ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠋ᠠᠨ᠎ᠤ ᠠᠵᠦ ᠠᠬᠤᠢ᠌ᠯᠠᠯ ᠪᠤᠯᠤᠨ ᠬᠢᠵᠢᠭ᠎ᠤᠨ ᠪᠠᠢ᠌ᠳᠠᠯ᠎ᠳᠤ ᠨᠦᠯᠦᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠳᠡ᠎ᠨᠢ ᠬᠦᠴᠢᠷᠳᠡᠯᠳᠡᠢ ᠲᠤᠮᠳᠠ ᠵᠢᠵᠢᠭ ᠠᠵᠦ ᠠᠬᠤᠢ᠌ᠯᠠᠯ᠎ᠤᠨ ᠡᠷᠡᠭᠦᠯ ᠵᠶ᠋ᠡᠷ ᠬᠦᠭᠵᠢᠬᠦ ᠵᠢ ᠳᠡᠮᠵᠢᠬᠦ ᠲᠦᠷᠥ ᠵᠢᠨ ᠪᠤᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠬᠠᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2021-03-17


   
      ᠦᠪᠣᠷ ᠵᠠᠰᠠᠭ ᠳᠠᠷᠬᠠᠭ᠋ᠠᠭᠰᠠᠨ ᠴᠠᠬᠢᠯᠭ᠋ᠠᠨ[2020]1 ᠳ᠋ᠣᠭᠡᠷ ᠲᠣᠭ᠋ᠠᠳᠣ   ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂   ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠬᠣᠷᠢᠬᠯᠠᠨ ᠠᠷᠢᠯᠭ᠋ᠠᠬᠤ ᠲᠠᠢ᠍ᠢ᠍ᠯᠠᠯᠳᠤᠭ᠋ᠠᠨ᠎ᠤ ᠢᠯᠠᠯᠲᠠ ᠵᠢ   ᠡᠷᠡᠰ ᠣᠯᠬᠤ ᠲᠤᠬᠠᠶ ᠶᠡᠷᠦᠩᠬᠡᠶ ᠱᠦᠵᠢ ᠰᠢ ᠵᠢᠨ   ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠠᠴᠠ   ᠬᠠᠯᠳᠠᠪᠣᠷᠢᠯᠠᠭᠰᠠᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠣᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ   ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠡᠷᠡᠰ ᠨᠠᠢ᠍ᠢ᠍ᠳᠠᠪᠤᠷᠢᠵᠢᠭᠤᠯᠤᠨ᠂ ᠪᠦᠬᠦ ᠣᠷᠣᠨ᠎ᠤ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ   ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ   ᠡᠵᠡᠩᠨᠡᠯᠲᠡ ᠵᠢ ᠪᠠᠲᠤᠯᠠᠵᠤ᠂ ᠬᠢᠵᠢᠭ᠎ᠤᠨ ᠪᠠᠢ᠍ᠢ᠍ᠲᠠᠯ᠎ᠤᠨ ᠨᠥᠯᠥᠭᠡ ᠵᠢ ᠨᠡᠯᠢᠶᠡᠳ ᠶᠡᠬᠡ ᠬᠦᠷᠲᠡᠭᠰᠡᠨ ᠳᠤᠮᠳᠠ ᠵᠢᠵᠢᠭ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ   ᠡᠵᠡᠩᠨᠡᠯᠲᠡ ᠵᠢᠨ ᠬᠦᠴᠢᠷᠳᠡᠯ᠎ᠢ ᠰᠢᠢ᠍ᠳᠪᠦᠷᠢᠯᠡᠬᠦ ᠵᠢᠨ ᠲᠣᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠳᠣᠤᠷᠠᠬᠢ ᠲᠥᠷᠥ ᠵᠢᠨ   ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃

    ᠨᠢᠭᠡ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠤᠯᠠᠮ ᠨᠢᠭᠡ ᠠᠯᠬᠣᠮ ᠰᠢᠯᠢᠳᠡᠭᠵᠢᠭᠦᠯᠭᠦ ᠬᠡᠷᠡᠭᠳᠠᠢ

     (ᠨᠢᠭᠡ) ᠬᠢᠨᠠᠨ ᠵᠥᠪᠰᠢᠶᠡᠷᠡᠬᠦ ᠰᠠᠭ᠋ᠠᠳ ᠦᠭᠡᠢ ᠵᠠᠮ᠎ᠢ ᠲᠣᠬᠢᠷᠠᠭᠣᠯᠬᠣ ᠬᠡᠷᠩᠳᠠᠢ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋   ᠪᠤᠳᠠᠰ᠎ᠢ ᠦᠢ᠍ᠯᠡᠳᠪᠦᠷᠢᠯᠡᠬᠦ ᠰᠢᠨ᠎ᠡ᠎ᠪᠠᠷ ᠨᠠᠶ᠋ᠢᠳᠠᠪᠤᠷᠢᠵᠢᠭᠤᠯᠤᠭᠰᠠᠨ ᠲᠥᠷᠥᠯ ᠵᠦᠢ᠍ᠯ᠎ᠳᠤ᠂ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ   ᠮᠥᠴᠢᠷ ᠵᠶ᠋ᠠᠷ ᠨᠤᠳᠠᠯᠠᠭᠤᠯᠤᠭ᠋ᠠᠳ᠂ 《ᠠᠮᠠᠯᠳᠠᠬᠤ ᠳᠦᠷᠢᠮ》᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠣᠭᠲᠠᠭ᠋ᠠᠯ ᠶᠣᠰᠣᠭ᠋ᠠᠷ ᠭᠠᠷ ᠭᠦᠢ᠍ᠴᠡᠳᠭᠡᠯ᠎ᠢ ᠨᠦᠬᠦᠵᠤ   ᠬᠦᠢ᠍ᠴᠡᠳᠭᠡᠨ᠎ᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋ ᠪᠣᠳᠠᠰ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ   ᠬᠢᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ ᠦᠢ᠍ᠯᠡᠳᠪᠦᠷᠢᠯᠡᠬᠦ ᠴᠢᠳᠠᠪᠤᠷᠢ᠎ᠪᠠᠨ ᠨᠡᠮᠡᠭᠳᠡᠭᠦᠯᠬᠦ ᠵᠢ ᠳᠡᠮᠵᠢᠨ᠎ᠡ; ᠪᠤᠰᠤᠳ ᠠᠵᠤ   ᠠᠬᠤᠶ᠋ᠢᠯᠠᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋ ᠪᠤᠳᠠᠰ᠎ᠤᠨ ᠦᠢ᠍ᠯᠡᠳᠪᠦᠷᠢᠯᠡᠯ᠎ᠤᠨ ᠱᠤᠭᠤᠮ᠎ᠢ ᠰᠢᠨ᠎ᠠ᠎ᠪᠠᠷ ᠨᠡᠮᠡᠭᠳᠡᠬᠦᠯᠵᠤ   ᠦᠢ᠍ᠯᠡᠳᠪᠦᠷᠢᠯᠡᠬᠦ ᠴᠢᠳᠠᠪᠤᠷᠢ ᠵᠢ ᠲᠦᠷᠭᠡᠨ ᠪᠦᠷᠢᠯᠳᠦᠭᠦᠯᠬᠦ ᠵᠢ ᠳᠠᠮᠵᠢᠭᠦ ᠬᠡᠷᠩᠳᠠᠢ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠪᠠᠲᠤᠯᠠᠭ᠋ᠠᠨ᠎ᠤ   ᠲᠥᠷᠥᠯ ᠵᠦᠢ᠍ᠯ᠎ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢ᠍ᠴᠡᠳᠬᠡᠯ ᠲᠣᠭ᠎ᠠ ᠵᠢ ᠡᠩ ᠲᠡᠷᠢᠭᠦᠨ᠎ᠳᠤ ᠲᠣᠬᠢᠷᠠᠭᠤᠯᠬᠣ ᠬᠡᠷᠩᠳᠠᠢ᠃ (ᠥᠪᠡᠷᠲᠡᠭᠡᠨ   ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ   ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠬᠯᠠᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ   ᠠᠷᠭ᠋ᠠᠴᠠᠭ᠋ᠠᠬᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ  [ᠪᠦᠯᠦᠭᠯᠡᠯ]᠎ᠤ ᠺᠣᠮᠫᠠᠨᠢ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠬᠠᠷᠢᠭᠤᠴᠠᠨ᠎ᠠ᠃ ᠡᠯ᠎ᠡ ᠬᠣᠯᠪᠣᠭᠳᠠᠯ ᠪᠥᠬᠥᠶ ᠰᠠᠯᠠᠭ᠎ᠠ   ᠮᠥᠴᠢᠷ᠂ ᠠᠵᠤ ᠠᠬᠤᠶ᠋ᠢᠯᠠᠯ   ᠡᠭᠦᠷᠬᠡ ᠬᠠᠷᠢᠭᠤᠴᠠᠯᠭ᠎ᠠ᠎ᠪᠠᠷ ᠵᠶ᠋ᠠᠨ ᠠᠵᠢᠯ ᠬᠤᠪᠢᠶᠠᠷᠢᠯᠠᠨ ᠠᠬᠢᠭᠤᠯᠵᠤ᠂ ᠵᠤᠬᠢᠴᠠᠭᠤᠯᠤᠨ ᠬᠠᠮᠵᠢᠯᠴᠠᠨ᠎ᠠ᠂ ᠨᠡᠷᠡᠰ᠎ᠤᠨ   ᠵᠢᠭᠰᠠᠭ᠋ᠠᠯᠲᠠ᠎ᠳᠤ ᠡᠮᠦᠨ᠎ᠠ ᠬᠤᠢ᠍ᠢ᠍ᠨ᠎ᠠ ᠭᠡᠵᠦ ᠬᠤᠪᠢᠶᠠᠬᠤ ᠥᠬᠡᠶ᠂ ᠳᠣᠷᠣᠭᠰᠢ ᠠᠳᠠᠯᠢ)

     (ᠬᠣᠶᠠᠷ) ᠭᠦᠢ᠍ᠯᠭᠡᠭᠡᠨ᠎ᠤ ᠰᠠᠭ᠋ᠠᠳ ᠦᠭᠡᠢ ᠵᠠᠮ᠎ᠢ ᠪᠠᠢ᠌ᠭᠣᠯᠬᠣ ᠬᠡᠷᠩᠳᠠᠢ᠃ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠢᠵᠢᠭ᠎ᠤᠨ   ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ   ᠬᠠᠮᠢᠶ᠎ᠠ ᠪᠦᠬᠦᠢ ᠡᠳ᠋ ᠪᠤᠳᠠᠰ᠂ ᠢᠨᠵᠸᠨ᠋ᠸᠷᠢᠩ ᠪᠣᠯᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠳᠤ᠂ 《ᠪᠥᠬᠥᠳᠡ ᠨᠠᠶ᠋ᠢᠷᠠᠮᠳᠠᠬᠤ   ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》᠎ᠳᠤ ᠲᠣᠭᠲᠠᠭ᠋ᠠᠭᠰᠠᠨ ᠠᠷᠭ᠎ᠠ ᠭᠡᠯᠪᠡᠷᠢ ᠪᠣᠯᠤᠨ ᠳᠡᠰ ᠳᠠᠷᠠᠭ᠋ᠠᠯᠠᠯ᠎ᠢ   ᠬᠡᠷᠡᠭᠵᠢᠭᠦᠯᠬᠦ ᠦᠭᠡᠢ ᠪᠠᠶ᠋ᠢᠵᠤ ᠪᠣᠯᠤᠨ᠎ᠠ᠃ ᠭᠠᠳᠠᠭ᠋ᠠᠳᠤ᠎ᠠᠴᠠ ᠣᠷᠣᠭᠤᠯᠬᠤ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠢ ᠪᠣᠭᠣᠮᠲᠠ᠎ᠪᠠᠷ ᠲᠦᠷᠭᠡᠨ ᠥᠩᠭᠡᠷᠡᠭᠦᠯᠬᠦ ᠲᠤᠰᠬᠠᠶ   ᠴᠣᠩᠬᠣᠪᠴᠢ ᠭᠠᠷᠭ᠋ᠠᠵᠤ᠂ ᠭᠠᠳᠠᠭ᠋ᠠᠳᠤ᠎ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠢ ᠤᠷᠢᠳ ᠵᠶ᠋ᠠᠷ ᠳᠠᠩᠰᠠᠯᠠᠭ᠋ᠠᠳ ᠶᠠᠪᠤᠭᠤᠯᠵᠤ  ᠂ ᠳᠠᠷᠠᠭ᠎ᠠ᠎ᠨᠢ ᠭᠠᠷ ᠭᠦᠢ᠍ᠴᠡᠳᠬᠡᠯ᠎ᠢ ᠨᠦᠬᠦᠨ ᠬᠢᠵᠦ᠂ ᠰᠡᠷᠭᠡᠶ᠋ᠢᠯᠡᠨ ᠡᠵᠡᠮᠳᠡᠬᠦ ᠡᠳ᠋ ᠪᠣᠳᠠᠰ᠎ᠤᠨ ᠪᠣᠭᠣᠮᠲᠠ᠎ᠪᠠᠷ ᠥᠩᠭᠡᠷᠡᠬᠦ᠎ᠳᠤ 《ᠴᠠᠭ ᠬᠣᠶ᠋ᠢᠰᠢᠯᠠᠭᠤᠯᠬᠤ ᠦᠭᠡᠢ》᠂ ᠳᠠᠩᠰᠠᠯᠠᠭᠤᠯᠤᠨ ᠲᠡᠮᠳᠡᠭᠯᠡᠬᠦ᠎ᠳᠤ 《ᠬᠦᠯᠢᠶᠡᠬᠦ ᠦᠭᠡᠢ》᠂ ᠭᠠᠶ᠋ᠢᠯᠢ᠎ᠠᠴᠠ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠎ᠳᠤ 《  ᠤᠳᠠᠭ᠋ᠠᠰᠢᠷᠠᠭᠤᠯᠬᠤ ᠦᠭᠡᠢ》 ᠪᠠᠢ᠍ᠢ᠍ᠬᠤ ᠵᠢ ᠪᠡᠶᠡᠯᠡᠭᠦᠯᠦᠨ᠎ᠡ᠃ ᠰᠡᠷᠭᠡᠶ᠋ᠢᠯᠡᠨ ᠡᠵᠡᠮᠳᠡᠬᠦ ᠡᠳ᠋ ᠪᠤᠳᠠᠰ ᠵᠢᠴᠢ ᠲᠡᠭᠦᠨ᠎ᠢ ᠦᠢ᠍ᠯᠡᠳᠪᠦᠷᠢᠯᠡᠬᠦ᠎ᠳᠤ ᠬᠡᠷᠡᠭᠰᠡᠬᠦ ᠲᠦᠭᠦᠬᠡᠶ   ᠮᠠᠲ᠋ᠧᠷᠢᠶᠠᠯ ᠪᠣᠯᠤᠨ ᠲᠥᠬᠥᠭᠡᠷᠦᠮᠵᠢ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠴᠢᠨᠠᠷᠲᠠᠶ ᠦᠢ᠍ᠯᠡᠳᠪᠦᠷᠢᠯᠡᠯ ᠠᠮᠢᠳᠤᠷᠠᠯ᠎ᠤᠨ ᠡᠳ᠋ ᠪᠠᠷᠠᠭ᠎ᠠ ᠵᠢ ᠲᠡᠭᠡᠭᠡᠪᠦᠷᠢᠯᠡᠬᠦ ᠰᠠᠭ᠋ᠠᠳ ᠦᠭᠡᠢ   ᠨᠡᠪᠲᠡᠷᠡᠬᠦ ᠵᠠᠮ᠎ᠢ ᠭᠠᠷᠭ᠋ᠠᠬᠣ ᠬᠡᠷᠡᠭᠳᠠᠢ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂   ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂   ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ ᠬᠠᠷᠢᠭᠤᠴᠠᠨ᠎ᠠ)

      ᠬᠣᠶᠠᠷ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠣ ᠬᠡᠷᠩᠳᠠᠢ

    (ᠭᠤᠷᠪᠠ) ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠣ ᠬᠡᠷᠡᠭᠳᠠᠢ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ   ᠵᠣᠬᠢᠴᠠᠭᠤᠯᠵᠤ ᠪᠠᠶ᠋ᠢᠭ᠋ᠠᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠠ ᠬᠢᠵᠢᠭ᠎ᠤᠨ ᠪᠠᠶ᠋ᠢᠳᠠᠯ᠎ᠤᠨ   ᠨᠥᠯᠥᠭᠡ᠎ᠠᠴᠠ ᠪᠣᠯᠵᠤ ᠡᠵᠡᠩᠨᠡᠯᠲᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠵᠢᠵᠢᠭ ᠠᠵᠤ ᠠᠬᠤᠶ᠋ᠢᠯᠠᠯ᠎ᠠᠴᠠ ᠵᠢᠭᠡᠯᠡᠯᠭᠡ ᠲᠠᠲᠠᠬᠤ ᠦᠭᠡᠢ᠂   ᠵᠢᠭᠡᠯᠡᠯᠭᠡ᠎ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠵᠢ ᠳᠠᠷᠤᠬᠤ ᠦᠭᠡᠢ   ᠪᠠᠢ᠌ᠯᠭ᠋ᠠᠵᠣ᠂ ᠬᠤᠭᠤᠴᠠᠭ᠎ᠠ ᠵᠢ ᠤᠷᠲᠤᠳᠬᠠᠬᠤ᠂ ᠡᠬᠡ ᠮᠥᠩᠭᠥ᠎ᠪᠠᠨ ᠪᠤᠴᠠᠭ᠋ᠠᠬᠤ   ᠦᠭᠡᠢ᠎ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠵᠢ ᠳᠠᠬᠢᠨ ᠵᠣᠬᠢᠶᠠᠨ ᠪᠠᠢ᠌ᠭᠣᠯᠬᠣ᠂ ᠬᠤᠭᠤᠴᠠᠭ᠎ᠠ ᠬᠡᠲᠦᠷᠡᠭᠰᠡᠨ ᠬᠦᠤ ᠮᠥᠩᠭᠥ ᠵᠢ   ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠵᠢᠭᠡᠯᠡᠬᠦᠯᠬᠦ ᠶᠣᠰᠣᠲᠠᠶ ᠵᠢ᠎ᠨᠢ ᠴᠢᠳᠠᠬᠣ ᠵᠢᠨ ᠲᠣᠳᠣᠷ᠎ᠠ ᠵᠢᠭᠡᠯᠡᠭᠦᠯᠬᠦ᠂ ᠦᠷᠭᠦᠯᠵᠢᠯᠡᠬᠦ   ᠶᠤᠰᠤᠳᠠᠢ ᠵᠢ᠎ᠨᠢ ᠲᠦᠷᠭᠡᠨ ᠦᠷᠭᠦᠯᠵᠢᠯᠡᠭᠦᠯᠬᠦ ᠵᠢ ᠪᠡᠶᠡᠯᠡᠭᠦᠯᠵᠦ᠂ 2020 ᠣᠨ᠎ᠳᠤ ᠳᠤᠮᠳᠠ ᠵᠢᠵᠢᠭ ᠠᠵᠤ ᠠᠬᠤᠶ᠋ᠢᠯᠠᠯ᠎ᠤᠨ ᠢᠲᠡᠭᠡᠮᠵᠢᠲᠦ ᠵᠢᠭᠡᠯᠡᠯᠭᠡ ᠵᠢᠨ   ᠦᠯᠡᠳᠡᠪᠦᠷᠢ ᠲᠣᠭ᠎ᠠ ᠪᠠᠭᠤᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠣ ᠬᠡᠷᠩᠳᠠᠢ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠵᠢᠯ᠎ᠤᠨ ᠠᠷᠭ᠎ᠠ ᠭᠡᠯᠪᠡᠷᠢ  ᠎ᠪᠠᠨ ᠰᠢᠨᠡᠴᠢᠯᠡᠵᠦ᠂ ᠲᠦᠷᠭᠡᠨ ᠬᠢᠨᠠᠨ ᠵᠥᠪᠰᠢᠶᠡᠷᠡᠵᠦ ᠨᠡᠪᠲᠡᠷᠡᠬᠦᠯᠬᠦ ᠵᠠᠮ᠎ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ ᠣᠷᠳᠣᠪᠳᠣᠷ ᠤᠷᠲᠤ ᠬᠤᠭᠤᠴᠠᠭ᠋ᠠᠨ᠎ᠤ   ᠵᠢᠭᠡᠯᠡᠯᠭᠡ ᠵᠢ ᠨᠡᠮᠡᠭᠳᠡᠭᠦᠯᠵᠦ᠂ ᠵᠢᠭᠡᠯᠡᠯᠭᠡ ᠪᠤᠴᠠᠭ᠋ᠠᠬᠤ ᠬᠤᠭᠤᠴᠠᠭ᠎ᠠ ᠵᠢ ᠵᠣᠬᠢᠰᠲᠠᠶ ᠤᠷᠲᠤᠳᠬᠠᠵᠤ᠂ ᠪᠠᠲᠤᠯᠠᠭ᠎ᠠ ᠵᠢᠨ ᠴᠢᠨᠠᠷᠲᠠᠶ ᠮᠥᠩᠭᠥᠨ ᠭᠦᠢ᠍ᠯᠭᠡᠭᠡᠨ᠎ᠤ   ᠦᠢ᠍ᠯᠡᠴᠢᠯᠡᠭᠡ ᠪᠠ ᠨᠠᠩ ᠢᠯᠡᠭᠦᠦ ᠬᠠᠷᠠᠭ᠋ᠠᠯᠵᠠᠯ ᠦᠵᠡᠭᠦᠯᠬᠦ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠬᠢᠵᠢᠭ᠎ᠤᠨ ᠪᠠᠢ᠍ᠢ᠍ᠳᠠᠯ᠎ᠤᠨ   ᠨᠥᠯᠥᠭᠡ᠎ᠠᠴᠠ ᠪᠣᠯᠵᠤ ᠣᠷᠣᠯᠭ᠎ᠠ ᠵᠢᠨ ᠢᠷᠡᠯᠲᠡ᠎ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ ᠠᠬᠤᠶ᠋ᠢᠯᠠᠯ᠎ᠳᠤ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ   ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠵᠦ᠂ ᠬᠤᠭᠤᠴᠠᠭ᠎ᠠ ᠬᠡᠲᠦᠷᠡᠭᠰᠡᠨ ᠢᠲᠡᠭᠡᠮᠵᠢ ᠵᠢᠨ ᠲᠡᠮᠳᠡᠭᠯᠡᠯ᠎ᠤᠨ ᠮᠡᠳᠡᠭᠦᠯᠦᠨ ᠬᠦᠷᠭᠡᠬᠦ ᠵᠦᠢ᠍ᠯ᠎ᠢ ᠵᠦᠶ ᠵᠣᠬᠢᠰᠲᠠᠶ   ᠲᠣᠬᠢᠷᠠᠭᠤᠯᠬᠤ ᠬᠡᠷᠡᠭᠲᠡᠶ᠃ ᠳᠤᠮᠳᠠ ᠵᠢᠵᠢᠭ ᠠᠵᠤ ᠠᠬᠤᠶ᠋ᠢᠯᠠᠯ᠎ᠤᠨ ᠲᠤᠰᠬᠠᠶ ᠠᠰᠢᠭ᠂ ᠲᠠᠸᠠᠷ᠎ᠤᠨ ᠲᠡᠮᠳᠡᠭ ᠵᠡᠷᠭᠡ ᠮᠡᠳᠡᠯᠭᠡ ᠵᠢᠨ ᠦᠮᠴᠢᠯᠡᠯ᠎ᠤᠨ ᠡᠷᠬᠡ᠎ᠪᠠᠷ   ᠳᠠᠨᠵᠢᠯᠠᠬᠣ᠂ ᠰᠲ᠋ᠣᠺ᠎ᠤᠨ ᠡᠷᠬᠡ᠎ᠪᠠᠷ   ᠳᠠᠨᠵᠢᠯᠠᠵᠣ ᠪᠠᠯᠠ ᠮᠦᠩᠬᠦ ᠴᠤᠬᠯᠠᠭᠤᠯᠬᠤ᠎ᠪᠠᠷ ᠵᠢᠭᠡᠯᠡᠯᠭᠡ ᠠᠪᠬᠣ ᠵᠢ ᠳᠠᠮᠵᠢᠭᠦ ᠬᠡᠷᠩᠳᠠᠢ᠃ (ᠠᠷᠠᠳ᠎ᠤᠨ ᠪᠠᠩᠬᠢ ᠵᠢᠨ   ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ   ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠷᠢᠭᠤᠴᠠᠨ᠎ᠠ)

     (ᠳᠥᠷᠪᠡ) ᠪᠠᠯᠠ ᠮᠦᠩᠬᠦ ᠲᠤᠬᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠣ ᠬᠡᠷᠩᠳᠠᠢ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ   ᠵᠤᠷᠢᠨᠨᠵᠢᠭᠤᠯᠵᠦ ᠪᠠᠢ᠌ᠭ᠋ᠠᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠠ ᠬᠢᠵᠢᠭ᠎ᠤᠨ ᠪᠠᠢ᠍ᠢ᠍ᠳᠠᠯ᠎ᠤᠨ   ᠨᠥᠯᠥᠭᠡ᠎ᠠᠴᠠ ᠪᠣᠯᠵᠤ ᠡᠵᠡᠩᠨᠡᠯᠲᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠵᠢᠵᠢᠭ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢᠨ᠎ᠳᠤ ᠪᠠᠶ᠋ᠢᠬᠤ᠂   ᠡᠮᠴᠢᠯᠡᠭᠡ ᠬᠦᠯᠢᠶᠡᠭᠰᠡᠨ ᠪᠤᠶᠤ ᠲᠤᠰᠠᠭ᠋ᠠᠷᠯᠠᠬᠰᠠᠨ ᠬᠥᠮᠦᠰ᠎ᠲᠤ ᠵᠦᠷᠢᠶᠡᠴᠢᠯᠡᠭᠰᠡᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠯᠭ᠋ᠠᠵᠦ᠂ ᠣᠷᠣᠨ ᠰᠠᠭᠤᠴᠠ ᠵᠢᠨ   ᠪᠠᠷᠢᠴᠠᠭ᠋ᠠᠳᠤ ᠵᠢᠭᠡᠯᠡᠯᠭᠡ᠂ ᠢᠲᠡᠭᠡᠮᠵᠢ ᠵᠢᠨ ᠺᠠᠷᠲ ᠵᠡᠷᠭᠡ ᠬᠤᠪᠢ ᠬᠥᠮᠦᠨ᠎ᠤ ᠢᠲᠡᠭᠡᠮᠵᠢᠲᠦ ᠵᠢᠭᠡᠯᠡᠯᠭᠡ ᠵᠢᠨ ᠵᠣᠭᠣᠰ ᠪᠤᠴᠠᠭ᠋ᠠᠬᠤ ᠴᠠᠭ ᠬᠤᠭᠤᠴᠠᠭ᠎ᠠ᠎ᠳᠤ   ᠭᠦᠮᠦᠯᠢᠭ᠂   ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠳᠡᠢ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠥᠪᠡᠷ᠎ᠤᠨ ᠥᠷᠲᠡᠭ᠎ᠤᠨ   ᠰᠦᠢ᠍ᠳᠬᠡᠯ᠎ᠤᠨ ᠨᠤᠷᠮ᠎ᠠ ᠵᠢ ᠪᠠᠭᠤᠷᠠᠭᠤᠯᠬᠤ᠎ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠵᠢᠭ᠎ᠤᠨ   ᠨᠥᠯᠥᠭᠡ ᠵᠢ ᠨᠡᠯᠢᠶᠡᠳ ᠶᠡᠬᠡ ᠬᠦᠷᠲᠡᠭᠰᠡᠨ ᠳᠤᠮᠳᠠ ᠵᠢᠵᠢᠭ ᠠᠵᠤ ᠠᠬᠤᠶ᠋ᠢᠯᠠᠯ᠎ᠳᠤ ᠤᠤᠯ᠎ᠤᠨ ᠵᠢᠭᠡᠯᠡᠯᠭᠡ ᠵᠢᠨ ᠬᠦᠤ ᠵᠢᠨ ᠨᠣᠷᠮ᠎ᠠ ᠵᠢᠨ ᠲᠦᠪᠰᠢᠨ᠎ᠤ ᠰᠠᠭᠤᠷᠢᠨ   ᠳᠡᠭᠡᠷ᠎ᠡ ᠳᠠᠬᠢᠨ 10%   ᠤᠷᠴᠢᠮ ᠪᠠᠭᠤᠷᠠᠭᠤᠯᠤᠨ᠂ 2020 ᠣᠨ᠎ᠤ ᠪᠠᠯᠠ ᠮᠦᠩᠬᠦ   ᠲᠤᠬᠢᠷᠠᠭᠤᠯᠬᠤ ᠥᠪᠡᠷ᠎ᠤᠨ ᠥᠷᠲᠡᠭ᠎ᠢ ᠳᠡᠭᠡᠭᠰᠢᠯᠡᠭᠦᠯᠬᠦ ᠥᠬᠡᠶ᠂ ᠲᠦᠭᠡᠮᠡᠯ   ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠬᠦᠤ ᠵᠢᠨ ᠨᠣᠷᠮ᠎ᠠ ᠵᠢ  0.5 ᠵᠠᠭᠤᠨ᠎ᠤ ᠴᠡᠭ ᠪᠠᠭᠤᠷᠠᠭᠤᠯᠬᠤ ᠵᠢ ᠦᠨᠡᠨ ᠬᠦ᠌ ᠪᠠᠲᠤᠯᠠᠬᠣ   ᠬᠡᠷᠡᠭᠳᠠᠢ᠃ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠵᠡᠷᠭᠡ ᠰᠠᠯᠠᠭ᠎ᠠ ᠮᠥᠴᠢᠷ᠎ᠠᠴᠠ   ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠬᠡᠷᠡᠭᠴᠡᠭᠡ ᠪᠦᠬᠦᠢ ᠠᠮᠠᠪᠴᠢ᠂ ᠲᠤᠰᠠᠭ᠋ᠠᠷᠯᠠᠬᠤ   ᠬᠣᠪᠴᠠᠰᠣ᠂ ᠠᠷᠢᠭᠤᠳᠬᠠᠬᠤ ᠤᠰᠠᠳᠬᠠᠬᠤ ᠦᠢ᠍ᠯᠡᠳᠬᠦᠨ ᠵᠡᠷᠭᠡ ᠡᠳ᠋ ᠪᠤᠳᠠᠰ᠎ᠤᠨ ᠦᠢ᠍ᠯᠡᠳᠪᠦᠷᠢᠯᠡᠯ᠎ᠤᠨ ᠨᠡᠷᠡᠰ᠎ᠲᠤ ᠵᠢᠭᠰᠠᠭ᠋ᠠᠨ ᠣᠷᠣᠭᠤᠯᠤᠭᠰᠠᠨ ᠠᠵᠤ   ᠠᠬᠤᠶ᠋ᠢᠯᠠᠯ᠎ᠤᠨ ᠵᠢᠭᠡᠯᠡᠯᠭᠡ᠎ᠳᠤ ᠠᠷᠠᠳ᠎ᠤᠨ ᠪᠠᠩᠬᠢ ᠵᠢᠨ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠥᠭᠴᠦ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ   ᠬᠠᠷᠠᠭ᠋ᠠᠯᠵᠠᠯᠲᠤ ᠬᠦᠤ ᠵᠢᠨ ᠨᠣᠷᠮ᠎ᠠ ᠵᠢᠨ ᠢᠲᠡᠭᠡᠮᠵᠢᠲᠦ ᠵᠢᠭᠡᠯᠡᠯᠭᠡ ᠬᠠᠩᠭ᠋ᠠᠬᠤ ᠵᠢ ᠳᠡᠮᠵᠢᠭᠰᠡᠨ ᠰᠠᠭᠤᠷᠢᠨ ᠳᠡᠭᠡᠷ᠎ᠡ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ   ᠠᠷᠠᠳ᠎ᠤᠨ ᠪᠠᠩᠬᠢ ᠵᠢᠨ ᠳᠠᠬᠢᠨ ᠵᠢᠭᠡᠯᠡᠬᠦᠯᠬᠦ ᠵᠢᠭᠡᠯᠡᠯᠭᠡ ᠵᠢᠨ ᠬᠦᠤ ᠵᠢᠨ ᠨᠣᠷᠮ᠎ᠠ ᠵᠢᠨ 50%᠎ᠪᠠᠷ ᠳᠡᠮ ᠬᠦᠤ   ᠦᠭᠭᠦᠨ᠎ᠠ᠂ ᠳᠡᠮ ᠬᠦᠤ ᠥᠭᠬᠦ ᠬᠤᠭᠤᠴᠠᠭ᠎ᠠ ᠵᠢ   ᠵᠠᠷᠴᠢᠮ ᠳᠡᠭᠡᠷ᠎ᠡ᠎ᠪᠠᠨ 1 ᠵᠢᠯ᠎ᠠᠴᠠ ᠬᠡᠲᠦᠷᠡᠭᠦᠯᠬᠦ ᠦᠭᠡᠢ᠃ (ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂   ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ   ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)

     (ᠲᠠᠪᠤ) ᠪᠠᠯᠠ ᠮᠦᠩᠬᠦ ᠲᠤᠬᠢᠷᠠᠭᠤᠯᠬᠤ ᠳᠠᠭ᠋ᠠᠭ᠋ᠠᠯᠲᠠ ᠵᠢᠨ ᠳᠡᠮᠵᠢᠯᠭᠡ ᠵᠢ ᠴᠢᠩᠭ᠋ᠠᠷᠠᠭᠤᠯᠬᠣ ᠬᠡᠷᠡᠭᠳᠠᠢ᠃ ᠪᠠᠯᠠ ᠮᠦᠨᠭᠬᠦ   ᠲᠤᠬᠢᠷᠠᠭᠤᠯᠬᠤ ᠳᠠᠭ᠋ᠠᠭ᠋ᠠᠯᠲᠠ ᠵᠢᠨ   ᠲᠦᠭᠰᠢᠭᠦᠷᠢ ᠵᠢᠨ ᠨᠥᠬᠥᠪᠥᠷᠢ ᠥᠭᠬᠦ ᠡᠷᠴᠢᠮ᠎ᠢ ᠴᠢᠩᠭ᠋ᠠᠷᠠᠭᠤᠯᠵᠤ᠂ ᠪᠠᠯᠠ ᠮᠦᠩᠬᠦ   ᠲᠤᠬᠢᠷᠠᠭᠤᠯᠬᠤ ᠳᠠᠭ᠋ᠠᠭ᠋ᠠᠯᠲᠠ ᠵᠢᠨ ᠺᠣᠮᠫᠠᠨᠢ ᠵᠢᠨ ᠲᠤᠬᠠᠶ ᠵᠢᠨ ᠵᠢᠯ᠎ᠤᠨ   ᠰᠡᠭᠦᠯᠴᠢ ᠵᠢᠨ ᠳᠠᠭ᠋ᠠᠭ᠋ᠠᠯᠲᠠ ᠵᠢᠨ ᠬᠠᠷᠢᠭᠤᠴᠠᠯᠭ᠎ᠠ ᠵᠢᠨ ᠦᠯᠡᠳᠡᠪᠦᠷᠢ   ᠲᠤᠭ᠋ᠠᠨ᠎ᠤ 1%᠎ᠪᠠᠷ ᠲᠦᠭᠰᠢᠭᠦᠷᠢ ᠵᠢᠨ ᠨᠥᠬᠥᠪᠥᠷᠢ ᠣᠯᠭᠣᠨ᠎ᠠ᠃ ᠡᠯ᠎ᠡ ᠱᠠᠲᠤᠨ᠎ᠤ   ᠵᠠᠰᠠᠭ᠎ᠤᠨ ᠣᠷᠳᠣᠨ᠎ᠤ ᠴᠢᠨᠠᠷᠲᠠᠶ ᠪᠡᠯᠡ ᠮᠦᠩᠬᠦ ᠲᠤᠬᠢᠷᠠᠭᠤᠯᠬᠤ ᠳᠠᠭ᠋ᠠᠭ᠋ᠠᠯᠲᠠ ᠬᠢᠬᠦ᠂ ᠳᠠᠬᠢᠨᠳᠠ ᠲᠠᠭ᠋ᠠᠭ᠋ᠠᠯᠲᠠ ᠬᠢᠬᠦ ᠪᠠᠶ᠋ᠢᠭᠤᠯᠤᠮᠵᠢ ᠵᠢᠨ ᠭᠡᠳᠡᠷᠭᠦ ᠳᠠᠭ᠋ᠠᠭ᠋ᠠᠯᠲᠠ ᠬᠢᠬᠦ   ᠱᠠᠭ᠋ᠠᠷᠳᠠᠯᠭ᠎ᠠ ᠵᠢ ᠬᠦᠴᠦᠨ ᠦᠭᠡᠢ ᠪᠣᠯᠭ᠋ᠠᠬᠤ ᠵᠢ ᠵᠣᠷᠢᠭᠵᠢᠭᠤᠯᠵᠤ᠂ ᠳᠠᠭ᠋ᠠᠭ᠋ᠠᠯᠲᠠ ᠬᠢᠬᠦ ᠪᠠ ᠳᠠᠬᠢᠨ ᠳᠠᠭ᠋ᠠᠭ᠋ᠠᠯᠲᠠ ᠬᠢᠬᠦ ᠵᠠᠷᠤᠳᠠᠯ᠎ᠤᠨ ᠨᠣᠷᠮ᠎ᠠ ᠵᠢ ᠪᠠᠭᠤᠷᠠᠭᠤᠯᠤᠨ᠎ᠠ᠃   ᠲᠦᠷ ᠴᠠᠭ᠎ᠲᠤ ᠵᠣᠭᠣᠰ ᠵᠶ᠋ᠠᠨ ᠪᠤᠴᠠᠭ᠋ᠠᠬᠤ ᠲᠡᠩᠭᠡᠭᠡ ᠦᠭᠡᠢ ᠳᠤᠮᠳᠠ ᠵᠢᠵᠢᠭ ᠠᠵᠤ ᠠᠬᠤᠶ᠋ᠢᠯᠠᠯ᠎ᠳᠤ᠂ ᠪᠡᠯᠡ ᠮᠦᠩᠬᠦ   ᠲᠤᠬᠢᠷᠠᠭᠤᠯᠬᠤ ᠳᠠᠭ᠋ᠠᠭ᠋ᠠᠯᠲᠠ ᠵᠢᠨ   ᠦᠢ᠍ᠯᠡᠴᠢᠯᠡᠭᠡ ᠬᠠᠩᠭ᠋ᠠᠵᠤ ᠪᠠᠶ᠋ᠢᠭ᠎ᠠ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠴᠢᠨᠠᠷᠲᠠᠶ ᠪᠡᠯᠡ ᠮᠦᠩᠬᠦ   ᠲᠤᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ᠎ᠨᠤᠭᠤᠳ   ᠣᠷᠣᠯᠠᠨ ᠲᠥᠯᠥᠬᠦ ᠡᠭᠦᠷᠭᠡ᠎ᠪᠠᠨ ᠴᠠᠭ ᠲᠤᠬᠠᠶ᠎ᠳᠤ᠎ᠨᠢ ᠭᠦᠢ᠍ᠴᠡᠳᠬᠡᠵᠦ᠂ ᠬᠢᠵᠢᠭ᠎ᠤᠨ   ᠨᠥᠯᠥᠭᠡ ᠵᠢᠨ ᠪᠠᠶ᠋ᠢᠳᠠᠯ᠎ᠢ ᠦᠨᠳᠦᠰᠦᠯᠡᠵᠦ ᠨᠡᠬᠡᠮᠵᠢᠯᠨᠨ ᠲᠥᠯᠥᠭᠦᠯᠬᠦ ᠴᠠᠭ   ᠬᠤᠭᠤᠴᠠᠭ᠎ᠠ ᠵᠢ ᠵᠣᠬᠢᠰᠲᠠᠶ ᠤᠷᠲᠤᠳᠬᠠᠵᠤ᠂ ᠲᠠᠩᠰᠠᠨ᠎ᠠᠴᠠ ᠬᠢᠨᠠᠵᠦ ᠭᠠᠷᠭ᠋ᠠᠬᠤ ᠨᠥᠬᠥᠴᠡᠯ᠎ᠳᠤ ᠨᠡᠶ᠋ᠢᠴᠡᠭᠰᠡᠨ ᠪᠠᠢ᠌ᠪᠠᠯ᠂ ᠲᠣᠭᠲᠠᠭ᠋ᠠᠯ ᠶᠣᠰᠣᠭ᠋ᠠᠷ ᠲᠠᠩᠰᠠᠨ᠎ᠠᠴᠠ   ᠬᠢᠨᠠᠨ ᠭᠠᠷᠭ᠋ᠠᠵᠦ   ᠬᠤᠬᠢᠷᠡᠯ᠎ᠢ᠎ᠨᠢ ᠣᠷᠣᠯᠠᠨ ᠲᠦᠯᠦᠬᠦ ᠬᠡᠷᠡᠭᠳᠠᠢ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ   ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠲᠢᠩᠬᠢᠮ᠂ ᠠᠷᠠᠳ᠎ᠤᠨ ᠪᠠᠩᠬᠢ ᠵᠢᠨ   ᠬᠥᠬᠡᠬᠣᠲᠠ ᠲᠥᠪ ᠰᠠᠯᠪᠤᠷᠢ ᠪᠠᠩᠬᠢ ᠬᠠᠷᠢᠭᠤᠴᠠᠨ᠎ᠠ)

      (ᠵᠢᠷᠭᠤᠭ᠎ᠠ)   ᠦᠢ᠍ᠯᠡᠰ   ᠴᠤᠨᠨᠴᠠᠯᠠᠬᠤ ᠳᠠᠭ᠋ᠠᠭ᠋ᠠᠯᠲᠠ ᠵᠢᠨ ᠳᠡᠮᠵᠢᠯᠭᠡ ᠵᠢ ᠴᠢᠩᠭ᠋ᠠᠷᠠᠭᠤᠯᠬᠣ ᠬᠡᠷᠡᠭᠳᠠᠢ᠃ ᠬᠢᠵᠢᠭ᠎ᠤᠨ ᠪᠠᠢ᠍ᠢ᠍ᠳᠠᠯ᠎ᠳᠤ ᠨᠡᠯᠢᠶᠡᠳ ᠶᠡᠬᠡ   ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶ᠋ᠢᠯᠠᠯ ᠪᠣᠯᠤᠨ ᠬᠤᠪᠢ ᠬᠥᠮᠦᠨ᠎ᠳᠠᠬᠢ ᠦᠢ᠍ᠯᠡᠰ ᠴᠤᠨᠨᠴᠠᠯᠠᠬᠤ ᠲᠠᠭ᠋ᠠᠭ᠋ᠠᠯᠲᠠᠳᠤ ᠵᠢᠭᠡᠯᠡᠯᠭᠡ ᠵᠢᠨ ᠳᠡᠮ ᠬᠦᠤ ᠵᠢᠨ   ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠨᠢᠭᠡᠨᠲᠡ ᠲᠠᠷᠬᠠᠭ᠋ᠠᠭᠰᠠᠨ ᠦᠢ᠍ᠯᠡᠰ   ᠴᠤᠨᠨᠴᠠᠯᠠᠬᠤ ᠳᠠᠭ᠋ᠠᠭ᠋ᠠᠯᠲᠠ ᠵᠢᠨ ᠵᠢᠭᠡᠯᠡᠯᠭᠡ᠎ᠳᠤ᠂ ᠵᠣᠭᠣᠰ ᠵᠢᠭᠡᠯᠡᠭᠴᠢ᠎ᠨᠢ ᠰᠢᠨ᠎ᠡ   ᠬᠡᠯᠪᠡᠷᠢ ᠵᠢᠨ ᠲᠢᠲᠢᠮᠯᠢᠭ ᠸᠢᠷᠦ᠋ᠰ᠎ᠠᠴᠠ ᠬᠠᠯᠳᠠᠪᠣᠷᠢᠯᠠᠭᠰᠠᠨ ᠠᠭᠤᠰᠬᠢᠨ   ᠦᠷᠪᠢᠰᠦᠯ᠎ᠳᠤ ᠨᠡᠷᠪᠡᠭᠳᠡᠭᠰᠡᠨ ᠪᠠᠢ᠌ᠪᠡᠯ᠂ ᠵᠢᠭᠡᠯᠡᠯᠭᠡ ᠵᠢᠨ ᠪᠠᠩᠬᠢ᠎ᠳᠤ ᠬᠤᠭᠤᠴᠠᠭ᠎ᠠ   ᠤᠷᠲᠤᠳᠬᠠᠨ ᠵᠣᠭᠣᠰ ᠪᠤᠴᠠᠭ᠋ᠠᠬᠤ᠎ᠪᠠᠷ ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ 1 ᠵᠢᠯ ᠪᠠᠶ᠋ᠢᠵᠤ᠂ ᠡᠳ᠋᠎ᠤᠨ ᠵᠠᠰᠠᠭ᠎ᠤᠨ   ᠰᠠᠯᠠᠭ᠎ᠠ ᠮᠥᠴᠢᠷ᠎ᠠᠴᠠ ᠳᠠᠮ ᠬᠦᠤ ᠥᠭᠬᠦ ᠳᠡᠮᠵᠢᠯᠭᠡ ᠦᠵᠡᠭᠦᠯᠣᠨ᠎ᠠ᠃ ᠬᠢᠵᠢᠭ᠎ᠤᠨ ᠪᠠᠢ᠍ᠢ᠍ᠳᠠᠯ᠎ᠤᠨ ᠨᠥᠯᠥᠭᠡ᠎ᠠᠴᠠ ᠪᠣᠯᠵᠤ ᠣᠷᠣᠯᠭ᠎ᠠ ᠵᠢᠨ ᠢᠷᠡᠯᠲᠡ᠎ᠪᠠᠨ ᠲᠦᠷ   ᠠᠯᠳᠠᠭᠰᠠᠨ ᠳᠤᠮᠳᠠ   ᠵᠢᠵᠢᠭ ᠠᠵᠤ ᠠᠬᠤᠶ᠋ᠢᠯᠠᠯ ᠪᠣᠯᠤᠨ ᠬᠤᠪᠢ ᠬᠥᠮᠦᠨ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ   ᠪᠠ ᠨᠡᠶ᠋ᠢᠭᠡᠮ᠎ᠤᠨ ᠪᠠᠲᠤᠯᠠᠭ᠎ᠠ᠂ ᠠᠷᠠᠳ᠎ᠤᠨ ᠪᠠᠩᠬᠢ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠵᠣ   ᠲᠡᠭᠦᠨ᠎ᠳᠤ ᠦᠢ᠍ᠯᠡᠰ ᠴᠤᠨᠨᠴᠠᠯᠠᠬᠤ ᠲᠠᠭ᠋ᠠᠭ᠋ᠠᠯᠲᠠᠲᠤ ᠵᠢᠭᠡᠯᠡᠯᠭᠡ ᠭᠤᠶᠤᠴᠢᠯᠠᠬᠤ᠎ᠳᠤ ᠡᠩ ᠲᠡᠷᠢᠭᠦᠨ᠎ᠳᠤ ᠳᠡᠮ ᠬᠦᠤ ᠵᠢᠨ ᠳᠡᠮᠵᠢᠯᠭᠡ ᠦᠵᠡᠭᠦᠯᠬᠦ ᠬᠡᠷᠡᠭᠲᠡᠶ᠃ (  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ   ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ   ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠬᠠᠷᠢᠭᠤᠴᠠᠨ᠎ᠠ)

      (ᠳᠣᠯᠣᠭ᠎ᠠ) ᠡᠳ᠋᠎ᠤᠨ ᠵᠠᠰᠠᠭ᠎ᠤᠨ ᠪᠡᠯᠡ   ᠮᠦᠩᠬᠦᠨ᠎ᠤ ᠳᠡᠮᠵᠢᠯᠭᠡ ᠵᠢ ᠨᠡᠮᠡᠭᠳᠡᠭᠦᠯᠭᠦ ᠬᠡᠷᠡᠭᠳᠠᠢ᠃ ᠡᠳ᠋᠎ᠤᠨ ᠵᠠᠰᠠᠭ᠎ᠤᠨ ᠴᠢᠨᠠᠷᠲᠠᠶ ᠲᠤᠰᠬᠠᠶ ᠵᠦᠢ᠍ᠯ᠎ᠤᠨ ᠪᠡᠯᠡ   ᠮᠥᠩᠭᠥ ᠵᠢ ᠤᠷᠢᠳᠴᠢᠯᠠᠨ ᠪᠠᠭᠤᠯᠭ᠋ᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠎ᠨᠢ 2020 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ 《  ᠳᠠᠭ᠋ᠠᠳᠬᠠᠯ᠎ᠤᠨ ᠮᠦᠨᠭᠬᠦ ᠵᠢ ᠲᠤᠰᠠᠯᠠᠬᠤ ᠵᠢᠭᠡᠯᠡᠯᠭᠡ》 ᠪᠠᠭᠤᠯᠭ᠋ᠠᠬᠤ ᠪᠠ 《ᠲᠤᠰᠬᠠᠶ ᠰᠢᠯᠢᠳᠡᠭ ᠣᠨᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠎ᠢ ᠲᠡᠳᠬᠦᠬᠦ   ᠪᠡᠯᠡ ᠮᠥᠩᠭᠥ ᠵᠢ ᠪᠡᠯᠡᠳᠭᠡᠵᠦ ᠪᠦᠷᠢᠯᠳᠦᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 1 ᠳ᠋ᠦᠩᠰᠢᠭᠤᠷ ᠲᠥᠭᠥᠷᠢᠭ᠎ᠤᠨ ᠲᠤᠰᠬᠠᠶ   ᠵᠦᠢ᠍ᠯ᠎ᠤᠨ ᠪᠡᠯᠡ ᠮᠥᠩᠭᠥ ᠲᠣᠬᠢᠷᠠᠭᠣᠯᠵᠣ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠡᠳ᠋ ᠪᠤᠳᠠᠰ ᠬᠤᠳᠠᠯᠳᠤᠨ   ᠠᠪᠬᠤ ᠪᠠ ᠦᠢ᠍ᠯᠡᠳᠪᠦᠷᠢᠯᠡᠬᠦ ᠵᠢ ᠪᠠᠳᠣᠯᠠᠬᠣ᠂ ᠬᠢᠵᠢᠭ᠎ᠤᠨ ᠪᠠᠢ᠍ᠢ᠍ᠳᠠᠯ᠎ᠢ ᠰᠡᠷᠭᠡᠶ᠋ᠢᠯᠡᠨ ᠡᠵᠡᠮᠳᠡᠬᠦ   ᠶᠠᠪᠤᠴᠠ᠎ᠳᠤ ᠨᠡᠶ᠋ᠢᠭᠡᠮ᠎ᠤᠨ ᠬᠠᠷᠢᠭᠤᠴᠠᠯᠭ᠎ᠠ ᠵᠢ   ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠭᠰᠡᠨ ᠪᠠ ᠬᠤᠪᠢ ᠨᠡᠮᠡᠷᠢ ᠲᠣᠪᠣᠶ᠋ᠢᠮ᠎ᠠ ᠬᠠᠮᠢᠶ᠎ᠠ ᠪᠦᠬᠦᠢ ᠠᠵᠤ ᠠᠬᠤᠶ᠋ᠢᠯᠠᠯ᠎ᠢ ᠱᠠᠩᠨᠠᠬᠤ᠎ᠳᠤ ᠬᠡᠷᠡᠭᠯᠡᠨ᠎ᠡ᠃ (ᠥᠪᠡᠷᠲᠡᠭᠡᠨ ᠵᠠᠰᠠᠬᠤ   ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂   ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ   ᠪᠠᠶ᠋ᠢᠭᠤᠯᠤᠯᠲᠠ ᠵᠢᠨ ᠲᠢᠩᠬᠢᠮ᠂   ᠠᠵᠦ ᠦᠢ᠍ᠯᠡᠳᠪᠦᠷᠢ ᠬᠤᠳᠠᠯᠳᠤᠭ᠋ᠠᠨ᠎ᠤ   ᠬᠤᠯᠪᠤᠭ᠋ᠠᠳᠤ ᠬᠤᠷᠠᠯ ᠬᠠᠷᠢᠭᠤᠴᠠᠨ᠎ᠠ)

      ᠭᠤᠷᠪᠠ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠭᠦ ᠬᠡᠷᠡᠭᠳᠠᠢ

     (ᠨᠠᠢ᠍ᠮᠠ) ᠭᠠᠶ᠋ᠢᠯᠢ ᠵᠢᠨ ᠵᠣᠭᠣᠰ᠎ᠢ ᠬᠠᠰᠤᠵᠤ ᠬᠡᠯᠲᠦᠷᠢᠭᠦᠯᠬᠦ ᠪᠠ ᠬᠣᠶ᠋ᠢᠰᠢᠯᠠᠭᠤᠯᠤᠨ ᠲᠤᠰᠢᠶᠠᠨ᠎ᠠ᠃ ᠬᠢᠵᠢᠭ᠎ᠤᠨ ᠪᠠᠢ᠍ᠢ᠍ᠳᠠᠯ᠎ᠤᠨ ᠨᠥᠯᠥᠭᠡ᠎ᠠᠴᠠ ᠪᠣᠯᠵᠤ   ᠮᠡᠳᠡᠭᠦᠯᠬᠦ᠎ᠳᠤ ᠬᠦᠴᠢᠷᠲᠡᠶ᠂ ᠭᠠᠶ᠋ᠢᠯᠢ ᠵᠢᠨ ᠵᠣᠭᠣᠰ ᠵᠶ᠋ᠡᠨ ᠬᠤᠭᠤᠴᠠᠭ᠎ᠠ ᠶᠣᠰᠣᠭ᠋ᠠᠷ ᠲᠤᠰᠢᠶᠠᠬᠤ᠎ᠳᠤ ᠬᠦᠴᠢᠷᠲᠡᠶ ᠳᠤᠮᠳᠠ ᠵᠢᠵᠢᠭ ᠠᠵᠤ ᠠᠬᠤᠶ᠋ᠢᠯᠠᠯ᠎ᠳᠤ ᠪᠣᠯ   ᠭᠤᠶᠤᠴᠢᠯᠠᠯ ᠵᠶ᠋ᠠᠷ᠎ᠨᠢ ᠭᠠᠶ᠋ᠢᠯᠢ ᠵᠢᠨ ᠵᠤᠭᠤᠰ ᠵᠶ᠋ᠠᠨ ᠬᠣᠶ᠋ᠢᠰᠢᠯᠠᠭᠤᠯᠤᠨ ᠮᠡᠳᠡᠭᠦᠯᠬᠦ ᠪᠠ ᠬᠣᠶ᠋ᠢᠰᠢᠯᠠᠭᠤᠯᠤᠨ ᠲᠤᠰᠢᠶᠠᠬᠤ ᠵᠢ ᠬᠠᠤᠯᠢ ᠶᠣᠰᠣᠭ᠋ᠠᠷ ᠭᠦᠢ᠍ᠴᠡᠳᠬᠡᠨ᠎ᠡ᠂   ᠭᠠᠶ᠋ᠢᠯᠢ ᠵᠢᠨ ᠵᠤᠭᠤᠰ ᠵᠶ᠋ᠠᠨ ᠬᠣᠶ᠋ᠢᠰᠢᠯᠠᠭᠤᠯᠤᠨ ᠲᠤᠰᠢᠶᠠᠬᠤ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ 3 ᠰᠠᠷ᠎ᠠ ᠪᠣᠯᠤᠨ᠎ᠠ᠃ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ   ᠪᠤᠯᠵᠦ ᠬᠦᠨᠳᠦ ᠶᠡᠬᠡ ᠬᠣᠬᠢᠷᠠᠯ ᠭᠠᠷᠤᠬᠰᠠᠨ᠂ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠨᠢ ᠬᠦᠨᠳᠦ ᠶᠡᠬᠡ ᠨᠥᠯᠥᠭᠡ᠎ᠳᠤ ᠤᠴᠠᠷᠠᠭᠰᠠᠨ ᠳᠤᠮᠳᠠ   ᠵᠢᠵᠢᠭ ᠠᠵᠤ ᠠᠬᠤᠶ᠋ᠢᠯᠠᠯ᠎ᠤᠨ ᠭᠡᠷ ᠬᠥᠷᠥᠩᠭᠡ ᠵᠢᠨ ᠭᠠᠶ᠋ᠢᠯᠢ ᠪᠣᠯᠤᠨ ᠬᠣᠲᠠ ᠪᠠᠯᠭ᠋ᠠᠰᠤᠨ᠎ᠤ ᠭᠠᠵᠠᠷ ᠰᠢᠷᠣᠶ ᠬᠡᠷᠡᠭᠯᠡᠬᠦ ᠭᠠᠶ᠋ᠢᠯᠢ ᠵᠢᠨ ᠬᠡᠰᠡᠭ᠎ᠢ ᠪᠤᠶᠤ ᠪᠦᠬᠦᠨ᠎ᠢ   ᠬᠠᠰᠤᠵᠤ ᠬᠡᠯᠲᠦᠷᠢᠭᠦᠯᠭᠦ ᠬᠡᠷᠡᠭᠳᠠᠢ᠃ (ᠥᠪᠥᠷ ᠮᠣᠩᠭᠣᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ   ᠲᠢᠩᠬᠢᠮ ᠬᠠᠷᠢᠭᠤᠴᠠᠨ᠎ᠠ)

      (ᠶᠢᠰᠦ) ᠵᠣᠬᠢᠬᠤ ᠬᠤᠭᠤᠴᠠᠭ᠋ᠠᠨ᠎ᠤ ᠲᠦᠷᠢᠶᠡᠰᠦᠨ ᠮᠥᠩᠭᠥ ᠵᠢ ᠬᠠᠰᠤᠵᠤ ᠬᠡᠯᠲᠦᠷᠢᠭᠦᠯᠭᠦ ᠬᠡᠷᠡᠭᠳᠠᠢ᠃ ᠤᠯᠤᠰ᠎ᠤᠨ ᠥᠮᠴᠢᠯᠡᠯᠳᠣ ᠡᠳ᠋ ᠬᠥᠷᠥᠩᠭᠡ ᠵᠢᠨ   ᠲᠥᠷᠥᠯ᠎ᠤᠨ ᠡᠵᠡᠩᠨᠡᠯᠳᠠ᠎ᠳᠤ ᠬᠡᠷᠩᠯᠡᠭᠦ ᠭᠡᠷ ᠪᠠᠶ᠋ᠢᠰᠢᠩ᠎ᠢ ᠳᠠᠭ᠋ᠠᠭ᠋ᠠᠴᠢᠯᠠᠨ ᠲᠦᠷᠢᠶᠡᠰᠦᠯᠡᠵᠣ   ᠪᠠᠢ᠌ᠭ᠎ᠠ ᠳᠤᠮᠳᠠ ᠵᠢᠵᠢᠭ ᠠᠵᠤ ᠠᠬᠤᠶ᠋ᠢᠯᠠᠯ᠎ᠠᠴᠠ 2 ᠰᠠᠷ᠎ᠠ ᠵᠢᠨ   ᠭᠡᠷ᠎ᠤᠨ ᠲᠦᠷᠢᠶᠡᠰᠣ ᠬᠤᠷᠢᠶᠠᠬᠤ ᠦᠭᠡᠢ᠃ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠲᠠᠭᠲᠤ᠂ ᠬᠤᠳᠠᠯᠳᠤᠭ᠋ᠠᠨ᠎ᠤ ᠲᠠᠯᠠᠪᠤᠷ᠂ ᠵᠠᠬ᠎ᠠ   ᠳᠡᠯᠭᠡᠭᠦᠷ᠎ᠤᠨ ᠡᠵᠡᠩᠨᠡᠯᠲᠡ ᠵᠢᠨ ᠲᠠᠯ᠎ᠠ ᠵᠢᠨ᠎ᠬᠢᠨ᠎ᠤ ᠳᠤᠮᠳᠠ ᠵᠢᠵᠢᠭ ᠠᠵᠤ ᠠᠬᠤᠶ᠋ᠢᠯᠠᠯ᠎ᠤᠨ ᠲᠦᠷᠢᠶᠡᠰᠦᠯᠡᠭᠰᠡᠨ ᠡᠷᠦᠬᠡ ᠵᠢ ᠬᠢᠵᠢᠭ᠎ᠤᠨ ᠪᠠᠶ᠋ᠢᠳᠠᠯ᠎ᠤᠨ   ᠬᠤᠭᠤᠴᠠᠭ᠋ᠠᠨ᠎ᠤ ᠲᠦᠷᠢᠶᠡᠰᠦᠨ ᠮᠥᠩᠭᠥ᠎ᠠᠴᠠ ᠵᠣᠬᠢᠬᠤ ᠬᠡᠮᠵᠢᠶ᠎ᠡ᠎ᠪᠠᠷ ᠬᠠᠰᠤᠵᠤ ᠬᠡᠯᠲᠦᠷᠢᠭᠦᠯᠬᠦ ᠵᠢ᠎ᠨᠢ ᠵᠣᠷᠢᠭᠵᠢᠭᠤᠯᠵᠤ᠂ ᠡᠯ᠎ᠡ ᠭᠠᠵᠠᠷ ᠣᠷᠣᠨ᠎ᠤ᠎ᠬᠢᠨ   ᠲᠦᠷᠢᠶᠡᠰᠦᠨ ᠮᠥᠩᠭᠥ ᠵᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ ᠠᠬᠤᠢ᠍ᠢ᠍ᠯᠠᠯ᠎ᠳᠤ ᠵᠣᠬᠢᠬᠤ ᠬᠡᠮᠵᠢᠶᠡᠨ᠎ᠤ ᠡᠳ᠋᠎ᠤᠨ   ᠵᠠᠰᠠᠬ᠎ᠤᠨ ᠨᠥᠬᠥᠪᠥᠷᠢ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ ᠪᠣᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠳᠣ ᠡᠳ᠋   ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠡᠳ᠋᠎ᠤᠨ ᠵᠠᠰᠠᠬ᠎ᠤᠨ ᠲᠢᠩᠬᠢᠮ᠂ ᠠᠵᠦ ᠦᠢ᠍ᠯᠡᠳᠪᠦᠷᠢ ᠬᠤᠳᠠᠯᠳᠤᠭ᠋ᠠᠨ᠎ᠤ   ᠬᠤᠯᠪᠤᠭ᠋ᠠᠳᠤ ᠬᠤᠷᠠᠯ᠂   ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ   ᠲᠢᠩᠬᠢᠮ ᠬᠠᠷᠢᠭᠤᠴᠠᠨ᠎ᠠ)

     (ᠠᠷᠪᠠ) ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠠᠭᠤᠷᠠᠭᠤᠯᠬᠤ ᠪᠠ ᠬᠣᠶ᠋ᠢᠰᠢᠯᠠᠭᠤᠯᠤᠨ ᠲᠤᠰᠢᠶᠠᠨ᠎ᠠ᠃ ᠠᠵᠢᠯ ᠠᠯᠳᠠᠬᠰᠡᠳ᠎ᠤᠨ ᠳᠠᠭ᠋ᠠᠳᠬᠠᠯ ᠵᠶ᠋ᠠᠷ   ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠢᠯᠲᠠᠨ ᠵᠶ᠋ᠠᠨ ᠬᠠᠰᠤᠬᠤ ᠥᠬᠡᠶ   ᠪᠤᠶᠤ ᠠᠵᠢᠯᠲᠠᠨ ᠴᠥᠭᠡᠨ ᠬᠠᠰᠤᠭᠰᠠᠨ ᠳᠠᠭ᠋ᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠤᠨ ᠳᠡᠭᠡᠷ᠎ᠡ ᠵᠢᠯ᠎ᠤᠨ ᠪᠣᠳᠠᠲᠠᠶ ᠲᠤᠰᠢᠶᠠᠭᠰᠠᠨ ᠠᠵᠢᠯ ᠠᠯᠳᠠᠬᠰᠡᠳ᠎ᠤᠨ   ᠳᠠᠭ᠋ᠠᠳᠬᠠᠯ᠎ᠤᠨ ᠰᠦᠢ᠍ᠳᠬᠡᠯ᠎ᠤᠨ 50% ᠵᠢ᠎ᠨᠢ ᠪᠤᠴᠠᠭ᠋ᠠᠵᠤ ᠪᠣᠯᠤᠨ᠎ᠠ; ᠲᠦᠷ ᠴᠠᠭ᠎ᠤᠨ ᠴᠢᠨᠠᠷᠲᠠᠶ ᠡᠵᠡᠩᠨᠡᠯᠲᠡ ᠵᠢᠨ ᠬᠦᠴᠢᠷᠳᠡᠯ᠎ᠳᠤ ᠲᠤᠯᠭ᠋ᠠᠷᠠᠭᠰᠠᠨ ᠳᠤᠮᠳᠠ   ᠵᠢᠵᠢᠭ ᠠᠵᠤ ᠠᠬᠤᠶ᠋ᠢᠯᠠᠯ᠎ᠤᠨ ᠪᠤᠴᠠᠭ᠋ᠠᠬᠤ ᠪᠠᠷᠢᠮᠵᠢᠶ᠎ᠠ ᠵᠢ ᠳᠡᠭᠡᠷ᠎ᠡ ᠵᠢᠯ᠎ᠤᠨ 6 ᠰᠠᠷ᠎ᠠ ᠵᠢᠨ ᠠᠵᠤ ᠠᠬᠤᠶ᠋ᠢᠯᠠᠯ ᠵᠢᠴᠢ ᠠᠵᠢᠯᠲᠠᠨ ᠠᠵᠢᠯᠴᠢᠨ᠎ᠤ ᠲᠤᠰᠢᠶᠠᠬᠰᠠᠨ   ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ 50% ᠬᠦᠷᠲᠡᠯ᠎ᠡ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ ᠤᠯᠤᠰ᠎ᠤᠨ   ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠣᠭᠲᠠᠭ᠋ᠠᠬᠣ ᠬᠡᠷᠡᠭᠳᠠᠢ᠃ ᠠᠵᠢᠯ᠎ᠠᠴᠠ ᠪᠤᠯᠤᠬᠰᠠᠨ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ   ᠦᠷᠭᠦᠯᠵᠢᠯᠡᠨ ᠱᠠᠲᠤᠴᠢ ᠴᠢᠨᠠᠷᠲᠠᠶ᠎ᠪᠠᠷ 2021 ᠣᠨ᠎ᠤ 4   ᠳ᠋ᠤᠬᠡᠷ ᠰᠠᠷ᠎ᠠ ᠵᠢᠨ 30᠎ᠤ ᠡᠳᠦᠷ ᠪᠣᠯᠳᠠᠯ᠎ᠠ ᠪᠠᠭᠤᠷᠠᠭᠤᠯᠤᠨ᠎ᠠ᠃ ᠳᠤᠮᠳᠠ ᠵᠢᠵᠢᠭ ᠠᠵᠤ   ᠠᠬᠤᠶ᠋ᠢᠯᠠᠯ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠤᠭᠤᠴᠠᠭ᠎ᠠ ᠵᠢ ᠤᠷᠲᠤᠳᠬᠠᠵᠤ᠂ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠤᠯᠵᠤ   ᠡᠵᠡᠩᠨᠡᠯᠲᠡ ᠵᠢᠨ ᠲᠠᠯ᠎ᠠ᠎ᠪᠠᠷ ᠲᠦᠷ ᠴᠠᠭ ᠬᠦᠴᠢᠷᠳᠡᠯ᠎ᠳᠤ ᠲᠣᠯᠭ᠋ᠠᠷᠠᠭᠰᠠᠨ ᠪᠠᠶ᠋ᠢᠪᠠᠯ᠂ ᠠᠵᠢᠯ ᠠᠯᠳᠠᠬᠰᠡᠳ᠎ᠤᠨ ᠳᠠᠭ᠋ᠠᠳᠬᠠᠯ᠎ᠤᠨ ᠰᠦᠢ᠍ᠳᠬᠡᠯ ᠪᠠ ᠠᠵᠢᠯ᠎ᠠᠴᠠ   ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ 6 ᠰᠠᠷ᠎ᠠ ᠬᠣᠶ᠋ᠢᠰᠢᠯᠠᠭᠤᠯᠤᠨ ᠲᠤᠰᠢᠶᠠᠵᠤ ᠪᠣᠯᠤᠨ᠎ᠠ; ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠬᠡ   ᠨᠥᠯᠥᠭᠡᠯᠡᠭᠳᠡᠭᠰᠡᠨ ᠪᠠᠶ᠋ᠢᠪᠠᠯ᠂ ᠲᠤᠰᠢᠶᠠᠬᠤ ᠶᠣᠰᠣᠲᠠᠶ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠲᠠᠲᠠᠪᠤᠷᠢᠯᠠᠬᠤ ᠬᠤᠭᠤᠴᠠᠭ᠎ᠠ ᠵᠢ 9 ᠳ᠋ᠤᠬᠡᠷ ᠰᠠᠷ᠎ᠠ ᠵᠢᠨ   ᠰᠡᠭᠦᠯᠴᠢ ᠪᠣᠯᠲᠠᠯ᠎ᠠ ᠤᠷᠲᠤᠳᠬᠠᠵᠤ ᠪᠣᠯᠤᠨ᠎ᠠ; ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠬᠤᠭᠤᠴᠠᠭ᠎ᠠ ᠬᠡᠲᠦᠷᠡᠭᠦᠯᠦᠨ   ᠲᠤᠰᠢᠶᠠᠨᠨᠰᠠᠨ ᠪᠠᠢ᠌ᠪᠠᠯ᠂ ᠡᠯ᠎ᠡ   ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠦᠯᠦᠨ ᠳᠠᠩᠰᠠᠯᠠᠭᠤᠯᠤᠭᠰᠠᠨ᠎ᠤ ᠳᠠᠷᠠᠭ᠎ᠠ᠂ ᠬᠤᠭᠤᠴᠠᠭ᠎ᠠ   ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠥ ᠵᠢ ᠪᠣᠳᠣᠵᠤ ᠬᠤᠷᠢᠶᠠᠬᠤ ᠦᠭᠡᠢ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠬᠤᠪᠢ ᠬᠥᠮᠦᠨ᠎ᠤ   ᠡᠷᠬᠡ ᠠᠰᠢᠭ᠎ᠤᠨ ᠲᠡᠮᠳᠡᠭᠯᠡᠯ᠎ᠢ ᠨᠥᠯᠥᠭᠡᠯᠡᠬᠦ ᠦᠭᠡᠢ᠂ ᠬᠠᠮᠢᠶ᠎ᠠ ᠪᠦᠬᠦᠢ ᠨᠥᠬᠥᠵᠦ ᠲᠤᠰᠢᠶᠠᠬᠤ ᠭᠠᠷᠳᠠᠮ᠎ᠢ ᠬᠢᠵᠢᠭ᠎ᠤᠨ ᠪᠠᠶ᠋ᠢᠳᠠᠯ᠎ᠢ   ᠲᠠᠢ᠌ᠯᠤᠨᠨᠰᠠᠨ᠎ᠤ ᠳᠠᠷᠠᠭ᠎ᠠ 3   ᠰᠠᠷ᠎ᠠ ᠵᠢᠨ ᠳᠣᠲᠣᠷ᠎ᠠ ᠪᠡᠶᠡᠯᠡᠭᠦᠯᠵᠦ ᠪᠣᠯᠤᠨ᠎ᠠ᠃ ᠴᠠᠬ  ᠎ᠲᠠᠭᠠᠨ ᠳᠠᠭ᠋ᠠᠳᠬᠠᠯ᠎ᠳᠤ ᠣᠷᠣᠯᠴᠠᠬᠤ   ᠲᠠᠩᠰᠠᠯᠠᠯ   ᠭᠦᠢ᠍ᠴᠡᠳᠬᠡᠵᠦ ᠲᠡᠢ᠌ᠯᠦᠭᠰᠡᠨ ᠥᠬᠡᠶ ᠳᠠᠭ᠋ᠠᠳᠬᠠᠯ᠎ᠳᠤ   ᠤᠷᠤᠯᠴᠠᠨᠨᠰᠠᠨ ᠨᠢᠭᠡᠴᠢ᠂ ᠠᠮᠢᠳᠤᠯᠢᠭ ᠵᠶ᠋ᠠᠷ ᠠᠵᠢᠯ ᠣᠯᠤᠭᠰᠠᠳ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠂ ᠬᠢᠵᠢᠭ᠎ᠤᠨ ᠪᠠᠶ᠋ᠢᠳᠠᠯ᠎ᠢ ᠲᠠᠢ᠌ᠯᠤᠨᠨᠰᠠᠨ᠎ᠤ ᠳᠠᠷᠠᠭ᠎ᠠ   ᠨᠥᠬᠥᠵᠦ ᠭᠦᠢ᠍ᠴᠡᠳᠬᠡᠬᠦ ᠵᠢ᠎ᠨᠢ ᠵᠥᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ   ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠥᠪᠥᠷ ᠮᠣᠩᠭᠣᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ)

      (ᠠᠷᠪᠠᠨ ᠨᠢᠭᠡ) ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠣ ᠬᠡᠷᠡᠭᠳᠠᠢ᠃ ᠡᠮ᠎ᠤᠨ ᠵᠦᠢ᠍ᠯᠡᠰ᠎ᠢ ᠨᠥᠬᠥᠪᠥᠷᠢᠯᠡᠨ ᠭᠤᠶᠤᠴᠢᠯᠠᠵᠤ   ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ   ᠳᠠᠩᠰᠠᠯᠠᠭᠤᠯᠬᠤ᠂ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠡᠭ ᠪᠣᠯᠭ᠋ᠠᠨ ᠪᠠᠭᠤᠷᠠᠭᠤᠯᠬᠤ ᠳᠠᠯ᠎ᠠ᠎ᠪᠠᠷ᠎ᠬᠢ   ᠦᠪᠡᠷᠳᠡᠭᠡᠨ ᠵᠠᠰᠠᠬᠣ ᠣᠷᠣᠨ᠎ᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠰᠡᠷᠭᠡᠶ᠋ᠢᠯᠡᠨ ᠡᠵᠡᠮᠳᠡᠬᠦ ᠡᠳ᠋ ᠪᠤᠳᠠᠰ ᠪᠠ ᠬᠥᠮᠦᠰ᠎ᠢ   ᠵᠦᠬᠡᠬᠡᠪᠤᠷᠢᠯᠡᠬᠦ ᠲᠡᠷᠭᠡ ᠬᠥᠰᠬᠡ᠎ᠠᠴᠠ ᠨᠡᠪᠲᠡᠷᠡᠬᠦ ᠰᠦᠢ᠍ᠳᠬᠡᠯ ᠦᠯᠤ ᠬᠤᠷᠢᠶᠠᠬᠤ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ   ᠨᠠᠶ᠋ᠢᠳᠠᠪᠤᠷᠢᠵᠢᠭᠤᠯᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠣᠯᠤᠨ ᠬᠢᠵᠢᠭ᠎ᠤᠨ ᠪᠠᠶ᠋ᠢᠳᠠᠯ᠎ᠤᠨ   ᠨᠥᠯᠥᠭᠡ᠎ᠠᠴᠠ ᠪᠤᠯᠵᠦ ᠡᠵᠡᠨᠭᠨᠡᠯᠳᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠵᠢᠵᠢᠭ ᠠᠵᠤ ᠠᠬᠤᠶ᠋ᠢᠯᠠᠯ᠎ᠤᠳ᠎ᠤᠨ ᠴᠠᠬᠢᠯᠭ᠋ᠠᠨ᠂ ᠬᠡᠢ᠂ ᠤᠰᠤ   ᠬᠡᠷᠡᠭᠯᠡᠬᠦ ᠵᠡᠷᠭᠡ᠎ᠳᠤ 《ᠰᠦᠢ᠍ᠳᠬᠡᠯ ᠥᠷᠢᠲᠦᠪᠡᠴᠤ ᠬᠠᠩᠭ᠋ᠠᠯᠭ᠎ᠠ ᠲᠠᠰᠤᠷᠠᠬᠤ ᠦᠬᠡᠢ》 ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠢᠵᠢᠭ᠎ᠤᠨ ᠪᠠᠶ᠋ᠢᠳᠠᠯ ᠳᠠᠭᠤᠰᠤᠭᠰᠠᠨ᠎ᠤ   ᠳᠠᠷᠠᠭ᠎ᠠ 3 ᠰᠠᠷ᠎ᠠ ᠵᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢ᠍ᠳᠬᠡᠯ ᠵᠶ᠋ᠠᠨ ᠴᠠᠭ ᠲᠤᠬᠠᠶ᠎ᠳᠤ᠎ᠨᠢ ᠨᠥᠬᠥᠨ ᠲᠤᠰᠢᠶᠠᠬᠣ᠎ᠳᠤ ᠬᠤᠭᠤᠴᠠᠭ᠎ᠠ ᠰᠠᠭ᠋ᠠᠲᠠᠭ᠋ᠠᠭᠰᠠᠨ   ᠲᠣᠷᠭ᠋ᠠᠭᠤᠯᠢ ᠵᠢᠨ ᠮᠥᠩᠭᠥ ᠬᠤᠷᠢᠶᠠᠬᠤ ᠦᠭᠡᠶ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ   ᠡᠷᠡᠭᠦᠯ ᠮᠡᠨᠳᠦ ᠵᠢᠨ ᠵᠥᠪᠯᠡᠯ᠂ ᠤᠰᠤᠨ ᠠᠰᠢᠬᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠥᠷ   ᠮᠣᠩᠭᠣᠯ᠎ᠤᠨ ᠴᠠᠬᠢᠯᠭ᠋ᠠᠨ ᠬᠦᠴᠦᠨ  [ᠪᠦᠯᠦᠭᠯᠡᠯ]᠎ᠤ ᠺᠣᠮᠫᠠᠨᠢ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠬᠠᠷᠢᠭᠤᠴᠠᠨ᠎ᠠ)

      ᠳᠥᠷᠪᠡ᠂ ᠠᠵᠤ ᠠᠬᠤᠶ᠋ᠢᠯᠠᠯ᠎ᠳᠤ ᠬᠠᠨᠭ᠌ᠭ᠋ᠠᠬᠤ ᠦᠢ᠍ᠯᠡᠴᠢᠯᠡᠭᠡ ᠵᠢ   ᠨᠢᠮᠪᠠᠶ ᠰᠠᠶ᠋ᠢᠲᠤᠷ ᠬᠢᠭᠦ ᠬᠡᠷᠩᠳᠠᠢ

     (ᠠᠷᠪᠠᠨ ᠬᠣᠶᠠᠷ) ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠪᠣᠯᠤᠨ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠣ ᠬᠡᠷᠡᠭᠳᠠᠢ᠃ ᠬᠢᠵᠢᠭ᠎ᠤᠨ ᠪᠠᠶ᠋ᠢᠳᠠᠯ᠎ᠢ   ᠰᠡᠷᠭᠡᠶ᠋ᠢᠯᠡᠨ ᠡᠵᠡᠮᠳᠡᠬᠦ ᠭᠣᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠣᠯᠤᠨ ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠬᠡ ᠨᠦᠯᠦᠭᠡᠯᠡᠭᠳᠡᠭᠰᠡᠨ ᠳᠤᠮᠳᠠ ᠵᠢᠵᠢᠭ   ᠠᠵᠤ ᠠᠬᠤᠶ᠋ᠢᠯᠠᠯ᠎ᠢ ᠬᠠᠪᠰᠤᠷᠴᠣ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ᠎ᠤᠨ ᠬᠠᠩᠭ᠋ᠠᠯᠭ᠎ᠠ᠂ ᠪᠠᠷᠠᠭ᠋ᠠᠨ᠎ᠤ ᠭᠦᠢ᠍ᠯᠭᠡᠭᠡᠨ᠎ᠤ   ᠲᠡᠭᠡᠭᠡᠪᠦᠷᠢ ᠵᠡᠷᠭᠡ ᠵᠢ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ᠎ᠬᠢᠨ ᠬᠢᠵᠢᠭ᠎ᠤᠨ ᠪᠠᠢ᠍ᠢ᠍ᠳᠠᠯ᠎ᠢ ᠰᠡᠷᠭᠡᠶ᠋ᠢᠯᠡᠨ ᠡᠵᠡᠮᠳᠡᠬᠦ ᠪᠠᠷᠢᠮᠵᠢᠶ᠎ᠠ᠎ᠳᠤ ᠬᠦᠷᠦᠭᠰᠡᠨ ᠤᠷᠢᠲᠠᠯ ᠳᠣᠤᠷ᠎ᠠ   ᠬᠡᠪ ᠵᠶ᠋ᠠᠷ ᠦᠢ᠍ᠯᠡᠳᠪᠦᠷᠢᠯᠡᠬᠦ ᠵᠢ ᠦᠨᠡᠨ ᠬᠦ᠌ ᠪᠠᠲᠤᠯᠠᠬᠣ ᠬᠡᠷᠡᠭᠳᠠᠢ᠃ ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠪᠣᠯᠵᠤ ᠦᠢ᠍ᠯᠡᠳᠪᠦᠷᠢᠯᠡᠯ ᠡᠵᠡᠩᠨᠡᠯᠲᠡ᠎ᠨᠢ   ᠬᠦᠴᠢᠷᠲᠡᠯ᠎ᠳᠤ ᠲᠤᠯᠭ᠋ᠠᠷᠠᠬᠰᠠᠨ ᠠᠵᠤ ᠠᠬᠤᠶ᠋ᠢᠯᠠᠯ᠎ᠤᠨ᠎ᠬᠢᠨ ᠠᠵᠢᠯᠲᠠᠨ ᠠᠵᠢᠯᠴᠢᠨ᠎ᠲᠠᠢ᠎ᠪᠠᠨ ᠵᠥᠪᠳᠡᠯᠴᠡᠨ ᠰᠠᠨᠠᠯ ᠵᠶ᠋ᠡᠨ ᠨᠢᠭᠡᠳᠭᠡᠭᠦ᠎ᠪᠠᠷ ᠳᠠᠮᠵᠢᠭᠤᠯᠤᠨ ᠴᠠᠯᠢᠩ   ᠬᠥᠯᠥᠰᠥ᠎ᠪᠠᠨ ᠲᠣᠬᠢᠷᠠᠭᠤᠯᠬᠤ᠂ ᠡᠭᠡᠯᠵᠢᠯᠡᠨ ᠠᠵᠢᠯᠯᠠᠵᠤ ᠠᠮᠠᠷᠠᠬᠤ᠂   ᠠᠵᠢᠯᠯᠠᠬᠤ ᠴᠠᠭ᠎ᠢ ᠪᠣᠭᠣᠨᠢᠰᠬᠠᠬᠤ᠂ ᠠᠵᠢᠯ᠎ᠤᠨ ᠪᠠᠶ᠋ᠢᠷᠢ ᠬᠦᠯᠢᠶᠡᠬᠦ ᠵᠡᠷᠭᠡ ᠠᠷᠭ᠎ᠠ ᠬᠡᠯᠪᠡᠷᠢ ᠵᠢ   ᠠᠪᠴᠤ ᠠᠵᠢᠯ᠎ᠤᠨ ᠪᠠᠶ᠋ᠢᠷᠢ᠎ᠪᠠᠨ ᠲᠣᠭᠲᠠᠪᠤᠷᠢᠵᠢᠭᠤᠯᠵᠤ᠂ ᠠᠯᠢ ᠴᠢᠳᠠᠬᠤ᠎ᠪᠠᠷ ᠠᠵᠢᠯᠲᠠᠨ ᠬᠠᠰᠤᠬᠤ ᠦᠭᠡᠢ ᠪᠤᠶᠤ ᠠᠵᠢᠯᠲᠠᠨ   ᠴᠦᠬᠡᠨ ᠬᠠᠰᠤᠨ᠎ᠠ᠃ (ᠥᠪᠡᠷᠲᠡᠭᠡᠨ   ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠲᠢᠩᠬᠢᠮ᠂ ᠬᠥᠭᠵᠢᠭᠦᠯᠦᠯᠲᠡ   ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂   ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠬᠠᠷᠢᠭᠤᠴᠠᠨ᠎ᠠ)

     (ᠠᠷᠪᠠᠨ ᠭᠤᠷᠪᠠ) ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠣᠯᠪᠠᠰᠤᠷᠠᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠭᠦ ᠬᠡᠷᠡᠭᠳᠠᠢ᠃   ᠬᠢᠵᠢᠭ᠎ᠤᠨ ᠪᠠᠢ᠍ᠢ᠍ᠳᠠᠯ᠎ᠳᠤ ᠨᠥᠯᠥᠭᠡᠯᠡᠭᠳᠡᠭᠰᠡᠨ ᠳᠤᠮᠳᠠ   ᠵᠢᠵᠢᠭ ᠠᠵᠤ ᠠᠬᠤᠶ᠋ᠢᠯᠠᠯ᠎ᠤᠨ᠎ᠬᠢᠨ ᠠᠵᠢᠯ ᠵᠣᠭᠰᠣᠭᠰᠠᠨ ᠬᠤᠭᠤᠴᠠᠭ᠋ᠠᠨ᠎ᠳᠤ ᠠᠵᠢᠯᠲᠠᠨ ᠠᠵᠢᠯᠴᠢᠨ ᠵᠶ᠋ᠠᠨ   ᠵᠣᠬᠢᠶᠠᠨ ᠪᠠᠶ᠋ᠢᠭᠤᠯᠤᠨ ᠡᠯ᠎ᠡ ᠲᠥᠷᠥᠯ᠎ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠭᠰᠠᠳ᠎ᠢ ᠣᠷᠣᠨ ᠨᠤᠲᠤᠭ᠎ᠤᠨ ᠰᠤᠷᠭ᠋ᠠᠨ   ᠬᠥᠮᠦᠵᠢᠯ᠎ᠤᠨ ᠨᠡᠮᠡᠯᠲᠡ ᠲᠤᠰᠬᠠᠶ ᠵᠦᠢ᠍ᠯ᠎ᠤᠨ ᠪᠡᠯᠡ ᠮᠥᠩᠭᠥᠨ᠎ᠤ   ᠨᠡᠮᠡᠭᠦᠷᠢ ᠵᠢᠨ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠪᠣᠯᠪᠠᠰᠤᠷᠠᠯ᠎ᠤᠨ ᠬᠡᠪᠴᠢᠶᠡᠨ᠎ᠳᠤ   ᠤᠷᠤᠭᠤᠯᠵᠤ᠂ ᠪᠣᠳᠠᠲᠠᠶ ᠪᠣᠯᠪᠠᠰᠤᠷᠠᠯ᠎ᠤᠨ ᠵᠠᠷᠤᠳᠠᠯ ᠶᠣᠰᠣᠭ᠋ᠠᠷ 95% ᠵᠢᠨ   ᠨᠡᠮᠡᠬᠦᠷᠢ ᠣᠯᠭᠣᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ   ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)

      (ᠠᠷᠪᠠᠨ ᠳᠥᠷᠪᠡ) ᠤᠯᠤᠰ᠎ᠤᠨ ᠥᠮᠴᠢᠯᠡᠯᠳᠣ ᠠᠵᠤ ᠠᠬᠤᠶ᠋ᠢᠯᠠᠯ᠎ᠤᠨ ᠭᠡᠷ᠎ᠡ᠎ᠪᠠᠨ ᠭᠦᠢ᠍ᠴᠡᠳᠬᠡᠬᠦ ᠪᠠ ᠳᠡᠮᠵᠢᠬᠦ ᠡᠷᠴᠢᠮ᠎ᠢ ᠴᠢᠨᠭ᠌ᠭ᠋ᠠᠷᠠᠭᠤᠯᠬᠣ ᠬᠡᠷᠡᠭᠳᠠᠢ᠃   ᠤᠯᠤᠰ᠎ᠤᠨ ᠥᠮᠴᠢᠯᠡᠯᠳᠣ ᠠᠵᠤ ᠠᠬᠤᠶ᠋ᠢᠯᠠᠯ᠎ᠤᠨ᠎ᠬᠢᠨ ᠠᠷᠠᠳ᠎ᠤᠨ ᠡᠵᠡᠩᠨᠡᠯᠳᠠ ᠵᠢᠨ ᠠᠵᠤ ᠠᠬᠤᠶ᠋ᠢᠯᠠᠯ᠎ᠳᠤ ᠦᠷᠢᠳᠦᠭᠰᠡᠨ ᠦᠷᠢ ᠦᠭᠴᠡᠭᠡ᠎ᠪᠠᠨ ᠲᠦᠷᠭᠡᠪᠴᠢᠯᠠᠨ   ᠲᠦᠯᠤᠭᠦ᠂ ᠢᠯᠠᠩᠭᠤᠶ᠎ᠠ ᠬᠢᠵᠢᠭ᠎ᠤᠨ ᠪᠠᠢ᠍ᠢ᠍ᠳᠠᠯ᠎ᠳᠤ ᠨᠥᠯᠥᠭᠡᠯᠡᠭᠳᠡᠵᠤ ᠦᠢ᠍ᠯᠡᠳᠪᠦᠷᠢᠯᠡᠯ ᠡᠵᠡᠩᠨᠡᠯᠳᠠ᠎ᠨᠢ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠵᠢᠵᠢᠭ ᠠᠵᠤ   ᠠᠬᠤᠶ᠋ᠢᠯᠠᠯ᠎ᠤᠨ ᠦᠷᠢ ᠦᠭᠴᠡᠭᠡ ᠵᠢ ᠤᠷᠢᠳ ᠵᠶ᠋ᠠᠷ ᠲᠥᠯᠥᠵᠣ᠂ ᠤᠷᠢᠳᠴᠢᠯᠠᠨ ᠲᠥᠯᠥᠬᠦ ᠵᠢ ᠵᠣᠷᠢᠭᠵᠢᠭᠤᠯᠵᠤ᠂ ᠬᠤᠳᠠᠯᠳᠤᠭ᠋ᠠᠨ᠎ᠤ ᠭᠤᠪᠢᠭᠤᠯᠭ᠎ᠠ ᠲᠠᠭ᠋ᠠᠭ᠋ᠠᠨ   ᠤᠯᠭᠤᠬᠤ ᠪᠠᠷᠢᠮᠳᠠ ᠵᠢᠨ ᠠᠷᠭ᠎ᠠ᠎ᠪᠠᠷ ᠵᠣᠭᠣᠰ ᠪᠤᠴᠠᠭ᠋ᠠᠬᠤ ᠬᠤᠭᠤᠴᠠᠭ᠎ᠠ᠎ᠪᠠᠨ ᠤᠷᠲᠤᠳᠬᠠᠬᠤ ᠵᠢ ᠴᠢᠩᠭ᠎ᠠ ᠴᠠᠭ᠋ᠠᠵᠠᠯᠠᠵᠤ᠂ ᠰᠢᠨ᠎ᠡ ᠦᠷᠢ ᠦᠭᠴᠡᠭᠡ ᠭᠠᠷᠭ᠋ᠠᠬᠤ ᠵᠢ   ᠴᠢᠩᠭ᠎ᠠ ᠴᠠᠭ᠋ᠠᠵᠠᠯᠠᠬᠣ ᠬᠡᠷᠡᠭᠳᠠᠢ᠃ ᠤᠯᠤᠰ᠎ᠤᠨ ᠥᠮᠴᠢᠯᠡᠯᠳᠣ ᠠᠵᠤ ᠠᠬᠤᠶ᠋ᠢᠯᠠᠯ᠎ᠲᠠᠢ ᠨᠢᠭᠡᠨᠲᠡ ᠭᠡᠷ᠎ᠡ ᠲᠣᠭᠲᠠᠭ᠋ᠠᠭᠰᠠᠨ ᠳᠤᠮᠳᠠ ᠵᠢᠵᠢᠭ ᠠᠵᠤ ᠠᠬᠤᠶ᠋ᠢᠯᠠᠯ᠎ᠤᠨ᠎ᠬᠢᠨ   ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠪᠤᠯᠵᠤ ᠭᠡᠷ᠎ᠡ ᠵᠢᠨ ᠡᠭᠦᠷᠭᠡ᠎ᠪᠠᠨ ᠦᠨᠡᠨ ᠬᠦ᠌ ᠴᠠᠭ᠎ᠲᠠᠭᠠᠨ ᠭᠦᠢ᠍ᠴᠡᠳᠬᠡᠵᠦ ᠲᠡᠢ᠍ᠢ᠍ᠯᠬᠦ ᠦᠬᠡᠢ ᠪᠤᠯᠤᠬᠰᠠᠨ ᠪᠠᠢ᠍ᠢ᠍ᠪᠠᠯ᠂ ᠭᠡᠷ᠎ᠡ   ᠭᠦᠢ᠍ᠴᠡᠳᠬᠡᠬᠦ ᠬᠤᠭᠤᠴᠠᠭ᠎ᠠ ᠵᠢ᠎ᠨᠢ ᠵᠣᠬᠢᠰᠲᠠᠶ ᠤᠷᠲᠤᠳᠬᠠᠵᠤ ᠪᠣᠯᠤᠨ᠎ᠠ᠂ ᠪᠣᠳᠠᠲᠠᠶ ᠤᠷᠲᠤᠳᠬᠠᠬᠤ ᠬᠤᠭᠤᠴᠠᠭ᠎ᠠ ᠵᠢ ᠬᠣᠶᠠᠷ   ᠡᠳᠡᠭᠡᠣᠨ ᠵᠶ᠋ᠡᠷ ᠵᠶ᠋ᠠᠨ   ᠵᠥᠪᠳᠡᠯᠴᠡᠭᠰᠡᠨ᠎ᠤ ᠲᠠᠷᠠᠭ᠎ᠠ ᠲᠠᠬᠢᠨ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠳᠣ ᠡᠳ᠋ ᠬᠥᠷᠥᠩᠭᠡ ᠵᠢᠨ ᠬᠢᠨᠠᠯᠲᠠ   ᠬᠠᠮᠢᠶᠠᠷᠤᠯᠲᠠ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ   ᠬᠠᠷᠢᠭᠤᠴᠠᠨ᠎ᠠ)

     (ᠠᠷᠪᠠᠨ ᠲᠠᠪᠤ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠷᠴᠢᠮ ᠵᠶ᠋ᠠᠨ ᠴᠢᠩᠭ᠋ᠠᠷᠠᠭᠤᠯᠬᠣ ᠬᠡᠷᠡᠭᠳᠠᠢ᠃ ᠬᠢᠵᠢᠭ᠎ᠤᠨ ᠪᠠᠢ᠍ᠢ᠍ᠳᠠᠯ᠎ᠳᠤ ᠨᠥᠯᠥᠭᠡᠯᠡᠭᠳᠡᠭᠰᠡᠨ   ᠳᠤᠮᠳᠠ ᠵᠢᠵᠢᠭ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ᠎ᠳᠤ ᠬᠠᠷᠢᠭᠤ ᠥᠭᠬᠦ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠳᠤ ᠲᠤᠯᠭ᠋ᠠᠷᠠᠭᠰᠠᠨ   ᠭᠡᠨᠡᠳᠲᠡ ᠵᠢᠨ ᠬᠦᠴᠢᠷᠳᠡᠯ᠎ᠢ ᠴᠠᠭ ᠲᠤᠬᠠᠶ ᠎ᠳᠤ᠎ᠨᠢ ᠰᠢᠢ᠍ᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ   ᠲᠠᠪᠴᠠᠩ᠎ᠤᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶ᠎ᠠ᠎ᠪᠠᠷ   ᠭᠦᠢ᠍ᠴᠡᠳᠭᠡᠭᠦ ᠪᠤᠯᠭ᠋ᠠᠵᠦ᠂   ᠭᠦᠮᠦᠰ᠎ᠤᠨ ᠨᠠᠢ᠌ᠷᠠᠯᠳᠤᠵᠦ ᠴᠤᠭᠯᠠᠷᠠᠬᠤ ᠵᠢ ᠴᠦᠬᠡᠳᠬᠡᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ   ᠵᠠᠩᠭᠢᠴᠢᠯᠠᠯᠳᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠨ᠎ᠠ)

      ᠳᠡᠭᠡᠷᠡᠬᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠵᠢᠭ᠋ᠠᠵᠣ ᠪᠠᠢ᠌ᠭ᠎ᠠ ᠳᠤᠮᠳᠠ ᠵᠢᠵᠢᠭ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ᠎ᠳᠤ᠂ ᠠᠵᠤ   ᠦᠢ᠍ᠯᠡᠳᠪᠦᠷᠢ ᠪᠠ ᠮᠡᠳᠡᠭᠡ   ᠵᠠᠩᠬᠢᠴᠢᠯᠠᠯᠳᠠ ᠵᠢᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠬᠰᠠᠨ 《ᠳᠤᠮᠳᠠ ᠵᠢᠵᠢᠭ ᠠᠵᠤ   ᠠᠬᠤᠶ᠋ᠢᠯᠠᠯ᠎ᠤᠨ ᠬᠡᠯᠪᠡᠷᠢ ᠮᠠᠶᠢᠬ᠎ᠢ ᠬᠤᠪᠢᠶᠠᠬᠤ ᠪᠠᠷᠢᠮᠵᠢᠶ᠎ᠠ ᠵᠢᠨ ᠲᠣᠭᠲᠠᠭ᠋ᠠᠯ》 ᠶᠣᠰᠣᠭ᠋ᠠᠷ ᠬᠡᠷᠡᠭᠵᠢᠭᠦᠯᠦᠨ᠎ᠡ᠃ ᠳᠡᠭᠡᠷᠡᠬᠢ ᠲᠥᠷᠥ ᠵᠢᠨ ᠪᠣᠳᠣᠯᠭ᠎ᠠ ᠵᠢᠨ ᠠᠷᠭ᠎ᠠ   ᠬᠡᠮᠵᠢᠶ᠎ᠡ ᠵᠢ ᠬᠡᠷᠡᠭᠵᠢᠭᠦᠯᠬᠦ ᠬᠤᠭᠤᠴᠠᠭ᠎ᠠ ᠵᠢ᠎ᠨᠢ ᠲᠣᠳᠣᠷᠬᠠᠶ ᠲᠣᠭᠲᠠᠭ᠋ᠠᠭᠰᠠᠨ ᠪᠠᠢ᠍ᠢ᠍ᠪᠠᠯ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠭᠡᠷᠡᠭᠵᠢᠬᠦᠯᠬᠦ ᠬᠤᠭᠤᠴᠠᠭ᠎ᠠ ᠵᠢ   ᠲᠤᠳᠤᠷᠬᠠᠢ᠌ᠯᠠᠭᠰᠠᠨ ᠦᠬᠡᠢ ᠪᠠᠢ᠍ᠢ᠍ᠪᠠᠯ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠠᠴᠠ ᠬᠠᠯᠳᠠᠪᠣᠷᠢᠯᠠᠭᠰᠠᠨ ᠠᠭᠤᠰᠬᠢᠨ   ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ   ᠲᠠᠢ᠌ᠯᠤᠨᠨᠰᠠᠨ᠎ᠤ ᠳᠠᠷᠠᠭ᠎ᠠ ᠵᠣᠭᠰᠣᠭ᠋ᠠᠨ᠎ᠠ᠃ ᠤᠯᠤᠰ᠎ᠠᠴᠠ ᠨᠡᠶ᠋ᠢᠲᠡᠯᠡᠭᠰᠡᠨ ᠬᠠᠮᠢᠶ᠎ᠠ ᠪᠦᠬᠦᠢ   ᠲᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠥᠪᠡᠷᠲᠡᠭᠡᠨ   ᠵᠠᠰᠠᠬᠤ ᠣᠷᠣᠨ᠎ᠤ᠎ᠬᠢᠨ ᠵᠡᠷᠭᠡ᠎ᠪᠠᠷ ᠵᠢᠷᠤᠮᠯᠠᠨ ᠬᠡᠷᠡᠭᠵᠢᠭᠦᠯᠦᠨ᠎ᠡ᠃

                 2020 ᠤᠨ᠎ᠤ 2 ᠳ᠋ᠤᠭ᠋ᠠᠷ ᠰᠠᠷ᠎ᠠ ᠵᠢᠨ 7᠎ᠤ ᠡᠳᠤᠷ

                 (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)  

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠤ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠ ᠠᠵᠢᠯ ᠲᠦᠷᠦᠯ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
2021 ᠣᠨ᠎ᠤ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠨᠢᠭᠡᠴᠡ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠡᠢ᠌ᠳᠠᠯᠡᠯ
 
            