ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠮᠥᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠣᠯ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠤᠭ᠎ᠤᠨ ᠦᠨᠳᠦᠰᠦᠨ ᠤᠯᠤᠰ ᠲᠦᠷᠦ ᠵᠢᠨ ᠡᠭᠦᠷᠭᠡᠯᠡᠯ ᠮᠥᠨ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠳᠤ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠵᠢ ᠭᠦᠢ᠍ᠴᠡᠳᠭᠡᠬᠦ᠎ᠳᠤ ᠰᠢᠢ᠍ᠳᠭᠡᠯ ᠥᠭᠬᠦ ᠲᠣᠭᠲᠠᠭ᠋ᠠᠯ ᠭᠠᠷᠭ᠋ᠠᠪᠠ᠃ ᠡᠭᠦᠨ᠎ᠳᠤ ᠭᠤᠤᠯᠳᠠᠭᠤ ᠬᠤᠶᠠᠷ ᠵᠦᠢ᠍ᠯ᠎ᠤᠨ ᠪᠠᠶ᠋ᠢᠳᠠᠯ ᠬᠤᠪᠢᠶᠠᠪᠠ᠄
1. ᠪᠠᠶᠠᠴᠢ ᠴᠣᠬ᠍ᠴᠠ ᠵᠢᠨ ᠬᠠᠷᠢᠭᠣᠴᠠᠯᠭ᠎ᠠ᠎ᠪᠠᠨ ᠭᠦᠢ᠍ᠴᠡᠳᠭᠡᠵᠤ᠂ ᠬᠢᠨᠠᠯᠲᠠ ᠲᠠᠯᠪᠢᠬᠤ ᠬᠠᠷᠢᠭᠣᠴᠠᠯᠭ᠎ᠠ ᠳᠠᠭᠠᠨ ᠤᠰᠤᠯᠳᠤᠬᠤ
《ᠲᠦᠷᠢᠮ》᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠬᠦᠴᠦᠨ ᠦᠭᠡᠢ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠨᠣᠴᠢᠲᠠᠢ ᠮᠠᠭᠤ ᠨᠥᠯᠥᠭᠡ ᠦᠵᠡᠭᠦᠯᠦᠭᠰᠡᠨ ᠪᠠᠶ᠋ᠢᠪᠠᠯ᠂ ᠰᠢᠭᠤᠳ ᠬᠠᠷᠢᠭᠤᠴᠠᠯᠭ᠎ᠠ᠎ᠲᠠᠢ ᠬᠥᠮᠦᠨ ᠪᠠ ᠤᠳᠤᠷᠢᠳᠬᠤ ᠬᠠᠷᠢᠭᠤᠴᠠᠯᠭ᠋ᠠᠲᠠᠨ᠎ᠳᠤ ᠰᠡᠷᠡᠮᠵᠢ ᠥᠭᠬᠦ ᠪᠤᠶᠤ ᠴᠢᠩᠭ᠎ᠠ ᠳᠣᠩᠭᠤᠳᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠨᠠᠮ᠎ᠤᠨ ᠳᠣᠲᠣᠭ᠋ᠠᠳᠤ ᠵᠢᠨ ᠲᠤᠰᠢᠶᠠᠯ᠎ᠠᠴᠠ᠎ᠨᠢ ᠣᠭᠴᠣᠷᠠᠭᠤᠯᠬᠤ ᠪᠤᠶᠤ ᠨᠠᠮ᠎ᠳᠤ ᠦᠯᠡᠳᠡᠭᠡᠵᠦ ᠪᠠᠶ᠋ᠢᠴᠠᠭ᠋ᠠᠨ ᠦᠵᠡᠵᠦ ᠰᠢᠢ᠍ᠳᠭᠡᠯ ᠥᠭᠭᠦᠨ᠎ᠡ ᠭᠡᠵᠦ ᠲᠣᠭᠲᠠᠭ᠋ᠠᠵᠠᠶ᠃
ᠦᠢ᠍ᠯᠡᠳᠦᠯᠭᠡ ᠵᠢᠨ ᠳᠤᠮᠳᠠ᠂ ᠵᠠᠷᠢᠮ ᠭᠠᠵᠠᠷ ᠣᠷᠣᠨ ᠪᠣᠯᠤᠨ ᠨᠢᠭᠡᠴᠢ᠎ᠳᠤ 《ᠬᠤᠶᠠᠷ ᠬᠠᠷᠢᠭᠤᠴᠠᠯᠭ᠎ᠠ》 ᠵᠢ ᠨᠠᠶ᠋ᠢᠳᠠᠪᠤᠷᠢᠵᠢᠭᠤᠯᠬᠤ ᠳᠠᠷᠤᠯᠲᠠ ᠵᠢ ᠪᠣᠳᠠᠲᠠᠶ᠋ᠢᠵᠢᠭᠤᠯᠤᠭᠰᠠᠨ ᠥᠬᠡᠶ᠂ ᠡᠴᠦᠰ᠎ᠲᠤᠨᠢ ᠲᠤᠯᠲᠠᠯ᠎ᠠ ᠬᠢᠭᠰᠡᠨ ᠥᠬᠡᠶ᠂ ᠱᠠᠲᠤ ᠱᠠᠲᠤ᠎ᠪᠠᠷ ᠬᠠᠰᠤᠭᠰᠠᠨ ᠵᠡᠷᠭᠡ ᠠᠰᠠᠭᠤᠳᠠᠯ ᠣᠷᠣᠰᠢᠵᠤ᠂ ᠬᠤᠤᠷ ᠬᠥᠨᠥᠭᠡᠯ᠎ᠢ ᠣᠮᠲᠣᠭ᠋ᠠᠶ᠋ᠢᠯᠠᠵᠤ ᠪᠣᠯᠤᠰᠢ ᠥᠬᠡᠶ ᠶᠤᠮ᠃ ᠵᠢᠱ᠌ᠢᠶᠡᠯᠡᠪᠡᠯ᠂ ᠵᠠᠷᠢᠮ ᠨᠠᠮ᠎ᠤᠨ ᠭᠡᠰᠢᠭᠦᠨ ᠤᠳᠤᠷᠢᠳᠬᠤ ᠺᠠᠳ᠋ᠷ ᠥᠳᠥ᠎ᠪᠠᠨ ᠬᠠᠶ᠋ᠢᠷᠠᠯᠠᠨ ᠬᠢᠨᠠᠯᠲᠠ ᠲᠠᠯᠪᠢᠬᠤ ᠳᠤᠷ᠎ᠠ ᠦᠭᠡᠢ᠂ ᠳᠣᠣᠷᠠᠬᠢ ᠬᠥᠮᠥᠰ᠎ᠤᠨ ᠵᠶ᠋ᠠᠨ ᠪᠤᠷᠤᠭᠤ ᠦᠭᠡ ᠶᠠᠷᠢᠶ᠎ᠠ ᠦᠢ᠍ᠯᠡ ᠠᠵᠢᠯᠯᠠᠭ᠎ᠠ ᠵᠢ ᠬᠠᠮᠢᠶᠠᠷᠬᠤ ᠳᠤᠷ᠎ᠠ ᠦᠭᠡᠢ ᠪᠠᠢ᠌ᠬᠤ; ᠵᠠᠷᠢᠮ᠎ᠨᠢ ᠳᠣᠣᠷ᠎ᠠ ᠱᠠᠲᠤᠨ᠎ᠤ ᠠᠰᠠᠭᠤᠳᠠᠯ ᠭᠠᠷᠪᠠᠯ ᠥᠪᠡᠷ᠎ᠢ᠎ᠪᠠᠨ ᠵᠡᠷᠭᠡ ᠳᠡᠪᠰᠢᠬᠦ ᠵᠢ ᠨᠦᠯᠦᠭᠡᠯᠡᠬᠦ᠎ᠠᠴᠠ ᠠᠶᠤᠵᠤ᠂ 《ᠶᠡᠭᠡ ᠶᠠᠪᠤᠳᠠᠯ᠎ᠢ ᠪᠠᠭ᠎ᠠ ᠪᠣᠯᠭ᠋ᠠᠵᠤ᠂ ᠪᠠᠭ᠎ᠠ ᠶᠠᠪᠤᠳᠠᠯ᠎ᠢ ᠰᠢᠢ᠍ᠳᠪᠦᠷᠢᠯᠡᠬᠦ ᠦᠭᠡᠢ》 ᠭᠡᠵᠦ ᠱᠠᠭ᠋ᠠᠷᠳᠠᠪᠠ; ᠪᠠᠰᠠ ᠵᠠᠷᠢᠮ᠎ᠨᠢ ᠥᠪᠡᠷ᠎ᠤᠨ ᠪᠡᠶ᠎ᠡ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠪᠣᠯᠬᠤᠷ ᠡᠩᠨᠡᠭᠡ ᠵᠢ ᠴᠢᠩᠭ᠎ᠠ ᠠᠳᠬᠤᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠲᠠᠶᠠᠭᠳᠠᠵᠤ᠂ 《ᠳᠤᠤᠷᠠᠬᠢ ᠠᠰᠠᠭᠤᠳᠠᠯ᠎ᠨᠢ ᠬᠡᠯᠬᠢᠶᠡᠷᠡᠯᠳᠦᠭᠰᠡᠨ》 ᠪᠠᠶ᠋ᠢᠨ᠎ᠠ᠃ ᠡᠳᠡᠭᠡᠷ ᠨᠠᠮ᠎ᠤᠨ ᠭᠡᠰᠢᠭᠦᠨ ᠤᠳᠤᠷᠢᠳᠬᠤ ᠺᠠᠳ᠋ᠷ ᠰᠡᠯᠡᠮ᠎ᠡ᠎ᠪᠠᠨ ᠦᠵᠡᠭᠦᠯᠬᠦ ᠵᠣᠷᠢᠭ ᠦᠭᠡᠢ᠂ ᠤᠯᠤᠰ ᠲᠦᠷᠦ ᠵᠢᠨ ᠵᠣᠭᠰᠣᠴᠠ ᠥᠨᠳᠥᠷ ᠪᠢᠰᠢ᠂ ᠤᠯᠤᠰ ᠲᠦᠷᠦ ᠵᠢᠨ ᠡᠭᠦᠷᠭᠡᠯᠡᠯ ᠬᠦᠷᠦᠯᠴᠡᠬᠦ ᠦᠭᠡᠢ ᠵᠡᠷᠭᠡ ᠠᠰᠠᠭᠤᠳᠠᠯ᠎ᠢ ᠲᠤᠰᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠴᠢᠬᠤᠯᠠ ᠱᠠᠭ᠋ᠠᠷᠳᠠᠯᠭ᠎ᠠ᠎ᠠᠴᠠ ᠲᠡᠷᠰᠯᠡᠭᠰᠡᠨ ᠪᠠᠶ᠋ᠢᠨ᠎ᠠ᠃
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ ᠤᠯᠤᠰ ᠲᠦᠷᠦ ᠵᠢᠨ ᠡᠭᠦᠷᠭᠡᠯᠡᠯ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠥᠮᠦᠵᠢᠯ ᠬᠠᠮᠢᠶᠠᠷᠤᠯᠲᠠ ᠬᠢᠨᠠᠯᠲᠠ ᠵᠢ ᠴᠢᠩᠭ᠋ᠠᠳᠬᠠᠬᠤ ᠳᠤᠮᠳᠠ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ᠃
2. ᠤᠯᠤᠰ ᠳᠣᠢ᠍ᠷᠤ ᠵᠢᠨ ᠰᠠᠭᠢᠯᠭ᠎ᠠ ᠪᠠᠲᠤ ᠪᠠ ᠤᠯᠤᠰ ᠳᠣᠢ᠍ᠷᠤ ᠵᠢᠨ ᠶᠤᠰᠤ ᠳᠣᠢ᠍ᠷᠢᠮᠠᠴᠠ ᠵᠦᠷᠢᠴᠡᠬᠦ
《ᠲᠦᠷᠢᠮ》᠎ᠤᠨ ᠲᠣᠭᠲᠠᠭ᠋ᠠᠯ᠎ᠳᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠠᠴᠠ ᠵᠥᠷᠢᠴᠡᠭᠰᠡᠨ ᠵᠡᠷᠭᠡ ᠪᠤᠷᠤᠭᠤ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠵᠢ ᠮᠡᠳᠡᠭᠦᠯᠬᠦ ᠦᠭᠡᠢ᠂ ᠡᠰᠡᠷᠭᠦᠴᠡᠨ ᠬᠤᠷᠢᠭᠯᠠᠬᠤ ᠦᠭᠡᠢ᠂ ᠲᠡᠮᠡᠴᠡᠬᠦ ᠦᠭᠡᠢ᠂ ᠳᠤᠷ᠎ᠠ ᠲᠠᠪᠠ᠎ᠪᠠᠷ ᠵᠶ᠋ᠠᠨ ᠬᠠᠮᠢᠶᠠᠷᠬᠤ ᠦᠭᠡᠢ᠂ ᠵᠠᠷᠴᠢᠮ ᠦᠭᠡᠢ᠎ᠪᠠᠷ ᠡᠶ᠎ᠡ ᠡᠪ᠎ᠢ ᠰᠠᠮᠠᠭᠤᠷᠠᠭᠤᠯᠵᠤ᠂ ᠮᠠᠭᠤ ᠨᠥᠯᠥᠭᠡ ᠭᠠᠷᠭ᠋ᠠᠭᠰᠠᠨ ᠪᠠᠶ᠋ᠢᠪᠠᠯ᠂ ᠳᠣᠩᠭᠤᠳᠬᠤ ᠪᠤᠶᠤ ᠴᠢᠩᠭ᠎ᠠ ᠳᠣᠩᠭᠤᠳᠬᠤ ᠰᠢᠢ᠍ᠳᠬᠡᠯ ᠥᠭᠭᠦᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠨᠠᠮ᠎ᠤᠨ ᠳᠣᠲᠣᠭ᠋ᠠᠳᠤ ᠵᠢᠨ ᠲᠤᠰᠢᠶᠠᠯ᠎ᠢ᠎ᠨᠢ ᠬᠠᠰᠤᠬᠤ ᠪᠤᠶᠤ ᠨᠠᠮ᠎ᠳᠤ ᠦᠯᠡᠳᠡᠭᠡᠵᠦ ᠪᠠᠶ᠋ᠢᠴᠠᠭ᠋ᠠᠨ ᠦᠵᠡᠬᠦ ᠰᠢᠢ᠍ᠳᠬᠡᠯ ᠥᠭᠭᠦᠨ᠎ᠡ ᠭᠡᠵᠦ ᠲᠣᠭᠲᠠᠭ᠋ᠠᠵᠠᠶ᠃
ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠳᠤᠮᠳᠠ ᠣᠯᠵᠤ ᠮᠡᠳᠡᠭᠰᠡᠨ᠎ᠨᠢ᠂ ᠵᠠᠷᠢᠮ ᠨᠠᠮ᠎ᠤᠨ ᠭᠡᠰᠢᠭᠦᠨ ᠤᠳᠤᠷᠢᠳᠬᠤ ᠺᠠᠳ᠋ᠷ ᠥᠪᠡᠷ᠎ᠤᠨ ᠬᠠᠷᠢᠭᠤᠴᠠᠯᠭ᠎ᠠ ᠡᠭᠦᠷᠭᠡ᠎ᠪᠠᠨ ᠮᠠᠷᠲᠠᠵᠤ᠂ ᠳᠡᠷᠭᠡᠳᠡ ᠡᠭᠦᠰᠦᠭᠰᠡᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠠᠴᠠ ᠵᠥᠷᠢᠴᠡᠭᠰᠡᠨ ᠵᠡᠷᠭᠡ ᠪᠤᠷᠤᠭᠤ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠵᠢᠨ ᠣᠪᠣᠷ᠎ᠨᠢ ᠲᠦᠪ ᠪᠤᠰᠤ᠂ ᠲᠡᠮᠡᠴᠡᠯ ᠬᠢᠬᠦ ᠵᠣᠷᠢᠭ ᠦᠭᠡᠢ᠂ ᠨᠢᠭᠡ ᠨᠢᠳᠦ᠎ᠪᠠᠨ ᠨᠡᠬᠡᠬᠡᠵᠤ᠂ ᠨᠢᠭᠡ ᠨᠢᠳᠦ᠎ᠪᠠᠨ ᠠᠨᠢᠵᠦ᠂ ᠮᠡᠳᠡᠭᠦᠯᠬᠦ ᠶᠣᠰᠣᠲᠠᠢ᠎ᠪᠠᠨ ᠮᠡᠳᠡᠭᠦᠯᠬᠦ ᠦᠭᠡᠢ᠂ ᠰᠢᠭᠦᠮᠵᠢᠯᠡᠬᠦ ᠶᠤᠰᠤᠲᠠᠢ᠎ᠪᠠᠨ ᠰᠢᠭᠦᠮᠵᠢᠯᠡᠬᠦ ᠦᠭᠡᠢ᠂ ᠬᠤᠷᠢᠭᠯᠠᠬᠤ ᠶᠤᠰᠤᠲᠠᠢ᠎ᠪᠠᠨ ᠬᠤᠷᠢᠭᠯᠠᠬᠤ ᠦᠭᠡᠢ᠂ ᠨᠠᠮᠴᠢ ᠴᠢᠨᠠᠷ᠎ᠤᠨ ᠵᠠᠷᠴᠢᠮ ᠪᠠ ᠵᠣᠭᠰᠣᠯᠲᠠ᠎ᠪᠠᠨ ᠠᠯᠳᠠᠵᠤ᠂ ᠵᠥᠪ ᠪᠤᠷᠤᠭᠤ ᠵᠢᠨ ᠵᠠᠭ᠋ᠠᠭ ᠱᠤᠭᠤᠮ᠎ᠢ ᠪᠠᠯᠠᠷᠬᠠᠢ ᠪᠣᠯᠭ᠋ᠠᠵᠤ᠂ ᠨᠠᠮ᠎ᠤᠨ ᠦᠢ᠍ᠯᠡᠰ᠎ᠲᠤ ᠬᠤᠬᠢᠷᠠᠯ ᠤᠴᠠᠷᠠᠭᠤᠯᠪᠠ᠃
ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠪᠥᠯᠬᠥᠮᠳᠡᠯᠢ ᠡᠷᠬᠢᠮᠯᠡᠬᠦ᠎ᠠᠴᠠ ᠪᠢᠰᠢ ᠨᠢᠭᠡ ᠯᠡ ᠬᠦᠭ ᠵᠶ᠋ᠡᠷ ᠡᠪ ᠨᠠᠢ᠌ᠷᠲᠠᠢ ᠭᠡᠰᠡᠨ ᠶᠠᠪᠤᠳᠠᠯ ᠪᠢᠰᠢ᠂ ᠡᠶ᠎ᠡ ᠵᠣᠬᠢᠴᠠᠯ᠎ᠢ ᠡᠷᠬᠢᠮᠯᠡᠬᠦ᠎ᠠᠴᠠ ᠪᠢᠰᠢ 〈ᠡᠪᠰᠡᠭᠦᠯᠬᠦ〉 ᠭᠡᠰᠡᠨ ᠪᠢᠰᠢ᠂ ᠬᠠᠷᠢᠨ ᠵᠥᠪ ᠪᠤᠷᠤᠭᠤ ᠵᠢᠨ ᠠᠰᠠᠭᠤᠳᠠᠯ ᠳᠡᠭᠡᠷ᠎ᠡ ᠵᠥᠪ ᠵᠣᠭᠰᠣᠯᠲᠠ ᠪᠠ ᠢᠯᠡ ᠲᠣᠳᠣ ᠣᠪᠣᠷ᠎ᠲᠠᠢ ᠪᠠᠢ᠌ᠵᠤ᠂ ᠵᠣᠷᠢᠭᠲᠠᠢ᠎ᠪᠠᠷ ᠦᠭᠡ ᠬᠡᠯᠡᠵᠦ᠂ ᠥᠪᠡᠷ᠎ᠤᠨ ᠣᠪᠣᠷ ᠵᠶ᠋ᠠᠨ ᠵᠣᠷᠢᠭᠲᠠᠢ᠎ᠪᠠᠷ ᠢᠯᠡᠷᠬᠡᠢ᠍ᠯᠡᠬᠦ ᠬᠡᠷᠡᠭᠲᠡᠢ᠃
《ᠲᠦᠷᠢᠮ》᠎ᠳᠤ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠰᠢᠢ᠍ᠳᠭᠡᠯ ᠥᠭᠬᠦ ᠲᠣᠭᠲᠠᠭ᠋ᠠᠯ ᠭᠠᠷᠭ᠋ᠠᠵᠤ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠠᠶ᠋ᠢᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠪᠠ ᠤᠯᠤᠰ ᠲᠦᠷᠦ ᠵᠢᠨ ᠠᠭᠤᠷ ᠠᠮᠢᠰᠬᠤᠯ᠎ᠢ ᠪᠤᠢ ᠪᠣᠯᠭ᠋ᠠᠬᠤ᠂ ᠨᠠᠮ᠎ᠤᠨ ᠲᠦᠷᠦ ᠪᠠᠷᠢᠬᠤ ᠪᠠᠶ᠋ᠢᠷᠢ ᠰᠠᠭᠤᠷᠢ ᠵᠢ ᠬᠠᠮᠠᠭ᠋ᠠᠯᠠᠬᠤ᠎ᠳᠤ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠪᠠ᠃
ᠡᠭᠦᠨ᠎ᠠᠴᠠ ᠭᠠᠳᠠᠨ᠎ᠠ᠂ ᠲᠣᠰ ᠵᠦᠢ᠍ᠯ᠎ᠳᠤ ᠲᠣᠭᠲᠠᠭ᠋ᠠᠭᠰᠠᠨ ᠪᠡᠶᠡᠴᠢ ᠴᠣᠭᠴᠠ᠎ᠨᠢ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠣᠯᠬᠤ ᠵᠢ ᠠᠩᠬᠠᠷᠬᠤ ᠪᠥᠭᠡᠳ ᠮᠠᠭᠤ ᠨᠥᠯᠥᠭᠡ ᠭᠠᠷᠭ᠋ᠠᠭᠰᠠᠨ ᠪᠠᠢ᠌ᠪᠠᠯ ᠰᠠᠶᠢ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠂ ᠬᠡᠷᠪᠡ ᠦᠢ᠍ᠯᠡ ᠪᠠᠶ᠋ᠢᠳᠠᠯ᠎ᠨᠢ ᠨᠡᠯᠢᠶᠡᠳ ᠬᠥᠩᠭᠡᠨ᠂ ᠮᠠᠭᠤ ᠨᠥᠯᠥᠭᠡ ᠭᠠᠷᠭ᠋ᠠᠭᠰᠠᠨ ᠦᠭᠡᠢ ᠪᠠᠶ᠋ᠢᠪᠠᠯ᠂ ᠦᠢ᠍ᠯᠡ ᠠᠵᠢᠯᠯᠠᠭ᠋ᠠᠲᠠᠨᠢ ᠰᠢᠭᠦᠮᠵᠢᠯᠡᠨ ᠰᠤᠷᠭ᠋ᠠᠬᠤ ᠪᠤᠶᠤ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠵᠦ ᠪᠣᠯᠤᠨ᠎ᠠ᠃