ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠣᠨᠣᠪᠴᠢᠲᠠᠶ ᠡᠵᠡᠮᠰᠢᠬᠦ ᠵᠢᠨ ᠲᠥᠯᠥᠭᠡ᠂ 9 ᠳ᠋ᠤᠭᠡᠷ ᠰᠠᠷ᠎ᠠ ᠵᠢᠨ 2᠎ᠠᠴᠠ 9 ᠳ᠋ᠤᠭᠡᠷ ᠰᠠᠷ᠎ᠠ ᠵᠢᠨ 6᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠾᠧᠦ ᠶᠠᠨ ᠬᠤᠢ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠶ᠋ᠢᠴᠢᠯᠠᠯᠲᠠ ᠵᠢᠨ ᠶᠠᠷᠢᠶ᠎ᠠ ᠲᠠᠯᠪᠢᠪᠠ᠃

ᠨᠣᠮ ᠤᠩᠰᠢᠬᠤ ᠠᠩᠬᠢ᠎ᠳᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠥᠭᠡᠷᠡᠴᠢᠯᠡᠯᠲᠡ ᠨᠡᠬᠡᠬᠡᠯᠳᠡ ᠵᠢᠨ ᠲᠤᠭ᠎ᠢ ᠡᠷᠡᠰ ᠭᠤᠶ᠋ᠢᠪᠢᠰᠢ ᠦᠭᠡᠢ ᠥᠨᠳᠥᠷ ᠮᠠᠨᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠠᠬᠢᠭᠤᠯᠬᠤ ᠵᠢᠨ ᠲᠣᠭᠤᠷᠢᠨ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠲᠦᠢ᠍ᠯ᠎ᠤᠨ ᠴᠢᠬᠤᠯᠠ ᠬᠤᠷᠠᠯ ᠪᠣᠯᠤᠨ᠎ᠠ᠃ ᠪᠦᠬᠦ ᠲᠢᠩᠬᠢᠮ᠎ᠤᠨ᠎ᠬᠢᠨ ᠳᠡᠭᠡᠳᠦ ᠲᠤᠤᠷᠠᠳᠤ ᠱᠠᠳᠤ᠎ᠪᠠᠷ ᠵᠶ᠋ᠠᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠭᠡ ᠤᠯᠤᠰ ᠲᠦᠷᠦ ᠵᠢᠨ ᠠᠴᠢ ᠬᠤᠯᠪᠣᠭᠳᠠᠯ᠂ ᠪᠠᠶ᠋ᠢᠯᠳᠤᠬᠤ ᠪᠤᠳᠤᠯᠭ᠎ᠠ ᠵᠢᠨ ᠠᠴᠢ ᠬᠤᠯᠪᠣᠭᠳᠠᠯ᠂ ᠤᠨᠤᠯ᠎ᠤᠨ ᠠᠴᠢ ᠬᠤᠯᠪᠣᠭᠳᠠᠯ ᠪᠣᠯᠤᠨ ᠦᠢ᠍ᠯᠡᠳᠦᠯᠭᠡ ᠵᠢᠨ ᠠᠴᠢ ᠬᠤᠯᠪᠣᠭᠳᠠᠯ᠎ᠢ ᠭᠦᠨᠵᠡᠭᠡᠢ ᠲᠠᠨᠢᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠰᠤᠷᠤᠯᠴᠠᠨ ᠣᠶ᠋ᠢᠯᠠᠭ᠋ᠠᠬᠤ᠎ᠲᠠᠢ ᠤᠶᠠᠯᠳᠤᠭᠤᠯᠬᠤ ᠪᠠ ᠨᠡᠪᠲᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠲᠠᠢ ᠤᠶᠠᠯᠳᠤᠭᠤᠯᠬᠤ ᠪᠠ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠵᠠᠢ᠃
ᠨᠣᠮ ᠤᠩᠰᠢᠬᠤ ᠠᠩᠭᠢ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ᠃ ᠪᠥᠬᠦᠳᠡ ᠬᠤᠷᠠᠯ᠎ᠤᠨ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠶ᠋ᠢᠲᠡᠯᠡᠭᠰᠡᠨ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠢ ᠪᠠᠷᠢᠮᠵᠢᠶᠠᠯᠠᠨ ᠬᠠᠷᠭᠤᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠵᠤ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠨᠠᠩ ᠣᠯᠠᠨ ᠬᠤᠳᠠᠯᠳᠤᠭ᠋ᠠᠨ᠎ᠤ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠵᠠᠢ᠃
ᠨᠣᠮ ᠤᠩᠰᠢᠬᠤ ᠠᠩᠬᠢ᠂ ᠬᠤᠷᠠᠯ ᠲᠡᠭᠦᠰᠦᠭᠰᠡᠨ᠎ᠤ ᠲᠠᠷᠠᠭ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ᠎ᠬᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠳᠠᠷᠤᠢ᠎ᠳᠤ᠎ᠨᠢ ᠤᠯᠠᠮᠵᠢᠯᠠᠨ ᠰᠤᠷᠤᠯᠴᠠᠵᠤ᠂ ᠪᠠᠢ᠌ᠭᠤᠯᠭ᠎ᠠ ᠵᠢᠨ ᠨᠠᠮ᠎ᠤᠨ ᠬᠤᠷᠢᠶ᠎ᠠ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ 《ᠬᠤᠳᠠᠯᠳᠤᠭ᠋ᠠᠨ᠎ᠤ ᠶᠠᠪᠤᠳᠠᠯ᠎ᠤᠨ ᠶᠡᠭᠡ ᠬᠢᠴᠢᠶᠡᠯ᠎ᠤᠨ ᠲᠠᠩᠬᠢᠮ》᠎ᠨᠢ ᠪᠠᠰᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠲᠠᠶ᠋ᠢᠯᠪᠤᠷᠢᠯᠠᠬᠤ ᠬᠠᠮᠢᠶ᠎ᠠ ᠪᠦᠬᠦᠢ ᠬᠢᠴᠢᠶᠡᠯ᠎ᠢ ᠲᠣᠬᠢᠷᠠᠭᠤᠯᠵᠤ᠂ ᠪᠦᠬᠦ ᠲᠢᠩᠬᠢᠮ᠎ᠳᠤ ᠨᠢᠭᠡᠨᠲᠡ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠭᠠᠷᠭ᠋ᠠᠵᠠᠢ᠃ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠲᠤᠰ ᠤᠳᠠᠭ᠎ᠠ ᠵᠢᠨ ᠨᠣᠮ ᠤᠩᠰᠢᠬᠤ ᠠᠩᠬᠢ᠎ᠪᠠᠷ ᠦᠷᠭᠦᠯᠵᠢᠯᠡᠨ ᠠᠵᠠ ᠲᠣᠬᠢᠶᠠᠯ ᠪᠣᠯᠭ᠋ᠠᠵᠤ᠂ ᠲᠢᠩᠬᠢᠮ᠎ᠤᠨ ᠳᠣᠲᠣᠷᠠᠬᠢ ᠠᠳᠠᠯᠢ ᠪᠤᠰᠤ ᠺᠠᠳ᠋ᠷ ᠠᠵᠢᠯᠳᠠᠨ ᠠᠵᠢᠯᠴᠢᠨ᠎ᠳᠤ ᠴᠢᠭᠯᠡᠭᠦᠯᠦᠨ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠲᠠ ᠤᠶᠠᠯᠳᠤᠭᠤᠯᠵᠤ᠂ ᠲᠥᠪᠯᠡᠷᠡᠭᠦᠯᠦᠨ ᠰᠤᠷᠤᠯᠴᠠᠬᠤ᠂ ᠬᠥᠮᠦᠵᠢᠭᠦᠯᠦᠨ ᠪᠣᠯᠪᠠᠰᠤᠷᠠᠭᠤᠯᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠰᠤᠷᠤᠯᠴᠠᠬᠤ ᠬᠡᠯᠪᠡᠷᠢ ᠵᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠳᠠᠮᠵᠢᠭᠤᠯᠵᠤ᠂ ᠪᠦᠬᠦ ᠺᠠᠳ᠋ᠷ ᠠᠵᠢᠯᠳᠠᠨ ᠠᠵᠢᠯᠴᠢᠨ᠎ᠳᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠠᠯᠢ ᠲᠦᠷᠭᠡᠨ ᠵᠶ᠋ᠠᠷ ᠪᠦᠬᠦ ᠲᠠᠯ᠎ᠠ᠎ᠪᠠᠷ ᠭᠦᠨᠵᠡᠭᠡᠢ ᠣᠨᠣᠪᠴᠢᠲᠠᠢ ᠣᠶ᠋ᠢᠯᠠᠭ᠋ᠠᠭᠤᠯᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠪᠦᠬᠦᠳᠡ ᠬᠤᠷᠠᠯ᠎ᠠᠴᠠ ᠭᠠᠷᠭ᠋ᠠᠭᠰᠠᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃