ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠶᠠᠷ ᠰᠢᠯᠢᠳᠡᠭ ᠨᠢᠭᠡ ᠲᠡᠷᠢᠭᠦᠨ》᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-07-17

 7 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠶᠠᠷ ᠰᠢᠯᠢᠳᠡᠭ ᠨᠢᠭᠡ ᠲᠡᠷᠢᠭᠦᠨ》᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠢ ᠦᠪᠡᠳᠡᠭᠰᠢ ᠶᠡᠭᠡ᠎ᠪᠠᠷ ᠬᠤᠷᠠᠯᠳᠤᠭᠤᠯᠵᠤ᠂ 2023 ᠣᠨ᠎ᠤ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯᠲᠠᠨ ᠪᠠ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠬᠥᠬᠢᠭᠦᠯᠦᠨ ᠰᠠᠶ᠋ᠢᠰᠢᠶᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠨᠥᠬᠦᠷ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠾᠧᠦ ᠶᠠᠨ ᠾᠦᠢ ᠨᠥᠬᠦᠷ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠵᠦ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠠᠯᠪᠠᠨ ᠲᠠᠰᠤᠭ᠂ ᠪᠣᠭᠤᠮᠲᠠ ᠵᠢᠨ ᠠᠯᠪᠠᠨ ᠬᠡᠷ᠂ ᠠᠵᠢᠯ ᠦᠢ᠍ᠯᠡᠰ᠎ᠤᠨ ᠨᠢᠭᠡᠴᠢ ᠵᠢᠨ ᠪᠥᠬᠦ ᠬᠥᠮᠦᠰ ᠬᠤᠷᠠᠯ᠎ᠳᠤ ᠣᠷᠣᠯᠴᠠᠪᠠ᠃


7.17-1.jpg


   ᠵᠠᠩ ᠬᠤᠩ ᠹᠦ᠋ ᠨᠥᠬᠦᠷ ᠬᠥᠬᠢᠭᠦᠯᠦᠭᠳᠡᠨ ᠰᠠᠶ᠋ᠢᠰᠢᠶᠠᠭᠳᠠᠭᠰᠠᠨ ᠬᠤᠪᠢ ᠬᠥᠮᠦᠨ ᠪᠣᠯᠤᠨ ᠬᠠᠮᠲᠤ ᠨᠡᠶ᠋ᠢᠲᠡ᠎ᠳᠤ ᠬᠠᠯᠠᠭᠤᠨ ᠪᠠᠶᠠᠷ ᠬᠦᠷᠭᠡᠪᠡ; ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠡᠯ᠎ᠡ ᠨᠠᠮ᠎ᠤᠨ ᠡᠭᠦᠷ ᠪᠣᠯᠤᠨ ᠥᠷᠭᠡᠨ ᠣᠯᠠᠨ ᠨᠠᠮ᠎ᠤᠨ ᠭᠡᠰᠢᠭᠦᠨ᠎ᠤ ᠤᠷᠲᠤ ᠬᠤᠭᠤᠴᠠᠭ᠋ᠠᠨ᠎ᠤ ᠲᠤᠷᠰᠢ ᠪᠣᠳᠠᠲᠤ ᠪᠠᠶ᠋ᠢᠳᠠᠯ᠎ᠠᠴᠠ ᠡᠭᠦᠰᠴᠦ ᠪᠦᠲᠦᠭᠡᠯᠴᠢ ᠴᠢᠨᠠᠷᠲᠠᠶ᠎ᠪᠠᠷ ᠠᠵᠢᠯ ᠵᠶ᠋ᠠᠨ ᠥᠷᠨᠢᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠳᠠᠭ᠋ᠠᠭᠤᠯᠭ᠎ᠠ ᠳᠣᠤᠷ᠎ᠠ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠬᠢᠭᠡᠳ ᠪᠥᠬᠦ ᠬᠦᠴᠦᠨ ᠵᠶ᠋ᠠᠷ ᠵᠶ᠋ᠠᠨ ᠨᠡᠭᠡᠭᠡᠯᠲᠡ ᠬᠢᠬᠦ ᠵᠢ ᠥᠷᠭᠡᠳᠬᠡᠬᠦ᠂ ᠬᠤᠳᠠᠯᠳᠤᠭ᠋ᠠᠴᠢᠨ ᠤᠷᠢᠬᠤ ᠵᠢ ᠠᠳᠬᠤᠬᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ᠂ ᠭᠠᠳᠠᠭ᠋ᠠᠳᠤ ᠪᠡᠯᠡ ᠵᠢ ᠥᠷᠭᠡᠳᠬᠡᠬᠦ᠂ ᠬᠡᠷᠡᠭᠯᠡᠭᠡ ᠵᠢ ᠠᠬᠢᠭᠤᠯᠬᠤ᠂ ᠪᠣᠭᠤᠮᠲᠠ ᠵᠢ ᠬᠦᠴᠦᠷᠬᠡᠭᠵᠢᠭᠦᠯᠬᠦ ᠵᠡᠷᠭᠡ ᠲᠤᠬᠠᠶ᠋ᠢᠯᠠᠭᠰᠠᠨ ᠠᠵᠢᠯ᠎ᠢ ᠭᠦᠨᠵᠡᠭᠡᠶ ᠠᠭᠤᠰᠤᠯᠴᠠᠭᠤᠯᠬᠤ ᠲᠠᠯ᠎ᠠ᠎ᠪᠠᠷ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ ᠦᠢ᠍ᠯᠡᠳᠦᠯᠭᠡᠵᠢᠭᠦᠯᠦᠭᠰᠡᠨ ᠪᠠᠶ᠋ᠢᠳᠠᠯ᠎ᠢ ᠨᠤᠲᠠᠯᠠᠪᠠ᠃

   ᠬᠤᠷᠠᠯ᠎ᠠᠴᠠ᠂ ᠲᠢᠩᠬᠢᠮ᠎ᠤᠨ ᠪᠠᠶ᠋ᠢᠭᠤᠯᠭ᠎ᠠ ᠡᠩ ᠲᠡᠷᠢᠭᠦᠨ᠎ᠳᠤ ᠤᠯᠤᠰ ᠲᠥᠷᠥ ᠵᠢᠨ ᠪᠠᠶ᠋ᠢᠭᠤᠯᠭ᠎ᠠ ᠮᠥᠨ᠂ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ ᠵᠢ ᠡᠷᠬᠢᠮᠯᠡᠬᠦ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠂ ᠨᠠᠮᠴᠢ ᠴᠢᠨᠠᠷ᠎ᠤᠨ ᠪᠣᠯᠪᠠᠰᠤᠷᠠᠯ ᠪᠠ ᠤᠯᠤᠰ ᠲᠥᠷᠥ ᠵᠢᠨ ᠳᠠᠪᠲᠠᠯᠲᠠ᠎ᠪᠠᠨ ᠴᠢᠩᠭ᠋ᠠᠳᠬᠠᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃  ᠶᠠᠮᠠᠷᠪᠠ ᠠᠵᠢᠯ᠎ᠢ ᠬᠢᠬᠦ᠎ᠳᠤ ᠡᠩ ᠲᠡᠷᠢᠭᠦᠨ᠎ᠳᠤ ᠤᠯᠤᠰ ᠲᠥᠷᠥ ᠵᠢᠨ ᠲᠠᠯ᠎ᠠ᠎ᠠᠴᠠ ᠦᠵᠡᠵᠦ᠂ ᠤᠯᠤᠰ ᠲᠥᠷᠥ ᠵᠢᠨ ᠲᠠᠯ᠎ᠠ᠎ᠠᠴᠠ ᠡᠷᠡᠰ ᠰᠢᠢ᠍ᠳᠪᠦᠷᠢᠯᠡᠵᠦ᠂ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠩ ᠡᠷᠡᠰ ᠰᠢᠭᠤᠷᠬᠠᠢ ᠣᠪᠣᠷ᠂ ᠨᠠᠩ ᠤᠬᠠᠮᠰᠠᠷᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠡᠯ᠎ᠡ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠬᠡᠷᠡᠭᠲᠡᠢ ᠭᠡᠵᠦ ᠵᠢᠭ᠋ᠠᠵᠦ ᠭᠠᠷᠭ᠋ᠠᠵᠠᠢ᠃

   ᠬᠤᠷᠠᠯ᠎ᠠᠴᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠡᠯ᠎ᠡ ᠨᠠᠮ᠎ᠤᠨ ᠡᠭᠦᠷ ᠴᠢᠨᠠᠭᠰᠢᠯᠠᠪᠠᠯ ᠨᠠᠮ᠎ᠤᠨ ᠭᠡᠰᠢᠭᠦᠨ ᠺᠠᠳ᠋ᠷ ᠨᠢᠭᠡᠪᠦᠷᠢ ᠡᠷᠬᠡᠪᠰᠢ ᠤᠨᠤᠯ᠎ᠤᠨ ᠰᠤᠷᠤᠯᠴᠠᠯᠭ᠎ᠠ ᠵᠢᠨ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠤᠨᠤᠯ ᠵᠶ᠋ᠠᠷ ᠵᠡᠪᠰᠡᠭᠯᠡᠬᠦ ᠵᠢᠨ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠵᠤ᠂ ᠵᠠᠪᠠᠯ ᠰᠤᠷᠬᠤ ᠬᠢᠴᠢᠶᠡᠯ ᠪᠠ ᠪᠠᠶ᠋ᠢᠩᠭᠤ ᠰᠤᠷᠬᠤ ᠬᠢᠴᠢᠶᠡᠯ ᠪᠣᠯᠭ᠋ᠠᠵᠤ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠣᠶ᠋ᠢᠯᠠᠭ᠋ᠠᠵᠤ ᠪᠣᠳᠠᠲᠠᠶ᠋ᠢᠵᠢᠭᠤᠯᠬᠤ ᠲᠠᠯ᠎ᠠ᠎ᠪᠠᠷ ᠰᠠᠶ᠋ᠢᠨ ᠵᠢᠱ᠌ᠢᠶ᠎ᠡ ᠦᠵᠡᠭᠦᠯᠬᠦ ᠬᠡᠷᠡᠭᠲᠡᠢ᠃ ᠡᠳᠦᠷ ᠲᠤᠲᠤᠮ᠎ᠤᠨ ᠠᠵᠢᠯ᠎ᠤᠨ ᠰᠤᠷᠤᠯᠴᠠᠯᠭ᠎ᠠ ᠵᠢᠨ ᠳᠤᠮᠳᠠ ᠵᠠᠪᠠᠯ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ᠂ ᠴᠠᠭ ᠲᠤᠬᠠᠶ᠎ᠳᠤᠨᠢ ᠳᠠᠭ᠋ᠠᠵᠤ ᠰᠤᠷᠤᠯᠴᠠᠬᠤ᠂ ᠪᠣᠳᠠᠲᠠᠶ᠎ᠲᠠᠢ ᠨᠢᠭᠲᠠ ᠤᠶᠠᠯᠳᠤᠭᠤᠯᠤᠨ ᠰᠤᠷᠤᠯᠴᠠᠬᠤ ᠵᠢ ᠪᠡᠶᠡᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠦᠨᠡᠨ ᠬᠦ᠌ ᠲᠤᠬᠠᠶ᠋ᠢᠯᠠᠭᠰᠠᠨ ᠠᠵᠢᠯ ᠵᠶ᠋ᠠᠨ ᠰᠠᠶ᠋ᠢᠲᠤᠷ ᠬᠢᠬᠦ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠥᠭᠵᠢᠯᠲᠡ ᠵᠢ ᠠᠬᠢᠭᠤᠯᠬᠤ ᠳᠡᠭᠡᠷ᠎ᠡ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠵᠠᠢ᠃

   ᠬᠤᠷᠠᠯ᠎ᠠᠴᠠ᠂ ᠠᠵᠢᠯ᠎ᠤᠨ ᠪᠦᠲᠦᠮᠵᠢ ᠵᠢᠨ ᠲᠤᠬᠠᠶ ᠵᠥᠪ ᠦᠵᠡᠯᠲᠡ ᠵᠢ ᠪᠣᠶ ᠪᠣᠯᠭ᠋ᠠᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠰᠠᠯᠠᠭ᠎ᠠ ᠮᠥᠴᠢᠷ᠂ ᠦᠨᠳᠦᠰᠦᠨ ᠱᠠᠲᠤᠨ᠎ᠤ ᠣᠯᠠᠨ ᠲᠦᠮᠡᠨ᠎ᠯᠦᠭᠡ ᠵᠢᠨ ᠰᠣᠯᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠦᠢ᠍ᠯᠡᠴᠢᠯᠡᠬᠦ ᠡᠲᠡᠭᠡᠳ᠎ᠨᠢ ᠣᠯᠠᠨ ᠲᠦᠮᠡᠨ᠎ᠤ ᠶᠠᠭᠤ ᠪᠤᠳᠤᠵᠤ ᠪᠠᠶ᠋ᠢᠬᠤ᠂ ᠶᠠᠭᠤ ᠬᠦᠰᠡᠵᠦ ᠪᠠᠶ᠋ᠢᠬᠤ ᠵᠢ ᠣᠶ᠋ᠢᠯᠠᠭ᠋ᠠᠵᠤ᠂ ᠬᠠᠨᠳᠤᠯᠭ᠋ᠠᠲᠤ ᠴᠢᠨᠠᠷᠲᠠᠶ᠎ᠪᠠᠷ ᠠᠷᠭ᠎ᠠ ᠪᠤᠳᠤᠵᠤ᠂ ᠠᠷᠭ᠎ᠠ ᠬᠡᠮᠵᠢᠶ᠎ᠡ ᠠᠪᠴᠤ᠂ ᠪᠣᠳᠠᠲᠠᠶ ᠠᠷᠭ᠎ᠠ ᠭᠠᠷᠭ᠋ᠠᠵᠤ᠂ ᠠᠵᠤ ᠠᠬᠤᠶ᠋ᠢᠯᠠᠯ᠂ ᠣᠯᠠᠨ ᠲᠦᠮᠡᠨ᠎ᠳᠤ ᠨᠠᠩ ᠣᠯᠠᠨ ᠬᠤᠪᠢᠷᠠᠯᠲᠠ ᠵᠢ ᠦᠵᠡᠭᠦᠯᠵᠦ᠂ ᠨᠠᠩ ᠶᠡᠭᠡ ᠪᠣᠳᠠᠲᠤ ᠠᠰᠢᠭ ᠬᠦᠷᠲᠡᠭᠡᠬᠦ ᠬᠡᠷᠡᠭᠲᠡᠶ᠃  ᠨᠠᠮ᠎ᠤᠨ ᠭᠡᠰᠢᠭᠦᠨ ᠺᠠᠳ᠋ᠷᠴᠤᠳ ᠰᠡᠳᠬᠢᠯ ᠰᠠᠨᠠᠭ᠎ᠠ ᠪᠠ ᠡᠷᠴᠢ ᠵᠣᠷᠢᠭ ᠵᠶ᠋ᠠᠨ ᠠᠵᠢᠯ ᠳᠡᠭᠡᠷ᠎ᠡ᠎ᠪᠠᠨ ᠲᠥᠪᠯᠡᠷᠡᠭᠦᠯᠵᠦ᠂ ᠢᠮᠠᠭᠲᠠ ᠡᠷᠴᠢ ᠵᠣᠷᠢᠭ ᠵᠶ᠋ᠠᠨ ᠬᠥᠪᠴᠢᠯᠡᠬᠦ᠂ ᠭᠠᠷᠮᠠᠭ᠋ᠠᠶ ᠵᠢ ᠬᠥᠭᠡᠭᠡᠴᠡᠯᠳᠦᠬᠦ᠂ ᠴᠤᠭ ᠪᠠᠳᠠᠷᠠᠩᠭᠤᠶ ᠣᠪᠣᠷ ᠪᠠᠶ᠋ᠢᠳᠠᠯ᠎ᠢ ᠬᠥᠭᠡᠭᠡᠴᠡᠯᠳᠦᠬᠦ ᠵᠢ ᠪᠠᠷᠢᠮᠲᠠᠯᠠᠵᠤ᠂ ᠥᠪᠡᠷ᠎ᠤᠨ ᠠᠵᠢᠯ᠎ᠤᠨ ᠪᠠᠶ᠋ᠢᠷᠢ᠎ᠳᠠᠭᠠᠨ ᠬᠠᠷᠢᠭᠤᠴᠠᠵᠤ᠂ ᠥᠪᠡᠷ᠎ᠤᠨ ᠠᠵᠢᠯ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠦᠨᠳᠦ ᠡᠭᠦᠷᠭᠡ ᠵᠢ ᠡᠭᠦᠷᠭᠡᠯᠡᠵᠦ᠂ ᠯᠠᠪᠳᠠᠭᠤᠨ ᠪᠠᠲᠤᠲᠠᠶ᠎ᠪᠠᠷ ᠠᠵᠢᠯᠯᠠᠵᠤ᠂ ᠠᠵᠢᠯ ᠨᠢᠭᠡᠪᠦᠷᠢ ᠵᠢ ᠨᠠᠷᠢᠨ ᠬᠢᠨᠠᠮᠠᠭ᠋ᠠᠶ ᠰᠠᠶ᠋ᠢᠲᠤᠷ ᠬᠢᠵᠦ᠂ ᠠᠵᠢᠯ᠎ᠤᠨ ᠪᠠᠶ᠋ᠢᠷᠢ ᠳᠡᠭᠡᠷ᠎ᠡ᠎ᠪᠠᠨ ᠨᠠᠮ᠎ᠤᠨ ᠭᠡᠰᠢᠭᠦᠨ᠎ᠤ ᠴᠤᠭ ᠵᠢᠪᠬᠤᠭ᠎ᠠ ᠵᠢ ᠢᠯᠡᠷᠡᠭᠦᠯᠵᠦ᠂ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ᠎ᠢ ᠢᠯᠡᠷᠡᠭᠦᠯᠵᠦ᠂ 《ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ》᠂ 《ᠪᠣᠳᠠᠲᠠᠶ ᠵᠢ ᠡᠷᠬᠢᠮᠯᠡᠨ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ》 ᠵᠢ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠬᠠᠮᠤᠭ᠎ᠤᠨ ᠢᠯᠡ    ᠲᠣᠳᠣ᠂ ᠬᠠᠮᠤᠭ᠎ᠤᠨ ᠬᠢᠯᠪᠠᠭ᠎ᠠ᠎ᠲᠠᠢ ᠲᠡᠮᠳᠡᠭ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠵᠠᠢ᠃

   ᠬᠤᠷᠠᠯ᠎ᠠᠴᠠ᠂ ᠪᠦᠬᠦ ᠨᠠᠮ᠎ᠤᠨ ᠭᠡᠰᠢᠭᠦᠨ ᠺᠠᠳ᠋ᠷ ᠴᠠᠭ᠋ᠠᠷᠠᠭᠰᠠᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠲᠥᠪ ᠭᠤᠣᠯᠴᠢ ᠠᠷᠢᠭᠤᠨ ᠴᠢᠬᠡᠴᠢ ᠬᠤᠰᠢᠭᠤᠴᠢ ᠵᠢᠱ᠌ᠢᠶᠡᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠢ᠃ ᠪᠦᠬᠦ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠶᠠᠭ ᠥᠷᠨᠢᠭᠦᠯᠵᠦ ᠪᠠᠶ᠋ᠢᠬᠤ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠭᠦᠨᠵᠡᠭᠡᠢ ᠰᠢᠰᠲ᠋ᠧᠮ᠎ᠲᠠᠢ ᠰᠤᠷᠤᠯᠴᠠᠵᠤ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠵᠤ᠂ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠎ᠠ ᠶᠣᠰᠣ ᠰᠤᠷᠲᠠᠬᠤᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠢ; ᠬᠡᠯᠪᠡᠷᠢᠴᠢ ᠦᠵᠡᠯ ᠪᠣᠯᠤᠨ ᠨᠣᠶᠠᠨᠴᠢ ᠰᠤᠷᠲᠠᠯ᠎ᠢ ᠴᠢᠩᠭ᠎ᠠ   ᠴᠡᠭᠡᠷᠯᠡᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ ᠪᠣᠯᠤᠨ ᠮᠣᠩᠭᠤᠯ ᠮᠣᠷᠢᠨ᠎ᠤ ᠵᠣᠷᠢᠭ ᠰᠠᠨᠠᠭ᠎ᠠ᠎ᠪᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ; ᠴᠠᠭ ᠢᠮᠠᠭᠲᠠ ᠪᠡᠶ᠎ᠡ᠎ᠪᠠᠨ ᠴᠢᠬᠤᠯᠠᠴᠢᠯᠠᠨ ᠥᠪᠡᠷ᠎ᠢ᠎ᠪᠠᠨ ᠰᠡᠷᠡᠮᠵᠢᠯᠡᠭᠦᠯᠦᠨ ᠥᠪᠡᠷ᠎ᠢ᠎ᠪᠠᠨ ᠵᠣᠷᠢᠭᠵᠢᠭᠤᠯᠵᠤ᠂ ᠡᠷᠡᠭᠦᠯ ᠰᠠᠷᠠᠭᠤᠯ ᠠᠮᠢᠳᠤᠷᠠᠯ᠎ᠤᠨ ᠳᠤᠷ᠎ᠠ ᠰᠣᠨᠢᠷᠬᠠᠯ᠎ᠢ ᠬᠥᠭᠡᠭᠡᠴᠡᠯᠳᠦᠵᠦ᠂ ᠠᠷᠢᠭᠤᠨ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ᠎ᠪᠠᠷ ᠠᠵᠢᠯ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃



 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ ᠵᠢ ᠠᠬᠢᠭᠤᠯᠬᠤ ᠵᠥᠪᠯᠡᠯ ᠬᠠᠮᠲᠤ᠎ᠪᠠᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠨᠣᠮ ᠤᠩᠰᠢᠬᠤ ᠠᠩᠭᠢ ᠡᠷᠬᠢᠯᠡᠪᠡ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠣᠯᠣᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠥᠯᠢ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠡᠷᠭᠡ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠪᠠ
 
            