ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2021] 69 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠵᠢᠯᠲᠠᠨ ᠠᠵᠢᠯᠴᠢᠨ᠎ᠤ ᠴᠠᠯᠢᠩ᠎ᠤᠨ ᠬᠢᠷᠢ ᠲᠦᠪᠰᠢᠨ᠎ᠤ ᠨᠡᠮᠡᠭᠳᠡᠯ ᠵᠡᠷᠭᠡ ᠪᠠᠶ᠋ᠢᠳᠠᠯ᠎ᠢ ᠦᠨᠳᠦᠰᠦᠯᠡᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠵᠶ᠋ᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠪᠠᠷ ᠲᠣᠭᠲᠠᠭ᠋ᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠭᠠᠵᠠᠷ ᠣᠷᠣᠨ᠎ᠤ ᠲᠥᠷᠥᠯ ᠢᠯᠭ᠋ᠠᠯ᠃ ᠪᠥᠬᠥ ᠣᠷᠣᠨ᠎ᠤ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠵᠢᠨ ᠭᠠᠵᠠᠷ ᠣᠷᠣᠨ᠎ᠤ ᠲᠥᠷᠥᠯ ᠢᠯᠭ᠋ᠠᠯ᠎ᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠳᠥᠷᠪᠡᠨ ᠲᠥᠷᠥᠯ᠎ᠤᠨ ᠭᠠᠵᠠᠷ ᠣᠷᠣᠨ ᠪᠠᠢ᠍ᠭᠰᠠᠨᠢ ᠭᠤᠷᠪᠠᠨ ᠲᠥᠷᠥᠯ᠎ᠤᠨ ᠭᠠᠵᠠᠷ ᠣᠷᠣᠨ ᠪᠣᠯᠭ᠋ᠠᠵᠤ ᠳᠣᠭᠢᠷᠠᠭᠤᠯᠤᠨ᠎ᠠ᠃ ᠪᠦᠬᠦ ᠣᠷᠣᠨ᠎ᠤ ᠡᠯ᠎ᠡ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠬᠣᠲᠠ ᠪᠠᠯᠭ᠋ᠠᠰᠤᠨ᠎ᠤ ᠨᠢᠭᠡᠴᠢ ᠵᠢᠨ ᠠᠵᠢᠯᠲᠠᠨ ᠠᠵᠢᠯᠴᠢᠨ᠎ᠤ ᠳᠤᠮᠳᠠᠴᠢ ᠴᠠᠯᠢᠩ ᠪᠣᠯᠤᠨ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠪᠠᠶ᠋ᠢᠳᠠᠯ᠎ᠢ ᠦᠨᠳᠦᠰᠦᠯᠡᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢᠨ ᠭᠠᠵᠠᠷ ᠣᠷᠣᠨ᠎ᠤ ᠲᠥᠷᠥᠯ ᠢᠯᠭ᠋ᠠᠯ᠎ᠳᠤ ᠰᠢᠨ᠎ᠡ᠎ᠪᠠᠷ ᠲᠣᠬᠢᠷᠠᠭᠤᠯᠤᠯᠲᠠ ᠬᠢᠵᠦ ᠬᠤᠪᠢᠶᠠᠷᠢᠯᠠᠨ᠎ᠠ᠃ ᠭᠠᠵᠠᠷ ᠣᠷᠣᠨ᠎ᠤ ᠲᠥᠷᠥᠯ ᠢᠯᠭ᠋ᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠵᠢ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠶ᠃
ᠬᠣᠶᠠᠷ᠂ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠪᠦᠬᠦᠯᠢ ᠡᠳᠦᠷ᠎ᠤᠨ ᠳᠦᠷᠢᠮᠲᠦ ᠬᠥᠳᠡᠯᠮᠦᠷᠢᠯᠡᠭᠴᠢᠳ᠎ᠤᠨ ᠰᠠᠷ᠎ᠠ ᠵᠢᠨ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ ᠪᠣᠯ 1980 ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ ᠪᠣᠯ 1910 ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ ᠪᠣᠯ 1850 ᠲᠥᠭᠥᠷᠢᠭ ᠪᠣᠯᠣᠨ᠎ᠠ; ᠪᠦᠬᠦᠯᠢ ᠡᠳᠦᠷ᠎ᠤᠨ ᠪᠣᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ ᠪᠣᠯ 20.8 ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ ᠪᠣᠯ 20.1 ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ ᠪᠣᠯ 19.5 ᠲᠥᠭᠥᠷᠢᠭ ᠪᠣᠯᠣᠨ᠎ᠠ᠃
ᠭᠤᠷᠪᠠ᠂ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ᠎ᠳᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠮᠥᠩᠭᠥ᠂ ᠡᠮᠴᠢᠯᠡᠭᠡ ᠵᠢᠨ ᠳᠠᠭ᠋ᠠᠳᠬᠠᠯ᠎ᠤᠨ ᠮᠥᠩᠭᠥ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠬᠤᠪᠢ ᠬᠥᠮᠦᠨ᠎ᠤ ᠲᠤᠰᠢᠶᠠᠬᠤ ᠬᠡᠰᠡᠭ ᠪᠠᠭᠲᠠᠨ᠎ᠠ; ᠠᠵᠢᠯᠯᠠᠬᠤ ᠴᠠᠭ᠎ᠢ ᠤᠷᠲᠤᠳᠬᠠᠭᠰᠠᠨ ᠴᠠᠯᠢᠩ᠂ ᠦᠳᠡ ᠵᠢᠨ ᠡᠭᠡᠯᠵᠢ᠂ ᠰᠥᠨᠢ ᠵᠢᠨ ᠡᠭᠡᠯᠵᠢ᠂ ᠥᠨᠳᠥᠷ ᠳᠤᠯᠠᠭ᠋ᠠᠨ᠂ ᠳᠣᠣᠷ᠎ᠠ ᠬᠠᠯᠠᠭᠤᠨ᠂ ᠬᠤᠳᠳᠤᠭ ᠳᠣᠲᠣᠷ᠎ᠠ᠂ ᠬᠣᠣᠷᠳᠠᠭᠳᠠᠬᠤ ᠠᠶᠤᠯᠲᠠᠢ ᠵᠡᠷᠭᠡ ᠣᠨᠴᠠᠭ᠋ᠠᠢ ᠨᠥᠬᠥᠴᠡᠯ᠎ᠳᠤ ᠠᠵᠢᠯᠯᠠᠬᠤ ᠨᠡᠮᠡᠭᠦᠷᠢ ᠮᠥᠩᠭᠥ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠤᠯᠤᠰ᠎ᠠᠴᠠ ᠲᠣᠭᠲᠠᠭ᠋ᠠᠭᠰᠠᠨ ᠬᠥᠳᠡᠯᠮᠦᠷᠢᠴᠢᠨ᠎ᠤ ᠠᠰᠠᠷᠠᠮᠵᠢ ᠬᠠᠷᠠᠭ᠋ᠠᠯᠵᠠᠯ ᠵᠡᠷᠭᠡ ᠵᠢ ᠪᠠᠭᠲᠠᠭ᠋ᠠᠬᠤ ᠦᠭᠡᠢ᠃
ᠳᠥᠷᠪᠡ᠂ ᠪᠦᠬᠦᠯᠢ ᠡᠳᠦᠷ᠎ᠤᠨ ᠳᠦᠷᠢᠮᠲᠦ ᠠᠵᠢᠯ᠎ᠲᠠᠢ ᠬᠥᠳᠡᠯᠮᠦᠷᠢᠯᠡᠭᠴᠢᠳ ᠬᠡᠪ᠎ᠤᠨ ᠬᠥᠳᠡᠯᠮᠦᠷᠢ ᠬᠠᠩᠭ᠋ᠠᠭᠰᠠᠨ ᠪᠠᠶ᠋ᠢᠳᠠᠯ ᠳᠤᠤᠷ᠎ᠠ᠂ ᠬᠥᠮᠦᠨ ᠬᠡᠷᠡᠭᠯᠡᠬᠦ ᠨᠢᠭᠡᠴᠢ᠎ᠨᠢ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ᠎ᠪᠠᠷ ᠴᠠᠯᠢᠩ᠎ᠢ᠎ᠨᠢ ᠣᠯᠭᠣᠬᠤ ᠬᠡᠷᠡᠭᠲᠡᠶ; ᠪᠦᠬᠦᠯᠢ ᠡᠳᠦᠷ᠎ᠤᠨ ᠪᠤᠰᠤ ᠳᠦᠷᠢᠮᠲᠦ ᠠᠵᠢᠯ᠎ᠲᠠᠢ ᠬᠥᠳᠡᠯᠮᠦᠷᠢᠴᠢᠨ᠎ᠳᠤ ᠬᠥᠮᠦᠨ ᠬᠡᠷᠡᠭᠯᠡᠬᠦ ᠨᠢᠭᠡᠴᠢ ᠵᠢᠨ ᠣᠯᠭᠣᠬᠤ ᠵᠣᠭᠣᠰᠣᠨ ᠴᠠᠯᠢᠩ᠎ᠨᠢ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠨᠢᠭᠡᠴᠢ ᠵᠢᠨ ᠬᠠᠤᠯᠢ ᠶᠣᠰᠣᠭ᠋ᠠᠷ ᠲᠤᠰᠢᠶᠠᠬᠤ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠬᠥᠮᠦᠨ ᠬᠡᠷᠡᠭᠯᠡᠬᠦ ᠨᠢᠭᠡᠴᠢ᠎ᠨᠢ ᠲᠣᠭᠲᠠᠭ᠋ᠠᠯ ᠶᠣᠰᠣᠭ᠋ᠠᠷ ᠲᠤᠰᠲᠤᠨᠢ ᠣᠯᠭᠣᠬᠤ ᠬᠡᠷᠡᠭᠲᠡᠢ᠃ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠵᠢ ᠬᠡᠷᠡᠭᠵᠢᠭᠦᠯᠵᠦ ᠪᠠᠶ᠋ᠢᠭ᠎ᠠ ᠬᠥᠮᠦᠨ ᠬᠡᠷᠡᠭᠯᠡᠬᠦ ᠨᠢᠭᠡᠴᠢ ᠪᠦᠬᠦᠨ ᠬᠥᠳᠡᠯᠮᠦᠷᠢ ᠬᠦᠴᠦ ᠬᠡᠷᠡᠭᠯᠡᠬᠦ ᠰᠦᠯᠵᠢᠶᠡᠨ᠎ᠳᠠᠬᠢ ᠳᠠᠩᠰᠠᠯᠠᠭᠤᠯᠬᠤ ᠰᠢᠰᠲ᠋ᠧᠮ ᠵᠶ᠋ᠠᠷ ᠴᠠᠭ ᠲᠤᠬᠠᠶ᠎ᠳᠤᠨᠢ ᠲᠠᠭᠯᠠᠨ ᠮᠡᠳᠡᠭᠦᠯᠬᠦ ᠬᠡᠷᠡᠭᠲᠡᠶ᠃
ᠲᠠᠪᠤ᠂ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠪᠣᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠵᠢ 2021 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ ᠵᠢᠴᠢ ᠪᠦᠬᠦᠯᠢ ᠡᠳᠦᠷ᠎ᠤᠨ ᠪᠣᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠤᠤᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 135 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃
2021 ᠣᠨ᠎ᠤ 11 ᠳ᠋ᠦ᠍ᠭᠡᠷ ᠰᠠᠷ᠎ᠠ ᠵᠢᠨ 9᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)