ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [ 2023 ] 12 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠳᠦᠷᠢᠮ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2023 ᠣᠨ᠎ᠤ 5 ᠳ᠋ᠤᠭ᠋ᠠᠷ ᠰᠠᠷ᠎ᠠ ᠵᠢᠨ 16᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠳᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠤᠯᠲᠠ ᠵᠢᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ᠎ᠤᠨ ᠳᠦᠷᠢᠮ》 ᠵᠶ᠋ᠠᠷ ᠯᠠᠪᠯᠠᠯᠲᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠤᠰ ᠳᠦᠷᠢᠮ᠎ᠢ ᠲᠣᠭᠲᠠᠭ᠋ᠠᠪᠠ᠃
ᠬᠣᠶᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠰᠠᠬᠢᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠢᠳᠡᠪᠬᠢᠲᠡᠢ ᠦᠢ᠍ᠯᠡᠴᠢᠯᠡᠬᠦ ᠪᠠ ᠠᠭᠤᠰᠤᠯᠴᠠᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠬᠠᠤᠯᠢᠵᠢᠯ᠎ᠤᠨ ᠵᠠᠰᠠᠭ᠎ᠤᠨ ᠣᠷᠳᠣᠨ᠂ ᠰᠢᠨ᠎ᠡ ᠡᠭᠦᠳᠦᠯᠲᠡ ᠵᠢᠨ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠴᠢᠷᠮᠠᠢ᠌ᠨ ᠪᠠᠢ᠌ᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠤᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠢ᠌ᠬᠠᠨ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠠᠬᠢ ᠥᠪᠥᠷ ᠮᠣᠩᠭᠣᠯ᠎ᠤᠨ ᠵᠶ᠋ᠠᠨ ᠬᠠᠭᠤᠳᠠᠰᠤ ᠵᠢ ᠴᠢᠷᠮᠠᠢ᠌ᠨ ᠰᠠᠢ᠌ᠲᠤᠷ ᠪᠢᠴᠢᠭᠯᠡᠨ᠎ᠡ᠃
ᠭᠤᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯᠲᠠᠳ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠤᠬᠠᠵᠤ᠂ 《ᠳᠥᠷᠪᠡᠨ ᠦᠵᠡᠯ ᠤᠬᠠᠮᠰᠠᠷ》 ᠵᠶ᠋ᠡᠨ ᠴᠢᠩᠭ᠋ᠠᠳᠬᠠᠨ᠂ 《ᠳᠦᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠶᠤᠨ ᠤᠬᠠᠭ᠋ᠠᠨ ᠵᠶ᠋ᠠᠨ ᠵᠡᠪᠰᠡᠭᠯᠡᠨ᠂ ᠦᠢ᠍ᠯᠡᠳᠦᠯᠭᠡ᠎ᠪᠠᠨ ᠵᠢᠯᠣᠭᠣᠳᠤᠭᠤᠯᠬᠤ ᠪᠠ ᠠᠵᠢᠯ ᠵᠶ᠋ᠠᠨ ᠠᠬᠢᠭᠤᠯᠵᠤ᠂ 《ᠬᠣᠶᠠᠷ ᠶᠡᠬᠡ ᠪᠠᠢ᠌ᠳᠠᠯ》᠎ᠢ ᠬᠡᠬᠦᠳᠡᠭ ᠴᠡᠭᠡᠵᠢᠨ᠎ᠳᠤ᠎ᠪᠠᠨ ᠪᠠᠭᠲᠠᠭ᠋ᠠᠵᠤ᠂ 《ᠤᠯᠤᠰ᠎ᠤᠨ ᠴᠢᠬᠤᠯᠠ ᠲᠣᠮᠣ ᠶᠠᠪᠤᠳᠠᠯ》᠎ᠢ ᠪᠠᠲᠤ ᠴᠡᠭᠡᠵᠢᠯᠡᠨ᠂ ᠰᠠᠨᠠᠭ᠋ᠠᠴᠢᠯᠠᠭ᠎ᠠ᠎ᠠᠴᠠ᠎ᠪᠠᠨ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠳᠡᠭᠡᠷ᠎ᠡ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠬᠠᠵᠤ ᠮᠡᠳᠡᠬᠦ ᠴᠢᠳᠠᠪᠤᠷᠢ᠂ ᠤᠯᠤᠰ ᠲᠥᠷᠥ ᠵᠢᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ᠎ᠤᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ ᠪᠦᠬᠦ ᠬᠦᠷᠢᠶᠡᠨ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃
ᠬᠣᠶᠠᠳᠤᠭ᠋ᠠᠷ ᠪᠦᠯᠦᠭ ᠪᠦᠷᠢᠯᠳᠦᠭᠦᠨ ᠪᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ᠎ᠤᠨ ᠳᠠᠷᠤᠭ᠎ᠠ᠂ ᠡᠯ᠎ᠡ ᠲᠢᠩᠬᠢᠮ᠎ᠤᠨ ᠳᠠᠷᠤᠭ᠎ᠠ᠂ ᠡᠯ᠎ᠡ ᠵᠥᠪᠯᠡᠯ᠎ᠤᠨ ᠡᠷᠬᠢᠯᠡᠭᠴᠢ᠎ᠪᠠᠷ ᠪᠦᠷᠢᠯᠳᠦᠨ᠎ᠡ᠃
ᠲᠠᠪᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠡᠷᠢᠭᠦᠯᠡᠭᠴᠢ ᠵᠢᠨ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃ ᠲᠡᠷᠢᠭᠦᠯᠡᠭᠴᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠢ ᠤᠳᠤᠷᠢᠳᠤᠨ᠎ᠠ᠃ ᠳᠡᠳ᠋ ᠲᠡᠷᠢᠭᠦᠯᠡᠭᠴᠢ᠎ᠨᠢ ᠲᠡᠷᠢᠭᠦᠯᠡᠭᠴᠢ ᠵᠢᠨ ᠠᠵᠢᠯ᠎ᠢ ᠬᠠᠮᠵᠢᠵᠤ᠂ ᠠᠵᠢᠯ᠎ᠤᠨ ᠬᠤᠪᠢᠶᠠᠷᠢᠯᠠᠯ ᠶᠣᠰᠣᠭ᠋ᠠᠷ ᠬᠤᠪᠢᠳᠠᠨ ᠬᠠᠮᠢᠶᠠᠷᠴᠤ ᠪᠦᠬᠦᠢ ᠬᠦᠷᠢᠶᠡᠨ᠎ᠳᠠᠬᠢ ᠠᠵᠢᠯ ᠵᠶ᠋ᠠᠨ ᠬᠠᠷᠢᠭᠤᠴᠠᠨ᠎ᠠ; ᠲᠡᠷᠢᠭᠦᠯᠡᠭᠴᠢ ᠵᠢᠨ ᠨᠠᠢ᠌ᠳᠠᠯᠭ᠎ᠠ᠎ᠪᠠᠷ ᠪᠤᠰᠤᠳ ᠲᠠᠯ᠎ᠠ ᠵᠢᠨ ᠠᠵᠢᠯ ᠪᠤᠶᠤ ᠲᠤᠰᠬᠠᠢ ᠠᠵᠢᠯ᠎ᠤᠨ ᠡᠭᠦᠷᠭᠡ ᠵᠢ ᠬᠠᠷᠢᠭᠤᠴᠠᠨ᠎ᠠ; ᠨᠢᠭᠡᠳᠦᠯᠲᠡᠢ ᠲᠣᠬᠢᠷᠠᠭᠤᠯᠭ᠎ᠠ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠭᠠᠳᠠᠭ᠋ᠠᠳᠤ ᠶᠠᠪᠤᠳᠠᠯ ᠪᠠ ᠮᠤᠵᠢ ᠵᠢᠨ ᠬᠤᠭᠤᠷᠤᠨᠳᠤᠬᠢ ᠠᠵᠢᠯᠯᠠᠭ᠎ᠠ ᠵᠢ ᠶᠠᠪᠤᠭᠳᠠᠭᠤᠯᠤᠨ᠎ᠠ᠃
ᠲᠡᠷᠢᠭᠦᠯᠡᠭᠴᠢ ᠭᠠᠳᠠᠭᠰᠢ ᠭᠠᠷᠤᠭᠰᠠᠨ ᠬᠤᠭᠤᠴᠠᠭ᠋ᠠᠨ᠎ᠳᠤ᠂ ᠲᠡᠷᠢᠭᠦᠯᠡᠭᠴᠢ ᠵᠢᠨ ᠨᠠᠢ᠌ᠳᠠᠯᠭ᠎ᠠ᠎ᠪᠠᠷ ᠪᠠᠢ᠌ᠩᠭᠤ ᠵᠢᠨ ᠳᠡᠳ᠋ ᠲᠡᠷᠢᠭᠦᠯᠡᠭᠴᠢ ᠠᠵᠢᠯ ᠡᠷᠬᠢᠯᠡᠨ᠎ᠡ᠃ ᠲᠡᠷᠢᠭᠦᠯᠡᠭᠴᠢ ᠪᠠ ᠪᠠᠢ᠌ᠩᠭᠤ ᠵᠢᠨ ᠳᠡᠳ᠋ ᠲᠡᠷᠢᠭᠦᠯᠡᠭᠴᠢ ᠵᠡᠷᠭᠡ᠎ᠪᠠᠷ ᠭᠠᠳᠠᠭᠰᠢ ᠭᠠᠷᠤᠭᠰᠠᠨ ᠬᠤᠭᠤᠴᠠᠭ᠋ᠠᠨ᠎ᠳᠤ᠂ ᠲᠡᠷᠢᠭᠦᠯᠡᠭᠴᠢ᠎ᠠᠴᠠ ᠪᠤᠰᠤᠳ ᠳᠡᠳ᠋ ᠲᠡᠷᠢᠭᠦᠯᠡᠭᠴᠢ᠎ᠳᠤ ᠨᠠᠢ᠌ᠳᠠᠵᠤ ᠪᠠᠢ᠌ᠭ᠋ᠠᠳ ᠠᠵᠢᠯ ᠡᠷᠬᠢᠯᠡᠭᠦᠯᠵᠦ ᠪᠣᠯᠣᠨ᠎ᠠ᠃
ᠳᠡᠳ᠋ ᠲᠡᠷᠢᠭᠦᠯᠡᠭᠴᠢ ᠵᠢᠨ ᠬᠣᠭᠣᠷᠣᠨᠳᠤ AB ᠠᠵᠢᠯᠯᠠᠬᠤ ᠪᠠᠢ᠌ᠷᠢ ᠵᠢᠨ ᠠᠵᠢᠯ᠎ᠤᠨ ᠲᠣᠭᠲᠠᠴᠠ ᠵᠢ ᠬᠡᠷᠡᠭᠵᠢᠭᠦᠯᠦᠨ᠎ᠡ᠃ ᠬᠠᠷᠢᠯᠴᠠᠨ AB ᠠᠵᠢᠯᠯᠠᠬᠤ ᠪᠠᠢ᠌ᠷᠢ᠎ᠳᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠢᠨ ᠨᠢᠭᠡ᠎ᠨᠢ ᠭᠠᠳᠠᠭᠰᠢ ᠭᠠᠷᠤᠭᠰᠠᠨ ᠬᠤᠭᠤᠴᠠᠭ᠋ᠠᠨ᠎ᠳᠤ᠂ ᠨᠥᠭᠦᠭᠡᠳᠡᠬᠢ᠎ᠨᠢ ᠵᠠᠰᠠᠭ᠎ᠤᠨ ᠶᠠᠪᠤᠳᠠᠯ᠎ᠤᠨ ᠠᠵᠢᠯᠯᠠᠭ᠋ᠠᠨ᠎ᠤ ᠡᠭᠦᠷᠭᠡ ᠬᠠᠷᠢᠭᠤᠴᠠᠯᠭ᠎ᠠ ᠵᠢ᠎ᠨᠢ ᠣᠷᠣᠯᠠᠨ ᠭᠦᠢ᠍ᠴᠡᠳᠬᠡᠨ᠎ᠡ᠃
ᠨᠠᠷᠢᠨ ᠪᠢᠴᠢᠭ᠎ᠤᠨ ᠳᠠᠷᠤᠭ᠎ᠠ᠎ᠨᠢ ᠲᠡᠷᠢᠭᠦᠯᠡᠭᠴᠢ ᠵᠢᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳᠦᠷ ᠲᠣᠳᠤᠮ᠎ᠤᠨ ᠠᠵᠢᠯ᠎ᠢ ᠬᠠᠷᠢᠭᠤᠴᠠᠨ ᠰᠢᠢ᠍ᠳᠪᠦᠷᠢᠯᠡᠵᠦ᠂ ᠳᠡᠳ᠋ ᠨᠠᠷᠢᠨ ᠪᠢᠴᠢᠭ᠎ᠤᠨ ᠳᠠᠷᠤᠭ᠎ᠠ᠎ᠨᠢ ᠨᠠᠷᠢᠨ ᠪᠢᠴᠢᠭ᠎ᠤᠨ ᠳᠠᠷᠤᠭ᠎ᠠ ᠵᠢᠨ ᠠᠵᠢᠯ᠎ᠳᠤ ᠬᠠᠮᠵᠢᠨ᠎ᠠ᠃
ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠠᠵᠤ ᠠᠬᠤᠢ ᠵᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠨᠡᠢ᠌ᠭᠡᠮ᠎ᠤᠨ ᠬᠠᠮᠢᠶᠠᠷᠤᠯᠲᠠ᠂ ᠣᠯᠠᠨ ᠨᠡᠢ᠌ᠲᠡ ᠵᠢᠨ ᠦᠢ᠍ᠯᠡᠴᠢᠯᠡᠭᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠵᠢᠨ ᠡᠭᠦᠷᠭᠡ ᠴᠢᠳᠠᠪᠤᠷᠢ ᠵᠢ ᠭᠦᠢ᠍ᠴᠡᠳᠬᠡᠵᠦ᠂ ᠲᠣᠭᠲᠠᠭᠤᠨ ᠪᠠᠢ᠌ᠯᠭ᠋ᠠᠬᠤ ᠵᠢᠨ ᠳᠠᠠᠭᠣ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠳᠦᠬᠡᠯᠳᠡᠢ ᠵᠠᠰᠠᠭ᠎ᠤᠨ ᠣᠷᠳᠣᠨ᠎ᠤ ᠨᠡᠩ ᠰᠠᠢ᠌ᠨ ᠤᠶᠠᠯᠳᠤᠯ᠎ᠢ ᠠᠬᠢᠭᠤᠯᠤᠨ᠂ ᠰᠠᠢ᠌ᠨ ᠰᠠᠢ᠌ᠬᠠᠨ ᠬᠥᠭᠵᠢᠯᠲᠡ ᠵᠢᠨ ᠣᠷᠴᠢᠨ ᠨᠥᠬᠥᠴᠡᠯ᠎ᠢ ᠡᠭᠦᠳᠴᠦ᠂ ᠨᠡᠢ᠌ᠭᠡᠮ᠎ᠤᠨ ᠡᠷᠬᠡ ᠲᠡᠭᠰᠢ ᠲᠥᠪ ᠭᠣᠣᠯᠴᠢ ᠵᠢ ᠬᠠᠮᠠᠭ᠋ᠠᠯᠠᠨ᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠨ᠎ᠠ᠃
ᠳᠤᠯᠤᠭ᠎ᠠ᠂ ᠡᠯ᠎ᠡ ᠲᠢᠩᠬᠢᠮ᠂ ᠡᠯ᠎ᠡ ᠵᠥᠪᠯᠡᠯ᠎ᠨᠢ ᠲᠢᠩᠬᠢᠮ᠎ᠤᠨ ᠳᠠᠷᠤᠭ᠎ᠠ᠂ ᠡᠷᠬᠢᠯᠡᠭᠴᠢ ᠵᠢᠨ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠲᠡᠭᠦᠨ ᠵᠶ᠋ᠡᠷ ᠲᠤᠰ ᠰᠠᠯᠠᠭ᠎ᠠ ᠮᠥᠴᠢᠷ᠎ᠤᠨ ᠠᠵᠢᠯ᠎ᠢ ᠤᠳᠤᠷᠢᠳᠤᠭᠤᠯᠤᠨᠠ᠃ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠳᠤᠮᠳᠠᠬᠢ ᠴᠢᠬᠤᠯᠠ ᠵᠦᠢ᠍ᠯᠡᠰ᠎ᠢ ᠲᠣᠭᠲᠠᠭ᠋ᠠᠬᠤ᠎ᠳᠤ᠂ ᠤᠷᠢᠳ ᠵᠶ᠋ᠠᠷ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠵᠢᠭ᠋ᠠᠪᠤᠷᠢ ᠠᠪᠴᠤ᠂ ᠴᠢᠬᠤᠯᠠ ᠶᠡᠬᠡ ᠵᠦᠢ᠍ᠯᠡᠰ᠎ᠢ ᠲᠡᠷᠢᠭᠦᠯᠡᠭᠴᠢ᠎ᠳᠤ ᠮᠡᠳᠡᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠂ ᠰᠢᠢ᠍ᠳᠪᠦᠷᠢ᠂ ᠵᠠᠷᠯᠢᠭ᠎ᠢ ᠦᠨᠳᠦᠰᠦᠯᠡᠵᠦ᠂ ᠲᠤᠰ ᠰᠠᠯᠠᠭ᠎ᠠ ᠮᠥᠴᠢᠷ᠎ᠤᠨ ᠡᠷᠬᠡ ᠲᠤᠰᠢᠶᠠᠯ᠎ᠤᠨ ᠬᠡᠪᠴᠢᠶᠡᠨ᠎ᠳᠤ ᠠᠵᠢᠯ ᠵᠶ᠋ᠠᠨ ᠥᠷᠨᠢᠭᠦᠯᠦᠨ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠲᠤᠰ ᠬᠦᠷᠢᠶ᠎ᠡ ᠴᠠᠷᠠᠭ᠎ᠠ ᠲᠤᠰ ᠠᠵᠢᠯ ᠲᠦᠷᠦᠯ᠎ᠤᠨ ᠠᠵᠢᠯ ᠵᠶ᠋ᠠᠨ ᠨᠢᠭᠡᠳᠦᠯᠲᠡᠢ ᠲᠥᠯᠥᠪᠯᠡᠵᠦ ᠰᠤᠳᠤᠯᠤᠨ ᠪᠠᠢ᠌ᠷᠢᠯᠠᠭᠤᠯᠵᠤ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠰᠢᠮᠳᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠨ᠎ᠠ᠃
ᠭᠤᠷᠪᠠᠳᠤᠭ᠋ᠠᠷ ᠪᠦᠯᠦᠭ ᠠᠵᠢᠯ᠎ᠤᠨ ᠵᠠᠷᠴᠢᠮ
ᠨᠠᠢ᠍ᠮᠠ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠃ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠵᠢᠯ ᠵᠶ᠋ᠠᠨ ᠥᠷᠨᠢᠭᠦᠯᠬᠦ ᠵᠢ ᠡᠷᠡᠰ ᠪᠡᠶᠡᠯᠡᠭᠦᠯᠵᠦ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠠᠮ᠎ᠠᠴᠠ ᠤᠳᠤᠷᠢᠳᠬᠤ ᠪᠠᠢ᠌ᠭᠤᠯᠤᠯ ᠲᠣᠭᠲᠠᠴᠠ ᠵᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠲᠣᠬᠢᠷᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ᠎ᠢ ᠪᠦᠷᠢᠨᠰᠢᠭᠦᠯᠦᠨ ᠨᠠᠢ᠌ᠳᠠᠪᠤᠷᠢᠵᠢᠭᠤᠯᠵᠤ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ᠂ ᠴᠢᠬᠤᠯᠠ ᠶᠡᠬᠡ ᠵᠦᠢ᠍ᠯᠡᠰ᠂ ᠴᠢᠬᠤᠯᠠ ᠪᠠᠢ᠌ᠳᠠᠯ᠎ᠳᠤ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠵᠢᠭ᠋ᠠᠪᠤᠷᠢ ᠠᠪᠬᠤ ᠪᠠ ᠮᠡᠳᠡᠭᠦᠯᠬᠦ ᠬᠡᠷᠡᠭᠲᠡᠢ᠃
ᠶᠢᠰᠦ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠬᠤ ᠬᠡᠷᠡᠭᠲᠡᠢ᠃ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠵᠤ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠵᠠᠰᠠᠭ᠎ᠤᠨ ᠣᠷᠳᠣᠨ᠎ᠤ ᠠᠵᠢᠯ᠎ᠤᠨ ᠡᠭᠦᠰᠦᠴᠡ ᠪᠠ ᠲᠤᠰᠤᠯᠲᠠ ᠪᠣᠯᠭ᠋ᠠᠨ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠢ᠌ᠵᠢᠷᠠᠭᠤᠯᠵᠤ᠂ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠬᠦ᠂ ᠰᠠᠢ᠌ᠲᠤᠷ ᠬᠠᠮᠠᠭ᠋ᠠᠯᠠᠬᠤ ᠪᠠ ᠰᠠᠢ᠌ᠲᠤᠷ ᠬᠥᠭᠵᠢᠭᠦᠯᠵᠦ᠂ ᠠᠷᠠᠳ ᠣᠯᠠᠨ᠎ᠤ ᠬᠦᠷᠲᠡᠭᠡᠮᠵᠢᠲᠦ ᠰᠡᠳᠬᠢᠯᠭᠡ᠂ ᠵᠣᠯ ᠵᠢᠷᠭ᠋ᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠵᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃
ᠠᠷᠪᠠ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢᠨ ᠡᠷᠬᠡ ᠰᠦᠷ᠎ᠢ ᠡᠷᠡᠰ ᠬᠠᠮᠠᠭ᠋ᠠᠯᠠᠵᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠣᠣᠯᠴᠢ ᠪᠥᠭᠡᠳ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠳᠠᠯᠠᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠠᠵᠢᠯ᠎ᠢ ᠬᠠᠤᠯᠢᠵᠢᠯ᠎ᠤᠨ ᠵᠠᠮ ᠵᠶ᠋ᠠᠷ ᠪᠦᠬᠦ ᠲᠠᠯ᠎ᠠ᠎ᠪᠠᠷ ᠵᠠᠮᠨᠠᠭᠤᠯᠵᠤ᠂ ᠬᠠᠤᠯᠢ ᠶᠣᠰᠣᠭ᠋ᠠᠷ ᠡᠷᠬᠡ᠎ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠬᠠᠷᠢᠭᠤᠴᠠᠯᠭ᠎ᠠ᠎ᠪᠠᠨ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
ᠠᠷᠪᠠᠨ ᠨᠢᠭᠡ᠂ ᠰᠢᠨᠵᠢᠯᠡᠬᠦ ᠤᠬᠠᠭ᠋ᠠᠨᠴᠢ ᠠᠷᠠᠳᠴᠢᠯᠠᠯ᠎ᠢ ᠪᠠᠷᠢᠮᠲᠠᠯᠠᠬᠤ ᠬᠡᠷᠡᠭᠲᠡᠢ᠃ ᠰᠢᠰᠲ᠋ᠧᠮ᠎ᠤᠨ ᠦᠵᠡᠯᠲᠡ ᠵᠢ ᠴᠢᠩᠭ᠋ᠠᠷᠠᠭᠤᠯᠵᠤ᠂ ᠠᠵᠢᠯ᠎ᠤᠨ ᠲᠥᠰᠥᠭᠡᠯᠡᠬᠦ ᠰᠢᠨᠵᠢ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠨ᠎ᠠ᠃ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠳᠦᠷᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠠᠢ᠌ᠴᠠᠭ᠋ᠠᠨ ᠰᠤᠳᠤᠯᠬᠤ᠂ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠤᠨ᠎ᠠ᠃ ᠨᠡᠢ᠌ᠭᠡᠮ ᠨᠡᠢ᠌ᠲᠡ ᠵᠢᠨ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠴᠢᠬᠤᠯᠠ ᠲᠥᠯᠦᠪᠵᠢᠭᠦᠯᠭᠡ᠂ ᠣᠯᠠᠨ ᠨᠡᠢ᠌ᠲᠡ ᠵᠢᠨ ᠴᠢᠬᠤᠯᠠ ᠶᠡᠬᠡ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ᠂ ᠣᠯᠠᠨ ᠨᠡᠢ᠌ᠲᠡ ᠵᠢᠨ ᠴᠢᠬᠤᠯᠠ ᠶᠡᠬᠡ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠵᠡᠷᠭᠡ᠎ᠳᠤ ᠬᠣᠯᠪᠣᠭᠳᠠᠪᠠᠯ᠂ ᠭᠦᠢ᠍ᠴᠡᠳ ᠦᠨᠡᠯᠡᠨ ᠵᠢᠱ᠌ᠢᠵᠦ ᠨᠤᠲᠠᠯᠠᠨ᠂ ᠨᠤᠲᠠᠯᠠᠯᠲᠠ ᠵᠢᠨ ᠬᠤᠷᠠᠯ᠂ ᠭᠡᠷᠡᠴᠢᠯᠡᠭᠡ ᠰᠤᠨᠤᠰᠬᠤ ᠬᠤᠷᠠᠯ ᠪᠤᠶᠤ ᠪᠤᠰᠤᠳ ᠠᠷᠭ᠎ᠠ ᠬᠡᠯᠪᠡᠷᠢ᠎ᠪᠠᠷ ᠲᠤᠰᠬᠠᠢ ᠮᠡᠷᠭᠡᠵᠢᠯᠲᠡ ᠪᠠ ᠨᠡᠢ᠌ᠭᠡᠮ ᠨᠡᠢ᠌ᠲᠡ ᠵᠢᠨ ᠰᠠᠨᠠᠯ᠎ᠢ ᠰᠤᠨᠤᠰᠬᠤ ᠬᠡᠷᠡᠭᠲᠡᠢ᠃ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠮᠦᠷᠳᠡᠨ ᠳᠠᠭ᠋ᠠᠬᠤ ᠪᠠ ᠬᠠᠷᠢᠭᠤ ᠲᠤᠰᠬᠠᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠳᠠᠷᠠᠭ᠋ᠠᠴᠢ ᠵᠢᠨ ᠦᠨᠡᠯᠡᠨ ᠵᠢᠱ᠌ᠢᠯᠲᠡ ᠵᠢ ᠴᠢᠩᠭ᠋ᠠᠳᠬᠠᠨ᠂ ᠰᠢᠢ᠍ᠳᠪᠦᠷᠢᠲᠦ ᠪᠣᠳᠣᠯᠭ᠎ᠠ ᠵᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠠᠷᠪᠠᠨ ᠬᠣᠶᠠᠷ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠵᠢ ᠪᠠᠷᠢᠮᠲᠠᠯᠠᠬᠤ ᠬᠡᠷᠡᠭᠲᠡᠢ᠃ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ ᠦᠨᠡᠨ᠎ᠢ ᠡᠷᠢᠵᠦ ᠪᠣᠳᠠᠲᠠᠢ ᠵᠢ ᠡᠷᠬᠢᠮᠯᠡᠬᠦ᠂ ᠨᠡᠭᠡᠭᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠳᠣᠪᠣᠢ᠌ᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠠᠴᠠ ᠡᠭᠦᠰᠴᠦ ᠠᠰᠠᠭᠤᠳᠠᠯ᠎ᠢ ᠪᠣᠳᠣᠯᠬᠢᠯᠠᠨ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠠᠵᠢᠯ ᠶᠠᠪᠤᠳᠠᠯ ᠬᠢᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠳᠤᠮᠳᠠᠬᠢ ᠲᠣᠪᠣᠢ᠌ᠮ᠎ᠠ ᠠᠰᠠᠭᠤᠳᠠᠯ ᠪᠠ ᠠᠷᠠᠳ ᠣᠯᠠᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠢ᠌ᠭ᠎ᠠ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠨ᠎ᠡ᠃ ᠲᠣᠭ᠋ᠠᠵᠢᠯᠲᠦ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠮᠡᠷᠭᠡᠵᠢᠯ᠎ᠤᠨ ᠠᠭᠤᠰᠤᠯᠴᠠᠯ᠂ ᠲᠤᠬᠠᠢ᠌ᠯᠠᠭᠰᠠᠨ ᠠᠵᠢᠯ᠎ᠤᠨ ᠠᠭᠤᠰᠤᠯᠴᠠᠯ᠂ ᠲᠣᠭ᠎ᠠ ᠪᠠᠷᠢᠮᠲᠠ ᠵᠢᠨ ᠠᠭᠤᠰᠤᠯᠴᠠᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠤᠪᠤᠷᠠᠯ᠎ᠢ ᠰᠢᠯᠢᠳᠡᠭᠵᠢᠭᠦᠯᠬᠦ᠂ ᠵᠠᠭᠪᠤᠷ᠎ᠲᠤ ᠰᠢᠨ᠎ᠡ ᠵᠢ ᠡᠭᠦᠳᠬᠦ ᠵᠢ ᠠᠬᠢᠭᠤᠯᠤᠨ᠂ ᠵᠠᠰᠠᠭ᠎ᠤᠨ ᠣᠷᠳᠣᠨ᠎ᠤ ᠦᠷ᠎ᠡ ᠴᠢᠳᠠᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠠᠷᠪᠠᠨ ᠭᠤᠷᠪᠠ᠂ ᠠᠷᠢᠭᠤᠨ ᠴᠢᠬᠡᠴᠢ ᠪᠠᠢ᠌ᠬᠤ ᠵᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠣᠭᠲᠠᠭ᠋ᠠᠯ᠎ᠢ ᠨᠠᠢ᠌ᠳᠠᠪᠤᠷᠢᠵᠢᠭᠤᠯᠵᠤ᠂ ᠵᠣᠷᠢᠭᠲᠠᠢ᠎ᠪᠠᠷ ᠥᠪᠡᠷ ᠪᠡᠶ᠎ᠡ᠎ᠳᠤ᠎ᠪᠠᠨ ᠬᠤᠪᠢᠰᠬᠠᠯ ᠬᠢᠵᠦ᠂ ᠰᠤᠷᠲᠠᠯ᠎ᠢ ᠲᠥᠪ ᠪᠣᠯᠭ᠋ᠠᠵᠤ ᠰᠠᠬᠢᠯᠭ᠎ᠠ ᠪᠠᠲᠤ ᠵᠢ ᠴᠢᠩᠳᠠᠯᠠᠨ ᠢᠯᠵᠠᠷᠠᠯ᠎ᠢ ᠡᠰᠡᠷᠭᠦᠴᠡᠬᠦ ᠵᠢ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠵᠤ᠂ ᠢᠯᠵᠠᠷᠠᠭᠦᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠣᠳᠣᠬᠣ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠴᠢᠬᠡᠴᠢ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠴᠡᠪᠡᠷ ᠴᠢᠬᠡᠴᠢ ᠨᠥᠬᠥᠳ᠎ᠤᠨ ᠬᠠᠷᠢᠴᠠᠭ᠎ᠠ᠂ ᠲᠥᠪ ᠵᠢᠷᠤᠮ᠎ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ ᠪᠥᠭᠡᠳ ᠨᠢᠭᠡᠳᠦᠯᠲᠡᠢ ᠰᠢᠨ᠎ᠡ ᠬᠡᠯᠪᠡᠷᠢ ᠵᠢᠨ ᠵᠠᠰᠠᠭ ᠬᠤᠳᠠᠯᠳᠤᠭ᠋ᠠᠨ᠎ᠤ ᠬᠠᠷᠢᠴᠠᠭ᠎ᠠ ᠵᠢ ᠠᠬᠢᠭᠤᠯᠤᠨ ᠪᠣᠢ ᠪᠣᠯᠭ᠋ᠠᠬᠤ ᠬᠡᠷᠡᠭᠲᠡᠢ᠃
ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠳᠦᠷᠢᠮ
ᠠᠷᠪᠠᠨ ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠠᠷᠢᠨ ᠬᠢᠨᠠᠮᠠᠭ᠋ᠠᠢ ᠬᠠᠷᠢᠭᠤᠴᠠᠵᠤ ᠠᠵᠢᠯ ᠵᠶ᠋ᠠᠨ ᠮᠡᠳᠡᠭᠦᠯᠵᠦ᠂ ᠯᠠᠪᠯᠠᠨ ᠠᠰᠠᠭᠤᠬᠤ ᠪᠠ ᠲᠤᠯᠭ᠋ᠠᠨ ᠠᠰᠠᠭᠤᠬᠤ ᠵᠢ ᠬᠦᠯᠢᠶᠡᠬᠦ ᠬᠡᠷᠩᠲᠠᠢ; ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ ᠵᠶ᠋ᠡᠷ ᠬᠢᠨᠠᠯᠲᠠ ᠲᠠᠯᠪᠢᠬᠣ ᠵᠢ ᠤᠬᠠᠮᠰᠠᠷ᠎ᠠᠴᠠ᠎ᠪᠠᠨ ᠬᠦᠯᠢᠶᠡᠵᠦ᠂ ᠰᠠᠨᠠᠯ ᠰᠠᠨᠠᠭᠤᠯᠭ᠎ᠠ ᠵᠢ ᠳᠠᠷᠤᠤ ᠬᠥᠩᠭᠡᠮᠰᠦᠭ ᠵᠶ᠋ᠡᠷ ᠰᠤᠨᠤᠰᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠵᠥᠪᠯᠡᠯᠭᠡ ᠵᠢ ᠬᠢᠨᠠᠮᠠᠭ᠋ᠠᠢ ᠭᠦᠢ᠍ᠴᠡᠳᠬᠡᠵᠦ᠂ ᠲᠥᠯᠥᠭᠡᠯᠡᠭᠴᠢ ᠭᠡᠰᠢᠭᠦᠳ᠎ᠯᠦᠭᠡ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠭᠦᠢ᠍ᠴᠡᠳᠬᠡᠬᠦ ᠬᠠᠷᠢᠭᠤᠴᠠᠯᠭ᠎ᠠ ᠪᠠ ᠴᠠᠭ᠎ᠤᠨ ᠬᠢᠵᠠᠭ᠋ᠠᠷ᠎ᠢ ᠴᠢᠩᠭ᠎ᠠ ᠨᠠᠢ᠌ᠳᠠᠪᠤᠷᠢᠵᠢᠭᠤᠯᠤᠨ᠂ ᠭᠦᠢ᠍ᠴᠡᠳᠬᠡᠭᠰᠡᠨ ᠦᠷ᠎ᠡ ᠳ᠋ᠦᠩ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠬᠡᠷᠡᠭᠲᠡᠢ᠃
ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠤᠨ ᠠᠯᠪᠠᠨ ᠲᠤᠰᠢᠶᠠᠯᠲᠠᠨ᠎ᠨᠢ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠯᠲᠠ ᠵᠢ ᠬᠦᠯᠢᠶᠡᠨ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠬᠢᠨᠠᠯᠲᠠ ᠲᠠᠯᠪᠢᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠬᠢᠨᠠᠮᠠᠭ᠋ᠠᠢ ᠴᠡᠭᠴᠡᠯᠡᠵᠦ ᠰᠠᠢ᠌ᠵᠢᠷᠠᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃
ᠠᠷᠪᠠᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠪᠠ ᠰᠣᠨᠢᠨ ᠮᠡᠳᠡᠭᠡ ᠵᠢᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠬᠠᠤᠯᠢ ᠶᠣᠰᠣᠭ᠋ᠠᠷ ᠴᠠᠭ ᠲᠤᠬᠠᠢᠳᠤᠨᠢ ᠵᠥᠪ ᠣᠨᠣᠪᠴᠢᠲᠠᠢ ᠢᠯᠡ ᠪᠣᠯᠭ᠋ᠠᠵᠣ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠪᠠᠢ᠌ᠳᠠᠯ᠎ᠢ ᠬᠢᠨᠠᠮᠠᠭ᠋ᠠᠢ ᠪᠠᠢ᠌ᠴᠠᠭ᠋ᠠᠵᠤ ᠬᠢᠨᠠᠨ ᠬᠠᠷᠭᠤᠭᠤᠯᠵᠤ ᠰᠢᠢ᠍ᠳᠪᠦᠷᠢᠯᠡᠨ᠂ ᠨᠡᠢ᠌ᠭᠡᠮ᠎ᠤᠨ ᠠᠩᠬᠠᠷᠤᠯ᠎ᠳᠤ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠠᠷᠪᠠᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠠᠷᠠᠳ ᠣᠯᠠᠨ᠎ᠤ ᠰᠠᠨᠠᠭᠤᠯᠭ᠎ᠠ᠂ ᠰᠠᠨᠠᠯ ᠪᠠ ᠱᠠᠭ᠋ᠠᠷᠳᠠᠯᠭ᠎ᠠ ᠵᠢ ᠬᠢᠨᠠᠮᠠᠭ᠋ᠠᠢ ᠠᠩᠬᠠᠷᠤᠨ ᠰᠣᠨᠣᠰᠴᠤ᠂ ᠠᠷᠠᠳ ᠣᠯᠠᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠤᠳᠤᠷᠢᠳᠬᠤ ᠨᠥᠬᠥᠳ ᠣᠯᠠᠨ ᠲᠦᠮᠡᠨ᠎ᠤ ᠢᠷᠡᠭᠦᠯᠦᠭᠰᠡᠨ ᠵᠠᠬᠢᠳᠠᠯ᠎ᠢ ᠪᠡᠶ᠎ᠡ᠎ᠪᠠᠷ ᠵᠶ᠋ᠡᠨ ᠤᠩᠰᠢᠵᠤ ᠴᠣᠬᠣᠯᠠᠪᠤᠷᠢᠯᠠᠨ᠂ ᠠᠷᠠᠳ ᠣᠯᠠᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠢ ᠰᠢᠮᠳᠠᠭᠤᠯᠤᠨ ᠰᠢᠢ᠍ᠳᠪᠦᠷᠢᠯᠡᠬᠦ ᠬᠡᠷᠡᠭᠲᠡᠢ᠃
ᠲᠠᠪᠤᠳᠤᠭ᠋ᠠᠷ ᠪᠦᠯᠦᠭ ᠬᠤᠷᠠᠯ᠎ᠤᠨ ᠳᠦᠷᠢᠮ
ᠠᠷᠪᠠᠨ ᠨᠠᠢ᠍ᠮᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠪᠦᠭᠦᠳᠡ ᠬᠤᠷᠠᠯ ᠪᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠳᠦᠷᠢᠮ᠎ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠳᠠᠬᠢ ᠴᠢᠬᠤᠯᠠ ᠶᠡᠬᠡ ᠠᠰᠠᠭᠤᠳᠠᠯ᠎ᠢ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠪᠤᠶᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ ᠵᠶ᠋ᠠᠷ ᠳᠡᠮᠵᠢᠨ ᠶᠠᠷᠢᠯᠴᠠᠵᠤ ᠲᠣᠭᠲᠠᠭ᠋ᠠᠬᠤ ᠬᠡᠷᠡᠭᠲᠡᠢ᠃ ᠬᠡᠷᠡᠭᠴᠡᠭᠡ᠎ᠪᠠᠨ ᠦᠨᠳᠦᠰᠦᠯᠡᠵᠦ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ ᠪᠠ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠤᠨ᠎ᠠ᠃
ᠠᠷᠪᠠ ᠶᠢᠰᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠎ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ᠎ᠤᠨ ᠳᠠᠷᠤᠭ᠎ᠠ᠂ ᠡᠯ᠎ᠡ ᠲᠢᠩᠬᠢᠮ᠎ᠤᠨ ᠳᠠᠷᠤᠭ᠎ᠠ᠂ ᠡᠯ᠎ᠡ ᠵᠥᠪᠯᠡᠯ᠎ᠤᠨ ᠡᠷᠬᠢᠯᠡᠭᠴᠢ᠎ᠪᠠᠷ ᠪᠦᠷᠢᠯᠳᠦᠵᠦ᠂ ᠲᠡᠷᠢᠭᠦᠯᠡᠭᠴᠢ᠎ᠠᠴᠠ ᠬᠤᠷᠠᠯᠳᠤᠭᠤᠯᠬᠤ ᠪᠠ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠎ᠤᠨ ᠭᠣᠣᠯ ᠡᠭᠦᠷᠭᠡ ᠪᠣᠯ᠄
(ᠨᠢᠭᠡ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠵᠦᠢ᠍ᠯᠡᠰ᠎ᠢ ᠤᠯᠠᠮᠵᠢᠯᠠᠨ ᠲᠤᠭᠤᠰᠢᠯᠠᠭᠤᠯᠤᠨ᠎ᠠ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠳᠠᠬᠢ ᠴᠢᠬᠤᠯᠠ ᠶᠡᠬᠡ ᠵᠦᠢ᠍ᠯᠡᠰ᠎ᠢ ᠰᠤᠳᠤᠯᠤᠨ ᠲᠣᠭᠲᠠᠭ᠋ᠠᠨ᠎ᠠ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠠᠵᠢᠯ᠎ᠢ ᠪᠠᠢ᠌ᠷᠢᠯᠠᠭᠤᠯᠤᠨ᠎ᠠ᠃
ᠵᠠᠰᠠᠭ᠎ᠤᠨ ᠣᠷᠳᠣᠨ᠎ᠤ ᠪᠦᠭᠦᠳᠡ ᠬᠤᠷᠠᠯ᠎ᠨᠢ ᠬᠡᠷᠡᠭᠴᠡᠭᠡ᠎ᠪᠠᠨ ᠦᠨᠳᠦᠰᠦᠯᠡᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠬᠢᠷᠠᠭᠤᠯᠵᠤ ᠪᠣᠯᠣᠨ᠎ᠠ᠃
ᠬᠣᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ᠎ᠤᠨ ᠳᠠᠷᠤᠭ᠎ᠠ᠎ᠪᠠᠷ ᠪᠦᠷᠢᠯᠳᠦᠵᠦ᠂ ᠲᠡᠷᠢᠭᠦᠯᠡᠭᠴᠢ᠎ᠠᠴᠠ ᠬᠤᠷᠠᠯᠳᠤᠭᠤᠯᠬᠤ ᠪᠠ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠭᠣᠣᠯ ᠡᠭᠦᠷᠭᠡ ᠪᠣᠯ᠄
(ᠨᠢᠭᠡ) ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢ ᠲᠣᠭᠲᠠᠭ᠋ᠠᠯ᠂ ᠴᠢᠬᠤᠯᠠ ᠬᠤᠷᠠᠯ᠎ᠤᠨ ᠵᠣᠷᠢᠭ ᠰᠠᠨᠠᠭ᠎ᠠ ᠪᠠ ᠠᠵᠢᠯ᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ;
(ᠬᠣᠶᠠᠷ) ᠪᠦᠬᠦ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠠᠯᠤᠰ ᠬᠡᠳᠦ ᠵᠢᠨ ᠲᠥᠯᠦᠪᠵᠢᠭᠦᠯᠭᠡ᠂ ᠣᠨ᠎ᠤ ᠲᠥᠯᠥᠪᠯᠡᠭᠡ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠢ ᠶᠠᠷᠢᠯᠴᠠᠨ᠎ᠠ;
(ᠭᠤᠷᠪᠠ) ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠬᠦ ᠪᠤᠶᠤ ᠵᠢᠭ᠋ᠠᠪᠤᠷᠢ ᠠᠪᠬᠤ ᠴᠢᠬᠤᠯᠠᠲᠠᠢ ᠴᠢᠬᠤᠯᠠ ᠵᠦᠢ᠍ᠯᠡᠰ᠎ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠳᠤ ᠳᠡᠪᠰᠢᠭᠦᠯᠦᠨ ᠬᠢᠨᠠᠨ ᠵᠥᠪᠯᠡᠭᠦᠯᠬᠦ᠂ ᠰᠢᠢ᠍ᠳᠪᠦᠷᠢ ᠭᠠᠷᠭ᠋ᠠᠬᠤ ᠴᠢᠬᠤᠯᠠᠲᠠᠢ ᠴᠢᠬᠤᠯᠠ ᠵᠦᠢ᠍ᠯᠡᠰ᠎ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠬᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠲᠥᠰᠥᠯ᠎ᠢ ᠶᠠᠷᠢᠯᠴᠠᠨ᠎ᠠ;
(ᠳᠥᠷᠪᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠪᠠ ᠬᠣᠯᠪᠣᠭᠳᠠᠯ ᠪᠦᠬᠦᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠶᠠᠷᠢᠯᠴᠠᠨ ᠲᠣᠭᠲᠠᠭ᠋ᠠᠨ᠎ᠠ;
(ᠲᠠᠪᠤ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠎ᠳᠤ ᠶᠠᠷᠢᠯᠴᠠᠨ ᠰᠤᠳᠤᠯᠬᠤ᠎ᠪᠠᠷ ᠳᠡᠪᠰᠢᠭᠦᠯᠦᠭᠰᠡᠨ ᠵᠦᠢ᠍ᠯᠡᠰ᠎ᠢ ᠶᠠᠷᠢᠯᠴᠠᠨ᠎ᠠ;
(ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳᠦᠷ ᠲᠣᠳᠤᠮ᠎ᠤᠨ ᠠᠵᠢᠯ᠎ᠳᠠᠬᠢ ᠪᠦᠬᠦ ᠲᠠᠯ᠎ᠠ ᠵᠢᠨ ᠠᠵᠢᠯ᠎ᠳᠤ ᠬᠣᠯᠪᠣᠭᠳᠠᠬᠤ ᠵᠢᠴᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠬᠤᠯᠠᠲᠠᠢ ᠴᠢᠬᠤᠯᠠ ᠵᠦᠢ᠍ᠯᠡᠰ᠂ ᠣᠯᠠᠨ ᠨᠡᠢ᠌ᠲᠡ ᠵᠢᠨ ᠴᠢᠬᠤᠯᠠ ᠶᠡᠬᠡ ᠠᠰᠢᠭ ᠲᠤᠰᠠ᠂ ᠠᠷᠠᠳ ᠣᠯᠠᠨ᠎ᠤ ᠠᠮᠢ ᠪᠡᠶ᠎ᠡ ᠵᠢᠨ ᠠᠰᠢᠭ ᠲᠤᠰᠠ ᠵᠡᠷᠭᠡ᠎ᠳᠤ ᠬᠣᠯᠪᠣᠭᠳᠠᠬᠤ ᠴᠢᠬᠤᠯᠠ ᠵᠦᠢ᠍ᠯᠡᠰ᠎ᠢ ᠶᠠᠷᠢᠯᠴᠠᠨ ᠲᠣᠭᠲᠠᠭ᠋ᠠᠨ᠎ᠠ;
(ᠳᠤᠯᠤᠭ᠎ᠠ) ᠠᠢ᠌ᠮᠠᠭ ᠬᠣᠲᠠ᠂ ᠰᠠᠯᠠᠭ᠎ᠠ ᠮᠥᠴᠢᠷ ᠵᠢᠴᠢ ᠬᠣᠯᠪᠣᠭᠳᠠᠯ ᠪᠦᠬᠦᠢ ᠲᠠᠯ᠎ᠠ ᠵᠢᠨ ᠴᠢᠬᠤᠯᠠ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
(ᠨᠠᠢ᠍ᠮᠠ) ᠪᠤᠰᠤᠳ ᠴᠢᠬᠤᠯᠠ ᠵᠦᠢ᠍ᠯᠡᠰ᠎ᠢ ᠨᠡᠪᠲᠡᠷᠡᠭᠦᠯᠦᠨ ᠮᠡᠳᠡᠭᠡᠯᠡᠬᠦ ᠪᠠ ᠶᠠᠷᠢᠯᠴᠠᠨ᠎ᠠ᠃
ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠢ ᠡᠩ᠎ᠤᠨ ᠪᠠᠢ᠌ᠳᠠᠯ᠎ᠳᠤ ᠰᠠᠷ᠎ᠠ᠎ᠳᠤ 2-3 ᠤᠳᠠᠭ᠎ᠠ ᠬᠤᠷᠠᠯᠳᠤᠭᠤᠯᠵᠤ᠂ ᠴᠢᠬᠤᠯᠠᠲᠠᠢ ᠪᠣᠯ ᠴᠠᠭ ᠢᠮᠠᠭᠲᠠ ᠬᠤᠷᠠᠯᠳᠤᠭᠤᠯᠵᠤ ᠪᠣᠯᠣᠨ᠎ᠠ᠃ ᠬᠤᠷᠠᠯ᠎ᠤᠨ ᠵᠥᠪᠯᠡᠬᠦ ᠰᠡᠳᠦᠪ᠎ᠢ ᠦᠨᠳᠦᠰᠦᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠬᠢᠷᠠᠭᠤᠯᠵᠤ ᠪᠣᠯᠣᠨ᠎ᠠ᠃
ᠬᠣᠷᠢᠨ ᠨᠢᠭᠡ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ᠎ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ᠎ᠤᠨ ᠳᠠᠷᠤᠭ᠎ᠠ᠎ᠪᠠᠷ ᠪᠦᠷᠢᠯᠳᠦᠵᠦ᠂ ᠲᠡᠷᠢᠭᠦᠯᠡᠭᠴᠢ᠎ᠠᠴᠠ ᠬᠤᠷᠠᠯᠳᠤᠭᠤᠯᠬᠤ ᠪᠠ ᠡᠷᠬᠢᠯᠡᠵᠦ᠂ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠤᠷᠠᠯᠳᠤᠭᠤᠯᠤᠨ᠎ᠠ᠃ ᠬᠤᠷᠠᠯ᠎ᠤᠨ ᠵᠥᠪᠯᠡᠬᠦ ᠰᠡᠳᠦᠪ᠎ᠢ ᠦᠨᠳᠦᠰᠦᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠬᠢᠷᠠᠭᠤᠯᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ᠎ᠤᠨ ᠭᠣᠣᠯ ᠡᠭᠦᠷᠭᠡ ᠪᠣᠯ᠄
(ᠨᠢᠭᠡ) ᠡᠳ᠋᠎ᠤᠨ ᠵᠠᠰᠠᠭ᠎ᠤᠨ ᠪᠡᠯᠡ ᠮᠥᠩᠭᠥ ᠵᠢ ᠬᠤᠪᠢᠶᠠᠷᠢᠯᠠᠬᠤ ᠪᠠ ᠴᠢᠬᠤᠯᠠ ᠶᠡᠬᠡ ᠪᠡᠯᠡ ᠣᠷᠤᠭᠤᠯᠤᠯᠲᠠ ᠵᠢᠨ ᠲᠦᠷᠦᠯ ᠵᠦᠢ᠍ᠯ᠎ᠢ ᠲᠣᠬᠢᠷᠠᠭᠤᠯᠬᠤ ᠵᠡᠷᠭᠡ ᠵᠦᠢ᠍ᠯᠡᠰ᠎ᠢ ᠶᠠᠷᠢᠯᠴᠠᠨ ᠰᠤᠳᠤᠯᠤᠨ᠎ᠠ;
(ᠬᠣᠶᠠᠷ) ᠲᠡᠷᠢᠭᠦᠯᠡᠭᠴᠢ ᠪᠤᠶᠤ ᠳᠡᠳ᠋ ᠲᠡᠷᠢᠭᠦᠯᠡᠭᠴᠢ ᠵᠢᠨ ᠳᠤᠷᠠᠳᠤᠭᠰᠠᠨ ᠪᠤᠰᠤᠳ ᠴᠢᠬᠤᠯᠠ ᠵᠦᠢ᠍ᠯᠡᠰ᠎ᠢ ᠶᠠᠷᠢᠯᠴᠠᠨ ᠰᠤᠳᠤᠯᠤᠨ᠎ᠠ᠃
ᠬᠣᠷᠢᠨ ᠬᠣᠶᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠢ ᠡᠩ᠎ᠤᠨ ᠪᠠᠢ᠌ᠳᠠᠯ᠎ᠳᠤ ᠳᠡᠳ᠋ ᠲᠡᠷᠢᠭᠦᠯᠡᠭᠴᠢ᠎ᠠᠴᠠ ᠬᠤᠷᠠᠯᠳᠤᠭᠤᠯᠬᠤ ᠪᠥᠭᠡᠳ ᠡᠷᠬᠢᠯᠡᠨ᠎ᠡ᠃ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ᠂ ᠳᠡᠳ᠋ ᠨᠠᠷᠢᠨ ᠪᠢᠴᠢᠭ᠎ᠤᠨ ᠳᠠᠷᠤᠭ᠎ᠠ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠷᠬᠢᠯᠡᠭᠴᠢ᠂ ᠳᠡᠳ᠋ ᠡᠷᠬᠢᠯᠡᠭᠴᠢ᠂ ᠬᠣᠯᠪᠣᠭᠳᠠᠯ ᠪᠦᠬᠦᠢ ᠠᠢ᠌ᠮᠠᠭ ᠬᠣᠲᠠ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ ᠬᠡᠷᠡᠭᠴᠡᠭᠡ᠎ᠪᠠᠨ ᠦᠨᠳᠦᠰᠦᠯᠡᠨ ᠬᠤᠷᠠᠯ᠎ᠳᠤ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠤᠨ ᠭᠣᠣᠯ ᠡᠭᠦᠷᠭᠡ ᠪᠣᠯ᠄
(ᠨᠢᠭᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠳᠤ ᠲᠤᠰᠢᠶᠠᠵᠤ ᠶᠠᠷᠢᠯᠴᠠᠭᠤᠯᠤᠨ ᠲᠣᠭᠲᠠᠭ᠋ᠠᠯᠭ᠋ᠠᠬᠤ᠎ᠪᠠᠷ ᠪᠠᠢ᠌ᠭ᠎ᠠ ᠵᠦᠢ᠍ᠯᠡᠰ᠎ᠢ ᠰᠤᠳᠤᠯᠤᠨ ᠲᠣᠭᠲᠠᠭ᠋ᠠᠨ᠎ᠠ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠠᠵᠢᠯ᠎ᠤᠨ ᠪᠠᠢ᠌ᠷᠢᠯᠠᠭᠤᠯᠤᠯᠲᠠ ᠵᠢ ᠰᠤᠳᠤᠯᠤᠨ ᠨᠠᠢ᠌ᠳᠠᠪᠤᠷᠢᠵᠢᠭᠤᠯᠤᠨ᠎ᠠ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠳᠠᠷᠤᠮᠠᠯᠯᠠᠨ ᠶᠠᠪᠤᠭᠤᠯᠬᠤ᠎ᠪᠠᠷ ᠪᠠᠢ᠌ᠭ᠎ᠠ ᠴᠢᠬᠤᠯᠠ ᠪᠢᠴᠢᠭ ᠮᠠᠲ᠋ᠧᠷᠢᠶᠠᠯ᠎ᠢ ᠶᠠᠷᠢᠯᠴᠠᠨ ᠰᠤᠳᠤᠯᠤᠨ᠎ᠠ;
(ᠳᠥᠷᠪᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠠᠵᠢᠯ ᠪᠤᠶᠤ ᠵᠠᠰᠠᠭ᠎ᠤᠨ ᠣᠷᠳᠣᠨ᠎ᠤ ᠣᠯᠠᠨ ᠰᠠᠯᠠᠭ᠎ᠠ ᠮᠥᠴᠢᠷ᠎ᠤᠨ ᠠᠵᠢᠯ᠎ᠳᠤ ᠬᠣᠯᠪᠣᠭᠳᠠᠭᠰᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠬᠤᠯᠠᠲᠠᠢ ᠴᠢᠬᠤᠯᠠ ᠶᠡᠬᠡ ᠵᠦᠢ᠍ᠯᠡᠰ᠎ᠢ ᠰᠤᠳᠤᠯᠤᠨ ᠲᠣᠬᠢᠷᠠᠭᠤᠯᠤᠨ᠎ᠠ;
(ᠲᠠᠪᠤ) ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠬᠤᠪᠢᠳᠠᠨ ᠬᠠᠮᠢᠶᠠᠷᠴᠤ ᠪᠦᠬᠦᠢ ᠠᠵᠢᠯ᠎ᠳᠠᠬᠢ ᠪᠣᠳᠠᠲᠠᠢ ᠠᠰᠠᠭᠤᠳᠠᠯ ᠪᠠ ᠲᠤᠰᠬᠠᠢ ᠵᠦᠢ᠍ᠯᠡᠰ᠎ᠢ ᠶᠠᠷᠢᠯᠴᠠᠨ ᠰᠤᠳᠤᠯᠵᠤ᠂ ᠵᠣᠬᠢᠴᠠᠭᠤᠯᠤᠨ ᠰᠢᠢ᠍ᠳᠪᠦᠷᠢᠯᠡᠨ᠎ᠡ᠃
ᠬᠣᠷᠢᠨ ᠭᠤᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠎ᠳᠤ ᠳᠡᠪᠰᠢᠭᠦᠯᠵᠦ ᠶᠠᠷᠢᠯᠴᠠᠭᠤᠯᠬᠤ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠪᠤᠶᠤ ᠲᠡᠷᠢᠭᠦᠯᠡᠭᠴᠢ᠎ᠠᠴᠠ ᠲᠣᠭᠲᠠᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠪᠠ ᠲᠡᠷᠢᠭᠦᠯᠡᠭᠴᠢ᠎ᠤᠨ ᠠᠯᠪᠠᠨ ᠠᠵᠢᠯ᠎ᠤᠨ ᠬᠤᠷᠠᠯ᠎ᠳᠤ ᠳᠡᠪᠰᠢᠭᠦᠯᠵᠦ ᠶᠠᠷᠢᠯᠴᠠᠭᠤᠯᠬᠤ ᠰᠡᠳᠦᠪ᠎ᠢ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠢ᠌ᠩᠭᠤ ᠵᠢᠨ ᠳᠡᠳ᠋ ᠲᠡᠷᠢᠭᠦᠯᠡᠭᠴᠢ᠎ᠠᠴᠠ ᠵᠣᠬᠢᠴᠠᠭᠤᠯᠵᠤ ᠬᠢᠨᠠᠨ ᠬᠠᠷᠭᠤᠭᠤᠯᠤᠭᠰᠠᠨ᠎ᠤ ᠳᠠᠷᠠᠭ᠎ᠠ ᠲᠡᠷᠢᠭᠦᠯᠡᠭᠴᠢ᠎ᠳᠤ ᠮᠡᠳᠡᠭᠦᠯᠦᠨ ᠲᠣᠭᠲᠠᠭ᠋ᠠᠨ᠎ᠠ; ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠳᠤ ᠳᠡᠪᠰᠢᠭᠦᠯᠵᠦ ᠶᠠᠷᠢᠯᠴᠠᠭᠤᠯᠤᠨ ᠰᠤᠳᠤᠯᠤᠭᠤᠯᠬᠤ ᠵᠥᠪᠯᠡᠬᠦ ᠰᠡᠳᠦᠪ᠎ᠢ ᠡᠩ᠎ᠤᠨ ᠪᠠᠢ᠌ᠳᠠᠯ᠎ᠳᠤ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ᠂ ᠳᠡᠳ᠋ ᠨᠠᠷᠢᠨ ᠪᠢᠴᠢᠭ᠎ᠤᠨ ᠳᠠᠷᠤᠭ᠎ᠠ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ ᠡᠷᠬᠢᠯᠡᠭᠴᠢ᠎ᠠᠴᠠ ᠵᠣᠬᠢᠴᠠᠭᠤᠯᠵᠤ ᠬᠢᠨᠠᠨ ᠬᠠᠷᠭᠤᠭᠤᠯᠤᠭᠰᠠᠨ᠎ᠤ ᠳᠠᠷᠠᠭ᠎ᠠ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠳᠤ ᠮᠡᠳᠡᠭᠦᠯᠦᠨ ᠲᠣᠭᠲᠠᠭ᠋ᠠᠨ᠎ᠠ;
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠂ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠂ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ ᠪᠠ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠤᠨ ᠶᠠᠪᠤᠳᠠᠯ᠎ᠢ ᠵᠣᠬᠢᠶᠠᠨ ᠪᠠᠢ᠌ᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠠᠷᠢᠭᠤᠴᠠᠨ᠎ᠠ᠃ ᠬᠤᠷᠠᠯ᠎ᠤᠨ ᠪᠢᠴᠢᠭ ᠮᠠᠲ᠋ᠧᠷᠢᠶᠠᠯ᠎ᠢ ᠵᠥᠪᠯᠡᠬᠦ ᠰᠡᠳᠦᠪ᠎ᠤᠨ ᠬᠠᠷᠢᠭᠤ ᠮᠡᠳᠡᠭᠦᠯᠬᠦ ᠰᠠᠯᠠᠭ᠎ᠠ ᠮᠥᠴᠢᠷ᠎ᠠᠴᠠ ᠲᠦᠷᠦᠭᠦᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠢᠨᠠᠨ ᠬᠠᠷᠭᠤᠭᠤᠯᠵᠤ ᠴᠢᠩᠭ᠎ᠠ ᠬᠠᠮᠢᠶᠠᠷᠤᠨ᠎ᠠ᠃ ᠬᠤᠷᠠᠯ᠎ᠤᠨ ᠪᠢᠴᠢᠭ ᠮᠠᠲ᠋ᠧᠷᠢᠶᠠᠯ᠎ᠨᠢ ᠵᠥᠪᠯᠡᠬᠦ ᠰᠡᠳᠦᠪ᠎ᠤᠨ ᠪᠠᠢ᠌ᠳᠠᠯ ᠪᠠ ᠡᠯ᠎ᠡ ᠲᠠᠯ᠎ᠠ ᠵᠢᠨ ᠰᠠᠨᠠᠯ᠎ᠢ ᠪᠦᠬᠦ ᠲᠠᠯ᠎ᠠ᠎ᠪᠠᠷ ᠣᠨᠣᠪᠴᠢᠲᠠᠢ ᠲᠤᠰᠬᠠᠵᠤ᠂ ᠦᠭᠡ ᠬᠡᠯᠡᠯᠭᠡ᠎ᠨᠢ ᠣᠨᠣᠪᠴᠢᠲᠠᠢ᠂ ᠵᠣᠬᠢᠶᠠᠮᠵᠢ ᠨᠠᠢ᠌ᠷᠠᠭᠤᠯᠭ᠎ᠠ᠎ᠨᠢ ᠲᠣᠪᠴᠢ ᠠᠪᠰᠠᠷᠬᠠᠨ᠂ ᠯᠣᠭᠢᠭ ᠴᠢᠨᠠᠷ ᠵᠶ᠋ᠠᠷ ᠴᠢᠩᠭ᠎ᠠ ᠠᠪᠴᠠᠯᠳᠤᠩᠭᠤᠢ᠂ ᠵᠦᠢ᠍ᠯ ᠵᠤᠷᠪᠤᠰ᠎ᠨᠢ ᠵᠢᠷᠤᠮᠵᠢᠭᠤᠨ ᠪᠠᠢ᠌ᠬᠤ ᠬᠡᠷᠡᠭᠲᠡᠢ᠃
ᠬᠣᠷᠢᠨ ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠂ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠪᠠ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ᠎ᠤᠨ ᠲᠣᠪᠴᠢ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠲᠤᠭᠤᠷᠪᠢᠵᠤ᠂ ᠳᠡᠰ ᠳᠠᠷᠠᠭ᠋ᠠᠯᠠᠯ ᠶᠣᠰᠣᠭ᠋ᠠᠷ ᠲᠡᠷᠢᠭᠦᠯᠡᠭᠴᠢ᠎ᠳᠤ ᠮᠡᠳᠡᠭᠦᠯᠦᠨ ᠭᠠᠷᠤᠨ ᠦᠰᠦᠭ ᠵᠢᠷᠤᠵᠤ ᠶᠠᠪᠤᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠤᠨ ᠲᠣᠪᠴᠢ ᠵᠢ ᠲᠡᠷᠢᠭᠦᠯᠡᠭᠴᠢ᠎ᠳᠤ ᠮᠡᠳᠡᠭᠦᠯᠦᠨ ᠦᠵᠡᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠤᠷᠠᠯ ᠬᠤᠷᠠᠯᠳᠤᠭᠤᠯᠤᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠭᠦᠳᠡ ᠬᠤᠷᠠᠯ᠂ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠂ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ ᠪᠠ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ ᠵᠶ᠋ᠠᠷ ᠶᠠᠷᠢᠯᠴᠠᠵᠤ ᠪᠠᠲᠤᠯᠠᠭ᠋ᠠᠳ ᠳᠠᠷᠤᠮᠠᠯᠯᠠᠨ ᠶᠠᠪᠤᠭᠤᠯᠬᠤ᠎ᠪᠠᠷ ᠲᠣᠭᠲᠠᠭ᠋ᠠᠭᠰᠠᠨ ᠪᠢᠴᠢᠭ ᠮᠠᠲ᠋ᠧᠷᠢᠶᠠᠯ᠎ᠢ ᠵᠠᠷᠴᠢᠮ ᠳᠡᠭᠡᠷ᠎ᠡ᠎ᠪᠠᠨ ᠬᠤᠷᠠᠯ ᠳᠠᠭᠤᠰᠤᠭᠰᠠᠨ᠎ᠤ ᠳᠠᠷᠠᠭ᠎ᠠ 7 ᠠᠵᠢᠯᠯᠠᠬᠤ ᠡᠳᠦᠷ᠎ᠤᠨ ᠳᠣᠲᠣᠷ᠎ᠠ ᠳᠠᠷᠤᠮᠠᠯᠯᠠᠨ ᠶᠠᠪᠤᠭᠤᠯᠬᠤ ᠬᠡᠷᠡᠭᠲᠡᠢ; ᠶᠠᠷᠢᠯᠴᠠᠵᠤ ᠲᠣᠭᠲᠠᠭ᠋ᠠᠭᠰᠠᠨ ᠵᠦᠢ᠍ᠯᠡᠰ᠎ᠢ ᠬᠠᠤᠯᠢ ᠶᠣᠰᠣᠭ᠋ᠠᠷ ᠨᠢᠭᠤᠴᠠᠯᠠᠬᠤ ᠴᠢᠬᠤᠯᠠᠲᠠᠢ᠎ᠠᠴᠠ ᠪᠤᠰᠤᠳ᠎ᠢ᠎ᠨᠢ ᠴᠠᠭ ᠲᠤᠬᠠᠢᠳᠤᠨᠢ ᠨᠡᠢ᠌ᠲᠡᠯᠡᠬᠦ ᠬᠡᠷᠡᠭᠲᠡᠢ᠃
ᠬᠣᠷᠢᠨ ᠲᠠᠪᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠨᠢ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠤᠷᠠᠯ᠎ᠳᠤ ᠣᠷᠤᠯᠴᠠᠵᠤ᠂ ᠵᠠᠷᠴᠢᠮ ᠳᠡᠭᠡᠷ᠎ᠡ᠎ᠪᠠᠨ ᠴᠢᠯᠦᠭᠡ ᠭᠤᠶᠤᠵᠤ ᠪᠣᠯᠬᠤ ᠦᠭᠡᠢ᠃ ᠣᠨᠴᠠᠭ᠋ᠠᠢ ᠪᠠᠢ᠌ᠳᠠᠯ᠎ᠲᠠᠢ᠎ᠠᠴᠠ ᠪᠣᠯᠵᠤ ᠣᠷᠤᠯᠴᠠᠵᠤ ᠳᠡᠢ᠌ᠯᠬᠦ ᠦᠭᠡᠢ ᠪᠣᠯ᠂ ᠴᠢᠯᠦᠭᠡ ᠭᠤᠶᠤᠬᠤ ᠭᠠᠷᠳᠠᠮ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠤᠷᠠᠯ᠎ᠤᠨ ᠡᠷᠬᠢᠯᠡᠭᠴᠢ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃
ᠬᠣᠷᠢᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠤᠨ ᠬᠤᠷᠠᠯᠳᠤᠭᠤᠯᠬᠤ ᠠᠵᠢᠯ᠎ᠤᠨ ᠬᠤᠷᠠᠯ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠬᠢᠨᠠᠨ ᠵᠥᠪᠰᠢᠶᠡᠷᠡᠬᠦ ᠬᠡᠷᠡᠭᠲᠡᠢ᠃ ᠲᠣᠪᠴᠢ ᠠᠪᠰᠠᠷᠬᠠᠨ ᠪᠥᠭᠡᠳ ᠨᠢᠭᠡᠳᠦᠯᠲᠡᠢ᠂ ᠪᠣᠳᠠᠲᠠᠢ ᠵᠢ ᠡᠷᠬᠢᠮᠯᠡᠬᠦ ᠪᠥᠭᠡᠳ ᠥᠨᠳᠥᠷ ᠪᠦᠲᠦᠮᠵᠢᠲᠡᠢ᠂ ᠰᠠᠢ᠌ᠲᠤᠷ ᠭᠠᠮᠨᠠᠨ ᠠᠷᠪᠢᠯᠠᠬᠤ ᠵᠠᠷᠴᠢᠮ᠎ᠢ ᠪᠠᠷᠢᠮᠲᠠᠯᠠᠵᠤ᠂ ᠲᠣᠭ᠎ᠠ ᠬᠡᠮᠵᠢᠶ᠎ᠡ ᠵᠢ᠎ᠨᠢ ᠪᠠᠭ᠋ᠠᠰᠬᠠᠨ᠂ ᠬᠡᠪᠴᠢᠶ᠎ᠡ ᠪᠠ ᠴᠠᠭ ᠬᠤᠭᠤᠴᠠᠭ᠎ᠠ ᠵᠢ᠎ᠨᠢ ᠬᠢᠵᠠᠭ᠋ᠠᠷᠯᠠᠵᠤ᠂ ᠬᠤᠷᠠᠯ᠎ᠳᠤ ᠣᠷᠤᠯᠴᠠᠬᠤ ᠬᠥᠮᠥᠨ᠎ᠤ ᠬᠡᠪᠴᠢᠶ᠎ᠡ ᠵᠢ ᠵᠣᠬᠢᠰᠲᠠᠢ ᠲᠣᠭᠲᠠᠭ᠋ᠠᠨ᠂ ᠬᠤᠷᠠᠯ᠎ᠳᠤ ᠳᠠᠭ᠋ᠠᠵᠦ ᠰᠠᠭᠤᠬᠤ ᠬᠥᠮᠥᠨ᠎ᠢ ᠴᠥᠭᠡᠳᠬᠡᠨ᠎ᠡ᠃ ᠵᠠᠰᠠᠭ᠎ᠤᠨ ᠣᠷᠳᠣᠨ᠎ᠤ ᠠᠵᠢᠯ᠎ᠤᠨ ᠬᠤᠷᠠᠯ᠎ᠳᠤ ᠣᠨ᠎ᠤ ᠲᠥᠯᠥᠪᠯᠡᠭᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠲᠥᠯᠥᠪᠯᠡᠭᠡ᠎ᠠᠴᠠ ᠭᠠᠳᠠᠨᠠᠬᠢ ᠬᠤᠷᠠᠯ᠎ᠢ ᠵᠠᠷᠴᠢᠮ ᠳᠡᠭᠡᠷ᠎ᠡ᠎ᠪᠠᠨ ᠬᠤᠷᠠᠯᠳᠤᠭᠤᠯᠬᠤ ᠦᠭᠡᠢ᠂ ᠣᠨᠴᠠᠭ᠋ᠠᠢ ᠪᠠᠢ᠌ᠳᠠᠯ᠎ᠠᠴᠠ ᠪᠣᠯᠵᠤ ᠦᠨᠡᠨ ᠬᠦ᠌ ᠬᠤᠷᠠᠯᠳᠤᠭᠤᠯᠬᠤ ᠴᠢᠬᠤᠯᠠᠲᠠᠢ ᠪᠣᠯ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠬᠢᠨᠠᠨ ᠬᠠᠷᠭᠤᠭᠤᠯᠤᠭᠤᠯᠤᠭᠰᠠᠨᠤ ᠳᠠᠷᠠᠭ᠎ᠠ ᠲᠡᠷᠢᠭᠦᠯᠡᠭᠴᠢ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠡᠯ᠎ᠡ ᠰᠠᠯᠠᠭ᠎ᠠ ᠮᠥᠴᠢᠷ᠎ᠤᠨ ᠪᠦᠬᠦ ᠣᠷᠣᠨ᠎ᠤ ᠴᠢᠨᠠᠷᠲᠠᠢ ᠲᠤᠬᠠᠢ᠌ᠯᠠᠭᠰᠠᠨ ᠠᠵᠢᠯ᠎ᠤᠨ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠬᠤᠷᠠᠯᠳᠤᠭᠤᠯᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠪᠠ ᠡᠯ᠎ᠡ ᠠᠢ᠌ᠮᠠᠭ ᠬᠣᠲᠠ ᠵᠢᠨ ᠬᠠᠷᠢᠭᠤᠴᠠᠯᠭ᠋ᠠᠲᠠᠨ᠎ᠢ ᠤᠷᠢᠵᠤ ᠣᠷᠣᠯᠴᠠᠭᠣᠯᠬᠣ ᠦᠭᠡᠢ᠃ ᠰᠢᠯᠭ᠋ᠠᠨ ᠪᠠᠢ᠌ᠴᠠᠭ᠋ᠠᠵᠤ ᠲᠤᠷᠰᠢᠯᠭ᠎ᠠ ᠰᠤᠷᠤᠯᠴᠠᠬᠤ᠂ ᠰᠠᠭᠤᠳᠠᠯ᠎ᠤᠨ ᠬᠤᠷᠠᠯ ᠬᠢᠵᠦ ᠰᠠᠨᠠᠯ ᠵᠶ᠋ᠠᠨ ᠰᠣᠯᠢᠯᠴᠠᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠠᠭᠤᠯᠭ᠎ᠠ ᠦᠯᠦ ᠲᠣᠬᠢᠷᠠᠭᠤᠯᠤᠭᠰᠠᠨ ᠬᠤᠷᠠᠯ᠎ᠢ ᠴᠥᠮ ᠲᠧᠯᠸᠢᠰ ᠤᠲᠠᠰᠤᠲᠤ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠤᠨ᠎ᠠ᠃ ᠡᠩ᠎ᠤᠨ ᠪᠠᠢ᠌ᠳᠠᠯ᠎ᠳᠤ ᠱᠠᠲᠤ ᠠᠯᠤᠰᠯᠠᠨ ᠬᠤᠷᠠᠯ ᠬᠤᠷᠠᠯᠳᠤᠭᠤᠯᠬᠤ ᠦᠭᠡᠢ᠂ ᠠᠯᠢᠪᠠ ᠠᠢ᠌ᠮᠠᠭ ᠬᠣᠲᠠ᠎ᠠᠴᠠ ᠳᠣᠷᠣᠭᠰᠢᠬᠢ ᠱᠠᠲᠤᠨ᠎ᠳᠤ ᠬᠦᠷᠲᠡᠯ᠎ᠡ ᠬᠤᠷᠠᠯᠳᠤᠭᠤᠯᠬᠤ ᠬᠤᠷᠠᠯ ᠪᠦᠬᠦᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ ᠡᠯ᠎ᠡ ᠲᠦᠷᠦᠯ᠎ᠤᠨ ᠬᠤᠷᠠᠯ᠎ᠳᠤ ᠴᠥᠮ ᠭᠦᠢ᠍ᠴᠡᠳ ᠪᠡᠯᠡᠳᠬᠡᠯ ᠬᠢᠵᠦ᠂ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ ᠵᠢ ᠴᠢᠩᠳᠠᠯᠠᠨ᠂ ᠦᠷ᠎ᠡ ᠪᠦᠲᠦᠮᠵᠢ ᠪᠠ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃
ᠣᠯᠠᠨ ᠤᠯᠤᠰ᠎ᠤᠨ ᠬᠤᠷᠠᠯ᠂ ᠶᠠᠷᠢᠶᠠᠨ᠎ᠤ ᠲᠠᠪᠴᠠᠩ᠂ ᠪᠠᠶᠠᠷ᠎ᠤᠨ ᠶᠣᠰᠣᠯᠠᠯ᠂ ᠪᠠᠶᠠᠷ᠎ᠤᠨ ᠡᠳᠦᠷ᠎ᠤᠨ ᠬᠤᠷᠠᠯ ᠵᠡᠷᠭᠡ ᠠᠵᠢᠯᠯᠠᠭ᠎ᠠ ᠵᠢ ᠴᠢᠩᠭ᠎ᠠ ᠬᠢᠵᠠᠭ᠋ᠠᠷᠯᠠᠬᠤ ᠪᠠ ᠵᠢᠷᠤᠮᠵᠢᠭᠤᠯᠤᠨ᠎ᠠ᠃ ᠡᠯ᠎ᠡ ᠲᠦᠷᠦᠯ᠎ᠤᠨ ᠬᠤᠷᠠᠯ᠎ᠤᠨ ᠠᠵᠢᠯᠯᠠᠭ᠎ᠠ ᠵᠢᠨ ᠵᠠᠷᠤᠳᠠᠯ᠎ᠢ ᠲᠥᠰᠥᠪ᠎ᠤᠨ ᠬᠠᠮᠢᠶᠠᠷᠤᠯᠲᠠ᠎ᠳᠤ ᠣᠷᠤᠭᠤᠯᠬᠤ ᠬᠡᠷᠡᠭᠲᠡᠢ᠃
ᠬᠣᠷᠢᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠰᠤᠷᠤᠯᠴᠠᠯᠭ᠎ᠠ ᠵᠢᠨ ᠳᠦᠷᠢᠮ᠎ᠢ ᠪᠠᠢ᠌ᠭᠤᠯᠵᠤ᠂ ᠡᠩ᠎ᠤᠨ ᠪᠠᠢ᠌ᠳᠠᠯ᠎ᠳᠤ ᠰᠠᠷ᠎ᠠ᠎ᠳᠤ 1 ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠲᠣᠬᠢᠷᠠᠭᠤᠯᠤᠨ᠂ ᠰᠤᠷᠤᠯᠴᠠᠯᠭ᠎ᠠ ᠵᠢᠨ ᠠᠵᠢᠯᠯᠠᠭ᠎ᠠ ᠵᠢ ᠲᠡᠷᠢᠭᠦᠯᠡᠭᠴᠢ᠎ᠠᠴᠠ ᠡᠷᠬᠢᠯᠡᠵᠦ᠂ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠣᠷᠤᠯᠴᠠᠵᠤ᠂ ᠡᠯ᠎ᠡ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ ᠪᠠᠢ᠌ᠳᠠᠯ᠎ᠢ ᠦᠨᠳᠦᠰᠦᠯᠡᠨ ᠰᠤᠯᠠ ᠣᠷᠣᠯᠴᠠᠨ᠎ᠠ᠃ ᠰᠤᠷᠤᠯᠴᠠᠯᠭ᠎ᠠ ᠵᠢᠨ ᠭᠣᠣᠯ ᠰᠡᠳᠦᠪ᠎ᠢ ᠲᠡᠷᠢᠭᠦᠯᠡᠭᠴᠢ᠎ᠠᠴᠠ ᠲᠣᠭᠲᠠᠭ᠋ᠠᠵᠤ᠂ ᠭᠣᠣᠯᠳᠠᠭᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠵᠢᠭ᠋ᠠᠪᠤᠷᠢ ᠱᠠᠭ᠋ᠠᠷᠳᠠᠯᠭ᠎ᠠ ᠪᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠲᠣᠬᠢᠷᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠮᠡᠳᠡᠯᠭᠡ ᠡᠷᠳᠡᠮ ᠵᠶ᠋ᠡᠨ ᠨᠡᠮᠡᠭᠳᠡᠭᠦᠯᠬᠦ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠰᠤᠷᠤᠯᠴᠠᠯᠭ᠎ᠠ ᠵᠢ ᠤᠳᠤᠷᠢᠳᠬᠤ ᠨᠥᠬᠥᠳ ᠦᠪᠡᠰᠦᠪᠡᠨ ᠰᠤᠷᠤᠯᠴᠠᠵᠤ ᠰᠠᠨᠠᠯ ᠵᠶ᠋ᠠᠨ ᠰᠣᠯᠢᠯᠴᠠᠬᠤ᠂ ᠬᠠᠮᠲᠤ᠎ᠪᠠᠷ ᠰᠤᠳᠤᠯᠤᠨ ᠶᠠᠷᠢᠯᠴᠠᠬᠤ᠂ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠲᠣᠬᠢᠷᠠᠭᠤᠯᠤᠨ ᠬᠠᠷᠢᠭᠤ ᠮᠡᠳᠡᠭᠦᠯᠬᠦ ᠪᠤᠶᠤ ᠲᠤᠰᠬᠠᠢ ᠮᠡᠷᠭᠡᠵᠢᠯᠲᠡᠨ᠎ᠢ ᠤᠷᠢᠵᠤ ᠲᠠᠢ᠌ᠯᠤᠮᠵᠢ ᠬᠢᠯᠭᠡᠬᠦ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠥᠷᠨᠢᠭᠦᠯᠦᠨ᠎ᠡ᠃ ᠵᠠᠰᠠᠭ᠎ᠤᠨ ᠣᠷᠳᠣᠨ᠎ᠤ ᠪᠦᠷᠢᠯᠳᠦᠭᠦᠨᠨᠦᠭᠦᠳ ᠰᠤᠷᠤᠯᠴᠠᠯᠭ᠎ᠠ ᠵᠢ ᠴᠢᠩᠭ᠋ᠠᠳᠬᠠᠬᠤ ᠬᠡᠪ ᠳᠠᠭᠤᠷᠢᠶᠠᠯ ᠪᠣᠯᠵᠤ᠂ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠰᠤᠷᠤᠯᠴᠠᠬᠤ ᠮᠠᠶᠢᠭ᠎ᠤᠨ ᠪᠠᠢ᠌ᠭᠤᠯᠭ᠎ᠠ ᠵᠢ ᠪᠠᠢ᠌ᠭᠤᠯᠬᠤ ᠬᠡᠷᠡᠭᠲᠡᠢ᠃
ᠵᠢᠷᠭᠤᠳᠤᠭ᠋ᠠᠷ ᠪᠦᠯᠦᠭ ᠠᠯᠪᠠᠨ ᠪᠢᠴᠢᠭ ᠰᠢᠢ᠍ᠳᠪᠦᠷᠢᠯᠡᠬᠦ
ᠬᠣᠷᠢᠨ ᠨᠠᠢ᠍ᠮᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠠᠯᠪᠠᠨ ᠪᠢᠴᠢᠭ ᠮᠡᠳᠡᠭᠦᠯᠦᠨ ᠬᠦᠷᠭᠡᠬᠦ᠎ᠳᠤ᠎ᠪᠠᠨ 《ᠨᠠᠮ ᠵᠠᠰᠠᠭ᠎ᠤᠨ ᠪᠠᠢ᠌ᠭᠤᠯᠭ᠎ᠠ ᠵᠢᠨ ᠠᠯᠪᠠᠨ ᠪᠢᠴᠢᠭ᠎ᠢ ᠰᠢᠢ᠍ᠳᠪᠦᠷᠢᠯᠡᠬᠦ ᠠᠵᠢᠯ᠎ᠤᠨ ᠳᠦᠷᠢᠮ》᠎ᠤᠨ ᠲᠣᠭᠲᠠᠭ᠋ᠠᠯ᠎ᠳᠤ ᠨᠡᠢ᠌ᠴᠡᠭᠦᠯᠵᠦ᠂ ᠠᠯᠪᠠᠨ ᠪᠢᠴᠢᠭ ᠶᠠᠪᠤᠭᠤᠯᠬᠤ ᠳᠦᠷᠢᠮ ᠪᠠ ᠵᠢᠷᠤᠮ᠎ᠢ ᠴᠢᠩᠭ᠎ᠠ ᠵᠢᠷᠤᠮᠯᠠᠬᠤ ᠬᠡᠷᠡᠭᠲᠡᠢ᠃ ᠠᠯᠪᠠᠨ ᠪᠢᠴᠢᠭ ᠶᠠᠪᠤᠭᠤᠯᠬᠤ᠎ᠳᠤ ᠵᠠᠪᠠᠯ ᠶᠠᠪᠤᠭᠤᠯᠬᠤ ᠴᠢᠬᠤᠯᠠᠲᠠᠢ ᠪᠠᠢ᠌ᠬᠤ ᠬᠡᠷᠡᠭᠲᠡᠢ ᠮᠥᠷᠲᠡᠭᠡᠨ ᠪᠣᠳᠠᠲᠤ ᠦᠢ᠍ᠯᠡᠳᠦᠯ᠎ᠢ ᠡᠷᠬᠢᠮᠯᠡᠬᠦ ᠬᠡᠷᠡᠭᠲᠡᠢ; ᠵᠥᠪᠰᠢᠶᠡᠷᠡᠭᠦᠯᠦᠭᠰᠡᠨ ᠦᠭᠡᠢ᠎ᠪᠠᠷ ᠱᠠᠲᠤ ᠠᠯᠤᠰᠯᠠᠨ ᠠᠯᠪᠠᠨ ᠪᠢᠴᠢᠭ ᠶᠠᠪᠤᠭᠤᠯᠵᠤ ᠪᠣᠯᠬᠤ ᠦᠭᠡᠢ᠂ ᠣᠯᠠᠨ ᠲᠡᠢ᠌ᠰᠢ᠎ᠪᠠᠨ ᠠᠯᠪᠠᠨ ᠪᠢᠴᠢᠭ ᠮᠡᠳᠡᠭᠦᠯᠵᠦ ᠪᠣᠯᠬᠤ ᠦᠭᠡᠢ; ᠵᠢᠭ᠋ᠠᠪᠤᠷᠢ ᠠᠪᠬᠤ᠎ᠳᠤ ᠨᠢᠭᠡ ᠠᠯᠪᠠᠨ ᠪᠢᠴᠢᠭ ᠵᠶ᠋ᠠᠷ ᠨᠢᠭᠡ ᠯᠡ ᠠᠵᠢᠯ ᠶᠠᠪᠤᠳᠠᠯ᠎ᠤᠨ ᠵᠢᠭ᠋ᠠᠪᠤᠷᠢ ᠠᠪᠴᠤ᠂ ᠮᠡᠳᠡᠭᠦᠯᠦᠯᠲᠡ᠎ᠳᠤ ᠵᠢᠭ᠋ᠠᠪᠤᠷᠢ ᠠᠪᠬᠤ ᠵᠦᠢ᠍ᠯᠡᠰ ᠬᠣᠯᠢᠯᠳᠤᠭᠤᠯᠤᠨ ᠳᠠᠭ᠋ᠠᠭᠤᠯᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠲᠤᠰᠢᠶᠠᠨ ᠭᠦᠢ᠍ᠴᠡᠳᠬᠡᠯᠭᠡᠭᠰᠡᠨ ᠵᠦᠢ᠍ᠯᠡᠰ ᠪᠠ ᠡᠷᠬᠡᠪᠰᠢ ᠰᠢᠭᠤᠳ ᠮᠡᠳᠡᠭᠦᠯᠦᠨ ᠬᠦᠷᠭᠡᠬᠦ ᠬᠡᠷᠡᠭᠲᠡᠢ ᠲᠠᠰᠤ ᠨᠢᠭᠤᠴᠠ ᠵᠢᠨ ᠳᠡᠰ᠎ᠤᠨ ᠵᠦᠢ᠍ᠯᠡᠰ᠎ᠠᠴᠠ ᠭᠠᠳᠠᠨ᠎ᠠ᠂ ᠡᠩ᠎ᠤᠨ ᠪᠠᠢ᠌ᠳᠠᠯ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠬᠤᠪᠢ ᠬᠥᠮᠥᠨ᠎ᠳᠤ᠎ᠨᠢ ᠰᠢᠭᠤᠳ ᠠᠯᠪᠠᠨ ᠪᠢᠴᠢᠭ᠎ᠢ ᠮᠡᠳᠡᠭᠦᠯᠦᠨ ᠬᠦᠷᠭᠡᠵᠦ ᠪᠣᠯᠬᠤ ᠦᠭᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠢ᠌ᠭ᠎ᠠ ᠪᠤᠶᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠡᠷ᠎ᠡ᠎ᠪᠠᠷ ᠪᠢᠴᠢᠭ ᠮᠠᠲ᠋ᠧᠷᠢᠶᠠᠯ ᠬᠠᠮᠲᠤᠷᠠᠨ ᠶᠠᠪᠤᠭᠤᠯᠬᠤ᠎ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ᠎ᠤᠨ ᠨᠣᠣᠷᠠᠭ᠎ᠲᠤ᠂ ᠠᠭᠤᠯᠭ᠎ᠠ᠎ᠨᠢ ᠭᠣᠣᠯᠳᠠᠭᠤ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭᠠᠳᠤ ᠬᠣᠯᠪᠣᠭᠳᠠᠭᠰᠠᠨ ᠮᠥᠷᠲᠡᠭᠡᠨ ᠲᠦᠷᠦᠭᠦᠯᠡᠨ ᠲᠤᠭᠤᠷᠪᠢᠭᠰᠠᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠤᠷᠢᠳ ᠵᠶ᠋ᠠᠷ ᠮᠡᠳᠡᠭᠦᠯᠦᠨ ᠬᠦᠷᠭᠡᠵᠦ ᠬᠠᠮᠢᠶ᠎ᠠ ᠪᠦᠬᠦᠢ ᠬᠢᠨᠠᠨ ᠬᠠᠷᠭᠤᠭᠤᠯᠬᠤ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠢ᠃
ᠬᠣᠷᠢ ᠶᠢᠰᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠡᠬᠡ ᠲᠥᠰᠥᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠡᠬᠡ ᠲᠥᠰᠥᠯ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠣᠷᠣᠯᠠᠨ ᠲᠤᠭᠤᠷᠪᠢᠬᠤ ᠨᠣᠣᠷᠠᠭ᠂ ᠵᠢᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠰᠤᠳᠤᠯᠤᠨ ᠲᠣᠭᠲᠠᠭ᠋ᠠᠯᠭ᠋ᠠᠬᠤ ᠴᠢᠬᠤᠯᠠ ᠶᠡᠬᠡ ᠵᠦᠢ᠍ᠯᠡᠰ᠎ᠤᠨ ᠠᠯᠪᠠᠨ ᠪᠢᠴᠢᠭ᠎ᠢ ᠲᠤᠭᠤᠷᠪᠢᠬᠤ᠎ᠳᠤ᠂ ᠡᠷᠬᠡᠪᠰᠢ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ ᠪᠥᠭᠡᠳ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠯᠠᠨ ᠰᠠᠬᠢᠵᠤ᠂ ᠪᠠᠢ᠌ᠴᠠᠭ᠋ᠠᠨ ᠰᠤᠳᠤᠯᠬᠤ ᠠᠵᠢᠯ᠎ᠢ ᠭᠦᠨᠵᠡᠭᠡᠢ ᠥᠷᠨᠢᠭᠦᠯᠦᠨ᠂ ᠬᠠᠤᠯᠢ ᠶᠣᠰᠣᠴᠢ ᠴᠢᠨᠠᠷ᠂ ᠴᠢᠬᠤᠯᠠ ᠪᠦᠬᠦᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠪᠣᠯᠣᠮᠵᠢᠲᠤ ᠴᠢᠨᠠᠷ ᠪᠠ ᠬᠣᠷᠸ᠎ᠠ ᠲᠥᠷᠥ ᠵᠢᠨ ᠪᠣᠳᠣᠯᠭ᠎ᠠ ᠵᠢᠨ ᠴᠢᠭᠯᠡᠯ᠎ᠤᠨ ᠨᠢᠭᠡᠳᠦᠯᠲᠦ ᠴᠢᠨᠠᠷ᠎ᠢ᠎ᠨᠢ ᠦᠨᠡᠯᠡᠨ ᠵᠢᠱ᠌ᠢᠵᠦ ᠨᠤᠲᠠᠯᠠᠬᠤ ᠬᠡᠷᠡᠭᠲᠡᠢ; ᠣᠷᠣᠨ ᠨᠤᠲᠤᠭ ᠪᠤᠶᠤ ᠰᠠᠯᠠᠭ᠎ᠠ ᠮᠥᠴᠢᠷ᠎ᠲᠤ ᠬᠣᠯᠪᠣᠭᠳᠠᠪᠠᠯ᠂ ᠤᠷᠢᠳ ᠵᠶ᠋ᠠᠷ ᠰᠠᠨᠠᠯ ᠬᠤᠷᠢᠶᠠᠬᠤ ᠬᠡᠷᠡᠭᠲᠡᠢ; ᠴᠢᠬᠤᠯᠠ ᠶᠡᠬᠡ ᠣᠯᠠᠨ ᠨᠡᠢ᠌ᠲᠡ ᠵᠢᠨ ᠠᠰᠢᠭ ᠲᠤᠰᠠ ᠪᠠ ᠣᠯᠠᠨ ᠨᠡᠢ᠌ᠲᠡ ᠵᠢᠨ ᠡᠷᠬᠡ ᠠᠰᠢᠭ᠂ ᠨᠡᠢ᠌ᠭᠡᠮ᠎ᠤᠨ ᠠᠮᠤᠷ ᠲᠣᠭᠲᠠᠭᠤᠨ᠎ᠤ ᠪᠠᠢ᠌ᠳᠠᠯ᠎ᠢ ᠠᠮᠠᠷᠬᠠᠨ ᠡᠭᠦᠰᠬᠡᠬᠦ ᠠᠰᠠᠭᠤᠳᠠᠯ᠎ᠳᠤ ᠬᠣᠯᠪᠣᠭᠳᠠᠭᠰᠠᠨ ᠪᠠᠢ᠌ᠪᠠᠯ᠂ ᠣᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ ᠪᠠᠢ᠌ᠭ᠋ᠠᠳ ᠡᠯ᠎ᠡ ᠲᠠᠯ᠎ᠠ ᠵᠢᠨ ᠰᠠᠨᠠᠯ᠎ᠢ ᠰᠣᠨᠣᠰᠴᠤ᠂ ᠨᠡᠢ᠌ᠭᠡᠮ᠎ᠤᠨ ᠲᠣᠭᠲᠠᠭᠤᠨ᠎ᠤ ᠲᠠᠯ᠎ᠠ ᠵᠢᠨ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠡᠬᠡ ᠲᠥᠰᠥᠯ᠎ᠢ ᠬᠠᠤᠯᠢ ᠶᠣᠰᠣᠭ᠋ᠠᠷ ᠨᠢᠭᠤᠴᠠᠯᠠᠬᠤ ᠴᠢᠬᠤᠯᠠᠲᠠᠢ᠎ᠠᠴᠠ ᠪᠤᠰᠤᠳ᠎ᠢ᠎ᠨᠢ ᠢᠯᠡ᠎ᠪᠠᠷ ᠰᠠᠨᠠᠯ ᠬᠤᠷᠢᠶᠠᠵᠤ᠂ ᠮᠠᠷᠭᠤᠭ᠋ᠠᠨ ᠨᠡᠯᠢᠶᠡᠳ ᠶᠡᠬᠡ ᠪᠠᠢ᠌ᠭ᠎ᠠ ᠴᠢᠬᠤᠯᠠ ᠵᠦᠢ᠍ᠯᠡᠰ᠎ᠲᠤ ᠭᠦᠢ᠍ᠴᠡᠳ ᠦᠨᠡᠯᠡᠨ ᠵᠢᠱ᠌ᠢᠬᠦ ᠪᠠ ᠬᠢᠴᠢᠶᠡᠩᠭᠦᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠡᠷᠡᠭᠲᠡᠢ᠃
ᠭᠤᠴᠢ᠂ ᠡᠯ᠎ᠡ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠭᠰᠡᠨ ᠵᠢᠭ᠋ᠠᠪᠤᠷᠢ ᠠᠪᠬᠤ ᠴᠢᠨᠠᠷᠲᠠᠢ ᠠᠯᠪᠠᠨ ᠪᠢᠴᠢᠭ᠎ᠲᠤ᠂ ᠪᠤᠰᠤᠳ ᠰᠠᠯᠠᠭ᠎ᠠ ᠮᠥᠴᠢᠷ᠎ᠤᠨ ᠡᠷᠬᠡ ᠲᠤᠰᠢᠶᠠᠯ᠎ᠳᠤ ᠬᠣᠯᠪᠣᠭᠳᠠᠬᠤ ᠪᠦᠬᠦᠨ᠎ᠢ ᠴᠥᠮ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳ ᠵᠥᠪᠳᠡᠯᠴᠡᠵᠦ᠂ ᠭᠣᠣᠯᠯᠯᠠᠨ ᠡᠷᠬᠢᠯᠡᠭᠰᠡᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨᠯᠤᠭᠠ ᠬᠠᠮᠲᠤ᠎ᠪᠠᠷ ᠭᠠᠷᠤᠨ ᠦᠰᠦᠭ ᠵᠢᠷᠤᠬᠤ ᠪᠤᠶᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠢᠨᠠᠨ ᠵᠥᠪᠰᠢᠶᠡᠷᠡᠭᠦᠯᠬᠦ᠎ᠪᠠᠷ ᠬᠠᠮᠲᠤᠷᠠᠨ ᠮᠡᠳᠡᠭᠦᠯᠬᠦ ᠬᠡᠷᠡᠭᠲᠡᠢ᠃ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠵᠥᠷᠢᠯᠳᠦᠭᠡᠨ᠎ᠲᠠᠢ ᠪᠠᠢ᠌ᠪᠠᠯ᠂ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠳ᠎ᠨᠢ ᠵᠥᠪᠳᠡᠯᠴᠡᠬᠦ᠎ᠪᠠᠨ ᠴᠢᠩᠭ᠋ᠠᠳᠬᠠᠨ᠎ᠠ; ᠵᠥᠪᠳᠡᠯᠴᠡᠭᠡᠳ ᠮᠥᠨ ᠴᠦ᠍ ᠰᠠᠨᠠᠯ ᠨᠢᠭᠡᠲᠦᠵᠦ ᠳᠡᠢ᠌ᠯᠬᠦ ᠦᠭᠡᠢ ᠪᠠᠢ᠌ᠪᠠᠯ᠂ ᠭᠣᠣᠯᠯᠠᠨ ᠡᠷᠬᠢᠯᠡᠭᠰᠡᠨ ᠰᠠᠯᠠᠭ᠎ᠠ ᠮᠥᠴᠢᠷ᠎ᠨᠢ ᠡᠯ᠎ᠡ ᠲᠠᠯ᠎ᠠ ᠵᠢᠨ ᠰᠠᠨᠠᠯ ᠵᠢᠴᠢ ᠶᠣᠰᠣ ᠦᠨᠳᠦᠰᠦᠯᠡᠯ᠎ᠢ᠎ᠨᠢ ᠲᠣᠳᠣᠷᠬᠠᠢ ᠵᠢᠭᠰᠠᠭ᠋ᠠᠵᠤ᠂ ᠭᠦᠢ᠍ᠴᠡᠳᠬᠡᠬᠦ ᠰᠠᠨᠠᠭᠤᠯᠭ᠎ᠠ᠎ᠪᠠᠨ ᠳᠤᠷᠠᠳᠬᠤ ᠬᠡᠷᠡᠭᠲᠡᠢ᠃
ᠰᠠᠯᠠᠭ᠎ᠠ ᠮᠥᠴᠢᠷ ᠬᠣᠭᠣᠷᠣᠨᠳᠤ᠎ᠪᠠᠨ ᠰᠠᠨᠠᠯ ᠬᠤᠷᠢᠶᠠᠬᠤ ᠪᠤᠶᠤ ᠪᠢᠴᠢᠭ ᠮᠠᠲ᠋ᠧᠷᠢᠶᠠᠯ᠎ᠳᠤ ᠬᠠᠮᠲᠤ᠎ᠪᠠᠷ ᠭᠠᠷᠤᠨ ᠦᠰᠦᠭ ᠵᠢᠷᠤᠬᠤ᠎ᠳᠤ᠎ᠪᠠᠨ᠂ ᠭᠣᠣᠯᠯᠠᠨ ᠡᠷᠬᠢᠯᠡᠭᠰᠡᠨ ᠰᠠᠯᠠᠭ᠎ᠠ ᠮᠥᠴᠢᠷ᠎ᠲᠤ ᠠᠰᠲᠠᠭ᠋ᠠᠨ ᠴᠠᠭ ᠬᠢᠵᠠᠭ᠋ᠠᠷ᠎ᠤᠨ ᠱᠠᠭ᠋ᠠᠷᠳᠠᠯᠭ᠎ᠠ ᠪᠠᠢ᠌ᠬᠤ᠎ᠠᠴᠠ ᠭᠠᠳᠠᠨ᠎ᠠ᠂ ᠡᠩ᠎ᠤᠨ ᠪᠠᠢ᠌ᠳᠠᠯ᠎ᠳᠤ 7 ᠠᠵᠢᠯᠯᠠᠬᠤ ᠡᠳᠦᠷ᠎ᠤᠨ ᠳᠣᠲᠣᠷ᠎ᠠ ᠬᠠᠷᠢᠭᠤ ᠥᠭᠬᠦ ᠬᠡᠷᠡᠭᠲᠡᠢ; ᠣᠨᠴᠠᠭ᠋ᠠᠢ ᠪᠠᠢ᠌ᠳᠠᠯ᠎ᠠᠴᠠ ᠬᠤᠭᠤᠴᠠᠭ᠎ᠠ ᠶᠣᠰᠣᠭ᠋ᠠᠷ ᠬᠠᠷᠢᠭᠤ ᠥᠭᠴᠦ ᠳᠡᠢ᠌ᠯᠬᠦ ᠦᠭᠡᠢ ᠪᠣᠯ᠂ ᠰᠠᠨᠠᠭ᠋ᠠᠴᠢᠯᠠᠭ᠎ᠠ᠎ᠠᠴᠠ᠎ᠪᠠᠨ ᠭᠣᠣᠯᠯᠯᠠᠨ ᠡᠷᠬᠢᠯᠡᠭᠰᠡᠨ ᠰᠠᠯᠠᠭ᠎ᠠ ᠮᠥᠴᠢᠷ᠎ᠲᠠᠢ ᠨᠡᠪᠲᠡᠷᠡᠯᠴᠡᠬᠦ ᠵᠢᠨ ᠬᠠᠮᠲᠤ ᠬᠠᠷᠢᠭᠤ ᠥᠭᠬᠦ ᠴᠠᠭ ᠬᠢᠵᠠᠭ᠋ᠠᠷ ᠵᠢᠴᠢ ᠠᠷᠭ᠎ᠠ ᠬᠡᠯᠪᠡᠷᠢ᠎ᠪᠠᠨ ᠵᠥᠪᠯᠡᠨ ᠲᠣᠭᠲᠠᠭ᠋ᠠᠵᠤ᠂ ᠬᠤᠭᠤᠴᠠᠭ᠎ᠠ ᠬᠡᠲᠦᠷᠡᠭᠡᠳ ᠬᠠᠷᠢᠭᠤ ᠥᠭᠭᠦᠭᠰᠡᠨ ᠦᠭᠡᠢ ᠪᠣᠯ ᠣᠨᠳᠣᠣ ᠰᠠᠨᠠᠯ ᠦᠭᠡᠢ᠎ᠪᠠᠷ ᠪᠣᠳᠣᠨ᠎ᠡ᠃
ᠭᠤᠴᠢᠨ ᠨᠢᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠵᠥᠪᠰᠢᠶᠡᠷᠡᠭᠦᠯᠬᠦ᠎ᠪᠠᠷ ᠮᠡᠳᠡᠭᠦᠯᠦᠭᠰᠡᠨ ᠠᠯᠪᠠᠨ ᠪᠢᠴᠢᠭ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠢᠨᠠᠮᠠᠭ᠋ᠠᠢ ᠬᠢᠨᠠᠨ ᠬᠠᠷᠭᠤᠭᠤᠯᠤᠨ ᠬᠠᠷᠢᠭᠤᠴᠠᠵᠤ᠂ ᠭᠦᠢ᠍ᠴᠡᠳᠬᠡᠬᠦ ᠰᠠᠨᠠᠯ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠯᠠᠭ᠎ᠠ ᠮᠥᠴᠢᠷ᠎ᠤᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠬᠤ᠎ᠳᠤ ᠬᠣᠯᠪᠣᠭᠳᠠᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠃ ᠰᠠᠯᠠᠭ᠎ᠠ ᠮᠥᠴᠢᠷ᠎ᠤᠨ ᠬᠣᠭᠣᠷᠣᠨᠳᠤ ᠵᠥᠷᠢᠯᠳᠦᠭᠡᠨ᠎ᠲᠠᠢ ᠵᠦᠢ᠍ᠯᠡᠰ᠎ᠲᠤ ᠭᠣᠣᠯᠯᠠᠨ ᠡᠷᠬᠢᠯᠡᠭᠰᠡᠨ ᠰᠠᠯᠠᠭ᠎ᠠ ᠮᠥᠴᠢᠷ᠎ᠢ ᠬᠤᠪᠢᠳᠠᠨ ᠬᠠᠮᠢᠶᠠᠷᠴᠤ ᠪᠦᠬᠦᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠲᠦᠷᠦᠭᠦᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠠᠨᠠᠯ ᠨᠢᠭᠡᠳᠦᠭᠦᠯᠬᠦ ᠪᠤᠶᠤ ᠬᠠᠨᠳᠤᠯᠭ᠋ᠠᠲᠤ ᠴᠢᠨᠠᠷᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠥᠳ᠎ᠢ ᠬᠠᠮᠵᠢᠵᠤ ᠵᠣᠬᠢᠴᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
ᠠᠯᠪᠠᠨ ᠪᠢᠴᠢᠭ ᠵᠢᠴᠢ ᠭᠦᠢ᠍ᠴᠡᠳᠬᠡᠬᠦ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠥᠪᠰᠢᠶᠡᠷᠡᠭᠦᠯᠬᠦ᠎ᠪᠠᠷ ᠳᠡᠪᠰᠢᠭᠦᠯᠵᠦ᠂ ᠣᠯᠠᠨ ᠤᠳᠤᠷᠢᠳᠬᠤ ᠨᠥᠬᠥᠳ᠎ᠲᠤ ᠬᠣᠯᠪᠣᠭᠳᠠᠭᠰᠠᠨ ᠵᠦᠢ᠍ᠯᠡᠰ᠎ᠢ ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠤᠳᠤᠷᠢᠳᠬᠤ ᠨᠥᠬᠥᠳ᠎ᠲᠤ ᠬᠠᠷᠭᠤᠭᠤᠯᠤᠨ ᠵᠥᠪᠰᠢᠶᠡᠷᠡᠭᠦᠯᠬᠦ᠎ᠪᠠᠷ ᠳᠡᠪᠰᠢᠭᠦᠯᠦᠨ ᠬᠦᠷᠭᠡᠵᠦ᠂ ᠴᠢᠬᠤᠯᠠ ᠶᠡᠬᠡ ᠵᠦᠢ᠍ᠯᠡᠰ᠎ᠢ ᠲᠡᠷᠢᠭᠦᠯᠡᠭᠴᠢ᠎ᠳᠤ ᠬᠢᠨᠠᠨ ᠵᠥᠪᠰᠢᠶᠡᠷᠡᠭᠦᠯᠬᠦ᠎ᠪᠠᠷ ᠳᠡᠪᠰᠢᠭᠦᠯᠬᠦ ᠬᠡᠷᠡᠭᠲᠡᠢ᠃
ᠭᠤᠴᠢᠨ ᠬᠣᠶᠠᠷ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠲᠥᠬᠥᠷ ᠪᠢᠴᠢᠭ ᠮᠠᠲ᠋ᠧᠷᠢᠶᠠᠯ ᠲᠣᠭᠲᠠᠭ᠋ᠠᠬᠤ ᠴᠢᠬᠤᠯᠠᠲᠠᠢ᠂ ᠲᠣᠳᠣᠷᠬᠠᠢ ᠭᠦᠢ᠍ᠴᠡᠳᠬᠡᠬᠦ ᠴᠠᠭ ᠬᠢᠵᠠᠭ᠋ᠠᠷ᠎ᠤᠨ ᠱᠠᠭ᠋ᠠᠷᠳᠠᠯᠭ᠎ᠠ᠎ᠲᠠᠢ ᠪᠣᠯ᠂ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ᠎ᠨᠢ ᠣᠷᠣᠯᠠᠨ ᠨᠣᠣᠷᠠᠭᠯᠠᠭᠰᠠᠨ ᠪᠢᠴᠢᠭ ᠮᠠᠲ᠋ᠧᠷᠢᠶᠠᠯ᠎ᠤᠨ ᠨᠣᠣᠷᠠᠭ ᠵᠶ᠋ᠡᠨ ᠲᠣᠭᠲᠠᠭ᠋ᠠᠭᠰᠠᠨ ᠴᠠᠭ ᠬᠢᠵᠠᠭ᠋ᠠᠷ᠎ᠤᠨ 10 ᠠᠵᠢᠯᠯᠠᠬᠤ ᠡᠳᠦᠷ᠎ᠤᠨ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠬᠦ ᠬᠡᠷᠡᠭᠲᠡᠢ; ᠭᠦᠢ᠍ᠴᠡᠳᠬᠡᠬᠦ ᠴᠠᠭ ᠬᠢᠵᠠᠭ᠋ᠠᠷ ᠲᠣᠳᠣᠷᠬᠠᠢ᠌ᠯᠠᠭᠰᠠᠨ ᠦᠭᠡᠢ᠂ ᠬᠠᠷᠢᠴᠠᠩᠭᠤᠢ ᠳᠦᠭᠦᠮ ᠵᠦᠢ᠍ᠯᠡᠰ᠎ᠢ ᠪᠣᠯ᠂ ᠡᠩ᠎ᠤᠨ ᠪᠠᠢ᠌ᠳᠠᠯ᠎ᠳᠤ 20 ᠠᠵᠢᠯᠯᠠᠬᠤ ᠡᠳᠦᠷ᠎ᠲᠤ ᠲᠤᠭᠤᠷᠪᠢᠵᠤ ᠮᠡᠳᠡᠭᠦᠯᠦᠨ ᠬᠦᠷᠭᠡᠬᠦ ᠠᠵᠢᠯ ᠵᠶ᠋ᠡᠨ ᠪᠡᠶᠡᠯᠡᠭᠦᠯᠬᠦ ᠬᠡᠷᠡᠭᠲᠡᠢ; ᠶᠡᠷᠦᠩᠬᠡᠢ ᠴᠢᠨᠠᠷ᠂ ᠪᠦᠬᠦ ᠲᠠᠯ᠎ᠠ ᠵᠢᠨ ᠴᠢᠨᠠᠷ᠎ᠲᠤ ᠬᠣᠯᠪᠣᠭᠳᠠᠭᠰᠠᠨ ᠴᠢᠬᠤᠯᠠ ᠶᠡᠬᠡ ᠵᠦᠢ᠍ᠯᠡᠰ᠎ᠢ ᠪᠣᠯ᠂ ᠡᠩ᠎ᠤᠨ ᠪᠠᠢ᠌ᠳᠠᠯ᠎ᠳᠤ 30 ᠠᠵᠢᠯᠯᠠᠬᠤ ᠡᠳᠦᠷ᠎ᠤᠨ ᠳᠣᠲᠣᠷ᠎ᠠ ᠲᠤᠭᠤᠷᠪᠢᠵᠤ ᠮᠡᠳᠡᠭᠦᠯᠦᠨ ᠬᠦᠷᠭᠡᠬᠦ ᠠᠵᠢᠯ ᠵᠶ᠋ᠠᠨ ᠪᠡᠶᠡᠯᠡᠭᠦᠯᠬᠦ ᠬᠡᠷᠡᠭᠲᠡᠢ᠃ ᠪᠠᠴᠢᠮ ᠶᠠᠭ᠋ᠠᠷᠠᠤ ᠵᠦᠢ᠍ᠯᠡᠰ᠎ᠢ ᠪᠣᠯ ᠴᠠᠭ ᠲᠤᠬᠠᠢᠳᠤᠨᠢ ᠲᠡᠷᠡ ᠳᠣᠣᠷ᠎ᠠ᠎ᠪᠠᠨ ᠭᠦᠢ᠍ᠴᠡᠳᠬᠡᠵᠦ ᠪᠠᠷᠢᠨ ᠮᠡᠳᠡᠭᠦᠯᠬᠦ ᠬᠡᠷᠡᠭᠲᠡᠢ᠃
ᠭᠤᠴᠢᠨ ᠭᠤᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠳᠦᠷᠢᠮ ᠲᠣᠭᠲᠠᠭ᠋ᠠᠯ᠂ ᠨᠡᠢ᠌ᠲᠡᠯᠡᠭᠰᠡᠨ ᠵᠠᠷᠯᠢᠭ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠤᠷᠠᠳᠤᠭᠰᠠᠨ ᠵᠥᠪᠯᠡᠯᠭᠡ ᠵᠢ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠳᠤ ᠮᠡᠳᠡᠭᠦᠯᠦᠨ ᠬᠦᠷᠭᠡᠬᠦ ᠵᠢᠭ᠋ᠠᠪᠤᠷᠢ ᠠᠪᠬᠤ᠂ ᠮᠡᠳᠡᠭᠦᠯᠦᠯᠲᠡ᠂ ᠳᠣᠷᠣᠭᠰᠢ ᠪᠠᠭᠤᠯᠭ᠋ᠠᠬᠤ ᠠᠯᠪᠠᠨ ᠪᠢᠴᠢᠭ᠎ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠢ᠌ᠩᠭᠤ ᠵᠢᠨ ᠳᠡᠳ᠋ ᠲᠡᠷᠢᠭᠦᠯᠡᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠤᠯᠤᠰ᠎ᠤᠨ ᠶᠠᠮᠤᠨ ᠵᠥᠪᠯᠡᠯ ᠵᠢᠴᠢ ᠪᠤᠰᠤᠳ ᠮᠤᠵᠢ (ᠣᠷᠣᠨ᠂ ᠬᠣᠲᠠ) ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠠᠵᠢᠯ ᠶᠠᠪᠤᠳᠠᠯ ᠵᠥᠪᠳᠡᠯᠴᠡᠬᠦ᠂ ᠰᠠᠨᠠᠯ ᠵᠶ᠋ᠠᠨ ᠬᠠᠷᠢᠭᠤ ᠲᠤᠰᠬᠠᠬᠤ᠂ ᠬᠣᠯᠪᠣᠭᠳᠠᠯ ᠪᠦᠬᠦᠢ ᠪᠠᠢ᠌ᠳᠠᠯ ᠵᠶ᠋ᠡᠨ ᠮᠡᠳᠡᠭᠦᠯᠦᠨ ᠬᠦᠷᠭᠡᠬᠦ ᠠᠯᠪᠠᠨ ᠪᠢᠴᠢᠭ᠎ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠂ ᠶᠡᠷᠦᠩᠬᠡᠢ᠌ᠯᠡᠭᠰᠡᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠴᠢᠬᠤᠯᠠ ᠶᠡᠬᠡ ᠵᠦᠢ᠍ᠯᠡᠰ᠎ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠢ᠌ᠩᠭᠤ ᠵᠢᠨ ᠳᠡᠳ᠋ ᠲᠡᠷᠢᠭᠦᠯᠡᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠯᠤᠰ᠎ᠤᠨ ᠶᠠᠮᠤᠨ ᠵᠥᠪᠯᠡᠯ᠂ ᠪᠤᠰᠤᠳ ᠮᠤᠵᠢ (ᠣᠷᠣᠨ᠂ ᠬᠣᠲᠠ) ᠵᠢᠨ ᠠᠷᠠᠳ᠎ᠤᠨ ᠵᠠᠰᠠᠭ᠎ᠤᠨ ᠣᠷᠳᠣᠨ ᠵᠡᠷᠭᠡ᠎ᠯᠦᠭᠡ ᠬᠣᠯᠪᠤᠭ᠋ᠠᠯᠠᠨ ᠪᠢᠴᠢᠭ ᠮᠠᠲ᠋ᠧᠷᠢᠶᠠᠯ ᠪᠠᠭᠤᠯᠭ᠋ᠠᠬᠤ᠎ᠳᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠪᠢᠴᠢᠭ ᠮᠠᠲ᠋ᠧᠷᠢᠶᠠᠯ ᠪᠠᠭᠤᠯᠭ᠋ᠠᠬᠤ (ᠠᠯᠪᠠᠨ ᠲᠢᠩᠬᠢᠮ᠎ᠤᠨ ᠳᠣᠲᠣᠭ᠋ᠠᠳᠤ ᠵᠢᠨ ᠠᠵᠢᠯ᠎ᠠᠴᠠ ᠭᠠᠳᠠᠨ᠎ᠠ)᠎ᠳᠤ ᠡᠩ᠎ᠤᠨ ᠪᠠᠢ᠌ᠳᠠᠯ᠎ᠳᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠂ ᠴᠢᠬᠤᠯᠠ ᠪᠢᠴᠢᠭ ᠮᠠᠲ᠋ᠧᠷᠢᠶᠠᠯ᠎ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠢ᠌ᠩᠭᠤ ᠵᠢᠨ ᠳᠡᠳ᠋ ᠲᠡᠷᠢᠭᠦᠯᠡᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠡᠷᠢᠭᠦᠯᠡᠭᠴᠢ᠎ᠠᠴᠠ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠭᠤᠴᠢᠨ ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠨᠢ ᠦᠨᠳᠦᠰᠦᠨ ᠬᠠᠤᠯᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠲᠣᠭᠲᠠᠭ᠋ᠠᠯ᠂ ᠵᠠᠷᠯᠢᠭ᠎ᠤᠨ ᠲᠣᠭᠲᠠᠭ᠋ᠠᠯ᠎ᠳᠤ ᠨᠡᠢ᠌ᠴᠡᠵᠦ᠂ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠪᠠ ᠵᠢᠷᠤᠮ᠎ᠢ ᠴᠢᠩᠭ᠎ᠠ ᠵᠢᠷᠤᠮᠯᠠᠨ ᠰᠠᠬᠢᠵᠤ᠂ ᠬᠠᠤᠯᠢ ᠶᠣᠰᠣᠴᠢ ᠴᠢᠨᠠᠷ᠎ᠢ᠎ᠨᠢ ᠴᠢᠩᠭ᠎ᠠ ᠬᠢᠨᠠᠨ ᠪᠠᠢ᠌ᠴᠠᠭ᠋ᠠᠬᠤ ᠬᠡᠷᠡᠭᠲᠡᠢ᠃
ᠬᠣᠶᠠᠷ ᠵᠢᠴᠢ ᠬᠣᠶᠠᠷ᠎ᠠᠴᠠ ᠢᠯᠡᠭᠦᠦ ᠰᠠᠯᠠᠭ᠎ᠠ ᠮᠥᠴᠢᠷ᠎ᠤᠨ ᠡᠷᠬᠡ ᠲᠤᠰᠢᠶᠠᠯ᠎ᠤᠨ ᠬᠡᠪᠴᠢᠶᠡᠨ᠎ᠳᠤ ᠬᠣᠯᠪᠣᠭᠳᠠᠬᠤ ᠵᠦᠢ᠍ᠯᠡᠰ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠭᠦᠢ᠍ᠴᠡᠳ ᠰᠤᠨᠤᠰᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠦᠷᠢᠮ ᠲᠣᠭᠲᠠᠭ᠋ᠠᠯ ᠲᠣᠭᠲᠠᠭ᠋ᠠᠨ᠂ ᠲᠣᠭᠲᠠᠭ᠋ᠠᠯ ᠪᠤᠶᠤ ᠵᠠᠷᠯᠢᠭ ᠨᠡᠢ᠌ᠲᠡᠯᠡᠵᠦ᠂ ᠡᠰᠡᠬᠦᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠤᠷᠠᠵᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭ᠋ᠠᠬᠤ ᠬᠡᠷᠡᠭᠲᠡᠢ᠃ ᠡᠭᠦᠨ᠎ᠳᠤ᠂ ᠣᠯᠠᠨ ᠨᠡᠢ᠌ᠲᠡ ᠵᠢᠨ ᠡᠷᠬᠡ ᠠᠰᠢᠭ᠂ ᠨᠡᠢ᠌ᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ᠂ ᠬᠥᠨᠳᠡᠭᠦᠷ ᠴᠢᠨᠠᠷ ᠵᠶ᠋ᠠᠷ ᠴᠢᠩᠭ᠎ᠠ ᠪᠣᠯᠬᠤ ᠴᠢᠬᠤᠯᠠ ᠪᠦᠬᠦᠢ ᠣᠯᠠᠨ ᠨᠡᠢ᠌ᠲᠡ ᠵᠢᠨ ᠲᠥᠷᠥ ᠵᠢᠨ ᠪᠣᠳᠣᠯᠭ᠎ᠠ᠂ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠵᠦᠢ᠍ᠯᠡᠰ ᠵᠡᠷᠭᠡ᠎ᠳᠤ ᠬᠣᠯᠪᠣᠭᠳᠠᠭᠰᠠᠨ ᠪᠠᠢ᠌ᠪᠠᠯ᠂ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠢᠭ᠋ᠠᠪᠤᠷᠢ ᠠᠪᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠡᠷᠬᠡ ᠣᠯᠭᠣᠭᠰᠠᠨ ᠦᠭᠡᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠡᠯ᠎ᠠ ᠊ᠯᠪᠠᠨ ᠪᠢᠴᠢᠭ ᠵᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠵᠢᠭ᠋ᠠᠪᠤᠷᠢᠯᠠᠨ ᠵᠠᠷᠯᠢᠭᠳᠠᠬᠤ ᠴᠢᠨᠠᠷᠲᠠᠢ ᠠᠯᠪᠠᠨ ᠪᠢᠴᠢᠭ ᠨᠡᠢ᠌ᠲᠡᠯᠡᠬᠦ ᠪᠤᠶᠤ ᠠᠯᠪᠠᠨ ᠪᠢᠴᠢᠭ᠎ᠲᠤ᠎ᠪᠠᠨ ᠵᠢᠭ᠋ᠠᠪᠤᠷᠢᠯᠠᠨ ᠵᠠᠷᠯᠢᠭᠳᠠᠬᠤ ᠴᠢᠨᠠᠷᠲᠠᠢ ᠱᠠᠭ᠋ᠠᠷᠳᠠᠯᠭ᠎ᠠ ᠳᠤᠷᠠᠳᠴᠤ ᠪᠣᠯᠬᠤ ᠦᠭᠡᠢ᠃
ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠡᠷ ᠪᠦᠷᠢᠳᠬᠡᠨ ᠳᠠᠩᠰᠠᠯᠠᠬᠤ ᠵᠢᠨ ᠬᠠᠮᠲᠤ᠂ ᠨᠡᠢ᠌ᠭᠡᠮ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠭᠠᠷᠴᠠᠭ ᠵᠶ᠋ᠡᠨ ᠢᠯᠡ ᠨᠡᠢ᠌ᠲᠡᠯᠡᠬᠦ ᠬᠡᠷᠡᠭᠲᠡᠢ᠃
ᠭᠤᠴᠢᠨ ᠲᠠᠪᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠪᠢᠴᠢᠭ ᠮᠠᠲ᠋ᠧᠷᠢᠶᠠᠯ ᠲᠣᠪᠴᠢ ᠮᠡᠳᠡᠭᠡ᠎ᠪᠠᠨ ᠴᠤᠮᠬᠠᠳᠬᠠᠬᠤ ᠬᠡᠷᠡᠭᠲᠡᠢ᠃ ᠠᠯᠪᠠᠨ ᠪᠢᠴᠢᠭ ᠶᠠᠪᠤᠭᠤᠯᠬᠤ ᠠᠵᠢᠯ ᠵᠶ᠋ᠠᠨ ᠨᠢᠭᠡᠳᠦᠯᠲᠡᠢ ᠲᠥᠯᠥᠪᠯᠡᠨ ᠴᠢᠩᠭ᠋ᠠᠳᠬᠠᠵᠤ᠂ ᠠᠯᠪᠠᠨ ᠪᠢᠴᠢᠭ ᠶᠠᠪᠤᠭᠤᠯᠬᠤ ᠲᠣᠭ᠎ᠠ ᠬᠡᠮᠵᠢᠶ᠎ᠡ᠂ ᠬᠡᠪ ᠪᠠᠷᠢᠮᠵᠢᠶ᠎ᠠ ᠪᠠ ᠪᠢᠴᠢᠭ ᠮᠠᠲ᠋ᠧᠷᠢᠶᠠᠯ᠎ᠤᠨ ᠬᠠᠭᠤᠳᠠᠰᠤᠨ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠶᠠᠪᠤᠭᠤᠯᠬᠤ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠵᠢᠨ ᠬᠠᠮᠲᠤ ᠴᠢᠩᠭ᠎ᠠ ᠬᠡᠷᠡᠭᠵᠢᠭᠦᠯᠵᠦ᠂ ᠲᠦᠷ ᠴᠠᠭ᠎ᠤᠨ ᠴᠢᠨᠠᠷᠲᠠᠢ ᠶᠠᠪᠤᠭᠤᠯᠬᠤ ᠠᠯᠪᠠᠨ ᠪᠢᠴᠢᠭ᠎ᠢ ᠪᠠᠭ᠋ᠠᠰᠬᠠᠨ᠂ ᠠᠯᠪᠠᠨ ᠪᠢᠴᠢᠭ ᠶᠠᠪᠤᠭᠤᠯᠬᠤ ᠲᠥᠯᠥᠪᠯᠡᠭᠡ᠎ᠳᠤ ᠣᠷᠣᠭᠤᠯᠤᠭᠰᠠᠨ ᠦᠭᠡᠢ ᠪᠣᠯ᠂ ᠡᠩ᠎ᠤᠨ ᠪᠠᠢ᠌ᠳᠠᠯ᠎ᠳᠤ ᠲᠠᠷᠬᠠᠭ᠋ᠠᠨ ᠶᠠᠪᠤᠭᠤᠯᠬᠤ ᠦᠭᠡᠢ; ᠦᠨᠡᠨ ᠬᠦ᠌ ᠠᠯᠪᠠᠨ ᠪᠢᠴᠢᠭ ᠶᠠᠪᠤᠭᠤᠯᠬᠤ ᠴᠢᠬᠤᠯᠠᠲᠠᠢ ᠪᠣᠯ᠂ 《ᠨᠢᠭᠡ ᠠᠵᠢᠯ ᠶᠠᠪᠤᠳᠠᠯ᠎ᠢ ᠨᠢᠭᠡ ᠮᠡᠳᠡᠭᠦᠯᠬᠦ》 ᠵᠠᠷᠴᠢᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠴᠢᠩᠭ᠎ᠠ ᠬᠢᠨᠠᠨ ᠬᠠᠷᠭᠤᠭᠤᠯᠵᠤ ᠬᠠᠷᠢᠭᠤᠴᠠᠨ᠎ᠠ᠃ ᠰᠠᠯᠠᠭ᠎ᠠ ᠮᠥᠴᠢᠷ᠎ᠤᠨ ᠡᠷᠬᠡ ᠲᠤᠰᠢᠶᠠᠯ᠎ᠤᠨ ᠬᠡᠪᠴᠢᠶᠡᠨ᠎ᠳᠠᠬᠢ ᠠᠵᠢᠯ ᠶᠠᠪᠤᠳᠠᠯ᠎ᠳᠤ ᠬᠠᠷᠢᠶᠠᠯᠠᠭᠳᠠᠪᠠᠯ᠂ ᠰᠠᠯᠠᠭ᠎ᠠ ᠮᠥᠴᠢᠷ᠎ᠨᠢ ᠦᠪᠡᠰᠦᠪᠡᠨ ᠠᠯᠪᠠᠨ ᠪᠢᠴᠢᠭ ᠶᠠᠪᠤᠭᠤᠯᠬᠤ ᠪᠤᠶᠤ ᠬᠠᠮᠲᠤᠷᠠᠨ ᠠᠯᠪᠠᠨ ᠪᠢᠴᠢᠭ ᠶᠠᠪᠤᠭᠤᠯᠪᠠᠯ ᠵᠣᠬᠢᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠠᠯᠪᠠᠨ ᠪᠢᠴᠢᠭ ᠶᠠᠪᠤᠭᠤᠯᠬᠤ ᠦᠭᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠳᠤ ᠨᠢᠭᠡᠨᠲᠡ ᠲᠣᠳᠣᠷᠬᠠᠢ ᠲᠣᠭᠲᠠᠭ᠋ᠠᠯ ᠭᠠᠷᠭ᠋ᠠᠭᠰᠠᠨ᠂ ᠣᠳᠣ ᠵᠢᠨ ᠬᠡᠷᠡᠭᠵᠢᠭᠦᠯᠵᠦ ᠪᠠᠢ᠌ᠭ᠎ᠠ ᠪᠢᠴᠢᠭ ᠮᠠᠲ᠋ᠧᠷᠢᠶᠠᠯ᠎ᠳᠤ ᠨᠢᠭᠡᠨᠲᠡ ᠪᠠᠢ᠌ᠷᠢᠯᠠᠭᠤᠯᠤᠯᠲᠠ ᠬᠢᠭᠰᠡᠨ ᠮᠥᠷᠲᠡᠭᠡᠨ ᠮᠥᠨ ᠲᠣᠬᠢᠷᠠᠭᠤᠯᠤᠨ ᠬᠡᠷᠡᠭᠯᠡᠭᠳᠡᠵᠦ ᠪᠠᠢ᠌ᠬᠤ᠎ᠳᠤ᠎ᠨᠢ ᠳᠠᠬᠢᠵᠤ ᠪᠢᠴᠢᠭ ᠮᠠᠲ᠋ᠧᠷᠢᠶᠠᠯ ᠭᠠᠷᠭ᠋ᠠᠵᠤ ᠶᠠᠪᠤᠭᠤᠯᠬᠤ ᠦᠭᠡᠢ᠃ ᠤᠯᠤᠰ᠎ᠤᠨ ᠶᠠᠮᠤᠨ ᠵᠥᠪᠯᠡᠯ᠂ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠪᠠᠭᠤᠯᠭ᠋ᠠᠵᠤ ᠶᠠᠪᠤᠭᠤᠯᠤᠭᠰᠠᠨ ᠪᠢᠴᠢᠭ ᠮᠠᠲ᠋ᠧᠷᠢᠶᠠᠯ᠎ᠢ ᠪᠣᠯ ᠵᠣᠬᠢᠴᠠᠯᠳᠤᠬᠤ ᠵᠠᠷᠴᠢᠮ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ᠎ᠠᠴᠠ ᠠᠯᠪᠠᠨ ᠪᠢᠴᠢᠭ ᠶᠠᠪᠤᠭᠤᠯᠤᠨ᠎ᠠ᠃ ᠳᠦᠬᠦᠷᠵᠢᠭᠦᠯᠬᠦ ᠲᠦᠷᠦᠯ᠎ᠤᠨ᠂ ᠠᠵᠢᠯ ᠬᠤᠪᠢᠶᠠᠷᠢᠯᠠᠬᠤ ᠲᠦᠷᠦᠯ᠎ᠤᠨ ᠠᠯᠪᠠᠨ ᠪᠢᠴᠢᠭ ᠶᠠᠪᠤᠭᠤᠯᠬᠤ ᠵᠢ ᠴᠢᠩᠭ᠎ᠠ ᠬᠢᠵᠠᠭ᠋ᠠᠷᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠰᠢᠮᠳᠠᠭᠤᠯᠤᠨ ᠪᠠᠢ᠌ᠴᠠᠭ᠋ᠠᠵᠤ ᠰᠢᠯᠭ᠋ᠠᠨ ᠬᠢᠨᠠᠬᠤ ᠵᠡᠷᠭᠡ ᠨᠡᠷ᠎ᠡ᠎ᠪᠠᠷ ᠣᠷᠣᠨ ᠨᠤᠲᠤᠭ᠎ᠤᠨ᠎ᠬᠢ ᠵᠢ ᠳᠦᠬᠦᠷᠵᠢᠭᠦᠯᠬᠦ ᠪᠢᠴᠢᠭ ᠮᠠᠲ᠋ᠧᠷᠢᠶᠠᠯ ᠭᠠᠷᠭ᠋ᠠᠵᠤ ᠶᠠᠪᠤᠭᠤᠯᠬᠤ᠎ᠪᠠᠷ ᠳᠤᠷ᠎ᠠ᠎ᠪᠠᠷ ᠵᠶ᠋ᠠᠨ ᠱᠠᠭ᠋ᠠᠷᠳᠠᠵᠤ ᠪᠣᠯᠬᠤ ᠦᠭᠡᠢ᠃ ᠠᠵᠢᠯ ᠬᠤᠪᠢᠶᠠᠷᠢᠯᠠᠬᠤ ᠲᠥᠰᠥᠯ᠎ᠢ ᠵᠠᠷᠴᠢᠮ ᠳᠡᠭᠡᠷ᠎ᠡ᠎ᠪᠠᠨ ᠪᠢᠴᠢᠭ ᠮᠠᠲ᠋ᠧᠷᠢᠶᠠᠯ᠎ᠯᠤᠭ᠎ᠠ ᠬᠠᠮᠲᠤ᠎ᠪᠠᠷ ᠳᠠᠷᠤᠮᠠᠯᠯᠠᠨ ᠶᠠᠪᠤᠭᠤᠯᠵᠤ᠂ ᠲᠤᠰᠠᠭ᠋ᠠᠷ ᠠᠯᠪᠠᠨ ᠪᠢᠴᠢᠭ ᠶᠠᠪᠤᠭᠤᠯᠬᠤ ᠦᠭᠡᠢ᠃ ᠰᠠᠯᠠᠭ᠎ᠠ ᠮᠥᠴᠢᠷ ᠨᠢᠭᠡᠪᠦᠷᠢ᠎ᠨᠢ ᠵᠠᠷᠴᠢᠮ ᠳᠡᠭᠡᠷ᠎ᠡ᠎ᠪᠠᠨ ᠵᠦᠪᠬᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠢᠭᠡ ᠯᠡ ᠲᠦᠷᠦᠯ᠎ᠤᠨ ᠲᠣᠪᠴᠢ ᠮᠡᠳᠡᠭᠡ ᠮᠡᠳᠡᠭᠦᠯᠦᠨ ᠬᠦᠷᠭᠡᠨ᠎ᠡ᠃ ᠪᠣᠳᠠᠲᠠᠢ ᠠᠭᠤᠯᠭ᠎ᠠ ᠦᠭᠡᠢ ᠪᠢᠴᠢᠭ ᠮᠠᠲ᠋ᠧᠷᠢᠶᠠᠯ ᠲᠣᠪᠴᠢ ᠮᠡᠳᠡᠭᠡ ᠪᠦᠬᠦᠨ᠎ᠢ ᠴᠥᠮ ᠲᠠᠷᠬᠠᠭ᠋ᠠᠬᠤ ᠦᠭᠡᠢ᠃
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠳᠤ ᠮᠡᠳᠡᠭᠦᠯᠦᠨ ᠬᠦᠷᠭᠡᠭᠰᠡᠨ ᠠᠯᠪᠠᠨ ᠪᠢᠴᠢᠭ᠎ᠤᠨ 《ᠨᠠᠮ ᠵᠠᠰᠠᠭ᠎ᠤᠨ ᠪᠠᠢ᠌ᠭᠤᠯᠭ᠎ᠠ ᠵᠢᠨ ᠠᠯᠪᠠᠨ ᠪᠢᠴᠢᠭ᠎ᠢ ᠰᠢᠢ᠍ᠳᠪᠦᠷᠢᠯᠡᠬᠦ ᠠᠵᠢᠯ᠎ᠤᠨ ᠳᠦᠷᠢᠮ》 ᠵᠢᠴᠢ ᠠᠯᠪᠠᠨ ᠪᠢᠴᠢᠭ ᠰᠢᠢ᠍ᠳᠪᠦᠷᠢᠯᠡᠬᠦ ᠪᠤᠰᠤᠳ ᠬᠣᠯᠪᠣᠭᠳᠠᠯ ᠪᠦᠬᠦᠢ ᠲᠣᠭᠲᠠᠭ᠋ᠠᠯ᠎ᠳᠤ ᠦᠯᠦ ᠨᠡᠢ᠌ᠴᠡᠬᠦ ᠪᠦᠬᠦᠨ᠎ᠢ᠎ᠨᠢ ᠴᠥᠮ ᠠᠯᠪᠠᠨ ᠪᠢᠴᠢᠭ ᠮᠡᠳᠡᠭᠦᠯᠦᠭᠰᠡᠨ ᠨᠢᠭᠡᠴᠢ᠎ᠳᠤ ᠪᠤᠴᠠᠭ᠋ᠠᠨ ᠶᠠᠪᠤᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠪᠠᠢ᠌ᠭᠤᠯᠭ᠎ᠠ ᠵᠢᠨ ᠮᠡᠳᠡᠭᠡ ᠵᠠᠩᠭᠢᠴᠢᠯᠠᠯᠲᠠ ᠵᠢᠨ ᠬᠡᠷᠡᠭᠯᠡᠯᠲᠡ ᠪᠠ ᠪᠠᠲᠤᠯᠠᠭ᠎ᠠ᠎ᠪᠠᠨ ᠴᠢᠩᠭ᠋ᠠᠳᠬᠠᠵᠤ᠂ ᠠᠯᠪᠠᠨ ᠠᠵᠢᠯ᠎ᠤᠨ ᠠᠦ᠋ᠲ᠋ᠣᠴᠢᠯᠠᠭᠰᠠᠨ ᠬᠡᠷᠡᠭᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠡᠯᠧᠺᠲᠷᠣᠨ ᠠᠯᠪᠠᠨ ᠪᠢᠴᠢᠭ᠎ᠢ ᠢᠳᠡᠪᠬᠢᠲᠡᠢ ᠳᠡᠯᠭᠡᠷᠡᠭᠦᠯᠵᠦ᠂ ᠴᠠᠭ᠋ᠠᠰᠤ ᠦᠯᠦ ᠬᠡᠷᠡᠭᠯᠡᠬᠦ ᠬᠤᠷᠠᠯ᠎ᠢ ᠬᠡᠷᠡᠭᠵᠢᠭᠦᠯᠦᠨ᠂ ᠪᠢᠴᠢᠭ ᠮᠠᠲ᠋ᠧᠷᠢᠶᠠᠯ᠂ ᠲᠣᠪᠴᠢ ᠮᠡᠳᠡᠭᠡᠨ᠎ᠤ ᠮᠠᠲ᠋ᠧᠷᠢᠶᠠᠯ ᠪᠠ ᠬᠤᠷᠠᠯ᠎ᠤᠨ ᠲᠣᠭ᠋ᠠᠵᠢᠭᠤᠯᠤᠭᠰᠠᠨ ᠠᠵᠢᠯᠯᠠᠭ᠋ᠠᠨ᠎ᠢ ᠲᠦᠷᠭᠡᠳᠬᠡᠨ ᠪᠡᠶᠡᠯᠡᠭᠦᠯᠵᠦ᠂ ᠠᠵᠢᠯᠯᠠᠭᠤᠯᠬᠤ ᠥᠪᠡᠷ᠎ᠤᠨ ᠥᠷᠲᠡᠭ᠎ᠢ ᠠᠷᠪᠢᠯᠠᠨ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃
ᠳᠣᠯᠣᠳᠤᠭ᠋ᠠᠷ ᠪᠦᠯᠦᠭ ᠠᠵᠢᠯ ᠵᠶ᠋ᠠᠨ ᠨᠠᠢ᠌ᠳᠠᠪᠤᠷᠢᠵᠢᠭᠤᠯᠬᠤ
ᠭᠤᠴᠢᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠤᠬᠠᠮᠰᠠᠷ᠎ᠠᠴᠠ᠎ᠪᠠᠨ ᠪᠠᠷᠢᠮᠵᠢᠶ᠎ᠠ ᠪᠣᠯᠣᠨ ᠱᠠᠭ᠋ᠠᠷᠳᠠᠯᠭ᠎ᠠ᠎ᠯᠤᠭ᠎ᠠ ᠬᠠᠷᠢᠴᠠᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢ ᠰᠢᠮᠳᠠᠭᠤᠯᠤᠨ ᠪᠠᠢ᠌ᠴᠠᠭ᠋ᠠᠵᠤ ᠨᠠᠢ᠌ᠳᠠᠪᠤᠷᠢᠵᠢᠭᠤᠯᠬᠤ ᠠᠵᠢᠯ᠎ᠤᠨ ᠲᠣᠭᠲᠠᠴᠠ᠎ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢ ᠲᠡᠷᠡ ᠴᠢᠭ ᠵᠶ᠋ᠡᠷ᠎ᠨᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠰᠤᠳᠤᠯᠤᠨ ᠪᠠᠢ᠌ᠷᠢᠯᠠᠭᠤᠯᠬᠤ᠎ᠪᠠᠨ ᠴᠢᠩᠭ᠋ᠠᠳᠬᠠᠨ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠮᠦᠷᠳᠡᠨ ᠰᠢᠮᠳᠠᠭᠤᠯᠵᠤ ᠭᠦᠢ᠍ᠴᠡᠳᠬᠡᠯᠭᠡᠬᠦ ᠵᠢ ᠴᠢᠩᠭ᠋ᠠᠷᠠᠭᠤᠯᠤᠨ᠂ ᠪᠣᠳᠠᠲᠤ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠪᠡᠶ᠎ᠡ᠎ᠪᠠᠷ ᠵᠶ᠋ᠠᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠵᠶ᠋ᠡᠨ ᠵᠢᠯᠤᠭᠣᠳᠬᠤ᠂ ᠠᠬᠢᠭᠤᠯᠬᠤ ᠪᠠ ᠰᠢᠮᠳᠠᠭᠤᠯᠵᠤ᠂ ᠵᠣᠬᠢᠴᠠᠭᠤᠯᠤᠨ ᠠᠬᠢᠭᠤᠯᠬᠤ᠎ᠪᠠᠨ ᠴᠢᠩᠭ᠋ᠠᠳᠬᠠᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠵᠠᠷᠯᠢᠭ᠎ᠢ ᠰᠠᠭ᠋ᠠᠳ ᠦᠭᠡᠢ ᠶᠠᠪᠤᠭᠳᠠᠭᠤᠯᠬᠤ᠂ ᠵᠠᠷᠯᠢᠭ ᠴᠠᠭ᠋ᠠᠵᠠ ᠵᠢ ᠳᠠᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠭᠤᠴᠢᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠪᠦᠬᠦ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ ᠠᠵᠢᠯᠯᠠᠵᠤ᠂ ᠡᠭᠦᠷᠭᠡ ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠭᠵᠢᠭᠤᠯᠤᠨ᠂ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠨ᠂ ᠵᠣᠬᠢᠴᠠᠯᠳᠤᠭᠤᠯᠤᠨ ᠬᠠᠮᠵᠢᠯᠴᠠᠬᠤ᠎ᠪᠠᠨ ᠴᠢᠩᠭ᠋ᠠᠷᠠᠭᠤᠯᠵᠤ᠂ ᠮᠦᠷᠳᠡᠨ ᠦᠷ᠎ᠡ ᠪᠦᠲᠦᠮᠵᠢ ᠬᠡᠯᠡᠯᠴᠡᠬᠦ ᠵᠢ ᠴᠢᠩᠭ᠋ᠠᠷᠠᠭᠤᠯᠤᠨ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠢ᠃
ᠭᠤᠴᠢᠨ ᠨᠠᠢ᠍ᠮᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠨᠠᠢ᠌ᠳᠠᠪᠤᠷᠢᠵᠢᠭᠤᠯᠤᠯᠲᠠ ᠵᠢ ᠠᠳᠬᠤᠵᠤ ᠬᠥᠭᠵᠢᠯᠲᠡ ᠵᠢ ᠠᠬᠢᠭᠤᠯᠬᠤ᠎ᠳᠠᠬᠢ ᠰᠢᠮᠳᠠᠭᠤᠯᠤᠨ ᠪᠠᠢ᠌ᠴᠠᠭ᠋ᠠᠬᠤ ᠠᠵᠢᠯ ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠰᠢᠮᠳᠠᠭᠤᠯᠤᠨ ᠪᠠᠢ᠌ᠴᠠᠭ᠋ᠠᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ᠂ ᠬᠣᠯᠪᠤᠭ᠋ᠠᠯᠠᠨ ᠬᠥᠳᠡᠯᠦᠯᠴᠡᠵᠦ ᠵᠣᠬᠢᠴᠠᠯᠳᠤᠭᠤᠯᠬᠤ ᠵᠢ ᠴᠢᠩᠭ᠋ᠠᠳᠬᠠᠨ᠂ ᠬᠤᠭᠤᠴᠠᠭ᠎ᠠ ᠬᠢᠵᠠᠭ᠋ᠠᠷᠯᠠᠨ ᠮᠡᠳᠡᠭᠦᠯᠬᠦ᠂ ᠪᠠᠢ᠌ᠴᠠᠭ᠋ᠠᠯᠲᠠ ᠵᠢ ᠳᠠᠬᠢᠨ ᠬᠠᠷᠭᠤᠭᠤᠯᠬᠤ᠂ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠬᠦ᠂ ᠬᠠᠷᠢᠭᠤᠴᠠᠯᠭ᠎ᠠ ᠨᠡᠬᠡᠮᠵᠢᠯᠡᠬᠦ᠂ ᠰᠢᠮᠳᠠᠭᠤᠯᠤᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠬᠤ ᠵᠢᠴᠢ ᠭᠤᠷᠪᠠᠳᠠᠭᠢ ᠡᠲᠡᠭᠡᠳ ᠵᠶ᠋ᠡᠷ ᠦᠨᠡᠯᠡᠨ ᠵᠢᠱ᠌ᠢᠭᠦᠯᠬᠦ ᠵᠡᠷᠭᠡ ᠳᠦᠷᠢᠮ᠎ᠢ ᠬᠡᠷᠡᠭᠵᠢᠭᠦᠯᠵᠦ᠂ ᠰᠢᠮᠳᠠᠭᠤᠯᠤᠨ ᠪᠠᠢ᠌ᠴᠠᠭ᠋ᠠᠬᠤ ᠵᠢᠨ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠴᠢᠩᠭ᠋ᠠᠳᠬᠠᠨ᠂ ᠳᠠᠬᠢᠨ ᠳᠠᠪᠲᠠᠨ ᠰᠢᠮᠳᠠᠭᠤᠯᠤᠨ ᠪᠠᠢ᠌ᠴᠠᠭ᠋ᠠᠬᠤ᠂ ᠣᠯᠠᠨ ᠲᠠᠯ᠎ᠠ ᠵᠢᠨ᠎ᠬᠢᠨ ᠰᠢᠮᠳᠠᠭᠤᠯᠤᠨ ᠪᠠᠢ᠌ᠴᠠᠭ᠋ᠠᠬᠤ ᠵᠢ ᠰᠡᠷᠭᠡᠢ᠌ᠯᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠥᠷᠨᠢᠭᠦᠯᠬᠦ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠮᠳᠠᠭᠤᠯᠤᠨ ᠪᠠᠢ᠌ᠴᠠᠭ᠋ᠠᠬᠤ ᠲᠠᠰᠤᠭ᠎ᠠᠴᠠ ᠲᠦᠷᠦᠭᠦᠯᠡᠨ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠨᠢ ᠪᠦᠬᠦ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠵᠢᠭ᠋ᠠᠨ ᠵᠢᠯᠤᠭᠣᠳᠬᠤ᠎ᠪᠠᠨ ᠴᠢᠩᠭ᠋ᠠᠳᠬᠠᠬᠤ ᠬᠡᠷᠡᠭᠲᠡᠢ᠃
ᠨᠠᠢ᠍ᠮᠠᠳᠤᠭ᠋ᠠᠷ ᠪᠦᠯᠦᠭ ᠠᠵᠢᠯ᠎ᠤᠨ ᠰᠠᠬᠢᠯᠭ᠎ᠠ ᠪᠠᠲᠤ ᠪᠠ ᠲᠣᠰ ᠪᠡᠶ᠎ᠡ ᠵᠢᠨ ᠪᠠᠢ᠌ᠭᠤᠯᠤᠯᠲᠠ
ᠭᠤᠴᠢ ᠶᠢᠰᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠳᠦᠷᠢᠮ᠎ᠢ ᠴᠢᠩᠭ᠎ᠠ ᠵᠢᠷᠤᠮᠯᠠᠨ ᠰᠠᠬᠢᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠤᠨ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠢ᠌ᠴᠢᠯᠠᠵᠤ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ᠎ᠤᠨ ᠵᠶ᠋ᠡᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ᠃
ᠳᠥᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠪᠠᠢ᠌ᠴᠠᠭ᠋ᠠᠨ ᠰᠤᠳᠤᠯᠬᠤ᠎ᠪᠠᠨ ᠴᠢᠩᠭ᠋ᠠᠳᠬᠠᠨ ᠰᠠᠢ᠌ᠵᠢᠷᠠᠭᠤᠯᠵᠤ᠂ ᠪᠠᠢ᠌ᠴᠠᠭ᠋ᠠᠨ ᠰᠤᠳᠤᠯᠬᠤ ᠰᠤᠷᠲᠠᠯ᠎ᠢ ᠶᠡᠬᠡ᠎ᠪᠠᠷ ᠥᠷᠨᠢᠭᠦᠯᠦᠨ᠂ ᠣᠯᠠᠨ ᠲᠦᠮᠡᠨ᠎ᠤ ᠳᠤᠮᠳᠠ ᠭᠦᠨᠵᠡᠭᠡᠢ᠌ᠷᠡᠨ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠬᠦᠴᠢᠷᠳᠡᠯ ᠣᠯᠠᠨ᠂ ᠪᠠᠢ᠌ᠳᠠᠯ ᠪᠤᠳᠤᠯᠢᠶᠠᠨᠲᠠᠢ᠂ ᠵᠥᠷᠢᠴᠡᠯ ᠬᠤᠷᠴᠠ ᠪᠠᠢ᠌ᠭ᠎ᠠ ᠭᠠᠵᠠᠷ ᠣᠷᠣᠨ᠎ᠳᠤ ᠣᠯᠠᠨ ᠬᠦᠷᠴᠦ ᠪᠣᠳᠠᠲᠤ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ ᠵᠢ ᠥᠷᠨᠢᠭᠦᠯᠵᠦ᠂ ᠪᠣᠳᠠᠲᠠᠢ ᠪᠠᠢ᠌ᠳᠠᠯ᠎ᠢ ᠡᠵᠡᠮᠳᠡᠨ᠂ ᠠᠷᠠᠳ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠣᠢ᠌ᠯᠠᠭ᠋ᠠᠵᠤ᠂ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠣᠷᠣᠨ ᠨᠤᠲᠤᠭ ᠪᠠ ᠦᠨᠳᠦᠰᠦᠨ ᠱᠠᠲᠤᠨ᠎ᠳᠤ ᠢᠳᠡᠪᠬᠢᠲᠡᠢ ᠦᠢ᠍ᠯᠡᠴᠢᠯᠡᠵᠦ᠂ ᠠᠵᠢᠯ᠎ᠤᠨ ᠳᠤᠮᠳᠠᠬᠢ ᠬᠦᠴᠢᠷᠳᠡᠯ ᠪᠠ ᠠᠰᠠᠭᠤᠳᠠᠯ᠎ᠢ᠎ᠨᠢ ᠬᠠᠪᠰᠤᠷᠤᠨ ᠰᠢᠢ᠍ᠳᠪᠦᠷᠢᠯᠡᠵᠦ ᠥᠭᠬᠦ ᠬᠡᠷᠡᠭᠲᠡᠢ᠃
ᠳᠥᠴᠢᠨ ᠨᠢᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠵᠢᠭ᠋ᠠᠪᠤᠷᠢ ᠠᠪᠬᠤ ᠮᠡᠳᠡᠭᠦᠯᠦᠯᠲᠡ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠳᠤᠮᠳᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠣᠯᠪᠣᠭᠳᠠᠭᠰᠠᠨ ᠴᠢᠬᠤᠯᠠ ᠲᠥᠷᠥ ᠵᠢᠨ ᠪᠣᠳᠣᠯᠭ᠎ᠠ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠢ᠌ᠭᠡᠮ ᠪᠣᠯᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠠᠬᠢ ᠴᠢᠬᠤᠯᠠ ᠶᠡᠬᠡ ᠵᠠᠷᠴᠢᠮ ᠪᠠ ᠠᠰᠠᠭᠤᠳᠠᠯ᠂ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶᠠᠷᠤᠯᠲᠠ ᠵᠢᠨ ᠵᠦᠢ᠍ᠯᠡᠰ ᠵᠡᠷᠭᠡ ᠵᠢ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠳᠤ ᠵᠢᠭ᠋ᠠᠪᠤᠷᠢ ᠠᠪᠴᠤ ᠮᠡᠳᠡᠭᠦᠯᠦᠯᠲᠡ ᠬᠢᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠠᠵᠢᠯ᠎ᠤᠨ ᠳᠤᠮᠳᠠᠬᠢ ᠴᠢᠭᠯᠡᠯᠲᠡ᠂ ᠲᠥᠷᠥ ᠵᠢᠨ ᠪᠣᠳᠣᠯᠭ᠎ᠠ᠂ ᠲᠥᠯᠥᠪᠯᠡᠭᠡ ᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ᠎ᠪᠠᠨ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠢᠭ᠋ᠠᠪᠤᠷᠢ ᠠᠪᠴᠤ ᠮᠡᠳᠡᠭᠦᠯᠦᠯᠲᠡ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠴᠢᠬᠤᠯᠠ ᠠᠵᠢᠯ᠎ᠤᠨ ᠪᠠᠢ᠌ᠷᠢᠯᠠᠭᠤᠯᠤᠯᠲᠠ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠴᠢᠬᠤᠯᠠ ᠠᠰᠠᠭᠤᠳᠠᠯ᠎ᠳᠤ ᠬᠣᠯᠪᠣᠭᠳᠠᠬᠤ ᠮᠡᠳᠡᠭᠡ ᠵᠠᠩᠭᠢ ᠵᠢ ᠨᠡᠢ᠌ᠲᠡᠯᠡᠬᠦ᠎ᠳᠤ᠂ ᠴᠢᠩᠭ᠎ᠠ ᠬᠢᠨᠠᠨ ᠲᠣᠭᠲᠠᠭ᠋ᠠᠬᠤ ᠵᠢ ᠳᠡᠮᠵᠢᠨ᠂ ᠴᠢᠬᠤᠯᠠ ᠶᠡᠬᠡ ᠪᠠᠢ᠌ᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠳᠥᠴᠢᠨ ᠬᠣᠶᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠭᠦᠨ᠎ᠨᠢ ᠡᠯ᠎ᠡ ᠵᠦᠢ᠍ᠯ᠎ᠤᠨ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠰᠠᠬᠢᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠣᠭᠲᠠᠭ᠋ᠠᠯ᠎ᠢ ᠡᠷᠡᠰ ᠬᠡᠷᠡᠭᠵᠢᠭᠦᠯᠦᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠣᠭᠲᠠᠭ᠋ᠠᠯ᠎ᠯᠤᠭ᠎ᠠ ᠵᠥᠷᠢᠴᠡᠭᠰᠡᠨ ᠦᠭᠡ ᠬᠡᠯᠡ ᠪᠠ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠰᠢᠨᠵᠢᠯᠡᠨ ᠪᠠᠢ᠌ᠴᠠᠭ᠋ᠠᠬᠤ ᠪᠠ ᠪᠠᠢ᠌ᠴᠠᠭ᠋ᠠᠨ ᠰᠤᠳᠤᠯᠬᠤ᠂ ᠬᠤᠷᠠᠯ᠎ᠤᠨ ᠠᠵᠢᠯᠯᠠᠭ᠎ᠠ᠎ᠳᠤ ᠣᠷᠤᠯᠴᠠᠬᠤ᠎ᠳᠤ ᠬᠠᠮᠢᠶ᠎ᠠ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠂ ᠪᠠᠷ᠎ᠠ ᠪᠣᠯᠬᠤ ᠬᠥᠮᠥᠰ᠎ᠢ ᠴᠥᠭᠡᠳᠬᠡᠵᠦ᠂ ᠬᠦᠯᠢᠶᠡᠨ ᠠᠪᠬᠤ ᠠᠵᠢᠯ᠎ᠢ ᠳᠥᠭᠥᠮᠴᠢᠯᠡᠨ᠂ ᠰᠣᠨᠢᠨ ᠮᠡᠳᠡᠭᠡ ᠮᠡᠳᠡᠭᠡᠯᠡᠬᠦ ᠠᠵᠢᠯ᠎ᠢ ᠵᠢᠷᠤᠮᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠢᠯᠡ᠎ᠪᠠᠷ ᠵᠣᠬᠢᠶᠠᠯ ᠪᠦᠲᠦᠭᠡᠯ᠂ ᠶᠠᠷᠢᠶ᠎ᠠ ᠲᠠᠯᠪᠢᠬᠤ ᠲᠣᠪᠬᠢᠮᠠᠯ ᠬᠡᠪᠯᠡᠬᠦ ᠦᠭᠡᠢ᠂ ᠪᠠᠶᠠᠷ᠎ᠤᠨ ᠵᠠᠬᠢᠳᠠᠯ᠂ ᠪᠠᠶᠠᠷ᠎ᠤᠨ ᠴᠠᠬᠢᠯᠭ᠋ᠠᠨ ᠮᠡᠳᠡᠭᠡ ᠶᠠᠪᠤᠭᠤᠯᠬᠤ ᠦᠭᠡᠢ᠂ ᠪᠢᠴᠢᠭᠡᠰᠦ᠂ ᠣᠷᠣᠰᠢᠯ ᠪᠢᠴᠢᠬᠦ ᠦᠭᠡᠢ᠂ ᠣᠨᠴᠠᠭ᠋ᠠᠢ ᠪᠠᠢ᠌ᠳᠠᠯ᠎ᠲᠠᠢ ᠪᠣᠯ ᠡᠷᠬᠡᠪᠰᠢ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠭᠦᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠠᠷᠢᠶ᠎ᠠ ᠲᠠᠯᠪᠢᠬᠤ ᠪᠠ ᠵᠣᠬᠢᠶᠠᠯ ᠨᠡᠢ᠌ᠲᠡᠯᠡᠬᠦ᠂ ᠬᠤᠪᠢ ᠬᠥᠮᠥᠨ ᠨᠡᠷ᠎ᠡ᠎ᠪᠠᠨ ᠬᠠᠳᠠᠭᠰᠠᠨ ᠵᠣᠬᠢᠶᠠᠯ ᠨᠡᠢ᠌ᠲᠡᠯᠡᠬᠦ᠎ᠳᠤ᠂ ᠡᠷᠬᠡᠪᠰᠢ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃
ᠴᠢᠯᠦᠭᠡ ᠠᠪᠬᠤ ᠴᠢᠯᠦᠭᠡ ᠲᠠᠢ᠌ᠯᠬᠤ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠬᠦᠬᠡᠬᠣᠲᠠ᠎ᠠᠴᠠ ᠰᠠᠯᠵᠤ ᠭᠠᠳᠠᠭᠰᠢ ᠭᠠᠷᠬᠤ᠎ᠳᠤ᠂ ᠤᠷᠢᠳ ᠵᠶ᠋ᠠᠷ ᠲᠡᠷᠢᠭᠦᠯᠡᠭᠴᠢ᠎ᠠᠴᠠ ᠴᠢᠯᠦᠭᠡ ᠠᠪᠬᠤ ᠵᠢᠨ ᠬᠠᠮᠲᠤ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠡᠳᠡᠭᠦᠯᠦᠨ ᠪᠦᠷᠢᠳᠬᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ᠎ᠨᠢ ᠬᠦᠬᠡᠬᠣᠲᠠ᠎ᠠᠴᠠ ᠰᠠᠯᠵᠤ ᠭᠠᠳᠠᠭᠰᠢ ᠭᠠᠷᠬᠤ᠎ᠳᠤ ᠤᠷᠢᠳ ᠵᠶ᠋ᠠᠷ ᠴᠢᠯᠦᠭᠡ ᠠᠪᠴᠤ᠂ ᠡᠯ᠎ᠡ ᠰᠠᠯᠠᠭ᠎ᠠ ᠮᠥᠴᠢᠷ ᠵᠶ᠋ᠡᠷ ᠵᠶ᠋ᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠲᠡᠷᠢᠭᠦᠯᠡᠭᠴᠢ᠂ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠥᠳ ᠪᠠ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ᠎ᠳᠤ ᠮᠡᠳᠡᠭᠦᠯᠬᠦ ᠬᠡᠷᠡᠭᠲᠡᠢ᠃
ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠰᠠᠢ᠌ᠲᠤᠷ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ ᠠᠯᠪᠠᠨ ᠠᠵᠢᠯ᠎ᠳᠤ ᠬᠡᠷᠡᠭᠯᠡᠬᠦ ᠭᠡᠷ᠂ ᠣᠷᠣᠨ ᠰᠠᠭᠤᠴᠠ ᠪᠠ ᠲᠡᠷᠭᠡ ᠬᠡᠷᠡᠭᠯᠡᠬᠦ ᠵᠡᠷᠭᠡ ᠲᠠᠯ᠎ᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠣᠨᠴᠠ ᠡᠷᠬᠡ ᠵᠢ ᠡᠷᠡᠰ ᠡᠰᠡᠷᠭᠦᠴᠡᠵᠦ᠂ ᠣᠨᠴᠠ ᠡᠷᠬᠡ ᠬᠡᠷᠡᠭᠵᠢᠭᠦᠯᠬᠦ ᠦᠭᠡᠢ᠃ ᠠᠯᠪᠠᠨ ᠵᠶ᠋ᠠᠷ ᠤᠯᠤᠰ (ᠬᠢᠯᠢ)᠎ᠤᠨ ᠭᠠᠳᠠᠨ᠎ᠠ ᠭᠠᠷᠬᠤ ᠪᠦᠯᠬᠦᠮ ᠳᠤᠭᠤᠢ᠌ᠯᠠᠩ᠎ᠤᠨ ᠲᠣᠭ᠎ᠠ ᠬᠡᠮᠵᠢᠶ᠎ᠡ ᠪᠠ ᠬᠡᠪᠴᠢᠶ᠎ᠡ ᠵᠢ ᠴᠢᠩᠭ᠎ᠠ ᠡᠵᠡᠮᠳᠡᠬᠦ ᠬᠡᠷᠡᠭᠲᠡᠢ᠃
ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠪᠠ ᠭᠠᠳᠠᠭ᠋ᠠᠳᠤ ᠶᠠᠪᠤᠳᠠᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠰᠠᠬᠢᠵᠤ᠂ ᠤᠯᠤᠰ᠎ᠤᠨ ᠨᠢᠭᠤᠴᠠ᠂ ᠠᠵᠢᠯ᠎ᠤᠨ ᠨᠢᠭᠤᠴᠠ ᠪᠤᠶᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠡᠵᠡᠮᠳᠡᠭᠰᠡᠨ ᠬᠤᠳᠠᠯᠳᠤᠭ᠋ᠠᠨ᠎ᠤ ᠨᠢᠭᠤᠴᠠ ᠵᠡᠷᠭᠡ ᠵᠢ ᠭᠠᠳᠠᠭᠰᠢ ᠵᠠᠳᠠᠷᠠᠭᠤᠯᠬᠤ ᠵᠢ ᠴᠢᠩᠭ᠎ᠠ ᠴᠠᠭ᠋ᠠᠵᠠᠯᠠᠵᠤ᠂ ᠤᠯᠤᠰ᠎ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠢ᠃
ᠳᠥᠴᠢᠨ ᠭᠤᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯᠲᠠᠨ᠎ᠨᠢ ᠠᠭᠤᠤ ᠶᠡᠬᠡ ᠨᠠᠮ ᠪᠠᠢ᠌ᠭᠤᠯᠤᠭᠰᠠᠨ ᠵᠣᠷᠢᠭ ᠰᠠᠨᠠᠭ᠎ᠠ ᠵᠢ ᠪᠠᠳᠠᠷᠠᠭᠤᠯᠵᠤ᠂ 《ᠭᠤᠷᠪᠠᠨ ᠡᠷᠬᠡᠪᠰᠢ》 ᠵᠢ ᠪᠠᠲᠤ ᠴᠡᠭᠡᠵᠢᠯᠡᠨ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠷᠠᠭᠤᠯᠵᠤ᠂ ᠠᠵᠢᠯ ᠬᠢᠵᠦ ᠦᠢ᠍ᠯᠡᠰ ᠪᠣᠰᠬᠠᠬᠤ᠎ᠪᠠᠷ ᠬᠢᠴᠢᠶᠡᠨ ᠴᠢᠷᠮᠠᠢ᠌ᠵᠤ᠂ ᠵᠣᠷᠢᠭᠲᠠᠢ ᠲᠡᠮᠡᠴᠡᠵᠦ᠂ ᠴᠢᠳᠠᠮᠠᠭ᠋ᠠᠢ ᠲᠡᠮᠡᠴᠡᠵᠦ᠂ ᠦᠨᠡᠨ ᠬᠦ᠌ ᠠᠳᠬᠤᠨ ᠰᠢᠷᠭ᠋ᠠᠭᠤ ᠠᠵᠢᠯᠯᠠᠵᠤ᠂ ᠰᠢᠷᠭ᠋ᠠᠭᠤ ᠬᠠᠲᠠᠭᠤᠵᠢᠯᠲᠠᠢ᠎ᠪᠠᠷ ᠠᠵᠢᠯᠯᠠᠬᠤ ᠬᠡᠷᠡᠭᠲᠡᠢ᠃ 《ᠳᠥᠷᠪᠡᠨ ᠰᠤᠷᠲᠠᠯ 》᠎ᠢ ᠡᠰᠡᠷᠭᠦᠴᠡᠨ᠂ ᠰᠢᠨ᠎ᠡ ᠬᠡᠪ ᠰᠤᠷᠲᠠᠯ᠎ᠢ ᠪᠣᠢ ᠪᠣᠯᠭ᠋ᠠᠬᠤ ᠵᠢ ᠪᠠᠷᠢᠮᠲᠠᠯᠠᠵᠤ᠂ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠢ ᠵᠠᠯᠠᠷᠠᠭᠤᠯᠤᠨ᠂ ᠬᠡᠪ ᠰᠤᠷᠲᠠᠯ᠎ᠤᠨ ᠪᠠᠢ᠌ᠭᠤᠯᠤᠯᠲᠠ ᠵᠢᠨ ᠪᠠᠢ᠌ᠩᠭᠤᠵᠢᠬᠤ ᠪᠠ ᠤᠷᠲᠤ ᠬᠤᠭᠤᠴᠠᠭ᠋ᠠᠨ᠎ᠤ ᠪᠦᠲᠦᠮᠵᠢᠲᠡᠢ ᠪᠣᠯᠬᠤ ᠵᠢ ᠠᠬᠢᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠎ᠨᠢ ᠤᠷᠮᠠᠰᠢᠭᠤᠯᠬᠤ ᠬᠢᠭᠡᠳ ᠬᠢᠵᠠᠭ᠋ᠠᠷᠯᠠᠬᠤ ᠲᠣᠭᠲᠠᠴᠠ᠎ᠪᠠᠨ ᠤᠯᠠᠮ ᠨᠢᠭᠡ ᠠᠯᠬᠤᠮ ᠪᠠᠢ᠌ᠭᠤᠯᠤᠨ ᠪᠦᠷᠢᠨᠰᠢᠭᠦᠯᠵᠦ᠂ ᠡᠭᠦᠷᠭᠡᠯᠡᠭᠴᠢ᠎ᠳᠤ ᠬᠠᠷᠢᠭᠤᠴᠠᠯᠭ᠎ᠠ᠎ᠲᠠᠢ ᠬᠠᠨᠳᠤᠵᠤ᠂ ᠬᠠᠷᠢᠭᠤᠴᠠᠭᠴᠢ᠎ᠳᠤ ᠬᠠᠷᠢᠭᠤᠴᠠᠵᠤ᠂ ᠠᠵᠢᠯ ᠶᠠᠪᠤᠳᠠᠯ ᠬᠢᠭᠴᠢ᠎ᠳᠤ ᠲᠦᠰᠢᠭ ᠪᠣᠯᠵᠤ᠂ ᠠᠵᠢᠯ ᠬᠢᠵᠦ ᠦᠢ᠍ᠯᠡᠰ ᠪᠣᠰᠬᠠᠬᠤ ᠰᠠᠢ᠌ᠨ ᠰᠠᠢ᠌ᠬᠠᠨ ᠣᠷᠴᠢᠨ ᠠᠬᠤᠢ ᠵᠢ ᠴᠢᠷᠮᠠᠢ᠌ᠨ ᠪᠣᠢ ᠪᠣᠯᠭ᠋ᠠᠬᠤ ᠬᠡᠷᠡᠭᠲᠡᠢ᠃
ᠶᠢᠰᠦᠳᠦᠭᠡᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠣᠨᠴᠠᠭ᠋ᠠᠢ ᠪᠠᠢ᠌ᠭᠤᠯᠤᠭᠰᠠᠨ ᠪᠠᠢ᠌ᠭᠤᠯᠤᠮᠵᠢ᠂ ᠰᠢᠭᠤᠳ ᠬᠠᠷᠢᠶ᠎ᠠ ᠪᠠᠢ᠌ᠭᠤᠯᠤᠮᠵᠢ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠎ᠳᠤ ᠲᠤᠰ ᠳᠦᠷᠢᠮ᠎ᠢ ᠲᠣᠬᠢᠷᠠᠭᠤᠯᠤᠨ ᠬᠡᠷᠡᠭᠯᠡᠨ᠎ᠡ᠃
ᠳᠥᠴᠢᠨ ᠲᠠᠪᠤ᠂ ᠲᠤᠰ ᠳᠦᠷᠢᠮ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 2018 ᠣᠨ᠎ᠤ 12 ᠳ᠋ᠤᠭ᠋ᠠᠷ ᠰᠠᠷ᠎ᠠ ᠵᠢᠨ 11᠎ᠤ ᠡᠳᠦᠷ᠎ᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ[2018]50 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ
ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠡᠬᠡ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂
ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ
ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂
ᠪᠠᠢ᠌ᠴᠠᠭ᠋ᠠᠬᠤ ᠬᠣᠷᠢᠶ᠎ᠠ᠃
ᠡᠯ᠎ᠡ ᠠᠷᠠᠳ᠎ᠤᠨ ᠪᠦᠯᠬᠦᠮ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ ᠳᠠᠷᠤᠮᠠᠯᠯᠠᠨ ᠲᠠᠷᠬᠠᠭ᠋ᠠᠪᠠ