ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢᠨ ᠲᠥᠯᠥᠭᠡ᠂ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 2 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2025 ᠣᠨ᠎ᠤ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠬᠤ᠌ ᠶᠢᠩ ᠹᠧᠩ ᠬᠤᠷᠠᠯ᠎ᠢ ᠡᠷᠭᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠪᠣᠯᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠯᠦᠸᠧ ᠴᠦᠨ ᠬᠤᠶ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ 2024 ᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠢ ᠮᠡᠳᠡᠭᠳᠡᠪᠡ᠃ ᠯᠦᠸᠧ ᠴᠦᠨ ᠬᠤᠢ ᠨᠥᠬᠦᠷ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ 2025 ᠣᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ ᠯᠦᠸᠧ ᠴᠢᠩ ᠨᠥᠬᠦᠷ 2025 ᠣᠨ᠎ᠤ ᠪᠥᠬᠦ ᠲᠢᠩᠬᠢᠮ᠎ᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠡᠭᠦᠷᠭᠡ ᠵᠢ ᠳᠣᠭᠢᠷᠠᠭᠤᠯᠤᠨ ᠪᠠᠶ᠋ᠢᠷᠢᠯᠠᠭᠤᠯᠵᠤ᠂ 《ᠬᠤᠶᠠᠷ᠎ᠢ ᠬᠠᠮᠠᠭ᠋ᠠᠯᠠᠬᠤ》᠎ᠳᠤ ᠨᠠᠩ ᠢᠯᠡᠭᠦᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠶ; ᠰᠠᠭᠤᠷᠢ ᠵᠢ ᠪᠠᠲᠤᠳᠬᠠᠬᠤ᠎ᠳᠤ ᠨᠡᠩ ᠠᠩᠬᠠᠷᠤᠯ ᠵᠶ᠋ᠠᠨ ᠲᠥᠪᠯᠡᠷᠡᠭᠦᠯᠵᠦ᠂ ᠪᠠᠲᠤ ᠴᠢᠩᠭ᠎ᠠ ᠬᠦᠴᠦᠨ ᠪᠦᠬᠦᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠦᠷᠭᠦᠯᠵᠢᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ; ᠨᠠᠮ᠎ᠤᠨ ᠪᠠᠶ᠋ᠢᠭᠤᠯᠤᠯᠲᠠ ᠪᠠ ᠲᠤᠬᠠᠶ᠋ᠢᠯᠠᠭᠰᠠᠨ ᠠᠵᠢᠯ᠎ᠤᠨ ᠠᠭᠤᠰᠤᠯᠴᠠᠯ᠎ᠳᠤ ᠨᠡᠩ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ; ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠎ᠳᠤ ᠨᠡᠩ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢᠨ ᠣᠷᠴᠢᠨ ᠲᠣᠭᠤᠷᠢᠨ᠎ᠢ ᠪᠤᠢ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠯᠦᠸᠧ ᠴᠢᠩ ᠨᠥᠬᠦᠷ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠵᠠᠯᠠᠭᠤ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠢ ᠰᠠᠨᠠᠭᠤᠯᠤᠮᠵᠢ ᠬᠢᠵᠦ᠂ ᠨᠠᠮ᠎ᠤᠨ ᠰᠠᠬᠢᠯᠭ᠎ᠠ ᠪᠠᠲᠤ ᠪᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠬᠠᠷᠢᠭᠤᠴᠠᠯᠭ᠎ᠠ ᠡᠭᠦᠷᠭᠡᠯᠡᠬᠦ ᠵᠢᠨ ᠬᠠᠷᠢᠴᠠᠭ᠎ᠠ ᠵᠢ ᠵᠥᠪ ᠵᠶ᠋ᠠᠷ ᠲᠠᠨᠢᠵᠤ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠭ᠎ᠠ ᠰᠠᠬᠢᠵᠤ᠂ ᠬᠠᠤᠯᠢ ᠶᠣᠰᠣᠭ᠋ᠠᠷ ᠡᠷᠬᠡ᠎ᠪᠠᠨ ᠬᠡᠷᠡᠭᠯᠡᠵᠦ᠂ ᠭᠤᠣᠯᠴᠢ᠎ᠪᠠᠷ ᠡᠷᠬᠡ᠎ᠪᠠᠨ ᠬᠡᠷᠡᠭᠯᠡᠵᠦ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠵᠦ᠂ ᠰᠢᠨ᠎ᠡ ᠴᠠᠭ ᠦᠶ᠎ᠡ ᠵᠢᠨ ᠰᠠᠬᠢᠯᠭ᠎ᠠ ᠪᠠᠲᠤ ᠵᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠂ ᠵᠣᠷᠢᠭᠲᠠᠢ᠎ᠪᠠᠷ ᠡᠭᠦᠷᠭᠡᠯᠡᠬᠦ ᠬᠤᠳᠠᠯᠳᠤᠭ᠋ᠠᠨ᠎ᠤ ᠶᠠᠪᠤᠳᠠᠯ᠎ᠤᠨ ᠺᠠᠳ᠋ᠷ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ᠂ ᠬᠢᠯᠢ ᠵᠢᠨ ᠪᠣᠭᠤᠮᠲᠠ ᠵᠢᠨ ᠠᠯᠪᠠᠨ ᠬᠡᠷ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠥᠬᠦ ᠨᠠᠮ᠎ᠤᠨ ᠭᠡᠰᠢᠭᠦᠨ ᠺᠠᠳ᠋ᠷ ᠬᠤᠷᠠᠯ᠎ᠳᠤ ᠣᠷᠣᠯᠴᠠᠪᠠ᠃