ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2022-03-17

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
    ᠥᠪᠥᠷ ᠵᠠᠰᠠᠭ ᠲᠠᠷᠬᠠᠭ᠋ᠠᠭᠰᠠᠨ [2021] 8 ᠳ᠋ᠤᠭ᠋ᠠᠷ ᠲᠣᠭ᠋ᠠᠲᠤ
    ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ   ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ       ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂   ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠭᠠᠶ᠋ᠢᠯᠢ ᠲᠠᠲᠠᠪᠤᠷᠢᠯᠠᠬᠤ ᠠᠵᠢᠯᠯᠠᠭ᠎ᠠ ᠵᠢ ᠵᠢᠷᠤᠮᠵᠢᠭᠤᠯᠬᠤ ᠵᠢᠨ   ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠰᠤᠳᠤᠯᠵᠤ ᠲᠣᠭᠲᠠᠭ᠋ᠠᠬᠤ᠎ᠪᠠᠷ ᠳᠠᠮᠵᠢᠨ᠂ 《ᠪᠥᠬᠥᠳᠡ ᠨᠠᠶ᠋ᠢᠷᠠᠮᠳᠠᠬᠤ ᠳᠤᠮᠳᠠᠳᠤ   ᠠᠷᠠᠳ ᠤᠯᠤᠰ᠎ᠤᠨ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠬᠠᠤᠯᠢ》 ᠵᠢᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠲᠤ   ᠬᠡᠯᠡᠵᠦ ᠪᠠᠶ᠋ᠢᠭ᠎ᠠ ᠭᠠᠶ᠋ᠢᠯᠢ ᠲᠤᠰᠢᠶᠠᠭᠴᠢ ᠵᠢᠨ ᠪᠠᠶ᠋ᠢᠭ᠎ᠠ ᠭᠠᠵᠠᠷ᠎ᠤᠨ ᠪᠣᠳᠠᠲᠠᠶ ᠭᠠᠵᠠᠷ᠎ᠢ ᠳᠣᠤᠷᠠᠬᠢ ᠲᠣᠭᠲᠠᠭ᠋ᠠᠯ ᠶᠣᠰᠣᠭ᠋ᠠᠷ ᠲᠣᠭᠲᠠᠭ᠋ᠠᠪᠠ᠃
    ᠨᠢᠭᠡ᠂ ᠭᠠᠶ᠋ᠢᠯᠢ ᠵᠢᠨ ᠶᠠᠪᠤᠳᠠᠯ᠎ᠤᠨ ᠳᠡᠩᠰᠡᠯᠡᠯᠲᠡ ᠬᠢᠯᠭᠡᠭᠰᠡᠨ ᠭᠠᠶ᠋ᠢᠯᠢ ᠲᠤᠰᠢᠶᠠᠭᠴᠢ ᠪᠦᠬᠦᠨ᠎ᠤ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ   ᠭᠠᠶ᠋ᠢᠯᠢ ᠵᠢᠨ ᠭᠠᠶ᠋ᠢᠯᠢ ᠲᠤᠰᠢᠶᠠᠭᠴᠢ ᠵᠢᠨ ᠪᠠᠶ᠋ᠢᠭ᠎ᠠ ᠭᠠᠵᠠᠷ᠎ᠢ ᠭᠠᠶ᠋ᠢᠯᠢ ᠵᠢᠨ ᠶᠠᠪᠤᠳᠠᠯ᠎ᠤᠨ ᠪᠦᠷᠢᠳᠭᠡᠨ ᠳᠠᠩᠰᠠᠯᠠᠭᠤᠯᠤᠭᠰᠠᠨ ᠭᠠᠵᠠᠷ ᠵᠶ᠋ᠠᠷ᠎ᠨᠢ ᠲᠣᠭᠲᠠᠭ᠋ᠠᠨ᠎ᠠ᠃   ᠭᠠᠶ᠋ᠢᠯᠢ ᠵᠢᠨ ᠶᠠᠪᠤᠳᠠᠯ᠎ᠤᠨ ᠳᠡᠩᠰᠡᠯᠡᠯᠲᠡ ᠬᠢᠯᠭᠡᠭᠰᠡᠨ ᠥᠬᠡᠶ ᠭᠠᠶ᠋ᠢᠯᠢ ᠲᠤᠰᠢᠶᠠᠭᠴᠢ ᠪᠦᠬᠦᠨ᠎ᠤ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ   ᠭᠠᠶ᠋ᠢᠯᠢ ᠵᠢᠨ ᠭᠠᠶ᠋ᠢᠯᠢ ᠲᠤᠰᠢᠶᠠᠭᠴᠢ ᠵᠢᠨ ᠪᠠᠶ᠋ᠢᠭ᠎ᠠ ᠭᠠᠵᠠᠷ᠎ᠢ ᠲᠡᠭᠦᠨ᠎ᠤ ᠥᠷᠲᠡᠭ ᠨᠡᠮᠡᠭᠳᠡᠯ᠎ᠤᠨ ᠭᠠᠶ᠋ᠢᠯᠢ᠂ ᠬᠡᠷᠡᠭᠯᠡᠭᠡᠨ᠎ᠤ ᠭᠠᠶ᠋ᠢᠯᠢ ᠵᠢ ᠪᠣᠳᠠᠲᠠᠶ ᠲᠤᠰᠢᠶᠠᠭᠰᠠᠨ   ᠭᠠᠵᠠᠷ ᠵᠶ᠋ᠠᠷ᠎ᠨᠢ ᠲᠣᠭᠲᠠᠭ᠋ᠠᠨ᠎ᠠ᠃
      ᠬᠣᠶᠠᠷ᠂ ᠦᠷᠳᠡᠭ ᠨᠡᠮᠡᠭᠳᠡᠯ᠎ᠤᠨ ᠭᠠᠶ᠋ᠢᠯᠢ ᠪᠠ ᠬᠡᠷᠡᠭᠯᠡᠭᠡᠨ᠎ᠤ ᠭᠠᠶ᠋ᠢᠯᠢ ᠵᠢ ᠣᠷᠣᠯᠠᠨ ᠰᠠᠭᠤᠯᠭ᠋ᠠᠵᠤ ᠣᠷᠣᠯᠠᠨ ᠲᠤᠰᠢᠶᠠᠬᠤ᠂ ᠣᠷᠣᠯᠠᠨ ᠬᠣᠷᠢᠶᠠᠵᠤ ᠣᠷᠣᠯᠠᠨ   ᠲᠤᠰᠢᠶᠠᠬᠤ ᠨᠢᠭᠡᠴᠢ ᠪᠠ ᠬᠤᠪᠢ ᠬᠥᠮᠦᠨ᠎ᠤ ᠪᠣᠯ ᠦᠷᠳᠡᠭ ᠨᠡᠮᠡᠭᠳᠡᠯ᠎ᠤᠨ ᠭᠠᠶ᠋ᠢᠯᠢ᠂ ᠬᠡᠷᠡᠭᠯᠡᠭᠡᠨ᠎ᠤ ᠭᠠᠶ᠋ᠢᠯᠢ ᠵᠢ ᠣᠷᠣᠯᠠᠨ ᠰᠠᠭᠤᠯᠭ᠋ᠠᠵᠤ ᠣᠷᠣᠯᠠᠨ ᠲᠤᠰᠢᠶᠠᠭᠰᠠᠨ᠂   ᠣᠷᠣᠯᠠᠨ ᠬᠤᠷᠢᠶᠠᠵᠤ ᠣᠷᠣᠯᠠᠨ ᠲᠤᠰᠢᠶᠠᠭᠰᠠᠨ ᠭᠠᠵᠠᠷ ᠵᠶ᠋ᠠᠷ᠎ᠨᠢ ᠲᠣᠭᠲᠠᠭ᠋ᠠᠨ᠎ᠠ; ᠰᠢᠯᠵᠢᠩᠭᠦᠢ ᠡᠵᠡᠩᠨᠡᠯᠲᠡ ᠬᠢᠵᠦ ᠪᠠᠢ᠍ᠭ᠎ᠠ ᠵᠡᠷᠭᠡ ᠲᠣᠭᠲᠠᠮᠠᠯ ᠭᠠᠶ᠋ᠢᠯᠢ ᠲᠤᠰᠢᠶᠠᠬᠤ   ᠭᠠᠵᠠᠷ ᠦᠭᠡᠢ ᠨᠢᠭᠡᠴᠢ ᠪᠠ ᠬᠤᠪᠢ ᠬᠥᠮᠦᠨ᠎ᠤ ᠪᠣᠯ ᠦᠷᠳᠡᠭ ᠨᠡᠮᠡᠭᠳᠡᠯ᠎ᠤᠨ ᠭᠠᠶ᠋ᠢᠯᠢ᠂ ᠬᠡᠷᠡᠭᠯᠡᠭᠡᠨ᠎ᠤ ᠭᠠᠶ᠋ᠢᠯᠢ ᠪᠣᠳᠠᠲᠠᠶ ᠲᠤᠰᠢᠶᠠᠭᠰᠠᠨ ᠭᠠᠵᠠᠷ ᠵᠶ᠋ᠠᠷ᠎ᠨᠢ ᠲᠣᠭᠲᠠᠭ᠋ᠠᠨ᠎ᠠ᠃
    ᠭᠤᠷᠪᠠ᠂ ᠭᠠᠶ᠋ᠢᠯᠢ ᠲᠤᠰᠢᠶᠠᠭᠴᠢ᠎ᠨᠢ ᠭᠠᠵᠠᠷ ᠣᠷᠣᠨ ᠠᠯᠤᠰᠯᠠᠨ ᠪᠠᠷᠢᠯᠭ᠎ᠠ ᠵᠢᠨ ᠦᠢ᠍ᠯᠡᠴᠢᠯᠡᠭᠡ ᠬᠠᠩᠭ᠋ᠠᠬᠤ᠂ ᠦᠯᠦ ᠬᠥᠳᠡᠯᠬᠦ ᠬᠦᠷᠦᠨᠭᠭᠡ ᠪᠣᠷᠣᠯᠠᠭᠤᠯᠬᠤ ᠪᠠ   ᠲᠦᠷᠢᠶᠡᠰᠦᠯᠡᠭᠦᠯᠪᠡᠯ᠂ ᠪᠠᠷᠢᠯᠭ᠎ᠠ ᠵᠢᠨ ᠦᠢ᠍ᠯᠡᠴᠢᠯᠡᠭᠡ ᠡᠭᠦᠰᠦᠭᠰᠡᠨ ᠭᠠᠵᠠᠷ᠂ ᠦᠯᠦ ᠬᠥᠳᠡᠯᠬᠦ ᠬᠦᠷᠦᠨᠭᠭᠡ ᠵᠢᠨ ᠪᠠᠶ᠋ᠢᠭ᠎ᠠ ᠭᠠᠵᠠᠷ᠎ᠲᠤ ᠦᠷᠳᠡᠭ ᠨᠡᠮᠡᠭᠳᠡᠯ᠎ᠤᠨ   ᠭᠠᠶ᠋ᠢᠯᠢ ᠵᠢ ᠤᠷᠢᠳᠴᠢᠯᠠᠨ ᠲᠤᠰᠢᠶᠠᠬᠤ᠎ᠳᠤ᠎ᠪᠠᠨ᠂ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠵᠢᠨ ᠲᠣᠭ᠎ᠠ᠎ᠪᠠᠷ ᠭᠠᠶ᠋ᠢᠯᠢ ᠪᠤᠳᠤᠬᠤ   ᠦᠨᠳᠦᠰᠦᠯᠡᠯ ᠪᠣᠯᠭ᠋ᠠᠬᠤ ᠵᠢᠨ ᠬᠠᠮᠲᠤ᠂ ᠦᠷᠳᠡᠭ ᠨᠡᠮᠡᠭᠳᠡᠯ᠎ᠤᠨ ᠭᠠᠶ᠋ᠢᠯᠢ ᠵᠢ ᠤᠷᠢᠳᠴᠢᠯᠠᠨ ᠲᠤᠰᠢᠶᠠᠬᠤ ᠭᠠᠵᠠᠷ᠎ᠤᠨ ᠬᠤᠳᠠ ᠵᠢᠨ ᠬᠠᠮᠠᠭ᠋ᠠᠯᠠᠯᠲᠠ ᠪᠦᠳᠦᠭᠡᠨ   ᠪᠠᠶ᠋ᠢᠭᠤᠯᠤᠯᠲᠠ ᠵᠢᠨ ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠨᠤᠷᠮ᠎ᠠ᠎ᠪᠠᠷ ᠬᠤᠳᠠ ᠵᠢᠨ ᠬᠠᠮᠠᠭ᠋ᠠᠯᠠᠯᠲᠠ ᠪᠦᠳᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢ   ᠲᠤᠬᠠᠶ ᠵᠢᠨ ᠭᠠᠵᠠᠷ᠎ᠲᠤ᠎ᠨᠢ ᠪᠤᠳᠤᠵᠤ ᠲᠤᠰᠢᠶᠠᠯᠭ᠋ᠠᠨ᠎ᠠ᠃
    ᠥᠷᠲᠡᠭ ᠨᠡᠮᠡᠭᠳᠡᠯ᠎ᠤᠨ ᠭᠠᠶ᠋ᠢᠯᠢ ᠵᠢ ᠤᠷᠢᠳᠴᠢᠯᠠᠨ ᠲᠤᠰᠢᠶᠠᠬᠤ ᠭᠠᠶ᠋ᠢᠯᠢ ᠲᠤᠰᠢᠶᠠᠭᠴᠢ᠎ᠨᠢ ᠥᠪᠡᠷ᠎ᠤᠨ ᠪᠠᠶ᠋ᠢᠭᠤᠯᠤᠮᠵᠢ ᠵᠢᠨ ᠪᠠᠶ᠋ᠢᠭ᠎ᠠ ᠭᠠᠵᠠᠷ᠎ᠲᠤ᠎ᠪᠠᠨ ᠥᠷᠲᠡᠭ   ᠨᠡᠮᠡᠭᠳᠡᠯ᠎ᠤᠨ ᠭᠠᠶ᠋ᠢᠯᠢ ᠲᠤᠰᠢᠶᠠᠬᠤ᠎ᠪᠠᠷ ᠮᠡᠳᠡᠭᠦᠯᠬᠦ᠎ᠳᠤ᠎ᠪᠠᠨ᠂ ᠲᠡᠭᠦᠨ᠎ᠤ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠵᠢᠨ ᠲᠣᠭ᠎ᠠ᠎ᠪᠠᠷ   ᠭᠠᠶ᠋ᠢᠯᠢ ᠪᠤᠳᠤᠬᠤ ᠦᠨᠳᠦᠰᠦᠯᠡᠯ ᠪᠣᠯᠭ᠋ᠠᠬᠤ ᠵᠢᠨ ᠬᠠᠮᠲᠤ᠂ ᠪᠠᠶ᠋ᠢᠭᠤᠯᠤᠮᠵᠢ ᠵᠢᠨ ᠪᠠᠶ᠋ᠢᠭ᠎ᠠ ᠭᠠᠵᠠᠷ᠎ᠤᠨ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ   ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠨᠣᠷᠮ᠎ᠠ᠎ᠪᠠᠷ ᠬᠣᠲᠠ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠭᠠᠶ᠋ᠢᠯᠢ ᠵᠢ ᠲᠤᠬᠠᠶ ᠵᠢᠨ   ᠭᠠᠵᠠᠷ᠎ᠲᠤ᠎ᠨᠢ ᠪᠤᠳᠤᠵᠤ ᠲᠤᠰᠢᠶᠠᠯᠭ᠋ᠠᠨ᠎ᠠ᠃
    ᠲᠦᠷᠪᠡ᠂ ᠦᠷᠳᠡᠭ ᠨᠡᠮᠡᠭᠳᠡᠯ᠎ᠤᠨ ᠭᠠᠶ᠋ᠢᠯᠢ᠂ ᠬᠡᠷᠡᠭᠯᠡᠭᠡᠨ᠎ᠤ ᠭᠠᠶ᠋ᠢᠯᠢ ᠵᠢ ᠬᠤᠷᠢᠶᠠᠩᠭᠤᠶ᠋ᠢᠯᠠᠨ ᠲᠤᠰᠢᠶᠠᠬᠤ ᠵᠢ ᠬᠡᠷᠡᠭᠵᠢᠭᠦᠯᠦᠭᠰᠡᠨ ᠭᠠᠶ᠋ᠢᠯᠢ ᠲᠤᠰᠢᠶᠠᠭᠴᠢ᠂   ᠶᠡᠷᠦᠩᠬᠡᠶ ᠪᠠᠶ᠋ᠢᠭᠤᠯᠤᠮᠵᠢ᠂ ᠰᠠᠯᠪᠤᠷᠢ ᠪᠠᠶ᠋ᠢᠭᠤᠯᠤᠮᠵᠢ ᠵᠢᠨ ᠬᠣᠪᠢ ᠬᠤᠪᠢ᠎ᠪᠠᠷ ᠵᠶ᠋ᠠᠨ ᠲᠤᠰᠢᠶᠠᠬᠤ ᠬᠤᠳᠠ ᠵᠢᠨ ᠬᠠᠮᠠᠭ᠋ᠠᠯᠠᠯᠲᠠ ᠪᠦᠳᠦᠭᠡᠨ ᠪᠠᠶ᠋ᠢᠭᠤᠯᠤᠯᠲᠠ ᠵᠢᠨ   ᠭᠠᠶ᠋ᠢᠯᠢ ᠵᠢ ᠪᠣᠯ ᠲᠤᠰ ᠲᠤᠰ ᠪᠠᠶ᠋ᠢᠭ᠎ᠠ ᠭᠠᠵᠠᠷ ᠵᠶ᠋ᠠᠷ᠎ᠨᠢ ᠭᠠᠶ᠋ᠢᠯᠢ ᠲᠤᠰᠢᠶᠠᠭᠴᠢ ᠵᠢᠨ ᠪᠠᠶ᠋ᠢᠭ᠎ᠠ ᠭᠠᠵᠠᠷ ᠵᠶ᠋ᠠᠷ ᠪᠣᠳᠤᠵᠤ᠂ ᠵᠣᠬᠢᠬᠤ ᠬᠤᠳᠠ ᠵᠢᠨ ᠬᠠᠮᠠᠭ᠋ᠠᠯᠠᠯᠲᠠ ᠪᠦᠳᠦᠭᠡᠨ   ᠪᠠᠶ᠋ᠢᠭᠤᠯᠤᠯᠲᠠ ᠵᠢᠨ ᠭᠠᠢ᠌ᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠨᠤᠷᠮ᠎ᠠ ᠵᠢ ᠲᠣᠭᠲᠠᠭ᠋ᠠᠨ᠎ᠠ᠃
    ᠲᠠᠪᠤ᠂ ᠳᠡᠭᠡᠷ᠎ᠡ ᠳᠤᠷᠠᠳᠤᠭᠰᠠᠨ ᠲᠣᠭᠲᠠᠭ᠋ᠠᠯ᠎ᠨᠢ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ   ᠬᠣᠶ᠋ᠢᠰᠢᠳᠠ ᠨᠡᠢ᠌ᠲᠡᠯᠡᠬᠦ ᠬᠣᠯᠪᠣᠭᠳᠠᠯ ᠪᠦᠬᠦᠢ ᠲᠣᠭᠲᠠᠭ᠋ᠠᠯ᠎ᠲᠠᠢ ᠨᠢᠭᠡᠳᠦᠯ ᠦᠭᠡᠢ ᠪᠣᠯ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ   ᠶᠡᠷᠦᠩᠬᠡᠶ ᠲᠣᠪᠴᠢᠶ᠎ᠠ ᠵᠢᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃
    ᠲᠤᠰ ᠮᠡᠳᠡᠭᠳᠡᠯ᠎ᠢ 2021 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
    2021 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ
    (ᠲᠣᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠨ᠎ᠡ)
      ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂   ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠍ᠩᠭᠤ ᠬᠣᠷᠢᠶᠠᠨ᠎ᠤ ᠠᠯᠪᠠᠨ ᠲᠢᠩᠬᠢᠮ᠂   ᠣᠯᠣᠰ ᠲᠥᠷᠥ ᠵᠢᠨ ᠵᠦᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ᠎ᠤ   ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃ ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃ ᠥᠪᠥᠷ ᠮᠣᠩᠭᠣᠯ᠎ᠤᠨ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
    2021 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ ᠲᠠᠷᠤᠮᠠᠯᠯᠠᠨ ᠲᠠᠷᠬᠠᠭ᠋ᠠᠪᠠ
   

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2022 ᠣᠨ᠎ᠤ 1 — 10 ᠰᠠᠷ᠎ᠠ ᠵᠢᠨ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ ᠪᠠ ᠪᠣᠭᠣᠮᠲᠠ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ ᠎ᠢ ᠰᠤᠷᠤᠯᠴᠠᠵᠤ᠂ ᠨᠠᠮ ᠵᠶ᠋ᠠᠨ ᠡᠭᠦᠷᠢᠳᠡ ᠳᠠᠭ᠋ᠠᠵᠤ᠂ ᠰᠢᠨ᠎ᠡ ᠠᠶᠠᠨ᠎ᠳᠤ᠎ᠪᠠᠨ ᠡᠷᠡᠯᠬᠡᠭᠯᠡᠨ ᠤᠷᠤᠭᠰᠢᠯᠠᠶ᠎ᠠ
2022 ᠣᠨ᠎ᠤ 1 — 5 ᠳ᠋ᠤᠭ᠋ᠠᠷ ᠰᠠᠷ᠎ᠠ ᠵᠢᠨ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ ᠵᠢᠴᠢ ᠪᠣᠭᠣᠮᠲᠠ ᠵᠢᠨ ᠠᠵᠢᠯ᠎ᠤᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡᠯᠡᠯ
2022 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ ᠵᠢᠴᠢ ᠪᠣᠭᠣᠮᠲᠠ ᠵᠢᠨ ᠠᠵᠢᠯ᠎ᠤᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡᠯᠡᠯ
 
            