11 ᠳ᠋ᠦ᠍ᠭᠡᠷ ᠰᠠᠷ᠎ᠠ᠎ᠶ᠋ᠢᠨ 24 ᠤ ᠡᠳᠦᠷ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠳᠤ ᠬᠦᠷᠴᠦ᠍ ᠤᠬᠠᠭᠤᠯᠤᠨ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠾᠧᠦ ᠶᠠᠨ ᠬᠤᠢ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠤᠨ ᠪᠥᠬᠦ᠌ ᠨᠠᠮ᠎ᠤᠨ ᠭᠡᠱᠢᠭᠦᠨ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠠᠵᠢᠯ᠎ᠠᠴᠠ᠎ᠪᠠᠨ ᠰᠠᠯᠵᠦ ᠪᠠᠭᠤᠵᠦ ᠠᠮᠠᠷᠠᠭᠰᠠᠳ᠎ᠤᠨ ᠠᠬᠠᠮᠠᠳ ᠺᠠᠳ᠋ᠷᠴᠤᠳ᠎ᠤᠨ ᠲᠥᠯᠥᠭᠡᠯᠡᠭ᠌ᠴᠢ ᠪᠠ ᠬᠠᠷᠢᠯᠴᠠᠵᠤ ᠵᠢᠭᠠᠨ ᠵᠢᠯᠣᠭᠤᠳᠤᠭ᠍ᠰᠠᠨ ᠠᠵᠢᠯ ᠦᠢᠯᠡᠰ᠎ᠤᠨ ᠬᠤᠳᠠᠯᠳᠤᠭᠠᠴᠢᠳ᠎ᠤᠨ ᠨᠡᠢᠭᠡᠮᠯᠢᠭ᠎ᠤᠨ ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃
ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠯᠦᠸᠧ ᠴᠢᠩ ᠨᠥᠬᠦᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠯᠣᠭᠤᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠵᠢᠴᠢ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ᠎ᠠᠴᠠ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠦ᠍ ᠭᠦᠨᠵᠡᠭᠡᠶ ᠲᠠᠢᠯᠪᠤᠷᠢᠯᠠᠪᠠ᠃


ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯ ᠪᠢᠳᠡᠨ᠎ᠤ ᠣᠳᠣᠬᠠᠨ᠎ᠤ ᠪᠠᠢᠳᠠᠯ᠎ᠢ ᠠᠮᠵᠢᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭ᠎ᠠ᠎ᠶ᠋ᠢᠨ ᠶᠡᠷᠦᠩᠬᠡᠢ ᠲᠠᠢᠴᠢᠯᠠᠯᠲᠠ᠂ ᠶᠡᠷᠦᠩᠬᠡᠢ ᠪᠠᠢᠷᠢᠯᠠᠭᠤᠯᠤᠯᠲᠠ ᠪᠣᠯᠤᠨ᠎ᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ 《ᠬᠤᠶᠠᠷ᠎ᠢ ᠲᠤᠭᠲᠠᠭ᠋ᠠᠭᠰᠠᠨ》 ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠤᠳᠠᠯᠳᠤᠭᠠᠨ᠎ᠤ ᠶᠠᠪᠤᠳᠠᠯ᠎ᠤᠨ ᠪᠣᠭᠤᠮᠲᠠ ᠵᠢᠴᠢ ᠠᠷᠠᠯᠵᠢᠶ᠎ᠠ᠎ᠶ᠋ᠢ ᠠᠬᠢᠭᠤᠯᠬᠤ ᠠᠵᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠲᠠᠢ ᠤᠶᠠᠯᠳᠤᠭᠤᠯᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠤᠳᠠᠯᠳᠤᠭᠠᠨ᠎ᠤ ᠶᠠᠪᠤᠳᠠᠯ ᠪᠣᠯᠤᠨ ᠠᠷᠠᠯᠵᠢᠶ᠎ᠠ᠎ᠶ᠋ᠢ ᠠᠬᠢᠭᠤᠯᠬᠤ ᠬᠤᠶᠠᠷ ᠬᠦᠷᠢᠶᠡᠨ᠎ᠳᠤ ᠦᠨᠳᠦᠰᠦᠯᠡᠭᠦᠯᠵᠦ᠍᠂ ᠴᠡᠴᠡᠭ᠌ᠯᠡᠨ ᠵᠢᠮᠢᠰᠯᠡᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠦᠬᠦ᠌ ᠨᠠᠮ᠎ᠤᠨ ᠭᠡᠱᠢᠭᠦᠨ ᠺᠠᠳ᠋ᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠪᠤᠴᠠ᠎ᠶ᠋ᠢ ᠨᠢᠭᠡ ᠤᠳᠠᠭᠠᠨ᠎ᠤ ᠭᠦᠨᠵᠡᠭᠡᠢ ᠤᠯᠤᠰ ᠲᠦᠷᠦ᠍᠎ᠶ᠋ᠢᠨ ᠳᠠᠪᠲᠠᠯᠲᠠ ᠪᠠ ᠦᠵᠡᠯ ᠰᠠᠨᠠᠭᠠᠨ᠎ᠤ ᠳᠠᠪᠲᠠᠯᠲᠠ ᠪᠣᠯᠭᠠᠵᠤ᠂ ᠪᠦᠬᠦᠳᠡ ᠬᠤᠷᠠᠯ᠎ᠤᠨ ᠵᠣᠷᠢᠭ ᠰᠠᠨᠠᠭᠠᠨ᠎ᠤ ᠬᠤᠳᠠᠯᠳᠤᠭᠠᠨ᠎ᠤ ᠶᠠᠪᠤᠳᠠᠯ᠎ᠤᠨ ᠪᠣᠭᠤᠮᠲᠠ ᠪᠠ ᠠᠷᠠᠯᠵᠢᠶ᠎ᠠ᠎ᠶ᠋ᠢ ᠠᠬᠢᠭᠤᠯᠬᠤ ᠠᠵᠢᠯ᠎ᠳᠤ ᠳᠤᠷᠠᠳᠤᠭ᠍ᠰᠠᠨ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠬᠤ ᠬᠡᠷᠡᠭ᠌ᠲᠡᠢ᠃ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠠᠭᠤᠯᠤᠭ᠍ᠳᠠᠬᠤᠨ ᠪᠠ ᠮᠥᠨ ᠴᠢᠨᠠᠷ᠎ᠢ ᠣᠨᠣᠪᠴᠢᠲᠠᠶ ᠡᠵᠡᠮᠳᠡᠵᠦ᠍᠂ ᠨᠠᠩ ᠤᠬᠠᠮᠰᠠᠷ ᠪᠠ ᠰᠠᠨᠠᠭᠠᠴᠢᠯᠠᠭᠠᠲᠤ ᠣᠪᠣᠷ᠎ᠢᠶᠠᠷ ᠲᠣᠰ ᠰᠠᠯᠠᠭ᠎ᠠ ᠮᠥᠴᠢᠷ᠎ᠤᠨ ᠠᠵᠢᠯ᠎ᠢᠶᠠᠨ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠲᠠᠯᠪᠢᠵᠤ ᠪᠣᠳᠣᠯᠬᠢᠯᠠᠨ ᠨᠠᠢᠳᠠᠪᠤᠷᠢᠵᠢᠭᠤᠯᠤᠨ ᠲᠥᠯᠥᠪᠵᠢᠭᠦᠯᠦᠨ ᠠᠬᠢᠭᠤᠯᠵᠤ᠂ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ; ᠶᠡᠭᠡ ᠬᠦᠴᠦ᠍ ᠣᠷᠣᠭᠤᠯᠵᠤ ᠪᠠᠢᠭᠠᠳ ᠰᠤᠷᠴᠤ᠌ ᠬᠡᠷᠡᠭ᠌ᠯᠡᠬᠦ᠌᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ᠎ᠳᠤ ᠠᠭᠤᠰᠤᠯᠴᠠᠭᠤᠯᠤᠨ᠂ ᠠᠵᠢᠯ᠎ᠢᠶᠠᠨ ᠱᠢᠰᠲ᠋ᠧᠮ᠎ᠲᠠᠢ ᠰᠡᠳᠭᠢᠨ ᠰᠦᠪᠡᠭ᠌ᠴᠢᠯᠡᠵᠦ᠍᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠯ᠎ᠡ ᠵᠦᠢᠯ᠎ᠤᠨ ᠠᠵᠢᠯ᠎ᠤᠨ ᠭᠦᠢᠴᠡᠳᠭᠡᠯ ᠲᠤᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠶ; ᠭᠤᠣᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠ ᠤᠯᠤᠰ ᠲᠦᠷᠦ᠍᠎ᠶ᠋ᠢᠨ ᠡᠭᠦᠷᠭᠡᠯᠡᠯ᠎ᠢᠶᠠᠷ ᠭᠤᠣᠯᠳᠠᠯᠭ᠎ᠠ᠎ᠲᠠᠢ ᠠᠵᠢᠯ᠎ᠤᠨ ᠭᠠᠷᠳᠠᠴᠠ ᠪᠠ ᠬᠦᠴᠦᠯᠡᠬᠦ᠌ ᠴᠡᠭ᠎ᠢᠶᠠᠨ ᠣᠨᠣᠪᠴᠢᠲᠠᠶ ᠣᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠪᠠᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ ᠱᠠᠭ᠋ᠠᠷᠳᠠᠪᠠ᠃
