ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠯᠧᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠵᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠪᠢᠳᠡ ᠤᠷᠢᠳᠠᠪᠠᠷ ᠬᠡᠷᠡᠭᠵᠢᠭᠦᠯᠬᠦ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠦᠯᠲᠡ》 ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-03-03

   ᠶᠡᠷᠦᠩᠬᠡᠶ ᠱᠦᠵᠢ ᠰᠢ ᠵᠢᠨ ᠫᠢᠩ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠠᠶ᠋ᠢᠨ ᠳᠤᠷ᠎ᠠ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠤᠨ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ ᠨᠠᠮ᠎ᠤᠨ ᠭᠡᠰᠢᠭᠦᠨ᠎ᠤ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠦᠯᠲᠡ》 ᠵᠢᠨ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠵᠢᠨ ᠲᠥᠯᠥᠭᠡ᠂ 《3 · 5᠎ᠤ ᠯᠸᠢ ᠹᠧᠩ᠎ᠠᠴᠠ ᠰᠤᠷᠤᠯᠴᠠᠬᠤ ᠳᠤᠷᠠᠰᠬᠠᠯ᠎ᠤᠨ ᠡᠳᠦᠷ》 ᠬᠦᠷᠴᠦ ᠢᠷᠡᠬᠦ ᠲᠠᠰᠢᠷᠠᠮ ᠵᠶ᠋ᠠᠷ᠂ 3 ᠳ᠋ᠤᠭ᠋ᠠᠷ ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠥᠪᠥᠷ ᠮᠣᠩᠭᠤᠯ᠎ᠤᠨ ᠭᠦᠩ ᠵᠢᠶᠠᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠬᠢᠵᠠᠭ᠋ᠠᠷᠲᠤ ᠺᠣᠮᠫᠠᠨᠢ ᠪᠠ ᠬᠥᠬᠡᠬᠤᠲᠠ ᠵᠢᠨ ᠯᠢ ᠶᠠᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠲᠠᠢ ᠬᠠᠮᠲᠤᠷᠠᠨ ᠭᠤᠷᠪᠠᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠠᠯᠪᠤᠷᠢ ᠪᠠᠭ᠎ᠠ ᠠᠩᠭᠢ ᠵᠢ ᠵᠣᠬᠢᠶᠠᠨ ᠪᠠᠶ᠋ᠢᠭᠤᠯᠵᠤ ᠳᠠᠭ᠋ᠠᠭ᠋ᠠᠴᠢᠯᠠᠨ ᠬᠤᠯᠪᠣᠭ᠋ᠠᠯᠠᠭᠰᠠᠨ ᠭᠤᠸᠠᠩ ᠬᠤᠸᠠ ᠵᠡᠭᠡᠯᠢ ᠵᠢᠨ ᠨᠡᠶ᠋ᠢᠭᠡᠮ ᠲᠣᠭᠤᠷᠢᠭ᠎ᠲᠤ ᠬᠦᠷᠴᠦ 《ᠯᠸᠢ ᠹᠧᠩ᠎ᠠᠴᠠ ᠰᠤᠷᠤᠯᠴᠠᠵᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠢᠵᠦ ᠰᠢᠨ᠎ᠡ ᠭᠠᠪᠢᠶ᠎ᠠ ᠪᠠᠶ᠋ᠢᠭᠤᠯᠬᠤ》 ᠭᠤᠤᠯ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ᠃

   ᠠᠵᠢᠯᠯᠠᠭ᠎ᠠ ᠵᠢᠨ ᠳᠤᠮᠳᠠ᠂ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠨᠡᠶ᠋ᠢᠭᠡᠮ ᠲᠣᠭᠤᠷᠢᠭ᠎ᠤᠨ ᠠᠵᠢᠯᠲᠠᠨ᠎ᠤ ᠳᠠᠭ᠋ᠠᠭᠤᠯᠭ᠎ᠠ ᠳᠣᠤᠷ᠎ᠠ ᠲᠣᠰ ᠲᠣᠰ ᠳᠠᠭ᠋ᠠᠭ᠋ᠠᠴᠢᠯᠠᠨ ᠬᠤᠯᠪᠣᠭ᠋ᠠᠯᠠᠭᠰᠠᠨ ᠨᠡᠶ᠋ᠢᠭᠡᠮ ᠲᠣᠭᠤᠷᠢᠭ᠎ᠤᠨ ᠬᠡᠰᠡᠭ ᠭᠠᠭᠴᠠᠭ᠋ᠠᠷ ᠰᠠᠭᠤᠭ᠎ᠠ᠂ ᠬᠦᠴᠢᠷᠳᠡᠯ᠎ᠲᠠᠢ ᠨᠠᠰᠤᠲᠠᠨ᠎ᠤ ᠬᠡᠷ᠎ᠲᠤ ᠬᠦᠷᠴᠦ᠂ ᠲᠡᠳᠡᠨ᠎ᠳᠤ ᠲᠣᠬᠤᠨᠢᠭᠤᠯᠬᠤ ᠪᠣᠳᠠᠰ ᠬᠦᠷᠭᠡᠵᠦ᠂ ᠨᠠᠰᠤᠲᠠᠨ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠪᠡᠶ᠎ᠡ ᠵᠢᠨ ᠪᠠᠶ᠋ᠢᠳᠠᠯ᠂ ᠠᠮᠢᠳᠤᠷᠠᠯ᠎ᠤᠨ ᠪᠠᠶ᠋ᠢᠳᠠᠯ ᠪᠠ ᠪᠣᠳᠠᠲᠠᠶ ᠬᠡᠷᠡᠭᠴᠡᠭᠡ ᠵᠢ ᠣᠶ᠋ᠢᠯᠠᠭ᠋ᠠᠵᠤ᠂ 《ᠵᠣᠭᠤᠭ ᠳᠡᠯᠬᠡᠬᠦ》 ᠠᠷᠭ᠎ᠠ ᠮᠠᠶᠢᠭ ᠵᠶ᠋ᠠᠷ ᠲᠡᠳᠡᠨ᠎ᠳᠤ 《ᠵᠢᠷᠭᠤᠭ᠋ᠠᠨ ᠦᠭᠡ ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠶᠠᠷᠢᠵᠤ ᠥᠭᠴᠦ᠂ ᠨᠠᠰᠤᠲᠠᠶ᠋ᠢᠴᠤᠳ᠎ᠲᠤ ᠦᠨ᠎ᠡ ᠲᠥᠯᠥᠪᠦᠷᠢ ᠥᠬᠡᠶ᠎ᠪᠠᠷ ᠦᠰᠦ ᠵᠠᠰᠠᠵᠤ᠂ ᠨᠠᠰᠤᠲᠠᠶ᠋ᠢᠴᠤᠳ᠎ᠢ ᠬᠠᠪᠰᠤᠷᠤᠨ ᠬᠡᠷ ᠪᠦᠯᠢ ᠵᠢᠨ ᠡᠷᠡᠭᠦᠯ ᠬᠠᠮᠠᠭ᠋ᠠᠯᠠᠯ᠎ᠢ ᠴᠡᠪᠡᠷᠯᠡᠵᠦ᠂ ᠨᠠᠰᠤᠲᠠᠶ᠋ᠢᠴᠤᠳ᠎ᠤᠨ ᠵᠠᠷᠢᠮ ᠪᠣᠳᠠᠲᠠᠶ ᠠᠮᠢᠳᠤᠷᠠᠯ᠎ᠤᠨ ᠬᠦᠴᠢᠷᠳᠡᠯ᠎ᠢ ᠦᠨᠡᠨ ᠬᠦ᠌ ᠰᠢᠢ᠍ᠳᠪᠦᠷᠢᠯᠡᠵᠦ᠂ ᠲᠡᠳᠡᠨ᠎ᠳᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠭᠦᠢ᠍ᠴᠡᠳ ᠮᠡᠳᠡᠷᠡᠭᠦᠯᠪᠡ᠃



   ᠳᠠᠷᠠᠭ᠎ᠠ᠎ᠨᠢ᠂ ᠰᠠᠶ᠋ᠢᠨ ᠳᠤᠷ᠎ᠠ ᠵᠢᠨ ᠠᠵᠢᠯᠯᠠᠭᠴᠢ ᠪᠣᠯᠤᠨ ᠨᠡᠶ᠋ᠢᠭᠡᠮ ᠲᠣᠭᠤᠷᠢᠭ᠎ᠤᠨ ᠠᠵᠢᠯᠲᠠᠳ ᠳᠠᠭ᠋ᠠᠭ᠋ᠠᠴᠢᠯᠠᠨ ᠬᠤᠯᠪᠣᠭ᠋ᠠᠯᠠᠭᠰᠠᠨ ᠨᠡᠶ᠋ᠢᠭᠡᠮ ᠲᠣᠭᠤᠷᠢᠭ᠎ᠤᠨ ᠬᠡᠰᠡᠭ ᠬᠠᠭᠤᠴᠢᠨ ᠲᠣᠭᠤᠷᠢᠭ᠎ᠲᠤ ᠬᠦᠷᠴᠦ᠂ ᠵᠢᠵᠢᠭ ᠲᠣᠭᠤᠷᠢᠭ᠎ᠤᠨ ᠨᠣᠭᠤᠭ᠋ᠠᠷᠠᠭᠤᠯᠤᠯᠲᠠ ᠵᠢᠨ ᠪᠦᠰᠡ᠎ᠳᠠᠬᠢ ᠬᠤᠭ ᠨᠣᠪᠰᠢ ᠵᠢ ᠨᠠᠷᠢᠨ ᠨᠢᠮᠪᠠᠶ ᠴᠡᠪᠡᠷᠯᠡᠵᠦ᠂ ᠰᠢᠨ᠎ᠠ ᠵᠢᠨ ᠬᠤᠭᠤᠴᠠᠭ᠋ᠠᠨ᠎ᠳᠤ ᠬᠤᠸᠠᠷ ᠫᠤᠤᠵᠢᠩ ᠲᠠᠯᠪᠢᠵᠤ ᠦᠯᠡᠳᠡᠭᠡᠭᠰᠡᠨ ᠴᠠᠭ᠋ᠠᠰᠤᠨ ᠦᠷᠦᠪᠳᠡᠰᠦ᠂ ᠲᠠᠮᠠᠬᠢᠨ ᠤᠭᠤᠲᠠ᠂ ᠰᠦᠯᠢᠶᠣᠣ ᠤᠭᠤᠲᠠ᠂ ᠬᠠᠶᠠᠭᠳᠠᠮᠠᠯ ᠴᠠᠭ᠋ᠠᠰᠤ᠂ ᠤᠮᠳᠠᠭ᠋ᠠᠨ᠎ᠤ ᠯᠣᠩᠬᠤ ᠵᠡᠷᠭᠡ ᠬᠤᠭ ᠨᠣᠪᠰᠢ ᠵᠢ ᠴᠥᠮ ᠨᠢᠭᠡᠳ ᠨᠢᠭᠡ᠎ᠪᠠᠷ ᠴᠡᠪᠡᠷᠯᠡᠪᠡ᠃ ᠣᠯᠠᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ᠂ ᠰᠠᠭᠤᠭ᠋ᠠᠯᠢ ᠠᠷᠠᠳ᠎ᠤᠨ ᠲᠣᠭᠤᠷᠢᠭ᠎ᠤᠨ ᠣᠷᠴᠢᠨ ᠲᠣᠭᠤᠷᠢᠨ ᠴᠣ᠋ ᠰᠢᠨ᠎ᠡ ᠪᠠᠶ᠋ᠢᠳᠠᠯ᠎ᠲᠠᠢ ᠪᠣᠯᠵᠣ᠂ ᠨᠣᠭᠤᠭ᠋ᠠᠷᠠᠭᠤᠯᠤᠯᠲᠠ ᠵᠢᠨ ᠪᠦᠰᠡ᠎ᠨᠢ ᠨᠠᠩ ᠴᠡᠪᠡᠷ ᠲᠡᠭᠰᠢ ᠪᠣᠯᠪᠠ᠃


3.3-2-4.jpg


   ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠎ᠳᠤ᠎ᠪᠠᠨ ᠰᠠᠭᠤᠷᠢᠯᠠᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠪᠠ ᠠᠵᠢᠯ ᠬᠢᠵᠦ ᠦᠢ᠍ᠯᠡᠰ ᠪᠤᠰᠬᠠᠬᠤ ᠵᠢ ᠤᠶᠠᠯᠳᠤᠭᠤᠯᠵᠤ᠂ ᠳᠠᠭ᠋ᠠᠭ᠋ᠠᠴᠢᠯᠠᠨ ᠬᠤᠯᠪᠣᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠵᠦ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠡᠬᠢ ᠪᠠᠶᠠᠯᠢᠭ᠎ᠢ ᠬᠠᠮᠲᠤᠪᠠᠷ ᠡᠳ᠋ᠯᠡᠬᠦ᠂ ᠬᠤᠣᠰᠯᠠᠨ ᠬᠠᠮᠲᠤᠪᠠᠷ ᠪᠠᠶ᠋ᠢᠭᠤᠯᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠳᠠᠭ᠋ᠠᠭ᠋ᠠᠴᠢᠯᠠᠨ ᠬᠤᠯᠪᠣᠭ᠋ᠠᠯᠠᠭᠰᠠᠨ ᠨᠡᠶ᠋ᠢᠭᠡᠮ ᠲᠣᠭᠤᠷᠢᠭ᠎ᠤᠨ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠬᠠᠨᠤᠮᠵᠢᠲᠦ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃

   ᠲᠢᠩᠬᠢᠮ᠎ᠤᠨ ᠪᠠᠶ᠋ᠢᠭᠤᠯᠭ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠡᠭᠦᠷ᠂ ᠭᠦᠢ᠍ᠯᠭᠡᠭᠡᠨ᠎ᠤ ᠭᠠᠵᠠᠷ ᠪᠠ ᠡᠯᠸᠺᠲᠷᠣᠨ ᠬᠤᠳᠠᠯᠳᠤᠭ᠋ᠠᠨ᠎ᠤ ᠭᠠᠵᠠᠷ᠎ᠤᠨ ᠡᠭᠦᠷ᠂ ᠠᠵᠢᠯᠯᠠᠭ᠋ᠠᠨ᠎ᠤ ᠭᠠᠵᠠᠷ ᠪᠠ ᠦᠢ᠍ᠯᠡᠴᠢᠯᠡᠭᠡᠨ᠎ᠤ ᠭᠠᠵᠠᠷ᠎ᠤᠨ ᠡᠭᠦᠷ᠂ ᠴᠢᠯᠥᠭᠡᠲᠦ ᠠᠷᠠᠯᠵᠢᠶᠠᠨ᠎ᠤ ᠭᠠᠵᠠᠷ᠎ᠤᠨ ᠡᠭᠦᠷ᠂ ᠵᠣᠬᠢᠴᠠᠭᠤᠯᠬᠤ ᠭᠠᠵᠠᠷ᠎ᠤᠨ ᠡᠭᠦᠷ᠂ ᠠᠬᠢᠭᠤᠯᠬᠤ ᠭᠠᠵᠠᠷ᠎ᠤᠨ ᠡᠭᠦᠷ᠂  ᠬᠠᠤᠯᠢ ᠲᠣᠭᠲᠠᠭ᠋ᠠᠯ᠎ᠤᠨ ᠭᠠᠵᠠᠷ ᠪᠠ ᠭᠠᠳᠠᠭ᠋ᠠᠳᠤ ᠪᠡᠯᠡ ᠵᠢᠨ ᠭᠠᠵᠠᠷ᠎ᠤᠨ ᠡᠭᠦᠷ᠂ ᠭᠠᠳᠠᠭ᠋ᠠᠳᠤ ᠠᠵᠤ ᠠᠬᠤᠢ ᠵᠢᠨ ᠭᠠᠵᠠᠷ ᠪᠠ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠡᠭᠦᠷ᠂ ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠡᠭᠦᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠡᠭᠦᠷ᠂ ᠶᠡᠷᠦᠩᠬᠡᠢ ᠪᠠᠲᠤᠯᠠᠭ᠎ᠠ ᠵᠢᠨ ᠲᠥᠪ᠎ᠤᠨ ᠡᠭᠦᠷ᠂ ᠪᠡᠯᠡ ᠣᠷᠣᠭᠤᠯᠤᠯᠲᠠ ᠬᠠᠮᠲᠤᠷᠠᠯᠴᠠᠭ᠎ᠠ ᠵᠢ ᠠᠬᠢᠭᠤᠯᠬᠤ ᠲᠥᠪ᠎ᠤᠨ ᠡᠭᠦᠷ᠂ ᠬᠢᠯᠢ ᠵᠢᠨ ᠪᠣᠭᠤᠮᠲᠠ ᠵᠢᠨ ᠶᠠᠪᠤᠳᠠᠯ᠎ᠤᠨ ᠠᠯᠪᠠᠨ ᠭᠡᠷ᠎ᠤᠨ ᠶᠡᠷᠦᠩᠬᠡᠢ ᠭᠠᠵᠠᠷ᠎ᠤᠨ ᠡᠭᠦᠷ ᠵᠡᠷᠭᠡ 13 ᠡᠭᠦᠷ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠡᠷᠬᠢᠯᠡᠪᠡ
[ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ] ᠰᠠᠨᠠᠭ᠋ᠠᠯᠵᠠᠬᠤ᠎ᠨᠢ᠄ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ ᠡᠷᠡᠯᠬᠡᠭᠯᠡᠨ ᠤᠷᠤᠭᠰᠢᠯᠠᠬᠤ ᠬᠦᠴᠦᠨ᠎ᠢ ᠬᠥᠭᠵᠢᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2023 ᠣᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠣᠯᠤᠨ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠯᠸᠢ ᠹᠧᠩ᠎ᠠᠴᠠ ᠰᠤᠷᠤᠯᠴᠠᠬᠤ ᠰᠢᠷᠢᠰ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠪᠡ
 
            