ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠨᠠᠮ᠎ᠤᠨ ᠠᠵᠢᠯ᠎ᠢ ᠢᠯᠡ ᠪᠣᠯᠭᠠᠬᠤ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠯᠠᠭᠤ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠶ ᠬᠠᠮᠲᠤ ᠵᠢᠨ ᠶᠠᠷᠢᠯᠴᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-07-04

  7 ᠳ᠋ᠤᠭ᠋ᠠᠷ ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠠᠯᠠᠭᠤ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠶ ᠬᠠᠮᠲᠤ ᠵᠢᠨ ᠶᠠᠷᠢᠯᠴᠠᠭ᠎ᠠ ᠥᠷᠨᠢᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠬᠤᠷᠢᠶ᠎ᠠ ᠵᠢᠨ 《ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ 〈ᠵᠢᠷᠭᠤᠭ᠋ᠠᠨ ᠨᠢᠭᠡ〉 ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》 ᠵᠢᠴᠢ ᠣᠶ᠋ᠢᠷ᠎ᠠ ᠵᠢᠨ ᠬᠤᠭᠤᠴᠠᠭ᠋ᠠᠨ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ᠎ᠲᠠᠢ ᠤᠶᠠᠯᠳᠤᠭᠤᠯᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ ᠬᠢᠪᠠ᠃

 

 

  ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠱᠠᠭ᠋ᠠᠷᠳᠠᠯᠭ᠎ᠠ ᠵᠢᠨ ᠲᠣᠭᠤᠷᠢᠨ᠎ᠳᠤ᠂ ᠣᠨᠣᠯ᠎ᠤᠨ ᠰᠤᠷᠤᠯᠴᠠᠯᠭ᠎ᠠ᠂ ᠰᠠᠬᠢᠯᠭ᠎ᠠ ᠪᠠᠲᠤ ᠵᠢᠨ ᠤᠬᠠᠮᠰᠠᠷ᠂ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ᠂ ᠬᠠᠷᠢᠭᠤᠴᠠᠯᠭ᠎ᠠ ᠡᠭᠦᠷᠭᠡᠯᠡᠬᠦ ᠵᠡᠷᠭᠡ ᠳᠥᠷᠪᠡᠨ ᠲᠠᠯ᠎ᠠ᠎ᠪᠠᠷ ᠭᠦᠨᠵᠡᠭᠡᠶ ᠵᠠᠳᠠᠯᠤᠯᠲᠠ ᠬᠢᠵᠦ᠂ ᠵᠠᠯᠠᠭᠤ ᠺᠠᠳ᠋ᠷᠴᠤᠳ᠎ᠤᠨ ᠠᠮᠠᠷᠬᠠᠨ ᠡᠭᠦᠰᠬᠦ ᠴᠤᠬᠤᠶ᠋ᠢᠯᠲᠠ ᠵᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠤᠳᠠᠯ᠎ᠢ ᠵᠢᠭ᠋ᠠᠵᠤ ᠭᠠᠷᠭ᠋ᠠᠪᠠ᠃ ᠵᠠᠯᠠᠭᠤ ᠺᠠᠳ᠋ᠷᠴᠤᠳ ᠤᠯᠤᠰ ᠲᠦᠷᠦ ᠵᠢ ᠡᠷᠬᠢᠮᠯᠡᠬᠦ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠋ᠠᠨ᠎ᠤ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠵᠤ᠂ ᠲᠡᠭᠦᠨ᠎ᠢ ᠤᠷᠳᠤ ᠬᠤᠭᠤᠴᠠᠭ᠋ᠠᠨ᠎ᠤ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ ᠪᠣᠯᠭ᠋ᠠᠨ ᠴᠢᠩᠭ᠎ᠠ ᠵᠢᠷᠤᠮᠯᠠᠬᠤ ᠬᠡᠷᠡᠭᠲᠡᠢ ᠭᠡᠵᠦ ᠱᠠᠭ᠋ᠠᠷᠳᠠᠪᠠ᠃

 

 

  ᠵᠠᠯᠠᠭᠤ ᠺᠠᠳ᠋ᠷᠴᠤᠳ᠎ᠢ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠴᠠᠭ ᠢᠮᠠᠭᠲᠠ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ 《ᠲᠦᠷᠪᠡᠨ ᠰᠤᠷᠲᠠᠯ》᠎ᠤᠨ ᠲᠠᠯᠳᠠ ᠬᠤᠪᠢᠷᠠᠯᠲᠠ ᠵᠢ ᠰᠡᠷᠡᠮᠵᠢᠯᠡᠵᠦ᠂ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠎ᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠢ; ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠠᠵᠢᠯ᠎ᠤᠨ ᠳᠤᠮᠳᠠ᠎ᠪᠠᠨ ᠪᠣᠳᠠᠲᠠᠢ ᠵᠢ ᠡᠷᠬᠢᠮᠯᠡᠨ ᠠᠷᠢᠭᠤᠨ ᠴᠢᠬᠡᠴᠢ ᠪᠠᠶ᠋ᠢᠬᠤ ᠵᠢ ᠪᠡᠶᠡᠯᠡᠭᠦᠯᠵᠦ᠂ ᠰᠢᠯᠢᠳᠡᠭ ᠰᠤᠷᠲᠠᠯ ᠵᠶ᠋ᠠᠷ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

  ᠶᠠᠷᠢᠯᠴᠠᠭ᠎ᠠ᠎ᠳᠤ ᠣᠷᠣᠯᠴᠠᠭᠰᠠᠨ ᠵᠠᠯᠠᠭᠤ ᠺᠠᠳ᠋ᠷᠴᠤᠳ᠂ ᠲᠤᠰ ᠤᠳᠠᠭ᠎ᠠ ᠵᠢᠨ ᠶᠠᠷᠢᠯᠴᠠᠭ᠎ᠠ ᠪᠣᠯ ᠰᠡᠷᠡᠮᠵᠢ ᠪᠣᠯᠬᠤ ᠪᠥᠭᠡᠳ ᠪᠠᠰᠠ ᠴᠤ᠌ ᠬᠠᠶ᠋ᠢᠷ᠎ᠠ ᠬᠠᠯᠠᠮᠵᠢ ᠪᠣᠯᠤᠨ᠎ᠠ᠂ ᠬᠤᠶ᠋ᠢᠰᠢᠳᠠ ᠵᠢᠨ ᠠᠵᠢᠯ᠎ᠤᠨ ᠳᠤᠮᠳᠠ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠨᠡᠶ᠋ᠢᠭᠡᠮ᠎ᠤᠨ ᠬᠠᠷᠢᠯᠴᠠᠭ᠋ᠠᠨ᠎ᠤ ᠬᠦᠷᠢᠶ᠎ᠡ᠂ ᠠᠮᠢᠳᠤᠷᠠᠯ᠎ᠤᠨ ᠬᠦᠷᠢᠶ᠎ᠡ᠂ ᠨᠠᠶ᠋ᠢᠵᠢ ᠵᠢᠨ ᠬᠦᠷᠢᠶ᠎ᠡ᠎ᠪᠠᠨ ᠤᠬᠠᠮᠰᠠᠷ᠎ᠠᠴᠠ᠎ᠪᠠᠨ ᠴᠡᠪᠡᠷᠰᠢᠭᠦᠯᠵᠦ᠂ ᠨᠡᠩ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠣᠯᠤᠨ ᠨᠡᠩ ᠴᠢᠩᠭ᠎ᠠ ᠨᠢᠮᠪᠠᠢ ᠠᠵᠢᠯ᠎ᠤᠨ ᠰᠤᠷᠲᠠᠯ ᠵᠶ᠋ᠠᠷ ᠥᠪᠥᠷ ᠮᠣᠩᠭᠤᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

  ᠲᠣᠰ ᠤᠳᠠᠭ᠋ᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ᠎ᠨᠢ ᠵᠠᠯᠠᠭᠤ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠶ ᠵᠢ ᠪᠣᠶ ᠪᠣᠯᠭ᠋ᠠᠬᠤ᠎ᠳᠤ ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃

ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠳᠣᠯᠤᠭ᠎ᠠ ᠵᠢ ᠰᠤᠷᠤᠯᠴᠠᠬᠤ》 ᠠᠷᠭ᠎ᠠ ᠮᠠᠶᠢᠭ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠪᠠ
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ·  ᠡᠳᠦᠷ ᠪᠦᠷᠢ ᠵᠢᠨ ᠬᠢᠴᠢᠶᠡᠯ — ᠨᠠᠮ ᠪᠠ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠠᠯᠳᠠᠭᠰᠠᠨ ᠶᠠᠪᠤᠳᠠᠯ᠎ᠢ ᠰᠢᠢ᠍ᠳᠭᠡᠬᠦ ᠲᠤᠬᠠᠢ ᠲᠣᠭᠲᠠᠭ᠋ᠠᠯ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠵᠢᠷᠭᠤᠳᠤᠭ᠋ᠠᠷ ᠪᠦᠯᠦᠭ᠎ᠠᠴᠠ ᠨᠠᠢ᠍ᠮᠠᠳᠤᠭ᠋ᠠᠷ ᠪᠦᠯᠦᠭ ᠬᠦᠷᠲᠡᠯ᠎ᠡ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ — ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠬᠤᠶᠠᠳᠤᠭ᠋ᠠᠷ ᠪᠦᠯᠦᠭ᠎ᠠᠴᠠ ᠲᠠᠪᠤᠳᠤᠭ᠋ᠠᠷ ᠪᠦᠯᠦᠭ)᠎ᠢ ᠰᠤᠷᠤᠯᠴᠠᠪᠠ
ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ —   ᠬᠠᠮᠲᠤ᠎ᠪᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 (ᠨᠢᠭᠡᠳᠦᠭᠡᠷ ᠪᠦᠯᠦᠭ ᠶᠡᠷᠦᠩᠬᠡᠶ ᠲᠦᠷᠢᠮ)᠎ᠢ ᠰᠤᠷᠤᠯᠴᠠᠪᠠ
 
            