠃

   ᠬᠡᠷᠡᠭ᠎ᠤᠨ ᠤᠨᠴᠠᠭ᠋ᠠᠢ ᠪᠠᠶ᠋ᠢᠲᠠᠯ᠎ᠢ ᠦᠨᠲᠦᠰᠦᠯᠡᠪᠡᠯ᠂ ᠳᠦᠪ᠎ᠤᠨ ᠰᠠᠭᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠪᠤᠶᠤ ᠮᠤᠵᠢ ᠵᠢᠨ ᠱᠠᠲᠤᠨ᠎ᠤ ᠰᠠᠭᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠳᠡᠳ᠋ ᠮᠤᠵᠢ ᠵᠢᠨ ᠱᠠᠲᠤᠨ᠎ᠤ ᠬᠤᠲᠠ ᠵᠢᠨ ᠰᠠᠭᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠪᠠᠭᠲᠠᠬᠤ ᠦᠭᠡᠢ ᠭᠡᠭᠦ ᠲᠤᠭᠲᠠᠭ᠋ᠠᠯ ᠭᠠᠷᠭ᠋ᠠᠵᠤ᠂ ᠳᠦᠪ᠎ᠤᠨ ᠰᠠᠭᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠳᠤ ᠲᠡᠪᠰᠢᠭᠦᠯᠦᠨ ᠵᠦᠪᠰᠢᠶᠡᠷᠡᠭᠦᠯᠭᠦ᠎ᠪᠠᠷ ᠲᠡᠪᠰᠢᠭᠦᠯᠵᠦ᠂ ᠰᠠᠭᠢᠯᠭ᠎ᠠ ᠪᠠᠲᠤ ᠵᠦᠷᠢᠴᠡᠭᠰᠡᠨ ᠨᠠᠮ᠎ᠤᠨ ᠬᠡᠰᠢᠭᠦᠳ᠎ᠢ ᠪᠠᠰᠠ ᠳᠤᠮᠳᠠᠳᠦ ᠤᠯᠤᠰ᠎ᠤᠨ ᠡᠪ ᠬᠠᠮᠳᠤ ᠨᠠᠮ᠎ᠤᠨ ᠰᠠᠭᠢᠯᠭ᠎ᠠ ᠪᠠᠲᠤ ᠵᠢᠨ ᠰᠢᠢ᠍ᠳᠭᠡᠯ᠎ᠤᠨ ᠳᠦᠷᠢᠮ᠎ᠳᠤ ᠳᠤᠭᠲᠠᠭ᠋ᠠᠭᠰᠠᠨ ᠰᠢᠢ᠍ᠳᠭᠡᠯ᠎ᠤᠨ ᠬᠡᠮᠵᠢᠶ᠎ᠠ᠎ᠠᠴᠠ ᠭᠠᠲᠠᠨ᠎ᠠ ᠰᠶ᠋ᠢᠳᠬᠡᠯ᠎ᠢ ᠬᠦᠩᠬᠡᠯᠡᠵᠦ ᠪᠤᠯᠤᠨ᠎ᠠ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠡᠳᠡᠯᠭᠡ ᠵᠢᠨ ᠰᠢᠯᠭ᠋ᠠᠯᠲᠠ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠵᠢᠴᠢ ᠨᠠᠮ᠎ᠤᠨ ᠡᠭᠦᠷ᠎ᠤᠨ ᠱᠦᠵᠢ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ —   ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠨᠢᠭᠡᠳᠦᠭᠡᠷ ᠪᠦᠯᠦᠭ ᠶᠡᠷᠦᠩᠬᠡᠶ ᠲᠦᠷᠢᠮ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠬᠤᠶᠠᠳᠤᠭ᠋ᠠᠷ ᠪᠦᠯᠦᠭ᠎ᠠᠴᠠ ᠲᠠᠪᠤᠳᠤᠭ᠋ᠠᠷ ᠪᠦᠯᠦᠭ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠵᠢᠷᠭᠤᠳᠤᠭ᠋ᠠᠷ ᠪᠦᠯᠦᠭ᠎ᠠᠴᠠ ᠨᠠᠢ᠍ᠮᠠᠳᠤᠭ᠋ᠠᠷ ᠪᠦᠯᠦᠭ ᠬᠦᠷᠲᠡᠯ᠎ᠡ)᠎ᠢ ᠰᠤᠷᠤᠯᠴᠠᠪᠠ
 
            