ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠨ᠎ᠤ ᠣᠯᠣᠰ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠬᠦᠨᠵᠡᠭᠡᠢ᠌ᠷᠡᠯ
ᠨᠡᠶ᠋ᠢᠲᠡᠯᠡᠭᠰᠡᠨ ᠴᠠᠭ᠄ 2015-01-26


          ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠰᠢᠨ᠎ᠡ ᠠᠶᠠᠨ
     2014 ᠤᠨ᠎ᠤ 9 ᠰᠠᠷ᠎ᠠ ᠵᠢᠨ 3᠎ᠤ ᠡᠳᠦᠷ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ 《ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠲᠤᠬᠠᠢ ᠰᠠᠨᠠᠯ》 (ᠲᠤᠷᠤᠭᠰᠢ 《ᠬᠡᠷᠡᠭᠵᠢᠬᠦᠯᠬᠦ ᠰᠠᠨᠠᠯ》 ᠭᠡᠵᠤ ᠲᠦᠬᠦᠮᠴᠢᠯᠡᠨ᠎ᠡ)᠎ᠢ ᠨᠡᠢ᠌ᠳᠡᠯᠡᠪᠡ᠃   ᠡᠨᠡ᠎ᠨᠢ ᠮᠠᠨ᠎ᠤ ᠣᠯᠤᠰ᠎ᠤᠨ ᠰᠤᠷᠭ᠋ᠠᠨ ᠬᠦᠮᠦᠵᠢᠯ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠰᠢᠨ᠎ᠡ ᠨᠢᠭᠡᠨ ᠡᠭᠡᠯᠵᠢ ᠵᠢᠨ ᠦᠭᠡᠷᠡᠴᠢᠯᠡᠯᠳᠡ ᠡᠬᠢᠯᠡᠵᠤ᠂ ᠰᠤᠷᠭ᠋ᠠᠨ ᠬᠦᠮᠦᠵᠢᠯ᠎ᠤᠨ ᠶᠡᠷᠦᠩᠭᠡᠢ᠌ᠯᠡᠭᠰᠡᠨ ᠦᠭᠡᠷᠡᠴᠢᠯᠡᠯᠳᠡ ᠴᠤ᠌ ᠰᠢᠨ᠎ᠡ ᠠᠯᠬᠤᠮ ᠵᠶ᠋ᠡᠨ ᠡᠬᠢᠯᠡᠬᠦᠯᠦᠭᠰᠡᠨ᠎ᠢ ᠬᠠᠷᠠᠭᠤᠯᠵᠤ ᠪᠤᠢ᠃
      ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠮᠠᠨ᠎ᠤᠨ ᠤᠯᠤᠰ᠎ᠤᠨ ᠰᠤᠷᠭ᠋ᠠᠨ ᠬᠦᠮᠦᠵᠢᠯ᠎ᠤᠨ ᠦᠨᠳᠦᠰᠦᠨ ᠲᠦᠷᠢᠮ ᠪᠤᠯᠤᠨ᠎ᠠ᠃ ᠶᠠᠮᠠᠷᠰᠢᠤ ᠪᠠᠷᠢᠮᠵᠢᠶ᠎ᠠ᠎ᠪᠠᠷ ᠴᠢᠳᠠᠪᠤᠷᠢᠳᠠᠨ᠎ᠢ ᠰᠤᠩᠭᠤᠬᠤ ᠪᠤᠢ? ᠶᠠᠭ᠋ᠠᠬᠢᠵᠤ ᠰᠤᠩᠭᠤᠬᠤ ᠪᠤᠢ? ᠡᠨᠡ᠎ᠨᠢ ᠰᠤᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠨᠦᠯᠦᠭᠡᠯᠡᠬᠦ᠎ᠪᠠᠷ ᠪᠠᠷᠠᠬᠤ ᠦᠭᠡᠢ ᠨᠡᠩ ᠴᠤ᠌ ᠰᠤᠷᠭ᠋ᠠᠨ ᠬᠦᠮᠦᠵᠢᠯ᠎ᠤᠨ ᠦᠨᠡᠯᠡᠯᠳᠡ᠂ ᠴᠢᠳᠠᠪᠤᠷᠢᠳᠠᠨ᠎ᠤ ᠰᠢᠯᠭ᠋ᠠᠷᠠᠭᠤᠯᠤᠯᠳᠠ᠎ᠳᠤ ᠲᠠᠭᠤᠷᠢᠶᠠᠯ ᠱᠤᠭᠤᠨ ᠦᠭᠴᠤ᠂ ᠰᠤᠷᠭ᠋ᠠᠨ ᠬᠦᠮᠦᠵᠢᠯ᠂ ᠵᠢᠭ᠋ᠠᠨ ᠰᠤᠷᠭ᠋ᠠᠯᠳᠠ ᠪᠤᠯᠤᠨ ᠴᠢᠳᠠᠪᠤᠷᠢᠳᠠᠨ᠎ᠢ ᠬᠦᠮᠦᠵᠢᠬᠦᠯᠬᠦ᠎ᠳᠤ ᠮᠠᠰᠢ ᠴᠢᠬᠤᠯᠠ ᠬᠦᠴᠦᠨ ᠪᠦᠬᠦᠢ ᠬᠦᠲᠦᠯᠦᠮᠵᠢ ᠵᠢᠨ ᠦᠢ᠍ᠯᠡᠳᠦᠯ ᠦᠵᠡᠬᠦᠯᠬᠦ ᠪᠤᠯᠤᠨ᠎ᠠ᠃ ᠤᠳᠤ ᠵᠢᠨ ᠬᠡᠷᠡᠭᠵᠢᠬᠦᠯᠵᠤ ᠪᠠᠢ᠌ᠭ᠎ᠠ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠨᠢ ᠰᠤᠷᠤᠭᠴᠢ ᠵᠢ ᠪᠦᠬᠦ ᠲᠠᠯ᠎ᠠ᠎ᠪᠠᠷ ᠬᠢᠨᠠᠨ ᠰᠢᠯᠭ᠋ᠠᠵᠤ ᠦᠨᠡᠯᠡᠬᠦ ᠵᠢ ᠱᠠᠭ᠋ᠠᠷᠳᠠᠵᠤ ᠪᠠᠢ᠌ᠭ᠎ᠠ ᠪᠤᠯᠪᠠᠴᠤ ᠵᠠᠷᠢᠮ ᠲᠠᠯ᠎ᠠ ᠵᠢᠨ ᠲᠦᠷᠢᠮ ᠢᠯᠡᠩᠭᠤᠶ᠎ᠠ ᠢᠳᠡᠭᠡᠮᠵᠢᠳᠤ ᠲᠦᠷᠢᠮ᠎ᠤᠨ ᠲᠤᠳᠠᠭᠤ ᠲᠤᠷᠭᠤᠨ᠎ᠠᠴᠠ ᠪᠤᠯᠵᠤ ᠪᠤᠳᠠᠳᠤ ᠬᠡᠷᠡᠭᠯᠡᠭᠡᠨ᠎ᠤ ᠶᠠᠪᠤᠴᠠ᠎ᠳᠤ ᠰᠢᠯᠭ᠋ᠠᠯᠳᠠ ᠵᠢᠨ ᠬᠤᠪᠢ ᠵᠢᠨ ᠡᠷᠬᠡ ᠵᠢᠨ ᠬᠦᠨᠳᠦᠴᠡ ᠤᠯᠠᠮ ᠵᠶ᠋ᠡᠷ ᠴᠢᠬᠤᠯᠠᠴᠢᠯᠠᠭᠳᠠᠨ᠂ ᠰᠢᠯᠭ᠋ᠠᠯᠳᠠ ᠵᠢᠨ ᠬᠤᠪᠢ᠎ᠨᠢ ᠴᠢᠳᠠᠪᠤᠷᠢᠳᠠᠨ᠎ᠢ ᠰᠤᠩᠭᠤᠨ ᠰᠢᠯᠭ᠋ᠠᠷᠠᠭᠤᠯᠵᠤ ᠡᠯᠰᠡᠬᠦ ᠴᠤᠷ᠎ᠤᠨ ᠭᠠᠭᠴᠠ ᠡᠰᠢ ᠪᠠᠷᠢᠮᠳᠠ ᠪᠤᠯᠪᠠ᠂ ᠮᠦᠨ ᠡᠬᠦᠨ᠎ᠠᠴᠠ ᠪᠤᠯᠵᠤ ᠰᠤᠷᠭ᠋ᠠᠭᠤᠯᠢ ᠲᠠᠪᠰᠢᠬᠦ ᠦᠷᠢᠰᠦᠯᠳᠦᠭᠡᠨ᠎ᠨᠢ ᠤᠯᠠᠷᠢᠨ ᠬᠤᠪᠢᠷᠠᠭ᠋ᠠᠳ 《ᠬᠤᠪᠢ ᠨᠢᠭᠡᠪᠦᠷᠢ》 ᠵᠢ ᠬᠦᠭᠡᠭᠡᠴᠡᠯᠳᠦᠬᠦ ᠦᠷᠢᠰᠦᠯᠳᠦᠭᠡᠨ ᠪᠤᠯᠤᠭᠰᠠᠨ ᠪᠠᠢ᠌ᠨ᠎ᠠ᠃ ᠡᠨᠡ᠎ᠨᠢ ᠰᠠᠭᠤᠷᠢ ᠰᠤᠷᠭ᠋ᠠᠨ ᠬᠦᠮᠦᠵᠢᠯ᠎ᠳᠤ ᠬᠦᠨᠳᠤ ᠨᠤᠴᠢᠳᠠᠢ ᠦᠷ᠎ᠡ ᠳ᠋ᠦᠩ ᠠᠪᠴᠢᠷᠠᠭᠰᠠᠨ᠎ᠨᠢ ᠶᠠᠷᠢᠶᠠᠨ ᠦᠭᠡᠢ᠃ ᠰᠤᠷᠭ᠋ᠠᠭᠤᠯᠢ ᠲᠠᠪᠰᠢᠬᠦ ᠬᠤᠷᠴᠠ ᠰᠢᠷᠦᠬᠦᠨ ᠦᠷᠢᠰᠦᠯᠳᠦᠭᠡᠨ ᠪᠤᠯᠤᠨ ᠠᠰᠢᠭ ᠬᠠᠷᠠᠭᠰᠠᠨ ᠰᠤᠷᠭ᠋ᠠᠨ ᠬᠦᠮᠦᠵᠢᠯ᠎ᠤᠨ ᠨᠦᠯᠦᠭᠡᠯᠡᠯ ᠲᠤᠤᠷ᠎ᠠ᠂ 《ᠶᠠᠭᠤ ᠵᠢ ᠰᠢᠯᠭ᠋ᠠᠪᠠᠯ ᠶᠠᠭᠤ ᠵᠢ ᠵᠢᠭ᠋ᠠᠬᠤ》 ᠰᠢᠯᠭ᠋ᠠᠯᠳᠠ ᠵᠢ ᠠᠷᠭ᠋ᠠᠴᠠᠬᠤ ᠰᠤᠷᠭ᠋ᠠᠨ ᠬᠦᠮᠦᠵᠢᠯ᠎ᠨᠢ ᠤᠷᠳᠤ ᠬᠤᠭᠤᠴᠠᠭ᠎ᠠ᠎ᠪᠠᠷ ᠵᠠᠰᠠᠷᠠᠰᠢ ᠦᠭᠡᠢ ᠠᠷᠬᠠᠭ ᠬᠡᠮ ᠪᠤᠯᠵᠤ᠂ ᠰᠤᠷᠤᠭᠴᠢ ᠵᠢᠨ ᠦᠵᠡᠯ ᠰᠠᠨᠠᠭ᠎ᠠ ᠶᠤᠰᠤ ᠰᠤᠷᠳᠠᠬᠤᠨ᠂ ᠭᠤᠸ᠎ᠠ ᠰᠠᠢ᠌ᠬᠠᠨ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ ᠵᠢᠨ ᠬᠦᠭᠵᠢᠯᠳᠡ ᠪᠤᠯᠤᠨ ᠦᠢ᠍ᠯᠡᠳᠦᠯᠭᠡ ᠵᠢᠨ ᠴᠢᠳᠠᠪᠤᠷᠢ ᠵᠢ ᠬᠦᠮᠦᠵᠢᠬᠦᠯᠬᠦ ᠵᠢ ᠤᠮᠳᠠᠭ᠋ᠠᠢ᠌ᠯᠠᠨ᠂ ᠶᠡᠭᠡ ᠬᠡᠮᠵᠢᠶᠡᠨ᠎ᠤ ᠴᠠᠭ ᠵᠶ᠋ᠡᠨ ᠲᠠᠪᠳᠠᠬᠤ ᠪᠠ 《ᠰᠡᠳᠦᠪ᠎ᠤᠨ ᠲᠠᠯᠠᠢ ᠵᠢ ᠰᠢᠪᠳᠤᠯᠬᠤ》 ᠲᠡᠭᠡᠷ᠎ᠡ ᠵᠠᠷᠤᠴᠠᠭᠤᠯᠤᠭ᠋ᠠᠳ᠂ ᠰᠤᠷᠤᠭᠴᠢ ᠵᠢᠨ ᠰᠡᠳᠬᠢᠬᠦ ᠴᠢᠳᠠᠪᠤᠷᠢ ᠪᠤᠯᠤᠨ ᠡᠬᠦᠳᠦᠯᠳᠡ ᠵᠢᠨ ᠴᠢᠳᠠᠪᠤᠷᠢ ᠵᠢᠨ ᠬᠦᠭᠵᠢᠯᠳᠡ ᠵᠢ ᠬᠠᠷᠰᠢᠯᠠᠭᠰᠠᠨ ᠪᠠᠢ᠌ᠨ᠎ᠠ᠃ ᠡᠢ᠌ᠮᠦᠷᠬᠦ ᠠᠬᠤᠢ ᠪᠠᠢ᠌ᠳᠠᠯ ᠲᠤᠤᠷ᠎ᠠ᠂ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠨᠢ ᠨᠢᠭᠡᠨᠳᠡ ᠰᠤᠷᠭ᠋ᠠᠨ ᠬᠦᠮᠦᠵᠢᠯ᠎ᠤᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠴᠢᠬᠤᠯᠠ ᠰᠢᠪᠳᠤᠯᠤᠯᠳᠠ ᠪᠤᠯᠵᠤ᠂ ᠡᠨᠡᠬᠦ ᠬᠠᠴᠢᠨ ᠠᠬᠤᠢ ᠪᠠᠢ᠌ᠳᠠᠯ᠎ᠠᠴᠠ ᠠᠯᠬᠤᠨ ᠭᠠᠷᠬᠤ ᠵᠢ ᠪᠠᠴᠢᠮ ᠲᠤᠯᠭ᠋ᠠᠮ᠎ᠠ ᠱᠠᠭ᠋ᠠᠷᠳᠠᠨ᠂ ᠲᠡᠯᠡᠭᠡᠢ ᠨᠡᠢ᠌ᠳᠡ ᠵᠢᠨ ᠦᠷᠢᠰᠦᠯᠳᠦᠭᠡᠨ ᠪᠤᠯᠤᠨ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠤᠬᠢᠴᠠᠭᠰᠠᠨ ᠴᠢᠳᠠᠪᠤᠷᠢᠳᠠᠨ᠎ᠢ ᠬᠦᠮᠦᠵᠢᠬᠦᠯᠬᠦ ᠵᠠᠭᠪᠤᠷ᠎ᠢ ᠡᠬᠦᠳᠦᠨ ᠰᠢᠨᠡᠳᠭᠡᠬᠦ᠎ᠳᠤ ᠵᠠᠮ ᠲᠡᠪᠢᠰᠴᠤ ᠦᠭᠬᠦ ᠬᠡᠷᠡᠭᠳᠡᠢ ᠪᠤᠯᠵᠠᠢ᠃ ᠡᠢ᠌ᠮᠤ ᠪᠠᠴᠢᠮ ᠵᠠᠨᠭ᠌ᠬᠢᠯᠠᠭ᠎ᠠ ᠵᠢᠨ ᠦᠶ᠎ᠡ᠎ᠳᠤ᠂ ᠮᠠᠨ᠎ᠤ ᠤᠯᠤᠰ 《ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠲᠤᠬᠠᠢ ᠰᠠᠨᠠᠯ》᠎ᠢ ᠨᠡᠢ᠌ᠳᠡᠯᠡᠵᠤ᠂ ᠰᠤᠷᠭ᠋ᠠᠨ ᠬᠦᠮᠦᠵᠢᠯ᠎ᠤᠨ ᠬᠦᠷᠢᠶᠠᠨ᠎ᠤ ᠶᠡᠷᠦᠩᠭᠡᠢ᠌ᠯᠡᠭᠰᠡᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ᠎ᠳᠤ ᠴᠢᠬᠤᠯᠠ ᠨᠢᠭᠡ ᠠᠯᠬᠤᠮ ᠵᠶ᠋ᠡᠨ ᠠᠯᠬᠤᠭᠰᠠᠨ ᠪᠠᠢ᠌ᠨ᠎ᠠ᠃
     《ᠬᠡᠷᠡᠭᠵᠢᠬᠦᠯᠬᠦ ᠰᠠᠨᠠᠯ》 ᠪᠤᠯ ᠤᠯᠠᠨ ᠵᠢᠯ᠎ᠤᠨ ᠦᠭᠡᠷᠡᠴᠢᠯᠡᠯᠳᠡ ᠵᠢᠨ ᠦᠢ᠍ᠯᠡᠳᠦᠯᠭᠡ ᠵᠢᠨ ᠰᠠᠭᠤᠷᠢ ᠲᠡᠭᠡᠷ᠎ᠡ ᠪᠤᠢ ᠪᠤᠯᠤᠭᠰᠠᠨ ᠪᠦᠬᠦᠳᠡ ᠤᠯᠠᠨ᠎ᠤ ᠤᠶᠤᠨ᠎ᠤ ᠲᠠᠯᠠᠰ ᠪᠤᠯᠬᠤ ᠪᠦᠭᠡᠳ ᠨᠠᠮ᠎ᠤᠨ ᠲᠦᠪ ᠬᠤᠷᠢᠶ᠎ᠠ᠎ᠠᠴᠠ ᠲᠤᠷᠠᠳᠤᠭᠰᠠᠨ ᠦᠵᠦ ᠲᠦᠯᠦᠪᠯᠡᠭᠡ ᠪᠤᠯᠬᠤ ᠶᠤᠮ᠃ ᠦᠭᠡᠷᠡᠴᠢᠯᠡᠯᠳᠡ ᠵᠢ ᠠᠬᠢᠭᠤᠯᠵᠤ ᠬᠡᠷᠡᠭᠵᠢᠬᠦᠯᠬᠦ ᠶᠠᠪᠤᠴᠠ᠎ᠳᠤ ᠮᠠᠰᠢ ᠤᠯᠠᠨ ᠰᠢᠨ᠎ᠡ ᠠᠰᠠᠭᠤᠳᠠᠯ ᠪᠤᠯᠤᠨ ᠬᠦᠴᠢᠷᠳᠡᠯ ᠲᠤᠯᠭ᠋ᠠᠷᠠᠬᠤ᠎ᠨᠢ ᠶᠠᠷᠢᠶᠠᠨ ᠦᠭᠡᠢ᠂ ᠬᠡᠪᠡᠴᠤ ᠡᠨᠡ᠎ᠨᠢ ᠪᠦᠬᠦ ᠤᠯᠤᠰ ᠪᠤᠯᠤᠨ ᠡᠯ᠎ᠡ ᠱᠠᠳᠤᠨ᠎ᠤ ᠵᠠᠰᠠᠭ᠎ᠤᠨ ᠤᠷᠳᠤᠨ᠎ᠢ ᠲᠠᠢ᠌ᠴᠢᠯᠡᠨ ᠦᠭᠡᠷᠡᠴᠢᠯᠡᠯᠳᠡ ᠵᠢ ᠭᠤᠢ᠌ᠪᠢᠰᠢ ᠦᠭᠡᠢ ᠯᠠᠪᠳᠠᠭᠤᠨ ᠵᠶ᠋ᠡᠷ ᠠᠬᠢᠭᠤᠯᠤᠨ᠂ ᠮᠠᠨ᠎ᠤ ᠤᠯᠤᠰ᠎ᠤᠨ ᠰᠤᠷᠭ᠋ᠠᠨ ᠬᠦᠮᠦᠵᠢᠯ᠎ᠤᠨ ᠦᠢ᠍ᠯᠡᠰ ᠪᠤᠯᠤᠨ ᠨᠡᠢ᠌ᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠠᠯᠤᠰ ᠬᠡᠳᠤ ᠵᠢᠨ ᠨᠦᠯᠦᠭᠡ ᠦᠵᠡᠬᠦᠯᠬᠦ᠎ᠨᠢ ᠵᠠᠢ᠌ᠯᠠᠰᠢ ᠦᠭᠡᠢ᠃ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠰᠡᠷᠬᠦᠭᠡᠭᠰᠡᠨ᠎ᠨᠢ ᠵᠠᠯᠠᠭᠤ ᠨᠢᠭᠡ ᠦᠶ᠎ᠡ ᠵᠢᠨ᠎ᠬᠢᠨ᠎ᠳᠤ ᠬᠤᠪᠢ ᠵᠠᠶᠠᠭ᠎ᠠ᠎ᠪᠠᠨ ᠬᠤᠪᠢᠷᠠᠭᠤᠯᠬᠤ ᠠᠵᠠ ᠲᠤᠬᠢᠶᠠᠯ ᠬᠠᠩᠭ᠋ᠠᠵᠤ᠂ ᠮᠡᠳᠡᠯᠭᠡ ᠰᠤᠷᠬᠤ ᠵᠢ ᠬᠦᠭᠡᠭᠡᠴᠡᠯᠳᠦᠨ᠂ ᠰᠢᠷᠭ᠋ᠠᠭᠤ ᠬᠠᠳᠠᠭᠤᠵᠢᠯᠳᠠᠢ ᠰᠤᠷᠤᠯᠴᠠᠬᠤ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠭᠰᠠᠨ ᠪᠢᠯᠡ᠃ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠰᠢᠨ᠎ᠡ ᠦᠭᠡᠷᠡᠴᠢᠯᠡᠯᠳᠡ᠎ᠨᠢ ᠰᠢᠨ᠎ᠡ ᠵᠠᠭᠤᠨ᠎ᠤ ᠰᠢᠨ᠎ᠡ ᠨᠢᠭᠡ ᠦᠶ᠎ᠡ ᠵᠢᠨ᠎ᠬᠢᠨ᠎ᠳᠤ ᠴᠢᠳᠠᠪᠤᠷᠢᠳᠠᠨ ᠪᠤᠯᠬᠤ ᠶᠠᠪᠤᠴᠠ᠎ᠳᠠᠭᠠᠨ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠤᠯᠠᠨ ᠤᠳᠠᠭ᠎ᠠ ᠵᠢᠨ ᠰᠤᠩᠭᠤᠯᠳᠠ ᠬᠢᠬᠦ ᠠᠷᠭ᠎ᠠ ᠵᠠᠮ᠎ᠢ ᠬᠠᠩᠭ᠋ᠠᠨ ᠦᠭᠬᠦ ᠪᠠ ᠨᠠᠰᠤᠨ ᠲᠤᠷᠰᠢᠳᠠ ᠰᠤᠷᠤᠯᠴᠠᠬᠤ 《ᠵᠦᠷᠢᠯᠢᠭ ᠬᠦᠬᠦᠷᠭᠡ》 ᠵᠢ ᠲᠡᠪᠢᠰᠴᠤ᠂ ᠬᠦᠮᠦᠨ ᠪᠦᠬᠦᠨ ᠴᠢᠳᠠᠪᠤᠷᠢᠳᠠᠨ ᠪᠤᠯᠬᠤ᠂ ᠴᠢᠳᠠᠪᠤᠷᠢᠳᠠᠨ ᠲᠠᠬᠢᠨ ᠵᠶ᠋ᠡᠷ ᠴᠤᠯᠭᠤᠷᠠᠨ ᠭᠠᠷᠬᠤ ᠰᠢᠨ᠎ᠡ ᠪᠠᠢ᠌ᠳᠠᠯ᠎ᠢ ᠤᠭᠳᠤᠨ ᠠᠪᠴᠢᠷᠠᠬᠤ ᠵᠢ ᠪᠢᠳᠠ ᠬᠦᠰᠡᠨ ᠬᠦᠯᠢᠶᠡᠵᠤ ᠪᠠᠢ᠌ᠭ᠎ᠠ ᠪᠦᠭᠡᠳ ᠢᠳᠡᠭᠡᠵᠤ ᠪᠠᠢ᠌ᠨ᠎ᠠ᠃
      ᠰᠤᠷᠭ᠋ᠠᠨ ᠬᠦᠮᠦᠵᠢᠯ᠎ᠤᠨ ᠬᠦᠷᠢᠶᠠᠨ᠎ᠤ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠰᠢᠨ᠎ᠡ ᠲᠠᠪᠠᠯᠳᠠ
      ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠬᠦᠮᠦᠰ ᠶᠡᠷᠦᠳᠡᠭᠡᠨ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠲᠤᠬᠢᠭᠤᠷ ᠮᠤᠳᠤ ᠭᠡᠵᠤ ᠦᠵᠡᠳᠡᠭ᠃ ᠰᠢᠯᠭ᠋ᠠᠯᠳᠠ ᠵᠢᠨ ᠲᠦᠷᠢᠮ᠎ᠢ ᠦᠭᠡᠷᠡᠴᠢᠯᠡᠬᠦ ᠦᠭᠡᠢ ᠪᠤᠯ ᠬᠡᠪ ᠴᠢᠨᠠᠡᠷ᠎ᠤᠨ ᠰᠤᠷᠭ᠋ᠠᠨ ᠬᠦᠮᠦᠵᠢᠯ᠎ᠢ ᠠᠬᠢᠭᠤᠯᠬᠤ ᠵᠢᠨ ᠠᠷᠭ᠎ᠠ ᠦᠭᠡᠢ ᠭᠡᠵᠤ   ᠤᠯᠠᠩᠬᠢ ᠰᠤᠷᠭ᠋ᠠᠭᠤᠯᠢ ᠵᠢᠨ ᠵᠠᠬᠢᠷᠤᠯ ᠪᠤᠯᠤᠨ ᠪᠠᠭᠰᠢ ᠨᠠᠷ ᠶᠠᠷᠢᠨ᠎ᠠ᠃ ᠲᠡᠢ᠌ᠮᠦ᠎ᠠᠴᠠ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠨᠢ ᠰᠤᠷᠭ᠋ᠠᠨ ᠬᠦᠮᠦᠵᠢᠯ᠎ᠤᠨ ᠬᠦᠷᠢᠶᠠᠨ᠎ᠤ ᠶᠡᠷᠦᠨᠭᠭᠡᠢ᠌ᠯᠡᠭᠰᠡᠨ ᠦᠭᠡᠷᠡᠴᠢᠯᠡᠯᠳᠡ ᠵᠢᠨ ᠭᠤᠤᠯᠳᠠᠯᠭ᠎ᠠ ᠪᠤᠯᠬᠤ ᠲᠤᠯᠠ ᠰᠤᠷᠭ᠋ᠠᠨ ᠬᠦᠮᠦᠵᠢᠯ᠎ᠤᠨ ᠬᠦᠷᠢᠶᠡᠨ᠎ᠤ ᠦᠭᠡᠷᠡᠴᠢᠯᠡᠯᠳᠡ ᠪᠤᠯᠤᠨ ᠬᠦᠭᠵᠢᠯᠳᠡ ᠵᠢ ᠠᠬᠢᠭᠤᠯᠬᠤ᠎ᠨᠢ ᠵᠠᠢ᠌ᠯᠠᠰᠢ ᠦᠭᠡᠢ᠃
      ᠡᠨᠡ ᠤᠳᠠᠭ᠎ᠠ ᠵᠢᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠶᠡᠷᠦᠩᠭᠡᠢ ᠬᠠᠷᠠᠯᠳᠠ ᠪᠤᠯ ᠲᠦᠷᠦᠯ ᠬᠤᠪᠢᠶᠠᠨ ᠰᠢᠯᠭ᠋ᠠᠯᠳᠠ ᠬᠢᠬᠦ᠂ ᠶᠡᠷᠦᠩᠭᠡᠢ᠌ᠯᠡᠨ ᠦᠨᠡᠯᠡᠬᠦ᠂ ᠤᠯᠠᠨ ᠠᠷᠭ᠎ᠠ ᠵᠠᠮ ᠵᠶ᠋ᠡᠷ ᠰᠤᠷᠤᠭᠴᠢ ᠡᠯᠰᠡᠬᠦ ᠵᠠᠭᠪᠤᠷ᠎ᠢ ᠪᠦᠷᠢᠯᠳᠦᠬᠦᠯᠵᠤ᠂ ᠴᠢᠳᠠᠪᠤᠷᠢᠳᠠᠨ᠎ᠢ ᠡᠷᠭᠡ ᠲᠡᠭᠰᠢ᠂ ᠰᠢᠨᠵᠢᠯᠡᠬᠦ ᠤᠬᠠᠭ᠋ᠠᠨᠴᠢ᠎ᠪᠠᠷ ᠰᠤᠩᠭᠤᠨ ᠰᠢᠯᠭ᠋ᠠᠷᠠᠭᠤᠯᠬᠤ ᠵᠢ ᠠᠬᠢᠭᠤᠯᠤᠨ᠂ ᠬᠢᠨᠠᠯᠳᠠ ᠲᠠᠯᠪᠢᠯᠳᠠ᠎ᠨᠢ ᠡᠷᠴᠢᠮᠯᠢᠭ ᠪᠠᠢ᠌ᠭᠤᠯᠤᠮᠵᠢ ᠵᠢᠨ ᠲᠤᠭᠳᠠᠴᠠ ᠵᠢ ᠪᠠᠢ᠌ᠭᠤᠯᠵᠤ᠂ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠭ᠋ᠠᠨ ᠬᠦᠮᠦᠵᠢᠯ ᠬᠠᠷᠢᠯᠴᠠᠨ ᠤᠶᠠᠯᠳᠤᠵᠤ ᠵᠠᠯᠭ᠋ᠠᠯᠳᠤᠬᠤ ᠵᠢ ᠪᠡᠶᠡᠯᠡᠬᠦᠯᠦᠨ᠂ ᠤᠯᠠᠨ ᠠᠷᠭ᠎ᠠ ᠬᠡᠯᠪᠡᠷᠢ᠎ᠪᠠᠷ ᠰᠤᠷᠤᠯᠴᠠᠭᠰᠠᠨ ᠰᠤᠷᠤᠯᠭ᠎ᠠ ᠵᠢᠨ ᠬᠢᠷᠢ ᠪᠦᠳᠦᠮᠵᠢ ᠵᠢ ᠮᠡᠳᠡᠷᠡᠭᠰᠡᠨ ᠨᠠᠰᠤᠨ ᠲᠤᠷᠰᠢᠳᠠ ᠰᠤᠷᠤᠯᠴᠠᠬᠤ ᠵᠦᠷᠢᠯᠢᠭ ᠬᠦᠬᠦᠷᠭᠡ ᠵᠢ ᠪᠠᠢ᠌ᠭᠤᠯᠬᠤ ᠪᠤᠯᠤᠨ᠎ᠠ᠃ ᠡᠨᠡᠬᠦ ᠶᠡᠷᠦᠩᠭᠡᠢ ᠬᠠᠷᠠᠯᠳᠠ ᠵᠢ ᠦᠨᠳᠦᠰᠦᠯᠡᠪᠡᠯ ᠡᠢ᠌ᠮᠦ ᠬᠡᠳᠦᠨ ᠵᠦᠢ᠍ᠯ᠎ᠤᠨ ᠴᠢᠬᠤᠯᠠ ᠶᠡᠭᠡ ᠦᠭᠡᠷᠡᠴᠢᠯᠡᠯᠳᠡ ᠵᠢ ᠬᠢᠬᠦ ᠪᠤᠯᠤᠨ᠎ᠠ᠃
      ᠨᠢᠭᠡ  ᠂ ᠦᠨᠡᠯᠡᠯᠳᠡ ᠵᠢᠨ ᠲᠦᠷᠢᠮ᠎ᠢ ᠦᠭᠡᠷᠡᠴᠢᠯᠡᠨ᠎ᠡ᠃ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ᠎ᠳᠤ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠪᠤᠯᠤᠨ ᠶᠡᠷᠦᠩᠭᠡᠢ᠌ᠯᠡᠭᠰᠡᠨ ᠬᠡᠪ ᠴᠢᠨᠠᠷ᠎ᠤᠨ ᠦᠨᠡᠯᠡᠯᠳᠡ ᠵᠢ ᠬᠡᠷᠡᠭᠵᠢᠬᠦᠯᠦᠨ᠎ᠡ᠃ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ᠎ᠳᠤ᠂ ᠨᠢᠭᠡ ᠬᠢᠴᠢᠶᠡᠯ ᠲᠦᠷᠦᠯ᠎ᠢ ᠰᠤᠷᠤᠭ᠋ᠠᠳ ᠪᠠᠷᠠᠪᠠᠯ ᠰᠢᠯᠭ᠋ᠠᠨ᠎ᠠ  ᠂ ᠵᠠᠭᠤᠨ ᠬᠤᠪᠢ ᠵᠢᠨ ᠲᠦᠷᠢᠮ᠎ᠢ ᠲᠠᠬᠢᠵᠤ ᠬᠡᠷᠡᠭᠵᠢᠬᠦᠯᠬᠦ ᠦᠭᠡᠢ᠂ ᠬᠠᠷᠢᠨ ᠬᠢᠷᠢ ᠲᠡᠩᠴᠡᠬᠦ ᠪᠠ ᠲᠡᠰ ᠢᠯᠭ᠋ᠠᠬᠤ ᠠᠷᠭ᠎ᠠ᠎ᠪᠠᠷ ᠰᠤᠷᠤᠭᠴᠢ ᠵᠢᠨ ᠰᠤᠷᠤᠯᠭ᠎ᠠ ᠵᠢᠨ ᠲᠦᠪᠰᠢᠨ᠎ᠢ ᠦᠨᠡᠯᠡᠨ᠎ᠡ᠃ ᠡᠨᠡ ᠪᠤᠯ ᠨᠢᠭᠡ ᠵᠦᠢ᠍ᠯ᠎ᠤᠨ ᠴᠢᠬᠤᠯᠠ ᠶᠡᠭᠡ ᠦᠭᠡᠷᠡᠴᠢᠯᠡᠯᠳᠡ ᠪᠤᠯᠤᠨ᠎ᠠ᠂ ᠡᠨᠡ᠎ᠨᠢ ᠶᠤᠰᠤ ᠰᠤᠷᠳᠠᠬᠤᠨ ᠵᠶ᠋ᠡᠷ ᠬᠦᠮᠦᠨ᠎ᠢ ᠱᠤᠭᠤᠬᠤ᠂ ᠰᠤᠷᠤᠭᠴᠢ ᠵᠢᠨ ᠪᠦᠬᠦ ᠲᠠᠯ᠎ᠠ ᠵᠢᠨ ᠬᠦᠭᠵᠢᠯᠳᠡ ᠪᠤᠯᠤᠨ ᠦᠪᠡᠷᠮᠢᠴᠡ ᠬᠦᠭᠵᠢᠯᠳᠡ ᠵᠢ ᠠᠬᠢᠭᠤᠯᠬᠤ᠎ᠪᠠᠷ ᠰᠤᠷᠭ᠋ᠠᠨ ᠬᠦᠮᠦᠵᠢᠯ ᠦᠨᠳᠦᠰᠦᠨ ᠡᠬᠦᠷᠭᠡ ᠪᠤᠯᠭ᠋ᠠᠬᠤ ᠵᠢ ᠢᠯᠡᠷᠡᠬᠦᠯᠪᠡ᠃ ᠡᠢ᠌ᠮᠦ ᠪᠠᠢ᠌ᠳᠠᠯ ᠲᠤᠤᠷ᠎ᠠ ᠰᠤᠷᠭ᠋ᠠᠭᠤᠯᠢ ᠵᠢᠨ ᠲᠠᠯ᠎ᠠ᠎ᠠᠴᠠ ᠰᠤᠷᠤᠭᠴᠢ ᠵᠢᠨ ᠶᠡᠷᠦᠩᠭᠡᠢ ᠬᠡᠪ ᠴᠢᠨᠠᠷ᠎ᠢ ᠬᠦᠮᠦᠵᠢᠬᠦᠯᠬᠦ ᠵᠢ ᠴᠢᠬᠤᠯᠠᠴᠢᠯᠠᠨ᠂ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠲᠦᠪᠰᠢᠨ ᠵᠶ᠋ᠡᠨ ᠴᠢᠷᠮᠠᠢ᠌ᠨ ᠲᠡᠭᠡᠭᠰᠢᠯᠡᠬᠦᠯᠬᠦ ᠬᠡᠷᠡᠭᠳᠡᠢ ᠪᠤᠯᠪᠠ᠃ ᠤᠳᠤᠬᠠᠨ᠎ᠤ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠬᠢᠴᠢᠶᠡᠯᠡᠯᠭᠡ ᠵᠢᠨ ᠦᠭᠡᠷᠡᠴᠢᠯᠡᠯᠳᠡ ᠵᠢ ᠬᠢᠬᠦ᠎ᠳᠡᠭᠡᠨ ᠰᠤᠷᠤᠭᠴᠢᠳ ᠦᠪᠡᠷ᠎ᠤᠨ ᠲᠤᠷ᠎ᠠ ᠪᠠᠬ᠎ᠠ ᠪᠤᠯᠤᠨ ᠲᠠᠪᠠᠭᠤᠯᠢᠭ ᠵᠶ᠋ᠡᠨ ᠦᠨᠳᠦᠰᠦᠯᠡᠨ ᠰᠤᠷᠤᠯᠴᠠᠬᠤ ᠪᠠ ᠬᠤᠵᠢᠮ᠎ᠤᠨ ᠨᠢᠭᠡᠳᠦᠯᠳᠡᠢ ᠰᠢᠯᠭ᠋ᠠᠯᠳᠠ ᠵᠢᠨ ᠲᠤᠰᠬᠠᠢ ᠮᠡᠷᠭᠡᠵᠢᠯ᠎ᠲᠠᠢ ᠬᠤᠯᠪᠤᠭᠳᠠᠬᠤ ᠬᠢᠴᠢᠶᠡᠯ ᠲᠦᠷᠦᠯ ᠵᠶ᠋ᠡᠨ ᠰᠤᠩᠭᠤᠵᠤ ᠰᠤᠷᠬᠤ᠎ᠳᠤ ᠠᠰᠢᠭᠳᠠᠢ᠂ ᠴᠢᠳᠠᠪᠤᠷᠢᠳᠠᠨ᠎ᠤ ᠦᠰᠦᠯᠳᠡ ᠪᠤᠢ᠌ᠵᠢᠯᠳᠠ᠎ᠳᠤ ᠠᠰᠢᠭᠳᠠᠢ ᠪᠠᠢ᠌ᠯᠭ᠋ᠠᠬᠤ ᠵᠢ ᠪᠤᠳᠤᠯᠬᠢᠯᠠᠬᠤ ᠬᠡᠷᠡᠭᠳᠡᠢ᠃ ᠶᠡᠷᠦᠩᠭᠡᠢ᠌ᠯᠡᠭᠰᠡᠨ ᠬᠡᠪ ᠴᠢᠨᠠᠷ᠎ᠤᠨ ᠦᠨᠡᠯᠡᠯᠳᠡ᠎ᠨᠢ ᠰᠤᠷᠤᠭᠴᠢ ᠵᠢᠨ ᠡᠩ᠎ᠤᠨ ᠦᠶ᠎ᠡ ᠵᠢᠨ ᠶᠤᠰᠤ ᠰᠤᠷᠳᠠᠬᠤᠨ᠎ᠤ ᠢᠯᠡᠷᠡᠯ᠂ ᠪᠡᠶ᠎ᠡ ᠰᠡᠳᠬᠢᠴᠡ ᠵᠢᠨ ᠡᠷᠡᠬᠦᠯ ᠴᠢᠬᠢᠷᠠᠭ᠎ᠤᠨ ᠪᠠᠢ᠌ᠳᠠᠯ᠂ ᠦᠢ᠍ᠯᠡᠳᠦᠯᠭᠡ ᠵᠢᠨ ᠴᠢᠳᠠᠪᠤᠷᠢ᠂ ᠦᠪᠡᠷ᠎ᠢ᠎ᠪᠠᠨ ᠬᠠᠮᠢᠶᠠᠷᠬᠤ ᠴᠢᠳᠠᠪᠤᠷᠢ ᠵᠡᠷᠭᠡ ᠵᠢ ᠬᠢᠨᠠᠨ ᠪᠠᠢ᠌ᠴᠠᠭ᠋ᠠᠬᠤ ᠪᠠᠢ᠌ᠴᠠᠭ᠋ᠠᠯᠳᠠ ᠪᠤᠯᠬᠤ ᠶᠤᠮ᠃ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠪᠤᠯᠤᠨ ᠶᠡᠷᠦᠩᠭᠡᠢ᠌ᠯᠡᠭᠰᠡᠨ ᠬᠡᠪ ᠴᠢᠨᠠᠷ᠎ᠤᠨ ᠦᠨᠡᠯᠡᠯᠳᠡ᠎ᠨᠢ ᠲᠤᠰ ᠪᠦᠷᠢ ᠲᠡᠭᠡᠳᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ᠎ᠳᠤ ᠡᠰᠢ ᠪᠠᠷᠢᠮᠳᠠ ᠪᠠ ᠯᠠᠪᠯᠠᠯᠳᠠ ᠪᠤᠯᠵᠤ᠂ ᠨᠢᠭᠡ ᠰᠢᠯᠭ᠋ᠠᠯᠳᠠ᠎ᠪᠠᠷ ᠨᠠᠰᠤᠨ ᠲᠤᠷᠰᠢᠬᠢ ᠵᠢ ᠲᠤᠭᠳᠠᠭ᠋ᠠᠳᠠᠭ ᠲᠤᠳᠠᠭᠳᠠᠯ᠎ᠢ ᠬᠤᠪᠢᠷᠠᠭᠤᠯᠬᠤ ᠪᠤᠯᠤᠨ᠎ᠠ᠃
      ᠬᠤᠶᠠᠷ᠂ ᠨᠢᠭᠡᠳᠦᠯᠳᠡᠢ ᠰᠢᠯᠭ᠋ᠠᠯᠳᠠ ᠵᠢᠨ ᠠᠷᠭ᠎ᠠ ᠬᠡᠯᠪᠡᠷᠢ ᠪᠤᠯᠤᠨ ᠠᠭᠤᠯᠭ᠎ᠠ ᠵᠢ ᠦᠭᠡᠷᠡᠴᠢᠯᠡᠨ᠎ᠡ᠃ ᠲᠤᠷᠰᠢᠯᠳᠠ ᠵᠢᠨ ᠴᠢᠭ᠋᠎ᠤᠨ ᠭᠠᠵᠠᠷ ᠤᠷᠤᠨ᠎ᠳᠤ ᠬᠡᠯᠡ ᠪᠢᠴᠢᠭ᠂ ᠲᠤᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ ᠵᠡᠷᠭᠡ ᠭᠤᠷᠪᠠᠨ ᠬᠢᠴᠢᠶᠠᠯ ᠲᠦᠷᠦᠯ᠎ᠢ ᠨᠢᠭᠡᠳᠦᠯᠳᠡᠢ ᠰᠢᠯᠭ᠋ᠠᠵᠤ᠂ ᠨᠡᠢ᠌ᠭᠡᠮ᠎ᠤᠨ ᠪᠠ ᠪᠠᠢ᠌ᠭ᠋ᠠᠯᠢ ᠵᠢᠨ ᠰᠢᠨᠵᠢᠯᠡᠭᠡᠨ᠎ᠤ ᠲᠦᠷᠦᠯ ᠭᠡᠵᠤ ᠰᠠᠯᠭ᠋ᠠᠬᠤ ᠦᠭᠡᠢ᠂ ᠭᠠᠳᠠᠭ᠋ᠠᠳᠤ ᠬᠡᠯᠡ ᠵᠢ ᠬᠤᠶᠠᠷ ᠤᠳᠠᠭ᠎ᠠ ᠰᠢᠯᠭ᠋ᠠᠵᠤ ᠪᠤᠯᠬᠤ ᠪᠦᠭᠡᠳ ᠬᠠᠮᠤᠭ᠎ᠤᠨ ᠰᠠᠢ᠌ᠨ ᠬᠢᠷᠢ ᠪᠦᠳᠦᠮᠵᠢ ᠵᠢ ᠨᠢᠭᠡᠳᠦᠯᠳᠡᠢ ᠰᠢᠯᠭ᠋ᠠᠯᠳᠠ ᠵᠢᠨ ᠶᠡᠷᠦᠩᠭᠡᠢ ᠬᠤᠪᠢ᠎ᠳᠤ ᠪᠤᠳᠤᠵᠤ ᠤᠷᠤᠭᠤᠯᠤᠨ᠎ᠠ᠃ ᠡᠬᠦᠨ᠎ᠠᠴᠠ ᠭᠠᠳᠠᠨ᠎ᠠ᠂ ᠰᠤᠷᠤᠭᠴᠢᠳ ᠦᠪᠡᠷ ᠵᠶ᠋ᠡᠨ ᠭᠤᠷᠪᠠᠨ ᠬᠢᠴᠢᠶᠠᠯ ᠲᠦᠷᠦᠯ᠎ᠤᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢᠨ ᠬᠢᠷᠢ ᠪᠦᠳᠦᠮᠵᠢ᠎ᠪᠠᠨ ᠰᠤᠩᠭᠤᠵᠤ᠂ ᠲᠡᠭᠡᠳᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ᠎ᠳᠤ ᠯᠠᠪᠯᠠᠯᠳᠠ ᠪᠤᠯᠭ᠋ᠠᠨ ᠬᠠᠩᠭ᠋ᠠᠵᠤ ᠪᠤᠯᠤᠨ᠎ᠠ  ᠃ ᠡᠨᠡ᠎ᠨᠢ ᠰᠤᠷᠤᠭᠴᠢ ᠵᠢᠨ ᠨᠢᠭᠡᠳᠦᠯᠳᠡᠢ ᠰᠢᠯᠭ᠋ᠠᠯᠳᠠ ᠵᠢᠨ ᠲᠠᠷᠤᠭ᠋ᠠᠰᠤ ᠵᠢ ᠬᠦᠩᠭᠡᠷᠡᠬᠦᠯᠵᠤ᠂ ᠡᠩ᠎ᠤᠨ ᠴᠠᠭ᠎ᠤᠨ ᠰᠤᠷᠤᠯᠴᠠᠯᠭ᠎ᠠ ᠵᠢ ᠴᠢᠬᠤᠯᠠᠴᠢᠯᠠᠬᠤ ᠪᠤᠯᠭ᠋ᠠᠭᠰᠠᠨ ᠪᠠᠢ᠌ᠨ᠎ᠠ᠃ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ᠎ᠳᠤ ᠨᠡᠢ᠌ᠭᠡᠮ᠎ᠤᠨ ᠪᠠ ᠪᠠᠢ᠌ᠭ᠋ᠠᠯᠢ ᠵᠢᠨ ᠰᠢᠨᠵᠢᠯᠡᠭᠡᠨ᠎ᠤ ᠲᠦᠷᠦᠯ ᠭᠡᠵᠤ ᠰᠠᠯᠭ᠋ᠠᠬᠤ ᠦᠭᠡᠢ ᠪᠤᠯᠤᠭᠰᠠᠨ᠎ᠠᠴᠠ ᠰᠤᠷᠤᠭᠴᠢᠳ᠎ᠤᠨ ᠬᠢᠴᠢᠶᠠᠯ ᠢᠯᠭ᠋ᠠᠵᠤ ᠰᠤᠷᠤᠯᠴᠠᠬᠤ ᠦᠵᠡᠭᠳᠡᠯ᠎ᠢ ᠦᠭᠡᠢ᠌ᠰᠭᠡᠵᠤ᠂ ᠪᠦᠬᠦ ᠲᠠᠯ᠎ᠠ ᠵᠢᠨ ᠬᠦᠭᠵᠢᠯᠳᠡ ᠵᠢ ᠠᠬᠢᠭᠤᠯᠵᠤ ᠴᠢᠳᠠᠬᠤ ᠪᠤᠯᠤᠨ᠎ᠠ᠃
      ᠭᠤᠷᠪᠠ᠂ ᠲᠦᠷᠦᠯ ᠬᠤᠪᠢᠶᠠᠨ ᠰᠢᠯᠭ᠋ᠠᠬᠤ ᠵᠢ ᠬᠡᠷᠡᠭᠵᠢᠬᠦᠯᠦᠨ᠎ᠡ  ᠃ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ ᠵᠦᠪᠭᠡᠨ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢᠨ ᠬᠢᠷᠢ ᠪᠦᠳᠦᠮᠵᠢ ᠪᠤᠯᠤᠨ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ᠵᠢᠨ ᠬᠢᠨᠠᠨ ᠰᠢᠯᠭ᠋ᠠᠯᠳᠠ ᠵᠢ ᠦᠨᠳᠦᠰᠦᠯᠡᠨ ᠰᠤᠷᠤᠭᠴᠢ ᠡᠯᠰᠡᠵᠤ ᠪᠤᠯᠤᠨ᠎ᠠ᠃ ᠡᠨᠡ᠎ᠨᠢ ᠨᠢᠭᠡ ᠪᠦᠯᠦᠭ ᠰᠤᠷᠤᠭᠴᠢ ᠵᠢ ᠨᠢᠭᠡᠳᠦᠯᠳᠡᠢ ᠰᠢᠯᠭ᠋ᠠᠯᠳᠠ ᠵᠢᠨ ᠬᠦᠯᠢᠶᠡᠰᠦᠯᠡᠯ᠎ᠠᠴᠠ ᠮᠤᠯᠳᠤᠷᠠᠭᠤᠯᠵᠤ᠂ ᠲᠡᠳᠡᠨ᠎ᠤ ᠦᠪᠡᠷᠮᠢᠴᠡ ᠴᠢᠳᠠᠪᠤᠷᠢ ᠵᠢᠨ ᠬᠦᠭᠵᠢᠯᠳᠡ ᠵᠢ ᠠᠬᠢᠭᠤᠯᠵᠤ ᠴᠢᠳᠠᠬᠤ ᠪᠤᠯᠤᠨ᠎ᠠ᠃ ᠡᠬᠦᠨ᠎ᠤ ᠲᠠᠭ᠋ᠠᠤ ᠨᠠᠰᠤᠨ ᠲᠤᠷᠰᠢᠳᠠ ᠰᠤᠷᠤᠯᠴᠠᠬᠤ ᠰᠤᠷᠭ᠋ᠠᠨ ᠬᠦᠮᠦᠵᠢᠯ᠎ᠤᠨ ᠤᠢ᠌ᠯᠠᠭ᠋ᠠᠭᠳᠠᠬᠤᠨ᠎ᠢ ᠦᠨᠳᠦᠰᠦᠯᠡᠨ ᠦᠵᠤ ᠲᠦᠯᠦᠪᠯᠡᠭᠡ ᠬᠢᠬᠦ᠎ᠳᠡᠭᠡᠨ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠭ᠋ᠠᠨ ᠬᠦᠮᠦᠵᠢᠯ ᠵᠠᠯᠭ᠋ᠠᠯᠳᠤᠨ ᠨᠢᠭᠡᠳᠬᠦ᠂ ᠤᠯᠠᠨ ᠵᠦᠢ᠍ᠯ᠎ᠤᠨ ᠠᠷᠭ᠎ᠠ᠎ᠪᠠᠷ ᠰᠤᠷᠤᠯᠴᠠᠭᠰᠠᠨ ᠰᠤᠷᠤᠯᠭ᠎ᠠ ᠵᠢᠨ ᠬᠢᠷᠢ ᠪᠦᠳᠦᠮᠵᠢ ᠵᠢ ᠮᠡᠳᠡᠷᠡᠬᠦ ᠨᠠᠰᠤᠨ ᠲᠤᠷᠰᠢᠳᠠ ᠰᠤᠷᠤᠯᠴᠠᠬᠤ 《ᠵᠦᠷᠢᠯᠢᠭ ᠬᠦᠬᠦᠷᠭᠡ》 ᠵᠢ ᠵᠢᠷᠤᠭᠯᠠᠨ ᠲᠦᠯᠦᠪᠯᠡᠭᠰᠡᠨ ᠶᠤᠮ᠃ ᠶᠠᠮᠠᠷᠪᠠ ᠨᠢᠭᠡᠨ ᠰᠤᠷᠤᠭᠴᠢ ᠬᠡᠷᠪᠡ ᠦᠪᠡᠷ ᠵᠶ᠋ᠡᠨ ᠰᠤᠷᠤᠯᠴᠠᠬᠤ ᠲᠤᠷ᠎ᠠ᠎ᠲᠠᠢ ᠪᠦᠭᠡᠳ ᠴᠢᠳᠠᠪᠤᠷᠢ᠎ᠲᠠᠢ ᠪᠤᠯ ᠨᠡᠩ ᠦᠨᠳᠦᠷ ᠲᠡᠰ ᠲᠠᠪᠬᠤᠷᠭ᠎ᠠ᠎ᠳᠤ ᠰᠤᠷᠤᠯᠴᠠᠬᠤ ᠠᠵᠠ ᠲᠤᠬᠢᠶᠠᠯ᠎ᠲᠠᠢ᠃
      ᠲᠦᠷᠪᠡ᠂ ᠰᠢᠯᠭ᠋ᠠᠯᠳᠠ᠎ᠳᠤ ᠬᠠᠷᠠᠭ᠋ᠠᠯᠵᠠᠯ᠎ᠤᠨ ᠬᠤᠪᠢ ᠨᠡᠮᠡᠬᠦ ᠵᠢ ᠪᠠᠭ᠋ᠠᠰᠬᠠᠬᠤ ᠪᠠ ᠲᠦᠷᠢᠮᠵᠢᠬᠦᠯᠦᠨ᠎ᠡ᠃ ᠡᠯ᠎ᠡ ᠵᠦᠢ᠍ᠯ᠎ᠤᠨ ᠰᠢᠨᠵᠢᠯᠡᠬᠦ ᠤᠬᠠᠭ᠋ᠠᠨᠨᠴᠢ ᠪᠤᠰᠤ᠂ ᠲᠦᠷᠢᠮᠵᠢᠯ ᠪᠤᠰᠤ ᠬᠤᠪᠢ ᠨᠡᠮᠡᠬᠦ ᠠᠷᠭ᠎ᠠ ᠵᠢ ᠦᠭᠡᠢ᠌ᠰᠭᠡᠪᠡᠯ ᠬᠤᠳᠠᠯ ᠬᠠᠭᠤᠷᠮᠠᠭ ᠵᠶ᠋ᠡᠷ ᠬᠤᠪᠢ ᠨᠡᠮᠡᠬᠦᠯᠬᠦ ᠠᠵᠢᠯᠯᠠᠭ᠎ᠠ ᠵᠢ ᠬᠤᠷᠢᠭᠯᠠᠵᠤ ᠰᠤᠷᠭ᠋ᠠᠨ ᠬᠦᠮᠦᠵᠢᠯ᠎ᠤᠨ ᠡᠷᠭᠡ ᠲᠡᠭᠰᠢ ᠵᠢ ᠬᠠᠮᠠᠭ᠋ᠠᠯᠠᠵᠤ   ᠴᠢᠳᠠᠨ᠎ᠠ᠂ ᠮᠦᠨ ᠴᠤ᠌ ᠰᠤᠷᠤᠭᠴᠢᠳ᠎ᠤᠨ ᠰᠤᠷᠤᠯᠭ᠎ᠠ ᠵᠢᠨ ᠲᠠᠷᠤᠭ᠋ᠠᠰᠤ ᠵᠢ ᠬᠦᠩᠭᠡᠷᠡᠬᠦᠯᠦᠨ᠂ ᠡᠯᠳᠡᠪ ᠶᠠᠩᠵᠤ ᠵᠢᠨ ᠲᠠᠪᠳᠠᠬᠤ ᠠᠩᠬᠢ᠎ᠳᠤ ᠤᠷᠤᠯᠴᠠᠬᠤ ᠴᠢᠬᠤᠯᠠ ᠦᠭᠡᠢ᠂ ᠬᠠᠷᠢᠨ ᠨᠢᠭᠡ ᠯᠡ ᠰᠡᠳᠬᠢᠯ ᠵᠶ᠋ᠡᠷ ᠰᠤᠷᠭ᠋ᠠᠭᠤᠯᠢ ᠵᠢᠨ ᠲᠦᠯᠦᠪᠯᠡᠵᠤ ᠲᠤᠬᠢᠷᠠᠭᠤᠯᠤᠭᠰᠠᠨ ᠬᠢᠴᠢᠶᠠᠯ ᠲᠦᠷᠦᠯ ᠵᠶ᠋ᠡᠨ ᠰᠠᠢ᠌ᠳᠤᠷ ᠰᠤᠷᠬᠤ ᠵᠢᠨ ᠲᠠᠭ᠋ᠠᠤ ᠴᠢᠯᠦᠭᠡ ᠵᠠᠪ ᠵᠶ᠋ᠡᠷ ᠵᠶ᠋ᠡᠨ ᠲᠤᠷ᠎ᠠ ᠪᠠᠬ᠎ᠠ᠎ᠲᠠᠢ ᠵᠦᠢ᠍ᠯ ᠵᠶ᠋ᠡᠨ ᠰᠤᠷᠴᠤ ᠪᠤᠯᠬᠤ ᠪᠤᠯᠤᠨ᠎ᠠ᠃


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢᠨ᠎ᠡ ᠬᠡᠪ ᠪᠠᠢ᠍ᠢ᠍ᠳᠠᠯ᠎ᠢ ᠲᠠᠨᠢᠵᠥ ᠰᠢᠨ᠎ᠡ ᠠᠵᠠ ᠲᠤᠬᠢᠶᠠᠯ᠎ᠢ ᠡᠵᠡᠮᠳᠡᠵᠥ ᠰᠢᠨ᠎ᠡ ᠬᠦᠭᠵᠢᠯᠳᠡ ᠵᠢ ᠲᠥᠯᠥᠪᠵᠢᠬᠦᠯᠥᠨᠡᠮ — ᠲᠦᠪ᠎ᠤᠨ ᠠᠵᠥ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠋ᠠᠨ᠎ᠤ ᠲᠤᠬᠠᠢ ᠲᠠᠢ᠍ᠢ᠍ᠯᠤᠮᠵᠢ
ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠠᠯᠪᠠᠨ ᠪᠠᠢ᠌ᠭᠤᠯᠭ᠎ᠠ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠲᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠵᠢᠷᠤᠭ ᠵᠶ᠋ᠠᠷ ᠲᠠᠢ᠌ᠯᠬᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠠᠵᠢᠯ᠎ᠢ ᠵᠢᠷᠤᠭ ᠵᠶ᠋ᠠᠷ ᠲᠠᠢ᠌ᠯᠬᠤᠢ
 
            