ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠨᠳᠦᠰᠦᠲᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢᠨ ᠰᠠᠴᠤᠷᠠᠨᠭ᠌ᠭᠤᠢ ᠲᠤᠶᠠᠭ᠋ᠠᠯᠠᠯ ᠳᠤᠤᠷ᠎ᠠ ᠤᠮᠤᠭᠲᠠᠢ ᠤᠷᠤᠭᠰᠢᠯᠠᠨ᠎ᠠ
ᠨᠡᠶ᠋ᠢᠲᠡᠯᠡᠭᠰᠡᠨ ᠴᠠᠭ᠄ 2015-01-26

      ᠦᠪᠦᠷ ᠮᠤᠨᠭ᠌ᠭᠤᠯ ᠪᠤᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢ᠌ᠭᠤᠯᠤᠭᠳᠠᠭᠰᠠᠨ ᠴᠦᠭᠡᠨ ᠲᠤᠭ᠋ᠠᠲᠤ ᠦᠨᠳᠦᠰᠦᠲᠡᠨ᠎ᠤ ᠦᠪᠡᠷᠲᠡᠭᠡᠨ ᠵᠠᠰᠠᠬᠤ ᠤᠷᠤᠨ ᠪᠤᠯᠤᠨ᠎ᠠ᠂ ᠳᠡᠭᠡᠷ᠎ᠡ ᠵᠠᠭᠤᠨ᠎ᠤ ᠲᠠᠪᠢᠭ᠋ᠠᠳ ᠤᠨ᠎ᠳᠤ ᠶᠡᠷᠦᠨᠭᠭᠡᠢ ᠰᠠᠢ᠌ᠳ ᠵᠸᠤ ᠡᠸᠡ ᠯᠠᠢ᠎ᠳᠤ《ᠵᠢᠱ᠌ᠢᠶᠡᠴᠢ ᠦᠪᠡᠷᠲᠡᠭᠡᠨ ᠵᠠᠰᠠᠬᠤ ᠤᠷᠤᠨ》 ᠬᠡᠵᠤ ᠦᠨᠡᠯᠡᠭᠳᠡᠵᠤ ᠦᠨᠭᠭᠡᠷᠡᠵᠠᠢ᠃   ᠡᠨᠡ ᠵᠢᠯ᠎ᠤᠨ 1 ᠰᠠᠷ᠎ᠠ᠎ᠳᠤ᠂ ᠶᠡᠷᠦᠨᠭᠭᠡᠢ ᠱᠦᠵᠢ ᠰᠢ ᠵᠢᠨ ᠫᠢᠨᠭ ᠦᠪᠦᠷ ᠮᠤᠨᠭ᠌ᠭᠤᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ᠎ᠳᠡᠭᠡᠨ᠂ ᠦᠪᠡᠷᠲᠡᠭᠡᠨ ᠵᠠᠰᠠᠬᠤ ᠤᠷᠤᠨ᠎ᠢ《ᠤᠷᠲᠤ ᠬᠤᠭᠤᠴᠠᠭ᠋ᠠᠨ᠎ᠤ ᠲᠤᠷᠰᠢ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠢ ᠮᠠᠰᠢ ᠰᠠᠢ᠌ᠨ ᠬᠢᠵᠠᠢ》 ᠬᠡᠵᠤ ᠬᠦᠢ᠍ᠴᠡᠳ ᠦᠨᠡᠯᠡᠵᠠᠢ᠃ ᠮᠠᠨ᠎ᠤ ᠤᠯᠤᠰ᠎ᠤᠨ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠪᠠᠢ᠌ᠭᠤᠯᠤᠯ᠎ᠤᠨ ᠮᠡᠨᠳᠦᠯᠡᠭᠰᠡᠨ ᠭᠠᠵᠠᠷ ᠪᠤᠯᠤᠭᠰᠠᠨ᠎ᠤ ᠬᠤᠪᠢ᠎ᠳᠤ᠂ ᠦᠪᠦᠷ ᠮᠤᠨᠭ᠌ᠭᠤᠯ᠎ᠤᠨ ᠦᠨᠳᠦᠰᠦᠲᠡᠨ᠎ᠨᠤᠭᠤᠳ᠎ᠤᠨ ᠠᠷᠠᠳ ᠲᠦᠮᠡᠨ ᠦᠨᠳᠦᠰᠦᠲᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢᠨ ᠲᠤᠶᠠᠭ᠋ᠠᠯᠠᠯ ᠳᠤᠤᠷ᠎ᠠ᠂ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠤᠨ ᠲᠤᠭ᠎ᠢ ᠢᠮᠠᠭᠳᠠ ᠦᠨᠳᠦᠷ ᠮᠠᠨᠳᠤᠭᠤᠯᠵᠤ᠂ ᠡᠬᠡ ᠤᠯᠤᠰ᠎ᠤᠨ ᠤᠮᠠᠷᠠᠳᠤ ᠬᠢᠯᠢ ᠬᠢᠵᠠᠭ᠋ᠠᠷ ᠵᠶ᠋ᠠᠨ ᠬᠠᠮᠲᠤᠪᠡᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ ᠵᠶ᠋ᠠᠨ ᠬᠠᠮᠲᠤᠪᠡᠷ ᠴᠤᠭᠴᠠᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠡ ᠵᠢᠨ ᠦᠢ᠍ᠯᠡᠰ᠎ᠤᠨ ᠠᠤᠭ᠎ᠠ ᠲᠤᠤᠯᠢᠰ᠎ᠢ ᠪᠢᠴᠢᠭᠯᠡᠭᠰᠡᠨ ᠪᠠᠢ᠌ᠨ᠎ᠠ᠃
      ᠨᠢᠭᠡ᠎ᠳᠤ     ᠳᠤᠮᠲᠠᠲᠤ ᠤᠯᠤᠰ᠎ᠤᠨ ᠤᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠦᠪ ᠵᠠᠮ᠎ᠢ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠤᠨ ᠤᠯᠤᠰ ᠲᠦᠷᠦ ᠵᠢᠨ ᠴᠢᠭᠯᠡᠯ᠎ᠢ ᠪᠠᠲᠤ ᠡᠵᠡᠮᠳᠡᠪᠡ᠃ ᠦᠨᠳᠦᠰᠦᠲᠡᠨ᠎ᠤ ᠠᠵᠢᠯ ᠶᠡᠭᠡ ᠲᠠᠯ᠎ᠠ᠎ᠲᠠᠢ ᠬᠤᠯᠪᠤᠭᠳᠠᠨ᠎ᠠ᠃ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠵᠤ᠂ ᠦᠨᠳᠦᠰᠦᠲᠡᠨ᠎ᠤ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ᠎ᠳᠤ᠂ ᠬᠠᠮᠤᠭ᠎ᠤᠨ ᠴᠢᠬᠤᠯᠠ᠎ᠨᠢ ᠳᠤᠮᠲᠠᠲᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠲᠠᠲᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ᠎ᠢ ᠪᠠᠷᠢᠮᠲᠠᠯᠠᠨ᠂ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠬᠤ᠎ᠳᠤ ᠪᠤᠢ᠃ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠢᠮᠠᠭᠲᠠ ᠭᠤᠢ᠌ᠪᠢᠰᠢ ᠦᠭᠡᠢ ᠪᠠᠷᠢᠮᠲᠠᠯᠠᠵᠤ᠂ ᠦᠨᠳᠦᠰᠦᠲᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠵᠦᠪ ᠤᠨᠤᠪᠴᠢᠲᠠᠢ ᠲᠤᠤᠱᠯᠠᠭᠤᠯᠤᠨ ᠬᠡᠷᠡᠭᠵᠢᠭᠦᠯᠵᠤ᠂ ᠦᠨᠳᠦᠰᠦᠲᠡᠨ᠎ᠤ ᠠᠵᠢᠯ᠎ᠢ ᠨᠠᠮ ᠤᠳᠤᠷᠢᠳᠬᠤ ᠪᠠᠢ᠌ᠭᠤᠯᠤᠮᠵᠢ ᠲᠤᠭᠲᠠᠴᠠ ᠵᠢ ᠲᠠᠰᠤᠷᠤᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠴᠦᠭᠡᠨ ᠲᠤᠭ᠋ᠠᠲᠤ ᠦᠨᠳᠦᠰᠦᠲᠡᠨ᠎ᠤ ᠺᠠᠲᠠᠷ᠎ᠤᠨ ᠡᠨᠭᠨᠡᠭᠡ ᠵᠢᠨ ᠪᠠᠢ᠌ᠭᠤᠯᠤᠯᠲᠠ ᠵᠢ ᠴᠢᠨᠭ᠌ᠭ᠋ᠠᠳᠬᠠᠵᠤ᠂ ᠤᠯᠤᠰ ᠲᠦᠷᠦ ᠵᠢᠨ ᠲᠠᠯ᠎ᠠ᠎ᠪᠠᠷ᠂ ᠦᠵᠡᠯ ᠰᠠᠨᠠᠭ᠎ᠠ ᠵᠢᠨ ᠲᠠᠯ᠎ᠠ᠎ᠪᠠᠷ᠂ ᠵᠤᠬᠢᠶᠠᠨ ᠪᠠᠢ᠌ᠭᠤᠯᠤᠯᠲᠠ ᠵᠢᠨ ᠲᠠᠯ᠎ᠠ᠎ᠪᠠᠷ ᠦᠨᠳᠦᠰᠦᠲᠡᠨ᠎ᠤ ᠠᠵᠢᠯ᠎ᠢ ᠨᠠᠮ᠎ᠤᠨ ᠡᠷᠡᠰ ᠴᠢᠨᠭᠭ᠎ᠠ ᠤᠳᠤᠷᠢᠳᠤᠯᠭ᠎ᠠ ᠳᠤᠤᠷ᠎ᠠ ᠪᠠᠢ᠌ᠯᠭ᠋ᠠᠬᠤ ᠵᠢ ᠦᠨᠡᠨᠬᠦ ᠪᠠᠲᠤᠯᠠᠵᠠᠢ᠃
      ᠳᠤᠮᠲᠠᠲᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠦᠮ᠎ᠤᠨ ᠵᠠᠮ᠎ᠢ ᠢᠮᠠᠭᠲᠠ ᠭᠤᠢ᠌ᠪᠢᠰᠢ ᠦᠭᠡᠢ ᠪᠠᠷᠢᠮᠲᠠᠯᠠᠨ᠂ ᠳᠤᠮᠲᠠᠲᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠤᠨᠤᠯ ᠵᠶ᠋ᠠᠷ ᠲᠠᠷᠢᠬᠢ ᠲᠤᠯᠤᠭ᠋ᠠᠢ᠎ᠪᠠᠨ ᠵᠠᠪᠰᠡᠭᠯᠡᠵᠤ᠂ ᠦᠢ᠍ᠯᠡᠳᠦᠯᠭᠡ᠎ᠪᠠᠨ ᠵᠢᠯᠤᠭᠤᠳᠤᠭᠤᠯᠬᠤ ᠵᠢ ᠢᠮᠠᠭᠲᠠ ᠭᠤᠢ᠌ᠪᠢᠰᠢ ᠦᠭᠡᠢ ᠪᠠᠷᠢᠮᠲᠠᠯᠠᠨ᠂ ᠳᠤᠮᠲᠠᠲᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠲᠠᠲᠤ ᠵᠢᠨ ᠵᠡᠬᠦᠲᠤ᠎ᠪᠠᠷ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠶᠤᠨ ᠤᠬᠠᠭ᠋ᠠᠨ ᠬᠦᠴᠦᠨ ᠴᠢᠳᠠᠯ᠎ᠢ ᠨᠢᠭᠲᠠᠷᠠᠭᠤᠯᠵᠤ᠂ ᠵᠠᠮ ᠱᠤᠭᠤᠮ᠎ᠤᠨ ᠦᠪᠡᠷ᠎ᠤᠨ ᠢᠲᠡᠭᠡᠯ᠂ ᠤᠨᠤᠯ᠎ᠤᠨ ᠦᠪᠡᠷ᠎ᠤᠨ ᠢᠲᠡᠭᠡᠯ᠂ ᠪᠠᠢ᠌ᠭᠤᠯᠤᠮᠵᠢ ᠵᠢᠨ ᠦᠪᠡᠷ᠎ᠤᠨ ᠢᠲᠡᠭᠡᠯ᠎ᠢ ᠲᠠᠰᠤᠷᠠᠯᠳᠠ ᠦᠭᠡᠢ ᠴᠢᠨᠭ᠌ᠭ᠋ᠠᠷᠠᠭᠤᠯᠵᠠᠢ᠃ ᠦᠨᠳᠦᠰᠦᠲᠡᠨ᠎ᠤ ᠭᠠᠵᠠᠷ ᠤᠷᠤᠨ᠎ᠤ ᠦᠪᠡᠷᠲᠡᠭᠡᠨ ᠵᠠᠰᠠᠬᠤ ᠤᠷᠤᠨ᠎ᠤ ᠦᠪᠡᠷᠲᠡᠭᠡᠨ ᠵᠠᠰᠠᠬᠤ ᠪᠠᠢ᠌ᠭᠤᠯᠤᠯ᠎ᠢ ᠢᠮᠠᠭᠲᠠ ᠭᠤᠢ᠌ᠪᠢᠰᠢ ᠦᠭᠡᠢ ᠪᠠᠷᠢᠮᠲᠠᠯᠠᠨ᠂ ᠤᠯᠤᠰ᠎ᠤᠨ ᠨᠢᠭᠡᠳᠤᠯ᠎ᠢ ᠬᠠᠮᠠᠭ᠋ᠠᠯᠠᠬᠤ ᠪᠤᠯᠤᠨ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠵᠢᠨ ᠬᠠᠷᠢᠴᠠᠭ᠎ᠠ ᠵᠢ ᠵᠦᠪ ᠰᠢᠢ᠍ᠳᠪᠦᠷᠢᠯᠡᠵᠤ᠂ ᠦᠨᠳᠦᠰᠦᠲᠡᠨ᠎ᠤ ᠬᠦᠴᠦᠨ ᠵᠦᠢ᠍ᠯ ᠪᠤᠯᠤᠨ ᠭᠠᠵᠠᠷ ᠪᠦᠰᠡ ᠵᠢᠨ ᠬᠦᠴᠦᠨ ᠵᠦᠢ᠍ᠯ᠎ᠢ ᠨᠢᠭᠡᠲᠤᠯᠲᠠᠢ ᠲᠦᠯᠦᠪᠵᠢᠭᠦᠯᠦᠨ ᠪᠤᠳᠤᠯᠬᠢᠯᠠᠵᠤ᠂ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠵᠢᠨ ᠪᠤᠳᠠᠲᠠᠢ ᠳᠦᠷᠢᠮ᠎ᠤᠨ ᠲᠤᠬᠢᠷᠠᠭᠤᠯᠤᠯᠲᠠ ᠪᠤᠯᠤᠨ ᠲᠦᠷᠦ ᠵᠢᠨ ᠪᠤᠳᠤᠯᠭ᠎ᠠ ᠵᠢᠨ ᠲᠦᠯᠦᠪᠯᠡᠭᠡ ᠵᠢ ᠲᠠᠰᠤᠷᠤᠯᠲᠠ ᠦᠭᠡᠢ ᠲᠡᠭᠦᠯᠳᠡᠷᠵᠢᠭᠦᠯᠵᠤ᠂ ᠤᠯᠤᠰ᠎ᠤᠨ ᠨᠢᠭᠡᠳᠦᠯ᠎ᠢ ᠡᠷᠡᠰ ᠬᠠᠮᠠᠭ᠋ᠠᠯᠠᠨ᠂ ᠦᠨᠳᠦᠰᠦᠲᠡᠨ᠎ᠨᠦᠭᠦᠳ ᠡᠷᠭᠡ ᠲᠡᠭᠰᠢ ᠪᠠᠢ᠌ᠬᠤ ᠵᠢ ᠦᠨᠡᠨᠬᠦ ᠪᠠᠲᠤᠯᠠᠵᠤ᠂ ᠡᠷᠭᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠨᠭ᠌ᠭᠤᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠦᠲᠦᠮᠵᠢᠲᠠᠢ ᠬᠠᠮᠠᠭ᠋ᠠᠯᠠᠵᠤ ᠬᠦᠭᠵᠢᠭᠦᠯᠦᠭᠰᠡᠨ ᠪᠠᠢ᠌ᠨ᠎ᠠ᠃
      ᠬᠤᠶᠠᠷ᠎ᠲᠤ   ᠬᠦᠭᠵᠢᠭᠦᠯᠬᠦ ᠵᠢ ᠦᠨᠳᠦᠰᠦᠲᠡᠨ᠎ᠤ ᠠᠵᠢᠯ᠎ᠤᠨ ᠵᠤᠭᠰᠤᠴᠠ ᠪᠤᠯᠭ᠋ᠠᠬᠤ ᠵᠢ ᠪᠠᠷᠢᠮᠲᠠᠯᠠᠨ᠂ ᠬᠦᠭᠵᠢᠯᠲᠡ ᠵᠢᠨ ᠦᠷ᠎ᠡ ᠪᠦᠲᠦᠮᠵᠢ ᠵᠢ ᠲᠤᠬᠠᠢ ᠵᠢᠨ ᠭᠠᠵᠠᠷ᠎ᠲᠤ ᠠᠰᠢᠭ ᠬᠦᠷᠲᠡᠭᠡᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠪᠦᠯᠬᠦᠮᠳᠡᠯ᠎ᠢ ᠠᠬᠢᠭᠤᠯᠬᠤ ᠳᠡᠭᠡᠷ᠎ᠡ ᠢᠯᠡᠷᠡᠭᠦᠯᠬᠦ᠎ᠪᠠᠷ ᠴᠢᠷᠮᠠᠢ᠌ᠵᠠᠢ᠃ ᠬᠦᠭᠵᠢᠬᠦᠯᠬᠦ ᠪᠤᠯ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠨᠭ᠌ᠬᠢᠯᠠᠭ᠎ᠠ ᠪᠤᠯᠤᠨ᠎ᠠ᠃ ᠦᠨᠳᠦᠰᠦᠲᠡᠨ᠎ᠨᠦᠭᠦᠳ ᠬᠠᠮᠲᠤᠪᠡᠷ ᠪᠦᠯᠬᠦᠮᠳᠡᠨ ᠲᠡᠮᠡᠴᠡᠵᠤ᠂ ᠬᠠᠮᠲᠤᠪᠡᠷ ᠴᠡᠴᠡᠭᠯᠡᠨ ᠬᠦᠭᠵᠢᠬᠦ ᠵᠢ ᠠᠬᠢᠭᠤᠯᠵᠤ᠂ ᠦᠨᠳᠦᠰᠦᠲᠡᠨ᠎ᠤ ᠭᠠᠵᠠᠷ ᠤᠷᠤᠨ ᠪᠦᠬᠦ ᠤᠯᠤᠰ᠎ᠲᠠᠢ ᠬᠠᠮᠲᠤᠪᠡᠷ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠬᠠᠷᠠᠯᠲᠠ ᠵᠢ ᠪᠡᠶᠡᠯᠡᠬᠦᠯᠬᠦ ᠵᠢ ᠦᠨᠡᠨᠬᠦ ᠪᠠᠲᠤᠯᠠᠬᠤ᠎ᠳᠤ᠂ ᠡᠷᠬᠡᠪᠰᠢ ᠰᠢᠨᠵᠢᠯᠡᠬᠦ ᠤᠬᠠᠭ᠋ᠠᠨᠴᠢ᠎ᠪᠠᠷ ᠬᠦᠭᠵᠢᠬᠦ ᠵᠢ ᠲᠦᠷᠭᠡᠳᠭᠡᠨ ᠠᠬᠢᠭᠤᠯᠬᠤ ᠬᠡᠷᠡᠭᠲᠠᠢ᠃ ᠦᠪᠡᠷᠲᠡᠭᠡᠨ ᠵᠠᠰᠠᠬᠤ ᠤᠷᠤᠨ ᠬᠦᠭᠵᠢᠭᠦᠯᠬᠦ ᠪᠤᠯ ᠬᠠᠲᠠᠭᠤ ᠶᠤᠰᠤ ᠪᠤᠯᠬᠤ ᠪᠠᠢ᠌ᠯᠳᠤᠬᠤ ᠪᠤᠳᠤᠯᠭ᠎ᠠ ᠵᠢᠨ ᠦᠵᠡᠯ ᠰᠠᠨᠠᠭ᠎ᠠ ᠵᠢ ᠭᠤᠢ᠌ᠪᠢᠰᠢ ᠦᠭᠡᠢ ᠪᠠᠷᠢᠮᠲᠠᠯᠠᠨ᠂ ᠪᠦᠬᠦ ᠤᠯᠤᠰ᠎ᠤᠨ ᠬᠦᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠬᠦ ᠪᠤᠯᠤᠨ ᠲᠤᠰ ᠪᠡᠶ᠎ᠡ ᠵᠢᠨ ᠬᠦᠭᠵᠢᠯᠲᠡ᠎ᠪᠠᠨ ᠲᠦᠷᠭᠡᠳᠬᠡᠬᠦ ᠵᠢ ᠤᠬᠠᠮᠰᠠᠷ᠎ᠠᠴᠠ᠎ᠪᠠᠨ ᠨᠢᠭᠡᠳᠭᠡᠵᠤ᠂《ᠲᠠᠪᠤᠨ ᠶᠡᠭᠡ ᠰᠠᠭᠤᠷᠢᠨ》 (ᠴᠡᠪᠡᠷ ᠡᠨ᠋ᠸᠷᠬᠢ ᠵᠢᠨ ᠰᠠᠭᠤᠷᠢᠨ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ᠂ ᠦᠨᠭᠭᠡᠲᠤ ᠲᠡᠮᠦᠷᠯᠢᠭ ᠪᠤᠯᠤᠨ ᠤᠳᠤ ᠦᠶ᠎ᠡ ᠵᠢᠨ ᠮᠠᠰᠢᠨ ᠲᠤᠨᠤᠭᠯᠠᠯ ᠦᠢ᠍ᠯᠡᠳᠬᠦ ᠵᠡᠷᠭᠡ ᠰᠢᠨ᠎ᠡ ᠬᠡᠯᠪᠡᠷᠢ ᠵᠢᠨ ᠠᠵᠤ ᠦᠢ᠍ᠯᠡᠰ᠎ᠤᠨ ᠰᠠᠭᠤᠷᠢᠨ᠂ ᠪᠤᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠨᠭ᠌᠎ᠤᠨ ᠪᠦᠲᠦᠭᠡᠭᠳᠡᠭᠦᠨ᠎ᠤ ᠰᠠᠭᠤᠷᠢᠨ᠂ ᠵᠤᠭ᠋ᠠᠴᠠᠯ ᠰᠤᠶᠤᠯ᠎ᠤᠨ ᠰᠠᠭᠤᠷᠢᠨ)᠂《ᠬᠤᠶᠠᠷ ᠬᠠᠯᠬᠠᠪᠴᠢ》 (ᠮᠠᠨ᠎ᠤ ᠤᠯᠤᠰ᠎ᠤᠨ ᠤᠯᠠᠷᠠᠲᠤ ᠵᠢᠨ ᠴᠢᠬᠤᠯᠠ ᠠᠮᠢ ᠠᠬᠤᠢ ᠵᠢᠨ ᠬᠠᠯᠬᠠᠪᠴᠢ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠤᠭᠲᠠᠭᠤᠨ᠎ᠤ ᠬᠠᠯᠬᠠᠪᠴᠢ) ᠪᠤᠯᠤᠨ《ᠨᠢᠭᠡ ᠪᠡᠬᠢᠯᠡᠯᠲᠡ》 (ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ) ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠨ ᠠᠬᠢᠭᠤᠯᠵᠤ᠂ 2013 ᠤᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠨᠭᠭᠡᠢ ᠦᠷᠲᠡᠭ 1.68 ᠲᠦᠮᠡᠨ ᠳ᠋ᠦᠨᠭᠰᠢᠭᠤᠷ ᠲᠦᠭᠦᠷᠢᠭ᠎ᠲᠤ ᠬᠦᠷᠴᠦ᠂ ᠬᠦᠮᠦᠨ ᠳᠤᠮᠳᠠᠴᠢ ᠵᠢᠨ ᠦᠢ᠍ᠯᠡᠳᠪᠦᠷᠢᠯᠡᠯ᠎ᠤᠨ ᠶᠡᠷᠦᠨᠭᠭᠡᠢ ᠦᠷᠲᠡᠭ 1 ᠲᠦᠮᠡᠨ ᠳ᠋ᠤᠯᠯᠠᠷ᠎ᠢ ᠳᠠᠪᠠᠵᠤ᠂ ᠤᠷᠤᠨ ᠨᠤᠲᠤᠭ᠎ᠤᠨ ᠤᠯᠠᠨ ᠨᠡᠢ᠌ᠲᠡ ᠵᠢᠨ ᠡᠳ᠋᠎ᠤᠨ ᠵᠠᠰᠠᠭ᠎ᠤᠨ ᠲᠦᠰᠦᠪ᠎ᠤᠨ ᠤᠷᠤᠯᠭ᠎ᠠ 1720 ᠳ᠋ᠦᠨᠭᠰᠢᠭᠤᠷ ᠲᠦᠭᠦᠷᠢᠭ᠎ᠲᠤ ᠬᠦᠷᠴᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠪᠤᠳᠠᠰ᠎ᠤᠨ ᠰᠠᠭᠤᠷᠢ ᠵᠢ ᠨᠡᠨᠭ ᠪᠠᠲᠤ ᠪᠡᠬᠢ ᠲᠠᠯᠪᠢᠵᠠᠢ᠃ ᠬᠦᠭᠵᠢᠯᠲᠠ ᠵᠢ ᠲᠤᠬᠠᠢ ᠵᠢᠨ ᠭᠠᠵᠠᠷ᠎ᠲᠤ   ᠠᠰᠢᠭ ᠬᠦᠷᠲᠡᠭᠡᠬᠦ ᠳᠡᠭᠡᠷ᠎ᠡ ᠨᠠᠢ᠌ᠳᠠᠪᠤᠷᠢᠵᠢᠭᠤᠯᠬᠤ ᠵᠢ ᠪᠠᠷᠢᠮᠲᠠᠯᠠᠨ᠂ ᠠᠵᠠ ᠲᠤᠬᠢᠶᠠᠯ᠎ᠢ ᠠᠮᠵᠢᠨ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠤᠵᠢᠯᠲᠠ ᠪᠤᠯᠤᠨ ᠲᠠᠷᠢᠶᠠᠯᠠᠨᠭ᠌ ᠮᠠᠯ ᠠᠵᠤ ᠠᠬᠤᠢ ᠵᠢᠨ ᠤᠳᠤᠬᠢᠴᠢᠯᠠᠯᠲᠠ ᠵᠢ ᠲᠦᠯᠬᠢᠨ ᠠᠬᠢᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠰᠢᠭᠯᠡᠨ ᠡᠨ᠋ᠸᠷᠬᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠲᠡᠷᠢᠶᠠᠯᠠᠨᠭ᠌᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢ ᠡᠳ᠋ᠰᠢᠬᠦᠯᠦᠨ ᠪᠤᠯᠪᠠᠰᠤᠷᠠᠭᠤᠯᠬᠤ᠂ ᠲᠤᠨᠤᠭᠯᠠᠯ ᠦᠢ᠍ᠯᠡᠳᠬᠦ᠎ᠪᠠᠷ ᠭᠤᠤᠯᠳᠠᠯᠭ᠎ᠠ ᠪᠤᠯᠭ᠋ᠠᠭᠰᠠᠨ ᠤᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠰᠢᠰᠲᠸᠮ᠎ᠢ ᠴᠤᠭᠴᠠᠯᠠᠵᠤ᠂ ᠤᠰᠤ ᠴᠠᠬᠢᠯᠭ᠋ᠠᠨ ᠵᠠᠮ ᠴᠢᠮᠡᠭᠡ ᠬᠤᠯᠪᠤᠭ᠎ᠠ ᠵᠢᠨ ᠰᠠᠭᠤᠷᠢ ᠲᠦᠭᠦᠭᠡᠷᠦᠮᠵᠢ ᠵᠢᠨ ᠨᠦᠬᠦᠴᠡᠯ᠎ᠢ ᠢᠯᠡᠳᠲᠡ ᠰᠠᠢ᠌ᠵᠢᠷᠠᠭᠤᠯᠵᠤ᠂ ᠲᠠᠯ᠎ᠠ ᠨᠤᠲᠤᠭ᠎ᠤᠨ ᠤᠷᠭᠤᠮᠠᠯ᠎ᠤᠨ ᠪᠦᠷᠬᠦᠴᠡ 44.1%᠎ᠲᠤ ᠬᠦᠷᠴᠦ᠂ ᠤᠢ ᠰᠢᠭᠤᠢ ᠵᠢᠨ ᠪᠦᠷᠬᠦᠴᠡ ᠳᠡᠭᠡᠭᠰᠢᠯᠡᠭᠡᠳ 21%᠎ᠲᠤ ᠬᠦᠷᠴᠦ᠂ ᠬᠤᠲᠠ ᠬᠦᠳᠡᠭᠡ ᠵᠢᠨ ᠳᠦᠷᠰᠤ ᠪᠠᠢ᠌ᠳᠠᠯ᠎ᠳᠤ ᠯᠤᠲᠤ ᠶᠡᠭᠡ ᠬᠤᠪᠢᠷᠠᠯᠲᠠ ᠭᠠᠷᠴᠠᠢ᠃ ᠬᠦᠭᠵᠢᠯᠲᠡ ᠵᠢ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠳᠡᠭᠡᠷ᠎ᠡ ᠨᠠᠢ᠌ᠳᠠᠪᠤᠷᠢᠵᠢᠭᠤᠯᠬᠤ ᠵᠢ ᠪᠠᠷᠢᠮᠲᠠᠯᠠᠵᠤ᠂ ᠶᠠᠳᠠᠭᠤ ᠵᠢ ᠲᠡᠳᠭᠦᠨ ᠪᠡᠬᠢᠯᠡᠯᠳᠡ ᠳᠠᠭ᠋ᠠᠷᠢᠬᠤ᠂ ᠦᠢ᠍ᠯᠡᠰ ᠪᠤᠰᠬᠠᠨ ᠠᠵᠢᠯ ᠤᠯᠬᠤ᠂ ᠠᠷᠠᠳ ᠤᠯᠠᠨ᠎ᠤ ᠠᠮᠤᠭᠤᠯᠠᠨᠭ᠌ ᠤᠷᠤᠨ ᠰᠠᠭᠤᠴᠠ ᠵᠡᠷᠭᠡ ᠬᠦᠨᠳᠤ ᠴᠢᠬᠤᠯᠠ ᠠᠷᠠᠳ᠎ᠤᠨ ᠠᠮᠢᠳᠤᠷᠠᠯ᠎ᠤᠨ ᠢᠨᠵᠸᠨ᠋ᠸᠷᠢᠨᠭ᠎ᠢ ᠶᠡᠬᠡ᠎ᠪᠠᠷ ᠲᠦᠯᠬᠢᠨ ᠠᠬᠢᠭᠤᠯᠵᠤ᠂ ᠪᠦᠬᠦ ᠤᠷᠤᠨ᠎ᠳᠤ ᠮᠠᠯᠵᠢᠬᠤ ᠲᠠᠷᠢᠶᠠᠯᠠᠬᠤ ᠤᠷᠤᠨ᠎ᠤ ᠨᠤᠷᠠᠬᠤ ᠠᠶᠤᠯ᠎ᠲᠠᠢ ᠬᠡᠷ ᠪᠠᠢ᠌ᠰᠢᠨᠭ᠌᠎ᠢ ᠰᠢᠨᠡᠳᠭᠡᠨ ᠪᠠᠢ᠌ᠭᠤᠯᠬᠤ᠂ ᠠᠮᠤᠷ ᠲᠦᠪᠰᠢᠨ ᠤᠰᠤ ᠤᠮᠳᠠ᠂ ᠭᠠᠴᠠᠭ᠎ᠠ ᠲᠤᠰᠬᠤᠨ᠎ᠤ ᠵᠡᠭᠡᠯᠢ ᠭᠤᠳᠤᠮᠵᠢ ᠵᠢ ᠬᠠᠲᠠᠭᠤᠷᠠᠭᠤᠯᠬᠤ᠂ ᠭᠠᠴᠠᠭ᠎ᠠ ᠲᠤᠰᠬᠤᠨ ᠪᠤᠯᠭ᠋ᠠᠨ᠎ᠳᠤ ᠴᠠᠬᠢᠯᠭ᠋ᠠᠨ ᠨᠡᠪᠲᠡᠷᠡᠬᠦᠯᠬᠦ᠂ ᠨᠡᠢ᠌ᠭᠡᠮ᠎ᠤᠨ ᠪᠠᠲᠤᠯᠠᠪᠤᠷᠢ ᠵᠡᠷᠭᠡ《ᠠᠷᠪᠠ ᠵᠢ ᠪᠦᠷᠬᠦᠬᠦᠯᠬᠦ》 ᠢᠨᠵᠸᠨ᠋ᠸᠷᠢᠨᠭ᠎ᠢ ᠬᠡᠷᠡᠭᠵᠢᠭᠦᠯᠬᠦ ᠵᠢᠨ ᠬᠠᠮᠲᠤ᠂ ᠳᠤᠤᠷ᠎ᠠ ᠤᠷᠤᠯᠭ᠎ᠠ᠎ᠲᠠᠢ ᠮᠠᠯᠵᠢᠬᠤ ᠲᠠᠷᠢᠶᠠᠯᠠᠬᠤ ᠡᠷᠦᠬᠡ᠎ᠳᠤ ᠵᠢᠯ ᠪᠦᠷᠢ ᠰᠦᠢ᠍ᠳᠭᠡᠯ ᠬᠤᠷᠢᠶᠠᠬᠤ ᠦᠭᠡᠢ᠎ᠪᠠᠷ 1 ᠳᠤᠨ ᠳᠤᠯᠠᠭ᠋ᠠᠯᠠᠭ᠎ᠠ ᠵᠢᠨ ᠨᠡᠭᠦᠷᠡᠰᠦ ᠬᠠᠨᠭ᠌ᠭ᠋ᠠᠵᠤ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠬᠦᠷᠲᠡᠵᠤ ᠪᠠᠢ᠌ᠭ᠎ᠠ ᠬᠡᠷ ᠪᠦᠯᠢ ᠵᠢᠨ ᠤᠶᠤᠲᠠᠳ᠎ᠲᠤ ᠵᠢᠯ ᠪᠦᠷᠢ 1 ᠲᠦᠮᠡᠨ ᠲᠦᠭᠦᠷᠢᠭ᠎ᠤᠨ ᠰᠤᠷᠤᠯᠭ᠎ᠠ ᠵᠢᠨ ᠨᠦᠬᠦᠪᠦᠷᠢ ᠤᠯᠭᠤᠨ᠂ ᠠᠵᠢᠯ᠎ᠲᠠᠢ ᠬᠦᠮᠦᠨ ᠦᠭᠡᠢ ᠬᠡᠷ ᠪᠦᠯᠢ᠎ᠳᠤ ᠠᠳᠠᠭ᠎ᠲᠠᠭᠠᠨ 1 ᠬᠦᠮᠦᠨ᠎ᠳᠤᠨᠢ ᠠᠵᠢᠯ ᠤᠯᠭᠤᠬᠤ ᠠᠰᠠᠭᠤᠳᠠᠯ᠎ᠢ ᠰᠢᠢ᠍ᠳᠪᠦᠷᠢᠯᠡᠵᠠᠢ᠃ ᠬᠦᠭᠵᠢᠯᠲᠡ ᠵᠢ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠳᠡᠭᠡᠷ᠎ᠡ ᠨᠠᠢ᠌ᠳᠠᠪᠤᠷᠢᠵᠢᠭᠤᠯᠩᠬᠤ ᠵᠢ ᠪᠠᠷᠢᠮᠲᠠᠯᠠᠵᠤ᠂ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠤᠵᠢᠯᠲᠡ ᠵᠢᠨ ᠠᠬᠢᠴᠠ᠎ᠳᠤ ᠬᠠᠷᠢᠯᠴᠠᠨ ᠠᠭᠤᠰᠤᠯᠴᠠᠬᠤ ᠬᠡᠯᠪᠡᠷᠢ ᠵᠢᠨ ᠨᠡᠢ᠌ᠭᠡᠮ᠎ᠤᠨ ᠪᠦᠲᠦᠴᠡ ᠪᠤᠯᠤᠨ ᠨᠡᠢ᠌ᠭᠡᠮ ᠲᠭᠤᠷᠢᠭ᠎ᠤᠨ ᠤᠷᠴᠢᠨ ᠲᠤᠭᠤᠷᠢᠨ᠎ᠢ ᠪᠠᠢ᠌ᠭᠤᠯᠵᠤ᠂ ᠵᠠᠬ᠎ᠠ ᠳᠡᠯᠭᠡᠭᠦᠷᠵᠢᠯᠲᠡ᠂ ᠮᠡᠳᠡᠭᠡ ᠵᠠᠨᠭ᠌ᠬᠢᠵᠢᠯᠲᠠ ᠵᠢᠨ ᠨᠦᠬᠦᠴᠡᠯ ᠳᠤᠤᠷ᠎ᠠ ᠡᠯ᠎ᠡ ᠦᠨᠳᠦᠰᠦᠲᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢ ᠦᠷᠭᠡᠳᠭᠡᠨ᠂ ᠡᠯ᠎ᠡ ᠦᠨᠳᠦᠰᠦᠲᠡᠨ᠎ᠤ ᠠᠷᠠᠳ ᠲᠦᠮᠡᠨ ᠬᠠᠮᠲᠤ ᠵᠢᠨ ᠦᠢ᠍ᠯᠡᠳᠪᠦᠷᠢᠯᠡᠯ ᠠᠮᠢᠳᠤᠷᠠᠯ ᠪᠤᠯᠤᠨ ᠰᠤᠷᠤᠯᠴᠠᠯᠭ᠎ᠠ ᠳᠤᠮᠳᠠ᠎ᠪᠠᠨ ᠠᠬ᠎ᠠ ᠳᠡᠭᠦᠦ ᠵᠢᠨ ᠰᠡᠳᠬᠢᠯᠭᠡ᠎ᠲᠠᠢ ᠪᠤᠯᠵᠤ᠂ ᠬᠢᠯᠢ ᠬᠢᠵᠠᠭ᠋ᠠᠷ ᠤᠷᠤᠨ ᠵᠶ᠋ᠠᠨ ᠰᠠᠬᠢᠨ ᠬᠠᠮᠠᠭ᠋ᠠᠯᠠᠵᠤ ᠠᠯᠤᠰ᠎ᠢ ᠪᠠᠷᠠᠯᠠᠨ ᠬᠠᠷᠢᠯᠴᠠᠨ ᠬᠠᠪᠰᠤᠷᠤᠯᠴᠠᠬᠤ ᠵᠢ ᠠᠬᠢᠭᠤᠯᠵᠠᠢ᠃
      ᠭᠤᠷᠪᠠ᠎ᠳᠤ     ᠦᠨᠡᠨ᠎ᠠᠴᠠ ᠵᠦᠪ᠎ᠢ ᠡᠷᠢᠵᠤ᠂ ᠠᠯᠢᠪᠡ ᠪᠦᠬᠦᠨ᠎ᠳᠤ ᠪᠤᠳᠠᠲᠠᠢ᠎ᠠᠴᠠ ᠡᠬᠦᠰᠬᠦ ᠵᠢ ᠪᠠᠷᠢᠮᠲᠠᠯᠠᠨ᠂ ᠭᠠᠵᠠᠷ ᠤᠷᠤᠨ᠎ᠤ ᠪᠤᠳᠠᠲᠠᠢ᠎ᠳᠤᠨᠢ ᠲᠤᠬᠢᠷᠠᠭᠤᠯᠤᠨ ᠦᠨᠳᠦᠰᠦᠲᠡᠨ᠎ᠤ ᠭᠠᠵᠠᠷ ᠤᠷᠤᠨ᠎ᠤ ᠤᠨᠴᠠᠭ᠋ᠠᠢ ᠵᠦᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠪᠡ᠃ ᠦᠨᠳᠦᠰᠦᠲᠡᠨ᠎ᠤ ᠠᠰᠠᠭᠤᠳᠠᠯ᠎ᠨᠢ ᠲᠦᠭᠡᠮᠡᠯ ᠴᠢᠨᠡᠷ᠎ᠲᠠᠢ ᠮᠦᠷᠲᠡᠭᠡᠨ ᠪᠠᠰᠠ ᠤᠨᠴᠠᠭ᠋ᠠᠢ ᠴᠢᠨᠠᠷ᠎ᠲᠠᠢ ᠪᠠᠢ᠌ᠳᠠᠭ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠵᠤ᠂ ᠦᠨᠳᠦᠰᠦᠲᠡᠨ᠎ᠤ ᠵᠦᠷᠢᠴᠡᠯ᠎ᠢ ᠰᠢᠢ᠍ᠳᠪᠦᠷᠢᠯᠡᠬᠦ᠎ᠳᠤ᠂ ᠡᠷᠬᠡᠪᠰᠢ ᠴᠦᠬᠡᠨ ᠳᠤᠲᠤᠭ᠋ᠠᠲᠤ ᠦᠨᠳᠦᠰᠦᠲᠡᠨ ᠪᠤᠯᠤᠨ ᠦᠨᠳᠦᠰᠦᠲᠡᠨ᠎ᠤ ᠭᠠᠵᠠᠷ ᠤᠷᠤᠨ᠎ᠤ ᠪᠤᠰᠤᠳᠴᠢ ᠪᠤᠳᠠᠲᠤ ᠪᠠᠢ᠌ᠳᠠᠯ᠎ᠠᠴᠠ ᠡᠭᠦᠰᠴᠤ᠂ ᠴᠢᠭᠯᠡᠭᠦᠯᠦᠯᠲᠡ ᠴᠢᠨᠠᠷᠲᠠᠢ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠠᠪᠴᠤ᠂ ᠦᠨᠳᠦᠰᠦᠲᠡᠨ᠎ᠨᠦᠭᠦᠳ ᠬᠠᠮᠲᠤᠪᠡᠷ ᠴᠡᠴᠡᠭᠯᠡᠨ ᠬᠦᠭᠵᠢᠬᠦ ᠵᠢ ᠠᠬᠢᠭᠤᠯᠬᠤ ᠬᠡᠷᠡᠭᠲᠠᠢ᠃ ᠴᠦᠭᠡᠨ ᠲᠤᠭ᠋ᠠᠲᠤ ᠦᠨᠳᠦᠰᠦᠲᠡᠨ ᠲᠦᠪᠯᠡᠷᠡᠨ ᠰᠠᠭᠤᠭᠰᠠᠨ ᠭᠠᠵᠠᠷ ᠤᠷᠤᠨ᠎ᠤ ᠠᠵᠤ ᠠᠬᠤᠢ ᠵᠢᠨ ᠬᠦᠭᠵᠢᠯᠲᠡ ᠬᠠᠷᠢᠴᠠᠨᠭ᠌ᠭᠤᠢ᠎ᠪᠠᠷ ᠬᠤᠴᠤᠷᠤᠨᠭ᠌ᠭᠤᠢ ᠪᠠᠢ᠌ᠬᠤ ᠪᠤᠳᠠᠲᠤ ᠪᠠᠢ᠌ᠳᠠᠯ᠎ᠳᠤ ᠴᠢᠭᠯᠡᠭᠦᠯᠦᠨ᠂ ᠦᠪᠡᠷᠲᠡᠭᠡᠨ ᠵᠠᠰᠠᠬᠤ ᠤᠷᠤᠨ ᠠᠯᠢ ᠤᠯᠠᠨ ᠤᠨᠴᠠᠭ᠋ᠠᠢ ᠬᠠᠪᠰᠤᠷᠤᠨ ᠲᠡᠳᠭᠦᠬᠦ ᠲᠦᠷᠦ ᠵᠢᠨ ᠪᠤᠳᠤᠯᠭ᠎ᠠ ᠲᠤᠭᠲᠠᠭ᠋ᠠᠨ ᠨᠡᠢ᠌ᠲᠡᠯᠡᠵᠤ᠂《ᠬᠢᠯᠢ ᠬᠢᠵᠠᠭ᠋ᠠᠷ ᠵᠶ᠋ᠠᠨ ᠮᠠᠨᠳᠤᠭᠤᠯᠤᠨ ᠠᠷᠠᠳ ᠵᠶ᠋ᠠᠨ ᠪᠠᠶᠠᠵᠢᠭᠤᠯᠬᠤ》 ᠠᠵᠢᠯᠯᠠᠭ᠎ᠠ ᠦᠷᠨᠢᠭᠦᠯᠦᠭᠰᠡᠨ ᠪᠦᠭᠡᠳ ᠬᠦᠮᠦᠨ ᠠᠮᠠ ᠴᠦᠬᠡᠪᠲᠦᠷ ᠦᠨᠳᠦᠰᠦᠲᠡᠨ᠎ᠤ ᠬᠦᠭᠵᠢᠯᠲᠡ ᠵᠢᠨ ᠲᠤᠰᠬᠠᠢ ᠲᠦᠷᠦᠯ᠎ᠤᠨ ᠲᠦᠯᠦᠪᠵᠢᠭᠦᠯᠭᠡ ᠵᠢ ᠬᠡᠷᠡᠭᠵᠢᠭᠦᠯᠵᠤ᠂ 2005 ᠤᠨ᠎ᠠᠴᠠ ᠨᠠᠰᠢ ᠦᠪᠡᠷᠲᠡᠭᠡᠨ ᠵᠠᠰᠠᠬᠤ ᠤᠷᠤᠨ ᠬᠢᠯᠢ ᠬᠢᠵᠠᠭ᠋ᠠᠷ᠎ᠤᠨ ᠬᠤᠰᠢᠭᠤ ᠬᠤᠲᠠ ᠪᠠ ᠭᠤᠷᠪᠠᠨ ᠴᠦᠭᠡᠨ ᠲᠤᠭ᠋ᠠᠲᠤ ᠦᠨᠳᠦᠰᠦᠲᠡᠨ᠎ᠤ ᠦᠪᠡᠷᠲᠡᠭᠡᠨ ᠵᠠᠰᠠᠬᠤ ᠬᠤᠰᠢᠭᠤᠨ᠎ᠳᠤ ᠨᠡᠢ᠌ᠲᠡ 1300 ᠭᠠᠷᠤᠢ ᠳ᠋ᠦᠨᠭᠰᠢᠭᠤᠷ ᠲᠦᠭᠦᠷᠢᠭ ᠪᠡᠯᠡ ᠮᠦᠨᠭᠭᠦ ᠵᠢ ᠰᠢᠯᠵᠢᠭᠦᠯᠦᠨ ᠤᠯᠭᠤᠵᠤ᠂《ᠮᠠᠯ ᠠᠵᠤ ᠠᠬᠤᠢ ᠮᠠᠯᠵᠢᠬᠤ ᠤᠷᠤᠨ ᠮᠠᠯᠴᠢᠨ》᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ 1500 ᠭᠠᠷᠤᠢ ᠳ᠋ᠦᠨᠭᠰᠢᠭᠤᠷ ᠲᠦᠭᠦᠷᠢᠭ ᠪᠡᠯᠡ ᠤᠷᠤᠭᠤᠯᠵᠤ᠂ ᠴᠦᠭᠡᠨ ᠲᠤᠭ᠋ᠠᠲᠤ ᠦᠨᠳᠦᠰᠦᠲᠡᠨ ᠲᠦᠪᠯᠡᠷᠡᠨ ᠰᠠᠭᠤᠭᠰᠠᠨ ᠭᠠᠵᠠᠷ ᠤᠷᠤᠨ᠎ᠤ ᠭᠤᠤᠯ ᠪᠤᠯᠬᠤ ᠠᠵᠤ ᠠᠬᠤᠢ ᠵᠢᠨ ᠬᠦᠢ᠍ᠴᠡᠳᠬᠡᠬᠦ ᠲᠤᠭ᠎ᠠ ᠵᠢᠨ ᠨᠡᠮᠡᠭᠳᠡᠯ᠎ᠤᠨ ᠬᠤᠷᠳᠤᠴᠠ ᠪᠦᠬᠦ ᠤᠷᠤᠨ᠎ᠤ ᠳᠤᠮᠳᠠᠴᠢ ᠲᠦᠪᠰᠢᠨ᠎ᠠᠴᠠ ᠦᠨᠳᠦᠷ ᠪᠤᠯᠵᠤ᠂ ᠮᠠᠯᠴᠢᠳ᠎ᠤᠨ ᠤᠷᠤᠯᠭ᠎ᠠ ᠲᠠᠷᠢᠶᠠᠴᠢᠳ᠎ᠤᠨ ᠤᠷᠤᠯᠭ᠎ᠠ ᠵᠢᠨ ᠲᠦᠪᠰᠢᠨ᠎ᠠᠴᠠ ᠮᠡᠳᠡᠭᠳᠡᠮ᠎ᠡ ᠦᠨᠳᠦᠷ ᠪᠤᠯᠵᠠᠢ᠃ ᠴᠦᠭᠡᠨ ᠲᠤᠭ᠋ᠠᠲᠤ ᠦᠨᠳᠦᠰᠦᠲᠡᠨ ᠲᠦᠪᠯᠡᠷᠡᠨ ᠰᠠᠭᠤᠭᠰᠠᠨ ᠤᠷᠤᠨ᠎ᠤ ᠦᠨᠳᠦᠰᠦᠨ ᠤᠯᠠᠨ ᠨᠡᠢ᠌ᠲᠡ ᠵᠢᠨ ᠦᠢ᠍ᠯᠡᠴᠢᠯᠡᠭᠡ ᠵᠢᠨ ᠵᠦᠷᠢᠶ᠎ᠡ ᠨᠡᠯᠢᠶᠡᠳ ᠶᠡᠭᠡ ᠪᠠᠢ᠌ᠬᠤ ᠪᠤᠳᠠᠲᠤ ᠪᠠᠢ᠌ᠳᠠᠯ᠎ᠳᠤ ᠴᠢᠭᠯᠡᠭᠦᠯᠦᠨ᠂ ᠦᠨᠳᠦᠰᠦᠲᠡᠨ᠎ᠤ ᠰᠤᠷᠭ᠋ᠠᠨ ᠬᠦᠮᠦᠵᠢᠯ᠂ ᠦᠨᠳᠦᠰᠦᠲᠡᠨ᠎ᠤ ᠰᠤᠶᠤᠯ᠂ ᠦᠨᠳᠦᠰᠦᠲᠡᠨ᠎ᠤ ᠡᠮ ᠡᠮᠨᠡᠯᠭᠡ ᠵᠡᠷᠭᠡ ᠦᠢ᠍ᠯᠡᠰ᠎ᠤᠨ ᠬᠦᠭᠵᠢᠯᠲᠡ ᠵᠢ ᠲᠡᠳᠭᠦᠨ ᠳᠡᠮᠵᠢᠬᠦ ᠡᠷᠴᠢᠮ ᠵᠶ᠋ᠠᠨ ᠴᠢᠨᠭ᠌ᠭ᠋ᠠᠷᠠᠭᠤᠯᠵᠤ᠂ ᠮᠤᠨᠭ᠌ᠭᠤᠯ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠳᠦᠷᠢᠮ ᠪᠠ ᠮᠤᠨᠭ᠌ᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠳᠦᠷᠢᠮ᠎ᠢ ᠲᠤᠭᠲᠠᠭ᠋ᠠᠵᠤ᠂ ᠪᠦᠬᠦ ᠤᠷᠤᠨ᠎ᠤ 90%᠎ᠤᠨ ᠦᠨᠳᠦᠰᠦᠲᠡᠨ᠎ᠤ   ᠳᠤᠮᠳᠠᠲᠤ ᠪᠠᠭ᠎ᠠ ᠰᠤᠷᠭ᠋ᠠᠭᠤᠯᠢ ᠪᠠ ᠬᠡᠤᠭᠡᠳ᠎ᠤᠨ ᠴᠡᠴᠡᠷᠯᠢᠭ᠎ᠲᠤ ᠮᠤᠨᠭ᠌ᠭᠤᠯ ᠬᠢᠲᠠᠳ《ᠬᠤᠤᠰ ᠬᠡᠯᠡᠨ》᠎ᠤ ᠵᠢᠭ᠋ᠠᠨ ᠰᠤᠷᠭ᠋ᠠᠯᠲᠠ ᠵᠢ ᠬᠡᠷᠡᠭᠵᠢᠭᠦᠯᠵᠤ᠂ ᠮᠤᠨᠭ᠌ᠭᠤᠯ ᠵᠶ᠋ᠠᠷ ᠬᠢᠴᠢᠶᠡᠯᠯᠡᠵᠤ ᠪᠠᠢ᠌ᠭ᠎ᠠ ᠰᠤᠷᠤᠭᠴᠢᠳ ᠬᠡᠤᠭᠡᠳ᠎ᠤᠨ ᠴᠡᠴᠡᠷᠯᠢᠭ᠎ᠠᠴᠠ ᠦᠨᠳᠦᠷ ᠵᠡᠷᠭᠡ ᠵᠢᠨ ᠳᠤᠮᠲᠠᠲᠤ ᠰᠤᠷᠭ᠋ᠠᠭᠤᠯᠢ ᠲᠡᠭᠦᠰᠲᠠᠯ᠎ᠡ ᠰᠦᠢ᠍ᠳᠭᠡᠯ ᠬᠤᠷᠢᠶᠠᠬᠤ ᠦᠭᠡᠢ ᠰᠤᠷᠭ᠋ᠠᠨ ᠬᠦᠮᠦᠵᠢᠯ᠎ᠢ ᠪᠡᠶᠡᠯᠡᠬᠦᠯᠵᠤ᠂ ᠮᠤᠨᠭ᠌ᠭᠤᠯ ᠵᠶ᠋ᠠᠷ ᠬᠢᠴᠢᠯᠡᠯᠯᠡᠭᠰᠡᠨ ᠶᠡᠭᠡ ᠳᠡᠭᠡᠲᠤ ᠰᠤᠷᠭ᠋ᠠᠭᠤᠯᠢ᠎ᠠᠴᠠ ᠲᠡᠭᠦᠰᠦᠭᠰᠡᠳ᠎ᠲᠤ ᠠᠵᠢᠯ ᠤᠯᠭᠤᠬᠤ᠎ᠳᠤ ᠴᠢᠭᠯᠡᠯ᠎ᠢ ᠲᠤᠭᠲᠠᠨ ᠡᠯᠰᠠᠬᠦ ᠬᠡᠷᠡᠭᠯᠡᠬᠦ ᠵᠢ ᠬᠡᠷᠡᠭᠵᠢᠭᠦᠯᠵᠠᠢ; ᠦᠨᠳᠦᠰᠦᠲᠡᠨ᠎ᠤ ᠰᠤᠶᠤᠯ᠎ᠤᠨ ᠦᠪ᠎ᠢ ᠠᠪᠤᠷᠠᠬᠤ ᠪᠠ ᠬᠠᠮᠠᠭ᠋ᠠᠯᠠᠬᠤ ᠠᠯᠢ ᠤᠯᠠᠨ ᠢᠨᠵᠸᠨ᠋ᠸᠷᠢᠨᠭ᠎ᠢ ᠬᠡᠷᠡᠭᠵᠢᠭᠦᠯᠵᠤ᠂ ᠮᠤᠨᠭ᠌ᠭᠤᠯ ᠦᠨᠳᠦᠰᠦᠲᠡᠨ᠎ᠤ ᠤᠷᠲᠤ ᠵᠢᠨ ᠳᠠᠭᠤᠤ᠂ ᠬᠦᠭᠡᠮᠠᠢ ᠵᠢ ᠬᠦᠮᠦᠨ ᠲᠦᠷᠦᠯᠬᠢᠲᠡᠨ᠎ᠤ ᠪᠤᠳᠠᠰ᠎ᠤᠨ ᠪᠤᠰᠤ ᠰᠤᠶᠤᠯ᠎ᠤᠨ ᠦᠯᠡᠳᠡᠭᠳᠡᠯ ᠦᠪ᠎ᠤᠨ ᠲᠦᠯᠦᠭᠡᠯᠡᠭᠴᠢ ᠴᠢᠨᠠᠷᠲᠠᠢ ᠪᠦᠲᠦᠭᠡᠯ᠎ᠳᠤ ᠤᠷᠤᠭᠤᠯᠵᠤ᠂ ᠶᠤᠸᠠᠨ᠎ᠤ ᠳᠡᠭᠡᠲᠤ ᠨᠡᠢ᠌ᠰᠯᠡᠯ᠎ᠤᠨ ᠪᠠᠭᠤᠷᠢ ᠵᠢ ᠳᠡᠯᠡᠭᠡᠢ ᠵᠢᠨ ᠰᠤᠶᠤᠯ᠎ᠤᠨ ᠦᠪ᠎ᠤᠨ ᠨᠡᠷᠡᠰ᠎ᠤᠨ ᠭᠠᠷᠴᠠᠭ᠎ᠲᠤ ᠤᠷᠤᠭᠤᠯᠵᠠᠢ; ᠪᠦᠬᠦ ᠤᠷᠤᠨ᠎ᠤ ᠪᠤᠢ ᠪᠦᠬᠦᠢ ᠬᠤᠰᠢᠭᠤ ᠰᠢᠶᠠᠨ᠎ᠳᠤ ᠪᠦᠷ ᠮᠤᠨᠭ᠌ᠭᠤᠯ ᠡᠮᠨᠡᠯᠭᠡ ᠬᠢᠲᠠᠳ ᠡᠮᠨᠡᠯᠭᠡ ᠵᠢᠨ ᠬᠤᠷᠢᠶ᠎ᠠ᠎ᠲᠠᠢ ᠪᠤᠯᠵᠤ᠂ 87%᠎ᠤᠨ ᠰᠤᠮᠤ ᠰᠢᠶᠠᠨᠭ᠌ ᠪᠠᠯᠭ᠋ᠠᠰᠤ᠎ᠳᠤ ᠮᠤᠨᠭ᠌ᠭᠤᠯ ᠬᠢᠲᠠᠳ ᠡᠮᠨᠡᠯᠭᠡ ᠵᠢᠨ ᠰᠠᠯᠠᠭ᠎ᠠ ᠲᠤᠬᠢᠷᠠᠭᠤᠯᠵᠠᠢ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠬᠠᠷᠢᠴᠠᠭ᠎ᠠ ᠳᠤᠮᠳᠠ ᠢᠯᠡᠷᠡᠭᠰᠡᠨ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠳᠤ ᠴᠢᠭᠯᠡᠭᠦᠯᠦᠨ᠂ ᠬᠠᠤᠯᠢ ᠴᠠᠭ᠋ᠠᠵᠠ ᠵᠢ ᠬᠡᠷᠡᠭᠯᠡᠨ ᠦᠨᠳᠦᠰᠦᠲᠡᠨ᠎ᠤ ᠪᠦᠯᠬᠦᠮᠳᠡᠯ᠎ᠢ ᠪᠠᠲᠤᠯᠠᠬᠤ ᠵᠢ ᠪᠠᠷᠢᠮᠲᠠᠯᠠᠨ᠂ ᠪᠤᠲᠠᠲᠤ ᠠᠰᠠᠭᠤᠳᠠᠯ᠎ᠢ ᠪᠤᠳᠠᠲᠠᠢ᠎ᠪᠠᠷ ᠵᠠᠳᠠᠯᠬᠤ ᠵᠢ ᠪᠠᠷᠢᠮᠲᠠᠯᠠᠵᠤ᠂ ᠬᠤᠶᠠᠷ ᠵᠦᠢ᠍ᠯ᠎ᠤᠨ ᠠᠳᠠᠯᠢ ᠪᠤᠰᠤ ᠰᠢᠨᠵᠢ ᠴᠢᠨᠠᠷ᠎ᠲᠠᠢ ᠵᠦᠷᠢᠴᠡᠯ᠎ᠢ ᠴᠢᠨᠭᠭ᠎ᠠ ᠢᠯᠭ᠋ᠠᠵᠤ᠂ ᠦᠨᠳᠦᠰᠦᠲᠡᠨ᠎ᠤ ᠬᠦᠴᠦᠨ ᠵᠦᠢ᠍ᠯ᠎ᠲᠠᠢ ᠬᠤᠯᠪᠤᠭᠳᠠᠭᠰᠠᠨ   ᠵᠢᠭᠤᠷᠠᠭ᠋ᠠᠨ᠎ᠢ ᠵᠤᠬᠢᠰᠲᠠᠢ ᠰᠡᠷᠭᠡᠢ᠌ᠯᠡᠬᠦ ᠪᠠ ᠰᠢᠢ᠍ᠳᠪᠤᠷᠢᠯᠡᠬᠦ᠂ ᠶᠠᠮᠠᠷ ᠠᠰᠠᠭᠤᠳᠠᠯ ᠪᠤᠯ ᠲᠠᠢ᠌ᠮᠦ ᠠᠰᠠᠭᠤᠳᠠᠯ ᠵᠶ᠋ᠠᠷ ᠰᠢᠢ᠍ᠳᠪᠦᠷᠢᠯᠡᠵᠤ᠂ ᠦᠨᠳᠦᠰᠦᠲᠡᠨ᠎ᠤ ᠪᠤᠰᠤ ᠠᠰᠠᠭᠤᠳᠠᠯ᠎ᠢ ᠦᠨᠳᠦᠰᠦᠲᠡᠨ᠎ᠤ ᠠᠰᠠᠭᠤᠳᠠᠯ ᠪᠤᠯᠭ᠋ᠠᠬᠤ ᠵᠢ ᠦᠨᠡᠨᠬᠦ ᠰᠡᠷᠬᠡᠢ᠌ᠯᠡᠵᠤ᠂ ᠬᠢᠲᠠᠳ᠎ᠤᠨ ᠳᠡᠭᠡᠷᠡᠨᠭᠭᠦᠢ ᠦᠵᠡᠯ ᠪᠠ ᠢᠪᠴᠤᠤ ᠦᠨᠳᠤᠰᠦᠲᠡᠨ᠎ᠤ ᠦᠵᠡᠯ᠎ᠢ ᠡᠷᠡᠰ ᠡᠰᠡᠷᠭᠦᠴᠡᠪᠠ᠃
      ᠳᠦᠷᠪᠡ᠎ᠳᠤ     ᠦᠨᠳᠦᠰᠦᠲᠡᠨ᠎ᠤ ᠭᠠᠵᠠᠷ ᠤᠷᠤᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠠᠵᠢᠯ᠎ᠢ ᠰᠠᠢ᠌ᠲᠤᠷ ᠬᠢᠬᠦ ᠵᠢ ᠪᠠᠷᠢᠮᠲᠠᠯᠠᠨ᠂ ᠬᠢᠯᠢ ᠬᠢᠵᠠᠭ᠋ᠠᠷ ᠤᠷᠤᠨ ᠲᠤᠭᠲᠠᠭᠤᠨ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠬᠡᠷ ᠤᠷᠤᠨ᠎ᠢ ᠬᠦᠴᠦᠯᠡᠨ ᠪᠠᠢ᠌ᠭᠤᠯᠪᠠ᠃ ᠦᠪᠦᠷ ᠮᠤᠨᠭ᠌ᠭᠤᠯ ᠪᠤᠯ ᠡᠬᠡ ᠤᠯᠤᠰ᠎ᠤᠨ《ᠤᠮᠠᠷᠠᠲᠤ ᠲᠤᠮᠤ ᠬᠠᠭ᠋ᠠᠯᠭ᠎ᠠ》᠂ ᠨᠡᠢ᠌ᠰᠯᠠᠯ᠎ᠤᠨ《ᠬᠤᠲᠠ ᠬᠠᠮᠠᠭ᠋ᠠᠯᠠᠬᠤ ᠭᠤᠤᠯ》 ᠪᠠᠢ᠌ᠵᠤ᠂ ᠬᠠᠭ᠋ᠠᠴᠠᠭᠤᠯᠤᠯ᠎ᠢ ᠡᠰᠡᠷᠬᠦᠴᠡᠬᠦ᠂ ᠨᠡᠪᠴᠢᠯᠲᠡ ᠵᠢ ᠡᠰᠡᠷᠭᠦᠴᠡᠬᠦ᠂ ᠨᠤᠷᠠᠭ᠋ᠠᠯᠲᠠ ᠵᠢ ᠡᠰᠡᠷᠭᠦᠴᠡᠬᠦ ᠲᠡᠮᠡᠴᠡᠯ᠎ᠤᠨ ᠡᠮᠦᠨ᠎ᠡ ᠹᠷᠤᠨᠲ᠎ᠲᠤ ᠤᠷᠤᠰᠢᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠠᠵᠢᠯ᠎ᠢ ᠰᠠᠢ᠌ᠲᠤᠷ ᠬᠢᠬᠦ᠎ᠨᠢ᠂ ᠤᠯᠠᠨ ᠲᠦᠮᠡᠨ᠎ᠲᠠᠢ ᠪᠦᠯᠬᠦᠮᠳᠡᠨ᠂ ᠬᠦᠮᠦᠰ᠎ᠤᠨ ᠰᠡᠳᠬᠢᠯ᠎ᠢ ᠤᠯᠵᠤ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ ᠦᠵᠡᠭᠦᠯᠵᠤ ᠪᠠᠢ᠌ᠳᠠᠭ᠃ ᠦᠪᠡᠷᠲᠡᠭᠡᠨ ᠵᠠᠰᠠᠬᠤ ᠤᠷᠤᠨ ᠢᠮᠠᠭᠲᠠ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠬᠡᠷ ᠪᠦᠯᠢ᠎ᠢ ᠪᠦᠲᠦᠭᠡᠨ ᠪᠠᠢ᠌ᠭᠤᠯᠬᠤ ᠵᠢ ᠪᠠᠢ᠌ᠯᠳᠤᠬᠤ ᠪᠤᠳᠤᠯᠭ᠎ᠠ ᠵᠢᠨ ᠡᠭᠦᠷᠭᠡ ᠪᠤᠯᠭ᠋ᠠᠨ ᠠᠳᠬᠤᠵᠤ᠂ ᠳᠤᠮᠲᠠᠲᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ ᠪᠠ ᠳᠤᠮᠳᠠᠲᠤ ᠵᠢᠨ ᠵᠡᠬᠦᠲᠤ ᠵᠢᠨ ᠤᠬᠠᠭᠤᠯᠭ᠎ᠠ ᠬᠦᠮᠦᠵᠢᠯ᠎ᠢ ᠬᠦᠨ ᠬᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠦᠷᠨᠢᠭᠦᠯᠵᠤ᠂ ᠨᠡᠢ᠌ᠭᠡᠮ ᠵᠢᠷᠤᠮ᠎ᠤᠨ ᠭᠤᠤᠯᠯᠠᠭᠴᠢ ᠦᠷᠲᠡᠭ᠎ᠤᠨ ᠰᠢᠰᠲᠸᠮ ᠪᠠ ᠭᠤᠤᠯᠯᠠᠭᠴᠢ ᠦᠷᠲᠡᠭ᠎ᠤᠨ ᠦᠵᠡᠯᠲᠡ ᠵᠢ ᠶᠡᠭᠡ᠎ᠪᠠᠷ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠦᠮᠦᠵᠢᠯ ᠪᠠ ᠡᠬᠦᠳᠦᠨ ᠪᠠᠢ᠌ᠭᠤᠯᠵᠤ ᠬᠦᠬᠢᠬᠦᠯᠦᠨ ᠰᠠᠢ᠌ᠰᠢᠶᠠᠬᠤ ᠠᠵᠢᠯᠯᠠᠭ᠎ᠠ ᠵᠢ ᠴᠦᠬᠦᠷᠠᠯ ᠦᠬᠡᠢ ᠦᠷᠨᠢᠭᠦᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠤᠯᠤᠰ᠎ᠤᠨ ᠦᠵᠡᠯ ᠤᠬᠠᠮᠰᠠᠷ᠂ ᠠᠷᠠᠳ ᠢᠷᠭᠡᠨ᠎ᠤ ᠦᠵᠡᠯ ᠤᠬᠠᠮᠰᠠᠷ᠂ ᠳᠤᠮᠲᠠᠲᠤ ᠵᠢᠨ ᠦᠨᠳᠦᠰᠦᠲᠡᠨ᠎ᠤ ᠲᠤᠬᠠᠢ ᠬᠠᠮᠲᠤ ᠵᠢᠨ ᠲᠠᠨᠢᠯᠲᠠ᠂ ᠳᠤᠮᠲᠠᠲᠤ ᠵᠢᠨ ᠰᠤᠶᠤᠯ᠎ᠤᠨ ᠲᠤᠬᠠᠢ ᠬᠠᠮᠲᠤ ᠵᠢᠨ ᠲᠠᠨᠢᠯᠲᠠ᠂ ᠳᠤᠮᠲᠠᠲᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠦᠮ᠎ᠤᠨ ᠵᠠᠮ ᠱᠤᠭᠤᠮ᠎ᠤᠨ ᠲᠤᠬᠠᠢ ᠬᠠᠮᠲᠤ ᠵᠢᠨ ᠲᠠᠨᠢᠯᠲᠠ ᠵᠢ ᠲᠠᠰᠤᠷᠠᠯᠳᠠ ᠦᠭᠡᠢ ᠴᠢᠨᠭ᠌ᠭ᠋ᠠᠳᠬᠠᠵᠤ᠂ ᠦᠨᠳᠦᠰᠦᠲᠡᠨ᠎ᠨᠦᠭᠦᠳ ᠬᠠᠮᠲᠤᠪᠡᠷ ᠪᠦᠯᠬᠦᠮᠳᠡᠨ ᠲᠡᠮᠡᠴᠡᠬᠦ ᠦᠵᠡᠯ ᠰᠠᠨᠠᠭ᠋ᠠᠨ᠎ᠤ ᠰᠠᠭᠤᠷᠢ ᠵᠢ ᠦᠨᠡᠨᠬᠦ ᠪᠠᠲᠤ ᠪᠡᠬᠢ ᠪᠤᠯᠭ᠋ᠠᠵᠠᠢ᠃ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠰᠠᠢ᠌ᠲᠤᠷ ᠰᠠᠬᠢᠨ ᠬᠠᠮᠠᠭ᠋ᠠᠯᠠᠬᠤ ᠴᠢᠬᠤᠯᠠ ᠤᠯᠤᠰ ᠲᠦᠷᠦ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠤ᠂ ᠬᠢᠯᠢ ᠬᠢᠵᠠᠭ᠋ᠠᠷ ᠤᠷᠤᠨ᠎ᠤ ᠪᠦᠲᠦᠭᠡᠨ ᠪᠠᠢ᠌ᠭᠤᠯᠤᠯᠲᠠ ᠵᠢ ᠴᠦᠬᠦᠷᠡᠯ ᠦᠭᠡᠢ ᠴᠢᠨᠭ᠌ᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠤᠭᠲᠠᠭᠤᠨ᠎ᠢ ᠨᠦᠯᠦᠭᠡᠯᠡᠬᠦ ᠰᠤᠪᠢᠨᠭ᠌᠎ᠲᠠᠢ ᠠᠰᠠᠭᠤᠳᠠᠯ ᠪᠦᠬᠦᠨ᠎ᠢ ᠳᠡᠭᠡᠲᠤ ᠬᠡᠮᠵᠢᠶ᠎ᠡ᠎ᠪᠠᠷ ᠰᠡᠷᠡᠮᠵᠢᠯᠡᠵᠤ᠂ ᠬᠢᠯᠢ ᠵᠢᠨ ᠳᠤᠲᠤᠨ᠎ᠠ ᠭᠠᠳᠠᠨᠠᠬᠢ ᠳᠠᠢ᠌ᠰᠤᠨᠭ᠌ᠨᠠᠭᠴᠢ ᠬᠦᠴᠦᠨ᠎ᠤ ᠲᠡᠳᠡᠨᠠᠷ᠎ᠤᠨ《ᠦᠨᠳᠦᠰᠦᠲᠡᠨ》᠎ᠤ ᠠᠰᠠᠭᠤᠳᠠᠯ ᠬᠡᠳᠡᠭ ᠵᠶ᠋ᠠᠨ ᠠᠰᠢᠭᠯᠠᠨ ᠬᠡᠷᠡᠭ ᠡᠳᠦᠬᠦ᠂ ᠨᠡᠪᠴᠢᠨ ᠡᠪᠳᠡᠯᠡᠭᠡ ᠬᠢᠬᠦ ᠵᠢ ᠡᠷᠡᠰ ᠰᠡᠷᠭᠡᠢ᠌ᠯᠡᠵᠤ᠂ ᠵᠤᠷᠢᠭᠤᠳᠠ᠎ᠪᠠᠷ ᠦᠨᠳᠦᠰᠦᠲᠡᠨ᠎ᠤ ᠬᠠᠷᠢᠴᠠᠭ᠎ᠠ ᠵᠢ ᠵᠠᠪᠰᠠᠷᠳᠠᠭᠤᠯᠤᠨ᠂ ᠦᠨᠳᠦᠰᠦᠲᠡᠨ᠎ᠤ ᠪᠦᠯᠬᠦᠮᠳᠡᠯ᠎ᠢ ᠡᠪᠳᠡᠭᠰᠡᠨ ᠬᠠᠤᠯᠢ᠎ᠠᠴᠠ ᠵᠦᠷᠢᠴᠡᠭᠰᠡᠨ ᠡᠯ᠎ᠡ ᠵᠦᠢ᠍ᠯ᠎ᠤᠨ ᠠᠵᠢᠯᠯᠠᠭ᠎ᠠ᠎ᠳᠤ ᠴᠢᠨᠭᠭ᠎ᠠ ᠴᠤᠬᠢᠯᠲᠠ ᠦᠭᠴᠤ᠂ ᠦᠨᠳᠦᠰᠦᠲᠡᠨ᠎ᠨᠦᠭᠦᠳ᠎ᠤᠨ ᠬᠠᠮᠲᠤᠪᠡᠷ ᠡᠬᠡ ᠤᠯᠤᠰ᠎ᠤᠨ ᠨᠢᠭᠡᠳᠦᠯ᠎ᠢ ᠬᠠᠮᠠᠭ᠋ᠠᠯᠠᠬᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠨᠡᠢ᠌ᠭᠡᠮ᠎ᠤᠨ ᠲᠤᠭᠲᠠᠭᠤᠨ᠎ᠢ ᠬᠠᠮᠠᠭ᠋ᠠᠯᠠᠬᠤ ᠪᠤᠯᠤᠳ ᠬᠡᠷᠡᠮ ᠲᠡᠮᠦᠷ ᠬᠠᠨ᠎ᠠ ᠵᠢ ᠦᠨᠡᠨᠬᠦ ᠪᠠᠲᠤ ᠪᠡᠬᠢ ᠴᠤᠭᠴᠠᠯᠠᠨ ᠪᠠᠢ᠌ᠭᠤᠯᠵᠠᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠮᠠᠨ᠎ᠤ ᠣᠯᠣᠰ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠬᠦᠨᠵᠡᠭᠡᠢ᠌ᠷᠡᠯ
ᠰᠢᠨ᠎ᠡ ᠬᠡᠪ ᠪᠠᠢ᠍ᠢ᠍ᠳᠠᠯ᠎ᠢ ᠲᠠᠨᠢᠵᠥ ᠰᠢᠨ᠎ᠡ ᠠᠵᠠ ᠲᠤᠬᠢᠶᠠᠯ᠎ᠢ ᠡᠵᠡᠮᠳᠡᠵᠥ ᠰᠢᠨ᠎ᠡ ᠬᠦᠭᠵᠢᠯᠳᠡ ᠵᠢ ᠲᠥᠯᠥᠪᠵᠢᠬᠦᠯᠥᠨᠡᠮ — ᠲᠦᠪ᠎ᠤᠨ ᠠᠵᠥ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠋ᠠᠨ᠎ᠤ ᠲᠤᠬᠠᠢ ᠲᠠᠢ᠍ᠢ᠍ᠯᠤᠮᠵᠢ
ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠠᠯᠪᠠᠨ ᠪᠠᠢ᠌ᠭᠤᠯᠭ᠎ᠠ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠲᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠵᠢᠷᠤᠭ ᠵᠶ᠋ᠠᠷ ᠲᠠᠢ᠌ᠯᠬᠤᠢ
 
            