ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
《ᠭᠤᠷᠪᠠᠨ ᠴᠢᠬᠤᠯᠠ》ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ ᠦᠨᠳᠦᠰᠦᠲᠡᠨ᠎ᠦ ᠪᠦᠯᠬᠦᠮᠳᠡᠯ᠎ᠦᠨ ᠥᠩ ᠰᠢᠮᠡᠯᠢᠭ ᠬᠥᠷᠥᠰᠥ᠎ᠶᠢ ᠭᠦᠨ ᠬᠠᠭ᠋ᠠᠯᠪᠤᠷᠢᠯᠠᠬᠤ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ
ᠨᠡᠶ᠋ᠢᠲᠡᠯᠡᠭᠰᠡᠨ ᠴᠠᠭ᠄ 2025-07-22

  ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠨᠢᠭᠡ ᠭᠤᠣᠯ ᠱᠢᠵᠢᠮ᠎ᠢ ᠲᠤᠭᠤᠱᠢᠯᠠᠭᠤᠯᠵᠤ᠂ ᠬᠤᠶᠠᠷ ᠶᠡᠭᠡ ᠶᠠᠪᠤᠳᠠᠯ᠎ᠢ ᠰᠠᠢᠲᠤᠷ ᠬᠢᠵᠦ᠍᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠵᠠᠮ᠎ᠢ ᠨᠡᠭᠡᠭᠡᠵᠦ᠍ ᠳᠤᠮᠳᠠ ᠲᠦᠪᠰᠢᠨ᠎ᠳᠦ ᠳᠠᠪᠰᠢᠬᠤ》 ᠬᠠᠷᠠᠯᠲᠠ᠎ᠶ᠋ᠢᠨ ᠲᠣᠭᠤᠷᠢᠨ᠎ᠳᠤ᠂ 《ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠴᠢᠬᠤᠯᠠ ᠪᠦᠷᠢᠯᠳᠦᠬᠦᠨ ᠬᠡᠰᠡᠭ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠤᠨ ᠴᠢᠬᠤᠯᠠ ᠬᠦᠢᠰᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠴᠢᠬᠤᠯᠠ ᠦᠢᠯᠡᠳᠦᠯ ᠪᠠᠳᠠᠷᠠᠭᠤᠯᠬᠤ》 ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ 《〈ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠭᠤᠣᠯ ᠱᠤᠭᠤᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠡᠷᠡᠭ᠌ᠵᠢᠭᠦᠯᠬᠦ᠌ ᠲᠥᠰᠦᠯ》 ᠎ᠢ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠣᠯ ᠱᠤᠭᠤᠮ᠎ᠢ ᠪᠦᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠬᠤ᠎ᠶ᠋ᠢ ᠠᠬᠢᠭᠤᠯᠵᠤ᠂ ᠪᠦᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ᠃

  ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠤᠭᠤᠮ ( ᠳᠣᠷᠣᠭ᠍ᠰᠢ ᠠᠵᠢᠯ᠎ᠤᠨ ᠭᠤᠤᠯ ᠱᠤᠭᠤᠮ ᠭᠡᠵᠦ᠍ ᠲᠣᠪᠴᠢᠯᠠᠨ᠎ᠠ ) ᠎ᠢ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠶᠡᠭᠡ ᠲᠠᠯ᠎ᠠ᠎ᠠᠴᠠ ᠪᠣᠳᠣᠯᠬᠢᠯᠠᠵᠤ᠂ ᠪᠠᠢᠷᠢ ᠲᠣᠭ᠍ᠲᠠᠭᠠᠯᠲᠠ ᠬᠢᠵᠦ᠍᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠪᠠ ᠪᠣᠭᠤᠮᠲᠠ᠎ᠶ᠋ᠢᠨ ᠠᠯᠪᠠᠨ ᠬᠡᠷ᠎ᠤᠨ 《ᠭᠤᠷᠪᠠ᠎ᠶ᠋ᠢ ᠲᠣᠭ᠍ᠲᠠᠭᠠᠬᠤ》 ᠲᠣᠭ᠍ᠲᠠᠭᠠᠯ᠎ᠳᠤ ᠪᠢᠴᠢᠨ ᠣᠷᠣᠭᠤᠯᠵᠤ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠢᠯ᠎ᠳᠤ ᠣᠷᠣᠭᠤᠯᠤᠨ᠂ ᠣᠨ᠎ᠤ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ ᠪᠠ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠭᠤᠤᠯ ᠠᠭᠤᠯᠭ᠎ᠠ᠎ᠳᠤ ᠣᠷᠣᠭᠤᠯᠪᠠ᠃ ᠠᠵᠢᠯ᠎ᠤᠨ ᠭᠤᠣᠯ ᠱᠤᠭᠤᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠭᠠᠵᠠᠷ ᠠᠯᠪᠠᠨ ᠲᠠᠰᠤᠭ᠎ᠤᠨ ᠣᠨ᠎ᠤ ᠱᠢᠯᠭᠠᠨ ᠬᠢᠨᠠᠯᠲᠠ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠬᠢᠨᠠᠨ ᠱᠢᠯᠭᠠᠬᠤ᠂ ᠨᠠᠮ᠎ᠤᠨ ᠡᠭᠦᠷ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠠᠢᠴᠠᠭᠠᠯᠲᠠ᠂ ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠤᠨ ᠬᠠᠷᠢᠴᠠᠭᠤᠯᠤᠨ ᠪᠠᠢᠴᠠᠭᠠᠬᠤ ᠴᠢᠬᠤᠯᠠ ᠠᠭᠤᠯᠭ᠎ᠠ᠎ᠳᠤ ᠣᠷᠣᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠬᠤ ᠳᠤᠮᠳᠠ ᠠᠵᠢᠯ᠎ᠤᠨ ᠭᠤᠣᠯ ᠱᠤᠭᠤᠮ᠎ᠤᠨ ᠱᠠᠭᠠᠷᠳᠠᠯᠭ᠎ᠠ᠎ᠶ᠋ᠢ ᠲᠤᠪᠤᠢᠯᠭᠠᠵᠤ᠂ 《ᠤᠮᠠᠷᠠᠲᠤ᠎ᠶ᠋ᠢᠨ ᠵᠢᠱ᠌ᠢᠶᠡᠴᠢ ᠪᠠᠢᠭᠤᠯᠭ᠎ᠠ》᠂ ᠪᠠᠲᠤ ᠴᠢᠩᠭ᠎ᠠ ᠪᠠᠬᠢᠯᠡᠯᠲᠡ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢᠭᠤᠯᠬᠤ ᠪᠦᠬᠦ᠌ ᠶᠠᠪᠤᠴᠠ᠎ᠳᠤ ᠠᠭᠤᠰᠤᠯᠴᠠᠵᠤ᠂ ᠡᠯ᠎ᠡ ᠵᠦᠢᠯ᠎ᠤᠨ ᠲᠤᠬᠠᠢᠯᠠᠭ᠍ᠰᠠᠨ ᠠᠵᠢᠯ᠎ᠢ 《ᠲᠡᠭᠦᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠣᠭ᠍ᠳᠠᠯ᠎ᠢ ᠢᠯᠡᠷᠡᠭᠦᠯᠬᠦ᠌》 ᠬᠡᠷᠡᠭ᠌ᠲᠡᠢ ᠭᠡᠵᠦ᠍ ᠲᠣᠳᠣᠷᠬᠠᠶ ᠱᠠᠭᠠᠷᠳᠠᠵᠤ᠂ ᠠᠵᠢᠯ᠎ᠤᠨ ᠭᠤᠣᠯ ᠱᠤᠭᠤᠮ ᠬᠢᠭᠡᠳ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢ ᠨᠢᠭ᠍ᠲᠠ ᠤᠶᠠᠯᠳᠤᠭᠤᠯᠬᠤ᠎ᠶ᠋ᠢ ᠠᠬᠢᠭᠤᠯᠪᠠ᠃ ᠡᠭᠦᠨ᠎ᠤ ᠬᠠᠮᠲᠤ᠌᠂ ᠺᠠᠳ᠋ᠷ᠎ᠢ 《ᠰᠣᠩᠭᠤᠨ ᠪᠤᠢᠵᠢᠭᠤᠯᠬᠤ》 ᠪᠦᠬᠦ᠌ ᠶᠠᠪᠤᠴᠠ᠎ᠳᠤ ᠠᠵᠢᠯ᠎ᠤᠨ ᠭᠤᠣᠯ ᠱᠤᠭᠤᠮ᠎ᠤᠨ ᠱᠠᠭᠠᠷᠳᠠᠯᠭ᠎ᠠ᠎ᠶ᠋ᠢ ᠲᠤᠪᠤᠢᠯᠭᠠᠵᠦ᠍᠂ ᠤᠯᠤᠰ ᠲᠦᠷᠦ᠍᠎ᠶ᠋ᠢᠨ ᠬᠡᠪ ᠴᠢᠨᠠᠷ᠎ᠤᠨ ᠱᠢᠨᠵᠢᠯᠡᠨ ᠪᠠᠢᠴᠠᠭᠠᠯᠲᠠ᠎ᠶ᠋ᠢ ᠴᠢᠩᠭᠠᠳᠭᠠᠵᠤ᠂ 《ᠲᠦᠷᠪᠡᠨ ᠣᠨᠴᠠᠭᠠᠢ》 ᠴᠢᠬᠤᠯᠠ ᠱᠠᠭᠠᠷᠳᠠᠯᠭ᠎ᠠ᠎ᠶ᠋ᠢ ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠂ ᠱᠢᠯᠢᠳᠡᠭ᠎ᠢ ᠱᠢᠯᠭᠠᠷᠠᠭᠤᠯᠤᠨ ᠲᠡᠷᠢᠭᠦᠨ᠎ᠤ᠎ᠬᠢ᠎ᠶ᠋ᠢ ᠱᠢᠯᠭᠠᠷᠠᠭᠤᠯᠬᠤ᠎ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃

  ᠦᠵᠡᠯ ᠰᠠᠨᠠᠭᠠᠨ᠎ᠤ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠲᠤᠳᠭᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠴᠢᠬᠤᠯᠠ ᠥᠭᠦᠯᠡᠯᠲᠡ᠎ᠶ᠋ᠢ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠭᠤᠣᠯ ᠳᠤᠭᠤᠢᠯᠠᠩ᠂ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》᠂ ᠵᠠᠯᠠᠭᠤ ᠺᠠᠳ᠋ᠷᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ᠂ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠤᠨ ᠭᠤᠣᠯ ᠴᠣᠭ᠍ᠴᠠ᠎ᠶ᠋ᠢᠨ ᠠᠩᠬᠢ᠎ᠳᠤ ᠵᠠᠪᠠᠯ ᠰᠤᠷᠤᠯᠴᠠᠬᠤ ᠠᠭᠤᠯᠭ᠎ᠠ ᠪᠣᠯᠭᠠᠵᠤ᠂ ᠪᠠᠢᠩᠭᠤᠵᠢᠭ᠍ᠰᠠᠨ ᠤᠨᠤᠯ᠎ᠤᠨ ᠰᠤᠷᠤᠯᠴᠠᠯᠭ᠎ᠠ ᠬᠥᠮᠦᠵᠢᠯ᠎ᠤᠨ ᠲᠣᠭ᠍ᠲᠠᠴᠠ᠎ᠶ᠋ᠢ ᠪᠠᠢᠭᠤᠯᠤᠨ᠎ᠠ᠃ 《ᠳᠤᠰᠤᠯᠭᠠᠨ ᠤᠰᠤᠯᠠᠬᠤ ᠮᠠᠶᠢᠭ》 ᠂ 《ᠨᠠᠷᠢᠯᠢᠭ᠍ᠵᠢᠭᠤᠯᠬᠤ》 ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ 《ᠨᠠᠮ᠎ᠤᠨ ᠠᠴᠢ᠎ᠶ᠋ᠢ ᠮᠡᠳᠡᠷᠡᠵᠦ᠍᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭ᠋ᠠᠨ ᠤᠷᠤᠭᠰᠢᠯᠠᠬᠤ》 ᠣᠯᠠᠨ ᠲᠦᠮᠡᠨ᠎ᠤ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠂ 《ᠬᠤᠶᠠᠷ ᠰᠠᠷ᠎ᠠ ᠨᠢᠭᠡ ᠭᠠᠷᠠᠭ》 ᠵᠡᠷᠭᠡ ᠲᠠᠪᠴᠠᠩ᠎ᠤᠨ ᠠᠴᠢᠶᠠᠯᠠᠪᠤᠷᠢ᠎ᠳᠤ ᠲᠦᠱᠢᠭ᠌ᠯᠡᠨ᠂ 《ᠲᠠᠪᠤᠨ ᠱᠢᠯᠢᠳᠡᠭ ᠨᠠᠮ᠎ᠤᠨ ᠪᠠᠢᠭᠤᠯᠤᠯᠲᠠ》᠂ 《ᠬᠡᠷᠡᠭ᠌ᠯᠡᠭᠡ᠎ᠶ᠋ᠢ ᠠᠬᠢᠭᠤᠯᠬᠤ ᠬᠤᠱᠢᠭᠤᠴᠢ》 ᠂ 《ᠬᠤᠳᠠᠯᠳᠤᠭᠠᠴᠢᠨ ᠤᠷᠢᠬᠤ ᠬᠤᠱᠢᠭᠤᠴᠢ》 ᠵᠡᠷᠭᠡ ᠨᠠᠮ᠎ᠤᠨ ᠪᠠᠢᠭᠤᠯᠤᠯᠲᠠ᠎ᠶ᠋ᠢᠨ ᠨᠠᠷᠠᠲᠤ ᠲᠡᠮᠳᠡᠭ᠎ᠢ ᠬᠥᠲᠥᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ ᠲᠣᠭᠤᠷᠢᠭ᠂ ᠬᠠᠪᠰᠤᠷᠤᠨ ᠲᠡᠳᠬᠦᠬᠦ᠌ ᠭᠠᠴᠠᠭ᠎ᠠ᠂ ᠠᠵᠤ ᠠᠬᠤᠢᠯᠠᠯ᠎ᠤᠨ ᠬᠦᠷᠢᠶᠡᠯᠡᠩ ᠲᠣᠭᠤᠷᠢᠭ᠎ᠲᠤ ᠭᠦᠨᠵᠡᠭᠡᠢᠷᠡᠨ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠣᠨᠣᠯ᠎ᠢ ᠥᠷᠭᠡᠨ᠎ᠢᠶᠠᠷ ᠤᠬᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ 《ᠡᠩ᠎ᠦᠨ ᠶᠠᠷᠢᠶ᠎ᠠ》 ᠎ᠪᠠᠷ 《ᠲᠣᠮᠣ ᠲᠥᠷᠥ᠎ᠶ᠋ᠢᠨ ᠪᠣᠳᠣᠯᠭ᠎ᠠ》 ᠎ᠶ᠋ᠢ ᠳᠠᠮᠵᠢᠭᠤᠯᠤᠨ᠎ᠠ; ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠶ᠋ᠢ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠤᠨ ᠴᠤᠭ᠍ᠯᠠᠭᠠᠨ᠂ ᠲᠣᠷᠭᠠᠨ ᠦᠵᠡᠰᠭᠦᠯᠡᠩ᠎ᠤᠨ ᠴᠤᠭ᠍ᠯᠠᠭᠠᠨ᠂ ᠪᠠᠷᠠᠭᠤᠨ ᠦᠵᠡᠰᠭᠦᠯᠡᠩ᠎ᠤᠨ ᠴᠤᠭ᠍ᠯᠠᠭᠠᠨ ᠵᠡᠷᠭᠡ ᠡᠯ᠎ᠡ ᠲᠦᠷᠦᠯ᠎ᠤᠨ ᠦᠵᠡᠭᠦᠯᠭᠡ᠎ᠶ᠋ᠢᠨ ᠠᠵᠢᠯᠯᠠᠭ᠎ᠠ ᠵᠢᠴᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ᠎ᠳᠤ ᠠᠭᠤᠰᠤᠯᠴᠠᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠦᠵᠡᠭᠦᠯᠭᠡ᠎ᠶ᠋ᠢᠨ ᠬᠡᠰᠡᠭ᠎ᠲᠤ᠌᠂ ᠤᠮᠠᠷᠠᠲᠤ ᠬᠢᠯᠢ᠎ᠶ᠋ᠢᠨ ᠰᠣᠶᠣᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠤᠬᠠᠭᠤᠯᠬᠤ᠎ᠲᠠᠢ ᠤᠶᠠᠯᠳᠤᠭᠤᠯᠬᠤ᠎ᠶ᠋ᠢᠨ ᠬᠠᠮᠲᠤ᠌᠂ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢᠲᠤᠷ ᠶᠠᠷᠢᠵᠤ᠂ 《ᠵᠢᠵᠢᠭ ᠬᠡᠰᠡᠭ》 ᠎ᠢᠶᠠᠷ 《ᠶᠡᠭᠡ ᠭᠤᠣᠯ ᠰᠡᠳᠦᠪ》 ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠬᠡᠷᠡᠭ᠌ᠲᠡᠢ᠃

  ᠭᠤᠣᠯ ᠱᠢᠵᠢᠮ᠎ᠤᠨ ᠬᠠᠷᠢᠯᠴᠠᠨ ᠠᠭᠤᠰᠤᠯᠴᠠᠬᠤ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠲᠠ ᠦᠭᠡᠢ ᠠᠬᠢᠭᠤᠯᠤᠨ᠎ᠠ᠃ ᠴᠢᠨᠠᠷ ᠴᠢᠨᠰᠠᠭ᠎ᠠ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠤ ᠠᠬᠤᠶ᠎ᠶ᠋ᠢᠨ ᠶᠠᠪᠤᠯᠴᠠᠭ᠎ᠠ᠎ᠪᠠᠨ ᠴᠢᠩᠭᠠᠳᠭᠠᠵᠤ᠂ ᠰᠠᠢᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠬᠤ᠎ᠶ᠋ᠢ ᠠᠬᠢᠭᠤᠯᠵᠤ᠂ ᠬᠠᠮᠲᠤ᠎ᠪᠠᠷ ᠡᠭᠦᠳᠦᠨ ᠪᠦᠲᠦᠭᠡᠭ᠌ᠰᠡᠨ ᠵᠣᠯ ᠵᠢᠷᠭᠠᠯᠲᠤ ᠠᠮᠢᠳᠤᠷᠠᠯ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠠᠴᠢ ᠬᠤᠯᠪᠣᠭ᠍ᠳᠠᠯ᠎ᠢ ᠢᠯᠡᠷᠡᠭᠦᠯᠬᠦ᠌ ᠬᠡᠷᠡᠭ᠌ᠲᠡᠢ᠃ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢᠨ 《ᠲᠤᠷᠱᠢᠯᠲᠠ᠎ᠶ᠋ᠢᠨ ᠱᠢᠶᠠᠨ》 ᠎ᠤ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠤᠭᠤᠲᠤ ᠬᠤᠲᠠ᠎ᠶ᠋ᠢᠨ ᠴᠢᠩᠱᠠᠨ ᠲᠣᠭᠤᠷᠢᠭ ᠵᠡᠷᠭᠡ 4 ᠬᠤᠱᠢᠭᠤ ᠱᠢᠶᠠᠨ᠂ ᠣᠷᠳᠣᠰ ᠬᠤᠲᠠ᠎ᠶ᠋ᠢᠨ ᠡᠵᠡᠨ ᠬᠤᠷᠤᠭ᠎ᠠ ᠬᠤᠱᠢᠭᠤ ᠲᠣᠰ ᠲᠣᠰ ᠪᠥᠬᠦ᠌ ᠤᠯᠤᠰ᠎ᠤᠨ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ 《ᠳᠠᠭᠠᠭᠤᠯᠤᠨ ᠭᠦᠶᠦᠬᠦ᠌ ᠱᠢᠶᠠᠨ》 ᠪᠠ ᠨᠢᠭᠡᠳᠦᠭᠡᠷ ᠪᠦᠯᠦᠭ᠎ᠤᠨ ᠪᠥᠬᠦ᠌ ᠤᠯᠤᠰ᠎ᠤᠨ ᠬᠥᠳᠡᠭᠡ ᠲᠣᠰᠭᠤᠨ᠎ᠤ ᠡᠯᠧᠺᠲᠷᠣᠨ ᠬᠤᠳᠠᠯᠳᠤᠭᠠᠨ᠎ᠤ 《ᠳᠠᠭᠠᠭᠤᠯᠤᠨ ᠭᠦᠶᠦᠬᠦ᠌ ᠱᠢᠶᠠᠨ》 ;ᠪᠥᠬᠦ᠌ ᠣᠷᠣᠨ᠎ᠳᠤ ᠠᠮᠢᠳᠤᠷᠠᠯ᠎ᠳᠤ ᠳᠦᠭᠦᠮᠴᠢᠯᠡᠬᠦ ᠮᠦᠴᠡ᠎ᠶᠢᠨ ᠵᠠᠢᠲᠠᠢ ᠲᠤᠭᠤᠷᠢᠭ᠋᠎ᠢ 200 ᠭᠠᠷᠤᠶ ᠪᠠᠢᠭᠤᠯᠵᠤ᠂ 450 ᠲᠦᠮᠡᠨ ᠰᠠᠭᠤᠭᠠᠯᠢ ᠠᠷᠠᠳ᠎ᠲᠤ ᠦᠢᠯᠡᠴᠢᠯᠡᠪᠡ; ᠮᠠᠱᠢᠨ ᠲᠡᠷᠭᠡ᠂ ᠬᠡᠷ᠎ᠤᠨ ᠴᠠᠬᠢᠯᠭᠠᠨ ᠬᠡᠷᠡᠭ᠌ᠰᠡᠯ ᠵᠡᠷᠭᠡ ᠬᠡᠷᠡᠭ᠌ᠯᠡᠭᠡᠨ᠎ᠤ ᠵᠦᠢᠯᠡᠰ᠎ᠢ 《ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠣᠯᠠᠨ ᠲᠦᠮᠡᠨ᠎ᠳᠤ ᠠᠱᠢᠭ ᠬᠦᠷᠲᠡᠭᠡᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠱᠢᠭ ᠲᠤᠰᠠ᠎ᠶ᠋ᠢ ᠬᠠᠮᠲᠤ᠎ᠪᠠᠷ ᠱᠢᠭᠢᠳᠭᠡᠬᠦ᠌ ᠪᠠ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ᠎ᠡ᠃  《ᠥᠪᠥᠷ ᠮᠣᠩᠭᠤᠯ᠎ᠤᠨ ᠦᠨᠦᠷ ᠠᠮᠲᠠ》 ᠶᠠᠮᠤᠨ ᠵᠥᠪᠯᠡᠯ᠎ᠳᠤ ᠣᠷᠣᠭᠤᠯᠬᠤ᠂ ᠲᠥᠪ᠎ᠤᠨ ᠠᠵᠤ ᠠᠬᠤᠢᠯᠠᠯ᠎ᠳᠤ ᠣᠷᠣᠭᠤᠯᠬᠤ ᠱᠢᠷᠢᠰ ᠠᠵᠢᠯᠯᠠᠭ᠎ᠠ ᠪᠠ 《ᠥᠪᠥᠷ ᠮᠣᠩᠭᠤᠯ᠎ᠤᠨ ᠰᠢᠯᠢᠳᠡᠭ ᠪᠦᠲᠦᠭᠡᠭᠳᠡᠭᠦᠨ᠎ᠤ ᠪᠥᠬᠦ᠌ ᠤᠯᠤᠰ᠎ᠤᠨ ᠠᠶᠠᠯᠠᠯ》 ᠎ᠤᠨ ᠱᠢᠷᠢᠰ ᠠᠵᠢᠯᠯᠠᠭ᠎ᠠ᠎ᠶ᠋ᠢ ᠡᠷᠬᠢᠯᠡᠵᠦ᠍᠂ ᠳᠡᠯᠭᠡᠨ ᠦᠵᠡᠭᠦᠯᠬᠦ᠂ ᠠᠬᠤᠢ ᠲᠠᠯᠠᠪᠠᠢ᠎ᠳᠤ ᠪᠣᠷᠣᠯᠠᠭᠤᠯᠬᠤ ᠪᠠ ᠱᠢᠯᠭᠠᠨ ᠦᠨᠡᠯᠡᠬᠦ᠌ ᠬᠡᠯᠪᠡᠷᠢ᠎ᠪᠠᠷ ᠳᠠᠮᠵᠢᠭᠤᠯᠤᠨ 《ᠥᠪᠥᠷ ᠮᠣᠩᠭᠤᠯ᠎ᠤᠨ ᠦᠨᠦᠷ ᠠᠮᠲᠠ》 ᠨᠠᠷᠠᠲᠤ ᠲᠡᠮᠳᠡᠭ᠎ᠢ ᠲᠠᠰᠤᠷᠠᠯᠲᠠ ᠥᠬᠡᠶ ᠠᠯᠳᠠᠷᠱᠢᠭᠤᠯᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ᠎ᠶ᠋ᠢᠨ ᠬᠠᠮᠲᠤ ᠦᠨᠳᠦᠰᠦᠲᠡᠨ᠎ᠨᠦᠭᠦᠳ᠎ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭ᠌ᠳᠡᠭᠦᠯᠪᠡ᠃ 《ᠥᠪᠥᠷ ᠮᠣᠩᠭᠤᠯ᠎ᠳᠤ ᠪᠠᠯᠠ ᠣᠷᠣᠭᠤᠯᠬᠤ》 ᠨᠠᠷᠠᠲᠤ ᠲᠡᠮᠳᠡᠭ᠎ᠢ ᠦᠷᠭᠦᠯᠵᠢᠯᠡᠨ ᠪᠣᠶ ᠪᠣᠯᠭᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠂ ᠵᠡᠭᠦᠨ ᠭᠤᠷᠪᠠᠨ ᠮᠤᠵᠢ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠬᠠᠨᠳᠤᠭᠤᠯᠤᠨ ᠨᠠᠷᠢᠯᠢᠭ ᠣᠨᠣᠴᠠᠲᠠᠶ᠎ᠪᠠᠷ ᠬᠤᠳᠠᠯᠳᠤᠭᠠᠴᠢᠨ ᠤᠷᠢᠬᠤ᠎ᠶ᠋ᠢ ᠢᠳᠡᠪᠬᠢᠲᠡᠶ ᠥᠷᠨᠢᠭᠦᠯᠵᠦ᠍᠂ ᠥᠪᠥᠷ ᠮᠣᠩᠭᠤᠯ᠎ᠤᠨ ᠣᠷᠣᠨ ᠪᠠᠢᠷᠢ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠦᠢᠯᠡᠰ᠎ᠤᠨ ᠳᠠᠪᠠᠭᠤᠯᠢᠭ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠦᠨᠳᠦᠰᠦᠲᠡᠨ᠎ᠤ ᠭᠠᠵᠠᠷ ᠣᠷᠣᠨ᠎ᠤ ᠣᠯᠠᠨ ᠲᠦᠮᠡᠨ᠎ᠤ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠱᠢᠷᠭᠢᠰᠢ ᠥᠬᠡᠶ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠬᠤ ᠶᠠᠪᠤᠴᠠ᠎ᠳᠤ᠂ ᠨᠢᠭ᠍ᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠪᠠ᠃

  ᠭᠣᠤᠯ ᠱᠤᠭᠤᠮ᠎ᠲᠠᠶ ᠨᠢᠭ᠍ᠲᠠ ᠤᠶᠠᠯᠳᠤᠭᠤᠯᠤᠨ ᠠᠵᠤ ᠠᠬᠤᠶ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠬᠦ᠌᠎ᠶ᠋ᠢ ᠠᠬᠢᠭᠤᠯᠤᠨ᠎ᠠ᠃ ᠭᠠᠳᠠᠭᠠᠳᠤ ᠨᠡᠭᠡᠭᠡᠯᠲᠡ᠎ᠶ᠋ᠢ ᠢᠳᠡᠪᠬᠢᠲᠡᠶ ᠲᠦᠯᠬᠢᠨ ᠠᠬᠢᠭᠤᠯᠵᠤ᠂ ᠠᠵᠤ ᠠᠬᠤᠶ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ᠎ᠳᠠᠭᠠᠨ ᠡᠯ᠎ᠡ ᠦᠨᠳᠦᠰᠦᠲᠡᠨ᠎ᠦ ᠬᠠᠮᠲᠤ᠎ᠶ᠋ᠢᠨ ᠠᠱᠢᠭ ᠲᠤᠰᠠ᠎ᠶ᠋ᠢ ᠢᠯᠡᠷᠡᠭᠦᠯᠬᠦ᠌᠎ᠶ᠋ᠢ ᠴᠢᠬᠤᠯᠠᠴᠢᠯᠠᠵᠤ᠂ ᠠᠵᠤ ᠠᠬᠤᠶ᠎ᠶ᠋ᠢᠨ ᠲᠥᠷᠥ᠎ᠶ᠋ᠢᠨ ᠪᠣᠳᠣᠯᠭ᠎ᠠ ᠬᠢᠭᠡᠳ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠠᠳᠠᠯᠢ ᠴᠢᠭ᠌ᠯᠡᠯ᠎ᠢᠶᠠᠷ ᠬᠦᠴᠦᠯᠡᠬᠦ᠌᠎ᠶ᠋ᠢ ᠪᠡᠶᠡᠯᠡᠭᠦᠯᠦᠨ᠎ᠡ᠃ ᠭᠠᠳᠠᠭᠠᠳᠤ ᠠᠷᠠᠯᠵᠢᠶ᠎ᠠ ᠦᠷᠭᠦᠯᠵᠢᠯᠡᠨ ᠥᠷᠭᠡᠳᠴᠦ᠍᠂ 2025 ᠣᠨ᠎ᠤ ᠳᠡᠭᠡᠷ᠎ᠡ ᠬᠠᠭᠠᠰ ᠵᠢᠯ᠎ᠳᠤ ᠪᠥᠬᠦ᠌ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠥᠷᠲᠡᠭ 1012.5 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 0.4% ᠎ᠪᠠᠷ ᠨᠡᠮᠡᠭ᠌ᠳᠡᠪᠡ; ᠭᠠᠳᠠᠭᠠᠳᠤ ᠭᠠᠷᠭᠠᠯᠲᠠ᠎ᠶ᠋ᠢᠨ ᠭᠠᠷ ᠳᠠᠮᠵᠢᠭ᠍ᠰᠠᠨ ᠮᠠᠱᠢᠨ ᠲᠡᠷᠭᠡ 5892 ᠰᠠᠥᠷᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 65.7% ᠎ᠪᠠᠷ ᠨᠡᠮᠡᠭ᠌ᠳᠡᠪᠡ; ᠪᠣᠭᠤᠮᠲᠠ᠎ᠶ᠋ᠢᠨ ᠬᠢᠯᠢ᠎ᠪᠠᠷ ᠣᠷᠣᠵᠤ ᠭᠠᠷᠬᠤ ᠪᠠᠷᠠᠭ᠎ᠠ ᠲᠡᠭᠡᠭᠡᠪᠦᠷᠢ᠎ᠶ᠋ᠢᠨ ᠬᠡᠮᠵᠢᠶ᠎ᠡ 6325.2 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 8.4% ᠎ᠪᠠᠷ ᠨᠡᠮᠡᠭ᠌ᠳᠡᠪᠡ᠃ ᠨᠡᠭᠡᠭᠡᠯᠲᠡ᠎ᠶ᠋ᠢᠨ ᠲᠠᠪᠴᠠᠩ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠲᠠᠰ ᠳᠡᠪᠱᠢᠭᠦᠯᠵᠦ᠍᠂ 6 ᠳ᠋ᠤᠭᠠᠷ ᠰᠠᠷ᠎ᠠ᠎ᠳᠤ᠂ ᠳᠤᠮᠳᠠᠳᠤ ᠮᠣᠩᠭᠤᠯ᠎ᠤᠨ ᠡᠷᠢᠶᠡᠨ ᠬᠤᠲᠠ — ᠵᠠᠮ᠎ᠤᠨ ᠡᠭᠦᠳᠡ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠠᠩᠬᠠᠳᠠᠭ᠍ᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ — ᠵᠢᠯ᠎ᠳᠤ 3 ᠲᠦᠮᠡᠨ ᠲᠣᠨ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠬᠦ᠌ ᠲᠥᠷᠥᠯ ᠵᠦᠢᠯ ᠲᠣᠭ᠍ᠲᠠᠭᠤᠨ᠎ᠢᠶᠠᠷ ᠠᠭᠢᠵᠤ᠂ ᠵᠢᠱ᠌ᠢᠯᠲᠡ᠎ᠪᠠᠷ 8 ᠳ᠋ᠤᠭᠠᠷ ᠰᠠᠷ᠎ᠠ᠎ᠶ᠋ᠢᠨ ᠰᠡᠭᠦᠯᠴᠢ᠎ᠪᠠᠷ ᠲᠤᠷᠱᠢᠨ ᠦᠢᠯᠡᠳᠪᠦᠷᠢᠯᠡᠵᠦ᠍᠂ ᠲᠣᠰ ᠲᠥᠷᠥᠯ ᠵᠦᠢᠯ᠎ᠢ ᠨᠠᠢᠳᠠᠪᠤᠷᠢᠵᠢᠭᠤᠯᠤᠨ ᠪᠥᠲᠥᠭᠡᠨ ᠪᠠᠢᠭᠤᠯᠵᠤ᠂ ᠳᠤᠮᠳᠠᠳᠤ ᠮᠣᠩᠭᠤᠯ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠠᠵᠤ ᠦᠢᠯᠡᠰ᠎ᠤᠨ ᠬᠠᠮᠲᠤᠷᠠᠯᠴᠠᠭᠠᠨ᠎ᠤ 《ᠴᠡᠭ ᠳᠡᠭᠡᠷ᠎ᠡ᠎ᠡᠴᠡ ᠰᠢᠪᠲᠤᠯᠬᠤ》 ᠎ᠶ᠋ᠢ ᠪᠡᠶᠡᠯᠡᠭᠦᠯᠪᠡ᠃ ᠬᠥᠬᠡᠬᠤᠲᠠ᠂ ᠣᠷᠳᠣᠰ᠂ ᠮᠠᠨᠵᠤᠤᠷ ᠵᠡᠷᠭᠡ ᠭᠤᠷᠪᠠᠨ ᠶᠡᠭᠡ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠬᠥᠭ᠌ᠵᠢᠯᠲᠡ᠎ᠶ᠋ᠢᠨ ᠬᠠᠨᠳᠤᠰᠢ ᠬᠦᠴᠦᠲᠡᠶ ᠪᠠᠢᠵᠤ᠂ ᠭᠠᠳᠠᠭ᠍ᠰᠢ ᠴᠢᠭ᠌ᠯᠡᠭᠦᠯᠦᠭ᠌ᠰᠡᠨ ᠠᠵᠤ ᠠᠬᠤᠶ᠎ᠶ᠋ᠢᠨ ᠴᠢᠬᠤᠯᠠ ᠬᠥᠳᠡᠯᠭᠡᠭᠦᠷ ᠪᠣᠯᠤᠭ᠍ᠰᠠᠨ ᠪᠠᠢᠨ᠎ᠠ; ᠭᠠᠳᠠᠭ᠍ᠰᠢ ᠴᠢᠭ᠌ᠯᠡᠭᠦᠯᠦᠭ᠌ᠰᠡᠨ ᠠᠵᠤ ᠠᠬᠤᠶ᠎ᠶ᠋ᠢᠨ ᠣᠷᠣᠨ ᠵᠠᠶ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠳᠤᠮᠳᠠᠳᠤ ᠤᠯᠤᠰ (ᠥᠪᠥᠷ ᠮᠣᠩᠭᠤᠯ) — ᠪᠷᠠᠽᠢᠯ᠎ᠤᠨ ᠪᠠᠯᠠ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠲᠠᠨᠢᠯᠴᠠᠭᠤᠯᠬᠤ ᠬᠤᠷᠠᠯ᠎ᠢ ᠠᠮᠵᠢᠯᠲᠠ᠎ᠲᠠᠢ ᠡᠷᠭᠢᠯᠡᠵᠦ᠍᠂ 17 ᠲᠥᠷᠥᠯ ᠵᠦᠢᠯ᠎ᠤᠨ ᠭᠡᠷ᠎ᠡ ᠲᠣᠭ᠍ᠲᠠᠬᠤ᠎ᠶ᠋ᠢ ᠠᠬᠢᠭᠤᠯᠵᠤ᠂ ᠵᠣᠭᠤᠰ᠎ᠤᠨ ᠲᠤᠭ᠎ᠠ᠎ᠨᠢ ᠪᠠᠷᠤᠭ ᠵᠠᠭᠤᠨ ᠳ᠋ᠦᠩᠱᠢᠭᠤᠷ ᠲᠥᠭᠦᠷᠢᠭ ᠱᠢᠬᠠᠮ ᠪᠣᠯᠪᠠ᠃ ᠠᠵᠤ ᠠᠬᠤᠶ ᠠᠷᠠᠯᠵᠢᠶᠠᠨ᠎ᠤ ᠠᠯᠢ ᠣᠯᠠᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠭ᠌ᠵᠢᠯᠲᠡ᠎ᠶ᠋ᠢᠨ ᠬᠠᠷᠢᠴᠠᠭᠤᠯᠤᠯ ᠳᠤᠮᠳᠠ ᠠᠭᠤᠤ ᠶᠡᠭᠡ ᠡᠬᠡ ᠤᠯᠤᠰ᠎ᠲᠠᠬᠢ ᠲᠥᠪᠯᠡᠩᠭᠦᠶ ᠬᠦᠴᠦᠨ ᠨᠢᠭ᠍ᠲᠠᠷᠠᠯ᠎ᠤᠨ ᠬᠦᠴᠦᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠣᠮᠣᠭ᠍ᠰᠢᠯᠲᠤ ᠰᠡᠳᠭᠢᠯᠭᠡ᠎ᠶ᠋ᠢ ᠦᠷᠭᠦᠯᠵᠢᠯᠡᠨ ᠴᠢᠩᠭᠠᠷᠠᠭᠤᠯᠪᠠ᠃

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠠᠵᠢᠯ᠎ᠤᠨ ᠭᠤᠤᠯ ᠱᠤᠭᠤᠮ᠎ᠤᠨ ᠲᠣᠭᠤᠷᠢᠨ᠎ᠳᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ 《ᠭᠤᠷᠪᠠᠨ ᠴᠢᠬᠤᠯᠠ》 ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠤᠨ ᠭᠦᠨᠴᠡ ᠪᠠ ᠥᠷᠭᠡᠴᠡ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ ᠪᠠ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠢᠲᠤᠷ ᠶᠠᠷᠢᠵᠤ᠂ ᠠᠵᠢᠯ᠎ᠤᠨ ᠭᠤᠤᠯ ᠱᠤᠭᠤᠮ᠎ᠢ ᠪᠥᠬᠦ᠌ ᠲᠠᠯ᠎ᠠ᠎ᠪᠠᠷ ᠲᠤᠭᠤᠱᠢᠯᠠᠭᠤᠯᠬᠤ᠎ᠪᠠᠷ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ ᠡᠯ᠎ᠡ ᠵᠦᠢᠯ᠎ᠤᠨ ᠠᠵᠢᠯ᠎ᠤᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠳᠠᠢᠴᠢᠯᠠᠨ᠂ ᠠᠷᠭ᠎ᠠ ᠪᠦᠬᠦᠨ᠎ᠢ ᠰᠦᠪᠡᠭ᠌ᠴᠢᠯᠡᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠵᠤ ᠠᠬᠤᠢᠯᠠᠯ᠎ᠢ ᠬᠠᠪᠰᠤᠷᠤᠨ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠨ᠂ ᠳᠠᠪᠠᠭᠤᠯᠢᠭ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠲᠤᠭᠤᠱᠢᠯᠠᠭᠤᠯᠬᠤ ᠠᠵᠢᠯ᠎ᠤᠨ ᠭᠤᠤᠯ ᠱᠤᠭᠤᠮ᠎ᠤᠨ ᠠᠵᠤ ᠠᠬᠤᠶ᠎ᠶ᠋ᠢᠨ ᠰᠠᠭᠤᠷᠢ᠂ ᠪᠣᠳᠠᠰ᠎ᠤᠨ ᠰᠠᠭᠤᠷᠢ᠂ ᠨᠡᠢᠭᠡᠮ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠡ᠃

ᠢᠷᠡᠯᠲᠡ᠄ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
 
            