ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠪᠠ᠃
ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃ 4 ᠳ᠋ᠦ᠍ᠭᠡᠷ ᠰᠠᠷ᠎ᠠ ᠵᠢᠨ 15᠎ᠤ ᠡᠳᠦᠷ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠨᠥᠬᠦᠷ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠪᠠ 《ᠪᠥᠬᠦ ᠨᠠᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠪᠥᠬᠦ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠦᠯ᠎ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠤᠤᠯ ᠡᠭᠦᠷᠭᠡ ᠪᠠ ᠬᠠᠷᠠᠯᠲᠠ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃

ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠪᠡ᠃ 4 ᠳ᠋ᠤᠭᠡᠷ ᠰᠠᠷ᠎ᠠ ᠵᠢᠨ 16᠎ᠤ ᠡᠳᠦᠷ᠎ᠠᠴᠠ 19᠎ᠤ ᠡᠳᠦᠷ ᠪᠣᠯᠲᠠᠯ᠎ᠠ᠂ 《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ》 ᠵᠢ ᠡᠷᠬᠢᠯᠡᠵᠦ᠂ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠲᠦᠷᠦᠭᠦᠯᠡᠨ ᠨᠢᠭᠡ ᠠᠯᠬᠤᠮ ᠭᠦᠨᠵᠡᠭᠡᠶ ᠰᠤᠷᠤᠯᠴᠠᠵᠤ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠳᠠᠭ᠋ᠠᠭᠤᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》 ᠵᠡᠷᠭᠡ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠲᠡᠷᠡ ᠬᠡᠪ ᠵᠶ᠋ᠠᠷ᠎ᠨᠢ ᠰᠤᠷᠤᠯᠴᠠᠵᠤ᠂ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶ᠋ᠢᠭ᠋ᠠᠳ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠡᠭᠡᠨ ᠬᠠᠳᠠᠩᠰᠢᠭᠤᠯᠵᠤ᠂ ᠡᠳᠦᠷ ᠲᠤᠳᠤᠮ᠎ᠤᠨ ᠬᠡᠷᠡᠭᠯᠡᠯᠲᠡ ᠵᠢ ᠦᠯᠦ ᠮᠡᠳᠡᠬᠦ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠤᠯᠭ᠋ᠠᠬᠤ ᠬᠡᠷᠡᠭᠲᠡᠢ᠃

ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠠᠵᠢᠯ᠎ᠢ ᠵᠣᠬᠢᠶᠠᠨ ᠪᠠᠢ᠌ᠭᠤᠯᠪᠠ᠃ 4 ᠳ᠋ᠦ᠍ᠭᠡᠷ ᠰᠠᠷ᠎ᠠ ᠵᠢᠨ 25᠎ᠤ ᠡᠳᠦᠷ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶ᠋ᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠤᠨ ᠬᠤᠷᠢᠶᠠᠨ᠎ᠤ ᠳᠡᠳ᠋ ᠱᠦᠵᠢ ᠰᠦᠩ ᠪᠦᠦ ᠭᠦᠸᠧ ᠨᠥᠬᠦᠷ᠎ᠢ ᠤᠷᠢᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠵᠦ᠂ ᠰᠦᠩ ᠪᠦᠦ ᠭᠦᠸᠧ ᠨᠥᠬᠦᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠵᠤ᠂ ᠪᠦᠬᠦ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠤᠯᠤᠰ ᠲᠦᠷᠦ ᠵᠢᠨ ᠰᠠᠬᠢᠯᠭ᠎ᠠ ᠪᠠᠲᠤ ᠵᠢᠨ ᠬᠢᠴᠢᠶᠡᠯ᠂ ᠰᠡᠷᠡᠮᠵᠢᠯᠡᠭᠦᠯᠬᠦ ᠬᠥᠮᠦᠵᠢᠯ᠎ᠤᠨ ᠬᠢᠴᠢᠶᠡᠯ᠂ ᠦᠢ᠍ᠯᠡᠳᠦᠯᠭᠡ ᠵᠢᠨ ᠵᠢᠯᠤᠭᠤᠳᠤᠯᠭ᠎ᠠ ᠵᠢᠨ ᠬᠢᠴᠢᠶᠡᠯ ᠣᠷᠣᠭᠤᠯᠵᠤ᠂ 《ᠳᠡᠷᠭᠡᠳᠡᠬᠢ ᠶᠠᠪᠤᠳᠠᠯ》 ᠵᠶ᠋ᠡᠷ 《ᠳᠡᠷᠭᠡᠳᠡᠬᠢ ᠬᠦᠮᠦᠨ》᠎ᠢ ᠰᠡᠷᠡᠮᠵᠢᠯᠡᠭᠦᠯᠵᠦ᠂ 《ᠬᠡᠷᠡᠭ᠎ᠤᠨ ᠳᠤᠮᠳᠠᠬᠢ ᠬᠦᠮᠦᠨ》 ᠵᠶ᠋ᠠᠷ 《ᠵᠡᠭᠦᠳᠦᠨ᠎ᠳᠠᠬᠢ ᠬᠥᠮᠥᠨ》᠎ᠢ ᠰᠡᠷᠡᠮᠵᠢᠯᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠲᠤ ᠰᠡᠷᠡᠮᠵᠢ ᠥᠭᠴᠦ᠂ ᠬᠤᠷᠢᠭ᠎ᠠ ᠱᠤᠭᠤᠮ᠎ᠢ ᠲᠣᠳᠣᠷᠬᠠᠢ ᠪᠣᠯᠭ᠋ᠠᠵᠤ᠂ ᠪᠢᠰᠢᠷᠡᠨ ᠵᠢᠷᠦᠬᠡᠰᠢᠶᠡᠬᠦ ᠵᠢ ᠮᠡᠳᠡᠭᠦᠯᠪᠡ᠃

ᠰᠤᠷᠤᠯᠴᠠᠯᠭ᠎ᠠ ᠰᠣᠯᠢᠯᠴᠠᠭ᠎ᠠ ᠵᠢ ᠠᠬᠢᠭᠤᠯᠪᠠ᠃ 4 ᠳ᠋ᠦ᠍ᠭᠡᠷ ᠰᠠᠷ᠎ᠠ ᠵᠢᠨ ᠬᠤᠷᠢᠳ ᠵᠶ᠋ᠠᠷ ᠡᠯ᠎ᠡ ᠨᠠᠮ᠎ᠤᠨ ᠡᠭᠦᠷ᠎ᠤᠨ᠎ᠬᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠥᠪᠯᠡᠷᠡᠭᠦᠯᠦᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠵᠦ᠂ 100 ᠭᠠᠷᠤᠢ ᠨᠠᠮ᠎ᠤᠨ ᠭᠡᠰᠢᠭᠦᠨ ᠺᠠᠳ᠋ᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠢ ᠰᠤᠷᠤᠯᠴᠠᠭᠰᠠᠨ ᠣᠯᠤᠯᠲᠠ ᠲᠦᠷᠦᠭᠳᠡᠯ ᠵᠶ᠋ᠠᠨ ᠢᠳᠡᠪᠬᠢᠲᠡᠢ ᠰᠣᠯᠢᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠡᠷᠴᠢ ᠵᠣᠷᠢᠭ ᠵᠶ᠋ᠠᠨ ᠬᠥᠪᠴᠢᠯᠡᠬᠦ᠂ ᠭᠠᠷᠮᠠᠭ᠋ᠠᠢ ᠠᠮᠵᠢᠯᠲᠠ ᠵᠢ ᠬᠥᠭᠡᠭᠡᠴᠡᠯᠳᠦᠬᠦ ᠴᠤᠭ ᠰᠦᠯᠳᠡ᠎ᠪᠠᠷ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ ᠭᠡᠵᠦ ᠢᠯᠡᠳᠬᠡᠵᠡᠭᠡᠪᠡ᠃

ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠭᠦᠯᠪᠡ᠃ 4 ᠳ᠋ᠦ᠍ᠭᠡᠷ ᠰᠠᠷ᠎ᠠ ᠵᠢᠨ 30᠎ᠤ ᠡᠳᠦᠷ᠂ 《ᠡᠷᠡᠰ ᠭᠤᠶ᠋ᠢᠪᠢᠰᠢ ᠦᠭᠡᠢ᠎ᠪᠠᠷ ᠨᠠᠮ ᠵᠶ᠋ᠠᠨ ᠳᠠᠭ᠋ᠠᠬᠤ · ᠵᠠᠯᠠᠭᠤ ᠨᠠᠰᠤᠨ᠎ᠤ ᠴᠤᠭ ᠵᠢᠪᠬᠤᠭ᠎ᠠ᠎ᠪᠠᠷ ᠤᠮᠠᠷᠠᠲᠤ ᠬᠢᠯᠢ ᠵᠢ ᠭᠡᠶ᠋ᠢᠭᠦᠯᠬᠦ》 ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠡᠷᠬᠢᠯᠡᠵᠦ᠂ ᠬᠠᠮᠲᠤ᠎ᠪᠠᠷ ᠥᠪᠥᠷ ᠮᠣᠩᠭᠤᠯ᠎ᠤᠨ ᠬᠤᠳᠠᠯᠳᠤᠭ᠎ᠠ ᠵᠢᠭᠤᠯᠴᠢᠯᠠᠯ ᠰᠣᠶᠣᠯ᠎ᠤᠨ ᠠᠭᠤᠰᠤᠯᠴᠠᠨ ᠬᠥᠭᠵᠢᠬᠦ ᠰᠢᠭᠤᠳ ᠨᠡᠪᠲᠡᠷᠡᠭᠦᠯᠭᠡ ᠵᠢᠨ ᠰᠠᠭᠤᠷᠢᠨ ᠭᠠᠵᠠᠷ᠎ᠢ ᠲᠣᠭᠤᠷᠢᠨ ᠦᠵᠡᠵᠦ᠂ ᠵᠠᠯᠠᠭᠤ ᠺᠠᠳ᠋ᠷᠴᠤᠳ᠎ᠤᠨ ᠲᠥᠯᠥᠭᠡᠯᠡᠭᠴᠢ 《ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠬᠦᠳᠦᠯᠦᠨ ᠳᠠᠭ᠋ᠠᠭᠤᠯᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯᠤᠨ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠡᠷᠭᠡ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠷ ᠭᠤᠣᠯᠳᠠᠭᠤᠯᠵᠤ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠰᠤᠷᠤᠯᠴᠠᠭᠰᠠᠨ ᠣᠯᠤᠯᠲᠠ ᠲᠦᠷᠦᠭᠳᠡᠯ ᠵᠶ᠋ᠠᠨ ᠰᠣᠯᠢᠯᠴᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠾᠧᠦ ᠶᠠᠨ ᠬᠤᠢ ᠨᠥᠬᠦᠷ ᠵᠠᠯᠠᠭᠤ ᠺᠠᠳ᠋ᠷᠴᠤᠳ᠎ᠲᠠᠢ ᠶᠠᠷᠢᠯᠴᠠᠨ ᠰᠣᠯᠢᠯᠴᠠᠵᠤ᠂ ᠵᠠᠯᠠᠭᠤ ᠺᠠᠳ᠋ᠷᠴᠤᠳ᠎ᠢ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠵᠢ ᠠᠮᠰᠠᠵᠤ ᠳᠡᠶ᠋ᠢᠯᠬᠦ᠂ ᠴᠢᠷᠮᠠᠶ᠋ᠢᠨ ᠲᠡᠮᠡᠴᠡᠬᠦ ᠰᠢᠨ᠎ᠡ ᠴᠠᠭ ᠦᠶ᠎ᠡ ᠵᠢᠨ ᠰᠠᠶ᠋ᠢᠨ ᠵᠠᠯᠠᠭᠤᠴᠤᠳ ᠪᠣᠯᠭ᠋ᠠᠬᠤ ᠵᠢ ᠵᠣᠷᠢᠭᠵᠢᠭᠤᠯᠵᠤ᠂ ᠵᠠᠯᠠᠭᠤ ᠨᠠᠰᠤ᠎ᠪᠠᠨ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠭᠡᠨ ᠪᠠᠶ᠋ᠢᠭᠤᠯᠤᠯᠲᠠ᠎ᠳᠤ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠵᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠬᠤᠳᠠᠯᠳᠤᠭ᠋ᠠᠨ᠎ᠤ ᠶᠠᠪᠤᠳᠠᠯ᠎ᠤᠨ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠪᠡ᠃


ᠤᠬᠠᠭᠤᠯᠭ᠎ᠠ ᠬᠥᠮᠦᠵᠢᠯ᠎ᠢ ᠴᠢᠩᠭ᠋ᠠᠳᠬᠠᠪᠠ᠃ ᠲᠢᠩᠬᠢᠮ᠎ᠤᠨ ᠫᠤᠷᠲ᠋ᠧᠯ ᠰᠦᠯᠵᠢᠶ᠎ᠡ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠪᠤᠯᠤᠩ ᠭᠠᠷᠭ᠋ᠠᠵᠤ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ 《ᠨᠠᠮ᠎ᠤᠨ ᠪᠠᠶ᠋ᠢᠭᠤᠯᠤᠯᠲᠠ ᠵᠢᠨ ᠬᠢᠴᠢᠶᠡᠯ᠎ᠤᠨ ᠲᠠᠩᠬᠢᠮ》 ᠭᠠᠷᠭ᠋ᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠤᠨ ᠠᠭᠤᠯᠭ᠎ᠠ ᠵᠢᠨ ᠲᠠᠶ᠋ᠢᠯᠤᠮᠵᠢ ᠵᠢ ᠢᠳᠡᠪᠬᠢᠲᠡᠶ ᠤᠬᠠᠭᠤᠯᠵᠤ᠂ ᠲᠢᠩᠬᠢᠮ᠎ᠤᠨ ᠪᠠᠶ᠋ᠢᠭᠤᠯᠭ᠎ᠠ ᠵᠢᠨ ᠬᠤᠩᠭᠢᠯ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠭ᠎ᠠ ᠵᠢᠨ ᠰᠠᠮᠪᠠᠷ᠎ᠠ ᠵᠢ ᠵᠢᠷᠤᠵᠤ ᠲᠥᠯᠥᠪᠯᠡᠨ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃

ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠬᠤᠯᠪᠣᠭᠳᠠᠯ ᠪᠥᠬᠦᠶ ᠠᠵᠢᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠷᠢᠨ ᠨᠢᠮᠪᠠᠶ ᠲᠥᠯᠥᠪᠵᠢᠭᠦᠯᠦᠨ ᠪᠠᠶ᠋ᠢᠷᠢᠯᠠᠭᠤᠯᠵᠤ᠂ ᠰᠤᠷᠤᠯᠴᠠᠯᠭ᠎ᠠ ᠵᠢᠨ ᠭᠤᠤᠯᠳᠠᠯᠭ᠎ᠠ ᠵᠢ ᠴᠢᠩᠭ᠎ᠠ ᠠᠳᠬᠤᠨ᠂ ᠰᠤᠷᠬᠤ ᠬᠡᠷᠡᠭᠯᠡᠬᠦ ᠵᠢ ᠴᠢᠩᠭ᠋ᠠᠳᠬᠠᠬᠤ᠎ᠪᠠᠷ ᠪᠠᠶ᠋ᠢᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠡᠳᠦᠷ ᠲᠤᠲᠤᠮ᠎ᠤᠨ ᠠᠵᠢᠯ᠎ᠳᠠᠭᠠᠨ ᠠᠭᠤᠰᠬᠠᠨ ᠪᠠᠶ᠋ᠢᠩᠭᠤ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃