ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠵᠠᠯᠠᠭᠤ ᠨᠠᠮ᠎ᠤᠨ ᠭᠡᠰᠢᠭᠦᠨ᠂ ᠺᠠᠳ᠋ᠷᠴᠤᠳ᠎ᠤᠨ ᠳᠤᠮᠳᠠ ᠭᠦᠨ ᠵᠤᠵᠠᠭ᠋ᠠᠨ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃

ᠠᠯᠪᠠᠨ ᠭᠡᠷ᠎ᠤᠨ ᠶᠠᠩ ᠹᠠᠨ᠂ ᠠᠵᠢᠯᠳᠠᠨ᠎ᠤ ᠶᠠᠪᠤᠳᠠᠯ᠎ᠤᠨ ᠭᠠᠵᠠᠷ᠎ᠤᠨ ᠯᠢᠦ ᠱᠦ᠍ ᠶᠠᠩ᠂ ᠶᠡᠷᠦᠩᠬᠡᠢ ᠪᠠᠲᠤᠯᠠᠪᠤᠷᠢ ᠵᠢᠨ ᠲᠥᠪ᠎ᠤᠨ ᠵᠦ᠍ ᠰᠢ᠂ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠲᠥᠪ᠎ᠤᠨ ᠯᠢ ᠰᠢᠨ ᠵᠡᠷᠭᠡ 4 ᠨᠥᠬᠦᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠬᠠᠷᠠᠯᠲᠠ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠪᠠᠷᠢᠮᠲᠠᠯᠠᠬᠤ ᠴᠢᠬᠤᠯᠠᠲᠠᠢ ᠵᠠᠷᠴᠢᠮ ᠵᠡᠷᠭᠡ ᠰᠤᠷᠤᠯᠴᠠᠯᠭ᠎ᠠ ᠵᠢᠨ ᠭᠤᠣᠯ ᠰᠡᠳᠦᠪ᠎ᠤᠨ ᠲᠣᠭᠤᠷᠢᠨ᠎ᠳᠤ᠂ ᠠᠵᠢᠯ᠎ᠤᠨ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠵᠤ᠂ ᠠᠳᠠᠯᠢ ᠪᠤᠰᠤ ᠬᠠᠷᠠᠭ᠋ᠠᠰᠤ᠎ᠠᠴᠠ ᠰᠣᠷᠣᠭᠰᠠᠨ ᠰᠠᠨᠠᠭᠰᠠᠨ ᠵᠶ᠋ᠠᠨ ᠰᠣᠯᠢᠯᠴᠠᠪᠠ᠃

ᠤᠯᠠᠨ ᠵᠶ᠋ᠠᠷ ᠵᠶ᠋ᠠᠨ ᠶᠠᠷᠢᠶᠠᠨ᠎ᠳᠠᠭᠠᠨ᠂ ᠬᠤᠳᠠᠯᠳᠤᠭ᠋ᠠᠨ᠎ᠤ ᠶᠠᠪᠤᠳᠠᠯ᠎ᠤᠨ ᠵᠠᠯᠠᠭᠤ ᠨᠠᠮ᠎ᠤᠨ ᠭᠡᠰᠢᠭᠦᠨ᠂ ᠺᠠᠳ᠋ᠷ ᠪᠣᠯᠤᠭᠰᠠᠨ᠎ᠤ ᠬᠤᠪᠢ᠎ᠳᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠭᠦᠨᠵᠡᠭᠡᠢ ᠰᠤᠷᠤᠯᠴᠠᠨ ᠨᠠᠷᠢᠨ ᠣᠶ᠋ᠢᠯᠠᠭ᠋ᠠᠬᠤ᠂ ᠮᠡᠳᠡᠬᠦᠢ ᠬᠢᠬᠦᠢ᠎ᠪᠠᠨ ᠨᠢᠭᠡᠳᠬᠡᠬᠦ ᠵᠢ ᠪᠠᠷᠢᠮᠲᠠᠯᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠦᠨᠡᠨ ᠬᠦ᠌ ᠠᠵᠢᠯ ᠵᠶ᠋ᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠢᠯᠡᠳᠬᠡᠪᠡ᠃