ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [ 2023] 7 ᠳ᠋ᠤᠭ᠋ᠠᠷ ᠲᠣᠭ᠋ᠠᠲᠤ
ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 (ᠳᠣᠷᠣᠭᠰᠢ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠭᠡᠵᠦ ᠲᠣᠪᠴᠢᠯᠠᠨ᠎ᠠ) ᠵᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠎ᠳᠠᠬᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠰᠠᠨᠠᠯ᠎ᠢ ᠳᠤᠷᠠᠳᠪᠠ᠃
ᠨᠢᠭᠡ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ ᠨᠡᠢ᠌ᠲᠡᠯᠡᠨ ᠬᠡᠷᠡᠭᠵᠢᠭᠦᠯᠦᠭᠰᠡᠨ᠎ᠤ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ
ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠲᠥᠪ ᠭᠣᠣᠯᠴᠢ᠎ᠪᠠᠷ ᠬᠠᠤᠯᠢ ᠪᠠᠷᠢᠬᠤ ᠪᠣᠯ ᠨᠡᠢ᠌ᠭᠡᠮ᠎ᠤᠨ ᠠᠳᠠᠯᠢ ᠲᠡᠭᠰᠢ ᠰᠢᠳᠤᠷᠭᠤ ᠶᠣᠰᠣ ᠵᠢ ᠰᠠᠬᠢᠨ ᠬᠠᠮᠠᠭ᠋ᠠᠯᠠᠬᠤ ᠵᠢᠨ ᠬᠠᠮᠤᠭ ᠡᠴᠦᠰ᠎ᠤᠨ ᠰᠡᠷᠭᠡᠢ᠌ᠯᠡᠯᠲᠡ ᠵᠢᠨ ᠱᠤᠭᠤᠮ ᠮᠥᠨ᠃ ᠬᠠᠤᠯᠢ ᠪᠠᠷᠢᠬᠤ ᠪᠠᠢ᠌ᠭᠤᠯᠤᠯ᠎ᠤᠨ ᠶᠡᠷᠦᠩᠬᠡᠢ᠌ᠯᠡᠭᠰᠡᠨ ᠲᠥᠬᠥᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠣᠨᠣᠪᠴᠢᠲᠠᠢ ᠨᠠᠢ᠌ᠳᠠᠪᠤᠷᠢᠵᠢᠭᠤᠯᠤᠨ᠂ ᠲᠥᠪ ᠭᠣᠣᠯᠴᠢ ᠥᠨᠳᠥᠷ ᠪᠦᠲᠦᠮᠵᠢᠲᠡᠢ ᠪᠥᠭᠡᠳ ᠡᠷᠬᠡ ᠰᠦᠷᠲᠡᠢ ᠨᠡᠢ᠌ᠭᠡᠮ ᠵᠢᠷᠤᠮ᠎ᠤᠨ ᠬᠠᠤᠯᠢ ᠪᠠᠷᠢᠬᠤ ᠳᠦᠷᠢᠮ᠎ᠢ ᠲᠦᠷᠭᠡᠳᠬᠡᠨ ᠪᠠᠢ᠌ᠭᠤᠯᠵᠤ᠂ ᠬᠠᠤᠯᠢ ᠴᠠᠭ᠋ᠠᠵᠠ ᠵᠢᠨ ᠬᠡᠷᠡᠭ ᠨᠢᠭᠡ ᠪᠦᠷᠢ᠎ᠠᠴᠠ ᠠᠷᠠᠳ ᠤᠯᠠᠨ᠎ᠳᠤ ᠲᠥᠪ ᠭᠣᠣᠯᠴᠢ ᠰᠢᠳᠤᠷᠭᠤ ᠶᠣᠰᠣ ᠵᠢ ᠪᠠᠷᠢᠮᠲᠠᠯᠠᠭᠰᠠᠨ ᠲᠥᠷᠥᠭᠳᠡᠯ ᠣᠯᠭᠣᠬᠤ᠎ᠪᠠᠷ ᠴᠢᠷᠮᠠᠢ᠌ᠨ᠎ᠠ》 ᠭᠡᠵᠦ ᠵᠢᠭ᠋ᠠᠵᠤ ᠭᠠᠷᠭ᠋ᠠᠪᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠠᠤᠯᠢ ᠪᠠᠷᠢᠬᠤ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠪᠠᠢ᠌ᠵᠤ᠂ ᠨᠡᠢ᠌ᠭᠡᠮ᠎ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ᠎ᠤᠨ ᠬᠠᠤᠯᠢᠵᠢᠯ᠎ᠤᠨ ᠪᠣᠯᠪᠠᠰᠤᠨ᠎ᠤ ᠬᠡᠮᠵᠢᠶ᠎ᠡ ᠵᠢ ᠬᠠᠷᠠᠭᠤᠯᠬᠤ ᠵᠢᠨ ᠴᠢᠬᠤᠯᠠ ᠪᠡᠯᠭᠡ ᠲᠡᠮᠳᠡᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠬᠠᠤᠯᠢ ᠲᠣᠭᠲᠠᠭ᠋ᠠᠭᠰᠠᠨ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠰᠤᠷᠤᠯᠴᠠᠨ ᠣᠢ᠌ᠯᠠᠭ᠋ᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠷᠢᠭᠤᠴᠠᠯᠭ᠎ᠠ ᠵᠢ ᠦᠨᠡᠨ ᠬᠦ᠌ ᠳᠠᠭ᠋ᠠᠭ᠋ᠠᠨ ᠡᠭᠦᠷᠭᠡᠯᠡᠵᠦ᠂ ᠬᠥᠮᠥᠨ᠎ᠤ ᠡᠷᠬᠡ ᠵᠢ ᠬᠠᠤᠯᠢ ᠪᠠᠷᠢᠬᠤ᠎ᠪᠠᠷ ᠪᠠᠲᠤᠯᠠᠬᠤ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠠᠤᠯᠢ᠎ᠪᠠᠷ ᠵᠠᠰᠠᠬᠤ ᠲᠠᠯ᠎ᠠ᠎ᠳᠠᠬᠢ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ᠎ᠨᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃
ᠬᠣᠶᠠᠷ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶ᠎ᠡ ᠪᠠ ᠨᠥᠬᠥᠪᠦᠷᠢ ᠵᠢᠨ ᠪᠠᠷᠢᠮᠵᠢᠶ᠎ᠠ ᠵᠢ ᠲᠣᠳᠣᠷᠬᠠᠢ᠌ᠯᠠᠬᠤ ᠬᠡᠷᠡᠭᠲᠡᠢ
(ᠨᠢᠭᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶ᠎ᠡ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠪᠡᠯ᠂ ᠳᠣᠣᠷ᠎ᠠ ᠵᠢᠭᠰᠠᠭ᠋ᠠᠭᠰᠠᠨ ᠵᠦᠢ᠍ᠯᠡᠰ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶᠡᠨ᠎ᠳᠤ ᠪᠠᠭᠲᠠᠨ᠎ᠠ᠄
1. ᠡᠷᠡᠭᠦᠦ ᠵᠢᠨ ᠬᠡᠷᠡᠭ᠄
( 1 ) ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠰᠡᠵᠢᠭᠲᠡᠨ᠂ ᠵᠠᠭ᠋ᠠᠯᠳᠤᠭᠳᠠᠭᠴᠢ᠎ᠨᠢ ᠠᠵᠤ ᠠᠬᠤᠢ ᠵᠢᠨ ᠬᠦᠴᠢᠷᠳᠡᠯ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠥᠮᠥᠭᠯᠡᠭᠴᠢ᠎ᠳᠤ ᠨᠠᠢ᠌ᠳᠠᠭᠰᠠᠨ ᠦᠭᠡᠢ ᠪᠠᠢ᠌ᠪᠠᠯ᠂ ᠲᠤᠰ ᠬᠥᠮᠥᠨ ᠵᠢᠴᠢ ᠲᠡᠭᠦᠨ᠎ᠤ ᠣᠢ᠌ᠷ᠎ᠠ ᠲᠦᠷᠦᠯ ᠰᠠᠳᠤᠨ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠣᠨ᠎ᠠ;
(2) ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠰᠡᠵᠢᠭᠲᠡᠨ᠂ ᠵᠠᠭ᠋ᠠᠯᠳᠤᠭᠳᠠᠭᠴᠢ᠎ᠨᠢ ᠨᠠᠰᠤᠨ᠎ᠳᠤ ᠦᠯᠦ ᠬᠦᠷᠦᠭᠰᠡᠳ᠂ ᠬᠠᠷᠠᠭ᠎ᠠ᠂ ᠰᠣᠨᠣᠷ᠂ ᠦᠭᠡ ᠶᠠᠷᠢᠶᠠᠨ᠎ᠤ ᠰᠠᠭ᠋ᠠᠲᠠᠯ᠎ᠲᠠᠢ ᠵᠡᠮᠳᠡᠭ ᠬᠥᠮᠥᠨ᠂ ᠥᠪᠡᠷ᠎ᠤᠨ ᠠᠵᠢᠯᠯᠠᠭ᠎ᠠ᠎ᠪᠠᠨ ᠪᠦᠷᠢᠮᠦᠰᠦᠨ ᠢᠯᠭ᠋ᠠᠨ ᠲᠠᠨᠢᠵᠤ ᠴᠢᠳᠠᠬᠤ ᠦᠭᠡᠢ ᠨᠠᠰᠤᠨ᠎ᠳᠤ ᠭᠦᠷᠦᠭᠰᠡᠳ᠂ ᠬᠤᠭᠤᠴᠠᠭ᠎ᠠ ᠦᠭᠡᠢ ᠬᠣᠷᠢᠬᠤ ᠡᠷᠡᠭᠦᠦ᠂ ᠠᠯᠠᠬᠤ ᠡᠷᠡᠭᠦᠦ᠎ᠪᠠᠷ ᠰᠢᠢ᠍ᠳᠬᠡᠭᠳᠡᠵᠦ ᠮᠡᠳᠡᠬᠦ ᠬᠥᠮᠥᠨ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠰᠠᠨ ᠠᠯᠠᠬᠤ ᠡᠷᠡᠭᠦᠦ ᠵᠢ ᠳᠠᠬᠢᠨ ᠬᠢᠨᠠᠬᠤ ᠬᠡᠷᠡᠭ᠎ᠤᠨ ᠵᠠᠭ᠋ᠠᠯᠳᠤᠭᠳᠠᠭᠴᠢ᠂ ᠰᠠᠭ᠋ᠠᠲᠠᠯ᠎ᠲᠠᠢ ᠰᠢᠭᠦᠨ ᠲᠠᠰᠤᠯᠤᠯᠲᠠ ᠵᠢᠨ ᠬᠡᠷᠡᠭ᠎ᠤᠨ ᠵᠠᠭ᠋ᠠᠯᠳᠤᠭᠳᠠᠭᠴᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠥᠮᠥᠨ ᠪᠠᠢ᠌ᠭ᠎ᠠ ᠮᠥᠷᠲᠡᠭᠡᠨ ᠥᠮᠥᠭᠯᠡᠭᠴᠢ᠎ᠳᠤ ᠨᠠᠢ᠌ᠳᠠᠭᠰᠠᠨ ᠦᠭᠡᠢ ᠪᠠᠢ᠌ᠪᠠᠯ᠂ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭ᠋ᠠᠬᠤ᠎ᠪᠠᠷ ᠮᠡᠳᠡᠭᠳᠡᠬᠦ ᠬᠡᠷᠡᠭᠲᠡᠢ;
(3) ᠡ᠊ᠩ᠎ᠤᠨ ᠵᠢᠷᠤᠮ ᠵᠶ᠋ᠡᠷ ᠰᠢᠭᠦᠬᠦ ᠪᠤᠰᠤᠳ ᠡᠷᠡᠭᠦᠦ ᠵᠢᠨ ᠬᠡᠷᠡᠭ᠎ᠲᠤ ᠵᠠᠭ᠋ᠠᠯᠳᠤᠭᠳᠠᠭᠴᠢ᠎ᠨᠢ ᠥᠮᠥᠭᠯᠡᠭᠴᠢ᠎ᠳᠤ ᠨᠠᠢ᠌ᠳᠠᠭᠰᠠᠨ ᠦᠭᠡᠢ ᠪᠠᠢ᠌ᠪᠠᠯ᠂ ᠠᠷᠠᠳ᠎ᠤᠨ ᠰᠢᠭᠦᠬᠦ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭ᠋ᠠᠬᠣ᠎ᠪᠠᠷ ᠮᠡᠳᠡᠭᠳᠡᠵᠦ ᠪᠣᠯᠣᠨ᠎ᠠ;
(4) ᠡᠷᠡᠭᠦᠦ ᠵᠢᠨ ᠵᠠᠷᠭᠤ ᠵᠢᠨ ᠬᠡᠷᠡᠭ᠎ᠤᠨ ᠬᠣᠣᠷᠯᠠᠭᠳᠠᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ ᠪᠤᠶᠤ ᠣᠢ᠌ᠷ᠎ᠠ ᠲᠦᠷᠦᠯ ᠰᠠᠳᠤᠨ᠂ ᠡᠷᠡᠭᠦᠦ ᠵᠢᠨ ᠥᠪᠡᠰᠦᠪᠡᠨ ᠵᠠᠭ᠋ᠠᠯᠳᠤᠭᠰᠠᠨ ᠬᠡᠷᠡᠭ᠎ᠤᠨ ᠥᠪᠡᠰᠦᠪᠡᠨ ᠵᠠᠭ᠋ᠠᠯᠳᠤᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ᠂ ᠡᠷᠡᠭᠦᠦ ᠵᠢᠨ ᠬᠡᠷᠡᠭ᠎ᠤᠨ ᠳᠠᠭ᠋ᠠᠯᠳᠤᠭᠰᠠᠨ ᠢᠷᠭᠡᠨ᠎ᠤ ᠵᠠᠷᠭᠤ ᠵᠢᠨ ᠬᠡᠷᠡᠭ᠎ᠤᠨ ᠵᠠᠭ᠋ᠠᠯᠳᠤᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ᠎ᠨᠢ ᠠᠵᠤ ᠠᠬᠤᠢ ᠵᠢᠨ ᠬᠦᠴᠢᠷᠳᠡᠯ᠎ᠠᠴᠠ ᠪᠣᠯᠵᠤ ᠵᠠᠷᠭᠤ ᠵᠢᠨ ᠣᠷᠣᠯᠠᠭᠴᠢ᠎ᠳᠤ ᠨᠠᠢ᠌ᠳᠠᠭᠰᠠᠨ ᠦᠭᠡᠢ ᠪᠠᠢ᠌ᠪᠠᠯ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠣᠨ᠎ᠠ;
(5) ᠠᠯᠪᠠᠳᠠᠨ ᠡᠮᠴᠢᠯᠡᠬᠦ ᠬᠡᠷᠡᠭ᠎ᠤᠨ ᠭᠤᠶᠤᠴᠢᠯᠠᠭᠳᠠᠭᠴᠢ ᠪᠤᠶᠤ ᠵᠠᠭ᠋ᠠᠯᠳᠤᠭᠳᠠᠭᠴᠢ᠎ᠨᠢ ᠵᠠᠷᠭᠤ ᠵᠢᠨ ᠣᠷᠣᠯᠠᠭᠴᠢ᠎ᠳᠤ ᠨᠠᠢ᠌ᠳᠠᠭᠰᠠᠨ ᠦᠭᠡᠢ ᠪᠠᠢ᠌ᠪᠠᠯ᠂ ᠠᠷᠠᠳ᠎ᠤᠨ ᠰᠢᠭᠦᠬᠦ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠬᠠᠤᠯᠢᠴᠢ ᠲᠣᠮᠢᠯᠠᠭᠤᠯᠵᠤ ᠲᠡᠳᠡᠨᠦᠰ᠎ᠲᠤ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠯᠭ᠋ᠠᠬᠤ᠎ᠪᠠᠷ ᠮᠡᠳᠡᠭᠳᠡᠬᠦ ᠬᠡᠷᠡᠭᠲᠡᠢ᠃
2. ᠢᠷᠭᠡᠨ᠎ᠤ ᠬᠡᠷᠡᠭ᠄
(1) ᠨᠡᠢ᠌ᠭᠡᠮ᠎ᠤᠨ ᠳᠠᠭ᠋ᠠᠳᠬᠠᠯ᠎ᠤᠨ ᠬᠠᠷᠠᠭ᠋ᠠᠯᠵᠠᠯ ᠪᠤᠶᠤ ᠨᠡᠢ᠌ᠭᠡᠮ᠎ᠤᠨ ᠠᠪᠤᠷᠠᠨ ᠲᠤᠰᠠᠯᠠᠯᠲᠠ ᠣᠯᠭᠣᠬᠤ᠎ᠪᠠᠷ ᠭᠤᠶᠤᠴᠢᠯᠠᠬᠤ;
(2) ᠠᠰᠠᠷᠠᠮᠵᠢ ᠵᠢᠨ ᠮᠥᠩᠭᠥ ᠣᠯᠭᠣᠬᠤ᠎ᠪᠠᠷ ᠭᠤᠶᠤᠴᠢᠯᠠᠬᠤ;
(3) ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠦᠭᠬᠦᠬᠦᠯᠬᠦ᠎ᠪᠠᠷ ᠭᠤᠶᠤᠴᠢᠯᠠᠬᠤ;
(4) ᠬᠥᠳᠡᠯᠮᠦᠷᠢ ᠵᠢᠨ ᠬᠠᠷᠢᠴᠠᠭ᠎ᠠ ᠵᠢ ᠨᠤᠲᠠᠯᠠᠭᠤᠯᠬᠤ ᠪᠤᠶᠤ ᠬᠥᠳᠡᠯᠮᠦᠷᠢ ᠵᠢᠨ ᠬᠥᠯᠥᠰᠦ ᠣᠯᠭᠣᠮᠵᠢ ᠦᠭᠬᠦᠬᠦᠯᠬᠦ᠎ᠪᠠᠷ ᠭᠤᠶᠤᠴᠢᠯᠠᠬᠤ;
(5) ᠠᠷᠠᠳ ᠢᠷᠭᠡᠨ᠎ᠤ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ᠎ᠨᠢ ᠬᠢᠵᠠᠭ᠋ᠠᠷ᠎ᠲᠠᠢ ᠪᠠᠢ᠌ᠬᠤ ᠵᠢ ᠮᠠᠭ᠋ᠠᠳᠯᠠᠭᠤᠯᠬᠤᠪᠠᠷ ᠭᠤᠶᠤᠴᠢᠯᠠᠬᠤ;
(6) ᠠᠵᠢᠯ᠎ᠠᠴᠠ ᠪᠣᠯᠤᠭᠰᠠᠨ ᠭᠡᠮᠲᠦᠯ᠎ᠤᠨ ᠡᠨᠳᠡᠭᠳᠡᠯ᠂ ᠵᠠᠮ ᠬᠠᠷᠢᠯᠴᠠᠭ᠋ᠠᠨ᠎ᠤ ᠡᠨᠳᠡᠯ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠡᠨᠳᠡᠭᠳᠡᠯ᠂ ᠡᠮᠴᠢᠯᠡᠭᠡᠨ᠎ᠤ ᠡᠨᠳᠡᠭᠳᠡᠯ᠎ᠤᠨ ᠬᠥᠮᠥᠨ᠎ᠤ ᠪᠡᠶ᠎ᠡ ᠵᠢᠨ ᠬᠣᠬᠢᠷᠠᠯ᠎ᠢ ᠲᠥᠯᠥᠭᠦᠯᠬᠦ᠎ᠪᠠᠷ ᠭᠤᠶᠤᠴᠢᠯᠠᠬᠤ ;
(7) ᠣᠷᠴᠢᠨ ᠲᠣᠭᠣᠷᠢᠨ᠎ᠤ ᠪᠣᠬᠢᠷᠲᠤᠯ᠂ ᠠᠮᠢ ᠠᠬᠤᠢ ᠵᠢᠨ ᠡᠪᠳᠡᠭᠳᠡᠯ᠎ᠤᠨ ᠬᠣᠬᠢᠷᠠᠯ᠎ᠢ ᠲᠥᠯᠥᠭᠦᠯᠬᠦ᠎ᠪᠠᠷ ᠭᠤᠶᠤᠴᠢᠯᠠᠬᠤ;
(8) ᠦᠷᠡᠭᠳᠡᠭᠰᠡᠨ ᠪᠠᠭ᠋ᠠᠲᠤᠷᠴᠤᠳ᠎ᠤᠨ ᠣᠢ᠌ᠷ᠎ᠠ ᠲᠦᠷᠦᠯ ᠰᠠᠳᠤᠨ᠎ᠨᠢ ᠦᠷᠡᠭᠳᠡᠭᠰᠡᠨ ᠪᠠᠭ᠋ᠠᠲᠤᠷᠴᠤᠳ᠎ᠤᠨ ᠬᠥᠮᠥᠨ ᠬᠡᠮ᠎ᠤᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠲᠤᠰᠠᠯᠠᠮᠵᠢ ᠭᠤᠶᠤᠴᠢᠯᠠᠬᠤ;
(9) ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ᠎ᠠᠴᠠ ᠪᠣᠯᠵᠤ ᠬᠠᠮᠢᠶ᠎ᠠ ᠪᠦᠬᠦᠢ ᠢᠷᠭᠡᠨ᠎ᠤ ᠬᠡᠷᠡᠭ᠎ᠤᠨ ᠡᠷᠬᠡ ᠠᠰᠢᠭ᠎ᠢ ᠵᠣᠷᠢᠬᠤ;
(10) ᠬᠠᠯᠠ ᠠᠮᠰᠠᠭᠴᠢ᠂ ᠣᠷᠬᠢᠭᠳᠠᠵᠤ ᠭᠣᠯᠣᠭᠳᠠᠭᠰᠠᠨ ᠪᠤᠶᠤ ᠭᠡᠷ ᠪᠦᠯᠢ ᠵᠢᠨ ᠬᠦᠴᠦᠷᠬᠡᠭᠯᠡᠯ᠎ᠤᠨ ᠬᠣᠣᠷ ᠠᠮᠰᠠᠭᠴᠢ ᠬᠠᠮᠢᠶ᠎ᠠ ᠪᠦᠬᠦᠢ ᠡᠷᠬᠡ ᠠᠰᠢᠭ᠎ᠢ ᠵᠣᠷᠢᠬᠤ;
(11) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠨ ᠵᠡᠷᠭᠡ ᠵᠦᠢ᠍ᠯᠡᠰ᠃
3. ᠵᠠᠰᠠᠭ ᠵᠠᠬᠢᠷᠭ᠋ᠠᠨ᠎ᠤ ᠬᠡᠷᠡᠭ᠄
(1) ᠬᠠᠤᠯᠢ ᠶᠣᠰᠣᠭ᠋ᠠᠷ ᠤᠯᠤᠰ᠎ᠤᠨ ᠲᠥᠯᠥᠪᠦᠷᠢ ᠵᠢ ᠭᠤᠶᠤᠴᠢᠯᠠᠬᠤ;
(2) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ ᠵᠡᠷᠭᠡ ᠵᠦᠢ᠍ᠯᠡᠰ᠃
4. ᠪᠤᠰᠤᠳ ᠬᠡᠷᠡᠭ᠄ ᠲᠤᠬᠠᠢ ᠵᠢᠨ ᠬᠥᠮᠥᠨ᠎ᠨᠢ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭ᠋ᠠᠯᠲᠠ ᠵᠢ ᠵᠥᠪᠰᠢᠶᠡᠷᠡᠬᠦ ᠦᠭᠡᠢ ᠪᠤᠶᠤ ᠭᠣᠮᠣᠳᠠᠯ ᠲᠣᠭ᠋ᠠᠴᠢᠬᠤ᠎ᠪᠠᠷ ᠳᠤᠷᠠᠳᠤᠭᠰᠠᠨ ᠡᠰᠡᠬᠦᠯ᠎ᠡ ᠲᠠᠬᠢᠨ ᠰᠢᠭᠦᠯᠭᠡᠬᠦ᠎ᠪᠠᠷ ᠭᠤᠶᠤᠴᠢᠯᠠᠭᠰᠠᠨ᠂ ᠠᠷᠠᠳ᠎ᠤᠨ ᠰᠢᠭᠦᠬᠦ ᠬᠣᠷᠢᠶ᠎ᠠ᠎ᠨᠢ ᠲᠠᠬᠢᠨ ᠰᠢᠭᠦᠬᠦ᠎ᠪᠠᠷ ᠰᠢᠢ᠍ᠳᠦᠭᠰᠡᠨ᠂ ᠰᠢᠭᠦᠨ ᠲᠣᠭᠲᠠᠭ᠋ᠠᠭᠰᠠᠨ ᠪᠤᠶᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠨᠢ ᠡᠰᠡᠷᠭᠦᠴᠡᠭᠰᠡᠨ ᠵᠠᠭ᠋ᠠᠯᠳᠤᠯᠭ᠎ᠠ ᠭᠠᠷᠭ᠋ᠠᠭᠰᠠᠨ᠎ᠳᠤ ᠠᠵᠤ ᠠᠬᠤᠢ ᠵᠢᠨ ᠬᠦᠴᠢᠷᠳᠡᠯ᠎ᠠᠴᠠ ᠪᠣᠯᠵᠤ ᠥᠮᠥᠭᠯᠡᠭᠴᠢ ᠪᠤᠶᠤ ᠵᠠᠷᠭᠤ ᠵᠢᠨ ᠣᠷᠣᠯᠠᠭᠴᠢ᠎ᠳᠤ ᠨᠠᠢ᠌ᠳᠠᠭᠰᠠᠨ ᠦᠭᠡᠢ ᠬᠡᠷᠡᠭ᠃
(ᠬᠣᠶᠠᠷ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠳᠤ᠎ᠪᠠᠨ᠂ ᠬᠠᠤᠯᠢᠴᠢ ᠵᠢᠨ ᠬᠡᠷᠡᠭ ᠳᠠᠭ᠋ᠠᠭ᠋ᠠᠨ ᠭᠦᠢ᠍ᠴᠡᠳᠬᠡᠬᠦ ᠥᠪᠡᠷ᠎ᠤᠨ ᠥᠷᠲᠡᠭ᠂ ᠦᠨᠳᠦᠰᠦᠨ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ ᠵᠢ ᠵᠣᠬᠢᠮᠵᠢᠲᠠᠢ᠎ᠪᠠᠷ ᠳᠡᠭᠡᠭᠰᠢᠯᠡᠭᠦᠯᠦᠨ᠎ᠡ᠃ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠢ᠌ᠳᠠᠯ᠎ᠳᠤ 800 ᠲᠥᠭᠥᠷᠢᠭ᠎ᠠᠴᠠ 1600 ᠲᠥᠭᠥᠷᠢᠭ᠎ᠤᠨ ᠨᠡᠮᠡᠭᠦᠷᠢ ᠥᠭᠴᠦ᠂ ᠢᠷᠭᠡᠨ᠎ᠤ ᠬᠡᠷᠡᠭ᠂ ᠵᠠᠰᠠᠭ ᠵᠠᠬᠢᠷᠭ᠋ᠠᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠢ᠌ᠳᠠᠯ᠎ᠳᠤ 1000 ᠲᠥᠭᠥᠷᠢᠭ᠎ᠠᠴᠠ 1800 ᠲᠥᠭᠥᠷᠢᠭ᠎ᠤᠨ ᠨᠡᠮᠡᠭᠦᠷᠢ ᠥᠭᠭᠦᠨ᠎ᠡ᠃ ᠠᠯᠠᠬᠤ ᠡᠷᠡᠭᠦᠦ ᠵᠢᠨ ᠬᠣᠶᠠᠳᠠᠭᠢ ᠰᠢᠭᠦᠯᠲᠡ ᠵᠢᠨ ᠬᠡᠷᠡᠭ᠎ᠲᠤ ᠨᠢᠭᠡᠳᠦᠭᠡᠷ ᠰᠢᠭᠦᠯᠲᠡ ᠵᠢᠨ ᠬᠠᠤᠯᠢᠴᠢ ᠵᠢ ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠵᠢᠨ ᠬᠡᠷᠡᠭ᠎ᠤᠨ ᠵᠠᠭ᠋ᠠᠯᠳᠤᠭᠳᠠᠭᠴᠢ ᠵᠢᠨ ᠬᠣᠷᠢᠵᠤ ᠪᠠᠢ᠌ᠭ᠎ᠠ ᠭᠠᠵᠠᠷ᠎ᠠᠴᠠ ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠢ᠌ᠳᠠᠯ᠎ᠳᠤ 1400 ᠲᠥᠭᠥᠷᠢᠭ᠎ᠠᠴᠠ 2600 ᠲᠥᠭᠥᠷᠢᠭ᠎ᠤᠨ ᠨᠡᠮᠡᠭᠦᠷᠢ ᠥᠭᠭᠦᠨ᠎ᠡ᠃ ᠣᠨᠳᠣᠣ ᠭᠠᠵᠠᠷ᠎ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ ᠪᠤᠳᠤᠯᠢᠶᠠᠨᠲᠠᠢ ᠣᠨᠴᠠ ᠵᠠᠷᠢᠮ ᠬᠡᠷᠡᠭ᠎ᠲᠤ᠂ ᠬᠡᠷᠡᠭ᠎ᠢ ᠬᠦᠯᠢᠶᠡᠨ ᠠᠪᠤᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠬᠠᠷᠭᠤᠭᠤᠯᠤᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢ ᠵᠣᠬᠢᠮᠵᠢᠲᠠᠢ ᠨᠡᠮᠡᠭᠳᠡᠭᠦᠯᠵᠦ ᠪᠣᠯᠣᠨ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠵᠢᠭᠦᠷᠯᠡᠬᠦ ᠬᠠᠤᠯᠢᠴᠢ᠎ᠳᠤ ᠠᠵᠢᠯᠯᠠᠬᠤ ᠡᠳᠦᠷ ᠪᠦᠷᠢ 200 ᠲᠥᠭᠥᠷᠢᠭ᠎ᠠᠴᠠ 500 ᠲᠥᠭᠥᠷᠢᠭ᠎ᠤᠨ ᠨᠡᠮᠡᠭᠦᠷᠢ ᠥᠭᠭᠦᠨ᠎ᠡ᠃ ᠨᠥᠬᠥᠴᠡᠯ᠎ᠲᠠᠢ ᠠᠢ᠌ᠮᠠᠭ ᠬᠣᠲᠠ᠎ᠨᠢ ᠲᠤᠰ ᠭᠠᠵᠠᠷ ᠣᠷᠣᠨ᠎ᠤ᠎ᠪᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠎ᠪᠠᠨ ᠵᠣᠬᠢᠮᠵᠢᠲᠠᠢ ᠳᠡᠭᠡᠭᠰᠢᠯᠡᠭᠦᠯᠵᠦ ᠪᠣᠯᠣᠨ᠎ᠠ᠃
ᠭᠤᠷᠪᠠ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠯ᠎ᠡ ᠵᠦᠢ᠍ᠯ᠎ᠤᠨ ᠠᠵᠢᠯ ᠵᠶ᠋ᠡᠨ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ
(ᠨᠢᠭᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠢᠯᠤᠭᠣᠳᠬᠤ᠂ ᠬᠢᠨᠠᠯᠲᠠ ᠲᠠᠯᠪᠢᠬᠣ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠣᠳᠠᠲᠠᠢ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠬᠠᠷᠢᠭᠤᠴᠠᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ᠎ᠳᠤ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠵᠢᠯᠣᠭᠣᠳᠤᠨ ᠬᠢᠨᠠᠯᠲᠠ ᠲᠠᠯᠪᠢᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯᠲᠠᠨ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠡᠭᠦᠷᠭᠡᠯᠡᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠣᠨ ᠰᠠᠢ᠌ᠨ ᠳᠤᠷ᠎ᠠ ᠵᠢᠨ ᠠᠵᠢᠯᠯᠠᠭᠰᠠᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ ᠥᠷᠨᠢᠭᠦᠯᠬᠦ ᠵᠢ᠎ᠨᠢ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠬᠠᠷᠢᠭᠤᠴᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ ᠬᠦᠯᠢᠶᠡᠨ ᠠᠪᠬᠤ ᠪᠠ ᠬᠢᠨᠠᠨ ᠪᠠᠢ᠌ᠴᠠᠭ᠋ᠠᠵᠤ᠂ ᠬᠠᠤᠯᠢᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠰᠠᠳ ᠵᠡᠷᠭᠡ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯᠲᠠᠨ᠎ᠢ ᠵᠢᠭ᠋ᠠᠨ ᠲᠣᠮᠢᠯᠠᠵᠤ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠥᠭᠴᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠤᠬᠠᠭᠤᠯᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠠᠵᠢᠯ᠎ᠤᠨ ᠡᠭᠦᠷᠭᠡ ᠴᠢᠳᠠᠪᠤᠷᠢ᠎ᠪᠠᠨ ᠬᠢᠨᠠᠮᠠᠭ᠋ᠠᠢ ᠭᠦᠢ᠍ᠴᠡᠳᠬᠡᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ ᠥᠷᠨᠢᠭᠦᠯᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃
(ᠬᠣᠶᠠᠷ) ᠪᠠᠢ᠌ᠭᠤᠯᠤᠮᠵᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》᠎ᠳᠠᠬᠢ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠪᠠᠶ᠋ᠢᠭᠤᠯᠬᠤ ᠬᠡᠷᠡᠭᠲᠡᠢ》 ᠭᠡᠰᠡᠨ ᠱᠠᠭ᠋ᠠᠷᠳᠠᠯᠭ᠎ᠠ ᠶᠣᠰᠣᠭ᠋ᠠᠷ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠵᠢ ᠪᠦᠷᠢᠨᠰᠢᠭᠦᠯᠵᠦ᠂ ᠠᠵᠢᠯᠲᠠᠨ᠎ᠤ ᠬᠦᠴᠦᠨ ᠵᠶ᠋ᠡᠨ ᠲᠡᠭᠦᠯᠳᠡᠷᠵᠢᠭᠦᠯᠦᠨ᠂ ᠠᠵᠢᠯ᠎ᠤᠨ ᠬᠦᠴᠦᠨ ᠬᠦᠷᠦᠯᠴᠡᠬᠦ ᠦᠭᠡᠢ ᠪᠠᠢ᠌ᠬᠤ ᠵᠡᠷᠭᠡ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠠᠵᠢᠯ᠎ᠤᠨ ᠰᠠᠭᠤᠷᠢ᠎ᠪᠠᠨ ᠪᠡᠬᠢᠵᠢᠭᠦᠯᠵᠦ᠂ ᠲᠤᠰᠠᠯᠠᠬᠤ ᠡᠭᠦᠷᠭᠡ ᠴᠢᠳᠠᠪᠤᠷᠢ᠎ᠪᠠᠨ ᠴᠢᠩᠭ᠋ᠠᠷᠠᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠩᠨᠡᠭᠡ ᠵᠢ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠢ᠌ᠵᠢᠭᠤᠯᠬᠤ᠂ ᠠᠵᠢᠯ ᠮᠡᠷᠭᠡᠵᠢᠯ᠎ᠤᠨ ᠪᠣᠯᠭ᠋ᠠᠬᠤ ᠪᠠᠢ᠌ᠭᠤᠯᠤᠯᠲᠠ᠎ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠵᠢᠨ ᠬᠠᠤᠯᠢᠴᠢ ᠵᠢᠨ ᠬᠢᠷᠢ ᠬᠡᠮ᠎ᠲᠠᠢ ᠪᠤᠶᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠲᠠᠢ ᠠᠵᠢᠯᠲᠠᠨ ᠬᠡᠷᠡᠭ ᠰᠢᠢ᠍ᠳᠪᠦᠷᠢᠯᠡᠬᠦ ᠵᠢ᠎ᠨᠢ ᠵᠣᠷᠢᠭᠵᠢᠭᠤᠯᠤᠨ᠂ ᠬᠠᠤᠯᠢ ᠲᠣᠭᠲᠠᠭ᠋ᠠᠯ ᠶᠣᠰᠣᠭ᠋ᠠᠷ ᠦᠨᠡᠨᠴᠢ ᠢᠲᠡᠭᠡᠮᠵᠢᠲᠡᠢ ᠠᠵᠢᠯ ᠡᠷᠬᠢᠯᠡᠬᠦ ᠵᠢ ᠠᠬᠢᠭᠤᠯᠵᠤ᠂ ᠢᠲᠡᠭᠡᠯ ᠵᠣᠷᠢᠭ᠎ᠨᠢ ᠡᠷᠡᠰ ᠪᠠᠲᠤ᠂ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠢ᠎ᠪᠠᠷ ᠡᠭᠦᠷᠭᠡᠯᠡᠬᠦ᠂ ᠠᠷᠢᠭᠤᠨ ᠴᠢᠬᠡᠴᠢ ᠪᠠᠢ᠌ᠬᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠩᠨᠡᠭᠡ ᠵᠢ ᠴᠢᠷᠮᠠᠢ᠌ᠨ ᠪᠠᠶ᠋ᠢᠭᠤᠯᠬᠤ ᠬᠡᠷᠡᠭᠲᠡᠢ᠃ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠰᠬᠠᠢ ᠰᠡᠳᠦᠪᠲᠦ ᠲᠠᠢ᠌ᠯᠤᠮᠵᠢ᠂ ᠪᠣᠯᠪᠠᠰᠤᠷᠠᠯ᠎ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠰᠤᠷᠤᠯᠴᠠᠯᠭ᠎ᠠ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠢᠯᠲᠠᠨ᠎ᠤ ᠬᠡᠷᠡᠭ ᠰᠢᠢ᠍ᠳᠪᠦᠷᠢᠯᠡᠬᠦ ᠴᠢᠳᠠᠪᠤᠷᠢ ᠪᠣᠯᠣᠨ ᠬᠢᠷᠢ ᠬᠡᠮᠵᠢᠶ᠎ᠡ ᠵᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠬᠤᠳᠠᠯᠳᠤᠨ ᠠᠪᠬᠤ ᠦᠢ᠍ᠯᠡᠴᠢᠯᠡᠭᠡᠨ᠎ᠤ ᠡᠷᠴᠢᠮ᠎ᠢ ᠴᠢᠩᠭ᠋ᠠᠷᠠᠭᠤᠯᠤᠨ᠂ ᠨᠡᠢ᠌ᠭᠡᠮ᠎ᠤᠨ ᠠᠵᠢᠯᠲᠠᠳ᠎ᠢ ᠬᠠᠤᠯᠢ ᠴᠠᠭ᠋ᠠᠵᠠ ᠵᠢᠨ ᠲᠤᠰᠠᠯᠠᠮᠵᠢ᠎ᠳᠤ ᠲᠠᠲᠠᠨ ᠣᠷᠣᠯᠴᠠᠭᠤᠯᠵᠤ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ (ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠵᠡᠷᠭᠡ)᠂ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠳᠣᠣᠷ᠎ᠠ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠬᠤ ᠵᠢ᠎ᠨᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢᠴᠢ ᠵᠢᠨ ᠡᠬᠢ ᠪᠠᠶᠠᠯᠢᠭ ᠳᠤᠲᠠᠭᠳᠠᠵᠤ ᠪᠠᠢ᠌ᠭ᠎ᠠ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠰᠢᠢ᠍ᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ᠎ᠳᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠦᠢ᠍ᠯᠡᠳᠦᠯ᠎ᠢ᠎ᠨᠢ ᠴᠢᠬᠤᠯᠠᠴᠢᠯᠠᠨ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃
(ᠭᠤᠷᠪᠠ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠢᠵᠠᠭ᠋ᠠᠷᠯᠠᠯ᠎ᠢ᠎ᠨᠢ ᠪᠠᠭ᠋ᠠᠰᠬᠠᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠬᠢ ᠪᠠᠶᠠᠯᠢᠭ᠎ᠤᠨ ᠪᠠᠢ᠌ᠳᠠᠯ ᠪᠣᠯᠣᠨ ᠠᠷᠠᠳ ᠢᠷᠭᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ᠎ᠨᠢ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ᠎ᠠᠴᠠ ᠳᠣᠷᠣᠭᠰᠢ ᠪᠠᠢ᠌ᠪᠠᠯ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠤᠷᠬᠤ ᠬᠥᠮᠥᠰ᠎ᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠥᠮᠥᠰ᠎ᠠᠴᠠ ᠣᠷᠣᠯᠭ᠎ᠠ ᠪᠠᠭ᠋ᠠᠲᠠᠢ ᠬᠥᠮᠥᠰ ᠬᠦᠷᠲᠡᠯ᠎ᠡ ᠥᠷᠭᠡᠳᠬᠡᠨ᠂ ᠨᠡᠩ ᠣᠯᠠᠨ ᠬᠦᠴᠢᠷᠳᠡᠯᠲᠡᠢ ᠣᠯᠠᠨ ᠲᠦᠮᠡᠨ᠎ᠳᠤ ᠬᠠᠷᠠᠭ᠋ᠠᠯᠵᠠᠯ ᠦᠵᠡᠭᠦᠯᠭᠦ ᠬᠡᠷᠡᠭᠲᠡᠢ᠃ ᠪᠠᠢ᠌ᠭ᠋ᠠᠯᠢ ᠵᠢᠨ ᠭᠠᠢ ᠭᠠᠮᠰᠢᠭ ᠪᠤᠶᠤ ᠪᠤᠰᠤᠳ ᠳᠠᠪᠠᠰᠢ ᠦᠭᠡᠢ ᠬᠦᠴᠦᠨ ᠵᠡᠷᠭᠡ ᠰᠢᠯᠲᠠᠭ᠋ᠠᠨ᠎ᠠᠴᠠ ᠪᠣᠯᠵᠤ ᠠᠵᠤ ᠠᠬᠤᠢ ᠵᠢᠨ ᠲᠠᠯ᠎ᠠ᠎ᠪᠠᠷ ᠬᠦᠴᠢᠷᠳᠡᠯ᠎ᠲᠠᠢ ᠪᠣᠯᠵᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠵᠠᠷᠤᠳᠠᠯ᠎ᠢ ᠥᠭᠬᠦ ᠴᠢᠳᠠᠯ ᠦᠭᠡᠢ ᠪᠣᠯᠤᠭᠰᠠᠨ ᠪᠠᠢ᠌ᠪᠠᠯ᠂ ᠠᠵᠤ ᠠᠬᠤᠢ᠎ᠨᠢ ᠬᠦᠴᠢᠷᠳᠡᠯᠲᠡᠢᠲᠠᠢᠪᠠᠷ ᠦᠵᠡᠨ᠎ᠡ; ᠣᠨᠴᠠᠭ᠋ᠠᠢ᠂ ᠨᠡᠢ᠌ᠲᠡᠯᠢᠭ ᠬᠡᠷᠡᠭ᠎ᠲᠠᠬᠢ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ ᠵᠢ ᠵᠣᠬᠢᠰᠲᠠᠢ᠎ᠪᠠᠷ ᠠᠭᠤᠵᠢᠭᠤ ᠲᠠᠯᠪᠢᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠴᠢ ᠵᠢᠨ ᠰᠠᠭᠤᠭ᠎ᠠ ᠭᠠᠵᠠᠷ ᠪᠣᠯᠣᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ᠎ᠨᠢ ᠨᠢᠭᠡᠳᠦᠯ ᠦᠭᠡᠢ ᠪᠣᠯ ᠬᠦᠯᠢᠶᠡᠨ ᠠᠪᠴᠤ ᠰᠢᠢ᠍ᠳᠪᠦᠷᠢᠯᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
(ᠳᠥᠷᠪᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶᠡᠨ᠎ᠤ ᠪᠠᠢ᠌ᠭᠤᠯᠤᠯᠲᠠ᠎ᠪᠠᠨ ᠦᠷᠭᠦᠯᠵᠢᠯᠡᠨ ᠥᠷᠭᠡᠵᠢᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠵᠶ᠋ᠠᠨ ᠥᠷᠭᠡᠳᠬᠡᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ ᠵᠶ᠋ᠠᠨ ᠳᠥᠭᠥᠮᠴᠢᠯᠡᠵᠦ᠂ ᠠᠵᠤ ᠠᠬᠤᠢ ᠵᠢᠨ ᠬᠦᠴᠢᠷᠳᠡᠯ᠎ᠢ ᠮᠡᠳᠡᠭᠳᠡᠬᠦ ᠠᠮᠠᠯᠠᠯᠲᠠ ᠵᠢᠨ ᠳᠦᠷᠢᠮ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠪᠠᠢ᠌ᠳᠠᠯ᠎ᠨᠢ ᠪᠠᠴᠢᠮ ᠲᠤᠯᠭ᠋ᠠᠮ ᠪᠣᠯᠬᠤ ᠬᠡᠷᠡᠭ ᠪᠣᠯ ᠤᠷᠢᠳ ᠵᠶ᠋ᠠᠷ ᠬᠦᠯᠢᠶᠡᠨ ᠠᠪᠴᠤ ᠰᠢᠢ᠍ᠳᠪᠦᠷᠢᠯᠡᠨ᠂ ᠳᠠᠷᠠᠭ᠎ᠠ᠎ᠳᠤ᠎ᠨᠢ ᠭᠠᠷᠳᠠᠮ ᠵᠶ᠋ᠠᠨ ᠨᠥᠬᠥᠨ ᠭᠦᠢ᠍ᠴᠡᠳᠬᠡᠵᠦ ᠪᠣᠯᠣᠨ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠣᠨᠳᠣᠣ ᠭᠠᠵᠠᠷ᠎ᠤᠨ ᠬᠠᠮᠵᠢᠯᠴᠠᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠣᠨᠳᠣᠣ ᠭᠠᠵᠠᠷ᠎ᠲᠤ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ᠎ᠳᠤᠨᠢ ᠳᠥᠭᠥᠮ ᠦᠵᠡᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠬᠢᠭᠡᠳ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ ᠵᠢ ᠪᠦᠲᠦᠮᠵᠢᠲᠡᠶ ᠵᠣᠯᠭ᠋ᠠᠭᠤᠯᠬᠤ ᠲᠣᠭᠲᠠᠴᠠ᠎ᠪᠠᠨ ᠪᠦᠷᠢᠨᠰᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠷᠠᠳ᠎ᠲᠤ ᠳᠥᠭᠥᠮ ᠦᠵᠡᠭᠦᠯᠬᠦ ᠠᠵᠢᠯ᠎ᠤᠨ ᠪᠠᠢ᠌ᠩᠭᠤᠵᠢᠬᠤ ᠵᠢ ᠠᠬᠢᠭᠤᠯᠬᠤ ᠬᠡᠷᠡᠭᠲᠡᠢ᠃
(ᠲᠠᠪᠤ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠷᠤᠮᠵᠢᠭᠰᠠᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠰᠢᠨ᠎ᠡ ᠪᠠᠢ᠌ᠳᠠᠯ᠂ ᠰᠢᠨ᠎ᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ ᠰᠢᠢ᠍ᠳᠪᠦᠷᠢᠯᠡᠬᠦ ᠡᠯ᠎ᠡ ᠭᠣᠭᠴᠣᠭ᠋ᠠᠨ᠎ᠳᠠᠬᠢ ᠠᠵᠢᠯ᠎ᠤᠨ ᠳᠡᠰ ᠳᠠᠷᠠᠭ᠋ᠠᠯᠠᠯ᠂ ᠠᠵᠢᠯ᠎ᠤᠨ ᠳᠦᠷᠢᠮ ᠪᠣᠯᠣᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠳᠤ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢᠨ ᠪᠠᠢ᠌ᠴᠠᠭ᠋ᠠᠬᠤ ᠳᠦᠷᠢᠮ᠂ ᠮᠦᠷᠳᠡᠨ ᠳᠠᠭ᠋ᠠᠬᠣ ᠳᠦᠷᠢᠮ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠳᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢᠨ ᠦᠨᠡᠯᠡᠨ ᠵᠢᠱ᠌ᠢᠬᠦ ᠲᠣᠭᠲᠠᠯᠴᠠᠭ᠎ᠠ ᠵᠢ ᠰᠦᠪᠡᠭᠴᠢᠯᠡᠨ ᠪᠠᠢ᠌ᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ᠎ᠳᠤ ᠦᠨᠡᠨ ᠬᠦ᠌ ᠴᠢᠨᠠᠷ ᠰᠠᠢ᠌ᠲᠠᠢ᠂ ᠥᠨᠳᠥᠷ ᠪᠦᠲᠦᠮᠵᠢᠲᠡᠶ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ ᠬᠠᠩᠭ᠋ᠠᠬᠤ ᠬᠡᠷᠡᠭᠲᠡᠢ᠃
ᠳᠥᠷᠪᠡ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠬᠡᠷᠡᠭᠵᠢᠭᠦᠯᠦᠯᠲᠡ ᠵᠢᠨ ᠪᠠᠲᠤᠯᠠᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠤᠨ᠂ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ ᠪᠣᠯᠣᠨ ᠠᠰᠠᠭᠤᠳᠠᠯ᠎ᠢ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠵᠦ᠂ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠬᠤ ᠵᠢᠨ ᠬᠠᠮᠲᠤ ᠨᠠᠢ᠌ᠳᠠᠪᠤᠷᠢᠵᠢᠭᠤᠯᠤᠨ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠷᠢᠯᠴᠠᠨ ᠬᠠᠮᠵᠢᠯᠴᠠᠭᠰᠠᠨ᠂ ᠨᠡᠢ᠌ᠭᠡᠮ᠎ᠤᠨ ᠡᠯ᠎ᠡ ᠡᠲᠡᠭᠡᠳ ᠥᠷᠭᠡᠨ ᠵᠶ᠋ᠡᠷ ᠣᠷᠣᠯᠴᠠᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠪᠠᠢ᠌ᠷᠢᠰᠢᠯ᠎ᠢ ᠦᠨᠡᠨ ᠬᠦ᠌ ᠪᠣᠶ ᠪᠣᠯᠭ᠋ᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠵᠢᠨ ᠪᠣᠳᠠᠲᠠᠢ᠎ᠳᠤ ᠨᠠᠢ᠌ᠳᠠᠪᠤᠷᠢᠵᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
(ᠬᠣᠶᠠᠷ) ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠨᠢ ᠲᠥᠰᠥᠪ ᠵᠶ᠋ᠡᠨ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠨᠠᠢ᠌ᠷᠠᠭᠤᠯᠤᠨ ᠵᠣᠬᠢᠶᠠᠵᠤ᠂ ᠣᠷᠣᠨ ᠨᠤᠲᠤᠭ᠎ᠤᠨ ᠡᠳ᠋᠎ᠤᠨ ᠬᠦᠴᠦᠨ᠎ᠤ ᠪᠠᠢ᠌ᠳᠠᠯ ᠪᠣᠯᠣᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ ᠰᠢᠢ᠍ᠳᠪᠦᠷᠢᠯᠡᠬᠦ ᠲᠣᠭ᠎ᠠ ᠬᠡᠮᠵᠢᠶ᠎ᠡ ᠵᠢ ᠦᠨᠳᠦᠰᠦᠯᠡᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠢ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠳᠤ ᠲᠤᠰᠠᠭ᠋ᠠᠷ ᠲᠣᠭ᠋ᠠᠴᠠᠭ᠎ᠠ ᠬᠢᠬᠦ ᠵᠢ ᠬᠡᠷᠡᠭᠵᠢᠭᠦᠯᠬᠦ ᠬᠡᠷᠡᠭᠲᠡᠢ᠃ ᠵᠠᠷᠤᠳᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠤᠬᠠᠢ᠌ᠯᠠᠭᠰᠠᠨ ᠠᠵᠢᠯ᠎ᠤᠨ ᠵᠠᠷᠤᠳᠠᠯ᠎ᠤᠨ ᠣᠷᠣᠭᠤᠯᠤᠯᠲᠠ ᠵᠢ ᠴᠠᠭ ᠲᠤᠬᠠᠢᠳᠤᠨᠢ ᠲᠣᠬᠢᠷᠠᠭᠤᠯᠤᠨ᠂ ᠡᠷᠡᠭᠦᠦ ᠵᠢᠨ ᠬᠡᠷᠡᠭ᠎ᠤᠨ ᠬᠠᠤᠯᠢᠴᠢ ᠵᠢᠨ ᠦᠮᠦᠭᠯᠡᠯᠲᠡ ᠵᠢ ᠨᠡᠢ᠌ᠳᠡᠮ ᠬᠠᠮᠤᠷᠤᠭᠤᠯᠬᠤ ᠵᠡᠷᠭᠡ ᠰᠢᠨ᠎ᠡ᠎ᠪᠠᠷ ᠨᠡᠮᠡᠭᠳᠡᠭᠰᠡᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ ᠵᠠᠷᠤᠳᠠᠯ᠎ᠤᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠵᠢ ᠴᠢᠩᠳᠠᠯᠠᠵᠤ᠂ ᠵᠠᠷᠤᠳᠠᠯ᠎ᠤᠨ ᠬᠡᠷᠡᠭᠯᠡᠯᠲᠡ ᠵᠢ ᠵᠠᠷᠯᠠᠨ ᠨᠡᠢ᠌ᠲᠡᠯᠡᠬᠦ ᠳᠦᠷᠢᠮ᠎ᠢ ᠪᠠᠢ᠌ᠭᠤᠯᠤᠨ᠂ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠵᠦ᠂ ᠲᠣᠭᠲᠠᠭ᠋ᠠᠯ᠎ᠠᠴᠠ ᠵᠥᠷᠢᠴᠡᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ ᠰᠢᠬᠠᠨ ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠢ᠌ᠭᠤᠯᠤᠮᠵᠢ ᠪᠣᠯᠣᠨ ᠬᠤᠪᠢ ᠬᠥᠮᠥᠨ᠎ᠠᠴᠠ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
(ᠭᠤᠷᠪᠠ ) ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠤᠬᠠᠭᠤᠯᠭ᠎ᠠ ᠵᠢᠨ ᠠᠷᠭ᠎ᠠ ᠮᠠᠶᠢᠭ᠎ᠤᠨ ᠲᠠᠯ᠎ᠠ᠎ᠳᠤ ᠰᠢᠨ᠎ᠡ ᠵᠢ ᠡᠭᠦᠳᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠤᠬᠠᠭᠤᠯᠭ᠎ᠠ ᠵᠢᠨ ᠰᠣᠶᠣᠯ᠎ᠤᠨ ᠪᠦᠲᠦᠭᠡᠭᠳᠡᠬᠦᠨ᠎ᠢ ᠨᠠᠷᠢᠨ ᠨᠢᠮᠪᠠᠢ ᠵᠣᠬᠢᠶᠠᠨ ᠪᠦᠲᠦᠭᠡᠵᠦ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ ᠪᠠᠢ᠌ᠭᠤᠯᠭ᠎ᠠ᠎ᠳᠤ ᠣᠷᠣᠭᠤᠯᠬᠤ᠂ ᠬᠥᠳᠡᠭᠡ ᠲᠣᠰᠬᠣᠨ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠨᠢᠭᠡᠴᠢ᠎ᠳᠤ ᠣᠷᠤᠭᠤᠯᠬᠤ ᠪᠠ ᠭᠡᠷ ᠪᠦᠯᠢ᠎ᠳᠤ ᠣᠷᠣᠭᠤᠯᠬᠤ ᠵᠢ ᠠᠬᠢᠭᠤᠯᠵᠤ᠂ ᠬᠠᠤᠯᠢ ᠴᠠᠭ᠋ᠠᠵᠠ ᠵᠢ ᠤᠯᠠᠨ ᠲᠦᠮᠡᠨ᠎ᠤ ᠳᠡᠷᠭᠡᠳᠡ ᠬᠦᠷᠭᠡᠵᠦ᠂ ᠤᠯᠠᠨ ᠲᠦᠮᠡᠨ᠎ᠤ ᠴᠠᠭ ᠲᠤᠬᠠᠢᠳᠤᠨᠢ ᠬᠠᠤᠯᠢ ᠴᠠᠭ᠋ᠠᠵᠠ ᠵᠢᠨ ᠲᠤᠰᠠᠯᠠᠮᠵᠢ ᠬᠦᠷᠲᠡᠬᠦ᠎ᠳᠤ ᠲᠦᠬᠦᠮ ᠦᠵᠡᠭᠦᠯᠬᠦ ᠬᠡᠷᠡᠭᠲᠡᠢ᠃ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠵᠢᠨ ᠠᠵᠢᠯ᠎ᠤᠨ ᠭᠣᠣᠯᠳᠠᠯᠭ᠎ᠠ ᠪᠣᠯᠬᠣ ᠠᠭᠤᠯᠭ᠎ᠠ᠎ᠳᠤ ᠣᠷᠣᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠲᠣᠭᠲᠠᠴᠠ ᠵᠢ ᠪᠠᠢ᠌ᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠯᠢᠭᠡᠷ ᠶᠠᠪᠤᠳᠠᠯ᠎ᠢ ᠰᠠᠢ᠌ᠲᠤᠷ ᠶᠠᠷᠢᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠢ ᠪᠣᠳᠠᠲᠠᠢ᠌ᠵᠢᠭᠤᠯᠤᠨ ᠦᠷ᠎ᠡ ᠪᠦᠳᠣᠮᠵᠢ ᠭᠠᠷᠭ᠋ᠠᠬᠤ᠎ᠳᠤ᠎ᠨᠢ ᠰᠠᠢ᠌ᠨ ᠰᠠᠢ᠌ᠬᠠᠨ ᠣᠷᠴᠢᠨ ᠠᠬᠤᠢ ᠵᠢ ᠪᠣᠶ ᠪᠣᠯᠭ᠋ᠠᠬᠤ ᠬᠡᠷᠡᠭᠲᠡᠢ᠃
ᠲᠣᠰ 《ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2010] 9 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
2023 ᠣᠨ᠎ᠤ 2 ᠳ᠋ᠤᠭ᠋ᠠᠷ ᠰᠠᠷ᠎ᠠ ᠵᠢᠨ 16᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)