ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
2021 ᠣᠨ᠎ᠤ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠨᠢᠭᠡᠴᠡ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠡᠢ᠌ᠳᠠᠯᠡᠯ
ᠨᠡᠶ᠋ᠢᠲᠡᠯᠡᠭᠰᠡᠨ ᠴᠠᠭ᠄ 2022-01-21

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠣᠬᠢᠷᠲᠤᠯ ᠦᠭᠡᠶ ᠬᠥᠭᠵᠢᠯᠲᠡ ᠵᠢᠨ ᠲᠤᠬᠠᠶ ᠰᠡᠢ᠍ᠳᠪᠦᠷᠢᠳᠤ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠭᠤᠯᠬᠤ ᠵᠢᠨ ᠲᠥᠯᠥᠭᠡ 《〈ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ (2020 — 2022 ᠣᠨ) 》᠎ᠢ ᠳᠠᠷᠤᠮᠠᠯᠯᠠᠨ ᠲᠠᠷᠬᠠᠭ᠋ᠠᠬᠤ ᠲᠤᠬᠠᠶ ᠬᠤᠳᠠᠯᠳᠤᠭ᠋ᠠᠨ᠎ᠤ ᠶᠠᠪᠤᠳᠠᠯ᠎ᠤᠨ   ᠲᠢᠩᠬᠢᠮ᠎ᠤᠨ   ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠎ᠤᠨ ᠮᠡᠳᠡᠭᠳᠡᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ (2020 — 2022 ᠣᠨ)》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ᠎ᠨᠢ 2021 ᠣᠨ᠎ᠤ 6 ᠰᠠᠷ᠎ᠠ᠎ᠳᠤ 2021 ᠣᠨ᠎ᠤ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠠᠵᠢᠯ᠎ᠢ ᠡᠬᠢᠯᠡᠭᠦᠯᠪᠡ᠃ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠯᠲᠡ᠂ ᠠᠶ᠋ᠢᠮᠠᠭ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠣᠶᠠᠷ ᠱᠠᠲᠤᠨ᠎ᠤ ᠬᠢᠨᠠᠨ ᠬᠠᠷᠭᠤᠯᠤᠯᠲᠠ ᠪᠠ ᠲᠠᠨᠢᠯᠴᠠᠭᠤᠯᠭ᠎ᠠ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠲᠤᠬᠠᠶ ᠵᠢᠨ ᠲᠠᠯᠠᠪᠠᠶ᠎ᠳᠤ ᠬᠢᠨᠠᠨ   ᠲᠤᠭᠳᠠᠭ᠋ᠠᠯᠳᠠ ᠬᠢᠬᠦ᠎ᠪᠠᠷ ᠲᠠᠮᠵᠢᠨ᠂ ᠬᠥᠬᠡᠬᠣᠲᠠ ᠵᠢᠨ   ᠬᠣᠲᠣᠩᠴᠤᠳ᠎ᠤᠨ ᠲᠣᠭᠣᠷᠢᠭ᠎ᠤᠨ ᠸᠠᠨ ᠳ᠋ᠠ ᠲᠠᠯᠠᠪᠠᠶ ᠵᠢᠨ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠂ ᠬᠥᠬᠡᠬᠣᠲᠠ ᠵᠢᠨ ᠨᠡᠬᠡᠮᠡᠯ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠪᠤᠭᠤᠲᠤ ᠬᠣᠲᠠ ᠵᠢᠨ ᠸᠢᠺᠲ᠋ᠣᠷᠢᠶ᠎ᠠ ᠮᠣᠯ ᠬᠣᠲᠠ ᠵᠢᠨ ᠬᠤᠳᠠᠯᠳᠤᠭ᠋ᠠᠨ᠎ᠤ ᠬᠢᠵᠠᠭ᠋ᠠᠷᠲᠤ ᠺᠣᠮᠫᠠᠨᠢ᠂ ᠪᠤᠭᠤᠲᠤ ᠬᠣᠲᠠ ᠵᠢᠨ   ᠸᠢᠺᠲ᠋ᠣᠷᠢᠶ᠎ᠠ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠪᠤᠭᠤᠲᠤ ᠵᠢᠨ ᠸᠠᠨ ᠳ᠋ᠠ ᠲᠠᠯᠠᠪᠠᠶ ᠵᠢᠨ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠪᠤᠭᠤᠲᠤ ᠬᠣᠲᠠ ᠵᠢᠨ ᠦ᠋ ᠶᠤᠸᠠᠢ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠦᠬᠠᠶ ᠵᠢᠨ ᠸᠠᠨ ᠳ᠋ᠠ ᠲᠠᠯᠠᠪᠠᠶ ᠵᠢᠨ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠬᠥᠯᠥᠨ ᠪᠣᠶ᠋ᠢᠷ᠎ᠤᠨ ᠹᠠ ᠳ᠋ᠠ ᠲᠠᠯᠠᠪᠠᠶ ᠵᠢᠨ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ ᠵᠢᠨ   ᠶᠢᠤ ᠢ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠬᠥᠯᠥᠨ ᠪᠣᠶ᠋ᠢᠷ᠎ᠤᠨ ᠢ ᠱ᠌ᠢ ᠳ᠋ᠠᠨ ᠬᠤᠳᠠᠯᠳᠤᠭ᠋ᠠᠨ᠎ᠤ ᠲᠠᠯᠠᠪᠠᠶ ᠵᠢᠨ ᠬᠢᠵᠠᠭ᠋ᠠᠷᠲᠤ ᠺᠣᠮᠫᠠᠨᠢ ᠵᠡᠷᠭᠡ 10 ᠨᠢᠭᠡᠴᠡ ᠵᠢ 2021 ᠣᠨ᠎ᠤ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ ᠨᠢᠭᠡᠴᠡ᠎ᠪᠠᠷ ᠦᠨᠡᠯᠡᠨ ᠲᠣᠭᠲᠠᠭ᠋ᠠᠬᠤ᠎ᠪᠠᠷ ᠪᠠᠶ᠋ᠢᠨ᠎ᠠ  ᠂ ᠡᠳᠦᠭᠡ ᠵᠠᠷᠯᠠᠨ ᠨᠡᠶ᠋ᠢᠲᠡᠯᠡᠶ᠎ᠡ᠃
      ᠵᠠᠷᠯᠠᠨ ᠨᠡᠶ᠋ᠢᠲᠡᠯᠡᠬᠦ ᠴᠠᠭ᠎ᠨᠢ 2021 ᠣᠨ᠎ᠤ 12 ᠰᠠᠷ᠎ᠠ ᠵᠢᠨ 3᠎ᠤ ᠡᠳᠦᠷ᠎ᠠᠴᠠ 2021 ᠣᠨ᠎ᠤ 12 ᠰᠠᠷ᠎ᠠ ᠵᠢᠨ 9᠎ᠤ ᠡᠳᠦᠷ᠂ ᠬᠡᠷᠪᠡ ᠣᠨᠳᠣᠤ ᠰᠠᠨᠠᠯ᠎ᠲᠠᠢ ᠪᠣᠯ   ᠰᠢᠭᠤᠳ ᠢᠷᠡᠵᠤ ᠲᠤᠰᠬᠠᠬᠤ᠂ ᠵᠠᠬᠢᠳᠠᠯ   ᠶᠠᠪᠤᠭᠤᠯᠬᠤ᠂ ᠤᠳᠠᠰᠤᠳᠠᠬᠤ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠦᠢ᠍ᠯᠬᠡᠬᠡᠨ᠎ᠤ ᠦᠢ᠍ᠯᠡᠰ᠎ᠢ   ᠬᠦᠭᠵᠢᠬᠦᠯᠬᠦ ᠭᠠᠵᠠᠷ᠎ᠲᠤ ᠲᠤᠰᠬᠠᠵᠤ ᠪᠣᠯᠤᠨ᠎ᠠ᠃
      ᠬᠦᠯᠢᠶᠡᠨ   ᠠᠪᠴᠤ ᠰᠡᠢ᠌ᠳᠪᠦᠷᠢᠯᠡᠬᠦ ᠤᠲᠠᠰᠤ᠄ 0471-6946508
      ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠵᠢᠨ 5 ᠳ᠋ᠤᠭ᠋ᠠᠷ ᠠᠰᠠᠷ᠎ᠤᠨ 614 ᠲᠠᠰᠤᠭ᠃

       
                                            2021 ᠣᠨ᠎ᠤ 12 ᠰᠠᠷ᠎ᠠ ᠵᠢᠨ 3᠎ᠤ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠪᠤᠳᠤᠭ᠋ᠠᠷ ᠪᠦᠯᠦᠭ᠎ᠤᠨ 《ᠥᠪᠥᠷ ᠮᠣᠩᠭᠣᠯ᠎ᠤᠨ ᠬᠠᠭᠤᠴᠢᠨ ᠨᠠᠷᠠᠲᠤ ᠲᠡᠮᠳᠡᠭᠲᠦ》 ᠵᠢᠨ ᠨᠠᠷᠠᠲᠤ ᠲᠥᠷᠥᠯ ᠲᠡᠮᠳᠡᠭᠲᠦ ᠵᠢᠨ ᠢᠯᠡ ᠨᠡᠢ᠌ᠳᠠᠯᠡᠯ
ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠮᠢᠬ᠎ᠠ ᠨᠥᠭᠡᠴᠡᠯᠡᠬᠦ ᠵᠢ ᠡᠭᠦᠷᠭᠡᠯᠡᠬᠦ ᠬᠦᠰᠡᠯ᠎ᠲᠠᠢ ᠠᠵᠤ ᠠᠬᠤᠢ᠌ᠯᠠᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ ᠎ᠤᠨ ᠲᠤᠬᠠᠢ ᠢᠯᠡ ᠨᠡᠢ᠌ᠳᠠᠯᠠᠯ
 
            