ᠥᠪᠥᠷ ᠬᠤᠳᠠᠯᠳᠤᠭ᠎ᠠ ᠲᠡᠭᠡᠭᠡᠪᠦᠷᠢ ᠦᠰᠦᠭ [2021] 133 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠄
《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 715 ᠳ᠋ᠤᠭ᠋ᠠᠷ ᠲᠣᠭ᠋ᠠᠲᠤ) (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ)᠂ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》 (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠵᠠᠷᠯᠢᠭ 2020 ᠣᠨ᠎ᠤ 2 ᠳ᠋ᠤᠭ᠋ᠠᠷ ᠲᠣᠭ᠋ᠠᠲᠤ) (ᠳᠣᠷᠣᠭᠰᠢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ) ᠵᠢᠴᠢ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠬᠤᠳᠠᠯᠳᠤᠭ᠋ᠠᠨ᠎ᠤ ᠠᠯᠪᠠᠨ ᠬᠡᠷ᠎ᠤᠨ ᠬᠡᠷᠡᠭᠯᠡᠭᠡᠨ᠎ᠤ ᠵᠠᠬᠢᠳᠠᠯ[2020]289 ᠳ᠋ᠦᠭᠡᠷ ᠲᠣᠭ᠋ᠠᠲᠤ)᠎ᠢ ᠲᠤᠭᠤᠰᠢᠭᠤᠯᠤᠨ ᠨᠠᠢ᠌ᠳᠠᠪᠤᠷᠢᠵᠢᠭᠤᠯᠵᠦ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ (ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ ᠭᠡᠵᠦ ᠲᠣᠪᠴᠢᠯᠠᠨ᠎ᠠ)᠎ᠤᠨ ᠬᠢᠷᠢ ᠬᠡᠮ᠎ᠢ ᠨᠤᠲᠠᠯᠠᠨ ᠲᠤᠭᠲᠠᠭ᠋ᠠᠬᠤ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ ᠵᠢ ᠪᠠᠲᠤᠯᠠᠵᠤ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠡᠭᠭ᠋ᠠᠳᠬᠠᠬᠤ ᠵᠢᠨ ᠲᠦᠯᠦᠭᠡ᠂ ᠡᠳᠦᠭᠡ ᠬᠣᠯᠪᠣᠭᠳᠠᠯ ᠪᠥᠬᠥᠶ ᠠᠵᠢᠯ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠬᠢᠷᠢ ᠬᠡᠮ᠎ᠢ ᠨᠤᠲᠠᠯᠠᠨ ᠲᠤᠭᠲᠠᠭ᠋ᠠᠬᠤ ᠠᠵᠢᠯ ᠵᠢ ᠬᠠᠤᠯᠢ ᠶᠣᠰᠣᠭ᠋ᠠᠷ ᠥᠷᠨᠢᠭᠦᠯᠬᠦ ᠬᠡᠷᠡᠭᠲᠡᠶ
ᠤᠯᠤᠰ᠎ᠠᠴᠠ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ (ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ ᠭᠡᠵᠦ ᠲᠣᠪᠴᠢᠯᠠᠨ᠎ᠠ)᠎ᠳᠤ ᠬᠢᠷᠢ ᠬᠡᠮ᠎ᠢ ᠨᠤᠲᠠᠯᠠᠨ ᠲᠤᠭᠲᠠᠭ᠋ᠠᠬᠤ ᠲᠦᠷᠢᠮ᠎ᠢ ᠬᠡᠷᠡᠭᠵᠢᠭᠦᠯᠵᠦ᠂ ᠡᠯ᠎ᠡ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ᠎ᠨᠢ ᠨᠤᠲᠠᠯᠠᠨ ᠲᠤᠭᠲᠠᠭ᠋ᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠬᠦ ᠬᠡᠷᠡᠭᠲᠡᠶ᠃
1. ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠥᠬᠥ ᠣᠷᠣᠨ᠎ᠤ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
2. ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠨᠤᠲᠠᠯᠠᠨ ᠲᠤᠭᠲᠠᠭ᠋ᠠᠬᠤ ᠠᠵᠢᠯ᠎ᠢ ᠬᠠᠷᠢᠭᠤᠴᠠᠵᠦ᠂ ᠨᠤᠲᠠᠯᠠᠨ ᠲᠤᠭᠲᠠᠭ᠋ᠠᠯᠲᠠ᠎ᠪᠠᠷ ᠬᠢᠷᠢ ᠲᠡᠩᠴᠡᠭᠰᠡᠨ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠳᠤ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ ᠵᠢ ᠨᠤᠲᠠᠯᠠᠨ ᠲᠤᠭᠲᠠᠭ᠋ᠠᠭᠰᠠᠨ ᠦᠨᠡᠮᠯᠡᠯ》 (ᠳᠣᠷᠣᠭᠰᠢ 《ᠬᠢᠷᠢ ᠬᠡᠮ ᠵᠢ ᠨᠤᠲᠠᠯᠠᠨ ᠲᠤᠭᠲᠠᠭ᠋ᠠᠭᠰᠠᠨ ᠦᠨᠡᠮᠯᠡᠯ》 ᠭᠡᠵᠦ ᠲᠣᠪᠴᠢᠯᠠᠨ᠎ᠠ) ᠣᠯᠭᠣᠨ᠎ᠠ᠃ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠵᠠᠳᠠᠯᠤᠨ ᠰᠠᠯᠭ᠋ᠠᠬᠤ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠂ ᠡᠳ᠋᠎ᠤᠨ ᠶᠠᠪᠤᠳᠠᠯ ᠵᠡᠷᠭᠡ ᠬᠠᠮᠢᠶ᠎ᠠ ᠪᠥᠬᠥᠶ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠠᠨ ᠵᠶ᠋ᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠡᠷᠭᠡ ᠠᠵᠢᠯ᠎ᠢ ᠬᠡᠷᠡᠭᠵᠢᠭᠦᠯᠦᠨ᠎ᠡ᠃
(ᠬᠣᠶᠠᠷ) ᠠᠶ᠋ᠢᠮᠠᠭ ᠬᠤᠳᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠠᠩᠬᠠᠨ᠎ᠤ ᠬᠢᠨᠠᠯᠲᠠ ᠵᠢᠨ ᠠᠵᠢᠯ᠎ᠢ ᠬᠠᠷᠢᠭᠤᠴᠠᠵᠤ᠂ ᠮᠠᠲ᠋ᠧᠷᠢᠶᠠᠯ᠎ᠨᠢ ᠪᠦᠷᠢᠨ ᠬᠦᠢ᠍ᠴᠡᠳ ᠪᠠᠶ᠋ᠢᠬᠤ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ ᠵᠢ ᠬᠢᠨᠠᠨ ᠬᠠᠷᠭᠤᠭᠤᠯᠬᠤ ᠬᠡᠷᠡᠭᠲᠡᠶ; 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠤᠭᠰᠠᠨ ᠭᠡᠷᠡᠴᠢ》 (ᠨᠡᠢ᠍ᠢ᠍ᠳᠡ ᠵᠢᠷᠭᠤᠭ᠋ᠠᠨ ᠬᠠᠭᠤᠳᠠᠰᠦ) ᠵᠢ ᠳᠠᠷᠤᠮᠠᠯᠯᠠᠬᠤ᠂ ᠲᠠᠮᠠᠭ᠎ᠠ ᠳᠠᠷᠤᠬᠤ ᠪᠠ ᠣᠯᠭᠣᠬᠤ ᠠᠵᠢᠯ᠎ᠢ ᠬᠠᠷᠢᠭᠤᠴᠠᠨ᠎ᠠ; ᠠᠵᠤ ᠠᠬᠤᠶ᠋ᠢᠯᠠᠯ᠎ᠤᠨ ᠲᠠᠩᠰᠠ ᠡᠪᠬᠡᠮᠡᠯ᠎ᠢ ᠬᠣᠷᠢᠶᠠᠨ ᠠᠪᠴᠤ ᠵᠠᠳᠠᠯᠬᠤ᠂ ᠮᠡᠳᠡᠭᠡ ᠵᠠᠩᠭᠢ ᠵᠢᠨ ᠬᠠᠮᠢᠶᠠᠷᠤᠯᠲᠠ ᠵᠢ ᠬᠠᠷᠢᠭᠤᠴᠠᠨ᠎ᠠ; ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠳᠤ ᠬᠢᠨᠠᠯᠲᠠ ᠬᠠᠮᠢᠶᠠᠷᠤᠯᠲᠠ ᠲᠠᠯᠪᠢᠬᠤ ᠵᠡᠷᠭᠡ ᠠᠵᠢᠯ᠎ᠢ ᠬᠠᠷᠢᠭᠤᠴᠠᠨ᠎ᠠ᠃
(ᠭᠤᠷᠪᠠ) ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃
ᠡᠯ᠎ᠡ ᠭᠠᠵᠠᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢ᠍ᠯᠡᠳᠪᠤᠷᠢ ᠮᠡᠳᠡᠭᠡ ᠵᠠᠩᠭᠢᠵᠢᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠠᠮᠢ ᠠᠬᠤᠶ ᠣᠷᠴᠢᠨ ᠲᠣᠭᠣᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ᠎ᠲᠠᠢ ᠬᠠᠮᠲᠤᠷᠠᠨ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠬᠠᠷᠢᠶ᠎ᠠ ᠤᠷᠤᠨ᠎ᠤ ᠬᠠᠮᠢᠶᠠᠷᠤᠯᠲᠠ᠎ᠪᠠᠷ ᠵᠠᠷᠴᠢᠮ ᠪᠣᠯᠭ᠋ᠠᠵᠤ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠡᠷᠭᠡ ᠠᠷᠭ᠎ᠠ ᠬᠡᠯᠪᠡᠷᠢ ᠵᠢ ᠠᠪᠴᠤ᠂ ᠬᠠᠷᠢᠶ᠎ᠠ ᠣᠷᠣᠨ᠎ᠤ᠎ᠪᠠᠨ ᠳᠣᠲᠣᠷᠠᠬᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯᠯᠯᠠᠭ᠎ᠠ᠎ᠳᠤ ᠦᠷᠬᠦᠯᠵᠢ ᠵᠢᠨ ᠬᠢᠨᠠᠯᠲᠠ ᠲᠠᠯᠪᠢᠵᠤ ᠬᠢᠨᠠᠨ ᠪᠠᠶ᠋ᠢᠴᠠᠭ᠋ᠠᠬᠤ ᠵᠢ ᠬᠡᠷᠡᠭᠵᠢᠭᠦᠯᠦᠨ᠎ᠡ᠃
ᠬᠣᠶᠠᠷ᠂ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠎ᠳᠤ ᠪᠦᠷᠢᠯᠳᠦᠭᠦᠯᠪᠡᠰᠦ ᠵᠣᠬᠢᠬᠤ ᠨᠥᠬᠥᠴᠡᠯ ᠪᠠ ᠮᠠᠲ᠋ᠧᠷᠢᠶᠠᠯ᠎ᠤᠨ ᠱᠠᠭ᠋ᠠᠷᠳᠠᠯᠭ᠎ᠠ
(ᠨᠢᠭᠡ) ᠬᠤᠷᠢᠶᠠᠨ ᠠᠪᠴᠦ ᠵᠠᠳᠠᠯᠤᠨ ᠰᠠᠯᠭ᠋ᠠᠬᠤ ᠬᠢᠷᠢ ᠬᠡᠮ ᠵᠶ᠋ᠠᠷ ᠮᠠᠭ᠋ᠠᠳᠯᠠᠨ ᠲᠤᠭᠲᠠᠭ᠋ᠠᠯᠲᠠ ᠵᠢ ᠤᠯᠬᠤ᠎ᠳᠤ᠂ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ
1. ᠠᠵᠤ ᠠᠬᠤᠶ᠋ᠢᠯᠠᠯ᠎ᠤᠨ ᠬᠠᠤᠯᠢ ᠵᠢᠨ ᠬᠥᠮᠦᠨ᠎ᠤ ᠬᠢᠷᠢ ᠬᠡᠮ᠎ᠲᠠᠢ ᠪᠠᠶ᠋ᠢᠬᠤ;
2. ᠵᠠᠳᠠᠯᠤᠨ ᠰᠠᠯᠭ᠋ᠠᠵᠤ ᠡᠵᠡᠩᠨᠡᠬᠦ ᠲᠠᠯᠠᠪᠤᠷ᠎ᠤᠨ ᠪᠠᠶ᠋ᠢᠭ᠎ᠠ ᠭᠠᠵᠠᠷ᠎ᠨᠢ ᠬᠣᠲᠠ ᠵᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠴᠢ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠰᠠᠭᠤᠭ᠋ᠠᠯᠢ ᠠᠷᠠᠳ᠎ᠤᠨ ᠲᠣᠭᠣᠷᠢᠭ᠂ ᠬᠤᠳᠠᠯᠳᠤᠭ᠋ᠠᠨ᠎ᠤ ᠲᠣᠭᠣᠷᠢᠭ᠂ ᠢᠳᠡᠬᠦ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠪᠤᠰᠤᠳ ᠣᠷᠴᠢᠨ ᠲᠣᠭᠣᠷᠢᠨ᠎ᠤ ᠰᠡᠷᠭᠡᠭ ᠣᠷᠣᠨ ᠲᠤᠲᠤᠷ᠎ᠠ ᠪᠠᠶ᠋ᠢᠭᠤᠯᠵᠤ ᠪᠣᠯᠬᠤ ᠥᠬᠡᠶ;
3. ᠤᠯᠤᠰ᠎ᠤᠨ ᠪᠠᠷᠢᠮᠵᠢᠶ᠎ᠠ ᠵᠢᠨ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠦᠷᠢᠮᠵᠢᠯ》 (GB22128)᠎ᠤᠨ ᠭᠠᠵᠠᠷ᠂ ᠪᠡᠯᠡᠳᠬᠡᠮᠵᠢ ᠲᠥᠬᠥᠭᠡᠷᠦᠮᠵᠢ᠂ ᠬᠠᠳᠠᠭ᠋ᠠᠯᠠᠬᠤ᠂ ᠰᠠᠯᠭ᠋ᠠᠨ ᠵᠠᠳᠠᠯᠬᠤ ᠮᠡᠷᠭᠡᠵᠢᠯ᠎ᠤᠨ ᠲᠦᠷᠢᠮᠵᠢᠯ ᠵᠢᠴᠢ ᠲᠤᠬᠢᠷᠠᠯᠴᠠᠭᠰᠠᠨ ᠲᠤᠰᠬᠠᠶ ᠮᠡᠷᠭᠡᠵᠢᠯ᠎ᠤᠨ ᠠᠵᠢᠯᠳᠠᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ;
4. ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠵᠢᠨ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠵᠠᠳᠠᠯᠤᠨ ᠰᠠᠯᠭ᠋ᠠᠬᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠷᠭᠡᠵᠢᠯ᠎ᠤᠨ ᠲᠦᠷᠢᠮᠵᠢᠯ》 (HJ348)᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ;
5. ᠤᠯᠤᠰ᠎ᠤᠨ ᠲᠣᠭᠲᠠᠭ᠋ᠠᠯ᠎ᠳᠤ ᠨᠡᠶ᠋ᠢᠴᠡᠭᠰᠡᠨ ᠠᠮᠢ ᠠᠬᠤᠶ ᠵᠢᠨ ᠣᠷᠴᠢᠨ ᠨᠥᠬᠥᠴᠡᠯ᠎ᠢ ᠬᠠᠮᠠᠭ᠋ᠠᠯᠠᠬᠤ ᠲᠦᠷᠢᠮ ᠲᠤᠭᠲᠠᠭ᠋ᠠᠯ᠎ᠲᠠᠢ ᠪᠠᠶ᠋ᠢᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠬᠢᠷᠠᠯᠴᠠᠭᠰᠠᠨ ᠠᠷᠭ᠎ᠠ ᠬᠡᠮᠵᠢᠶ᠎ᠡ ᠵᠢ ᠪᠦᠷᠢᠳᠦᠭᠦᠯᠵᠦ᠂ ᠵᠠᠳᠠᠯᠤᠨ ᠰᠠᠯᠭ᠋ᠠᠵᠤ ᠭᠠᠷᠭ᠋ᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠲᠣᠬᠢᠲᠠᠶ ᠰᠢᠢ᠍ᠳᠪᠤᠷᠢᠯᠡᠬᠦ ᠲᠥᠰᠦᠯ᠎ᠲᠠᠢ ᠪᠠᠶ᠋ᠢᠵᠤ᠂ ᠰᠢᠢ᠍ᠳᠪᠤᠷᠢᠯᠡᠬᠦ ᠠᠷᠭ᠎ᠠ ᠬᠡᠯᠪᠡᠷᠢ᠎ᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠠᠬᠤᠶ ᠵᠢ ᠪᠣᠬᠢᠷᠲᠤᠭᠤᠯᠬᠤ ᠵᠢ ᠰᠡᠷᠭᠡᠶ᠋ᠢᠯᠡᠨ ᠵᠠᠰᠠᠬᠤ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
(ᠬᠣᠶᠠᠷ) ᠬᠢᠷᠢ ᠬᠡᠮ᠎ᠤᠨ ᠮᠠᠭ᠋ᠠᠳᠯᠠᠨ ᠲᠤᠭᠲᠠᠭ᠋ᠠᠯᠲᠠ ᠵᠢ ᠭᠤᠶᠤᠴᠢᠯᠠᠬᠤ᠎ᠳᠤ ᠲᠤᠰᠢᠶᠠᠪᠠᠰᠤ ᠵᠣᠬᠢᠬᠤ ᠮᠠᠲ᠋ᠧᠷᠢᠶᠠᠯ
ᠬᠢᠷᠢ ᠬᠡᠮ᠎ᠤᠨ ᠮᠠᠭ᠋ᠠᠳᠯᠠᠨ ᠲᠤᠭᠲᠠᠭ᠋ᠠᠯᠲᠠ ᠵᠢ ᠭᠤᠶᠤᠴᠢᠯᠠᠬᠤ ᠠᠵᠤ ᠠᠬᠤᠶ᠋ᠢᠯᠠᠯ᠎ᠨᠢ ᠵᠠᠳᠠᠯᠤᠨ ᠰᠠᠯᠭ᠋ᠠᠬᠤ ᠡᠵᠡᠩᠨᠡᠯᠲᠡ ᠵᠢᠨ ᠭᠠᠵᠠᠷ᠎ᠤᠨ ᠪᠠᠶ᠋ᠢᠭ᠎ᠠ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ 《ᠪᠥᠬᠥ ᠤᠯᠤᠰ᠎ᠤᠨ ᠮᠠᠰᠢᠨ ᠲᠡᠷᠭᠡᠨ᠎ᠤ ᠬᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠯᠡᠭᠡᠨ᠎ᠤ ᠦᠢ᠍ᠯᠡᠴᠢᠯᠡᠭᠡ》 ᠵᠢᠨ ᠰᠢᠰᠲ᠋ᠧᠮ ᠵᠶ᠋ᠠᠷ ᠳᠠᠮᠵᠢᠭᠤᠯᠤᠨ ᠭᠤᠶᠤᠴᠢᠯᠠᠬᠤ ᠵᠢᠨ ᠬᠠᠮᠲᠤ ᠳᠣᠤᠷᠠᠬᠢ ᠮᠡᠲᠦ ᠪᠢᠴᠢᠭ᠎ᠤᠨ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
1. ᠪᠠᠶ᠋ᠢᠭᠤᠯᠬᠤ ᠭᠤᠶᠤᠴᠢᠯᠠᠯ᠎ᠤᠨ ᠮᠡᠳᠡᠭᠦᠯᠦᠯᠲᠡ (ᠭᠤᠶᠤᠴᠢᠯᠠᠭᠰᠠᠨ ᠠᠵᠤ ᠠᠬᠤᠶ᠋ᠢᠯᠠᠯ᠎ᠤᠨ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠳᠠᠩᠰᠠᠯᠠᠭᠤᠯᠤᠭᠰᠠᠨ ᠬᠦᠷᠦᠨᠭᠭᠡ᠂ ᠣᠷᠣᠨ ᠰᠠᠭᠤᠴᠠ᠂ ᠵᠠᠳᠠᠯᠤᠨ ᠰᠠᠯᠭ᠋ᠠᠬᠤ ᠭᠠᠵᠠᠷ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ ᠵᠡᠷᠭᠡ ᠠᠭᠤᠯᠭ᠎ᠠ᠎ᠪᠠᠨ ᠲᠣᠳᠣᠷᠬᠠᠶ ᠪᠢᠴᠢᠬᠦ ᠬᠡᠷᠡᠭᠲᠡᠶ);
2 . ᠠᠵᠤ ᠠᠬᠤᠶ᠋ᠢᠯᠠᠯ᠎ᠤᠨ 《ᠡᠵᠡᠩᠨᠡᠯᠲᠡ ᠵᠢᠨ ᠦᠨᠡᠮᠯᠡᠯ》᠎ᠢ ᠭᠤᠶᠤᠴᠢᠯᠠᠬᠤ;
3. ᠠᠵᠤ ᠠᠬᠤᠶ᠋ᠢᠯᠠᠯ᠎ᠤᠨ ᠲᠦᠷᠢᠮ ᠲᠤᠭᠲᠠᠭ᠋ᠠᠯ᠎ᠢ ᠭᠤᠶᠤᠴᠢᠯᠠᠬᠤ;
4. ᠭᠤᠶᠤᠴᠢᠯᠠᠵᠦ ᠪᠠᠢ᠌ᠭ᠎ᠠ ᠠᠵᠤ ᠠᠬᠤᠶ᠋ᠢᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ ᠪᠤᠶᠤ ᠪᠤᠰᠤᠳ ᠬᠦᠴᠦᠨ ᠪᠥᠬᠥᠶ ᠪᠡᠶ᠎ᠡ ᠵᠢᠨ ᠦᠨᠡᠮᠯᠡᠯ;
5. ᠵᠠᠳᠠᠯᠤᠨ ᠰᠠᠯᠭ᠋ᠠᠬᠤ ᠡᠵᠡᠩᠨᠡᠯᠲᠡ ᠵᠢᠨ ᠭᠠᠵᠠᠷ᠎ᠤᠨ ᠭᠠᠵᠠᠷ ᠰᠢᠷᠣᠶ ᠵᠢ ᠬᠡᠷᠡᠭᠯᠡᠬᠦ ᠡᠷᠬᠡ᠂ ᠭᠡᠷ ᠪᠠᠶ᠋ᠢᠰᠢᠩ᠎ᠤᠨ ᠥᠮᠴᠢᠯᠡᠬᠦ ᠡᠷᠬᠡ ᠵᠢᠨ ᠭᠡᠷᠡᠴᠢ ᠪᠤᠶᠤ ᠲᠦᠷᠢᠶᠡᠰᠦᠯᠡᠬᠦ ᠬᠤᠭᠤᠴᠠᠭ᠎ᠠ᠎ᠨᠢ 10 ᠵᠢᠯ᠎ᠠᠴᠠ ᠳᠡᠭᠡᠭᠰᠢ ᠪᠠᠶ᠋ᠢᠬᠤ ᠭᠠᠵᠠᠷ ᠰᠢᠷᠣᠶ ᠵᠢ ᠲᠦᠷᠢᠶᠡᠰᠦᠯᠡᠬᠦ ᠭᠡᠷ᠎ᠡ ᠪᠤᠶᠤ ᠭᠠᠵᠠᠷ ᠰᠢᠷᠣᠶ ᠵᠢ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠭᠡᠷ᠎ᠡ ᠵᠢᠴᠢ ᠭᠡᠷ ᠪᠠᠶ᠋ᠢᠰᠢᠩ᠎ᠢ ᠲᠦᠷᠢᠶᠡᠰᠦᠯᠡᠭᠦᠯᠬᠦ ᠵᠢ ᠭᠡᠷᠡᠴᠢᠯᠡᠬᠦ ᠮᠠᠲ᠋ᠧᠷᠢᠶᠠᠯ;
6. ᠠᠵᠤ ᠠᠬᠤᠶ᠋ᠢᠯᠠᠯ ᠵᠢᠨ ᠬᠤᠳᠠᠯᠳᠤᠨ ᠠᠪᠬᠤ᠎ᠪᠠᠷ ᠭᠤᠶᠤᠴᠢᠯᠠᠭᠰᠠᠨ ᠪᠤᠶᠤ ᠪᠡᠯᠡ ᠲᠤᠬᠢᠷᠠᠭᠤᠯᠭ᠎ᠠ ᠵᠢᠨ ᠲᠦᠷᠢᠶᠡᠰᠦᠯᠡᠭᠰᠡᠨ ᠠᠷᠭ᠎ᠠ ᠮᠠᠶᠢᠭ ᠵᠶ᠋ᠠᠷ ᠣᠯᠤᠭᠰᠠᠨ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢᠨ ᠵᠠᠳᠠᠯᠬᠤ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ ᠬᠡᠷᠡᠭᠯᠡᠬᠦ ᠲᠥᠬᠥᠭᠡᠷᠦᠮᠵᠢ᠂ ᠲᠥᠬᠥᠭᠡᠷᠦᠮᠵᠢ ᠵᠢᠨ ᠲᠣᠳᠣᠷᠬᠠᠶ ᠬᠠᠭᠤᠳᠠᠰᠤ ᠵᠢᠴᠢ ᠪᠠᠷᠢᠮᠲᠠ ᠪᠤᠶᠤ ᠪᠡᠯᠡ ᠲᠤᠬᠢᠷᠠᠭᠤᠯᠭ᠎ᠠ ᠵᠢᠨ ᠲᠦᠷᠢᠶᠡᠰᠦᠯᠡᠭᠰᠡᠨ ᠭᠡᠷ᠎ᠡ ᠵᠡᠷᠭᠡ ᠥᠮᠴᠢᠯᠡᠯ᠎ᠤᠨ ᠡᠷᠬᠡ ᠵᠢ ᠭᠡᠷᠡᠴᠢᠯᠡᠬᠦ ᠪᠢᠴᠢᠭ ᠮᠠᠲ᠋ᠧᠷᠢᠶᠠᠯ;
7. ᠠᠮᠢ ᠠᠬᠤᠶ ᠵᠢᠨ ᠣᠷᠴᠢᠨ ᠲᠣᠭᠣᠷᠢᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭ᠋ᠠᠭᠰᠠᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠢᠴᠢᠭ ᠮᠠᠲ᠋ᠧᠷᠢᠶᠠᠯ᠎ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ;
8. ᠭᠤᠶᠤᠴᠢᠯᠠᠵᠦ ᠪᠠᠢ᠌ᠭ᠎ᠠ ᠠᠵᠤ ᠠᠬᠤᠶ᠋ᠢᠯᠠᠯ᠎ᠤᠨ ᠳᠡᠭᠡᠳᠦ ᠵᠡᠷᠭᠡ ᠵᠢᠨ ᠬᠠᠮᠢᠶᠠᠷᠤᠯᠲᠠ ᠪᠠ ᠲᠤᠰᠬᠠᠶ ᠮᠡᠷᠭᠡᠵᠢᠯ᠎ᠤᠨ ᠠᠵᠢᠯᠳᠠᠨ᠎ᠤ ᠨᠡᠷᠡᠰ;
9. ᠭᠤᠶᠤᠴᠢᠯᠠᠵᠦ ᠪᠠᠢ᠌ᠭ᠎ᠠ ᠠᠵᠤ ᠠᠬᠤᠶ᠋ᠢᠯᠠᠯ᠎ᠤᠨ ᠵᠠᠳᠠᠯᠤᠨ ᠰᠠᠯᠭ᠋ᠠᠬᠤ ᠠᠵᠢᠯᠯᠠᠭ᠋ᠠᠨ᠎ᠤ ᠲᠦᠷᠢᠮᠵᠢᠯ᠂ ᠠᠶᠤᠯᠭᠦᠶ ᠵᠢᠨ ᠲᠦᠷᠢᠮ ᠲᠤᠭᠲᠠᠭ᠋ᠠᠯ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠢᠭᠯᠠᠨ ᠰᠢᠢ᠍ᠳᠪᠤᠷᠢᠯᠡᠬᠦ ᠲᠥᠰᠦᠯ᠃
ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠭᠤᠯᠤᠨ ᠣᠯᠵᠤ ᠪᠤᠯᠪᠠᠯ᠂ ᠬᠢᠨᠠᠨ ᠬᠠᠷᠭᠤᠭᠤᠯᠬᠤ ᠪᠠᠶ᠋ᠢᠭᠤᠯᠭ᠎ᠠ᠎ᠠᠴᠠ ᠠᠵᠤ ᠠᠬᠤᠶ᠋ᠢᠯᠠᠯ ᠵᠶ᠋ᠠᠷ ᠲᠠᠬᠢᠨ ᠲᠤᠰᠢᠶᠠᠬᠤ᠎ᠪᠠᠷ ᠱᠠᠭ᠋ᠠᠷᠳᠠᠬᠤ ᠦᠭᠡᠢ ᠪᠠᠶ᠋ᠢᠵᠤ ᠪᠣᠯᠤᠨ᠎ᠠ᠃
ᠭᠤᠷᠪᠠ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢ ᠬᠦᠢ᠍ᠴᠡᠳᠭᠡᠬᠦ ᠲᠠᠷᠠᠭ᠋ᠠᠯᠠᠯ
ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠠᠡᠭᠬᠠᠨ᠎ᠤ ᠬᠢᠨᠠᠯᠲᠠ
1. ᠭᠤᠶᠤᠴᠢᠯᠠᠵᠦ ᠪᠠᠢ᠌ᠭ᠎ᠠ ᠠᠵᠤ ᠠᠬᠤᠶ᠋ᠢᠯᠠᠯ᠎ᠨᠢ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ》᠂ 《ᠬᠡᠷᠡᠭᠵᠢᠭᠦᠯᠬᠦ ᠨᠠᠷᠢᠨ ᠲᠦᠷᠢᠮ》᠂ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠦᠷᠢᠮᠵᠢᠯ》 ᠪᠣᠯᠤᠨ ᠲᠣᠰ ᠮᠡᠳᠡᠭᠳᠡᠯ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠰᠠᠯᠭ᠋ᠠᠨ ᠵᠠᠳᠠᠯᠬᠤ ᠡᠵᠡᠩᠨᠡᠯᠲᠡ ᠵᠢᠨ ᠲᠠᠯᠠᠪᠤᠷ᠎ᠤᠨ ᠪᠠᠶ᠋ᠢᠭ᠎ᠠ ᠭᠠᠵᠠᠷ᠎ᠤᠨ ᠵᠶ᠋ᠠᠨ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠳᠤ ᠭᠤᠶᠤᠴᠢᠯᠠᠬᠤ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ;
2. ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠭᠤᠶᠤᠴᠢᠯᠠᠭᠰᠠᠨ ᠮᠠᠲ᠋ᠧᠷᠢᠶᠠᠯ᠎ᠨᠢ ᠪᠦᠷᠢᠨ ᠬᠦᠢ᠍ᠴᠡᠳ ᠪᠠᠶ᠋ᠢᠬᠤ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ ᠵᠢ ᠬᠢᠨᠠᠨ ᠬᠠᠷᠭᠤᠭᠤᠯᠬᠤ ᠬᠡᠷᠡᠭᠲᠡᠶ᠃ ᠮᠠᠲ᠋ᠧᠷᠢᠶᠠᠯ᠎ᠨᠢ ᠪᠦᠷᠢᠨ ᠪᠤᠰᠤ ᠪᠤᠶᠤ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠥᠬᠡᠶ ᠭᠡᠵᠦ ᠦᠵᠡᠪᠡᠯ᠂ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠶ ᠪᠥᠬᠥ ᠠᠭᠤᠯᠭ᠎ᠠ ᠵᠢ 5 ᠠᠵᠢᠯᠯᠠᠬᠤ ᠡᠳᠦᠷ᠎ᠤᠨ ᠳᠣᠲᠣᠷ᠎ᠠ ᠨᠢᠭᠡ ᠯᠡ ᠤᠳᠠᠭ᠎ᠠ᠎ᠳᠤ ᠮᠡᠳᠡᠭᠳᠡᠨ᠎ᠡ; ᠭᠤᠶᠤᠴᠢᠯᠠᠭᠰᠠᠨ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ ᠮᠠᠶᠢᠭ᠎ᠲᠤ ᠨᠡᠶ᠋ᠢᠴᠡᠬᠦ᠂ ᠡᠰᠡᠬᠦᠯ᠎ᠡ ᠠᠵᠤ ᠠᠬᠤᠶ᠋ᠢᠯᠠᠯ᠎ᠤᠨ ᠱᠠᠭ᠋ᠠᠷᠳᠠᠯᠭ᠎ᠠ ᠶᠣᠰᠣᠭ᠋ᠠᠷ ᠨᠥᠬᠥᠵᠦ ᠵᠠᠯᠠᠷᠠᠭᠤᠯᠬᠤ ᠪᠥᠬᠥ ᠮᠠᠲ᠋ᠧᠷᠢᠶᠠᠯ ᠵᠶ᠋ᠠᠨ ᠲᠤᠰᠢᠶᠠᠭᠰᠠᠨ ᠪᠠᠶ᠋ᠢᠪᠠᠯ᠂ ᠠᠶ᠋ᠢᠮᠠᠭ ᠬᠤᠳᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠠᠴᠠ ᠬᠢᠨᠠᠭᠰᠠᠨ ᠰᠠᠨᠠᠯ ᠪᠣᠯᠤᠨ ᠠᠵᠤ ᠠᠬᠤᠶ᠋ᠢᠯᠠᠯ᠎ᠤᠨ ᠲᠤᠰᠢᠶᠠᠭᠰᠠᠨ ᠭᠤᠶᠤᠴᠢᠯᠠᠭᠰᠠᠨ ᠮᠠᠲ᠋ᠧᠷᠢᠶᠠᠯ ᠵᠶ᠋ᠠᠨ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠲᠤ ᠮᠡᠳᠡᠭᠦᠯᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠰᠠᠨᠠᠯ᠎ᠳᠤ 《ᠵᠠᠳᠠᠯᠤᠨ ᠰᠠᠯᠭ᠋ᠠᠬᠤ ᠡᠵᠡᠩᠨᠡᠯᠲᠡ ᠵᠢᠨ ᠲᠠᠯᠠᠪᠤᠷ᠎ᠤᠨ ᠭᠠᠵᠠᠷ᠎ᠨᠢ ᠪᠠᠶ᠋ᠢᠭ᠎ᠠ ᠬᠣᠲᠠ ᠵᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠴᠢ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠵᠦ᠂ ᠰᠠᠭᠤᠭ᠋ᠠᠯᠢ ᠠᠷᠠᠳ᠎ᠤᠨ ᠲᠣᠭᠣᠷᠢᠭ᠂ ᠬᠤᠳᠠᠯᠳᠤᠭ᠋ᠠᠨ᠎ᠤ ᠲᠣᠭᠣᠷᠢᠭ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠪᠤᠰᠤᠳ ᠣᠷᠴᠢᠨ ᠠᠬᠤᠶ ᠵᠢᠨ ᠰᠡᠷᠭᠡᠭ ᠣᠷᠣᠨ᠎ᠳᠤ ᠪᠠᠶ᠋ᠢᠭᠤᠯᠤᠭᠰᠠᠨ ᠥᠬᠡᠶ》 ᠭᠡᠵᠦ ᠲᠣᠳᠣᠷᠬᠠᠶ᠋ᠢᠯᠠᠬᠤ ᠬᠡᠷᠡᠭᠲᠡᠶ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠰᠢᠯᠭ᠋ᠠᠨ ᠪᠠᠢ᠌ᠴᠠᠭ᠋ᠠᠵᠦ ᠮᠠᠭ᠋ᠠᠳᠯᠠᠨ ᠲᠤᠭᠲᠠᠭ᠋ᠠᠬᠤ
1. ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠭᠤᠶᠤᠴᠢᠯᠠᠭᠰᠠᠨ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠳᠤ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠭᠰᠡᠨ ᠪᠠᠶ᠋ᠢᠪᠠᠯ ᠬᠦᠯᠢᠶᠡᠨ ᠠᠪᠴᠤ ᠰᠢᠢ᠍ᠳᠪᠤᠷᠢᠯᠡᠨ᠎ᠡ᠃ ᠬᠢᠷᠢ ᠬᠡᠮ᠎ᠢ᠎ᠨᠢ ᠮᠠᠭ᠋ᠠᠳᠯᠠᠨ ᠲᠤᠭᠲᠠᠭ᠋ᠠᠬᠤ ᠭᠤᠶᠤᠴᠢᠯᠠᠯ᠎ᠢ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠬᠤ ᠠᠵᠢᠯ᠎ᠢ ᠳᠠᠭᠤᠰᠬᠠᠬᠤ ᠵᠢᠨ ᠬᠠᠮᠲᠤ ᠬᠠᠮᠢᠶ᠎ᠠ ᠪᠥᠬᠥᠶ ᠲᠣᠭᠲᠠᠭ᠋ᠠᠯ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠳᠠᠬᠢᠨ 10 ᠠᠵᠢᠯᠯᠠᠬᠤ ᠡᠳᠦᠷ ᠤᠷᠲᠤᠳᠬᠠᠵᠤ ᠪᠣᠯᠤᠨ᠎ᠠ (ᠲᠤᠬᠠᠶ ᠵᠢᠨ ᠲᠠᠯᠠᠪᠤᠷ᠎ᠲᠤ ᠰᠢᠯᠭ᠋ᠠᠨ ᠠᠪᠴᠤ ᠬᠢᠨᠠᠨ ᠲᠣᠭᠲᠠᠭ᠋ᠠᠬᠤ᠂ ᠭᠡᠷᠡᠴᠢᠯᠡᠭᠡ ᠰᠣᠨᠣᠰᠬᠤ᠂ ᠳᠠᠬᠢᠨ ᠦᠨᠡᠯᠡᠵᠦ ᠳᠠᠬᠢᠨ ᠬᠢᠨᠠᠬᠤ᠂ ᠢᠯᠡ ᠨᠡᠶ᠋ᠢᠲᠡᠯᠡᠬᠦ ᠵᠡᠷᠭᠡ᠎ᠳᠤ ᠬᠡᠷᠡᠭᠰᠡᠬᠦ ᠴᠠᠭ᠎ᠢ ᠲᠣᠭᠲᠠᠭᠰᠠᠨ ᠬᠤᠭᠤᠴᠠᠭ᠋ᠠᠨ᠎ᠳᠤ ᠪᠤᠳᠤᠵᠤ ᠣᠷᠣᠭᠤᠯᠬᠤ ᠥᠬᠡᠶ);
2. ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠢᠷᠢ ᠬᠡᠮ᠎ᠢ ᠮᠠᠭ᠋ᠠᠳᠯᠠᠨ ᠲᠤᠭᠲᠠᠭ᠋ᠠᠬᠤ ᠭᠤᠶᠤᠴᠢᠯᠠᠯ᠎ᠢ ᠭᠥᠯᠢᠶᠡᠨ ᠠᠪᠤᠭᠰᠠᠨ᠎ᠤ ᠳᠠᠷᠠᠭ᠎ᠠ᠂ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ ᠪᠠᠶ᠋ᠢᠭᠤᠯᠵᠤ ᠭᠤᠶᠤᠴᠢᠯᠠᠭᠰᠠᠨ ᠠᠵᠤ ᠠᠬᠤᠶ᠋ᠢᠯᠠᠯ᠎ᠳᠤ ᠲᠤᠬᠠᠶ ᠵᠢᠨ ᠲᠠᠯᠠᠪᠤᠷᠲᠤᠨᠢ ᠰᠢᠯᠭ᠋ᠠᠨ ᠠᠪᠴᠤ ᠮᠠᠭ᠋ᠠᠳᠯᠠᠨ ᠲᠤᠭᠲᠠᠭ᠋ᠠᠬᠤ ᠵᠢᠨ ᠬᠠᠮᠲᠤ 《ᠲᠤᠬᠠᠶ ᠵᠢᠨ ᠲᠠᠯᠠᠪᠤᠷᠲᠤᠨᠢ ᠰᠢᠯᠭ᠋ᠠᠨ ᠠᠪᠴᠤ ᠮᠠᠭ᠋ᠠᠳᠯᠠᠨ ᠲᠤᠭᠲᠠᠭ᠋ᠠᠬᠤ ᠰᠠᠨᠠᠯ᠎ᠤᠨ ᠬᠦᠰᠦᠨᠦᠭᠲᠦ》 ᠵᠢ ᠭᠠᠷᠭ᠋ᠠᠵᠤ ᠥᠭᠭᠦᠨ᠎ᠡ᠃ ᠮᠠᠭ᠋ᠠᠳᠯᠠᠨ ᠲᠤᠭᠲᠠᠭ᠋ᠠᠬᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠨᠢ ᠬᠤᠷᠢᠶᠠᠨ ᠠᠪᠴᠦ ᠵᠠᠳᠠᠯᠤᠨ ᠰᠠᠯᠭ᠋ᠠᠬᠤ ᠵᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠡᠳ᠋᠎ᠤᠨ ᠶᠠᠪᠤᠳᠠᠯ ᠪᠠ ᠠᠵᠢᠯ ᠲᠥᠷᠥᠯ᠎ᠤᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠢ ᠪᠠᠭᠲᠠᠭ᠋ᠠᠭᠰᠠᠨ 5᠎ᠠᠴᠠ ᠳᠡᠭᠡᠭᠰᠢ ᠲᠤᠰᠬᠠᠶ ᠮᠡᠷᠭᠡᠵᠢᠯᠲᠡᠨ᠎ᠢ ᠮᠠᠰᠢᠨ᠎ᠤ ᠲᠣᠬᠢᠶᠠᠯᠳᠤᠯ ᠵᠶ᠋ᠠᠷ ᠰᠣᠩᠭᠣᠨ ᠭᠠᠷᠭ᠋ᠠᠵᠤ᠂ 1:1:1:2᠎ᠤᠨ ᠬᠠᠷᠢᠴᠠᠯ ᠵᠶ᠋ᠠᠷ ᠪᠦᠷᠢᠯᠳᠦᠭᠦᠯᠦᠨ᠎ᠡ᠃
3. ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠪᠠ ᠲᠤᠰᠬᠠᠶ ᠮᠡᠷᠭᠡᠵᠢᠯᠲᠡᠨ᠎ᠤ ᠰᠢᠯᠭ᠋ᠠᠨ ᠠᠪᠴᠤ ᠬᠢᠨᠠᠨ ᠲᠣᠭᠲᠠᠭ᠋ᠠᠭᠰᠠᠨ ᠰᠠᠨᠠᠯ᠎ᠢ ᠦᠨᠳᠦᠰᠦᠯᠡᠨ᠂ ᠬᠢᠷᠢ ᠬᠡᠮ᠎ᠢ ᠮᠠᠭ᠋ᠠᠳᠯᠠᠨ ᠲᠤᠭᠲᠠᠭ᠋ᠠᠬᠤ ᠨᠥᠬᠥᠴᠡᠯ᠎ᠳᠤ ᠨᠡᠶ᠋ᠢᠴᠡᠪᠡᠯ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ ᠪᠠ 《ᠪᠥᠬᠥ ᠤᠯᠤᠰ᠎ᠤᠨ ᠮᠠᠰᠢᠨ ᠲᠡᠷᠭᠡᠨ᠎ᠤ ᠬᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠯᠡᠭᠡᠨ᠎ᠤ ᠦᠢ᠍ᠯᠡᠴᠢᠯᠡᠭᠡ》 ᠵᠢᠨ ᠰᠢᠰᠲ᠋ᠧᠮ᠎ᠳᠤ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠵᠤ ᠪᠣᠯᠬᠤ ᠥᠬᠡᠶ;
4. ᠬᠢᠷᠢ ᠬᠡᠮ᠎ᠢ ᠮᠠᠭ᠋ᠠᠳᠯᠠᠨ ᠲᠤᠭᠲᠠᠭ᠋ᠠᠬᠤ ᠢᠯᠡ ᠨᠡᠢ᠌ᠲᠡᠯᠡᠭᠰᠡᠨ ᠦᠷ᠎ᠡ ᠳ᠋ᠦᠡᠭ᠎ᠳᠤ ᠣᠨᠳᠣᠣ ᠰᠠᠨᠠᠯ᠎ᠲᠠᠢ ᠪᠠᠶ᠋ᠢᠪᠠᠯ᠂ ᠬᠡᠷᠡᠭᠴᠡᠭᠡ᠎ᠪᠠᠨ ᠦᠨᠳᠦᠰᠦᠯᠡᠨ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠬᠤ᠂ ᠲᠤᠰᠬᠠᠶ ᠮᠡᠷᠭᠡᠵᠢᠯᠲᠡᠨ᠎ᠤ ᠲᠠᠬᠢᠨ ᠦᠨᠡᠯᠡᠵᠦ ᠲᠠᠬᠢᠨ ᠬᠢᠨᠠᠬᠤ ᠵᠡᠷᠭᠡ᠎ᠪᠠᠷ ᠳᠠᠮᠵᠢᠭᠤᠯᠤᠨ ᠣᠨᠳᠣᠣ ᠰᠠᠨᠠᠯ᠎ᠢ ᠬᠢᠨᠠᠨ ᠬᠠᠷᠭᠤᠭᠤᠯᠤᠨ᠎ᠠ᠃ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠶ᠋ᠢᠴᠡᠬᠦ ᠥᠬᠡᠶ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠥᠬᠡᠶ ᠲᠣᠭᠲᠠᠭ᠋ᠠᠯ ᠭᠠᠷᠭ᠋ᠠᠬᠤ ᠵᠢᠨ ᠬᠠᠮᠲᠤ ᠰᠢᠯᠲᠠᠭ᠋ᠠᠨ ᠵᠶ᠋ᠠᠨ ᠪᠢᠴᠢᠭ ᠵᠶ᠋ᠠᠷ ᠲᠣᠳᠣᠷᠬᠠᠶ᠋ᠢᠯᠠᠨ᠎ᠠ; ᠢᠯᠡ ᠨᠡᠶ᠋ᠢᠲᠡᠯᠡᠬᠦ᠎ᠳᠤ ᠣᠨᠳᠣᠤ ᠰᠠᠨᠠᠯ ᠥᠬᠡᠶ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ 《ᠪᠥᠬᠥ ᠤᠯᠤᠰ᠎ᠤᠨ ᠮᠠᠰᠢᠨ ᠲᠡᠷᠭᠡᠨ᠎ᠤ ᠬᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠯᠡᠭᠡᠨ᠎ᠤ ᠦᠢ᠍ᠯᠡᠴᠢᠯᠡᠭᠡ》 ᠵᠢᠨ ᠰᠢᠰᠲ᠋ᠧᠮ᠎ᠳᠤ ᠭᠤᠶᠤᠴᠢᠯᠠᠯ᠎ᠢ ᠪᠠᠲᠤᠯᠠᠭᠤᠯᠵᠤ᠂ ᠠᠵᠤ ᠠᠬᠤᠶ᠋ᠢᠯᠠᠯ᠎ᠤᠨ ᠲᠠᠩᠰᠠᠨ ᠡᠷᠦᠬᠡ ᠵᠢ ᠪᠠᠶ᠋ᠢᠭᠤᠯᠬᠤ ᠵᠢᠨ ᠬᠠᠮᠲᠤ 《ᠬᠢᠷᠢ ᠬᠡᠮ᠎ᠢ ᠮᠠᠭ᠋ᠠᠳᠯᠠᠨ ᠲᠤᠭᠲᠠᠭ᠋ᠠᠭᠰᠠᠨ ᠦᠨᠡᠮᠯᠡᠯ》 ᠣᠯᠭᠣᠨ᠎ᠠ᠃
ᠲᠦᠷᠪᠡ᠂ ᠰᠠᠯᠪᠤᠷᠢ ᠪᠠᠶ᠋ᠢᠭᠤᠯᠤᠮᠵᠢ ᠵᠢ ᠪᠠᠶ᠋ᠢᠭᠤᠯᠬᠤ ᠪᠠ ᠠᠵᠤ ᠠᠬᠤᠶ᠋ᠢᠯᠠᠯ ᠬᠠᠮᠢᠶᠠᠷᠤᠯᠲᠠ᠎ᠪᠠᠨ ᠬᠤᠪᠢᠷᠠᠭᠤᠯᠬᠤ
(ᠨᠢᠭᠡ) ᠰᠠᠯᠪᠤᠷᠢ ᠪᠠᠶ᠋ᠢᠭᠤᠯᠤᠮᠵᠢ ᠵᠢ ᠪᠠᠶ᠋ᠢᠭᠤᠯᠬᠤ
ᠨᠢᠭᠡᠨᠲᠡ ᠬᠢᠷᠢ ᠬᠡᠮ ᠣᠯᠤᠭᠰᠠᠨ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠨᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠤᠭᠰᠠᠨ ᠪᠠᠶ᠋ᠢᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ 《ᠪᠥᠬᠥ ᠤᠯᠤᠰ᠎ᠤᠨ ᠮᠠᠰᠢᠨ ᠲᠡᠷᠭᠡᠨ᠎ᠤ ᠬᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠯᠡᠭᠡᠨ᠎ᠤ ᠦᠢ᠍ᠯᠡᠴᠢᠯᠡᠭᠡ》 ᠵᠢᠨ ᠰᠢᠰᠲ᠋ᠧᠮ ᠵᠶ᠋ᠠᠷ ᠳᠠᠮᠵᠢᠭᠤᠯᠤᠨ ᠰᠠᠯᠪᠤᠷᠢ ᠪᠠᠶ᠋ᠢᠭᠤᠯᠤᠮᠵᠢ ᠵᠢᠨ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶ᠋ᠢᠭ᠎ᠠ ᠭᠠᠵᠠᠷ᠎ᠤᠨ ᠵᠶ᠋ᠠᠨ ᠮᠤᠵᠢ ᠵᠢᠨ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠵᠢᠨ ᠬᠠᠮᠲᠤ ᠳᠣᠤᠷᠠᠬᠢ ᠮᠠᠲ᠋ᠧᠷᠢᠶᠠᠯ᠎ᠤᠨ ᠡᠯᠧᠺᠲᠷᠣᠨ ᠪᠢᠴᠢᠭ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠬᠡᠷᠡᠭᠲᠡᠶ᠄
1. ᠰᠠᠯᠪᠤᠷᠢ ᠪᠠᠶ᠋ᠢᠭᠤᠯᠤᠮᠵᠢ ᠵᠢᠨ ᠵᠶ᠋ᠠᠨ 《ᠡᠵᠡᠩᠨᠡᠯᠲᠡ ᠵᠢᠨ ᠦᠨᠡᠮᠯᠡᠯ》;
2. 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠤᠨ ᠰᠠᠯᠪᠤᠷᠢ ᠪᠠᠶ᠋ᠢᠭᠤᠯᠤᠮᠵᠢ ᠵᠢᠨ ᠳᠠᠩᠰᠠᠯᠠᠭᠤᠯᠤᠭᠰᠠᠨ ᠮᠡᠳᠡᠭᠡ ᠵᠠᠩᠭᠢ ᠵᠢᠨ ᠬᠦᠰᠦᠨᠦᠭᠲᠦ》᠃
ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠤᠨ ᠰᠠᠯᠪᠤᠷᠢ ᠪᠠᠶ᠋ᠢᠭᠤᠯᠤᠮᠵᠢ᠎ᠨᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠰᠠᠯᠭ᠋ᠠᠨ ᠵᠠᠳᠠᠯᠵᠤ ᠪᠣᠯᠬᠤ ᠦᠬᠡᠢ᠂ ᠳᠠᠩᠰᠠᠯᠠᠭᠤᠯᠤᠭᠰᠠᠨ ᠦᠬᠡᠢ ᠰᠠᠯᠪᠤᠷᠢ ᠪᠠᠶ᠋ᠢᠭᠤᠯᠤᠮᠵᠢ᠎ᠨᠢ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠪᠣᠯᠬᠤ ᠦᠬᠡᠢ᠃ ᠬᠠᠷᠢᠶᠠᠲᠤ ᠣᠷᠣᠨ᠎ᠤ ᠳᠣᠲᠣᠷᠠᠬᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠤᠨ ᠰᠠᠯᠪᠤᠷᠢ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠦᠨᠡᠨᠬᠦ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠬᠡᠪ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠦᠨᠡᠨᠬᠦ ᠰᠠᠶ᠋ᠢᠲᠤᠷ ᠬᠠᠮᠠᠭ᠋ᠠᠯᠠᠵᠤ᠂ ᠬᠡᠲᠦ ᠥᠷᠢᠰᠥᠯᠳᠦᠬᠦ᠎ᠠᠴᠠ ᠵᠠᠶ᠋ᠢᠯᠠᠰᠬᠢᠵᠦ᠂ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠶ᠃
(ᠬᠣᠶᠠᠷ) ᠬᠢᠷᠢ ᠬᠡᠮ᠎ᠤᠨ ᠦᠨᠡᠮᠯᠡᠯ᠎ᠤᠨ ᠮᠡᠳᠡᠭᠡ ᠵᠠᠩᠭᠢ ᠵᠢ ᠬᠤᠪᠢᠷᠠᠭᠤᠯᠬᠤ
ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠤᠨ ᠨᠡᠷᠡᠶ᠋ᠢᠳᠦᠯ᠂ ᠰᠠᠭᠤᠭ᠎ᠠ ᠭᠠᠵᠠᠷ ᠪᠤᠶᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠳᠤ ᠬᠤᠪᠢᠷᠠᠯᠲᠠ ᠭᠠᠷᠪᠠᠯ᠂ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠨᠢ ᠮᠡᠳᠡᠭᠡ ᠵᠠᠩᠭᠢ᠎ᠪᠠᠨ ᠬᠤᠪᠢᠷᠠᠭᠤᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ 《ᠪᠥᠬᠥ ᠤᠯᠤᠰ᠎ᠤᠨ ᠮᠠᠰᠢᠨ ᠲᠡᠷᠭᠡᠨ᠎ᠤ ᠬᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠯᠡᠭᠡᠨ᠎ᠤ ᠦᠢ᠍ᠯᠡᠴᠢᠯᠡᠭᠡ》 ᠵᠢᠨ ᠰᠢᠰᠲ᠋ᠧᠮ ᠵᠶ᠋ᠠᠷ ᠳᠠᠮᠵᠢᠭᠤᠯᠤᠨ ᠬᠤᠪᠢᠷᠠᠭᠤᠯᠬᠤ ᠲᠣᠳᠣᠷᠬᠠᠶ᠋ᠢᠯᠠᠯᠲᠠ ᠵᠢᠴᠢ ᠬᠤᠪᠢᠷᠠᠭᠤᠯᠤᠭᠰᠠᠨ᠎ᠤ ᠳᠠᠷᠠᠭ᠋ᠠᠬᠢ 《ᠡᠵᠡᠩᠨᠡᠯᠲᠡ ᠵᠢᠨ ᠦᠨᠡᠮᠯᠡᠯ》 ᠵᠶ᠋ᠠᠨ ᠳᠡᠭᠡᠭᠰᠢ ᠳᠠᠮᠵᠢᠭᠤᠯᠵᠤ᠂ ᠵᠠᠳᠠᠯᠤᠨ ᠰᠠᠯᠭ᠋ᠠᠬᠤ ᠡᠵᠡᠩᠨᠡᠯᠲᠡ ᠵᠢᠨ ᠲᠠᠯᠠᠪᠤᠷ ᠭᠠᠵᠠᠷ᠎ᠤᠨ ᠪᠠᠶ᠋ᠢᠭ᠎ᠠ ᠭᠠᠵᠠᠷ᠎ᠤᠨ ᠮᠤᠵᠢ ᠵᠢᠨ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ》᠎ᠢ ᠰᠣᠯᠢᠵᠤ ᠣᠯᠭᠣᠬᠤ ᠬᠡᠷᠡᠭᠲᠡᠶ᠃
(ᠭᠤᠷᠪᠠ) ᠨᠡᠭᠦᠯᠭᠡᠨ ᠪᠠᠶ᠋ᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ
ᠨᠢᠭᠡᠨᠲᠡ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠨᠢ ᠵᠠᠳᠠᠯᠤᠨ ᠰᠠᠯᠭ᠋ᠠᠬᠤ ᠡᠵᠡᠩᠨᠡᠯᠲᠡ ᠵᠢᠨ ᠲᠠᠯᠠᠪᠤᠷ ᠭᠠᠵᠠᠷ ᠵᠶ᠋ᠠᠨ ᠨᠡᠭᠦᠯᠭᠡᠨ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠭᠦᠷᠪᠡᠯ᠂ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠤᠭᠲᠠᠭ᠋ᠠᠬᠤ᠎ᠪᠠᠷ ᠳᠠᠭᠢᠵᠤ ᠭᠤᠶᠤᠴᠢᠯᠠᠬᠤ ᠬᠡᠷᠡᠭᠲᠡᠶ᠃ ᠭᠤᠶᠤᠴᠢᠯᠠᠯ᠎ᠨᠢ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠢᠴᠢᠭ》᠎ᠢ ᠰᠣᠯᠢᠵᠤ ᠣᠯᠭᠣᠨ᠎ᠠ; ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠶ᠋ᠢᠴᠡᠬᠦ ᠥᠬᠡᠶ ᠪᠠᠶ᠋ᠢᠪᠠᠯ᠂ ᠤᠤᠯ᠎ᠤᠨ ᠦᠨᠡᠮᠯᠡᠯ ᠣᠯᠭᠣᠭᠰᠠᠨ ᠪᠠᠶ᠋ᠢᠭᠤᠯᠭ᠎ᠠ᠎ᠠᠴᠠ ᠲᠡᠭᠦᠨ᠎ᠤ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ》᠎ᠢ᠎ᠨᠢ ᠬᠦᠴᠦᠨ ᠥᠬᠡᠶ ᠪᠣᠯᠭ᠋ᠠᠨ᠎ᠠ᠃
(ᠲᠥᠷᠪᠡ) ᠬᠢᠷᠢ ᠬᠡᠮ᠎ᠲᠠᠢ ᠪᠣᠯᠤᠭᠰᠠᠨ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠦ ᠠᠬᠤᠢ᠌ᠯᠠᠯ᠎ᠢ ᠲᠡᠰ ᠳᠡᠪᠰᠢᠭᠦᠯᠦᠨ ᠥᠭᠡᠷᠡᠴᠢᠯᠡᠬᠦ
《ᠬᠡᠷᠡᠭᠵᠢᠭᠦᠯᠬᠦ ᠨᠠᠷᠢᠨ ᠲᠦᠷᠢᠮ》᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠬᠢᠷᠢ ᠬᠡᠮ᠎ᠢ ᠣᠯᠤᠭᠰᠠᠨ ᠠᠵᠤ ᠠᠬᠤᠶ᠋ᠢᠯᠠᠯ᠎ᠨᠢ᠂ ᠨᠠᠷᠢᠨ ᠲᠦᠷᠢᠮ᠎ᠢ ᠬᠡᠷᠡᠭᠵᠢᠭᠦᠯᠦᠭᠰᠡᠨ᠎ᠤ ᠳᠠᠷᠠᠭ᠋ᠠᠬᠢ ᠬᠣᠶᠠᠷ ᠵᠢᠯ᠎ᠤᠨ ᠳᠣᠲᠣᠷ᠎ᠠ (2022 ᠣᠨ᠎ᠤ 9 ᠳ᠋ᠦᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ) ᠰᠢᠨ᠎ᠡ᠎ᠪᠠᠷ ᠨᠡᠮᠡᠭᠳᠡᠭᠰᠡᠨ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠮᠡᠳᠡᠭᠦᠯᠬᠦ ᠲᠠᠰ ᠲᠠᠷᠠᠭ᠋ᠠᠯᠠᠯ ᠪᠠ ᠨᠥᠬᠥᠴᠡᠯ ᠪᠠᠷᠢᠮᠵᠢᠶ᠎ᠠ ᠵᠢᠨ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠳᠤ ᠬᠢᠷᠢ ᠬᠡᠮ᠎ᠢ᠎ᠨᠢ ᠳᠠᠬᠢᠨ ᠮᠠᠭ᠋ᠠᠳᠯᠠᠨ ᠲᠤᠭᠲᠠᠭ᠋ᠠᠯᠭ᠋ᠠᠬᠤᠪᠠᠷ ᠭᠤᠶᠤᠴᠢᠯᠠᠬᠤ ᠬᠡᠷᠡᠭᠲᠡᠶ᠃ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠎ᠪᠠᠷ ᠳᠠᠮᠵᠢᠭᠰᠠᠨ ᠪᠠᠶ᠋ᠢᠪᠠᠯ᠂ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ》᠎ᠢ ᠰᠣᠯᠢᠵᠤ ᠣᠯᠭᠣᠨ᠎ᠠ; ᠬᠣᠶᠠᠷ ᠵᠢᠯ ᠬᠡᠲᠦᠷᠡᠲᠡᠯ᠎ᠡ ᠬᠢᠷᠢ ᠬᠡᠮ᠎ᠤᠨ ᠮᠠᠭ᠋ᠠᠳᠯᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠲᠡᠭᠦᠨ᠎ᠤ 《ᠬᠢᠷᠢ ᠬᠡᠮ᠎ᠤᠨ ᠮᠠᠭ᠋ᠠᠳᠯᠠᠨ ᠲᠣᠭᠲᠠᠭ᠋ᠠᠯᠲᠠ ᠵᠢᠨ ᠪᠢᠴᠢᠭ》᠎ᠢ᠎ᠨᠢ ᠬᠦᠴᠦᠨ ᠦᠭᠡᠢ ᠪᠣᠯᠭ᠋ᠠᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ ᠳᠣᠲᠣᠷᠠᠬᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ 《ᠮᠡᠷᠭᠡᠵᠢᠯ᠎ᠤᠨ ᠲᠦᠷᠢᠮᠵᠢᠯ》 ᠪᠠ 《ᠬᠡᠷᠡᠭᠵᠢᠭᠦᠯᠬᠦ ᠨᠠᠷᠢᠨ ᠲᠦᠷᠢᠮ》᠎ᠤᠨ ᠶᠣᠰᠣᠭ᠋ᠠᠷ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠴᠠᠭ ᠲᠤᠬᠠᠶ᠎ᠳᠤᠨᠢ ᠪᠡᠶᠡᠯᠡᠭᠦᠯᠬᠦ ᠵᠢ ᠰᠢᠮᠳᠠᠭᠤᠯᠤᠨ ᠵᠢᠯᠣᠭᠣᠳᠤᠨ᠎ᠠ᠃
ᠲᠠᠪᠤ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ
(ᠨᠢᠭᠡ) ᠬᠠᠮᠲᠤᠷᠠᠭᠰᠠᠨ ᠬᠤᠷᠠᠯᠳᠤᠭ᠋ᠠᠨ᠎ᠤ ᠲᠦᠷᠢᠮ᠎ᠢ ᠪᠠᠶ᠋ᠢᠭᠤᠯᠤᠨ᠎ᠠ
ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠤᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠬᠠᠮᠢᠶᠠᠷᠤᠯᠲᠠ ᠵᠢᠨ ᠠᠯᠪᠠᠨ ᠠᠵᠢᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠡᠯᠡᠳᠬᠡᠨ ᠪᠠᠶ᠋ᠢᠭᠤᠯᠵᠤ᠂ ᠪᠦᠷᠢᠯᠳᠦᠬᠦᠨ ᠨᠢᠭᠡᠴᠡ᠎ᠳᠤ ᠬᠤᠳᠠᠯᠳᠤᠭ᠋ᠠᠨ᠎ᠤ ᠶᠠᠪᠤᠳᠠᠯ᠂ ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢ᠂ ᠳᠣᠲᠣᠭ᠋ᠠᠳᠤ ᠵᠢ ᠬᠠᠮᠠᠭ᠋ᠠᠯᠠᠬᠤ᠂ ᠠᠮᠢ ᠠᠬᠤᠶ ᠣᠷᠴᠢᠨ ᠲᠣᠭᠣᠷᠢᠨ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ᠎ᠢ ᠪᠠᠭᠲᠠᠭ᠋ᠠᠵᠤ᠂ ᠠᠯᠪᠠᠨ ᠭᠡᠷ᠎ᠢ᠎ᠨᠢ ᠠᠶ᠋ᠢᠮᠠᠭ ᠬᠤᠳᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠳᠤ ᠪᠠᠢ᠌ᠭᠤᠯᠤᠨ᠎ᠠ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠬᠡᠷᠡᠭ ᠤᠴᠢᠷ᠎ᠲᠤ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠴᠢᠬᠤᠯᠠ ᠶᠡᠬᠡ ᠬᠡᠷᠡᠭ ᠤᠴᠢᠷ᠎ᠢ ᠠᠶ᠋ᠢᠮᠠᠭ ᠬᠤᠳᠠ ᠵᠢᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠬᠤ ᠬᠡᠷᠡᠭᠲᠡᠶ᠃
ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠬᠡᠬᠦ ᠬᠡᠷᠡᠭᠲᠡᠶ
ᠬᠠᠮᠲᠤᠷᠠᠭᠰᠠᠨ ᠬᠤᠷᠠᠯ᠎ᠤᠨ ᠠᠯᠪᠠᠨ ᠬᠡᠷ᠎ᠨᠢ ᠡᠯ᠎ᠡ ᠪᠦᠷᠢᠯᠳᠦᠬᠦᠨ ᠨᠢᠭᠡᠴᠡᠤᠳᠯᠤᠭᠠ ᠵᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠬᠠᠮᠲᠤᠷᠠᠯ ᠬᠦᠴᠦᠨ᠎ᠢ ᠬᠦᠢ᠍ᠴᠡᠳ ᠪᠠᠳᠠᠷᠠᠭᠤᠯᠤᠨ᠂ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ》 ᠪᠣᠯᠤᠨ 《ᠬᠡᠷᠡᠭᠵᠢᠭᠦᠯᠬᠦ ᠨᠠᠷᠢᠨ ᠲᠦᠷᠢᠮ》᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠡᠯ᠎ᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠰᠠᠶ᠋ᠢᠲᠤᠷ ᠬᠦᠢ᠍ᠴᠡᠳᠭᠡᠬᠦ ᠬᠡᠷᠡᠭᠲᠡᠶ᠃ ᠬᠠᠮᠢᠶᠠᠷᠤᠯᠲᠠ ᠵᠢᠨ ᠲᠦᠷᠢᠮ᠂ ᠮᠡᠳᠡᠭᠡ ᠵᠠᠩᠭᠢ ᠵᠢᠨ ᠲᠠᠩᠰᠠ ᠡᠪᠬᠡᠮᠡᠯ ᠪᠠᠶ᠋ᠢᠭᠤᠯᠬᠤ᠂ ᠠᠯᠪᠠᠨ ᠵᠠᠷ ᠨᠡᠶ᠋ᠢᠲᠡᠯᠡᠬᠦ᠂ ᠬᠠᠤᠯᠢ᠎ᠠᠴᠠ ᠵᠥᠷᠢᠴᠡᠭᠰᠡᠨ ᠡᠵᠡᠩᠨᠡᠯᠲᠡ ᠵᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠳᠣᠭᠢᠷᠠᠭᠤᠯᠬᠤ ᠵᠡᠷᠭᠡ ᠣᠯᠠᠨ ᠵᠤᠢ᠌ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠢᠨᠠᠨ ᠬᠠᠮᠢᠶᠠᠷᠬᠤ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ᠎ᠤᠨ ᠪᠦᠲᠦᠮᠵᠢᠲᠡᠶ ᠦᠷᠨᠢᠬᠦᠯᠬᠦ ᠵᠢ ᠲᠡᠮᠵᠢᠵᠦ᠂ ᠠᠵᠢᠯ ᠲᠥᠷᠥᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ᠃
ᠬᠤᠷᠢᠶᠠᠨ ᠠᠪᠴᠦ ᠵᠠᠳᠠᠯᠤᠨ ᠰᠠᠯᠭ᠋ᠠᠬᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ
ᠡᠯ᠎ᠡ ᠭᠠᠵᠠᠷ᠎ᠤᠳ 《ᠬᠡᠷᠡᠭᠵᠢᠭᠦᠯᠬᠦ ᠨᠠᠷᠢᠨ ᠲᠥᠷᠢᠮ》᠎ᠢ ᠬᠢᠨᠠᠮᠠᠭ᠋ᠠᠶ ᠲᠤᠭᠤᠰᠢᠭᠤᠯᠤᠨ ᠨᠠᠶ᠋ᠢᠳᠠᠪᠤᠷᠢᠵᠢᠭᠤᠯᠵᠤ᠂ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠪᠠᠨ ᠴᠢᠩᠭ᠋ᠠᠳᠬᠠᠨ᠂ ᠮᠠᠰᠢᠨ᠎ᠤ ᠲᠤᠬᠢᠶᠠᠯᠳᠤᠯ ᠵᠶ᠋ᠠᠷ ᠰᠤᠭᠤᠴᠢᠨ ᠪᠠᠶ᠋ᠢᠴᠠᠭ᠋ᠠᠬᠤ᠂ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠥᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ᠎ᠨᠢ ᠵᠡᠷᠭᠡ᠎ᠪᠡᠷ ᠵᠠᠰᠠᠬᠤ᠂ ᠬᠠᠤᠯᠢ ᠲᠣᠭᠲᠠᠭ᠋ᠠᠯ ᠶᠣᠰᠣᠭ᠋ᠠᠷ ᠵᠠᠷᠴᠢᠮ ᠪᠣᠯᠭ᠋ᠠᠬᠤ ᠵᠢ ᠪᠠᠷᠢᠮᠲᠠᠯᠠᠨ᠂ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠬᠠᠤᠯᠢ ᠪᠤᠰᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠷᠢ ᠬᠡᠮ᠎ᠲᠠᠢ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠵᠢᠷᠤᠮᠵᠢᠭᠤᠯᠤᠨ᠂ ᠬᠤᠷᠢᠶᠠᠨ ᠠᠪᠴᠦ ᠵᠠᠳᠠᠯᠤᠨ ᠰᠠᠯᠭ᠋ᠠᠬᠤ ᠬᠡᠪ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠬᠠᠮᠠᠭ᠋ᠠᠯᠠᠵᠤ᠂ ᠵᠠᠬ᠎ᠠ ᠳᠡᠯᠭᠡᠭᠦᠷ᠎ᠤᠨ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠶ᠃
1. ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠡᠭᠭ᠋ᠠᠳᠬᠠᠨ᠎ᠠ᠃ ᠬᠢᠷᠢ ᠬᠡᠮ᠎ᠲᠠᠢ ᠠᠵᠤ ᠠᠬᠤᠶ᠋ᠢᠯᠠᠯ᠎ᠳᠤ᠂ ᠲᠡᠭᠦᠨ᠎ᠤ ᠬᠤᠳᠠᠯᠳᠤᠭᠰᠠᠨ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢᠨ 《ᠲᠠᠪᠤᠨ ᠶᠡᠬᠡ ᠶᠡᠷᠦᠩᠬᠡᠶ ᠪᠦᠲᠦᠴᠡ》 ᠵᠢᠴᠢ ᠪᠤᠰᠤᠳ ᠰᠡᠯᠪᠢᠭ ᠲᠣᠨᠣᠭ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠦᠢ᠍ᠯᠡ ᠠᠵᠢᠯᠯᠠᠭ᠎ᠠ ᠵᠢ ᠭᠣᠤᠯᠳᠠᠯᠭ᠎ᠠ᠎ᠲᠠᠢ ᠪᠠᠶ᠋ᠢᠴᠠᠭ᠋ᠠᠨ᠎ᠠ; ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠤ ᠵᠠᠳᠠᠯᠤᠨ ᠰᠠᠯᠭ᠋ᠠᠬᠤ ᠲᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ; ᠬᠢᠷᠢ ᠬᠡᠮ᠎ᠤᠨ ᠦᠨᠡᠮᠯᠡᠯ᠎ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠤᠶᠤ ᠪᠤᠰᠤᠳ ᠬᠡᠯᠪᠡᠷᠢ᠎ᠪᠠᠷ ᠬᠠᠤᠯᠢ ᠪᠤᠰᠤ᠎ᠪᠠᠷ ᠰᠢᠯᠵᠢᠭᠦᠯᠦᠨ ᠥᠭᠭᠦᠭᠰᠡᠨ ᠠᠵᠢᠯᠯᠠᠭ᠎ᠠ; ᠬᠤᠳᠠᠯᠳᠤᠭᠰᠠᠨ 《ᠲᠠᠪᠤᠨ ᠶᠡᠬᠡ ᠶᠡᠷᠦᠩᠬᠡᠶ ᠪᠦᠳᠦᠴᠡ》᠎ᠠᠴᠠ ᠭᠠᠳᠠᠨᠠᠬᠢ ᠰᠡᠯᠪᠢᠭ ᠲᠤᠨᠤᠭ᠎ᠲᠤ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢᠨ ᠬᠤᠷᠢᠶᠠᠨ ᠠᠪᠤᠭᠰᠠᠨ ᠲᠤᠨᠤᠭ》 ᠭᠡᠵᠦ ᠲᠣᠳᠣᠷᠬᠠᠶ᠋ᠢᠯᠠᠭᠰᠠᠨ ᠦᠭᠡᠢ ᠦᠢ᠍ᠯᠡ ᠠᠵᠢᠯᠯᠠᠭ᠎ᠠ; 《ᠲᠠᠪᠤᠨ ᠶᠡᠬᠡ ᠶᠡᠷᠦᠩᠬᠡᠶ ᠪᠦᠳᠦᠴᠡ》᠎ᠤ ᠮᠡᠳᠡᠭᠡ ᠵᠠᠩᠭᠢ ᠵᠢ ᠦᠨᠡᠨ ᠮᠥᠨ ᠵᠶ᠋ᠠᠷ᠎ᠨᠢ ᠲᠡᠮᠳᠡᠭᠯᠡᠭᠰᠡᠨ ᠥᠭᠡᠢ ᠪᠥᠭᠡᠳ ᠮᠡᠳᠡᠭᠡ ᠵᠠᠩᠭᠢ ᠵᠢᠨ ᠰᠢᠰᠲ᠋ᠧᠮ᠎ᠳᠤ ᠳᠠᠮᠵᠢᠭᠤᠯᠤᠭᠰᠠᠨ ᠥᠢ᠍ᠯᠡ ᠠᠵᠢᠯᠯᠠᠭ᠎ᠠ ᠵᠢᠴᠢ 《ᠬᠠᠮᠢᠶᠠᠷᠤᠯᠲᠠ ᠵᠢᠨ ᠠᠷᠭ᠎ᠠ》 ᠪᠠ 《ᠬᠡᠷᠡᠭᠵᠢᠭᠦᠯᠬᠦ ᠨᠠᠷᠢᠨ ᠲᠥᠷᠢᠮ》᠎ᠢ ᠵᠥᠷᠢᠴᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠡᠵᠡᠩᠨᠡᠯᠲᠡ ᠵᠢᠨ ᠥᠢ᠍ᠯᠡ ᠠᠵᠢᠯᠯᠠᠭ᠎ᠠ᠃
2. ᠠᠶᠤᠯᠬᠦᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃ ᠠᠵᠤ ᠠᠬᠤᠶ᠋ᠢᠯᠠᠯ᠎ᠤᠨ ᠠᠶᠤᠯᠬᠦᠢ ᠦᠢ᠍ᠯᠡᠳᠪᠤᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠣᠤᠯᠳᠠᠯᠭ᠎ᠠ᠎ᠲᠠᠢ ᠪᠠᠶ᠋ᠢᠴᠠᠭ᠋ᠠᠨ᠎ᠠ; ᠠᠮᠤᠷ ᠲᠦᠪᠰᠢᠨ᠎ᠤ ᠪᠡᠯᠡ ᠣᠷᠣᠭᠤᠯᠤᠯᠲᠠ᠂ ᠬᠡᠮ ᠰᠣᠭᠣᠭ᠎ᠢ ᠵᠠᠰᠠᠭᠰᠠᠨ ᠪᠠᠶ᠋ᠢᠳᠠᠯ᠂ ᠲᠦᠷᠢᠮ᠎ᠤᠨ ᠪᠠᠶ᠋ᠢᠭᠤᠯᠤᠯᠲᠠ ᠵᠢᠨ ᠪᠠᠶ᠋ᠢᠳᠠᠯ; ᠬᠤᠷᠢᠶᠠᠨ ᠠᠪᠴᠦ ᠵᠠᠳᠠᠯᠤᠨ ᠰᠠᠯᠭ᠋ᠠᠬᠤ ᠶᠠᠪᠤᠴᠠ᠎ᠳᠠᠬᠢ ᠠᠶᠤᠯᠲᠠᠶ ᠠᠵᠢᠯ᠎ᠤᠨ ᠳᠠᠷᠠᠭ᠋ᠠᠯᠠᠯ᠂ ᠠᠶᠤᠯᠲᠠᠶ ᠠᠵᠢᠯ᠂ ᠭᠣᠤᠯᠳᠠᠯᠭ᠎ᠠ᠎ᠲᠠᠢ ᠣᠷᠣᠨ ᠪᠠᠶ᠋ᠢᠷᠢ ᠵᠡᠷᠭᠡ ᠲᠠᠯᠠᠪᠤᠷ᠎ᠤᠨ ᠠᠮᠤᠷ ᠲᠦᠪᠰᠢᠨ᠎ᠢ ᠬᠠᠮᠢᠶᠠᠷᠤᠨ ᠡᠵᠡᠮᠳᠡᠭᠰᠡᠨ ᠪᠠᠶ᠋ᠢᠳᠠᠯ; ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ᠂ ᠠᠮᠤᠷ ᠲᠦᠪᠰᠢᠨ᠎ᠤ ᠰᠠᠭᠤᠷᠢ ᠠᠵᠢᠯ ᠵᠢᠴᠢ ᠬᠥᠮᠦᠵᠢᠯ ᠪᠣᠯᠪᠠᠰᠤᠷᠠᠭᠤᠯᠤᠯ᠎ᠤᠨ ᠪᠠᠶ᠋ᠢᠳᠠᠯ᠂ ᠠᠵᠤ ᠠᠬᠤᠶ᠋ᠢᠯᠠᠯ᠎ᠤᠨ ᠠᠶᠤᠯᠬᠦᠢ ᠦᠢ᠍ᠯᠡᠳᠪᠤᠷᠢᠯᠡᠯ᠎ᠤᠨ ᠭᠣᠤᠯ ᠴᠣᠭᠴᠠ ᠵᠢ ᠵᠠᠳᠠᠯᠬᠤ ᠬᠠᠷᠢᠭᠤᠴᠠᠯᠭ᠎ᠠ ᠵᠢ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠠᠵᠢᠯ ᠲᠥᠷᠥᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠰᠠᠭᠤᠷᠢ ᠵᠢ ᠪᠡᠬᠢᠵᠢᠭᠦᠯᠦᠨ᠎ᠡ᠃
3. ᠬᠠᠤᠯᠢ ᠪᠤᠰᠤ᠎ᠪᠠᠷ ᠮᠠᠰᠢᠨ ᠲᠡᠷᠭᠡ ᠵᠢ ᠵᠠᠳᠠᠯᠬᠤ᠎ᠳᠤ ᠴᠢᠩᠭ᠎ᠠ ᠴᠣᠬᠢᠯᠲᠠ ᠥᠭᠭᠦᠨ᠎ᠡ᠃ ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢᠨ ᠬᠤᠷᠢᠶᠠᠨ ᠠᠪᠴᠦ ᠵᠠᠳᠠᠯᠬᠤ ᠬᠢᠷᠢ ᠬᠡᠮ᠎ᠤᠨ ᠦᠨᠡᠮᠯᠡᠯ᠎ᠢ ᠣᠯᠤᠭᠰᠠᠨ ᠥᠬᠡᠶ᠎ᠪᠠᠷ ᠳᠤᠷ᠎ᠠ᠎ᠪᠠᠷ ᠵᠶ᠋ᠠᠨ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯᠯᠠᠭ᠎ᠠ ᠬᠢᠭᠰᠡᠨ ᠥᠢ᠍ᠯᠡ ᠠᠵᠢᠯᠯᠠᠭ᠎ᠠ᠎ᠳᠤ ᠭᠣᠤᠯᠳᠠᠯᠭ᠎ᠠ᠎ᠲᠠᠢ ᠴᠣᠬᠢᠯᠲᠠ ᠥᠭᠭᠦᠨ᠎ᠡ; 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠬᠣᠷᠢᠶᠠᠨ ᠠᠪᠤᠭᠰᠠᠨ ᠭᠡᠷᠡᠴᠢ》 (2020 ᠣᠨ᠎ᠤ 9 ᠰᠠᠷ᠎ᠠ ᠵᠢᠨ 1᠎ᠤ ᠡᠳᠦᠷ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠰᠢᠨ᠎ᠡ ᠬᠡᠪᠯᠡᠯ᠎ᠤᠨ 《ᠬᠣᠷᠢᠶᠠᠨ ᠠᠪᠤᠭᠰᠠᠨ ᠭᠡᠷᠡᠴᠢ》 ᠵᠢ ᠵᠢᠩᠬᠢᠨᠢ᠎ᠪᠠᠷ ᠡᠬᠢᠯᠡᠨ ᠬᠡᠷᠡᠭᠯᠡᠵᠦ᠂ ᠬᠠᠭᠤᠴᠢᠨ ᠬᠡᠪᠯᠡᠯ᠎ᠢ ᠬᠦᠴᠦᠨ ᠥᠬᠡᠶ ᠪᠣᠯᠭ᠋ᠠᠪᠠ) ᠵᠢ ᠬᠤᠳᠠᠯᠳᠤᠭ᠋ᠠᠯᠠᠬᠤ ᠪᠤᠶᠤ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠤᠬᠢᠶᠠᠬᠤ ᠦᠢ᠍ᠯᠡ ᠠᠵᠢᠯᠯᠠᠭ᠎ᠠ; ᠬᠡᠷᠡᠭᠴᠡᠭᠡ᠎ᠠᠴᠠ ᠭᠠᠷᠭ᠋ᠠᠭᠰᠠᠨ ᠮᠠᠰᠢᠨ ᠲᠡᠷᠭᠡ ᠵᠢ ᠬᠤᠷᠢᠶᠠᠨ ᠠᠪᠬᠤ ᠲᠣᠣᠷ ᠴᠡᠭ᠎ᠢ ᠬᠠᠤᠯᠢ ᠲᠣᠭᠲᠠᠭ᠋ᠠᠯ᠎ᠠᠴᠠ ᠵᠥᠷᠢᠴᠡᠨ ᠪᠠᠶ᠋ᠢᠭᠤᠯᠤᠭᠰᠠᠨ ᠥᠢ᠍ᠯᠡ ᠠᠵᠢᠯᠯᠠᠭ᠎ᠠ ᠵᠢᠴᠢ 《ᠬᠠᠮᠢᠶᠠᠷᠤᠯᠲᠠ ᠵᠢᠨ ᠠᠷᠭ᠎ᠠ》 ᠪᠣᠯᠤᠨ 《ᠬᠡᠷᠡᠭᠵᠢᠭᠦᠯᠬᠦ ᠨᠠᠷᠢᠨ ᠲᠥᠷᠢᠮ》 ᠵᠡᠷᠭᠡ ᠬᠣᠯᠪᠣᠭᠳᠠᠯ ᠪᠥᠬᠥᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠠᠵᠤ ᠠᠬᠤᠶ᠋ᠢᠯᠠᠯ᠎ᠤᠨ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠱᠠᠭ᠋ᠠᠷᠳᠠᠯᠭ᠋ᠠᠲᠦ ᠴᠢᠨᠠᠷ ᠪᠠ ᠴᠢᠬᠤᠯᠠ ᠴᠢᠨᠠᠷ᠎ᠢ ᠬᠦᠢ᠍ᠴᠡᠳ ᠲᠠᠨᠢᠵᠤ᠂ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ ᠪᠠ ᠦᠢ᠍ᠯᠡᠴᠢᠯᠡᠭᠡᠨ᠎ᠤ ᠬᠥᠭᠵᠢᠯᠲᠡ ᠵᠢᠨ ᠬᠠᠷᠢᠴᠠᠭ᠎ᠠ ᠵᠢ ᠵᠥᠪ ᠵᠶ᠋ᠠᠷ ᠰᠢᠢ᠍ᠳᠪᠤᠷᠢᠯᠡᠵᠦ᠂ ᠪᠠᠶ᠋ᠢᠴᠠᠭ᠋ᠠᠬᠤ ᠪᠠ ᠵᠢᠯᠣᠭᠣᠳᠬᠤ᠂ ᠰᠢᠳᠬᠡᠬᠦ ᠪᠠ ᠰᠤᠷᠭ᠋ᠠᠨ ᠬᠥᠮᠦᠵᠢᠭᠦᠯᠬᠦ᠂ ᠬᠢᠨᠠᠨ ᠬᠠᠮᠢᠶᠠᠷᠬᠤ ᠪᠠ ᠦᠢ᠍ᠯᠡᠴᠢᠯᠡᠬᠦ ᠵᠢ ᠤᠶᠠᠯᠳᠤᠭᠤᠯᠬᠤ ᠵᠢ ᠴᠢᠬᠤᠯᠠᠴᠢᠯᠠᠵᠦ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠢ ᠬᠢᠨᠠᠨ ᠬᠠᠮᠢᠶᠠᠷᠬᠤ ᠠᠵᠢᠯ ᠵᠶ᠋ᠠᠨ ᠦᠨᠡᠨᠬᠦ ᠨᠠᠢ᠌ᠳᠠᠪᠤᠷᠢᠵᠢᠭᠤᠯᠵᠦ᠂ ᠬᠢᠨᠠᠨ ᠬᠠᠮᠢᠶᠠᠷᠤᠯᠲᠠ ᠬᠤᠭᠤᠰᠤᠳᠠᠬᠤ ᠦᠬᠡᠢ᠂ ᠭᠠᠵᠢᠭᠤᠳᠠᠬᠤ ᠦᠬᠡᠢ᠂ ᠪᠤᠷᠤᠭᠤᠳᠠᠬᠤ ᠦᠬᠡᠢ ᠪᠠᠢ᠌ᠬᠤ ᠵᠢ ᠪᠠᠲᠤᠯᠠᠬᠤ ᠬᠡᠷᠡᠭᠲᠡᠢ᠃
(ᠬᠤᠶᠠᠷ) ᠠᠵᠢᠯ ᠲᠦᠷᠦᠯ᠎ᠤᠨ ᠦᠢ᠍ᠯᠡᠴᠢᠯᠡᠭᠡᠨ᠎ᠢ ᠴᠢᠡᠭᠭ᠋ᠠᠳᠬᠠᠨ᠎ᠠ᠃ ᠡᠯ᠎ᠡ ᠠᠢ᠌ᠮᠠᠭ ᠬᠤᠲᠠ ᠵᠢᠨ
ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠤᠯᠤᠰ᠎ᠤᠨ ᠬᠤᠯᠪᠤᠭᠳᠠᠯ ᠪᠦᠬᠦᠢ ᠲᠦᠷᠦ ᠵᠢᠨ ᠪᠤᠳᠤᠯᠭ᠎ᠠ ᠪᠢᠴᠢᠭ ᠮᠠᠲᠸᠷᠢᠶᠠᠯ᠎ᠢ ᠬᠦᠨᠵᠡᠭᠡᠢ ᠰᠤᠷᠤᠯᠴᠠᠨ ᠰᠤᠳᠤᠯᠵᠦ᠂ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ᠂ ᠲᠠᠢ᠌ᠯᠪᠤᠷᠢᠯᠯᠠᠲᠠ ᠪᠠ ᠵᠢᠯᠤᠭᠤᠳᠤᠯᠭ᠎ᠠ ᠵᠢ ᠨᠠᠷᠢᠨ ᠬᠢᠨᠠᠮᠠᠭ᠋ᠠᠢ ᠬᠢᠵᠦ᠂ ᠨᠡᠢ᠌ᠭᠡᠮ᠎ᠤᠨ ᠠᠡᠭᠬᠠᠷᠤᠯ᠎ᠳᠤ ᠬᠠᠷᠢᠭᠤ ᠲᠤᠰᠬᠠᠯ ᠦᠭᠴᠦ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠲᠡᠭᠡᠭᠰᠢᠯᠡᠭᠦᠯᠵᠦ᠂ ᠠᠵᠦ ᠠᠬᠤᠢ᠌ᠯᠠᠯ᠎ᠤᠨ ᠬᠠᠦᠯᠢ ᠲᠦᠷᠢᠮ ᠶᠤᠰᠤᠭ᠋ᠠᠷ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠵᠢ ᠬᠦᠲᠦᠯᠦᠨ ᠵᠢᠯᠤᠭᠤᠳᠴᠦ᠂ ᠪᠠᠲᠤᠯᠠᠭ᠎ᠠ᠎ᠲᠠᠢ ᠬᠦᠷᠦᠡᠭᠭᠡ ᠵᠢ ᠠᠵᠢᠯ ᠲᠦᠷᠦᠯ᠎ᠳᠤ ᠲᠠᠲᠠᠨ ᠤᠷᠤᠭᠤᠯᠵᠤ᠂ ᠠᠵᠢᠯ ᠲᠥᠷᠥᠯ᠎ᠤᠨ ᠪᠦᠬᠦᠯᠢ ᠴᠣᠭᠴᠠ ᠵᠢᠨ ᠪᠥᠲᠥᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠣᠷᠢᠶᠠᠨ ᠠᠪᠬᠤ ᠠᠵᠢᠯ ᠲᠥᠷᠥᠯ᠎ᠤᠨ ᠵᠠᠬ᠎ᠠ ᠳᠡᠯᠭᠡᠭᠦᠷᠴᠢᠯᠡᠬᠦ᠂ ᠲᠤᠰᠬᠠᠢ᠌ᠵᠢᠭᠤᠯᠬᠤ᠂ ᠡᠷᠴᠢᠮᠵᠢᠭᠦᠯᠬᠦ ᠬᠥᠭᠵᠢᠯᠲᠡ ᠵᠢ ᠭᠦᠨᠵᠡᠭᠡᠶ ᠠᠬᠢᠭᠤᠯᠤᠨ᠎ᠠ᠃ ᠣᠳᠣ ᠵᠢᠨ ᠪᠠᠶ᠋ᠢᠭ᠎ᠠ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠰᠠᠶ᠋ᠢᠲᠤᠷ ᠬᠢᠬᠦ ᠵᠢ ᠵᠢᠯᠣᠭᠣᠳᠬᠤ᠎ᠪᠠᠨ ᠴᠢᠩᠭ᠋ᠠᠳᠬᠠᠬᠤ ᠬᠡᠷᠡᠭᠲᠡᠶ᠃
(ᠭᠤᠷᠪᠠ) ᠠᠵᠢᠯ ᠲᠥᠷᠥᠯ᠎ᠤᠨ ᠡᠮᠬᠢ ᠵᠢᠷᠤᠮ᠎ᠲᠠᠢ᠎ᠪᠠᠷ ᠬᠥᠭᠵᠢᠬᠦ ᠵᠢ ᠵᠢᠯᠣᠭᠣᠳᠤᠨ᠎ᠠ᠃ ᠡᠯ᠎ᠡ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠭᠠᠵᠠᠷ ᠣᠷᠣᠨ᠎ᠤ᠎ᠪᠠᠨ ᠪᠠᠶ᠋ᠢᠳᠠᠯ᠎ᠳᠠᠭᠠᠨ ᠲᠣᠬᠢᠷᠠᠭᠤᠯᠤᠨ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠲᠤᠬᠠᠶ ᠵᠢᠨ ᠭᠠᠵᠠᠷ ᠤᠷᠤᠨ᠎ᠤ᠎ᠪᠠᠨ ᠮᠠᠰᠢᠨ ᠲᠡᠷᠭᠡ ᠬᠠᠳᠠᠭ᠋ᠠᠯᠠᠵᠦ ᠪᠠᠢ᠌ᠭ᠎ᠠ ᠲᠤᠭ᠎ᠠ᠂ ᠵᠠᠳᠠᠯᠤᠨ ᠰᠠᠯᠭ᠋ᠠᠭᠰᠠᠨ ᠲᠤᠭ᠎ᠠ ᠵᠢᠴᠢ ᠬᠥᠭᠵᠢᠯᠲᠡ ᠵᠢᠨ ᠬᠠᠨᠳᠤᠰᠢ ᠵᠢ ᠨᠠᠷᠢᠨ ᠬᠢᠨᠠᠮᠠᠭ᠋ᠠᠶ ᠰᠤᠳᠤᠯᠵᠤ᠂ ᠠᠵᠤ ᠠᠬᠤᠶ᠋ᠢᠯᠠᠯ᠎ᠢ ᠵᠢᠯᠣᠭᠣᠳᠤᠨ ᠤᠷᠤᠨ ᠪᠦᠰᠡ ᠵᠢᠨ ᠪᠠᠢ᠌ᠷᠢᠰᠢᠯ᠂ ᠮᠠᠰᠢᠨ ᠲᠡᠷᠭᠡ ᠬᠠᠳᠠᠭ᠋ᠠᠯᠠᠵᠦ ᠪᠠᠢ᠌ᠭ᠎ᠠ ᠲᠤᠭ᠎ᠠ ᠵᠢ ᠲᠦᠯᠦᠪᠵᠢᠬᠦᠯᠦᠨ ᠪᠤᠳᠤᠯᠬᠢᠯᠠᠵᠦ᠂ ᠡᠵᠡᠩᠨᠡᠯᠲᠡ ᠵᠢᠨ ᠦᠷ᠎ᠡ ᠠᠰᠢᠭ᠂ ᠠᠵᠢᠯ ᠲᠥᠷᠥᠯ᠎ᠤᠨ ᠬᠥᠭᠵᠢᠯᠲᠡ ᠵᠢᠨ ᠢᠷᠡᠭᠡᠳᠦᠢ ᠵᠡᠷᠭᠡ ᠬᠦᠴᠦᠨ ᠵᠤᠢ᠌ᠯ᠎ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠠᠵᠢᠯ ᠲᠥᠷᠥᠯ᠎ᠤᠨ ᠨᠤᠲᠠᠯᠠᠯᠲᠠ ᠪᠠ ᠠᠶᠤᠯ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠦᠨᠡᠨᠬᠦ ᠰᠠᠶ᠋ᠢᠲᠤᠷ ᠬᠢᠵᠦ᠂ ᠰᠣᠬᠣᠷ ᠪᠠᠯᠠᠶ᠎ᠪᠠᠷ ᠡᠬᠢᠯᠡᠭᠦᠯᠬᠦ᠂ ᠡᠬᠢ ᠪᠠᠶᠠᠯᠢᠭ᠎ᠢ ᠪᠦᠷᠢᠯᠭᠡᠬᠦ᠎ᠠᠴᠠ ᠵᠠᠶ᠋ᠢᠯᠠᠰᠬᠢᠵᠦ᠂ ᠳᠠᠪᠬᠤᠷᠳᠠᠭᠤᠯᠤᠨ ᠪᠥᠲᠥᠭᠡᠨ ᠪᠠᠶ᠋ᠢᠭᠤᠯᠬᠤ ᠪᠠ ᠵᠦᠶ ᠪᠤᠰᠤ ᠥᠷᠢᠰᠥᠯᠳᠦᠭᠡᠨ᠎ᠠᠴᠠ ᠬᠠᠮᠤᠭ᠎ᠤᠨ ᠶᠡᠬᠡ ᠬᠡᠮᠵᠢᠶ᠎ᠡ᠎ᠪᠠᠷ ᠵᠠᠶ᠋ᠢᠯᠠᠰᠬᠢᠵᠦ᠂ ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠦ ᠵᠠᠳᠠᠯᠤᠨ ᠰᠠᠯᠭ᠋ᠠᠬᠤ ᠠᠵᠢᠯ ᠲᠥᠷᠥᠯ᠎ᠤᠨ ᠵᠢᠷᠤᠮᠵᠢᠯ᠎ᠲᠠᠢ ᠡᠮᠬᠢ ᠵᠢᠷᠤᠮ᠎ᠲᠠᠢ ᠡᠷᠡᠭᠦᠯ ᠵᠶ᠋ᠠᠷ ᠬᠥᠭᠵᠢᠬᠦ ᠵᠢ ᠦᠨᠡᠨᠬᠦ ᠪᠠᠲᠤᠯᠠᠬᠤ ᠬᠡᠷᠡᠭᠲᠡᠶ᠃
ᠲᠡᠭᠡᠷ᠎ᠡ ᠲᠤᠷᠠᠳᠤᠭᠳᠠᠭᠰᠠᠨ ᠦᠬᠡᠢ ᠵᠦᠢ᠍ᠯ᠎ᠢ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 715 ᠳ᠋ᠤᠭ᠋ᠠᠷ ᠲᠣᠭ᠋ᠠᠲᠤ)᠂ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠬᠤ ᠬᠠᠮᠢᠶᠠᠷᠤᠯᠲᠠ ᠵᠢᠨ ᠠᠷᠭ᠎ᠠ ᠵᠢᠨ ᠬᠡᠷᠡᠭᠵᠢᠭᠦᠯᠬᠦ ᠨᠠᠷᠢᠨ ᠲᠦᠷᠢᠮ》 (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠵᠠᠷᠯᠢᠭ 2020 ᠣᠨ᠎ᠤ 2 ᠳ᠋ᠤᠭ᠋ᠠᠷ ᠲᠣᠭ᠋ᠠᠲᠤ) ᠪᠠ 《ᠬᠡᠷᠡᠭᠴᠡᠭᠡᠨ᠎ᠠᠴᠠ᠎ᠪᠠᠨ ᠭᠠᠷᠤᠭᠰᠠᠨ ᠮᠠᠰᠢᠨ ᠲᠡᠷᠭᠡ ᠵᠢ ᠬᠤᠷᠢᠶᠠᠨ ᠠᠪᠴᠤ ᠵᠠᠳᠠᠯᠬᠤ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠦᠷᠢᠮᠵᠢᠯ》 (GB22128 — 2019) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠯᠤᠨ ᠲᠦᠷᠢᠮ ᠲᠣᠭᠲᠠᠭ᠋ᠠᠯ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠦᠢ᠍ᠴᠡᠳᠬᠡᠨᠠ᠃