ᠡᠨᠡ ᠵᠢᠯ᠎ᠤᠨ 6 ᠰᠠᠷ᠎ᠠ ᠵᠢᠨ ᠰᠡᠭᠦᠯᠴᠢ ᠪᠣᠯᠲᠠᠯ᠎ᠠ᠂ ᠮᠠᠨ᠎ᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ 360 ᠲᠦᠮᠡᠨ ᠬᠣᠲᠠ ᠪᠠᠯᠭ᠋ᠠᠰᠤᠨ᠎ᠤ ᠠᠵᠢᠯᠴᠢᠨ᠎ᠢ ᠰᠢᠩᠭᠡᠭᠡᠵᠦ᠂ ᠪᠦᠬᠦ ᠣᠷᠣᠨ᠎ᠤ ᠬᠣᠲᠠ ᠪᠠᠯᠭ᠋ᠠᠰᠤᠨ᠎ᠤ ᠠᠵᠢᠯ ᠣᠯᠣᠭᠰᠠᠨ ᠬᠥᠮᠥᠨ᠎ᠤ ᠲᠣᠭ᠎ᠠ ᠵᠢᠨ 85%᠎ᠢ ᠡᠵᠡᠯᠡᠪᠡ᠃ ᠣᠳᠣ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠨᠢ ᠨᠢᠭᠡᠨᠲᠡ ᠠᠵᠢᠯ ᠣᠯᠭᠣᠯᠲᠠ ᠵᠢ ᠠᠬᠢᠭᠤᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠴᠠᠯᠢᠩ᠎ᠤᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠬᠦ ᠭᠣᠣᠯ ᠬᠦᠴᠦᠨ ᠵᠦᠢ᠍ᠯ ᠪᠣᠯᠣᠭᠰᠠᠨ ᠶᠤᠮ᠃ 2013 ᠣᠨ᠎ᠳᠤ ᠮᠠᠨ᠎ᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠭᠠᠢ᠌ᠯᠢ ᠵᠢᠨ ᠣᠷᠣᠯᠭ᠎ᠠ 1863.6 ᠳ᠋ᠦᠩᠰᠢᠭᠤᠷ ᠲᠥᠭᠥᠷᠢᠭ᠎ᠲᠤ ᠬᠦᠷᠴᠦ᠂ ᠪᠦᠬᠦ ᠣᠷᠣᠨ᠎ᠤ ᠭᠠᠢ᠌ᠯᠢ ᠵᠢᠨ ᠶᠡᠷᠦᠩᠬᠡᠢ ᠣᠷᠣᠯᠭ᠎ᠠ ᠵᠢᠨ 81.6%᠎ᠢ ᠡᠵᠡᠯᠡᠵᠡᠢ᠃ ᠡᠭᠦᠨ᠎ᠳᠤ ᠲᠠᠪᠤᠨ ᠠᠢ᠌ᠮᠠᠭ ᠬᠣᠲᠠ ᠵᠢᠨ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠭᠠᠢ᠌ᠯᠢ ᠵᠢᠨ ᠣᠷᠣᠯᠭ᠎ᠠ ᠴᠥᠮ 100 ᠳ᠋ᠦᠩᠰᠢᠭᠤᠷ ᠲᠥᠭᠥᠷᠢᠭ᠎ᠢ ᠳᠠᠪᠠᠭᠰᠠᠨ ᠪᠢᠯᠡ᠃
ᠲᠦᠷᠦᠭᠦᠬᠡᠨ᠎ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠬᠣᠶᠠᠳᠤᠭ᠋ᠠᠷ ᠬᠤᠷᠠᠯ᠎ᠳᠤ ᠬᠢᠨᠠᠨ ᠵᠥᠪᠯᠡᠭᠦᠯᠬᠦ᠎ᠪᠠᠷ ᠳᠡᠪᠰᠢᠭᠦᠯᠦᠭᠰᠡᠨ 《ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠎ᠤᠨ ᠲᠤᠬᠠᠢ ᠮᠡᠳᠡᠭᠦᠯᠦᠯᠲᠡ》᠎ᠳᠤ ᠢᠯᠡᠷᠬᠡᠢ᠌ᠯᠡᠭᠰᠡᠨ ᠵᠶ᠋ᠡᠷ᠂ 2013 ᠣᠨ᠎ᠠᠴᠠ ᠨᠠᠰᠢ ᠮᠠᠨ᠎ᠤ ᠣᠷᠣᠨ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢ ᠬᠦᠴᠦᠯᠡᠨ ᠬᠥᠭᠵᠢᠭᠦᠯᠦᠭᠰᠡᠨ ᠵᠶ᠋ᠡᠷ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠪᠦᠬᠦ ᠣᠷᠣᠨ᠎ᠤ ᠪᠡᠯᠡ ᠣᠷᠤᠭᠤᠯᠤᠯᠲᠠ᠂ ᠭᠠᠳᠠᠭ᠋ᠠᠳᠤ ᠭᠠᠷᠭ᠋ᠠᠯᠲᠠ᠂ ᠬᠡᠷᠡᠭᠯᠡᠭᠡ᠂ ᠭᠠᠢ᠌ᠯᠢ ᠵᠢᠨ ᠣᠷᠣᠯᠭ᠎ᠠ ᠪᠠ ᠬᠣᠲᠠ ᠪᠠᠯᠭ᠋ᠠᠰᠤ ᠵᠢᠨ ᠠᠵᠢᠯ ᠣᠯᠭᠣᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ ᠴᠥᠮ 50%᠎ᠢ ᠳᠠᠪᠠᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ ᠪᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠲᠠᠯ᠎ᠠ᠎ᠪᠠᠷ ᠴᠥᠮ ᠴᠢᠬᠤᠯᠠ ᠦᠢ᠍ᠯᠡᠳᠦᠯ ᠭᠠᠷᠭ᠋ᠠᠵᠤ᠂ ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠵᠦᠢ᠍ᠯ ᠪᠣᠯᠣᠭᠰᠠᠨ ᠪᠠᠢ᠌ᠨ᠎ᠠ᠃
ᠲᠣᠭᠲᠠᠭᠤᠨ ᠬᠥᠭᠵᠢᠯᠲᠡ
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭ᠎ᠠ ᠲᠣᠭᠲᠠᠭᠤᠨ ᠵᠶ᠋ᠠᠷ ᠨᠡᠮᠡᠭᠳᠡᠪᠡ᠃ ᠡᠨᠡ ᠵᠢᠯ᠎ᠤᠨ 6 ᠰᠠᠷ᠎ᠠ ᠵᠢᠨ ᠰᠡᠭᠦᠯᠴᠢ ᠪᠣᠯᠬᠤ᠎ᠳᠤ ᠮᠠᠨ᠎ᠤ ᠣᠷᠣᠨ᠎ᠳᠤ 115 ᠲᠦᠮᠡᠨ ᠬᠤᠪᠢ ᠵᠢᠨ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ᠎ᠲᠠᠢ ᠪᠣᠯᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 12.7%᠎ᠪᠠᠷ ᠨᠡᠮᠡᠭᠳᠡᠭᠰᠡᠨ 18 ᠲᠦᠮᠡᠨ ᠬᠣᠪᠢ ᠵᠢᠨ ᠠᠵᠦ ᠠᠬᠣᠢ᠍ᠢ᠍ᠯᠠᠯᠲᠠᠢ ᠪᠤᠯᠵᠤ᠂ ᠪᠦᠬᠦ ᠣᠷᠣᠨ᠎ᠤ ᠠᠵᠦ ᠠᠬᠣᠢ᠍ᠢ᠍ᠯᠠᠯᠤᠨ ᠶᠡᠷᠦᠩᠬᠡᠢ ᠲᠣᠭ᠎ᠠ ᠵᠢᠨ 85.8%᠎ᠢ ᠡᠵᠡᠯᠡᠭᠡᠳ ᠪᠦᠬᠦ ᠣᠯᠣᠰ᠎ᠤᠨ ᠲᠣᠮᠳᠠᠴᠢ ᠲᠦᠪᠰᠢᠨ᠎ᠠᠴᠠ ᠵᠠᠭᠣᠨ᠎ᠤ ᠬᠠᠷᠢᠴᠠᠯ ᠵᠶ᠋ᠠᠷ 2.2 ᠬᠣᠪᠢ ᠲᠠᠪᠠᠪᠠ; 2970 ᠭᠠᠳᠠᠭ᠋ᠠᠳᠣ ᠪᠡᠯᠡ ᠵᠢᠨ ᠠᠵᠤ ᠠᠬᠤᠢ᠌ᠯᠠᠯ᠎ᠲᠠᠢ ᠪᠣᠯᠣᠭ᠋ᠠᠳ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2.6% ᠨᠡᠮᠡᠭᠳᠡᠵᠦ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠠᠬ᠎ᠠ ᠳᠡᠯᠭᠡᠭᠦᠷ᠎ᠤᠨ ᠭᠣᠣᠯ ᠴᠤᠭᠴᠠ᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠭᠣᠣᠯ ᠴᠤᠭᠴᠠ ᠵᠢᠨ ᠣᠯᠠᠩᠬᠢ ᠲᠣᠭ᠎ᠠ ᠵᠢ ᠡᠵᠡᠯᠡᠭᠰᠡᠨ ᠪᠠᠢ᠌ᠨ᠎ᠠ᠃
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃ ᠡᠨᠡ ᠵᠢᠯ᠎ᠤᠨ 6 ᠰᠠᠷ᠎ᠠ ᠵᠢᠨ ᠰᠡᠭᠦᠯᠴᠢ ᠪᠣᠯᠬᠤ᠎ᠳᠤ ᠮᠠᠨ᠎ᠤ ᠣᠷᠣᠨ᠎ᠤ ᠬᠤᠪᠢ ᠵᠢᠨ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ ᠵᠢᠨ ᠪᠡᠯᠡ ᠮᠥᠩᠭᠥ 572 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 23.3% ᠵᠶ᠋ᠡᠷ ᠨᠡᠮᠡᠭᠳᠡᠵᠡᠢ; ᠬᠤᠪᠢ ᠵᠢᠨ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠪᠡᠯᠡ ᠮᠥᠩᠭᠥ 9252 ᠳ᠋ᠦᠩᠰᠢᠭᠤᠷ ᠲᠥᠭᠥᠷᠢᠭ᠎ᠲᠤ ᠬᠦᠷᠦᠭᠡᠳ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 13.5% ᠵᠶ᠋ᠡᠷ ᠨᠡᠮᠡᠭᠳᠡᠵᠦ᠂ ᠳᠤᠮᠳᠠᠴᠢ᠎ᠪᠠᠷ ᠠᠵᠤ ᠠᠬᠤᠢ᠌ᠯᠠᠯ ᠨᠢᠭᠡᠪᠦᠷᠢ᠎ᠳᠤ 508.8 ᠲᠦᠮᠡᠨ ᠲᠥᠭᠥᠷᠢᠭ ᠨᠣᠭᠳᠠᠵᠤ ᠪᠤᠢ᠃
ᠨᠡᠢ᠌ᠲᠡ ᠵᠢᠨ ᠥᠮᠴᠢᠯᠡᠯ᠎ᠤᠨ ᠪᠣᠰᠤ ᠠᠵᠤ ᠠᠬᠤᠢ᠌ᠯᠠᠯ᠎ᠤᠨ ᠣᠷᠣᠨ ᠨᠤᠲᠤᠭ᠎ᠤᠨ ᠠᠵᠤ ᠠᠬᠤᠢ ᠵᠢᠨ ᠨᠡᠮᠡᠭᠳᠡᠯ᠎ᠢ ᠠᠬᠢᠭᠤᠯᠬᠤ ᠦᠢ᠍ᠯᠡᠳᠦᠯ ᠢᠯᠡᠷᠬᠡᠢ ᠪᠣᠯᠪᠠ᠃ 2013 ᠣᠨ᠎ᠳᠤ ᠮᠠᠨ᠎ᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ 9082 ᠳ᠋ᠦᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ ᠡᠭᠦᠳᠴᠦ᠂ ᠪᠦᠬᠦ ᠣᠷᠣᠨ᠎ᠤ GDP ᠵᠢᠨ53.9%᠎ᠢ ᠡᠵᠡᠯᠡᠪᠡ; ᠨᠡᠢ᠌ᠲᠡ 9226.6 ᠳ᠋ᠦᠩᠰᠢᠭᠤᠷ ᠲᠥᠭᠥᠷᠢᠭ᠎ᠤᠨ ᠪᠡᠯᠡ ᠣᠷᠤᠭᠤᠯᠤᠭ᠋ᠠᠳ ᠪᠦᠬᠦ ᠨᠡᠢ᠌ᠭᠡᠮ᠎ᠤᠨ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢᠨ59.5%᠎ᠢ ᠡᠵᠡᠯᠡᠵᠦ᠂ 29.7 ᠳ᠋ᠦᠩᠰᠢᠭᠤᠷ ᠲᠥᠭᠥᠷᠢᠭ᠎ᠤᠨ ᠭᠠᠳᠠᠭ᠋ᠠᠳᠤ ᠭᠠᠷᠭ᠋ᠠᠯᠲᠠ ᠵᠢ ᠪᠡᠶᠡᠯᠡᠭᠦᠯᠦᠭᠡᠳ ᠪᠦᠬᠦ ᠣᠷᠣᠨ᠎ᠤ ᠭᠠᠳᠠᠭ᠋ᠠᠳᠤ ᠭᠠᠷᠭ᠋ᠠᠯᠲᠠ ᠵᠢᠨ 72.5%᠎ᠢ ᠡᠵᠡᠯᠡᠪᠡ; ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠨᠡᠢ᠌ᠭᠡᠮ᠎ᠤᠨ ᠬᠡᠷᠡᠭᠯᠡᠭᠡᠨ᠎ᠤ ᠡᠳ᠋᠎ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4454.6 ᠳ᠋ᠦᠩᠰᠢᠭᠤᠷ ᠲᠥᠭᠥᠷᠢᠭ᠎ᠲᠤ ᠬᠦᠷᠴᠦ᠂ ᠪᠦᠬᠦ ᠣᠷᠣᠨ᠎ᠤ ᠨᠡᠢ᠌ᠭᠡᠮ᠎ᠤᠨ ᠬᠡᠷᠡᠭᠯᠡᠭᠡᠨ᠎ᠤ ᠡᠳ᠋᠎ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠵᠢᠨ 87.8%᠎ᠢ ᠡᠵᠡᠯᠡᠭᠰᠡᠨ ᠪᠢᠯᠡ᠃
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ᠂ ᠭᠤᠷᠪᠠᠳᠤᠭ᠋ᠠᠷ ᠠᠵᠤ ᠦᠢ᠍ᠯᠡᠰ᠎ᠢ ᠬᠥᠭᠵᠢᠭᠦᠯᠬᠦ ᠪᠣᠯ ᠠᠵᠤ ᠣᠯᠭᠣᠯᠲᠠ ᠵᠢ ᠥᠷᠭᠡᠳᠬᠡᠬᠦ ᠴᠢᠬᠤᠯᠠ ᠠᠷᠭ᠎ᠠ ᠵᠠᠮ ᠮᠦᠨ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠣᠯᠠᠩᠬᠢ᠎ᠨᠢ ᠳᠤᠮᠲᠠ ᠪᠠᠭ᠎ᠠ ᠠᠵᠤ ᠠᠬᠤᠢ᠌ᠯᠠᠯ ᠪᠠᠢ᠌ᠵᠤ᠂ ᠭᠤᠷᠪᠠᠳᠤᠭ᠋ᠠᠷ ᠠᠵᠤ ᠦᠢ᠍ᠯᠡᠰ᠎ᠤᠨ ᠳᠣᠲᠤᠷ᠎ᠠ ᠨᠡᠯᠢᠶᠡᠳ ᠶᠡᠬᠡ ᠬᠠᠷᠢᠴᠠᠯ᠎ᠢ ᠡᠵᠡᠯᠡᠵᠦ ᠪᠠᠢ᠌ᠳᠠᠭ᠃ ᠡᠨᠡ ᠵᠢᠯ᠎ᠤᠨ 6 ᠰᠠᠷ᠎ᠠ ᠵᠢᠨ ᠰᠡᠭᠦᠯᠴᠢ ᠪᠣᠯᠬᠤ᠎ᠳᠤ ᠮᠠᠨ᠎ᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠎ᠳᠤ ᠠᠵᠢᠯ ᠣᠯᠣᠭᠰᠠᠨ ᠬᠥᠮᠥᠨ᠎ᠤ ᠲᠣᠭ᠎ᠠ ᠪᠦᠬᠦ ᠣᠷᠣᠨ᠎ᠤ ᠠᠵᠢᠯ ᠣᠯᠭᠣᠯᠲᠠ ᠵᠢᠨ 36%᠎ᠢ ᠡᠵᠡᠯᠡᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 22% ᠵᠶ᠋ᠡᠷ ᠨᠡᠮᠡᠭᠳᠡᠪᠡ᠃ ᠡᠭᠦᠨ᠎ᠳᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ 360 ᠲᠦᠮᠡᠨ ᠬᠣᠲᠠ ᠪᠠᠯᠭ᠋ᠠᠰᠤᠨ᠎ᠤ ᠠᠵᠢᠯᠴᠢᠳ᠎ᠢ ᠰᠢᠩᠭᠡᠭᠡᠵᠦ᠂ ᠪᠦᠬᠦ ᠣᠷᠣᠨ᠎ᠤ ᠬᠣᠲᠠ ᠪᠠᠯᠭ᠋ᠠᠰᠤ ᠵᠢᠨ ᠠᠵᠢᠯ ᠣᠯᠣᠭᠰᠠᠨ ᠬᠥᠮᠥᠨ᠎ᠤ ᠲᠣᠭ᠎ᠠ ᠵᠢᠨ 85%᠎ᠢ ᠡᠵᠡᠯᠡᠪᠡ᠃
ᠬᠦᠴᠦᠲᠦ ᠳᠡᠮᠵᠢᠯᠭᠡ
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢ ᠴᠢᠷᠮᠠᠢ᠌ᠨ ᠬᠥᠭᠵᠢᠭᠦᠯᠬᠦ ᠵᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ ᠤᠳᠤᠷᠢᠳᠬᠤ ᠪᠠᠢ᠌ᠭᠤᠯᠤᠮᠵᠢ ᠪᠠᠢ᠌ᠭᠤᠯᠤᠭ᠋ᠠᠳ ᠳᠡᠮᠵᠢᠨ ᠵᠣᠷᠢᠭᠵᠢᠭᠤᠯᠬᠤ ᠲᠥᠷᠥ ᠵᠢᠨ ᠪᠣᠳᠣᠯᠭ᠎ᠠ᠎ᠨᠤᠭᠤᠳ᠎ᠢ ᠲᠣᠭᠲᠠᠭ᠋ᠠᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠤᠭᠤᠯᠬᠤ ᠠᠵᠢᠯᠯᠠᠭ᠎ᠠ ᠥᠷᠨᠢᠭᠦᠯᠦᠨ ᠦᠢ᠍ᠯᠡᠴᠢᠯᠡᠵᠦ ᠤᠬᠠᠭᠤᠯᠬᠤ ᠠᠵᠢᠯ᠎ᠤᠨ ᠡᠷᠴᠢᠮ ᠵᠶ᠋ᠡᠨ ᠴᠢᠩᠭ᠋ᠠᠳᠬᠠᠵᠤ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢ ᠥᠪ ᠦᠨᠡᠨᠬᠦ ᠠᠬᠢᠭᠤᠯᠤᠭᠰᠠᠨ ᠠᠵᠢ᠃
ᠨᠢᠳᠤᠨᠤᠨ᠎ᠤ 6 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢ ᠵᠣᠷᠢᠭᠵᠢᠭᠤᠯᠤᠨ ᠬᠥᠭᠵᠢᠭᠦᠯᠬᠦ ᠲᠣᠭᠲᠠᠭ᠋ᠠᠯ (ᠲᠤᠷᠰᠢᠨ ᠬᠡᠷᠡᠭᠯᠡᠬᠦ)》 ᠭᠠᠷᠭ᠋ᠠᠪᠠ᠃ 《ᠲᠣᠭᠲᠠᠭ᠋ᠠᠯ》᠎ᠳᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠳᠡᠮᠵᠢᠯᠭᠡ ᠵᠢ ᠥᠷᠭᠡᠳᠬᠡᠬᠦ᠂ ᠭᠠᠢ᠌ᠯᠢ ᠵᠢᠨ ᠬᠠᠷᠠᠭ᠋ᠠᠯᠵᠠᠯ ᠦᠵᠡᠭᠦᠯᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠡᠷᠭᠡ 7 ᠲᠥᠷᠥᠯ᠎ᠤᠨ 70 ᠵᠤᠷᠪᠤᠰ ᠲᠥᠷᠥ ᠵᠢᠨ ᠪᠣᠳᠣᠯᠭ᠎ᠠ ᠪᠠ ᠠᠷᠭ᠎ᠠ ᠠᠪᠴᠢᠯ᠎ᠢ ᠲᠣᠭᠲᠠᠭ᠋ᠠᠭᠰᠠᠨ ᠪᠠᠢ᠌ᠨ᠎ᠠ᠃ ᠠᠢ᠌ᠮᠠᠭ ᠬᠣᠲᠠ ᠵᠢᠨ᠎ᠬᠢᠨ ᠪᠠᠰᠠ ᠲᠥᠬᠥᠷᠵᠢᠭᠦᠯᠦᠭᠰᠡᠨ ᠲᠥᠷᠥ ᠵᠢᠨ ᠪᠣᠳᠣᠯᠭ᠎ᠠ ᠲᠣᠭᠲᠠᠭ᠋ᠠᠵᠤ᠂ ᠥᠪᠡᠷᠲᠡᠭᠡᠨ ᠵᠠᠰᠠᠬᠣ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ᠎ᠬᠢᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ ᠪᠠ ᠭᠦᠢ᠍ᠯᠭᠡᠭᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠪᠢᠴᠢᠭ ᠮᠠᠲᠸᠷᠢᠶᠠᠯ ᠪᠠᠭᠤᠯᠭ᠋ᠠᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦ ᠪᠣᠯᠣᠨ ᠨᠡᠢ᠌ᠭᠡᠮ᠎ᠤᠨ ᠪᠠᠲᠤᠯᠠᠪᠤᠷᠢ ᠵᠢᠨ ᠲᠢᠩᠬᠢᠮ᠂ ᠰᠣᠷᠭ᠋ᠠᠨ ᠬᠥᠮᠥᠵᠢᠯ᠎ᠤᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠂ ᠦᠢ᠍ᠯᠡᠳᠪᠦᠷᠢ ᠬᠤᠳᠠᠯᠳᠤᠭ᠎ᠠ ᠵᠢᠨ ᠬᠣᠯᠪᠣᠭ᠎ᠠ ᠵᠡᠷᠭᠡ ᠰᠠᠯᠠᠭ᠎ᠠ ᠮᠦᠴᠢᠷ᠎ᠤᠳ ᠵᠢᠯ᠎ᠳᠤ ᠨᠢᠭᠡ ᠤᠳᠠᠭ᠎ᠠ ᠵᠢᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠠᠵᠢᠯᠴᠢᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠢᠯ ᠣᠯᠭᠣᠯᠲᠠ ᠵᠢᠨ ᠳᠠᠷᠤᠯᠲᠠ ᠵᠢ ᠨᠠᠮᠳᠠᠭᠤᠯᠵᠤ ᠪᠣᠢ᠃
ᠥᠪᠡᠷᠲᠡᠭᠡᠨ ᠵᠠᠰᠠᠬᠤ ᠣᠷᠣᠨ᠎ᠠᠴᠠ ᠤᠷᠢᠳ ᠬᠣᠵᠢᠳ ᠱᠠᠨ ᠰᠢ᠂ ᠭᠤᠸᠠᠩᠳᠦ᠋ᠩ᠂ ᠬᠤᠪᠸᠢ᠂ ᠴᠦᠩᠴᠢᠩ᠂ ᠵᠢᠶᠠᠩᠰᠦ᠂ ᠱᠠᠩᠬᠠᠢ᠂ ᠪᠡᠭᠡᠵᠢᠩ᠂ ᠭᠠᠨᠰᠤ ᠵᠡᠷᠭᠡ ᠭᠠᠵᠠᠷ᠎ᠲᠤ ᠬᠦᠷᠴᠦ᠂ ᠲᠥᠷᠥᠯ ᠵᠦᠢ᠍ᠯ ᠲᠠᠨᠢᠯᠴᠠᠭᠤᠯᠬᠤ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠤᠭᠤᠯᠬᠤ ᠠᠵᠢᠯᠯᠠᠭ᠎ᠠ ᠥᠷᠨᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠶᠤᠮ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ 2013 ᠣᠨ᠎ᠳᠤ ᠮᠠᠨ᠎ᠤ ᠣᠷᠣᠨ 1078 ᠲᠥᠷᠥᠯ ᠵᠦᠢ᠍ᠯ᠎ᠳᠤ ᠭᠡᠷ᠎ᠡ ᠲᠣᠭᠲᠠᠵᠤ᠂ ᠭᠡᠷ᠎ᠡ ᠵᠢᠨ ᠪᠡᠯᠡ ᠮᠥᠩᠭᠥ ᠪᠠᠷᠤᠭ 17440 ᠳ᠋ᠦᠩᠰᠢᠭᠤᠷ ᠲᠥᠭᠥᠷᠢᠭ ᠬᠦᠷᠴᠡᠢ᠃
ᠡᠨᠡ ᠬᠣᠶᠠᠷ ᠵᠢᠯ ᠥᠪᠡᠷᠲᠡᠭᠡᠨ ᠵᠠᠰᠠᠬᠤ ᠣᠷᠣᠨ᠎ᠠᠴᠠ ᠮᠥᠩᠭᠥᠨ ᠭᠦᠢ᠍ᠯᠭᠡᠭᠡᠨ᠎ᠤ ᠲᠠᠯ᠎ᠠ᠎ᠪᠠᠷ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢ ᠳᠡᠮᠵᠢᠵᠦ᠂ ᠪᠠᠭ᠎ᠠ ᠵᠢᠵᠢᠭ ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠵᠦ᠂ ᠪᠠᠭ᠎ᠠ ᠵᠢᠵᠢᠭ ᠠᠵᠤ ᠠᠬᠤᠢ᠌ᠯᠠᠯ᠎ᠳᠤ ᠵᠢᠭᠡᠯᠡᠯᠭᠡ ᠵᠢᠨ ᠠᠶᠤᠯ ᠲᠦᠭᠰᠢᠭᠦᠷᠢ ᠵᠢᠨ ᠱᠠᠩᠨᠠᠯ ᠨᠦᠬᠦᠪᠦᠷᠢ ᠣᠯᠭᠣᠬᠤ ᠵᠡᠷᠭᠡ ᠲᠥᠷᠥ ᠵᠢᠨ ᠪᠣᠳᠣᠯᠭ᠎ᠠ ᠲᠣᠭᠲᠠᠭ᠋ᠠᠨ ᠬᠡᠷᠡᠭᠵᠢᠭᠦᠯᠪᠡ᠃ ᠲᠤᠬᠠᠢ᠌ᠯᠠᠪᠠᠯ᠂ ᠳᠤᠮᠲᠠ ᠪᠠᠭ᠎ᠠ ᠠᠵᠤ ᠠᠬᠤᠢ᠌ᠯᠠᠯ ᠵᠢᠭᠡᠯᠡᠯᠭᠡ ᠵᠢᠨ ᠲᠡᠮᠲᠡᠭᠲᠦ᠎ᠪᠠᠷ ᠪᠡᠯᠡ ᠮᠥᠩᠭᠥ ᠬᠤᠷᠠᠮᠳᠤᠭᠤᠯᠤᠭᠰᠠᠨ ᠬᠡᠮᠵᠢᠶ᠎ᠡ ᠵᠢᠨ 0.5% ᠵᠶ᠋ᠡᠷ ᠵᠠᠷᠤᠳᠠᠯ᠎ᠤᠨ ᠨᠥᠬᠥᠪᠦᠷᠢ ᠣᠯᠭᠣᠵᠤ᠂ ᠬᠠᠮᠤᠭ᠎ᠤᠨ ᠶᠡᠬᠡ᠎ᠳᠡᠭᠡᠨ 100 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ; ᠪᠠᠭ᠎ᠠ ᠵᠢᠵᠢᠭ ᠠᠵᠤ ᠠᠬᠤᠢ᠌ᠯᠠᠯ᠎ᠳᠤ ᠵᠢᠭᠡᠯᠡᠯᠭᠡ ᠣᠯᠭᠣᠭᠰᠠᠨ ᠣᠨ᠎ᠤ ᠴᠡᠪᠡᠷ ᠨᠡᠮᠡᠭᠳᠡᠯ᠎ᠤᠨ ᠬᠡᠮᠵᠢᠶ᠎ᠡ ᠵᠢᠨ 0.25% ᠵᠶ᠋ᠡᠷ ᠬᠠᠷᠠᠭ᠋ᠠᠯᠵᠠᠭᠰᠠᠨ ᠮᠥᠩᠭᠥᠨ ᠭᠦᠢ᠍ᠯᠭᠡᠭᠡ ᠵᠢᠨ ᠪᠠᠢ᠌ᠭᠤᠯᠤᠮᠵᠢ ᠵᠢ ᠱᠠᠩᠨᠠᠨ ᠨᠥᠬᠥᠪᠦᠷᠢᠯᠡᠬᠦ ᠵᠡᠷᠭᠡ ᠲᠥᠷᠥ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠦᠭᠰᠡᠨ ᠪᠠᠢ᠌ᠨ᠎ᠠ᠃
ᠠᠰᠠᠭᠤᠳᠠᠯ ᠲᠥᠪᠡᠭᠳᠡᠯ
2012 ᠣᠨ᠎ᠳᠤ ᠮᠠᠨ᠎ᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠪᠦᠬᠦ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠲᠠᠬᠢ ᠬᠠᠷᠢᠴᠠᠯ᠎ᠢ ᠡᠾᠪᠸᠢ᠂ ᠴᠦᠩᠴᠢᠩ ᠪᠠ ᠯᠢᠶᠣᠣᠨᠢᠩ ᠵᠡᠷᠭᠡ ᠭᠠᠵᠠᠷ᠎ᠲᠠᠢ ᠬᠠᠷᠢᠴᠠᠭᠤᠯᠪᠠᠯ ᠵᠠᠭᠤᠯᠤᠨ ᠬᠠᠷᠢᠴᠠᠯ ᠵᠶ᠋ᠠᠷ ᠲᠤᠰᠪᠤᠷᠢ 14.1᠂ 13.7 ᠪᠠ 10 ᠬᠤᠪᠢ ᠳᠣᠣᠷ᠎ᠠ ᠪᠠᠢ᠌ᠵᠤ᠂ ᠬᠤᠪᠢ ᠵᠢᠨ ᠠᠵᠤ ᠠᠬᠤᠢ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠵᠤ ᠦᠢ᠍ᠯᠡᠳᠪᠦᠷᠢ ᠵᠢᠨ ᠶᠡᠷᠦᠩᠬᠡᠢ ᠦᠷᠲᠡᠭ᠎ᠲᠠᠬᠢ ᠬᠠᠷᠢᠴᠠᠯ ᠨᠡᠯᠢᠶᠡᠳ ᠪᠠᠭ᠎ᠠ ᠪᠠᠢ᠌ᠭᠰᠠᠭ᠋ᠠᠷ᠃ ᠪᠡᠯᠡ ᠮᠥᠩᠭᠥ ᠬᠤᠷᠠᠮᠳᠤᠭᠤᠯᠬᠤ᠎ᠳᠤ ᠬᠦᠴᠢᠷ ᠪᠠᠢ᠌ᠬᠤ᠎ᠨᠢ ᠮᠦᠨᠬᠦ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠬᠥᠭᠵᠢᠯᠲᠡ᠎ᠳᠤ ᠲᠤᠯᠭ᠋ᠠᠷᠠᠭᠰᠠᠨ ᠳᠣᠪᠤᠢ᠌ᠮ᠎ᠠ ᠠᠰᠠᠭᠤᠳᠠᠯ ᠪᠣᠯᠣᠨ᠎ᠠ᠃ ᠤᠯᠤᠰ᠎ᠤᠨ ᠡᠯ᠎ᠡ ᠶᠡᠬᠡ ᠬᠤᠳᠠᠯᠳᠤᠭ᠋ᠠᠨ᠎ᠤ ᠪᠠᠩᠬᠢ᠎ᠨᠤᠭᠤᠳ ᠵᠥᠪᠬᠡᠨ ᠴᠥᠬᠡᠨ ᠲᠣᠭ᠋ᠠᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠪᠡᠯᠡ ᠮᠥᠩᠭᠥ ᠬᠤᠷᠠᠮᠳᠤᠭᠤᠯᠬᠤ ᠬᠡᠷᠡᠭᠴᠡᠭᠡ ᠵᠢ ᠬᠠᠩᠭ᠋ᠠᠵᠤ᠂ ᠲᠣᠰᠬᠤᠨ ᠪᠠᠯᠭ᠋ᠠᠰᠤ ᠵᠢᠨ ᠪᠠᠩᠬᠢ ᠪᠣᠯᠣᠨ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠪᠤᠲᠠᠲᠤ ᠬᠦᠴᠦᠨ᠎ᠢ ᠬᠢᠵᠠᠭ᠋ᠠᠷ᠎ᠲᠠᠢ ᠪᠣᠯᠬᠣᠷ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠪᠡᠯᠡ ᠮᠥᠩᠭᠥ ᠬᠤᠷᠠᠮᠳᠤᠭᠤᠯᠬᠤ᠎ᠳᠤ ᠦᠵᠡᠭᠦᠯᠦᠭᠰᠡᠨ ᠲᠤᠰᠠᠯᠠᠬᠤ ᠦᠢ᠍ᠯᠡᠳᠦᠯ᠎ᠨᠢ ᠴᠦ᠍ ᠬᠢᠵᠠᠭ᠋ᠠᠷ᠎ᠲᠠᠢ ᠪᠠᠢ᠌ᠭᠰᠠᠭ᠋ᠠᠷ᠃ ᠶᠡᠬᠡ ᠰᠤᠷᠭ᠋ᠠᠭᠤᠯᠢ ᠵᠢᠨ ᠣᠶᠣᠲᠠᠨ ᠠᠵᠢᠯ ᠣᠯᠬᠣ᠎ᠳᠤ ᠬᠦᠴᠢᠷ ᠪᠣᠯᠪᠠᠴᠤ ᠨᠡᠢ᠌ᠲᠡ ᠵᠢᠨ ᠥᠮᠴᠢᠯᠡᠯ᠎ᠤᠨ ᠪᠣᠰᠤ ᠠᠵᠤ ᠠᠬᠤᠢ᠌ᠯᠠᠯ ᠠᠵᠢᠯᠴᠢᠨ ᠡᠯᠰᠡᠬᠦ᠎ᠳᠤ ᠴᠦ᠍ ᠬᠦᠴᠢᠷᠲᠡᠢ ᠪᠠᠢ᠌ᠵᠤ᠂ ᠣᠨᠴᠠᠭ᠋ᠠᠢ᠌ᠯᠠᠨ ᠮᠡᠷᠭᠡᠵᠢᠯ᠎ᠤᠨ ᠠᠵᠢᠯᠴᠢᠨ ᠵᠶ᠋ᠠᠷ ᠲᠤᠲᠠᠭᠳᠠᠵᠤ ᠪᠠᠢ᠌ᠬᠤ᠎ᠨᠢ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠬᠥᠭᠵᠢᠯᠲᠡ ᠵᠢ ᠬᠠᠷᠰᠢᠯᠠᠵᠤ ᠪᠠᠢ᠌ᠭ᠎ᠠ ᠨᠢᠭᠡᠨ ᠳᠣᠪᠤᠢ᠌ᠮ᠎ᠠ ᠠᠰᠠᠭᠤᠳᠠᠯ ᠪᠣᠯᠵᠤ ᠪᠤᠢ᠃
ᠡᠭᠦᠨ᠎ᠠᠴᠠ ᠭᠠᠳᠠᠨ᠎ᠠ᠂ ᠣᠯᠠᠩᠬᠢ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ ᠴᠥᠮ ᠠᠵᠤ ᠦᠢ᠍ᠯᠡᠰ᠎ᠤᠨ ᠬᠡᠯᠬᠢᠶᠡᠵᠢᠯ᠎ᠤᠨ ᠳᠣᠣᠷ᠎ᠠ ᠲᠥᠪᠰᠢᠨ᠎ᠳᠤ ᠣᠷᠤᠰᠢᠵᠤ᠂ ᠦᠢ᠍ᠯᠡᠳᠬᠦᠨ᠎ᠤ ᠮᠡᠷᠭᠡᠵᠢᠯ᠎ᠤᠨ ᠠᠭᠤᠯᠠᠭᠳᠠᠬᠤᠨ ᠪᠣᠯᠣᠨ ᠨᠡᠮᠡᠯᠲᠡ ᠦᠷᠲᠡᠭ ᠨᠡᠯᠢᠶᠡᠳ ᠳᠣᠣᠷ᠎ᠠ ᠨᠡᠷᠡᠲᠦ ᠦᠢ᠍ᠯᠡᠳᠬᠦᠨ ᠪᠣᠯᠣᠨ ᠨᠡᠷᠡᠲᠦ ᠲᠠᠸᠠᠷ᠎ᠤᠨ ᠲᠡᠮᠳᠡᠭ ᠵᠶ᠋ᠡᠷ ᠳᠤᠲᠠᠮᠠᠭ᠂ ᠰᠣᠳᠣᠯᠣᠨ ᠨᠡᠭᠡᠭᠡᠬᠦ ᠡᠩᠨᠡᠭᠡ ᠦᠭᠡᠢ᠂ ᠮᠡᠷᠭᠡᠵᠢᠯ᠎ᠤᠨ ᠳᠠᠪᠴᠠᠩ ᠪᠣᠯᠣᠨ ᠪᠡᠯᠡ ᠮᠥᠩᠭᠥ ᠵᠢᠨ ᠲᠤᠯᠭ᠋ᠠᠭᠤᠷᠢᠯᠠᠬᠤ ᠬᠦᠴᠦᠨ ᠦᠭᠡᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯᠣᠨ ᠮᠡᠷᠭᠡᠵᠢᠯ᠎ᠤᠨ ᠨᠡᠭᠡᠭᠡᠯᠲᠡ ᠵᠢᠨ ᠴᠢᠳᠠᠪᠤᠷᠢ ᠬᠦᠷᠦᠯᠴᠡᠬᠦ ᠦᠭᠡᠢ᠂ ᠰᠢᠨ᠎ᠡ ᠵᠢ ᠡᠭᠦᠳᠬᠦ ᠴᠢᠳᠠᠪᠤᠷᠢ ᠨᠡᠢ᠌ᠳᠡᠮ ᠳᠣᠣᠷ᠎ᠠ ᠵᠡᠷᠭᠡ ᠠᠰᠠᠭᠤᠳᠠᠯ᠎ᠳᠤ ᠲᠤᠯᠭ᠋ᠠᠷᠠᠵᠤ ᠪᠤᠢ᠃
ᠠᠷᠭ᠎ᠠ ᠪᠣᠳᠣᠯᠭ᠎ᠠ
《ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠎ᠤᠨ ᠲᠤᠬᠠᠢ ᠮᠡᠳᠡᠭᠦᠯᠦᠯᠲᠡ》᠎ᠳᠤ ᠢᠯᠡᠷᠡᠭᠦᠯᠦᠭᠰᠡᠨ ᠵᠶ᠋ᠡᠷ᠂ ᠬᠣᠢ᠌ᠰᠢᠲᠠ ᠵᠢᠨ ᠬᠡᠰᠡᠭ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢ ᠬᠥᠭᠵᠢᠭᠦᠯᠬᠦ ᠲᠤᠬᠠᠢ ᠰᠢᠢ᠍ᠳᠪᠦᠷᠢ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠠᠷᠭ᠎ᠠ ᠠᠪᠴᠠᠯ᠎ᠢ ᠴᠢᠨᠠᠭᠰᠢᠲᠠ ᠴᠢᠩᠭ᠋ᠠᠷᠠᠭᠤᠯᠵᠤ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠰᠢᠪᠲᠤᠯᠤᠯᠲᠠ᠂ ᠰᠢᠨ᠎ᠡ ᠳᠠᠪᠠᠯᠲᠠ ᠵᠢ ᠪᠡᠶᠡᠯᠡᠭᠦᠯᠬᠦ ᠪᠣᠯᠣᠨ᠎ᠠ᠃ 2017 ᠣᠨ ᠪᠣᠯᠬᠤ᠎ᠳᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠣᠢ ᠵᠢᠨ ᠨᠡᠮᠡᠭᠳᠡᠯ ᠥᠷᠲᠡᠭ᠎ᠤᠨ ᠪᠦᠬᠦ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠲᠠᠬᠢ ᠬᠠᠷᠢᠴᠠᠯ᠎ᠢ 60%᠎ᠠᠴᠠ ᠳᠡᠭᠡᠭᠰᠢ ᠪᠣᠯᠭ᠋ᠠᠬᠤ᠎ᠪᠠᠷ ᠬᠦᠴᠦᠯᠡᠨ ᠴᠢᠷᠮᠠᠢ᠌ᠵᠤ ᠪᠤᠢ᠃
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠤᠨ᠎ᠠ᠃ ᠮᠥᠩᠭᠥᠨ ᠭᠦᠢ᠍ᠯᠭᠡᠭᠡᠨ᠎ᠤ ᠪᠠᠲᠤᠯᠠᠪᠤᠷᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠴᠢᠳᠠᠪᠤᠷᠢᠲᠠᠨ᠎ᠤ ᠰᠣᠯᠢᠯᠴᠠᠭ᠎ᠠ᠂ ᠵᠠᠰᠠᠭ᠎ᠤᠨ ᠶᠠᠪᠤᠳᠠᠯ᠎ᠤᠨ ᠲᠥᠯᠥᠭᠡᠯᠡᠭᠴᠢ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠤᠭᠤᠯᠬᠤ᠂ ᠬᠠᠤᠯᠢ᠎ᠪᠠᠷ ᠡᠷᠬᠡ ᠠᠰᠢᠭ ᠵᠶ᠋ᠠᠨ ᠬᠠᠮᠠᠭ᠋ᠠᠯᠠᠬᠤ ᠵᠡᠷᠭᠡ ᠦᠢ᠍ᠯᠡᠴᠢᠯᠡᠭᠡᠨ᠎ᠤ ᠲᠠᠪᠴᠠᠩ᠎ᠢ ᠬᠡᠷᠡᠭᠯᠡᠵᠦ᠂ ᠲᠠᠪᠴᠠᠩ᠎ᠤᠨ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠥᠷᠭᠡᠳᠬᠡᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠎ᠡ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠵᠢ ᠬᠠᠷᠰᠢᠯᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠴᠢᠨᠠᠷᠲᠠᠢ ᠬᠢᠨᠠᠨ ᠵᠥᠪᠰᠢᠶᠡᠷᠡᠬᠦ ᠵᠦᠢ᠍ᠯᠡᠰ᠎ᠢ ᠦᠷᠭᠦᠯᠵᠢᠯᠡᠨ ᠴᠡᠪᠡᠷᠯᠡᠵᠦ᠂ ᠠᠷᠠᠳ᠎ᠤᠨ ᠪᠡᠯᠡ ᠣᠷᠤᠭᠤᠯᠤᠯᠲᠠ ᠵᠢᠨ ᠬᠦᠷᠢᠶ᠎ᠡ ᠬᠡᠪᠴᠢᠶ᠎ᠡ ᠵᠢ ᠴᠢᠯᠦᠭᠡᠲᠡᠢ ᠪᠣᠯᠭ᠋ᠠᠨ ᠠᠷᠠᠳ᠎ᠤᠨ ᠪᠡᠯᠡ ᠣᠷᠤᠭᠤᠯᠤᠯᠲᠠ ᠵᠢᠨ ᠰᠠᠭᠤᠷᠢ ᠠᠵᠤ ᠦᠢ᠍ᠯᠡᠰ᠂ ᠰᠠᠭᠤᠷᠢ ᠲᠥᠬᠦᠭᠡᠷᠦᠮᠵᠢ᠂ ᠨᠡᠢ᠌ᠲᠡ ᠵᠢᠨ ᠠᠵᠢᠯ ᠦᠢ᠍ᠯᠡᠰ᠂ ᠨᠡᠢ᠌ᠭᠡᠮ᠎ᠤᠨ ᠠᠵᠢᠯ ᠦᠢ᠍ᠯᠡᠰ ᠵᠢᠴᠢ ᠮᠥᠩᠭᠥᠨ ᠭᠦᠢ᠍ᠯᠭᠡᠭᠡ ᠵᠢᠨ ᠦᠢ᠍ᠯᠡᠴᠢᠯᠡᠭᠡ᠂ ᠳᠠᠭ᠋ᠠᠳᠬᠠᠯ᠂ ᠣᠳᠣ ᠦᠶ᠎ᠡ ᠵᠢᠨ ᠪᠣᠳᠠᠰ᠎ᠤᠨ ᠭᠦᠢ᠍ᠯᠭᠡᠭᠡ᠂ ᠰᠣᠶᠣᠯ᠎ᠤᠨ ᠠᠵᠣ ᠦᠢ᠍ᠯᠡᠰ ᠵᠡᠷᠭᠡ ᠰᠢᠨ᠎ᠡ᠎ᠪᠠᠷ ᠮᠠᠨᠳᠤᠭᠰᠠᠨ ᠦᠢ᠍ᠯᠡᠴᠢᠯᠡᠭᠡᠨ᠎ᠤ ᠬᠦᠷᠢᠶᠡᠨ᠎ᠳᠤ ᠣᠷᠤᠬᠤ ᠵᠢ ᠲᠡᠳᠬᠦᠨ ᠳᠡᠮᠵᠢᠬᠦ ᠪᠣᠯᠣᠨ᠎ᠠ᠃ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ ᠪᠣᠯᠣᠨ ᠤᠯᠤᠰ᠎ᠤᠨ ᠲᠣᠮᠣ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠢ ᠢᠳᠡᠪᠬᠢᠲᠡᠢ ᠣᠷᠤᠯᠴᠠᠭᠤᠯᠵᠤ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠳᠤ ᠥᠨᠳᠦᠷ ᠪᠦᠲᠦᠮᠵᠢ᠂ ᠡᠷᠬᠡ ᠲᠡᠭᠰᠢ᠂ ᠦᠷᠭᠦᠯᠵᠢᠯᠡᠨ ᠬᠥᠭᠵᠢᠬᠦ ᠵᠠᠰᠠᠭ᠎ᠤᠨ ᠶᠠᠪᠤᠳᠠᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠬᠦ ᠵᠢ ᠠᠬᠢᠭᠤᠯᠤᠨ᠎ᠠ᠃
ᠵᠠᠬ᠎ᠠ ᠳᠡᠯᠭᠡᠭᠦᠷ᠎ᠤᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ ᠵᠶ᠋ᠡᠨ ᠥᠷᠭᠡᠳᠬᠡᠬᠦ᠂ ᠲᠥᠷᠥᠯ ᠲᠡᠮᠳᠡᠭ ᠵᠶ᠋ᠡᠨ ᠠᠯᠳᠠᠷᠰᠢᠭᠤᠯᠬᠤ᠂ ᠣᠷᠣᠨ᠎ᠤ ᠲᠣᠲᠣᠭ᠋ᠠᠳᠣ ᠭᠠᠳᠠᠭ᠋ᠠᠲᠤ ᠵᠢᠨ ᠠᠵᠤ ᠠᠬᠤᠢ᠌ᠯᠠᠯ᠎ᠤᠨ ᠬᠣᠭᠤᠷᠤᠨᠳᠤᠬᠢ ᠪᠣᠶᠤ ᠦᠢ᠍ᠯᠡᠳᠭᠦᠨ᠎ᠤ ᠳᠡᠭᠡᠳᠦ ᠳᠣᠣᠷᠠᠳᠣ ᠣᠷᠣᠰᠬᠠᠯ᠎ᠤᠨ ᠬᠣᠭᠣᠷᠣᠨᠳᠣᠬᠢ ᠵᠣᠯᠭ᠋ᠠᠯᠴᠠᠯᠢ ᠠᠬᠢᠭᠤᠯᠵᠤ᠂ ᠨᠡᠢ᠌ᠲᠡ ᠵᠢᠨ ᠥᠮᠴᠢᠯᠡᠯ᠎ᠤᠨ ᠪᠣᠰᠤ ᠠᠵᠤ ᠠᠬᠤᠢ᠌ᠯᠠᠯ᠎ᠤᠨ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠲᠤ ᠣᠷᠣᠬᠣ ᠵᠢ ᠵᠣᠷᠢᠭᠵᠢᠭᠤᠯᠤᠨ᠎ᠠ᠃ ᠪᠡᠯᠡ ᠣᠷᠤᠭᠤᠯᠤᠭᠴᠢ ᠵᠢᠨ ᠲᠣᠮᠣ ᠬᠡᠯᠪᠡᠷᠢ ᠵᠢᠨ ᠲᠤᠰᠬᠠᠢ ᠵᠠᠬ᠎ᠠ ᠳᠡᠯᠭᠡᠭᠦᠷ ᠪᠠᠢ᠌ᠭᠤᠯᠬᠤ ᠵᠢ ᠵᠣᠷᠢᠭᠵᠢᠭᠤᠯᠵᠤ᠂ ᠵᠠᠬ᠎ᠠ ᠳᠡᠯᠭᠡᠭᠦᠷ᠎ᠤᠨ ᠴᠢᠳᠠᠪᠬᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠣᠳᠣ ᠦᠶ᠎ᠡ ᠵᠢᠨ ᠪᠣᠳᠠᠰ᠎ᠤᠨ ᠭᠦᠢ᠍ᠯᠭᠡᠭᠡ ᠵᠢᠨ ᠬᠥᠭᠵᠢᠯᠲᠡ ᠵᠢ ᠠᠬᠢᠭᠤᠯᠤᠨ᠎ᠠ᠃ ᠵᠠᠰᠠᠭ᠎ᠤᠨ ᠣᠷᠳᠣᠨ᠂ ᠠᠵᠤ ᠠᠬᠤᠢ᠌ᠯᠠᠯ ᠪᠣᠯᠣᠨ ᠬᠤᠪᠢ ᠬᠥᠮᠥᠨ ᠵᠶ᠋ᠡᠷ ᠪᠦᠷᠢᠯᠳᠦᠭᠰᠡᠨ ᠨᠡᠢ᠌ᠭᠡᠮ᠎ᠤᠨ ᠢᠲᠡᠭᠡᠮᠵᠢ ᠵᠢᠨ ᠰᠢᠰᠲᠸᠮ᠎ᠢ ᠴᠣᠭᠴᠠᠯᠠᠵᠤ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠢᠲᠡᠭᠡᠮᠵᠢ ᠵᠢᠨ ᠦᠨᠡᠯᠡᠨ ᠨᠡᠢ᠌ᠲᠡᠯᠡᠬᠦ ᠳᠦᠷᠢᠮ ᠪᠣᠯᠣᠨ ᠱᠠᠩᠨᠠᠨ ᠲᠣᠷᠭ᠋ᠠᠬᠤ ᠲᠣᠭᠲᠠᠴᠠ ᠵᠢ ᠲᠦᠷᠭᠡᠳᠬᠡᠨ ᠲᠣᠭᠲᠠᠭ᠋ᠠᠵᠤ᠂ ᠠᠵᠤ ᠠᠬᠤᠢ᠌ᠯᠠᠯ᠎ᠤᠨ ᠢᠲᠡᠭᠡᠮᠵᠢ ᠵᠢᠨ ᠳᠠᠩᠰᠠ ᠡᠪᠬᠡᠮᠡᠯ᠎ᠤᠨ ᠡᠷᠬᠡ ᠰᠦᠷᠲᠦ ᠳ᠋ᠠᠢ᠌ᠲ᠋ᠠ ᠬᠥᠮᠥᠷᠭᠡ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠢᠲᠡᠭᠡᠮᠵᠢ ᠵᠢᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠪᠣᠯᠣᠨ᠎ᠠ᠃
ᠨᠡᠢ᠌ᠭᠡᠮ᠎ᠤᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ᠃ ᠨᠡᠢ᠌ᠭᠡᠮ᠎ᠤᠨ ᠪᠦᠯᠬᠦᠮ᠂ ᠵᠠᠭᠤᠴᠢᠯᠠᠬᠤ ᠵᠣᠬᠢᠶᠠᠨ ᠪᠠᠢ᠌ᠭᠤᠯᠤᠯᠲᠠ ᠵᠢᠨ ᠠᠵᠢᠯ ᠲᠥᠷᠥᠯ᠎ᠤᠨ ᠬᠠᠮᠢᠶᠠᠷᠤᠯᠲᠠ ᠪᠣᠯᠣᠨ ᠦᠢ᠍ᠯᠡᠴᠢᠯᠡᠭᠡᠨ᠎ᠤ ᠴᠢᠳᠠᠪᠬᠢ ᠵᠢ ᠭᠦᠢ᠍ᠴᠡᠳ ᠪᠠᠳᠠᠷᠠᠭᠤᠯᠵᠤ᠂ ᠣᠯᠠᠨ ᠭᠣᠣᠯ ᠴᠣᠭᠴᠠ᠎ᠲᠠᠢ ᠮᠥᠷᠲᠡᠭᠡᠨ ᠣᠯᠠᠨ ᠳᠡᠰ ᠳᠠᠪᠬᠤᠷᠭ᠎ᠠ᠎ᠲᠠᠢ ᠪᠦᠬᠦ ᠲᠠᠯ᠎ᠠ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠤᠨ᠂ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠂ ᠪᠡᠯᠡ ᠣᠷᠤᠭᠤᠯᠤᠯᠲᠠ᠂ ᠮᠡᠳᠡᠭᠡ ᠵᠠᠩᠭᠢ᠂ ᠮᠡᠷᠭᠡᠵᠢᠯ ᠪᠠ ᠬᠠᠤᠯᠢ ᠳᠦᠷᠢᠮ᠎ᠤᠨ ᠳᠡᠮᠵᠢᠯᠭᠡ ᠬᠦᠷᠲᠡᠭᠡᠨ᠎ᠡ᠃
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ ᠠᠷᠭ᠎ᠠ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠲᠦᠷᠭᠡᠳᠬᠡᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠲᠣᠲᠣᠭ᠋ᠠᠲᠤ ᠬᠦᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ᠌ᠯᠠᠯ᠎ᠤᠨ 《ᠲᠠᠪᠤᠨ ᠶᠡᠬᠡ ᠰᠠᠭᠤᠷᠢᠨ》᠎ᠤ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠵᠢ ᠲᠡᠳᠬᠦᠨ ᠳᠡᠮᠵᠢᠬᠦ ᠵᠢᠨ ᠬᠠᠮᠲᠤ 《ᠠᠵᠤ ᠠᠬᠤᠢ᠌ᠯᠠᠯᠲᠠᠨ᠎ᠤ ᠴᠢᠳᠠᠪᠤᠷᠢᠲᠠᠨ᠎ᠤ ᠬᠥᠮᠥᠷᠭᠡ》 ᠵᠢ ᠰᠦᠪᠡᠭᠴᠢᠯᠡᠨ ᠪᠠᠢ᠌ᠭᠤᠯᠤᠨ᠎ᠠ᠃ ᠠᠵᠤ ᠠᠬᠤᠢ᠌ᠯᠠᠯ᠎ᠤᠨ ᠳᠦᠷᠢᠮ᠎ᠤᠨ ᠰᠢᠨ᠎ᠡ ᠵᠢ ᠡᠭᠦᠳᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯᠣᠨ ᠠᠷᠠᠯᠵᠢᠶᠠᠨ᠎ᠤ ᠬᠡᠯᠪᠡᠷᠢ ᠵᠢᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠣᠬᠢ ᠦᠢ᠍ᠯᠡᠳᠬᠦᠨ ᠦᠢ᠍ᠯᠡᠳᠴᠦ᠂ ᠨᠡᠷᠡᠲᠦ ᠲᠡᠮᠳᠡᠭ ᠪᠣᠢ᠌ᠵᠢᠭᠤᠯᠬᠤ ᠵᠢ ᠠᠬᠢᠭᠤᠯᠤᠨ᠎ᠠ᠃ ᠠᠵᠤ ᠠᠬᠤᠢ᠌ᠯᠠᠯ᠎ᠤᠨ ᠬᠣᠭᠣᠷᠣᠨᠳᠤ᠎ᠪᠠᠨ ᠨᠡᠢ᠌ᠯᠡᠬᠦ᠂ ᠳᠠᠬᠢᠨ ᠵᠣᠬᠢᠶᠠᠨ ᠪᠠᠢ᠌ᠭᠤᠯᠬᠤ ᠪᠠ ᠬᠠᠮᠲᠤᠷᠠᠨ ᠠᠵᠢᠯᠯᠠᠬᠤ ᠵᠢ ᠵᠢᠯᠤᠭᠤᠳᠴᠤ᠂ ᠣᠬᠢ ᠰᠢᠯᠢᠳᠡᠭ ᠡᠳ᠋ ᠬᠥᠷᠥᠩᠭᠡ ᠵᠢ ᠠᠮᠢᠯᠠᠭᠤᠯᠤᠨ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠲᠠᠰᠤᠷᠠᠯᠲᠠ ᠦᠭᠡᠢ ᠲᠣᠮᠣᠷᠠᠭᠤᠯᠬᠤ᠎ᠪᠠᠷ ᠪᠤᠢ᠃