ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠬᠣᠷᠢᠳᠤᠭ᠋ᠠᠷ ᠶᠡᠬᠡ ᠬᠤᠷᠠᠯ ᠎ᠢ ᠰᠤᠷᠤᠯᠴᠠᠵᠤ᠂ ᠨᠠᠮ ᠵᠶ᠋ᠠᠨ ᠡᠭᠦᠷᠢᠳᠡ ᠳᠠᠭ᠋ᠠᠵᠤ᠂ ᠰᠢᠨ᠎ᠡ ᠠᠶᠠᠨ᠎ᠳᠤ᠎ᠪᠠᠨ ᠡᠷᠡᠯᠬᠡᠭᠯᠡᠨ ᠤᠷᠤᠭᠰᠢᠯᠠᠶ᠎ᠠ
ᠨᠡᠶ᠋ᠢᠲᠡᠯᠡᠭᠰᠡᠨ ᠴᠠᠭ᠄ 2022-10-18

— ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠯᠠᠭᠤ ᠺᠠᠳ᠋ᠷᠴᠤᠳ ᠬᠣᠷᠢᠳᠤᠭ᠋ᠠᠷ ᠶᠡᠬᠡ ᠬᠤᠷᠠᠯ᠎ᠤᠨ ᠲᠤᠬᠠᠶ ᠬᠥᠭᠵᠢᠶᠡᠨᠲᠡᠶ ᠶᠠᠷᠢᠯᠴᠠᠪᠠ

    10 ᠳ᠋ᠤᠭ᠋ᠠᠷ ᠰᠠᠷ᠎ᠠ ᠵᠢᠨ 16᠎ᠤ ᠡᠳᠦᠷ᠂ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠡ ᠵᠢᠨ ᠨᠢᠭᠡᠳᠦᠯᠲᠡᠢ ᠱᠠᠭ᠋ᠠᠷᠳᠠᠯᠭ᠎ᠠ ᠶᠣᠰᠣᠭ᠋ᠠᠷ᠂ ᠪᠦᠬᠦ ᠵᠠᠯᠠᠭᠤ ᠺᠠᠳ᠋ᠷᠴᠤᠳ᠎ᠤᠨ ᠪᠠᠶ᠋ᠢᠭ᠎ᠠ ᠨᠠᠮ᠎ᠤᠨ ᠡᠭᠦᠷ᠎ᠠᠴᠠ ᠵᠣᠬᠢᠶᠠᠨ ᠪᠠᠶ᠋ᠢᠭᠤᠯᠵᠤ᠂ ᠲᠧᠯᠸᠢᠰ᠂ ᠰᠦᠯᠵᠢᠶ᠎ᠡ᠂ ᠭᠠᠷ ᠤᠲᠠᠰᠤ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠴᠠᠭ᠎ᠲᠤ᠎ᠪᠠᠨ ᠪᠦᠬᠦ ᠶᠠᠪᠤᠴᠠ᠎ᠪᠠᠷ ᠦᠵᠡᠵᠦ ᠰᠣᠷᠣᠯᠴᠠᠨ᠂ ᠶᠡᠷᠦᠩᠬᠡᠢ ᠱᠦᠵᠢ ᠰᠢ ᠵᠢᠨ ᠫᠢᠩ᠎ᠤᠨ ᠢᠯᠡᠳᠬᠡᠯ᠎ᠢ ᠰᠣᠨᠣᠰᠴᠠᠢ᠃ ᠢᠯᠡᠳᠬᠡᠯ᠎ᠳᠤ᠂ ᠠᠷᠠᠳ ᠲᠦᠮᠡᠨ᠂ ᠠᠷᠠᠳ᠎ᠤᠨ ᠠᠮᠢᠳᠤᠷᠠᠯ᠂ ᠴᠢᠷᠮᠠᠢ᠌ᠨ ᠲᠡᠮᠡᠴᠡᠬᠦ ᠭᠡᠬᠦ ᠮᠡᠲᠦ ᠵᠢᠨ ᠬᠠᠯᠠᠮᠰᠢᠯ ᠦᠭᠡ ᠪᠤᠢ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠳᠡ ᠵᠢ ᠠᠬᠢᠭᠤᠯᠬᠤ᠂ ᠨᠢᠭᠡ ᠪᠦᠰᠡ ᠨᠢᠭᠡ ᠵᠠᠮ᠎ᠢ ᠬᠠᠮᠲᠤᠪᠠᠷ ᠪᠦᠳᠦᠬᠡᠨ ᠪᠠᠶ᠋ᠢᠭᠤᠯᠬᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ ᠵᠡᠷᠭᠡ ᠬᠤᠳᠠᠯᠳᠤᠭ᠋ᠠᠨ᠎ᠤ ᠶᠠᠪᠤᠳᠠᠯ ᠪᠣᠯᠤᠨ ᠪᠣᠭᠣᠮᠲᠠ ᠵᠢᠨ ᠠᠵᠢᠯ᠎ᠤᠨ ᠡᠭᠦᠷᠭᠡ ᠬᠠᠷᠠᠯᠲᠠ ᠪᠤᠢ᠂ ᠨᠡᠩ ᠴᠤ᠌ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤᠴᠤᠳ᠎ᠲᠤ᠄ 《ᠵᠠᠯᠠᠭᠤᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ》 ᠭᠡᠬᠦ ᠴᠢᠩ ᠰᠡᠳᠬᠢᠯ᠎ᠤᠨ ᠬᠦᠰᠡᠯ ᠡᠷᠡᠮᠡᠯᠵᠡᠯ ᠪᠤᠢ᠃ ᠤᠳᠤ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠠᠮᠢᠳᠤᠷᠠᠯ ᠴᠠᠭ᠎ᠲᠤ᠎ᠪᠠᠨ ᠲᠣᠬᠢᠶᠠᠯᠳᠤᠵᠤ᠂ ᠡᠷᠳᠡᠮ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ ᠬᠢᠵᠠᠭ᠋ᠠᠯᠠᠰᠢ ᠦᠭᠡᠢ ᠥᠷᠭᠡᠨ ᠠᠭᠤᠳᠠᠮ ᠪᠠᠶ᠋ᠢᠵᠤ᠂ ᠬᠦᠰᠡᠯ ᠵᠡᠭᠦᠳᠦ᠎ᠪᠠᠨ ᠪᠡᠶᠡᠯᠡᠭᠦᠯᠬᠦ ᠠᠯᠤᠰ ᠢᠷᠡᠭᠡᠳᠦᠢ ᠬᠢᠵᠠᠭ᠋ᠠᠯᠠᠰᠢ ᠦᠭᠡᠢ ᠭᠡᠭᠡᠨ ᠰᠠᠷᠠᠭᠤᠯ ᠪᠠᠶ᠋ᠢᠨ᠎ᠠ᠃ ᠥᠷᠭᠡᠨ ᠤᠯᠠᠨ ᠵᠠᠯᠠᠭᠤᠴᠤᠳ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠬᠦᠰᠡᠯ ᠵᠡᠭᠦᠳᠦ᠎ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ᠎ᠪᠠᠷ ᠰᠡᠳᠬᠢᠵᠦ ᠵᠣᠷᠢᠭᠲᠠᠢ᠎ᠪᠠᠷ ᠬᠢᠬᠦ ᠪᠥᠭᠡᠳ ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠵᠦ᠂ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠵᠢ ᠠᠮᠰᠠᠵᠤ ᠴᠢᠳᠠᠬᠤ᠂ ᠴᠢᠷᠮᠠᠶ᠋ᠢᠨ ᠲᠡᠮᠡᠴᠡᠬᠦ ᠰᠢᠨ᠎ᠡ ᠴᠠᠭ ᠦᠶ᠎ᠡ ᠵᠢᠨ ᠰᠠᠢ᠍ᠢ᠍ᠨ ᠵᠠᠯᠠᠭᠤ ᠪᠣᠯᠬᠤ᠎ᠪᠠᠷ ᠵᠣᠷᠢᠭ ᠰᠢᠭᠤᠳᠴᠤ᠂ ᠵᠠᠯᠠᠭᠤ ᠨᠠᠰᠤᠨ᠎ᠤ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠭᠠᠯ ᠬᠠᠯᠠᠭᠤᠨ ᠦᠢ᠍ᠯᠡᠳᠦᠯᠭᠡ ᠳᠤᠮᠳᠠ ᠭᠡᠷᠡᠯ ᠰᠠᠴᠤᠷᠠᠩᠭᠤᠢ ᠴᠡᠴᠡᠭ᠎ᠢ ᠪᠠᠳᠠᠷᠠᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃

     ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠲᠠᠢ ᠤᠶᠠᠯᠳᠤᠭᠤᠯᠤᠨ᠂ ᠥᠷᠭᠡᠨ ᠤᠯᠠᠨ ᠵᠠᠯᠠᠭᠤ ᠺᠠᠳ᠋ᠷᠴᠤᠳ

《ᠬᠣᠷᠢᠳᠤᠭ᠋ᠠᠷ ᠶᠡᠬᠡ ᠬᠤᠷᠠᠯ᠎ᠠᠴᠠ ᠰᠤᠷᠤᠯᠴᠠᠵᠤ᠂ ᠥᠨᠢ ᠡᠭᠦᠷᠢᠳᠡ ᠨᠠᠮ ᠵᠶ᠋ᠠᠨ ᠲᠠᠭ᠋ᠠᠵᠤ᠂ ᠰᠢᠨ᠎ᠡ ᠠᠶᠠᠨ ᠵᠠᠮ᠎ᠳᠤ᠎ᠪᠠᠨ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪ ᠵᠶ᠋ᠠᠷ ᠠᠵᠢᠯ᠎ᠤᠨ ᠵᠢᠷᠬᠢᠷ᠎ᠡ ᠲᠣᠭᠣᠷᠢᠭ ᠵᠶ᠋ᠠᠷ ᠳᠠᠮᠵᠢᠭᠤᠯᠤᠨ ᠬᠠᠯᠠᠭᠤᠨ ᠵᠣᠭᠣᠭ ᠳᠡᠯᠭᠡᠪᠡ᠃ ᠢᠯᠡᠳᠬᠡᠯ᠎ᠤᠨ ᠵᠣᠷᠢᠭ ᠰᠠᠨᠠᠭ᠎ᠠ᠎ᠪᠠᠷ ᠬᠥᠲᠥᠯᠦᠮᠵᠢ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠤᠳᠠᠯᠳᠤᠭ᠋ᠠᠨ᠎ᠤ ᠶᠠᠪᠤᠳᠠᠯ ᠪᠠ ᠪᠣᠭᠣᠮᠲᠠ ᠵᠢᠨ ᠠᠵᠢᠯ᠎ᠤᠨ ᠪᠠᠶ᠋ᠢᠷᠢ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠡᠷᠴᠢ ᠵᠣᠷᠢᠭ ᠵᠶ᠋ᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ 《ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠬᠥ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ》᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠬᠣᠶ᠋ᠢᠨ᠎ᠠ ᠬᠣᠶ᠋ᠢᠨ᠎ᠠ᠎ᠠᠴᠠ᠎ᠪᠠᠨ ᠢᠯᠡᠳᠬᠡᠵᠡᠭᠡᠪᠡ᠃

 

ᠢᠷᠡᠯᠲᠡ᠄ ᠵᠠᠯᠠᠭᠤᠴᠤᠳ᠎ᠤᠨ ᠠᠵᠢᠯ᠎ᠤᠨ ᠬᠣᠷᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ 1 — 5 ᠳ᠋ᠤᠭ᠋ᠠᠷ ᠰᠠᠷ᠎ᠠ ᠵᠢᠨ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ ᠵᠢᠴᠢ ᠪᠣᠭᠣᠮᠲᠠ ᠵᠢᠨ ᠠᠵᠢᠯ᠎ᠤᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡᠯᠡᠯ
2022 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ ᠵᠢᠴᠢ ᠪᠣᠭᠣᠮᠲᠠ ᠵᠢᠨ ᠠᠵᠢᠯ᠎ᠤᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (ᠦᠬᠡᠷ ᠬᠣᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            