ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ
(2024 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ)
ᠰᠢ ᠵᠢᠨ ᠫᠢᠩ
ᠨᠥᠬᠦᠳ ᠡ᠂ ᠨᠠᠶ᠋ᠢᠵᠠ ᠨᠠᠷ ᠡ᠄
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ 75 ᠵᠢᠯ᠎ᠤᠨ ᠤᠢ ᠵᠢ ᠪᠠᠶᠠᠷᠯᠠᠨ ᠤᠭᠲᠤᠵᠤ ᠪᠠᠶ᠋ᠢᠭ᠎ᠠ ᠲᠠᠰᠢᠷᠠᠮ ᠵᠶ᠋ᠠᠷ᠂ ᠪᠢᠳᠡ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠢ ᠦᠪᠡᠳᠡᠭᠰᠢ ᠶᠡᠭᠡ᠎ᠪᠠᠷ ᠬᠤᠷᠠᠯᠳᠤᠭᠤᠯᠪᠠ᠃ ᠡᠩ ᠲᠡᠷᠢᠭᠦᠨ᠎ᠳᠤ᠂ ᠪᠢ ᠨᠠᠮ᠎ᠤᠨ ᠲᠥᠪ ᠬᠤᠷᠢᠶ᠎ᠠ ᠪᠣᠯᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠬᠥᠬᠢᠭᠦᠯᠦᠭᠳᠡᠨ ᠰᠠᠶ᠋ᠢᠰᠢᠶᠠᠭᠳᠠᠭᠰᠠᠨ ᠵᠢᠱ᠌ᠢᠶᠡᠴᠢ ᠬᠠᠮᠲᠤ ᠨᠡᠶ᠋ᠢᠲᠡ ᠪᠣᠯᠤᠨ ᠬᠤᠪᠢ ᠬᠥᠮᠦᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ! ᠦᠨᠳᠦᠰᠦᠲᠡᠨ᠎ᠤ ᠠᠵᠢᠯ᠎ᠤᠨ ᠹᠷᠣᠨᠲ᠎ᠤᠨ ᠨᠥᠬᠦᠳ᠎ᠲᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠲᠠᠯ᠎ᠠ ᠵᠢᠨ ᠬᠥᠮᠦᠰ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠪᠠᠶ᠋ᠢᠨ᠎ᠠ! ᠬᠥᠬᠢᠭᠦᠯᠦᠭᠳᠡᠨ ᠰᠠᠶ᠋ᠢᠰᠢᠶᠠᠭᠳᠠᠭᠰᠠᠨ ᠬᠠᠮᠲᠤ ᠨᠡᠶ᠋ᠢᠲᠡ ᠪᠣᠯᠤᠨ ᠬᠤᠪᠢ ᠬᠥᠮᠦᠨ ᠢᠷᠠᠭᠤ ᠠᠯᠳᠠᠷ ᠵᠶ᠋ᠠᠨ ᠨᠠᠨᠳᠢᠩᠨᠠᠨ᠂ ᠴᠣᠴᠠᠯᠲᠠ ᠦᠭᠡᠢ ᠴᠢᠷᠮᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠠᠬᠢᠵᠢᠭᠦᠯᠦᠨ ᠬᠥᠭᠵᠢᠭᠦᠯᠬᠦ᠎ᠳᠤ ᠲᠠᠰᠤᠷᠠᠯᠲᠠ ᠦᠭᠡᠢ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ!
ᠨᠦᠬᠦᠳ ᠡ᠂ ᠨᠠᠶ᠋ᠢᠵᠠ ᠨᠠᠷ ᠡ!
ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠭᠰᠡᠨ ᠶᠤᠮ᠃ ᠵᠠᠭᠤ ᠭᠠᠷᠤᠢ ᠵᠢᠯ᠎ᠤᠨ ᠲᠤᠷᠰᠢ᠂ ᠪᠢᠳᠡ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠪᠦᠲᠦᠭᠡᠯᠴᠢ᠎ᠪᠠᠷ ᠵᠠᠮᠨᠠᠭᠰᠠᠨ ᠪᠠᠶ᠋ᠢᠨ᠎ᠠ᠃ ᠡᠨᠡ ᠬᠦ᠌ ᠵᠠᠮ ᠳᠡᠭᠡᠷ᠎ᠡ᠂ ᠨᠠᠮ᠎ᠠᠴᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠬᠠᠷᠢᠴᠠᠭ᠎ᠠ ᠵᠢ ᠬᠥᠭᠵᠢᠭᠦᠯᠬᠦ ᠰᠢᠨ᠎ᠡ ᠪᠠᠶ᠋ᠢᠳᠠᠯ᠎ᠢ ᠡᠭᠦᠳᠴᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠠ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ᠎ᠤ ᠠᠮᠢᠳᠤᠷᠠᠯ ᠤᠷᠢᠳ ᠡᠮᠦᠨ᠎ᠡ ᠪᠠᠶ᠋ᠢᠭ᠎ᠠ ᠦᠭᠡᠢ ᠲᠠᠪᠰᠢᠯᠳᠠ᠎ᠲᠠᠢ ᠪᠣᠯᠬᠤ ᠵᠢ ᠠᠬᠢᠭᠤᠯᠵᠤ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠳᠦᠷᠰᠦ ᠪᠠᠶ᠋ᠢᠳᠠᠯ᠂ ᠦᠨᠳᠦᠰᠦᠲᠡᠨ᠎ᠤ ᠭᠠᠵᠠᠷ ᠣᠷᠣᠨ᠎ᠤ ᠳᠦᠷᠰᠦ ᠪᠠᠶ᠋ᠢᠳᠠᠯ᠂ ᠦᠨᠳᠦᠰᠦᠲᠡᠨ᠎ᠤ ᠬᠠᠷᠢᠴᠠᠭ᠎ᠠ ᠵᠢᠨ ᠳᠦᠷᠰᠦ ᠪᠠᠶ᠋ᠢᠳᠠᠯ᠂ ᠳᠤᠮᠳᠠᠳᠤ ᠵᠢᠨ ᠦᠨᠳᠦᠰᠦᠲᠡᠨ᠎ᠤ ᠳᠦᠷᠰᠦ ᠪᠠᠶ᠋ᠢᠳᠠᠯ᠎ᠳᠤ ᠲᠩᠷᠢ ᠭᠠᠵᠠᠷ᠎ᠢ ᠳᠣᠩᠰᠣᠯᠭ᠋ᠠᠮ᠎ᠠ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠭᠠᠷᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠱᠤᠭᠤᠮ ᠪᠣᠯᠭ᠋ᠠᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠪᠦᠬᠦ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠵᠤ᠂ ᠨᠠᠮ᠎ᠤᠨ ᠦᠨᠳᠦᠰᠦᠲᠡᠨ᠎ᠤ ᠠᠵᠢᠯ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠬᠤ ᠵᠢ ᠠᠬᠢᠭᠤᠯᠪᠠ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠠᠮ ᠪᠣᠯ ᠪᠦᠷᠢᠮᠦᠰᠦᠨ ᠵᠥᠪ ᠭᠡᠳᠡᠭ᠎ᠢ ᠦᠢ᠍ᠯᠡᠳᠦᠯᠭᠡ ᠭᠡᠷᠡᠴᠢᠯᠡᠵᠡᠢ᠃ ᠡᠨᠡ ᠬᠦ᠌ ᠵᠠᠮ᠎ᠨᠢ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠪᠠ ᠪᠦᠬᠦᠯᠢ ᠴᠣᠭᠴᠠ ᠵᠢᠨ ᠠᠰᠢᠭ ᠲᠤᠰᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠦᠨᠳᠦᠰᠦᠲᠡᠨ᠎ᠨᠦᠭᠦᠳ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭᠲᠠᠷᠠᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠡᠶᠡᠯᠡᠭᠦᠯᠪᠡ; ᠡᠨᠡ ᠬᠦ᠌ ᠵᠠᠮ᠎ᠨᠢ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠦᠨᠳᠦᠰᠦᠲᠡᠨ᠎ᠤ ᠳᠠᠷᠤᠯᠲᠠ ᠪᠠ ᠦᠨᠳᠦᠰᠦᠲᠡᠨ᠎ᠤ ᠭᠠᠳᠠᠭᠤᠷᠴᠢᠯᠠᠯ᠎ᠢ ᠡᠰᠡᠷᠭᠦᠴᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠡᠨ ᠬᠦ᠌ ᠡᠷᠬᠡ ᠲᠡᠭᠰᠢ ᠤᠯᠤᠰ ᠲᠦᠷᠦ ᠵᠢᠨ ᠡᠷᠬᠡ ᠵᠢ ᠣᠯᠵᠤ᠂ ᠬᠠᠮᠲᠤ᠎ᠪᠠᠷ ᠡᠵᠡᠨ ᠰᠠᠭᠤᠬᠤ ᠵᠢ ᠦᠨᠡᠨ ᠬᠦ᠌ ᠪᠠᠲᠤᠯᠠᠨ᠎ᠠ; ᠡᠨᠡ ᠬᠦ᠌ ᠵᠠᠮ᠎ᠨᠢ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠢ ᠬᠡᠷᠡᠭᠵᠢᠭᠦᠯᠬᠦ ᠵᠢᠨ ᠬᠠᠷᠢᠴᠠᠭ᠎ᠠ ᠵᠢ ᠵᠥᠪ ᠡᠵᠡᠮᠳᠡᠵᠦ᠂ ᠨᠢᠭᠡᠳᠬᠡᠬᠦ ᠪᠠ ᠥᠪᠡᠷᠲᠡᠭᠡᠨ ᠵᠠᠰᠠᠬᠤ ᠵᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢ᠍ᠯ ᠪᠠ ᠣᠷᠣᠨ ᠪᠦᠰᠡ ᠵᠢᠨ ᠡᠯᠧᠮᠧᠨ᠋ᠲ᠎ᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠢ ᠢᠵᠢᠯᠢᠰᠢᠬᠦ ᠬᠡᠮᠵᠢᠶ᠎ᠡ᠎ᠪᠠᠷ ᠨᠡᠩ ᠥᠨᠳᠥᠷ᠂ ᠨᠢᠭᠲᠠᠷᠠᠯ᠎ᠤᠨ ᠬᠦᠴᠦᠨ ᠵᠶ᠋ᠠᠷ ᠨᠡᠩ ᠴᠢᠩᠭ᠎ᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠭ᠋ᠠᠬᠤ ᠵᠢ ᠠᠬᠢᠭᠤᠯᠤᠨ᠎ᠠ᠃
ᠨᠦᠬᠦᠳ ᠡ᠂ ᠨᠠᠶ᠋ᠢᠵᠠ ᠨᠠᠷ ᠡ!
ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠡᠬᠡ ᠤᠯᠤᠰ᠎ᠤᠨ ᠵᠶ᠋ᠠᠨ ᠥᠷᠭᠡᠨ ᠠᠭᠤᠳᠠᠮ ᠬᠢᠯᠢ ᠬᠢᠵᠠᠭ᠋ᠠᠷ᠎ᠢ ᠬᠠᠮᠲᠤ᠎ᠪᠠᠷ ᠨᠡᠭᠡᠭᠡᠵᠦ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠴᠦ᠂ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠤᠶ᠋ᠢᠵᠢᠭᠤᠯᠵᠠᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠥᠰ᠎ᠤᠨ ᠰᠡᠳᠬᠢᠯ᠎ᠤᠨ ᠬᠠᠨᠳᠤᠰᠢ᠂ ᠴᠠᠭ᠎ᠤᠨ ᠪᠠᠢ᠌ᠳᠠᠯ᠎ᠤᠨ ᠬᠠᠨᠳᠤᠰᠢ᠂ ᠲᠡᠦᠬᠡ ᠵᠠᠢ᠌ᠯᠠᠰᠢ ᠦᠭᠡᠢ ᠶᠤᠮ᠃
— ᠡᠯ᠎ᠡ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢᠨ ᠲᠡᠦᠬᠡᠨ ᠦᠨᠳᠦᠰᠦ ᠰᠠᠭᠤᠷᠢ ᠮᠥᠨ᠃ ᠦᠨᠳᠦᠰᠦᠲᠡᠨ᠎ᠨᠦᠭᠦᠳ ᠬᠠᠮᠲᠤ᠎ᠪᠠᠷ ᠳᠤᠮᠳᠠᠳᠤ ᠵᠢᠨ ᠡᠬᠡ ᠭᠠᠵᠠᠷ᠎ᠲᠤ ᠦᠷᠡᠵᠢᠨ ᠳᠡᠯᠭᠡᠷᠡᠵᠦ᠂ ᠲᠦᠭ ᠲᠦᠮᠡᠨ ᠨᠢᠭᠲᠠ ᠴᠢᠰᠤᠨ ᠤᠳᠤᠮ᠎ᠤᠨ ᠬᠠᠷᠢᠴᠠᠭ᠎ᠠ᠎ᠲᠠᠢ ᠪᠠᠶ᠋ᠢᠵᠤ᠂ ᠠᠭ᠋ᠠᠵᠢᠮ ᠵᠶ᠋ᠠᠷ ᠴᠢᠰᠤᠨ ᠰᠤᠳᠠᠰᠤ ᠠᠭᠤᠰᠤᠯᠴᠠᠵᠤ᠂ ᠶᠠᠰᠤ ᠮᠢᠬ᠎ᠠ ᠠᠭᠤᠰᠤᠯᠴᠠᠵᠤ᠂ ᠴᠢᠨᠦ ᠳᠤᠮᠳᠠ ᠪᠢ ᠪᠤᠢ᠂ ᠮᠢᠨᠦ ᠳᠤᠮᠳᠠ ᠴᠢ ᠪᠤᠢ᠂ ᠤᠯᠠᠨ ᠡᠰᠢᠲᠦ ᠨᠢᠭᠡ ᠴᠣᠭᠴᠠ᠂ ᠰᠠᠯᠵᠤ ᠪᠣᠯᠤᠰᠢ ᠦᠭᠡᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠤᠢ ᠪᠣᠯᠵᠠᠢ᠃ ᠳᠤᠮᠳᠠᠳᠤ ᠵᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠤᠨ ᠤᠷᠲᠤ ᠬᠤᠭᠤᠴᠠᠭ᠋ᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠷ᠎ᠡ ᠳ᠋ᠦᠩ ᠮᠥᠨ᠂ ᠦᠨᠳᠦᠰᠦᠲᠡᠨ᠎ᠨᠦᠭᠦᠳ ᠭᠠᠭᠴᠠ ᠬᠦ᠌ ᠲᠠᠰᠤᠷᠠᠯᠲᠠ ᠦᠭᠡᠢ ᠪᠦᠯᠬᠦᠮᠳᠡᠨ ᠠᠭᠤᠰᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ᠎ᠳᠤ ᠤᠬᠠᠮᠰᠠᠷ᠎ᠠᠴᠠ᠎ᠪᠠᠨ ᠠᠭᠤᠰᠤᠯᠴᠠᠪᠠᠯ ᠰᠠᠶᠢ ᠨᠡᠩ ᠰᠠᠶ᠋ᠢᠨ ᠰᠠᠶ᠋ᠢᠬᠠᠨ ᠢᠷᠡᠭᠡᠳᠦᠢ᠎ᠲᠠᠢ ᠪᠤᠯᠵᠤ ᠴᠢᠳᠠᠨ᠎ᠠ ᠭᠡᠳᠡᠭ᠎ᠢ ᠲᠡᠦᠬᠡ ᠭᠦᠢ᠍ᠴᠡᠳ ᠭᠡᠷᠡᠴᠢᠯᠡᠪᠡ᠃
— ᠡᠯ᠎ᠡ ᠦᠨᠳᠦᠰᠦᠲᠡᠨ᠎ᠨᠦᠭᠦᠳ᠎ᠤᠨ ᠢᠲᠡᠭᠡᠯ ᠪᠢᠰᠢᠷᠡᠯ ᠠᠳᠠᠯᠢ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ᠎ᠨᠦᠭᠦᠳ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠳᠣᠲᠣᠭ᠋ᠠᠳᠤ ᠬᠥᠳᠡᠯᠭᠡᠬᠦ ᠬᠦᠴᠦᠨ ᠮᠥᠨ᠃ ᠳᠤᠮᠳᠠᠳᠤ ᠵᠢᠨ ᠦᠨᠳᠦᠰᠦᠲᠡᠨ ᠡᠷᠲᠡᠨ᠎ᠠᠴᠠ ᠠᠪᠤᠭ᠋ᠠᠳ 《ᠵᠢᠷᠭᠤᠭ᠋ᠠᠨ ᠠᠭᠤᠯᠵᠠᠷ᠎ᠤᠨ ᠰᠤᠷᠲᠠᠯ᠂ ᠶᠢᠰᠦᠨ ᠵᠧᠦ ᠵᠢ ᠬᠠᠮᠲᠤ᠎ᠪᠠᠷ ᠲᠤᠭᠤᠰᠢᠯᠠᠭᠤᠯᠬᠤ》᠂ 《ᠳᠡᠯᠡᠬᠡᠢ ᠳ᠋ᠠᠬᠢᠨ᠎ᠤ ᠶᠡᠭᠡ ᠨᠢᠭᠡᠳᠦᠯ》 ᠭᠡᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠶᠡᠬᠡ ᠨᠢᠭᠡᠳᠦᠯ᠎ᠢ 《ᠲᠡᠭᠷᠢ ᠭᠠᠵᠠᠷ᠎ᠤᠨ ᠶᠡᠷᠦᠳᠡ ᠵᠢᠨ ᠰᠤᠳᠤᠷ᠂ ᠡᠷᠲᠡᠨ ᠡᠳᠦᠭᠡ ᠵᠢᠨ ᠨᠡᠪᠲᠡᠷᠬᠡᠢ ᠤᠳᠬ᠎ᠠ》᠎ᠪᠠᠷ ᠦᠵᠡᠳᠡᠭ᠃ ᠴᠢᠨ ᠤᠯᠤᠰ ᠳᠤᠮᠳᠠᠳᠤ ᠤᠯᠤᠰ᠎ᠢ ᠨᠢᠭᠡᠳᠬᠡᠭᠰᠡᠨᠤ ᠲᠠᠷᠠᠭ᠎ᠠ᠂ ᠠᠯᠢ ᠴᠤ᠌ ᠦᠨᠳᠦᠰᠦᠲᠡᠨ ᠭᠡᠳ ᠵᠦᠩᠶᠤᠸᠠᠨ ᠣᠷᠣᠨ᠎ᠳᠤ ᠡᠵᠡᠨ ᠰᠠᠭᠤᠭᠰᠠᠨ ᠴᠤ᠌ ᠴᠥᠮ ᠳᠡᠯᠡᠬᠡᠢ ᠳ᠋ᠠᠬᠢᠨ᠎ᠢ ᠨᠢᠭᠡᠳᠬᠡᠬᠦ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠴᠥᠮ ᠤᠯᠤᠰ᠎ᠤᠨ ᠨᠤᠲᠤᠭ ᠳᠡᠪᠢᠰᠬᠡᠷ᠎ᠢ ᠰᠠᠯᠭ᠋ᠠᠵᠤ ᠪᠣᠯᠬᠤ ᠦᠭᠡᠢ᠂ ᠤᠯᠤᠰ ᠣᠷᠣᠨ᠎ᠢ ᠰᠠᠮᠠᠭᠤᠷᠠᠭᠤᠯᠵᠤ ᠪᠣᠯᠬᠤ ᠦᠭᠡᠢ᠂ ᠦᠨᠳᠦᠰᠦᠲᠡᠨ᠎ᠢ ᠰᠠᠷᠨᠢᠭᠤᠯᠵᠤ ᠪᠣᠯᠬᠤ ᠦᠭᠡᠢ᠂ ᠪᠣᠯᠪᠠᠰᠤᠨ᠎ᠢ ᠲᠠᠰᠤᠯᠳᠠᠭᠤᠯᠵᠤ ᠪᠣᠯᠬᠤ ᠦᠭᠡᠢ ᠭᠡᠰᠡᠨ ᠬᠠᠮᠲᠤ ᠵᠢᠨ ᠢᠲᠡᠭᠡᠯ ᠵᠣᠷᠢᠭ᠎ᠢ ᠢᠮᠠᠭᠲᠠ ᠪᠠᠷᠢᠮᠲᠠᠯᠠᠭᠰᠠᠭ᠋ᠠᠷ ᠢᠷᠡᠭᠰᠡᠨ ᠶᠤᠮ᠃ ᠪᠢᠳᠡᠨ᠎ᠤ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ ᠪᠣᠯ ᠦᠨᠳᠦᠰᠦᠲᠡᠨ᠎ᠨᠦᠭᠦᠳ ᠬᠠᠮᠲᠤ᠎ᠪᠠᠷ ᠴᠣᠭᠴᠠᠯᠠᠨ ᠪᠠᠶ᠋ᠢᠭᠤᠯᠤᠭᠰᠠᠨ ᠶᠤᠮ᠂ ᠪᠠᠰᠠ ᠡᠷᠬᠡᠪᠰᠢ ᠦᠨᠳᠦᠰᠦᠲᠡᠨ᠎ᠨᠦᠭᠦᠳ ᠬᠠᠮᠲᠤ᠎ᠪᠠᠷ ᠬᠠᠮᠠᠭ᠋ᠠᠯᠠᠵᠤ᠂ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠳᠡᠭ᠎ᠢ ᠲᠡᠦᠬᠡ ᠭᠦᠢ᠍ᠴᠡᠳ ᠭᠡᠷᠡᠴᠢᠯᠡᠪᠡ᠃
— ᠡᠯ᠎ᠡ ᠦᠨᠳᠦᠰᠦᠲᠡᠨ᠎ᠤ ᠰᠤᠶᠤᠯ ᠬᠠᠷᠢᠯᠴᠠᠨ ᠨᠡᠪᠲᠡᠷᠡᠯᠴᠡᠵᠦ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠣᠯᠪᠠᠰᠤᠨ ᠪᠠᠶ᠋ᠢᠷᠢᠰᠢᠯ᠎ᠢ ᠴᠣᠭᠴᠠᠯᠠᠨ ᠪᠠᠶ᠋ᠢᠭᠤᠯᠬᠤ ᠰᠣᠶᠣᠯ᠎ᠤᠨ ᠭᠧᠨ ᠪᠣᠯᠤᠨ᠎ᠠ᠃ ᠡᠯ᠎ᠡ ᠦᠨᠳᠦᠰᠦᠲᠡᠨ᠎ᠤ ᠰᠣᠶᠣᠯ᠎ᠢ ᠬᠠᠷᠢᠯᠴᠠᠨ ᠲᠣᠯᠢᠳᠠᠬᠤ ᠮᠥᠷᠲᠡᠭᠡᠨ ᠪᠦᠬᠦᠨ᠎ᠢ ᠬᠤᠷᠢᠶᠠᠨ ᠠᠪᠴᠤ ᠬᠠᠳᠠᠭ᠋ᠠᠯᠠᠨ᠂ ᠠᠭ᠋ᠠᠵᠢᠮ ᠵᠶ᠋ᠠᠷ ᠭᠠᠵᠠᠷ ᠣᠷᠣᠨ᠎ᠤ ᠨᠤᠲᠤᠭ ᠤᠰᠤ᠂ ᠴᠢᠰᠤᠨ ᠤᠳᠤᠮ᠂ ᠱᠠᠰᠢᠨ ᠰᠢᠲᠦᠯᠭᠡ ᠵᠢ ᠳᠠᠪᠠᠵᠤ᠂ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠲᠠᠲᠠᠬᠤ ᠬᠦᠴᠦᠨ ᠪᠦᠬᠦᠢ ᠳᠤᠮᠳᠠᠳᠤ ᠵᠢᠨ ᠰᠣᠶᠣᠯ᠎ᠢ ᠲᠥᠪᠯᠡᠷᠡᠭᠦᠯᠦᠨ ᠪᠦᠷᠢᠯᠳᠦᠭᠦᠯᠵᠦ᠂ ᠳᠤᠮᠳᠠᠳᠤ ᠵᠢᠨ ᠪᠣᠯᠪᠠᠰᠤᠨ᠎ᠤ ᠣᠯᠠᠨ ᠡᠰᠢᠵᠢᠨ ᠨᠢᠭᠡ ᠴᠣᠭᠴᠠᠵᠢᠭᠰᠠᠨ ᠪᠠᠶ᠋ᠢᠳᠠᠯ᠎ᠢ ᠪᠣᠶ ᠪᠣᠯᠭ᠋ᠠᠪᠠ᠃ ᠭᠡᠷᠡᠯ ᠰᠠᠴᠤᠷᠠᠩᠭᠤᠶ ᠳᠤᠮᠳᠠᠳᠤ ᠵᠢᠨ ᠰᠣᠶᠣᠯ ᠪᠣᠯ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠭᠰᠡᠨ ᠶᠤᠮ᠂ ᠨᠡᠶ᠋ᠢᠭᠡᠮ ᠵᠢᠷᠤᠮ᠎ᠤᠨ ᠰᠣᠶᠣᠯ᠎ᠤᠨ ᠰᠢᠨ᠎ᠡ ᠭᠡᠷᠡᠯ ᠰᠠᠴᠤᠷᠠᠩᠭᠤᠶ ᠠᠮᠵᠢᠯᠲᠠ ᠵᠢ ᠡᠭᠦᠳᠬᠦ᠎ᠳᠤ ᠡᠷᠬᠡᠪᠰᠢ ᠳᠤᠮᠳᠠᠳᠤ ᠵᠢᠨ ᠰᠣᠶᠣᠯ᠎ᠤᠨ ᠲᠤᠬᠠᠶ ᠮᠡᠳᠡᠷᠡᠮᠵᠢ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠯᠴᠠᠨ ᠲᠣᠯᠢᠳᠠᠯ ᠨᠡᠪᠲᠡᠷᠡᠯᠴᠡᠭᠡ᠎ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠭᠡᠳᠡᠭ᠎ᠢ ᠲᠡᠦᠬᠡ ᠭᠦᠢ᠍ᠴᠡᠳ ᠭᠡᠷᠡᠴᠢᠯᠡᠪᠡ᠃
— ᠡᠯ᠎ᠡ ᠦᠨᠳᠦᠰᠦᠲᠡᠨ᠎ᠨᠦᠭᠦᠳ᠎ᠤᠨ ᠠᠵᠤ ᠠᠬᠤᠢ ᠬᠠᠷᠢᠯᠴᠠᠨ ᠲᠦᠰᠢᠭᠯᠡᠯᠴᠡᠵᠦ᠂ ᠳᠤᠮᠳᠠᠳᠤ ᠵᠢᠨ ᠦᠨᠳᠦᠰᠦᠲᠡᠨ᠎ᠤ ᠨᠢᠭᠡᠳᠦᠯᠲᠡᠢ ᠠᠵᠤ ᠠᠬᠤᠢ ᠵᠢᠨ ᠴᠣᠭᠴᠠ ᠵᠢ ᠪᠠᠶ᠋ᠢᠭᠤᠯᠬᠤ ᠬᠦᠴᠦᠷᠬᠡᠭ ᠶᠡᠭᠡ ᠬᠦᠴᠦᠨ ᠮᠥᠨ᠃ ᠮᠠᠨ᠎ᠤ ᠤᠯᠤᠰ᠎ᠤᠨ ᠬᠢᠯᠢ ᠬᠢᠵᠠᠭ᠋ᠠᠷ ᠥᠷᠭᠡᠨ ᠠᠭᠤᠳᠠᠮ ᠪᠠᠶ᠋ᠢᠵᠤ᠂ ᠡᠯ᠎ᠡ ᠭᠠᠵᠠᠷ ᠣᠷᠣᠨ᠎ᠤ ᠡᠬᠢ ᠪᠠᠶᠠᠯᠢᠭ ᠥᠪᠡᠷ ᠥᠪᠡᠷ᠎ᠤᠨ ᠣᠨᠴᠠᠯᠢᠭ᠎ᠲᠠᠢ᠂ ᠠᠵᠤ ᠠᠬᠤᠶ ᠵᠢᠨ ᠬᠠᠷᠢᠯᠴᠠᠨ ᠨᠥᠬᠦᠪᠥᠷᠢᠯᠡᠬᠦ ᠴᠢᠨᠠᠷ ᠵᠶ᠋ᠠᠷ ᠴᠢᠩᠭ᠎ᠠ᠂ ᠲᠦᠰᠢᠭᠯᠡᠬᠦ ᠬᠡᠮᠵᠢᠶ᠎ᠡ᠎ᠪᠠᠷ ᠥᠨᠳᠥᠷ ᠪᠠᠶ᠋ᠢᠳᠠᠭ᠃ ᠦᠨᠳᠦᠰᠦᠲᠡᠨ᠎ᠨᠦᠭᠦᠳ᠎ᠤᠨ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢ ᠠᠬᠢᠭᠤᠯᠪᠠ᠃ ᠡᠯ᠎ᠡ ᠭᠠᠵᠠᠷ ᠣᠷᠣᠨ᠎ᠤ ᠡᠯ᠎ᠡ ᠦᠨᠳᠦᠰᠦᠲᠡᠨ ᠭᠠᠭᠴᠠ ᠬᠦ᠌ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠲᠠᠰᠤᠷᠠᠯᠲᠠ ᠦᠭᠡᠢ ᠠᠭᠤᠰᠤᠯᠴᠠᠵᠤ᠂ ᠠᠵᠤ ᠠᠬᠤᠢ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠪᠠᠯ ᠰᠠᠶᠢ ᠤᠯᠤᠰ᠎ᠤᠨ ᠠᠵᠤ ᠠᠬᠤᠢ ᠵᠢᠨ ᠬᠥᠭᠵᠢᠯ ᠴᠡᠴᠡᠭᠯᠡᠯ᠎ᠢ ᠨᠡᠩ ᠰᠠᠶ᠋ᠢᠲᠤᠷ ᠠᠬᠢᠭᠤᠯᠵᠤ᠂ ᠲᠤᠰ ᠪᠡᠶ᠎ᠡ ᠵᠢᠨ ᠠᠵᠤ ᠠᠬᠤᠢ ᠵᠢᠨ ᠬᠥᠭᠵᠢᠯᠲᠡ᠎ᠪᠠᠨ ᠨᠡᠩ ᠰᠠᠶ᠋ᠢᠲᠤᠷ ᠪᠡᠶᠡᠯᠡᠭᠦᠯᠵᠦ ᠴᠢᠳᠠᠨ᠎ᠠ ᠭᠡᠳᠡᠭ᠎ᠢ ᠲᠡᠦᠬᠡ ᠭᠦᠢ᠍ᠴᠡᠳ ᠭᠡᠷᠡᠴᠢᠯᠡᠪᠡ᠃
— ᠡᠯ᠎ᠡ ᠦᠨᠳᠦᠰᠦᠲᠡᠨ᠎ᠨᠦᠭᠦᠳ᠎ᠤᠨ ᠬᠠᠶ᠋ᠢᠷ᠎ᠠ ᠰᠡᠳᠬᠢᠯᠭᠡ ᠳᠣᠲᠣᠨᠣ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ᠎ᠤ ᠨᠢᠭᠡ ᠭᠡᠷ᠎ᠤᠨ ᠬᠥᠮᠥᠰ᠎ᠤᠨ ᠪᠠᠲᠤ ᠴᠢᠩᠭ᠎ᠠ ᠬᠤᠯᠪᠣᠭ᠋ᠠᠰᠤ ᠮᠥᠨ᠃ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ᠂ ᠠᠬ᠎ᠠ ᠳᠡᠭᠦᠦ ᠨᠠᠷ ᠵᠶ᠋ᠠᠨ ᠬᠤᠯᠪᠣᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠮᠠᠨ᠎ᠤ ᠤᠯᠤᠰ᠎ᠤᠨ ᠦᠨᠳᠦᠰᠦᠲᠡᠨ᠎ᠤ ᠬᠠᠷᠢᠴᠠᠭ᠋ᠠᠨ᠎ᠤ ᠭᠤᠣᠯ ᠤᠷᠤᠰᠬᠠᠯ ᠮᠥᠨ᠂ ᠦᠨᠳᠦᠰᠦᠲᠡᠨ᠎ᠨᠦᠭᠦᠳ ᠲᠠᠰᠤᠷᠠᠯᠲᠠ ᠦᠭᠡᠢ ᠨᠢᠭᠲᠠ ᠨᠠᠶ᠋ᠢᠷᠰᠠᠭ ᠠᠬ᠎ᠠ ᠳᠡᠭᠦᠦ ᠵᠢᠨ ᠨᠥᠬᠦᠷᠯᠡᠯ᠎ᠨᠢ ᠮᠠᠰᠢ ᠤᠯᠠᠨ ᠲᠡᠦᠬᠡ ᠵᠢᠨ ᠰᠠᠶ᠋ᠢᠬᠠᠨ ᠦᠯᠢᠭᠡᠷ᠎ᠢ ᠪᠢᠴᠢᠭᠯᠡᠭᠰᠡᠨ ᠶᠤᠮ᠃ ᠢᠯᠠᠩᠭᠤᠶ᠎ᠠ ᠭᠠᠳᠠᠭᠰᠢ ᠳᠤᠷᠤᠮᠵᠢᠯᠠᠬᠤ ᠵᠢ ᠡᠰᠡᠷᠭᠦᠴᠡᠬᠦ᠂ ᠬᠠᠭ᠋ᠠᠴᠠᠭᠤᠯᠬᠤ ᠵᠢ ᠰᠡᠷᠭᠡᠶ᠋ᠢᠯᠡᠬᠦ᠂ ᠨᠢᠭᠡᠳᠦᠯ᠎ᠢ ᠬᠠᠮᠠᠭ᠋ᠠᠯᠠᠬᠤ ᠶᠠᠪᠤᠴᠠ᠎ᠳᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠤᠷᠢᠳᠤ ᠡᠮᠦᠨ᠎ᠡ ᠪᠠᠶ᠋ᠢᠭ᠎ᠠ ᠦᠭᠡᠢ ᠪᠦᠯᠬᠦᠮᠳᠡᠨ᠂ ᠥᠰᠢᠶᠡᠲᠡᠨ᠎ᠲᠠᠢ ᠬᠠᠮᠲᠤ᠎ᠪᠠᠷ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠲᠦᠢ᠍ᠯ᠎ᠤᠨ ᠬᠠᠳᠠᠭᠤᠵᠢᠯᠳᠠᠢ ᠪᠦᠭᠡᠳ ᠭᠠᠷᠮᠠᠭ᠋ᠠᠢ ᠰᠦᠷ ᠵᠢᠪᠬᠤᠭ᠎ᠠ᠎ᠲᠠᠢ ᠠᠭᠤᠤ ᠶᠡᠭᠡ ᠲᠤᠤᠯᠢᠰ᠎ᠢ ᠪᠢᠴᠢᠭᠯᠡᠭᠰᠡᠨ ᠪᠠᠶ᠋ᠢᠨ᠎ᠠ᠃ ᠬᠠᠶ᠋ᠢᠷ᠎ᠠ ᠰᠡᠳᠬᠢᠯᠭᠡ ᠵᠢᠨ ᠲᠠᠯ᠎ᠠ᠎ᠪᠠᠷ ᠬᠠᠷᠢᠯᠴᠠᠨ ᠳᠣᠲᠣᠨᠣ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠤᠢ ᠪᠣᠯᠭ᠋ᠠᠨ ᠬᠥᠭᠵᠢᠭᠦᠯᠬᠦ ᠪᠠᠲᠤ ᠴᠢᠩᠭ᠎ᠠ ᠬᠤᠯᠪᠣᠭ᠋ᠠᠰᠤ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠬᠤᠪᠢ ᠲᠠᠬᠢᠨ ᠨᠠᠨᠳᠢᠩᠨᠠᠵᠤ᠂ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠥᠮᠦᠰ᠎ᠤᠨ ᠰᠡᠳᠭᠢᠯᠭᠡ ᠵᠢᠨ ᠰᠠᠭᠤᠷᠢ ᠵᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ ᠭᠡᠳᠡᠭ᠎ᠢ ᠲᠡᠦᠬᠡ ᠭᠦᠢ᠍ᠴᠡᠳ ᠭᠡᠷᠡᠴᠢᠯᠡᠵᠡᠢ᠃
ᠶᠡᠷᠦᠩᠬᠡᠶ᠋ᠢᠯᠡᠪᠡᠯ᠂ ᠲᠠᠪᠤᠨ ᠮᠢᠩᠭ᠎ᠠ ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠤ ᠪᠤᠶ᠋ᠢᠵᠢᠭᠤᠯᠤᠭᠰᠠᠨ ᠠᠭᠤᠤ ᠶᠡᠭᠡ ᠡᠬᠡ ᠤᠯᠤᠰ᠂ ᠠᠭᠤᠤ ᠶᠡᠭᠡ ᠦᠨᠳᠦᠰᠦᠲᠡᠨ ᠪᠣᠯ ᠥᠨᠢ ᠡᠭᠦᠷᠢᠳᠡ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠬᠠᠮᠤᠭ᠎ᠤᠨ ᠭᠦᠨ ᠭᠦᠨᠵᠡᠭᠡᠢ᠂ ᠬᠠᠮᠤᠭ᠎ᠤᠨ ᠥᠨᠢᠳᠡ ᠵᠢᠨ ᠬᠠᠶ᠋ᠢᠷ᠎ᠠ ᠰᠡᠳᠬᠢᠯᠭᠡ ᠵᠢᠨ ᠰᠠᠯᠪᠤᠷᠢ ᠪᠣᠯᠤᠨ᠎ᠠ᠃ ᠡᠨᠡ ᠬᠦ᠌ ᠠᠭᠤᠳᠠᠮ᠂ ᠦᠵᠡᠰᠬᠦᠯᠡᠩᠲᠦ ᠰᠠᠶ᠋ᠢᠬᠠᠨ᠂ ᠪᠠᠶᠠᠨ ᠲᠠᠩᠰᠤᠭ ᠨᠤᠲᠤᠭ ᠳᠡᠪᠢᠰᠬᠡᠷ ᠳᠡᠭᠡᠷ᠎ᠡ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠬᠠᠮᠲᠤ ᠵᠢᠨ ᠭᠡᠷ ᠣᠷᠣᠨ᠎ᠲᠠᠢ᠂ ᠳᠤᠮᠳᠠᠳᠤ ᠤᠯᠤᠰ ᠪᠣᠯᠤᠨ᠎ᠠ; ᠴᠥᠮ ᠬᠠᠮᠲᠤ ᠵᠢᠨ ᠪᠡᠶ᠎ᠡ ᠵᠢᠨ ᠭᠠᠷᠤᠯ᠎ᠲᠠᠢ᠂ ᠳᠠᠷᠤᠢ ᠳᠤᠮᠳᠠᠳᠤ ᠵᠢᠨ ᠦᠨᠳᠦᠰᠦᠲᠡᠨ ᠮᠥᠨ; ᠴᠥᠮ ᠬᠠᠮᠲᠤ ᠵᠢᠨ ᠨᠡᠷ᠎ᠡ᠎ᠲᠠᠢ᠂ ᠳᠠᠷᠤᠢ ᠳᠤᠮᠳᠠᠳᠤ ᠤᠯᠤᠰ᠎ᠤᠨ ᠬᠥᠮᠦᠨ ᠪᠣᠯᠤᠨ᠎ᠠ; ᠴᠥᠮ ᠬᠠᠮᠲᠤ ᠵᠢᠨ ᠬᠦᠰᠡᠯ ᠡᠷᠡᠮᠡᠯᠵᠡᠯ᠎ᠲᠠᠢ ᠪᠣᠯ ᠳᠠᠷᠤᠶ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠪᠣᠯᠤᠨ᠎ᠠ!
ᠨᠦᠬᠦᠳ ᠡ᠂ ᠨᠠᠶ᠋ᠢᠵᠠ ᠨᠠᠷ ᠡ!
ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠨᠠᠮ ᠪᠣᠯᠤᠨ ᠤᠯᠤᠰ᠎ᠤᠨ ᠭᠤᠣᠯ ᠡᠭᠦᠷᠭᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠶᠠᠪᠤᠳᠠᠯ ᠪᠣᠯᠤᠨ᠎ᠠ᠂ ᠡᠨᠡ᠎ᠨᠢ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠬᠦ ᠵᠢ ᠱᠠᠭ᠋ᠠᠷᠳᠠᠵᠤ ᠪᠠᠶ᠋ᠢᠨ᠎ᠠ᠃ ᠪᠢᠳᠡ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠲᠠᠰᠤᠷᠠᠯᠲᠠ ᠥᠬᠡᠶ ᠠᠬᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃
ᠨᠢᠭᠡᠳᠦᠭᠡᠷ᠎ᠲᠤ᠂ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠳᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠤᠣᠯᠯᠠᠭᠴᠢ ᠬᠦᠴᠦᠨ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠤᠭ᠎ᠤᠨ ᠨᠠᠶ᠋ᠢᠳᠠᠪᠤᠷᠢᠲᠠᠢ ᠲᠦᠰᠢᠭ ᠲᠤᠯᠭ᠋ᠠᠭᠤᠷᠢ ᠮᠥᠨ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠮᠡᠳᠡᠷᠡᠮᠵᠢ ᠵᠢ ᠲᠠᠰᠤᠷᠠᠯᠳᠠ ᠦᠭᠡᠢ ᠨᠡᠮᠡᠭᠳᠡᠭᠦᠯᠵᠦ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠢ ᠪᠣᠯᠭ᠋ᠠᠵᠤ᠂ ᠰᠡᠳᠬᠢᠯ ᠨᠢᠭᠡᠳᠦᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠬᠡᠷᠡᠭᠲᠡᠢ᠃
ᠬᠤᠶᠠᠳᠤᠭ᠋ᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠭᠡ ᠤᠶᠤᠨ ᠰᠠᠨᠠᠭ᠋ᠠᠨ᠎ᠤ ᠰᠣᠶᠣᠯ᠎ᠤᠨ ᠲᠤᠯᠭ᠋ᠠᠭᠤᠷᠢᠯᠠᠯ ᠬᠠᠩᠭ᠋ᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠳᠤ ᠡᠷᠬᠡᠪᠰᠢ ᠳᠤᠮᠳᠠᠳᠤ ᠵᠢᠨ ᠰᠣᠶᠣᠯ᠎ᠤᠨ ᠬᠠᠮᠲᠤ ᠵᠢᠨ ᠲᠠᠨᠢᠯᠲᠠ ᠵᠢ ᠨᠡᠮᠡᠭᠳᠡᠭᠦᠯᠬᠦ ᠬᠡᠷᠡᠭᠲᠡᠶ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠬᠤ ᠬᠡᠷᠡᠭᠲᠡᠢ᠃ ᠵᠠᠯᠠᠭᠤᠴᠤᠳ ᠪᠠᠭ᠋ᠠᠴᠤᠳ᠎ᠲᠤ ᠬᠢᠬᠦ ᠲᠡᠦᠬᠡ ᠰᠣᠶᠣᠯ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠪᠠᠨ ᠬᠡᠦᠬᠡᠳ᠎ᠤᠨ ᠰᠡᠳᠬᠢᠯ᠎ᠳᠤ ᠬᠠᠳᠠᠩᠰᠢᠭᠤᠯᠤᠨ᠎ᠠ᠃
ᠭᠤᠷᠪᠠᠳᠤᠭ᠋ᠠᠷ᠎ᠲᠤ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠲᠦᠷᠭᠡᠨ ᠠᠭᠤᠰᠤᠯᠴᠠᠬᠤ ᠵᠢ ᠳᠡᠮᠵᠢᠵᠦ᠂ ᠡᠯ᠎ᠡ ᠭᠠᠵᠠᠷ ᠣᠷᠣᠨ᠎ᠤ ᠠᠵᠤ ᠠᠬᠤᠢ ᠵᠢᠨ ᠲᠠᠯ᠎ᠠ᠎ᠪᠠᠷ ᠨᠡᠩ ᠨᠢᠭᠲᠠ ᠬᠤᠯᠪᠣᠯᠳᠤᠬᠤ᠂ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ᠎ᠬᠢᠨ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠳᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠤᠨᠴᠠᠯᠢᠬᠳᠤ ᠳᠠᠪᠠᠭᠤᠯᠢᠭ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢ ᠴᠢᠩᠭ᠋ᠠᠳᠬᠠᠵᠤ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠦᠯᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭ᠋ᠠᠨ᠎ᠠ᠃
ᠳᠥᠷᠪᠡᠳᠦᠭᠡᠷ᠎ᠲᠤ᠂ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠬᠤ ᠬᠡᠷᠡᠭᠲᠡᠢ᠃ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠨ᠂ ᠬᠢᠯᠢ ᠬᠢᠵᠠᠭ᠋ᠠᠷ ᠣᠷᠣᠨ ᠪᠣᠯᠤᠨ ᠦᠨᠳᠦᠰᠦᠲᠡᠨ᠎ᠤ ᠭᠠᠵᠠᠷ ᠣᠷᠣᠨ᠎ᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠭ᠋ᠠᠵᠤ᠂ ᠬᠥᠮᠦᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢ ᠢᠳᠡᠪᠬᠢᠲᠡᠶ ᠠᠬᠢᠭᠤᠯᠵᠤ᠂ ᠡᠯ᠎ᠡ ᠦᠨᠳᠦᠰᠦᠲᠡᠨ᠎ᠤ ᠬᠥᠮᠦᠨ ᠠᠮᠠ ᠵᠢᠨ ᠰᠢᠯᠵᠢᠯᠲᠡ ᠠᠭᠤᠰᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠬᠤ ᠬᠡᠷᠡᠭᠲᠡᠶ᠃ ᠬᠠᠷᠢᠯᠴᠠᠨ ᠰᠢᠭᠢᠳᠭᠡᠭᠰᠡᠨ ᠬᠡᠯᠪᠡᠷᠢ ᠵᠢᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠡᠭᠰᠡᠨ ᠦᠢ᠍ᠯᠡᠳᠦᠯᠭᠡ ᠵᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠠᠬᠢᠭᠤᠯᠤᠨ᠎ᠠ᠃
ᠲᠠᠪᠤᠳᠤᠭ᠋ᠠᠷ᠎ᠲᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠵᠥᠷᠢᠶᠡᠴᠢᠯᠡᠭᠰᠡᠨ ᠣᠷᠣᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠶ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ᠎ᠤᠨ ᠦᠵᠡᠯ ᠤᠬᠠᠮᠰᠠᠷ᠂ ᠠᠷᠠᠳ ᠢᠷᠭᠡᠳ᠎ᠤᠨ ᠦᠵᠡᠯ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ᠎ᠨᠢ ᠨᠡᠮᠡᠭᠳᠡᠭᠦᠯᠦᠨ᠎ᠡ᠃
ᠨᠦᠬᠦᠳ ᠡ᠂ ᠨᠠᠶ᠋ᠢᠵᠠ ᠨᠠᠷ ᠡ!
ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠪᠣᠯ ᠮᠠᠨ᠎ᠤ ᠤᠯᠤᠰ᠎ᠤᠨ ᠳᠣᠲᠣᠭ᠋ᠠᠳᠤ ᠶᠠᠪᠤᠳᠠᠯ ᠮᠥᠨ᠂ ᠶᠠᠮᠠᠷᠪᠠ ᠭᠠᠳᠠᠭ᠋ᠠᠳᠤ ᠬᠦᠴᠦᠨ ᠭᠡᠳ ᠭᠠᠷ ᠳᠦᠷᠦᠬᠦ ᠡᠷᠬᠡ ᠦᠭᠡᠢ ᠶᠤᠮ᠃ ᠳᠣᠮᠲᠠᠲᠤ ᠤᠯᠤᠰ᠎ᠤᠨ ᠡᠪ ᠬᠠᠮᠲᠤ ᠨᠠᠮ ᠪᠤᠯᠣᠠ ᠳᠣᠮᠲᠠᠲᠤ ᠤᠯᠤᠰ᠎ᠤᠨ ᠠᠷᠠᠣᠠ ᠳᠣᠢ᠍ᠮᠠᠨ ᠨᠢᠭᠲᠠ ᠣᠢ᠍ᠠᠲᠣᠰᠣᠲᠠᠨᠤ ᠠᠰᠠᠭᠣᠲᠠᠯ᠎ᠢ ᠰᠢᠢ᠍ᠣᠠᠪᠤᠷᠢᠯᠠᠭᠦ ᠳᠣᠮᠲᠠᠲᠤ ᠤᠯᠤᠰ᠎ᠤᠨ ᠣᠠᠴᠠᠯᠢᠭ ᠪᠤᠢ᠍ᠭᠦᠢ ᠵᠣᠢ᠍ᠪ ᠵᠠᠮ᠎ᠢ ᠡᠷᠢᠵᠤ ᠣᠯᠵᠠᠢ᠂ ᠥᠭᠡᠷ᠎ᠡ ᠬᠡᠨ ᠴᠦ᠍ ᠭᠡᠳ ᠪᠢᠳᠡᠨ᠎ᠢ ᠵᠢᠭ᠋ᠠᠵᠤ ᠳᠣᠬᠢᠬᠤ ᠬᠡᠷᠡᠭ ᠦᠭᠡᠢ᠂ 《ᠪᠠᠭᠰᠢ》 ᠪᠤᠯᠤᠭᠰᠠᠨ᠎ᠤ ᠬᠡᠷᠡᠭ ᠦᠭᠡᠢ᠃ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠠᠯᠢᠪᠠ ᠠᠰᠠᠭᠤᠳᠠᠯ᠎ᠢ ᠠᠰᠢᠭᠯᠠᠨ ᠮᠠᠨ᠎ᠤ ᠤᠯᠤᠰ᠎ᠲᠤ ᠨᠡᠪᠴᠢᠨ ᠡᠪᠳᠡᠯᠭᠡ ᠬᠢᠬᠦ᠂ ᠭᠦᠳᠬᠡᠬᠦ᠂ ᠳᠠᠷᠤᠯᠲᠠ ᠥᠭᠬᠦ ᠠᠵᠢᠯᠯᠠᠭ᠎ᠠ ᠵᠢ ᠡᠷᠡᠰ ᠡᠰᠡᠷᠭᠦᠴᠡᠬᠦ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠲᠡᠦᠬᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠲᠠᠶ᠋ᠢᠯᠪᠤᠷᠢᠯᠠᠯᠲᠠ ᠵᠢ ᠴᠢᠩᠭ᠋ᠠᠳᠬᠠᠵᠤ᠂ ᠭᠠᠳᠠᠭ᠋ᠠᠳᠤ᠎ᠯᠤᠭ᠎ᠠ ᠵᠢᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠢᠳᠡᠪᠬᠢᠲᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠡᠭᠦᠷᠭᠡ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠨᠳᠦᠰᠦᠲᠡᠨ᠎ᠤ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠦᠨᠳᠦᠰᠦᠲᠡᠨ᠎ᠤ ᠠᠵᠢᠯ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠵᠦ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠳ᠎ᠤᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠶ᠋ᠢᠲᠤᠷ ᠭᠦᠢ᠍ᠴᠡᠳᠬᠡᠬᠦ ᠵᠢ ᠳᠡᠮᠵᠢᠵᠦ᠂ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ ᠪᠣᠯᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠦᠵᠢᠭᠦᠯᠬᠦ ᠪᠠ ᠰᠠᠶ᠋ᠢᠲᠤᠷ ᠬᠡᠷᠡᠭᠯᠡᠬᠦ ᠵᠢ ᠴᠢᠬᠤᠯᠠᠴᠢᠯᠠᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠳᠦᠷᠢᠮ ᠲᠣᠭᠲᠠᠴᠠ ᠵᠢ ᠪᠦᠷᠢᠨᠰᠢᠭᠦᠯᠦᠨ ᠪᠠᠬᠢᠵᠢᠭᠦᠯᠵᠦ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ ᠳᠠᠶᠠᠭ᠋ᠠᠷ᠎ᠲᠤ ᠦᠨᠳᠦᠰᠦᠲᠡᠨ᠎ᠤ ᠠᠵᠢᠯ᠎ᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃
ᠨᠦᠬᠦᠳ ᠡ᠂ ᠨᠠᠶ᠋ᠢᠵᠠ ᠨᠠᠷ ᠡ!
ᠪᠢᠲᠠ ᠪᠤᠢ᠍ᠭᠦ ᠤᠯᠤᠰ᠎ᠤᠨ ᠣᠢ᠍ᠠᠲᠣᠰᠣᠲᠠᠨ᠎ᠨᠦᠭᠦᠳ᠎ᠤᠨ ᠠᠷᠠᠣᠠ ᠳᠣᠢ᠍ᠮᠠᠨ᠎ᠤ ᠪᠤᠢ᠍ᠯᠭᠦᠮᠲᠠᠨ ᠲᠠᠮᠠᠴᠠᠭᠦ᠎ᠳᠤ ᠲᠦᠰᠢᠭᠯᠡᠨ ᠲᠡᠥᠬᠡᠨ ᠬᠠᠭᠣᠲᠠᠰᠤ ᠵᠢ ᠪᠢᠴᠢᠭᠯᠡᠭᠰᠡᠨ ᠠᠭᠣᠤ ᠶᠠᠭᠡ ᠠᠮᠵᠢᠯᠲᠠ ᠪᠤᠢ᠍ᠲᠣᠮᠵᠢ ᠵᠢ ᠡᠭᠦᠣᠠᠴᠤ᠂ ᠪᠠᠰᠠ ᠪᠤᠢ᠍ᠭᠦ ᠤᠯᠤᠰ᠎ᠤᠨ ᠣᠢ᠍ᠠᠲᠣᠰᠣᠲᠠᠨ᠎ᠨᠦᠭᠦᠳ᠎ᠤᠨ ᠠᠷᠠᠣᠠ ᠳᠣᠢ᠍ᠮᠠᠨ᠎ᠤ ᠪᠤᠢ᠍ᠯᠭᠦᠮᠲᠠᠨ ᠲᠠᠮᠠᠴᠠᠭᠦ᠎ᠳᠤ ᠲᠦᠰᠢᠭᠯᠡᠨ ᠰᠢᠨ᠎ᠠ ᠬᠡᠷᠠᠯ ᠰᠠᠴᠤᠷᠠᠩᠭᠤᠢ ᠠᠮᠵᠢᠯᠲᠠ ᠵᠢ ᠣᠢ᠍ᠷᠭᠦᠯᠵᠢᠯᠠᠨ ᠪᠢᠴᠢᠭᠦ ᠬᠡᠷᠡᠭᠲᠡᠢ᠃ ᠪᠢᠳᠡ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!