(2000 ᠣᠠᠤ 10 ᠳ᠋ᠤᠭ᠋ᠠᠷ ᠰᠠᠷ᠎ᠠ ᠵᠢᠨ 31᠎ᠤ ᠡᠳᠦᠷ ᠶᠢᠰᠣᠲᠣᠭᠡᠷ ᠬᠣᠭᠣᠴᠠᠭ᠋ᠠᠨ᠎ᠤ ᠪᠤᠢ᠍ᠭᠦ ᠤᠯᠤᠰ᠎ᠤᠨ ᠠᠷᠠᠣᠠ᠎ᠤᠨ ᠲᠦᠯᠦᠭᠡᠯᠡᠭᠴᠢᠳ᠎ᠤᠨ ᠶᠠᠭᠡ ᠬᠣᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠ ᠨᠠᠢ᠍ᠮᠠᠲᠣᠭ᠋ᠠᠷ ᠬᠣᠷᠠᠯᠲᠣᠭ᠋ᠠᠨᠠᠴᠠ ᠪᠠᠲᠣᠯᠠᠵᠠᠢ᠂ 2000 ᠣᠠᠤ 10 ᠳ᠋ᠤᠭ᠋ᠠᠷ ᠰᠠᠷ᠎ᠠ ᠵᠢᠨ 31᠎ᠤ ᠡᠳᠦᠷ ᠪᠤᠢ᠍ᠭᠦᠲᠠ ᠨᠠᠢ᠍ᠢ᠍ᠷᠠᠮᠲᠠᠬᠤ ᠳᠣᠮᠲᠠᠲᠤ ᠠᠷᠠᠣᠠ ᠤᠯᠤᠰ᠎ᠤᠨ ᠲᠡᠷᠢᠭᠦᠯᠡᠭᠴᠢ ᠵᠢᠨ ᠵᠠᠷᠯᠢᠭ 37 ᠳ᠋ᠤᠭ᠋ᠠᠷ ᠲᠣᠭ᠋ᠠᠲᠤ ᠨᠡᠢ᠌ᠲᠡᠯᠡᠵᠦ 2001 ᠣᠠᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠭᠢᠯᠠᠨ ᠬᠡᠷᠡᠭᠵᠢᠭᠦᠯᠦᠨ᠎ᠡ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠭᠰᠠᠨ᠂ ᠪᠠᠷᠢᠮᠵᠢᠶᠠᠵᠢᠯᠲᠠ ᠵᠢᠴᠢ ᠲᠡᠭᠦᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠠᠮᠢᠳᠤᠷᠠᠯ ᠳᠤᠮᠳᠠᠬᠢ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ᠎ᠤ ᠠᠵᠤ ᠠᠬᠤᠢ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ ᠵᠢᠨ ᠲᠥᠯᠥᠭᠡ᠂ ᠦᠨᠳᠦᠰᠦᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠬᠠᠤᠯᠢ᠎ᠳᠤ ᠬᠡᠯᠡᠵᠦ ᠪᠠᠶ᠋ᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠨᠡᠶ᠋ᠢᠲᠡᠯᠢᠭ ᠬᠡᠯᠡ ᠪᠠ ᠳᠦᠷᠢᠮᠵᠢᠭᠦᠯᠦᠭᠰᠡᠨ ᠬᠢᠲᠠᠳ ᠦᠰᠦᠭ ᠮᠥᠨ᠃
ᠭᠤᠷᠪᠠᠳᠤᠭ᠋ᠠᠷ ᠵᠦᠢ᠍ᠯ ᠤᠯᠤᠰ᠎ᠠᠴᠠ ᠨᠡᠶ᠋ᠢᠲᠡᠯᠢᠭ ᠬᠡᠯᠡ ᠵᠢ ᠳᠡᠯᠭᠡᠷᠡᠭᠦᠯᠦᠨ᠂ ᠵᠢᠷᠤᠮᠵᠢᠭᠰᠠᠨ ᠬᠢᠲᠠᠳ ᠦᠰᠦᠭ᠎ᠢ ᠬᠡᠷᠡᠭᠵᠢᠭᠦᠯᠦᠨ᠎ᠡ᠃
ᠳᠥᠷᠪᠡᠳᠦᠭᠡᠷ ᠵᠦᠢ᠍ᠯ ᠠᠷᠠᠳ ᠢᠷᠭᠡᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ ᠡᠷᠬᠡ᠎ᠲᠠᠢ᠃
ᠤᠯᠤᠰ᠎ᠠᠴᠠ ᠠᠷᠠᠳ ᠢᠷᠭᠡᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠬᠦ᠎ᠳᠤ ᠨᠥᠬᠥᠴᠡᠯ ᠬᠠᠩᠭ᠋ᠠᠨ᠎ᠠ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠲᠡᠯᠢᠭ ᠬᠡᠯᠡ ᠵᠢ ᠳᠡᠯᠭᠡᠷᠡᠭᠦᠯᠦᠨ᠂ ᠵᠢᠷᠤᠮᠵᠢᠭᠰᠠᠨ ᠬᠢᠲᠠᠳ ᠦᠰᠦᠭ᠎ᠢ ᠬᠡᠷᠡᠭᠵᠢᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠎ᠨᠢ ᠤᠯᠤᠰ᠎ᠤᠨ ᠡᠷᠬᠡ ᠮᠡᠳᠡᠯ ᠪᠠ ᠦᠨᠳᠦᠰᠦᠲᠡᠨ᠎ᠤ ᠨᠡᠷ᠎ᠡ ᠬᠦᠨᠳᠦ ᠵᠢ ᠬᠠᠮᠠᠭ᠋ᠠᠯᠠᠬᠤ᠎ᠳᠤ ᠠᠰᠢᠭᠲᠠᠢ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠳᠤ ᠠᠰᠢᠭᠲᠠᠢ᠂ ᠨᠡᠶ᠋ᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠎ᠤ ᠪᠠᠶ᠋ᠢᠭᠤᠯᠤᠯᠲᠠ ᠪᠠ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ᠎ᠳᠤ ᠠᠰᠢᠭᠲᠠᠢ ᠪᠠᠶ᠋ᠢᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠶ᠋ᠢᠲᠡᠯᠡᠬᠦ ᠵᠢᠷᠤᠮᠵᠢᠯ ᠪᠣᠯᠤᠨ ᠪᠠᠷᠢᠮᠵᠢᠶ᠎ᠠ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠬᠡᠷᠡᠭᠯᠡᠯᠲᠡ ᠵᠢ ᠬᠠᠮᠢᠶᠠᠷᠴᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭ᠋ᠠᠨ ᠰᠤᠷᠭ᠋ᠠᠯᠲᠠ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠳᠡᠮᠵᠢᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ᠂ ᠡᠯᠪᠡᠭ ᠪᠠᠶᠠᠯᠢᠭ ᠪᠠ ᠬᠥᠭᠵᠢᠯᠲᠡ ᠵᠢ ᠠᠬᠢᠭᠤᠯᠤᠨ᠎ᠠ᠃
ᠳᠣᠯᠣᠳᠤᠭ᠋ᠠᠷ ᠵᠦᠢ᠍ᠯ ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠦᠢ᠍ᠯᠡᠰ᠎ᠲᠤ ᠲᠤᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠱᠠᠩᠨᠠᠨ᠎ᠠ᠃
ᠨᠠᠢ᠍ᠮᠠᠳᠤᠭ᠋ᠠᠷ ᠵᠦᠢ᠍ᠯ ᠦᠨᠳᠦᠰᠦᠲᠡᠨ᠎ᠨᠦᠭᠦᠳ ᠴᠥᠮ ᠥᠪᠡᠷ᠎ᠤᠨ ᠦᠭᠡ ᠬᠡᠯᠡ ᠦᠰᠦᠭ ᠪᠢᠴᠢᠭ ᠵᠶ᠋ᠠᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ᠎ᠲᠠᠢ᠃
ᠴᠦᠬᠡᠨ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠪᠣᠯᠤᠨ ᠪᠤᠰᠤᠳ ᠬᠠᠤᠯᠢ ᠲᠣᠭᠲᠠᠭ᠋ᠠᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠎ᠡ᠃
ᠬᠣᠶᠠᠳᠤᠭ᠋ᠠᠷ ᠪᠦᠯᠦᠭ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ
ᠶᠢᠰᠦᠳᠦᠭᠡᠷ ᠵᠦᠢ᠍ᠯ ᠲᠥᠷᠥ ᠵᠢᠨ ᠪᠠᠢ᠌ᠭᠤᠯᠭ᠎ᠠ ᠨᠡᠶ᠋ᠢᠲᠡᠯᠢᠭ ᠬᠡᠯᠡ ᠪᠠ ᠳᠦᠷᠢᠮᠵᠢᠭᠦᠯᠦᠭᠰᠡᠨ ᠬᠢᠲᠠᠳ ᠦᠰᠦᠭ ᠵᠶ᠋ᠠᠷ ᠠᠯᠪᠠᠨ ᠶᠠᠪᠤᠳᠠᠯ᠎ᠤᠨ ᠬᠡᠷᠡᠭᠯᠡᠭᠡᠨ᠎ᠤ ᠦᠭᠡ ᠦᠰᠦᠭ ᠪᠣᠯᠭ᠋ᠠᠨ᠎ᠠ᠃ ᠬᠠᠤᠯᠢ᠎ᠳᠤ ᠥᠭᠡᠷ᠎ᠡ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
ᠠᠷᠪᠠᠳᠤᠭ᠋ᠠᠷ ᠵᠦᠢ᠍ᠯ ᠰᠤᠷᠭ᠋ᠠᠭᠤᠯᠢ ᠪᠠ ᠪᠤᠰᠤᠳ ᠰᠤᠷᠭ᠋ᠠᠨ ᠬᠦᠮᠦᠵᠢᠯ᠎ᠤᠨ ᠪᠠᠶ᠋ᠢᠭᠤᠯᠤᠮᠵᠢ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠵᠶ᠋ᠠᠷ ᠦᠨᠳᠦᠰᠦᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠲᠠ᠎ᠳᠤ ᠬᠡᠷᠡᠭᠯᠡᠬᠦ ᠦᠭᠡ ᠦᠰᠦᠭ ᠪᠣᠯᠭ᠋ᠠᠨ᠎ᠠ᠃ ᠬᠠᠤᠯᠢ᠎ᠳᠤ ᠥᠭᠡᠷ᠎ᠡ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
ᠰᠤᠷᠭ᠋ᠠᠭᠤᠯᠢ ᠪᠣᠯᠣᠨ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠬᠢᠲᠠᠳ ᠬᠡᠯᠡᠨ᠎ᠤ ᠬᠢᠴᠢᠶᠡᠯ ᠵᠢᠭ᠋ᠠᠯᠲᠠ᠎ᠪᠠᠷ ᠳᠠᠮᠵᠢᠨ ᠬᠢᠲᠠᠳ ᠦᠰᠦᠭ᠎ᠢ ᠳᠦᠷᠢᠮᠵᠢᠭᠦᠯᠦᠨ᠎ᠡ᠃ ᠬᠡᠷᠡᠭᠯᠡᠬᠦ ᠬᠢᠲᠠᠳ ᠬᠡᠯᠡᠨ᠎ᠤ ᠵᠢᠭ᠋ᠠᠬᠤ ᠮᠠᠲ᠋ᠧᠷᠢᠶᠠᠯ᠎ᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠬᠢᠲᠠᠳ ᠬᠡᠯᠡᠨ᠎ᠤ ᠬᠡᠪᠯᠡᠭᠳᠡᠬᠦᠨ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠬᠢᠲᠠᠳ ᠬᠡᠯᠡᠨ᠎ᠤ ᠬᠡᠪᠯᠡᠯ᠎ᠤᠨ ᠵᠦᠢ᠍ᠯ᠎ᠳᠤ ᠭᠠᠳᠠᠭ᠋ᠠᠳᠤ ᠤᠯᠤᠰ᠎ᠤᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠬᠤᠯᠠᠲᠠᠢ ᠪᠣᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠴᠢᠬᠤᠯᠠ ᠪᠦᠬᠦᠢ ᠲᠠᠶ᠋ᠢᠯᠪᠤᠷᠢ ᠬᠢᠬᠦ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠷᠠᠳᠢᠣ᠋ ᠲᠸᠯᠸᠢᠰ ᠬᠣᠷᠢᠶ᠎ᠠ᠂ ᠲᠸᠯᠸᠢᠰ ᠬᠣᠷᠢᠶ᠎ᠠ᠎ᠨᠢ ᠨᠡᠶ᠋ᠢᠲᠡᠯᠢᠭ ᠬᠡᠯᠡ᠎ᠪᠠᠷ ᠦᠨᠳᠦᠰᠦᠨ ᠨᠡᠪᠲᠡᠷᠡᠭᠦᠯᠭᠡ ᠬᠢᠬᠦ᠎ᠳᠤ ᠬᠡᠷᠡᠭᠯᠡᠬᠦ ᠬᠡᠷᠡᠭᠲᠡᠢ᠃
ᠭᠠᠳᠠᠭ᠋ᠠᠳᠤ ᠤᠯᠤᠰ᠎ᠤᠨ ᠦᠭᠡ ᠬᠡᠯᠡ᠎ᠪᠠᠷ ᠨᠡᠪᠲᠡᠷᠡᠭᠦᠯᠬᠦ᠎ᠳᠤ ᠬᠡᠷᠡᠭᠯᠡᠬᠦ ᠦᠭᠡ ᠬᠡᠯᠡ᠎ᠲᠠᠢ ᠪᠣᠯ ᠡᠷᠬᠡᠪᠰᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠷᠠᠳᠢᠣ᠋ ᠲᠧᠯᠸᠢᠰ᠎ᠤᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠨᠢ ᠬᠢᠲᠠᠳ ᠦᠰᠦᠭ᠎ᠢ ᠵᠢᠷᠤᠮᠵᠢᠭᠤᠯᠬᠤ᠎ᠪᠠᠷ ᠦᠨᠳᠦᠰᠦᠨ ᠦᠢ᠍ᠯᠡᠴᠢᠯᠡᠭᠡᠨ᠎ᠤ ᠦᠰᠦᠭ ᠪᠣᠯᠭ᠋ᠠᠨ᠎ᠠ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ᠎ᠠᠴᠠ ᠪᠣᠯᠵᠤ᠂ ᠫᠠᠶ᠋ᠢᠰᠠ ᠲᠡᠮᠳᠡᠭ᠂ ᠵᠠᠷ ᠮᠡᠳᠡᠭᠡ᠂ ᠲᠡᠮᠳᠡᠭ ᠫᠠᠶ᠋ᠢᠰᠠ ᠵᠡᠷᠭᠡ ᠭᠠᠳᠠᠭ᠋ᠠᠳᠤ ᠤᠯᠤᠰ᠎ᠤᠨ ᠦᠰᠦᠭ ᠪᠢᠴᠢᠭ᠎ᠢ ᠬᠡᠷᠡᠭᠯᠡᠬᠦ ᠵᠢᠨ ᠬᠠᠮᠲᠤ ᠬᠢᠲᠠᠳ ᠦᠰᠦᠭ᠎ᠢ ᠬᠠᠮᠲᠤᠳᠤᠨᠢ ᠬᠡᠷᠡᠭᠯᠡᠭᠰᠡᠨ ᠪᠠᠶ᠋ᠢᠪᠠᠯ᠂ ᠵᠢᠷᠤᠮᠵᠢᠭᠰᠠᠨ ᠬᠢᠲᠠᠳ ᠦᠰᠦᠭ ᠬᠡᠷᠡᠭᠯᠡᠬᠦ ᠬᠡᠷᠡᠭᠲᠡᠶ᠃
ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠥᠷᠥᠯ ᠨᠡᠶ᠋ᠢᠲᠡᠯᠢᠭ ᠦᠭᠡ᠎ᠪᠠᠷ ᠦᠢ᠍ᠯᠡᠴᠢᠯᠡᠭᠡᠨ᠎ᠤ ᠬᠡᠯᠡ ᠪᠣᠯᠭ᠋ᠠᠬᠤ ᠵᠢ ᠰᠠᠨᠠᠭ᠋ᠠᠴᠢᠯᠠᠨ᠎ᠠ᠃
ᠠᠷᠪᠠᠨ ᠳᠥᠷᠪᠡᠳᠦᠭᠡᠷ ᠵᠦᠢ᠍ᠯ ᠳᠣᠣᠷᠠᠬᠢ ᠪᠠᠶ᠋ᠢᠳᠠᠯ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠦᠨᠳᠦᠰᠦᠨ ᠦᠭᠡ ᠬᠡᠯᠡ ᠦᠰᠦᠭ ᠪᠢᠴᠢᠭ ᠵᠶ᠋ᠠᠷ ᠦᠨᠳᠦᠰᠦᠯᠡᠯ ᠪᠣᠯᠭ᠋ᠠᠬᠤ ᠬᠡᠷᠡᠭᠲᠡᠶ᠄
(ᠨᠢᠭᠡ) ᠷᠠᠳᠢᠣ᠋ ᠨᠡᠪᠲᠡᠷᠡᠭᠦᠯᠭᠡ᠂ ᠺᠢᠨᠣ᠋᠂ ᠲᠧᠯᠸᠢᠰ ᠳᠡᠭᠡᠷ᠎ᠡ ᠬᠡᠷᠡᠭᠯᠡᠬᠦ ᠦᠰᠦᠭ;
(ᠬᠤᠶᠠᠷ) ᠣᠯᠠᠨ ᠨᠡᠶ᠋ᠢᠲᠡ ᠵᠢᠨ ᠲᠠᠯᠠᠪᠤᠷ᠎ᠤᠨ ᠲᠥᠬᠥᠭᠡᠷᠦᠮᠵᠢ ᠦᠰᠦᠭ;
(ᠭᠤᠷᠪᠠ) ᠵᠠᠷ ᠮᠡᠳᠡᠭᠡᠨ᠎ᠤ ᠦᠰᠦᠭ;
(ᠲᠦᠷᠪᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠨᠡᠷ᠎ᠡ;
(ᠲᠠᠪᠤ) ᠬᠢᠯᠢ ᠵᠢᠨ ᠳᠣᠲᠣᠷ᠎ᠠ ᠪᠣᠷᠣᠯᠠᠭᠤᠯᠬᠤ ᠲᠠᠸᠠᠷ᠎ᠤᠨ ᠪᠣᠭᠣᠳᠠᠯ᠂ ᠲᠣᠳᠣᠷᠬᠠᠶ᠋ᠢᠯᠠᠯᠲᠠ᠃
ᠠᠷᠪᠠᠨ ᠲᠠᠪᠤᠳᠤᠭ᠋ᠠᠷ ᠵᠦᠢ᠍ᠯ ᠮᠡᠳᠡᠭᠡ ᠵᠠᠩᠭᠢ ᠰᠢᠢ᠍ᠳᠪᠦᠷᠢᠯᠡᠬᠦ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠳᠬᠦᠨ᠎ᠤ ᠳᠣᠲᠣᠷ᠎ᠠ ᠬᠡᠷᠡᠭᠯᠡᠵᠦ ᠪᠠᠶ᠋ᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠲᠤᠰ ᠪᠦᠯᠦᠭ᠎ᠤᠨ ᠬᠤᠯᠪᠤᠭᠳᠠᠯ ᠪᠦᠬᠦᠢ ᠲᠤᠭᠳᠠᠭ᠋ᠠᠯ᠎ᠳᠤ ᠲᠤᠤᠷᠠᠬᠢ ᠪᠠᠶ᠋ᠢᠳᠠᠯ᠎ᠲᠠᠢ ᠪᠠᠶ᠋ᠢᠪᠠᠯ᠂ ᠨᠤᠳᠤᠭ᠎ᠤᠨ ᠠᠶᠠᠯᠭᠤ ᠵᠢ ᠬᠡᠷᠡᠭᠯᠡᠵᠦ ᠪᠤᠯᠤᠨ᠎ᠠ᠄
(ᠨᠢᠭᠡ) ᠲᠥᠷᠥ ᠵᠢᠨ ᠪᠠᠢ᠌ᠭᠤᠯᠭ᠎ᠠ ᠵᠢᠨ ᠠᠵᠢᠯᠲᠠᠨ ᠠᠯᠪᠠᠨ ᠠᠵᠢᠯ ᠵᠶ᠋ᠠᠨ ᠭᠦᠢ᠍ᠴᠡᠳᠬᠡᠬᠦ᠎ᠳᠤ ᠦᠨᠡᠬᠡᠷ ᠬᠡᠷᠡᠭᠯᠡᠬᠦ ᠴᠢᠬᠤᠯᠠᠲᠠᠢ ᠦᠶ᠎ᠡ᠎ᠳᠤ;
(ᠬᠤᠶᠠᠷ) ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠷᠠᠳᠢᠤ᠋ ᠲᠧᠯᠸᠢᠰ᠎ᠤᠨ ᠰᠠᠯᠠᠭ᠎ᠠ ᠮᠦᠴᠢᠷ ᠪᠤᠶᠤ ᠮᠤᠵᠢ ᠵᠢᠨ ᠲᠡᠰ᠎ᠤᠨ ᠷᠠᠳᠢᠤ᠋ ᠲᠧᠯᠸᠢᠰ᠎ᠤᠨ ᠰᠠᠯᠠᠭ᠎ᠠ ᠮᠦᠴᠢᠷ ᠵᠶ᠋ᠠᠷ ᠵᠦᠪᠰᠢᠶᠡᠷᠡᠭᠦᠯᠦᠭᠰᠡᠨ ᠨᠡᠪᠳᠡᠷᠡᠭᠦᠯᠭᠡ᠎ᠳᠤ ᠬᠡᠷᠡᠭᠯᠡᠬᠦ ᠦᠭᠡ;
(ᠭᠤᠷᠪᠠ) ᠰᠢ ᠵᠦᠴᠦᠭᠡ᠂ ᠺᠢᠨᠣ᠋ ᠲᠧᠯᠸᠢᠰ ᠵᠡᠷᠭᠡ ᠤᠷᠠᠯᠢᠭ᠎ᠤᠨ ᠬᠡᠯᠪᠡᠷᠢ᠎ᠳᠤ ᠬᠡᠷᠡᠭᠯᠡᠬᠦ ᠴᠢᠬᠤᠯᠠᠲᠠᠢ ᠦᠶ᠎ᠡ᠎ᠳᠤ;
(ᠲᠦᠷᠪᠡ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠶᠠᠪᠤᠴᠠ᠎ᠳᠤ ᠦᠨᠡᠬᠡᠷ ᠬᠡᠷᠡᠭᠯᠡᠬᠦ ᠴᠢᠬᠤᠯᠠᠲᠠᠢ ᠦᠶ᠎ᠡ᠎ᠳᠤ᠃
ᠠᠷᠪᠠᠨ ᠳᠣᠯᠣᠳᠤᠭ᠋ᠠᠷ ᠵᠦᠢ᠍ᠯ ᠲᠤᠰ ᠪᠦᠯᠦᠭᠲᠠᠬᠢ ᠬᠣᠯᠪᠣᠭᠳᠠᠯ ᠪᠦᠬᠦᠢ ᠲᠣᠭᠲᠠᠭ᠋ᠠᠯ᠎ᠳᠤ ᠳᠣᠣᠷᠠᠬᠢ ᠮᠡᠲᠦ ᠪᠠᠶ᠋ᠢᠳᠠᠯ ᠪᠠᠶ᠋ᠢᠪᠠᠯ᠂ ᠬᠠᠭᠤᠴᠢᠨ ᠪᠢᠴᠢᠯᠭᠡ᠂ ᠥᠭᠡᠷ᠎ᠡ ᠲᠢᠭ᠎ᠤᠨ ᠦᠰᠦᠭ᠎ᠢ ᠦᠯᠡᠳᠡᠭᠡᠬᠦ ᠪᠤᠶᠤ ᠬᠡᠷᠡᠭᠯᠡᠵᠦ ᠪᠣᠯᠤᠨ᠎ᠠ᠄
(ᠨᠢᠭᠡ) ᠲᠡᠦᠬᠡ ᠵᠢᠨ ᠳᠤᠷᠠᠰᠬᠠᠯᠲᠤ ᠵᠦᠢ᠍ᠯ;
(ᠬᠤᠶᠠᠷ) ᠣᠪᠣᠭ᠎ᠤᠨ ᠳᠣᠲᠣᠷᠠᠬᠢ ᠥᠭᠡᠷ᠎ᠡ ᠪᠢᠴᠢᠯᠭᠡᠲᠡᠢ ᠦᠭᠡ;
(ᠭᠤᠷᠪᠠ) ᠤᠷᠠᠨ ᠪᠢᠴᠢᠯᠭᠡ᠂ ᠲᠠᠮᠠᠭ᠎ᠠ ᠰᠡᠢ᠌ᠯᠬᠦ ᠵᠡᠷᠭᠡ ᠤᠷᠠᠯᠢᠭ᠎ᠤᠨ ᠪᠦᠲᠦᠭᠡᠯ;
(ᠲᠦᠷᠪᠡ) ᠪᠢᠴᠢᠭᠡᠰᠦ ᠪᠠ ᠫᠠᠶ᠋ᠢᠰᠠ ᠵᠢᠨ ᠭᠠᠷ ᠪᠢᠴᠢᠭ;
(ᠲᠠᠪᠤ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠳᠤᠮᠳᠠ ᠬᠡᠷᠡᠭᠯᠡᠬᠦ ᠴᠢᠬᠤᠯᠠᠲᠠᠢ;
(ᠵᠢᠷᠭᠤᠭ᠎ᠠ) ᠲᠥᠷᠥ ᠵᠢᠨ ᠵᠥᠪᠯᠡᠯ᠎ᠤᠨ ᠬᠣᠯᠪᠣᠭᠳᠠᠯ᠎ᠲᠠᠢ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠰᠡᠨ ᠣᠨᠴᠠᠭ᠋ᠠᠢ ᠪᠠᠶ᠋ᠢᠳᠠᠯ᠃
ᠠᠷᠪᠠᠨ ᠨᠠᠢ᠍ᠮᠠᠳᠤᠭ᠋ᠠᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ 《ᠬᠢᠲᠠᠳ ᠬᠡᠯᠡᠨ᠎ᠤ ᠠᠪᠢᠶᠠᠨ᠎ᠤ ᠲᠥᠰᠥᠯ》 ᠵᠶ᠋ᠠᠷ ᠭᠠᠯᠢᠭᠯᠠᠬᠤ ᠪᠠ ᠠᠪᠢᠶ᠎ᠠ ᠬᠠᠳᠠᠬᠤ ᠪᠠᠭ᠋ᠠᠵᠢ ᠪᠣᠯᠭ᠋ᠠᠨ᠎ᠠ᠃
《ᠬᠢᠲᠠᠳ ᠬᠡᠯᠡᠨ᠎ᠤ ᠠᠪᠢᠶᠠᠴᠢᠯᠠᠭᠰᠠᠨ ᠲᠥᠰᠦᠯ》 ᠪᠣᠯ ᠳᠤᠮᠳᠠᠳᠤ ᠤᠯᠤᠰ᠎ᠤᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠪᠣᠯᠣᠨ ᠬᠢᠲᠠᠳ ᠬᠡᠯᠡᠨ᠎ᠤ ᠰᠤᠷᠪᠤᠯᠵᠢ ᠪᠢᠴᠢᠭ ᠷᠤᠮᠠ ᠵᠢᠨ ᠠᠪᠢᠶᠠᠴᠢᠯᠠᠨ ᠪᠢᠴᠢᠬᠦ ᠠᠷᠭ᠎ᠠ ᠵᠢᠨ ᠨᠢᠭᠡᠳᠦᠯᠲᠡᠢ ᠳᠦᠷᠢᠮᠵᠢᠯ ᠮᠥᠨ᠂ ᠡᠭᠦᠨ᠎ᠤ ᠬᠠᠮᠲᠤ ᠬᠢᠲᠠᠳ ᠦᠰᠦᠭ᠎ᠤᠨ ᠳᠥᠭᠥᠮ ᠦᠭᠡᠢ ᠪᠤᠶᠤ ᠬᠡᠷᠡᠭᠯᠡᠵᠦ ᠳᠡᠶ᠋ᠢᠯᠬᠦ ᠦᠭᠡᠢ ᠬᠦᠷᠢᠶ᠎ᠡ ᠬᠡᠪᠴᠢᠶᠡᠨ᠎ᠳᠤ ᠬᠡᠷᠡᠭᠯᠡᠨ᠎ᠡ᠃
ᠠᠩᠬ᠎ᠠ ᠵᠡᠷᠭᠡ ᠵᠢᠨ ᠰᠤᠷᠭ᠋ᠠᠨ ᠬᠥᠮᠦᠵᠢᠯ᠎ᠨᠢ ᠬᠢᠲᠠᠳ ᠬᠡᠯᠡᠨ᠎ᠤ ᠠᠪᠢᠶᠠᠨ᠎ᠤ ᠵᠢᠭ᠋ᠠᠨ ᠰᠤᠷᠭ᠋ᠠᠯᠲᠠ ᠬᠢᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠨᠡᠶ᠋ᠢᠲᠡᠯᠢᠭ ᠬᠡᠯᠡ᠎ᠪᠠᠷ ᠠᠵᠢᠯᠯᠠᠬᠤ ᠦᠭᠡ ᠬᠡᠯᠡᠨ᠎ᠤ ᠠᠵᠢᠯ᠎ᠤᠨ ᠪᠠᠶ᠋ᠢᠷᠢ ᠪᠣᠯᠭ᠋ᠠᠵᠤ᠂ ᠲᠡᠭᠦᠨ᠎ᠤ ᠠᠵᠢᠯᠲᠠᠳ ᠨᠡᠶ᠋ᠢᠲᠡᠯᠢᠭ ᠬᠡᠯᠡ ᠬᠡᠯᠡᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃
ᠨᠡᠶ᠋ᠢᠲᠡᠯᠢᠭ ᠬᠡᠯᠡ᠎ᠪᠠᠷ ᠠᠵᠢᠯᠯᠠᠬᠤ ᠦᠭᠡ ᠬᠡᠯᠡ ᠪᠣᠯᠭ᠋ᠠᠭᠰᠠᠨ ᠨᠡᠪᠲᠡᠷᠡᠭᠦᠯᠦᠭᠴᠢ᠂ ᠨᠡᠪᠲᠡᠷᠡᠭᠦᠯᠦᠭᠴᠢ ᠪᠠ ᠺᠢᠨᠣ᠋ ᠲᠧᠯᠸᠢᠰ ᠶᠠᠷᠢᠶᠠᠲᠤ ᠵᠦᠴᠦᠭᠡ ᠵᠢᠨ ᠲᠣᠭᠯᠠᠭᠴᠢ᠂ ᠪᠠᠭᠰᠢ᠂ ᠤᠯᠤᠰ᠎ᠤᠨ ᠪᠠᠶ᠋ᠢᠭᠤᠯᠭ᠎ᠠ ᠵᠢᠨ ᠠᠵᠢᠯᠲᠠᠨ᠎ᠤ ᠨᠡᠶ᠋ᠢᠲᠡᠯᠢᠭ ᠬᠡᠯᠡᠨ᠎ᠤ ᠬᠢᠷᠢ ᠬᠡᠮᠵᠢᠶ᠎ᠡ᠎ᠨᠢ ᠲᠤᠰ ᠲᠤᠰ ᠤᠯᠤᠰ᠎ᠤᠨ ᠲᠣᠭᠲᠠᠭ᠋ᠠᠭᠰᠠᠨ ᠵᠡᠷᠭᠡ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠪᠠᠶ᠋ᠢᠬᠤ ᠬᠡᠷᠡᠭᠲᠡᠢ; ᠤᠯᠤᠰ᠎ᠠᠴᠠ ᠲᠣᠭᠲᠠᠭ᠋ᠠᠭᠰᠠᠨ ᠨᠡᠶ᠋ᠢᠲᠡᠯᠢᠭ ᠬᠡᠯᠡᠨ᠎ᠤ ᠳᠡᠰ᠎ᠤᠨ ᠪᠠᠷᠢᠮᠵᠢᠶ᠎ᠠ᠎ᠳᠤ ᠬᠠᠷᠠᠬᠠᠨ ᠬᠦᠷᠦᠭᠡᠳᠦᠢ ᠪᠠᠶ᠋ᠢᠪᠠᠯ᠂ ᠲᠤᠰ ᠲᠤᠰᠲᠤᠨᠢ ᠪᠣᠯᠪᠠᠰᠤᠷᠠᠯ ᠬᠢᠨ᠎ᠡ᠃
ᠬᠣᠷᠢᠳᠤᠭ᠋ᠠᠷ ᠵᠦᠢ᠍ᠯ ᠭᠠᠳᠠᠭ᠋ᠠᠳᠤ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ᠎ᠳᠤ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭ᠋ᠠᠨ᠎ᠠ᠃
ᠭᠤᠷᠪᠠᠳᠤᠭ᠋ᠠᠷ ᠪᠦᠯᠦᠭ ᠬᠠᠮᠢᠶᠠᠷᠤᠯᠲᠠ ᠪᠠ ᠬᠢᠨᠠᠯᠲᠠ ᠲᠠᠯᠪᠢᠯᠲᠠ
ᠬᠣᠷᠢᠨ ᠨᠢᠭᠡᠳᠦᠭᠡᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠲᠥᠯᠥᠪᠵᠢᠭᠦᠯᠦᠨ ᠵᠢᠯᠣᠭᠣᠳᠬᠤ᠂ ᠬᠠᠮᠢᠶᠠᠷᠤᠨ ᠬᠢᠨᠠᠯᠲᠠ ᠲᠠᠯᠪᠢᠬᠤ ᠵᠢ ᠬᠠᠷᠢᠭᠤᠴᠠᠨ᠎ᠠ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠰᠢᠰᠲ᠋ᠧᠮ᠎ᠤᠨ ᠵᠶ᠋ᠠᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠤᠨ᠎ᠠ᠃
ᠬᠣᠷᠢᠨ ᠬᠣᠶᠠᠳᠤᠭ᠋ᠠᠷ ᠵᠦᠢ᠍ᠯ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠬᠤ ᠪᠠ ᠬᠢᠨᠠᠯᠲᠠ ᠲᠠᠯᠪᠢᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠵᠤ ᠠᠬᠤᠢ᠌ᠯᠠᠯ᠎ᠤᠨ ᠨᠡᠷᠡᠢ᠌ᠳᠦᠯ᠂ ᠲᠠᠸᠠᠷ᠎ᠤᠨ ᠨᠡᠷᠡᠢ᠌ᠳᠦᠯ ᠵᠢᠴᠢ ᠵᠠᠷ᠎ᠲᠤ ᠬᠡᠷᠡᠭᠯᠡᠬᠦ ᠦᠭᠡ ᠬᠡᠯᠡ᠎ᠳᠤ ᠬᠡᠷᠡᠭᠯᠡᠬᠦ ᠦᠰᠦᠭ᠎ᠢ ᠬᠠᠤᠯᠢ ᠶᠣᠰᠣᠭ᠋ᠠᠷ ᠬᠠᠮᠢᠶᠠᠷᠴᠤ ᠬᠢᠨᠠᠯᠲᠠ ᠲᠠᠯᠪᠢᠨ᠎ᠠ᠃
ᠬᠣᠷᠢᠨ ᠳᠥᠷᠪᠡᠳᠦᠭᠡᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠨᠡᠶ᠋ᠢᠲᠡᠯᠢᠭ ᠬᠡᠯᠡ ᠵᠢ ᠬᠡᠮᠵᠢᠨ ᠲᠤᠷᠰᠢᠬᠤ ᠵᠡᠷᠭᠡ ᠳᠡᠰ᠎ᠤᠨ ᠪᠠᠷᠢᠮᠵᠢᠶ᠎ᠠ ᠵᠢ ᠨᠡᠢ᠌ᠲᠡᠯᠡᠨ᠎ᠡ᠃
ᠬᠣᠷᠢᠨ ᠲᠠᠪᠤᠳᠤᠭ᠋ᠠᠷ ᠵᠦᠢ᠍ᠯ ᠭᠠᠳᠠᠭ᠋ᠠᠳᠤ ᠤᠯᠤᠰ᠎ᠤᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠵᠡᠷᠭᠡ ᠲᠤᠰᠬᠠᠶ ᠨᠡᠷ᠎ᠡ ᠲᠣᠮᠢᠶ᠎ᠠ ᠵᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠣᠷᠴᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠨ᠎ᠠ᠃
ᠬᠣᠷᠢᠨ ᠵᠢᠷᠭᠤᠳᠤᠭ᠋ᠠᠷ ᠵᠦᠢ᠍ᠯ ᠲᠤᠰ ᠬᠠᠤᠯᠢ ᠵᠢᠨ ᠬᠤᠶᠠᠳᠤᠭ᠋ᠠᠷ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ ᠶᠣᠰᠣᠭ᠋ᠠᠷ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠦᠭᠡᠢ ᠪᠣᠯ ᠠᠷᠠᠳ ᠢᠷᠭᠡᠨ ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃
ᠲᠤᠰ ᠬᠠᠤᠯᠢ ᠵᠢᠨ ᠠᠷᠪᠠ ᠶᠢᠰᠦᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠬᠥᠮᠦᠨ᠎ᠤ ᠦᠭᠡ ᠬᠡᠷᠡᠭᠯᠡᠬᠦ᠎ᠳᠡᠭᠡᠨ ᠲᠤᠰ ᠬᠠᠤᠯᠢ ᠵᠢᠨ ᠬᠣᠶᠠᠳᠤᠭ᠋ᠠᠷ ᠪᠦᠯᠦᠭ᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠬᠣᠯᠪᠣᠭᠳᠠᠯ ᠪᠥᠬᠥᠶ ᠨᠢᠭᠡᠴᠢ᠎ᠨᠢ ᠰᠢᠭᠤᠳ ᠬᠠᠷᠢᠭᠤᠴᠠᠯᠭ᠎ᠠ᠎ᠲᠠᠢ ᠬᠥᠮᠦᠨ᠎ᠢ ᠰᠢᠭᠦᠮᠵᠢᠯᠡᠨ ᠰᠤᠷᠭ᠋ᠠᠬᠤ ᠬᠡᠷᠡᠭᠲᠡᠢ; ᠵᠠᠯᠠᠷᠠᠭᠤᠯᠬᠤ ᠦᠭᠡᠢ ᠪᠣᠯ ᠬᠣᠯᠪᠣᠭᠳᠠᠯ ᠪᠥᠬᠥᠶ ᠨᠢᠭᠡᠴᠢ ᠵᠢ ᠰᠢᠢ᠍ᠳᠪᠦᠷᠢᠯᠡᠨ᠎ᠡ᠃
ᠬᠣᠲᠠ ᠵᠢᠨ ᠣᠯᠠᠨ ᠨᠡᠶ᠋ᠢᠲᠡ ᠵᠢᠨ ᠲᠠᠯᠠᠪᠤᠷ᠎ᠤᠨ ᠪᠡᠯᠡᠳᠬᠡᠮᠵᠢ ᠪᠣᠯᠤᠨ ᠫᠠᠶ᠋ᠢᠰᠠ᠂ ᠵᠠᠷ ᠮᠡᠳᠡᠭᠡ᠎ᠳᠤ ᠬᠡᠷᠡᠭᠯᠡᠬᠦ ᠦᠰᠦᠭ᠎ᠨᠢ ᠲᠤᠰ ᠬᠠᠤᠯᠢ ᠵᠢᠨ ᠬᠣᠶᠠᠳᠤᠭ᠋ᠠᠷ ᠪᠦᠯᠦᠭ᠎ᠤᠨ ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠭᠰᠡᠨ ᠪᠣᠯ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ; ᠵᠠᠯᠠᠷᠠᠭᠤᠯᠬᠤ ᠦᠭᠡᠶ ᠪᠣᠯ ᠰᠡᠷᠡᠮᠵᠢ ᠥᠭᠬᠦ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠰᠢᠮᠳᠠᠭᠤᠯᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠨ᠂ ᠪᠤᠰᠤᠳ ᠬᠥᠮᠦᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠬᠦ᠎ᠳᠤ ᠭᠠᠷ ᠲᠥᠷᠥᠵᠦ ᠪᠠᠶ᠋ᠢᠪᠠᠯ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠲᠤ ᠳᠣᠩᠭᠣᠳᠬᠤ ᠬᠡᠷᠡᠭᠲᠡᠶ᠃
ᠳᠥᠷᠪᠡᠳᠦᠭᠡᠷ ᠪᠦᠯᠦᠭ ᠳᠠᠭ᠋ᠠᠯᠳᠤᠭᠤᠯᠤᠯ ᠳᠦᠷᠢᠮ
ᠬᠣᠷᠢᠨ ᠨᠠᠢ᠍ᠮᠠᠳᠤᠭ᠋ᠠᠷ ᠵᠦᠢ᠍ᠯ ᠲᠤᠰ ᠬᠠᠤᠯᠢ ᠵᠢ 2001 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃