ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠪᠥᠬᠦ ᠣᠷᠣᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠨ᠂ 7 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠶᠡᠭᠡ ᠬᠤᠷᠠᠯ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠬᠤᠩ ᠹᠦ᠋ ᠨᠥᠬᠦᠷ ᠬᠤᠷᠠᠯ᠎ᠢ ᠡᠷᠭᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠯᠦᠸᠧ ᠴᠦᠨ ᠬᠤᠶ ᠨᠥᠬᠦᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠭᠰᠡᠨ ᠪᠥᠭᠡᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠠᠵᠢᠯ᠎ᠤᠨ ᠱᠠᠭ᠋ᠠᠷᠳᠠᠯᠭ᠎ᠠ ᠳᠤᠷᠠᠳᠴᠤ᠂ ᠬᠤᠷᠠᠯ ᠳᠡᠭᠡᠷ᠎ᠡ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠰᠠᠬᠢᠯᠭ᠎ᠠ ᠪᠠᠲᠤ ᠪᠠ ᠶᠣᠰᠣ ᠲᠦᠷᠢᠮ᠎ᠢ ᠲᠡᠷᠢᠭᠦᠨ᠎ᠳᠤ ᠲᠠᠯᠪᠢᠬᠤ》 ᠵᠢ ᠬᠠᠮᠲᠤ᠎ᠪᠠᠷ ᠦᠵᠡᠪᠡ᠃

ᠬᠤᠷᠠᠯ᠎ᠠᠴᠠ᠂ ᠪᠥᠬᠦ ᠲᠢᠩᠬᠢᠮ᠎ᠤᠨ ᠳᠡᠭᠡᠳᠦ ᠳᠣᠤᠷᠠᠳᠤ ᠱᠠᠲᠤᠨ᠎ᠤ᠎ᠬᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭ᠋ᠠᠮ ᠪᠣᠳᠣᠯ ᠵᠶ᠋ᠠᠨ ᠴᠢᠩᠭ᠋ᠠᠳᠬᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠦᠨᠡᠨ ᠬᠦ᠌ ᠨᠢᠭᠡᠳᠬᠡᠬᠦ ᠬᠡᠷᠡᠭᠲᠡᠶ ᠭᠡᠵᠦ ᠱᠠᠭ᠋ᠠᠷᠳᠠᠵᠠᠢ᠃
ᠬᠤᠷᠠᠯ᠎ᠠᠴᠠ᠂ ᠨᠠᠮ᠎ᠤᠨ ᠳᠦᠷᠢᠮ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》 ᠵᠡᠷᠭᠡ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠠᠵᠢᠯ ᠠᠮᠢᠳᠤᠷᠠᠯ᠎ᠤᠨ ᠦᠨᠳᠦᠰᠦᠨ ᠪᠠᠷᠢᠮᠵᠢᠶ᠎ᠠ ᠪᠣᠯᠭ᠋ᠠᠵᠤ᠂ ᠲᠡᠮᠦᠷ ᠮᠡᠲᠦ ᠰᠠᠬᠢᠯᠭ᠎ᠠ ᠪᠠᠲᠤ ᠵᠢ ᠡᠳᠦᠷ ᠲᠤᠳᠤᠮ᠎ᠤᠨ ᠳᠠᠳᠬᠠᠯ ᠪᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠨ ᠬᠤᠪᠢᠷᠠᠭᠤᠯᠵᠤ᠂ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠰᠢᠩᠭᠡᠭᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ 《ᠡᠭᠦᠷᠭᠡᠯᠡᠵᠦ ᠴᠢᠳᠠᠬᠤ》᠂ 《ᠬᠦᠨᠳᠦ ᠡᠭᠦᠷᠭᠡᠯᠡᠬᠦ》᠂ 《ᠵᠣᠷᠢᠭᠲᠠᠢ᠎ᠪᠠᠷ ᠡᠭᠦᠷᠭᠡᠯᠡᠬᠦ》 ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠤ 《ᠲᠤᠯᠤᠭ᠋ᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ》 ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠡᠯ᠎ᠡ ᠵᠦᠢ᠍ᠯ᠎ᠤᠨ ᠠᠵᠢᠯ᠎ᠳᠤ ᠲᠤᠭᠤᠰᠢᠯᠠᠭᠤᠯᠵᠤ᠂ ᠡᠯ᠎ᠡ ᠲᠦᠷᠦᠯ᠎ᠤᠨ ᠳᠣᠲᠣᠭ᠋ᠠᠳᠤ ᠭᠠᠳᠠᠭ᠋ᠠᠳᠤ ᠠᠷᠠᠯᠵᠢᠶᠠᠨ᠎ᠤ ᠲᠦᠷᠦ ᠵᠢᠨ ᠪᠤᠳᠤᠯᠭ᠎ᠠ ᠵᠢ ᠲᠣᠭᠲᠠᠭ᠋ᠠᠨ ᠨᠡᠶ᠋ᠢᠲᠡᠯᠡᠬᠦ᠂ ᠡᠯ᠎ᠡ ᠲᠦᠷᠦᠯ᠎ᠤᠨ ᠳᠡᠯᠭᠡᠨ ᠦᠵᠡᠭᠦᠯᠵᠦ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠡᠷᠬᠢᠯᠡᠬᠦ᠂ ᠤᠯᠤᠰ᠎ᠤᠨ ᠳᠣᠲᠣᠭ᠋ᠠᠳᠤ ᠪᠠ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢ ᠥᠷᠨᠢᠭᠦᠯᠬᠦ ᠵᠡᠷᠭᠡ ᠠᠵᠢᠯ᠎ᠤᠨ ᠳᠤᠮᠳᠠ ᠴᠠᠭ ᠢᠮᠠᠭᠲᠠ ᠥᠪᠡᠷ᠎ᠢ᠎ᠪᠠᠨ ᠰᠠᠨᠠᠭᠤᠯᠵᠤ᠂ ᠡᠩ ᠲᠡᠷᠢᠭᠦᠨ᠎ᠳᠤ ᠨᠠᠮ᠎ᠤᠨ ᠰᠠᠬᠢᠯᠭ᠎ᠠ ᠪᠠᠲᠤ ᠵᠢ ᠲᠡᠷᠢᠭᠦᠨ᠎ᠳᠤ ᠲᠠᠯᠪᠢᠵᠤ᠂ ᠤᠬᠠᠮᠰᠠᠷ᠎ᠠᠴᠠ᠎ᠪᠠᠨ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢᠨ ᠬᠢᠵᠠᠭ᠋ᠠᠷᠯᠠᠯ᠎ᠤᠨ ᠳᠣᠣᠷ᠎ᠠ ᠠᠰᠠᠭᠤᠳᠠᠯ᠎ᠢ ᠪᠣᠳᠣᠯᠬᠢᠯᠠᠵᠤ᠂ ᠤᠴᠢᠷ ᠶᠠᠪᠤᠳᠠᠯ᠎ᠢ ᠬᠢᠵᠦ᠂ ᠲᠣᠭᠲᠠᠭ᠋ᠠᠯ ᠭᠠᠷᠭ᠋ᠠᠵᠤ᠂ ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠬᠤ ᠶᠠᠪᠤᠴᠠ᠎ᠳᠤ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠬᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠳᠡᠭᠡᠭᠰᠢᠯᠡᠭᠦᠯᠬᠦ ᠶᠠᠪᠤᠴᠠ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠠᠵᠢᠯ ᠵᠶ᠋ᠠᠨ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭ᠋ᠠᠵᠤ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠨᠠᠮ᠎ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠰᠤᠷᠲᠠᠯ ᠰᠢᠯᠢᠳᠡᠭ ᠰᠠᠶ᠋ᠢᠨ ᠬᠤᠳᠠᠯᠳᠤᠭ᠋ᠠᠨ᠎ᠤ ᠶᠠᠪᠤᠳᠠᠯ᠎ᠤᠨ ᠺᠠᠳ᠋ᠷ᠎ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃

ᠬᠤᠷᠠᠯ᠎ᠠᠴᠠ᠂ ᠬᠢᠨᠠᠨ ᠰᠢᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠳᠠᠯ᠎ᠢ ᠭᠠᠵᠠᠷ ᠠᠯᠪᠠᠨ ᠲᠠᠰᠤᠭ᠎ᠤᠨ ᠣᠨ᠎ᠤ ᠰᠢᠯᠭ᠋ᠠᠨ ᠬᠢᠨᠠᠯᠲᠠ᠂ ᠨᠠᠮ᠎ᠤᠨ ᠡᠭᠦᠷ᠎ᠤᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠰᠢᠯᠭ᠋ᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠢ; 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ ᠳᠡᠭᠡᠷ᠎ᠡ᠂ 《ᠲᠦᠷᠢᠮ》᠎ᠢ ᠰᠤᠷᠤᠯᠴᠠᠨ ᠲᠤᠭᠤᠰᠢᠯᠠᠭᠤᠯᠤᠭᠰᠠᠨ ᠪᠠᠶ᠋ᠢᠳᠠᠯ ᠪᠠ ᠰᠤᠷᠤᠯᠴᠠᠵᠤ ᠪᠠᠶ᠋ᠢᠴᠠᠭ᠋ᠠᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠬᠠᠷᠢᠴᠠᠭᠤᠯᠤᠨ ᠪᠠᠶ᠋ᠢᠴᠠᠭ᠋ᠠᠬᠤ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ᠃ ᠡᠭᠦᠨ᠎ᠤ ᠬᠠᠮᠲᠤ᠂ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠢᠮᠠᠭᠲᠠ ᠪᠠᠷᠢᠮᠲᠠᠯᠠᠵᠤ᠂ ᠭᠠᠷᠴᠤ ᠮᠡᠳᠡᠬᠦ ᠡᠯ᠎ᠡ ᠵᠦᠢ᠍ᠯ᠎ᠤᠨ ᠬᠡᠯᠪᠡᠷᠢᠴᠢ ᠦᠵᠡᠯ᠎ᠢ ᠤᠷᠢᠳᠴᠢᠯᠠᠨ ᠮᠠᠭ᠋ᠠᠳᠯᠠᠵᠤ᠂ ᠡᠷᠡᠰ ᠲᠡᠪᠴᠢᠵᠦ᠂ ᠡᠯ᠎ᠡ ᠵᠦᠢ᠍ᠯ᠎ᠤᠨ 《ᠳᠣᠣᠷ᠎ᠠ ᠲᠡᠰ᠎ᠤᠨ ᠤᠯᠠᠭ᠋ᠠᠨ》᠂ 《ᠳᠡᠭᠡᠳᠦ ᠲᠡᠰ᠎ᠤᠨ ᠬᠠᠷ᠎ᠠ》 ᠪᠠᠶ᠋ᠢᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ ᠭᠡᠵᠦ ᠴᠢᠩᠭ᠋ᠠᠳᠬᠠᠵᠠᠢ᠃
ᠬᠤᠷᠠᠯ᠎ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠤᠶᠤᠨ ᠴᠢᠳᠠᠯ ᠵᠶ᠋ᠠᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠳᠡᠭᠡᠷ᠎ᠡ ᠦᠨᠡᠨ ᠬᠦ᠌ ᠬᠡᠷᠡᠭᠯᠡᠬᠦ ᠬᠡᠷᠡᠭᠲᠡᠢ᠃ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠎ᠢ ᠭᠦᠨᠵᠡᠭᠡᠢ ᠵᠠᠯᠠᠷᠠᠭᠤᠯᠤᠨ ᠵᠠᠰᠠᠵᠤ᠂ ᠰᠢᠯᠢᠳᠡᠭ ᠨᠠᠮ᠎ᠤᠨ ᠰᠤᠷᠲᠠᠯ ᠵᠶ᠋ᠠᠷ ᠵᠢᠯᠣᠭᠤᠳᠤᠮᠵᠢ ᠪᠣᠯᠭ᠋ᠠᠵᠤ᠂ ᠲᠥᠪ ᠰᠤᠷᠲᠠᠯ᠎ᠢ ᠪᠠᠳᠠᠷᠠᠭᠤᠯᠵᠤ᠂ ᠰᠠᠶ᠋ᠢᠨ ᠰᠠᠶ᠋ᠢᠬᠠᠨ ᠰᠤᠷᠲᠠᠯ᠎ᠢ ᠪᠠᠳᠠᠷᠠᠭᠤᠯᠬᠤ ᠬᠡᠷᠡᠭᠲᠡᠢ᠃ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠠᠵᠢᠯᠯᠠᠵᠤ᠂ ᠳᠦᠷᠢᠮ ᠶᠣᠰᠣᠭ᠋ᠠᠷ ᠠᠵᠢᠯᠯᠠᠬᠤ ᠬᠡᠷᠡᠭᠲᠡᠢ᠃ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠪᠡᠶ᠎ᠡ᠎ᠪᠠᠷ ᠵᠶ᠋ᠠᠨ ᠬᠡᠪ ᠲᠦᠷᠢᠮ ᠪᠤᠯᠵᠤ᠂ ᠺᠠᠳ᠋ᠷ᠎ᠤᠨ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠵᠤ᠂ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠬᠦ ᠵᠢ ᠪᠠᠷᠢᠮᠲᠠᠯᠠᠵᠤ᠂ ᠬᠠᠷᠢᠶ᠎ᠠ ᠣᠷᠣᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠪᠠ ᠶᠣᠰᠣ ᠲᠦᠷᠢᠮ᠎ᠢ ᠲᠡᠷᠢᠭᠦᠨ᠎ᠳᠤ ᠲᠠᠯᠪᠢᠬᠤ ᠵᠢ ᠠᠬᠢᠭᠤᠯᠬᠤ ᠬᠡᠷᠡᠭᠲᠡᠢ᠃ ᠶᠣᠰᠣ ᠰᠤᠷᠲᠠᠬᠤᠨ᠎ᠢ ᠪᠣᠯᠪᠠᠰᠤᠷᠠᠭᠤᠯᠵᠤ᠂ ᠡᠷᠡᠭᠦᠯ ᠰᠠᠷᠠᠭᠤᠯ ᠠᠮᠢᠳᠤᠷᠠᠯ᠎ᠤᠨ ᠵᠠᠩ ᠳᠠᠳᠬᠠᠯ᠎ᠢ ᠪᠤᠢ ᠪᠣᠯᠭ᠋ᠠᠵᠤ᠂ ᠬᠤᠪᠢ ᠬᠥᠮᠦᠨ᠎ᠤ ᠳᠤᠷ᠎ᠠ ᠰᠣᠨᠢᠷᠬᠠᠯ᠎ᠢ ᠵᠥᠪ ᠵᠶ᠋ᠠᠷ ᠰᠣᠩᠭᠤᠵᠤ᠂ ᠨᠠᠶ᠋ᠢᠵᠠ ᠨᠠᠷ᠎ᠤᠨ ᠬᠠᠷᠢᠯᠴᠠᠭ᠎ᠠ᠎ᠳᠤ ᠪᠣᠯᠭᠤᠮᠵᠢᠲᠠᠢ ᠬᠠᠨᠳᠤᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠠᠶ᠋ᠢᠨ ᠰᠠᠶ᠋ᠢᠬᠠᠨ ᠲᠦᠷᠢ ᠲᠥᠷᠬᠦ ᠵᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠵᠦ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ᠎ᠲᠠᠢ ᠪᠠᠶ᠋ᠢᠵᠤ᠂ 《ᠨᠠᠳᠠ ᠵᠢ ᠪᠠᠶ᠋ᠢᠴᠠᠭ᠋ᠠᠨ ᠣᠯᠬᠤ ᠦᠭᠡᠢ》 ᠭᠡᠬᠦ ᠭᠣᠷᠢᠳᠠᠬᠤ ᠪᠤᠳᠤᠯ᠎ᠲᠠᠢ ᠪᠠᠶ᠋ᠢᠵᠤ ᠪᠣᠯᠬᠤ ᠦᠭᠡᠢ᠃ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢ ᠤᠬᠠᠮᠰᠠᠷ᠎ᠠᠴᠠ᠎ᠪᠠᠨ ᠪᠢᠰᠢᠷᠡᠵᠦ ᠪᠠᠭ᠎ᠠ ᠳᠡᠭᠡᠷ᠎ᠡ᠎ᠨᠢ ᠰᠡᠷᠭᠡᠢ᠌ᠯᠡᠬᠦ ᠵᠢ ᠪᠠᠷᠢᠮᠳᠠᠯᠠᠬᠤ ᠭᠡᠷᠡᠭᠲᠡᠢ ᠭᠡᠵᠦ ᠴᠢᠩᠭ᠋ᠠᠳᠬᠠᠵᠠᠢ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠠᠯᠪᠠᠨ ᠲᠠᠰᠤᠭ᠂ ᠪᠣᠭᠤᠮᠲᠠ ᠵᠢᠨ ᠠᠯᠪᠠᠨ ᠬᠡᠷ ᠪᠠ ᠠᠵᠢᠯ ᠦᠢ᠍ᠯᠡᠰ᠎ᠤᠨ ᠨᠢᠭᠡᠴᠢ ᠵᠢᠨ ᠪᠥᠬᠦ ᠬᠥᠮᠦᠰ ᠬᠤᠷᠠᠯ᠎ᠳᠤ ᠣᠷᠣᠯᠴᠠᠪᠠ᠃