ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 4062.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.3% ᠪᠠᠭᠤᠷᠠᠪᠠ᠃ ᠶᠡᠷᠦᠩᠬᠡᠶ ᠬᠡᠮᠵᠢᠶ᠎ᠡ᠎ᠠᠴᠠ ᠦᠵᠡᠪᠡᠯ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠢᠨ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠋ᠠᠨ᠎ᠳᠤ ᠡᠵᠡᠯᠡᠬᠦ ᠬᠤᠪᠢ ᠵᠢᠨ ᠵᠢᠩ᠎ᠨᠢ ᠨᠡᠯᠢᠶᠡᠳ ᠶᠡᠬᠡ ᠪᠠᠶ᠋ᠢᠵᠤ᠂ ᠡᠵᠡᠯᠡᠬᠦ ᠬᠠᠷᠢᠴᠠᠯ᠎ᠨᠢ ᠲᠣᠰ ᠲᠣᠰ 21.3%᠂ 20.6%᠂ 12.3% ᠪᠣᠯᠤᠨ᠎ᠠ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠲᠦᠩᠯᠢᠶᠣᠤ ᠬᠣᠲᠠ᠂ ᠣᠷᠳᠣᠰ ᠬᠣᠲᠠ᠂ ᠬᠢᠩᠭ᠋ᠠᠨ ᠠᠶ᠋ᠢᠮᠠᠭ᠎ᠤᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂ ᠲᠣᠰ ᠲᠣᠰ 3%᠂ 2.7%᠂ 2.5% ᠨᠡᠮᠡᠭᠳᠡᠪᠡ᠃ ᠪᠤᠭᠤᠲᠤ ᠬᠤᠳᠠ᠂ ᠪᠠᠶᠠᠨᠨᠠᠭᠤᠷ ᠬᠤᠳᠠ᠂ ᠬᠥᠬᠡᠬᠣᠲᠠ᠂ ᠤᠯᠠᠭ᠋ᠠᠨᠴᠠᠪ ᠬᠤᠳᠠ᠂ ᠰᠢᠯᠢ ᠵᠢᠨ ᠭᠣᠣᠯ ᠠᠶ᠋ᠢᠮᠠᠭ ᠲᠤᠰ ᠲᠤᠰ
2.1%᠂ 2%᠂ 1.8%᠂ 1.5%᠂ 1.2% ᠵᠶ᠋ᠠᠷ ᠪᠠᠭᠤᠷᠠᠪᠠ᠃
ᠪᠥᠬᠥ ᠣᠷᠣᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 1198.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 19.6% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ᠎ᠬᠢ᠎ᠠᠴᠠ 10.1 ᠵᠠᠭᠤᠨ᠎ᠤ ᠨᠢᠭᠡᠴᠢ ᠥᠨᠳᠥᠷ ᠪᠣᠯᠪᠠ᠃ ᠡᠭᠦᠨ᠎ᠳᠤ᠄ ᠭᠠᠳᠠᠭ᠋ᠠᠳᠤ ᠭᠠᠷᠭ᠋ᠠᠯᠲᠠ 491.1 ᠳ᠋ᠦᠩᠰᠢᠭᠤᠷ ᠲᠥᠭᠥᠷᠢᠭ᠎ᠲᠤ ᠬᠦᠷᠴᠦ᠂ 28.0% ᠵᠶ᠋ᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ 15.0 ᠵᠠᠭᠤᠨ᠎ᠤ ᠨᠢᠭᠡᠴᠢ᠎ᠠᠴᠠ ᠥᠨᠳᠥᠷ ᠪᠣᠯᠪᠠ; ᠭᠠᠳᠠᠭ᠋ᠠᠳᠤ ᠣᠷᠣᠭᠤᠯᠤᠯᠲᠠ 707.2 ᠳ᠋ᠦᠩᠰᠢᠭᠤᠷ ᠲᠥᠭᠥᠷᠢᠭ᠎ᠲᠤ ᠬᠦᠷᠴᠦ᠂ 14.3%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ᠎ᠬᠢ᠎ᠠᠴᠠ 9.1 ᠵᠠᠭᠤᠨ᠎ᠤ ᠨᠢᠭᠡᠴᠢ ᠥᠨᠳᠥᠷ ᠪᠣᠯᠪᠠ᠃ ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ ᠪᠠᠶᠠᠨᠨᠠᠭᠤᠷ ᠬᠣᠲᠠ᠂ ᠬᠥᠬᠡᠬᠣᠲᠠ᠂ ᠣᠷᠳᠣᠰ ᠬᠣᠲᠠ᠂ ᠤᠯᠠᠭ᠋ᠠᠨᠬᠠᠳᠠ ᠬᠣᠲᠠ᠂ ᠠᠯᠠᠱ᠌ᠠ ᠠᠶ᠋ᠢᠮᠠᠭ᠎ᠤᠨ ᠪᠥᠬᠥ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠨᠡᠮᠡᠭᠳᠡᠯ᠎ᠤᠨ ᠬᠡᠮᠵᠢᠶ᠎ᠡ᠎ᠳᠤ ᠦᠵᠡᠭᠦᠯᠦᠭᠰᠡᠨ ᠬᠤᠪᠢ ᠨᠡᠮᠡᠷᠢ᠎ᠨᠢ ᠨᠡᠯᠢᠶᠡᠳ ᠶᠡᠬᠡ ᠪᠠᠶ᠋ᠢᠵᠤ᠂ ᠲᠣᠰ ᠲᠣᠰ 80.3 ᠳ᠋ᠦᠩᠰᠢᠭᠤᠷ ᠲᠥᠭᠥᠷᠢᠭ᠂ 23.7 ᠳ᠋ᠦᠩᠰᠢᠭᠤᠷ ᠲᠥᠭᠥᠷᠢᠭ᠂ 56.5 ᠳ᠋ᠦᠩᠰᠢᠭᠤᠷ ᠲᠥᠭᠥᠷᠢᠭ᠂ 21.1 ᠳ᠋ᠦᠩᠰᠢᠭᠤᠷ ᠲᠥᠭᠥᠷᠢᠭ᠂ 13.2 ᠳ᠋ᠦᠩᠰᠢᠭᠤᠷ ᠲᠥᠭᠥᠷᠢᠭ ᠨᠡᠮᠡᠭᠳᠡᠪᠡ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠪᠠᠶᠠᠨᠨᠠᠭᠤᠷ ᠬᠣᠲᠠ᠂ ᠬᠥᠬᠡᠬᠣᠲᠠ᠂ ᠤᠯᠠᠭ᠋ᠠᠨᠬᠠᠳᠠ ᠬᠣᠲᠠ᠂ ᠣᠷᠳᠣᠰ ᠬᠣᠲᠠ᠂ ᠬᠥᠯᠥᠨ ᠪᠣᠶ᠋ᠢᠷ ᠬᠣᠲᠠ᠂ ᠠᠯᠠᠱ᠌ᠠ ᠠᠶ᠋ᠢᠮᠠᠭ᠂ ᠦᠬᠠᠶ ᠬᠣᠲᠠ᠂ ᠬᠢᠩᠭ᠋ᠠᠨ ᠠᠶ᠋ᠢᠮᠠᠭ ᠵᠡᠷᠭᠡ 8 ᠠᠶ᠋ᠢᠮᠠᠭ ᠬᠣᠲᠠ ᠵᠢᠨ ᠨᠡᠮᠡᠭᠳᠡᠯ᠎ᠤᠨ ᠬᠤᠷᠳᠤᠴᠠ᠎ᠨᠢ 2 ᠣᠷᠣᠨᠲᠤ ᠲᠣᠭ᠎ᠠ᠎ᠠᠴᠠ ᠳᠡᠭᠡᠭᠰᠢ ᠪᠠᠶ᠋ᠢᠨ᠎ᠠ᠃ ᠬᠢᠩᠭ᠋ᠠᠨ ᠠᠶ᠋ᠢᠮᠠᠭ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠨᠡᠮᠡᠭᠳᠡᠯ᠎ᠤᠨ ᠬᠤᠷᠳᠤᠴᠠ
131.3%᠎ᠳᠤ ᠬᠦᠷᠴᠦ᠂ ᠪᠥᠬᠥ ᠣᠷᠣᠨ᠎ᠤ ᠨᠢᠭᠡᠳᠦᠭᠡᠷ᠎ᠲᠤ ᠣᠷᠣᠵᠤ᠂ ᠣᠷᠳᠣᠰ ᠬᠣᠲᠠ᠂ ᠦᠬᠠᠶ ᠬᠣᠲᠠ ᠲᠣᠰ ᠲᠣᠰ ᠬᠣᠶᠠᠳᠤᠭ᠋ᠠᠷ᠂ ᠭᠤᠷᠪᠠᠳᠤᠭ᠋ᠠᠷ᠎ᠲᠤ ᠣᠷᠣᠪᠠ᠃ ᠪᠤᠭᠤᠲᠤ ᠬᠣᠲᠠ᠂ ᠮᠠᠨᠵᠤᠤᠷ ᠬᠣᠲᠠ᠂ ᠡᠷᠢᠶᠡᠨ ᠬᠣᠲᠠ ᠵᠡᠷᠭᠡ 3 ᠠᠶ᠋ᠢᠮᠠᠭ ᠬᠣᠲᠠ ᠲᠣᠰ ᠲᠣᠰ 2.1%᠂ 3.1%᠂ 19.6%᠎ᠪᠠᠷ ᠪᠠᠭᠤᠷᠠᠵᠤ᠂ ᠰᠢᠯᠢ ᠵᠢᠨ ᠭᠣᠤᠯ ᠠᠶ᠋ᠢᠮᠠᠭ᠎ᠤᠨ ᠨᠡᠮᠡᠭᠳᠡᠯ᠎ᠤᠨ ᠬᠤᠷᠳᠤᠴᠠ ᠰᠥᠭᠡᠷᠭᠦ ᠪᠠᠶ᠋ᠢᠭᠰᠠᠨ᠎ᠠᠴᠠ᠎ᠪᠠᠨ ᠡᠶᠡᠷᠬᠦ ᠪᠣᠯᠵᠦ᠂ 1 — 9 ᠰᠠᠷ᠎ᠠ᠎ᠳᠤ 3.9%᠎ᠪᠠᠷ ᠪᠠᠭᠤᠷᠠᠵᠤ ᠪᠠᠶ᠋ᠢᠭᠰᠠᠨ᠎ᠠᠴᠠ᠎ᠪᠠᠨ 5.5%᠎ᠪᠠᠷ ᠨᠡᠮᠡᠭᠳᠡᠪᠡ᠃
ᠪᠥᠬᠥ ᠣᠷᠣᠨ᠎ᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ 33.5 ᠳ᠋ᠦᠩᠰᠢᠭᠤᠷ ᠲᠥᠭᠥᠷᠢᠭ ᠠᠷᠠᠳ᠎ᠤᠨ ᠵᠣᠭᠣᠰ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 82.8% ᠨᠡᠮᠡᠭᠳᠡᠪᠡ (5.2 ᠳ᠋ᠦᠩᠰᠢᠭᠤᠷ ᠳ᠋ᠣᠯᠯᠠᠷ ᠵᠶ᠋ᠠᠷ ᠨᠤᠭᠤᠯᠵᠤ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 99.1% ᠨᠡᠮᠡᠭᠳᠡᠪᠡ); ᠪᠥᠬᠥ ᠣᠷᠣᠨ᠎ᠳᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠢ ᠰᠢᠨ᠎ᠡ᠎ᠪᠠᠷ 32 ᠪᠠᠶ᠋ᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3 ᠬᠠᠰᠤᠭᠳᠠᠵᠠᠶ᠃ ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ ᠬᠥᠬᠡᠬᠣᠲᠠ ᠵᠢᠨ ᠪᠥᠬᠥ ᠣᠷᠣᠨ᠎ᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠨᠡᠮᠡᠭᠳᠡᠯ᠎ᠤᠨ ᠬᠡᠮᠵᠢᠶ᠎ᠡ᠎ᠳᠤ ᠦᠵᠡᠭᠦᠯᠦᠭᠰᠡᠨ ᠬᠤᠪᠢ ᠨᠡᠮᠡᠷᠢ᠎ᠨᠢ ᠨᠢᠭᠡᠳᠦᠭᠡᠷ᠎ᠲᠤ ᠣᠷᠣᠵᠤ᠂ 15.5 ᠳ᠋ᠦᠩᠰᠢᠭᠤᠷ ᠲᠥᠭᠥᠷᠢᠭ ᠨᠡᠮᠡᠭᠳᠡᠭᠰᠡᠨ ᠪᠠᠶ᠋ᠢᠨ᠎ᠠ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠬᠥᠬᠡᠬᠣᠲᠠ ᠵᠢᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂
1.5 ᠳᠠᠬᠢᠨ ᠵᠶ᠋ᠠᠷ ᠨᠡᠮᠡᠭᠳᠡᠵᠡᠶ᠃ ᠪᠤᠭᠤᠲᠤ ᠬᠤᠳᠠ᠂ ᠬᠥᠯᠥᠨ ᠪᠤᠢ᠍ᠢ᠍ᠷ ᠬᠤᠳᠠ᠂ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ᠂ ᠮᠠᠨᠵᠤᠤᠷ ᠬᠤᠳᠠ᠂ ᠡᠷᠢᠶᠡᠨ ᠬᠤᠳᠠ ᠵᠢᠨ ᠪᠣᠳᠠᠲᠠᠢ ᠬᠡᠷᠡᠭᠯᠡᠭᠰᠡᠨ ᠭᠠᠳᠠᠭ᠋ᠠᠳᠤ ᠪᠡᠯᠡᠨ᠎ᠢ ᠲᠡᠭ ᠪᠣᠯᠤᠨ᠎ᠠ᠃ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠠᠯᠠᠱ᠌ᠠ ᠠᠶ᠋ᠢᠮᠠᠭ ᠠᠳᠠᠯᠢ ᠬᠤᠭᠤᠴᠠᠭ᠋ᠠᠨ᠎ᠤ᠎ᠬᠢ᠎ᠠᠴᠠ 100%᠎ᠪᠠᠷ ᠪᠠᠭᠤᠷᠠᠪᠠ᠃
ᠪᠥᠬᠥ ᠣᠷᠣᠨ᠎ᠳᠤ ᠭᠠᠳᠠᠭ᠋ᠠᠳᠤ᠎ᠳᠤ ᠪᠠᠯᠠ ᠣᠷᠣᠭᠤᠯᠬᠤ ᠲᠥᠷᠥᠯ ᠵᠦᠢ᠍ᠯ 16 ᠰᠢᠨ᠎ᠡ᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 26 ᠬᠠᠰᠤᠭᠳᠠᠪᠠ᠃ ᠳᠤᠮᠳᠠᠳᠤ ᠵᠢᠨ ᠲᠠᠯ᠎ᠠ ᠵᠢᠨ ᠬᠡᠯᠡᠯᠴᠡᠭᠡᠷ ᠵᠶ᠋ᠠᠷ ᠪᠠᠯᠠ ᠣᠷᠣᠭᠤᠯᠤᠭᠰᠠᠨ ᠲᠣᠭ᠎ᠠ 18.94 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.3 ᠳᠠᠬᠢᠨ ᠨᠡᠮᠡᠭᠳᠡᠵᠡᠶ᠃ 1 — 10 ᠰᠠᠷ᠎ᠠ᠎ᠳᠤ᠂ ᠭᠠᠳᠠᠭ᠋ᠠᠳᠤ᠎ᠳᠤ ᠵᠣᠷᠢᠭᠤᠯᠤᠭᠰᠠᠨ ᠪᠣᠳᠠᠲᠠᠶ ᠪᠠᠯᠠ ᠣᠷᠣᠭᠤᠯᠤᠯᠲᠠ ᠵᠢᠨ ᠲᠣᠭ᠎ᠠ 8.4 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ
92.6%᠎ᠪᠠᠷ ᠨᠡᠮᠡᠭᠳᠡᠨ᠂ ᠪᠥᠬᠥ ᠤᠯᠤᠰ᠎ᠤᠨ 19 ᠳ᠋ᠣᠭᠡᠷ ᠪᠠᠶ᠋ᠢᠷᠢᠨ᠎ᠳᠤ ᠣᠷᠣᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2 ᠳ᠋ᠤᠭ᠋ᠠᠷ ᠪᠠᠶ᠋ᠢᠷᠢᠨ᠎ᠳᠤ ᠣᠷᠣᠵᠠᠶ᠃ ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ ᠬᠥᠬᠡᠬᠣᠲᠠ᠂ ᠤᠯᠠᠭ᠋ᠠᠨᠬᠠᠳᠠ ᠬᠣᠲᠠ ᠵᠢᠨ ᠪᠥᠬᠥ ᠣᠷᠣᠨ᠎ᠳᠠᠬᠢ ᠭᠠᠳᠠᠭ᠋ᠠᠳᠤ᠎ᠳᠠᠬᠢ ᠪᠠᠯᠠ ᠣᠷᠣᠭᠤᠯᠤᠯᠲᠠ ᠵᠢᠨ ᠬᠠᠮᠲᠤᠷᠠᠯᠴᠠᠭ᠎ᠠ ᠵᠢᠨ ᠨᠡᠮᠡᠭᠳᠡᠯ᠎ᠤᠨ ᠬᠡᠮᠵᠢᠶ᠎ᠡ ᠡᠮᠦᠨ᠎ᠡ ᠡᠩᠨᠡᠭᠡᠨ᠎ᠳᠤ ᠣᠷᠣᠵᠤ᠂ ᠲᠣᠰ ᠲᠣᠰ 13.1᠂ 3.6 ᠳ᠋ᠦᠩᠰᠢᠭᠤᠷ ᠳ᠋ᠣᠯᠯᠠᠷ ᠨᠡᠮᠡᠭᠳᠡᠪᠡ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠬᠥᠬᠡᠬᠣᠲᠠ᠂ ᠤᠯᠠᠭ᠋ᠠᠨᠬᠠᠳᠠ ᠬᠣᠲᠠ ᠵᠢᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂ ᠲᠣᠰ ᠲᠣᠰ 16.6 ᠳᠠᠬᠢᠨ᠂ 3.3 ᠳᠠᠬᠢᠨ ᠨᠡᠮᠡᠭᠳᠡᠵᠡᠶ᠃ ᠪᠤᠰᠤᠳ ᠠᠶ᠋ᠢᠮᠠᠭ ᠬᠣᠲᠠ᠎ᠨᠤᠭᠤᠳ ᠴᠥᠮ ᠰᠥᠭᠡᠷᠭᠦ ᠨᠡᠮᠡᠭᠳᠡᠯ᠎ᠲᠠᠢ ᠪᠠᠶ᠋ᠢᠨ᠎ᠠ᠃
ᠪᠥᠬᠥ ᠣᠷᠣᠨ᠎ᠤ ᠪᠣᠭᠣᠮᠲᠠ ᠵᠢᠨ ᠬᠢᠯᠢ᠎ᠪᠠᠷ ᠣᠷᠣᠭᠤᠯᠵᠤ ᠭᠠᠷᠭ᠋ᠠᠬᠤ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 4474.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1.1%᠎ᠪᠠᠷ ᠪᠠᠭᠤᠷᠠᠪᠠ᠂ ᠡᠭᠦᠨ᠎ᠳᠤ᠂ ᠬᠢᠯᠢ᠎ᠪᠠᠷ ᠣᠷᠣᠭᠤᠯᠵᠤ ᠭᠠᠷᠭ᠋ᠠᠬᠤ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 3928.9 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.8%᠎ᠪᠠᠷ ᠨᠡᠮᠡᠭᠳᠡᠪᠡ; ᠬᠢᠯᠢ᠎ᠠᠴᠠ ᠭᠠᠷᠬᠤ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 545.9 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 26.4%᠎ᠪᠠᠷ ᠪᠠᠭᠤᠷᠠᠪᠠ᠃ 10 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠪᠣᠭᠣᠮᠲᠠ ᠵᠢᠨ ᠬᠢᠯᠢ᠎ᠪᠠᠷ ᠣᠷᠣᠭᠤᠯᠵᠤ ᠭᠠᠷᠭ᠋ᠠᠬᠤ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 661.3 ᠲᠦᠮᠡᠨ ᠲᠣᠨ᠎ᠳᠤ ᠬᠦᠷᠴᠦ᠂ ᠲᠦᠷᠦᠭᠦᠤ ᠰᠠᠷ᠎ᠠ ᠵᠢᠨ᠎ᠬᠢ᠎ᠠᠴᠠ᠎ᠪᠠᠨ 0.4% ᠨᠡᠮᠡᠭᠳᠡᠪᠡ᠃ ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ ᠡᠷᠢᠶᠡᠨ ᠬᠣᠲᠠ ᠵᠢᠨ ᠲᠡᠮᠦᠷ ᠵᠠᠮ᠎ᠤᠨ ᠪᠣᠭᠣᠮᠲᠠ᠂ ᠴᠡᠭᠡ ᠵᠠᠰᠠᠮᠠᠯ ᠵᠠᠮ᠎ᠤᠨ ᠪᠣᠭᠣᠮᠲᠠ᠂ ᠡᠷᠢᠶᠡᠨ ᠬᠣᠲᠠ ᠵᠢᠨ ᠵᠠᠰᠠᠮᠠᠯ ᠵᠠᠮ᠎ᠤᠨ ᠪᠣᠭᠣᠮᠲᠠ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢᠨ ᠳᠡᠭᠡᠭᠰᠢᠯᠡᠯᠲᠡ᠎ᠳᠤ ᠦᠵᠡᠭᠦᠯᠬᠦ ᠳᠠᠶ᠋ᠢᠴᠢᠯᠠᠬᠤ ᠦᠢ᠍ᠯᠡᠳᠦᠯ᠎ᠨᠢ ᠨᠡᠯᠢᠶᠡᠳ ᠶᠡᠬᠡ ᠪᠠᠶ᠋ᠢᠵᠤ᠂ ᠪᠥᠬᠥ ᠣᠷᠣᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠵᠠᠶ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠡᠷᠢᠶᠡᠨ ᠬᠣᠲᠠ ᠵᠢᠨ ᠵᠠᠰᠠᠮᠠᠯ ᠵᠠᠮ᠎ᠤᠨ ᠪᠣᠭᠣᠮᠲᠠ᠂ ᠮᠠᠨᠵᠤᠤᠷ᠎ᠤᠨ ᠵᠠᠰᠠᠮᠠᠯ ᠵᠠᠮ᠎ᠤᠨ ᠪᠣᠭᠣᠮᠲᠠ᠂ ᠡᠷᠢᠶᠡᠨ ᠬᠣᠲᠠ ᠵᠢᠨ ᠲᠡᠮᠦᠷ ᠵᠠᠮ᠎ᠤᠨ ᠪᠣᠭᠣᠮᠲᠠ ᠵᠢᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂ ᠲᠣᠰ ᠲᠣᠰ 22.6%᠂ 22.0%᠂ 10.9%᠎ᠪᠠᠷ ᠨᠡᠮᠡᠭᠳᠡᠪᠡ᠃ 1 — 10 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠢᠯᠢ᠎ᠪᠠᠷ ᠣᠷᠣᠭᠤᠯᠵᠤ ᠭᠠᠷᠭ᠋ᠠᠭᠰᠠᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ 6010 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.2% ᠨᠡᠮᠡᠭᠳᠡᠪᠡ᠂ ᠡᠭᠦᠨ᠎ᠳᠤ ᠮᠠᠨᠵᠤᠤᠷ ᠪᠣᠭᠣᠮᠲᠠ ᠵᠢᠨ ᠬᠢᠯᠢ᠎ᠪᠠᠷ ᠣᠷᠣᠭᠤᠯᠵᠤ ᠭᠠᠷᠭ᠋ᠠᠭᠰᠠᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ 3968 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 41.0% ᠨᠡᠮᠡᠭᠳᠡᠪᠡ; ᠡᠷᠢᠶᠡᠨ ᠬᠣᠲᠠ ᠵᠢᠨ ᠪᠣᠭᠣᠮᠲᠠ ᠵᠢᠨ ᠬᠢᠯᠢ᠎ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ 2042 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10%᠎ᠪᠠᠷ ᠪᠠᠭᠤᠷᠠᠪᠠ᠃