ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠮᠥᠩᠭᠦᠨ ᠭᠦᠢ᠍ᠯᠭᠡᠭᠡᠨ ᠵᠶ᠋ᠠᠷ ᠮᠠᠯᠵᠢᠬᠤ ᠲᠠᠷᠢᠶᠠᠯᠠᠬᠤ ᠤᠷᠤᠨ᠎ᠤ [ᠠᠷᠪᠠ᠎ᠪᠠᠷ ᠪᠦᠬᠦᠨ᠎ᠢ ᠬᠠᠮᠤᠷᠬᠤ] ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠵᠢᠯᠤᠭᠤᠳᠬᠤ ᠰᠠᠨᠠᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2015-10-27

      《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠲᠤᠰᠠᠳᠠ᠂ ᠦᠪᠡᠷᠲᠡᠭᠡᠨ ᠵᠠᠰᠠᠬᠤ ᠤᠷᠤᠨ᠎ᠤ ᠮᠥᠩᠭᠦᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ᠂ ᠠᠷᠠᠳ᠎ᠤᠨ ᠪᠠᠩᠬᠢ ᠵᠢᠨ ᠬᠥᠬᠡᠬᠤᠲᠠ ᠭᠣᠣᠯ ᠰᠠᠯᠪᠤᠷᠢ ᠪᠠᠩᠬᠢ᠂ ᠦᠪᠦᠷ ᠮᠣᠩᠭᠣᠯ᠎ᠤᠨ ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠡ᠂ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠯᠪᠠᠨ ᠭᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ ᠢᠳᠡᠪᠬᠢᠲᠡᠶ ᠬᠦᠳᠡᠯᠦᠯᠴᠡᠵᠦ᠂ 8 ᠳ᠋ᠤᠭ᠋ᠠᠷ ᠰᠠᠷ᠎ᠠ ᠵᠢᠨ ᠰᠡᠭᠦᠯᠴᠢ᠎ᠳᠤ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠮᠥᠩᠭᠦᠨ ᠭᠦᠢ᠍ᠯᠭᠡᠭᠡᠨ ᠵᠶ᠋ᠡᠷ ᠮᠠᠯᠵᠢᠬᠤ ᠲᠠᠷᠢᠶᠠᠯᠠᠬᠤ ᠤᠷᠤᠨ᠎ᠤ [ᠠᠷᠪᠠ᠎ᠪᠠᠷ ᠪᠦᠬᠦᠨ᠎ᠢ ᠬᠠᠮᠤᠷᠬᠤ] ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠵᠢᠯᠤᠭᠤᠳᠬᠤ ᠰᠠᠨᠠᠯ》 ᠵᠢ ᠬᠠᠮᠲᠤᠷᠠᠨ ᠲᠣᠭᠲᠠᠭ᠋ᠠᠵᠤ ᠨᠡᠢ᠌ᠲᠡᠯᠡᠪᠡ᠃ 《ᠰᠠᠨᠠᠯ》᠎ᠨᠢ 《ᠠᠷᠪᠠ᠎ᠪᠠᠷ ᠪᠦᠬᠦᠨ᠎ᠢ ᠬᠠᠮᠤᠷᠬᠤ》᠎ᠳᠤ ᠬᠡᠷᠬᠢᠨ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠲᠠᠰᠤᠷᠠᠯᠲᠠ ᠦᠭᠡᠶ ᠬᠥᠳᠡᠯᠭᠡᠬᠦ ᠬᠦᠴᠦᠨ ᠬᠠᠩᠭ᠋ᠠᠬᠤ ᠵᠢ ᠬᠡᠷᠬᠢᠨ ᠬᠥᠲᠥᠯᠥᠨ ᠵᠢᠯᠣᠭᠣᠳᠬᠤ ᠪᠠ ᠵᠣᠷᠢᠭᠵᠢᠭᠤᠯᠬᠤ ᠪᠣᠢ? ᠦᠪᠦᠷ ᠮᠣᠩᠭᠣᠯ᠎ᠤᠨ ᠡᠳᠦᠷ᠎ᠤᠨ ᠰᠣᠨᠢᠨ ᠡᠭᠦᠨ᠎ᠳᠤ ᠨᠠᠷᠢᠨ ᠲᠠᠢ᠌ᠯᠤᠮᠵᠢ ᠬᠢᠪᠡ᠃
      ᠵᠣᠭᠤᠰ᠎ᠤᠨ ᠲᠥᠷᠦ ᠵᠢᠨ ᠪᠣᠳᠤᠯᠭ᠎ᠠ ᠵᠢᠨ ᠪᠠᠭ᠋ᠠᠵᠢ ᠴᠢᠳᠠᠪᠤᠷᠢ᠎ᠪᠠᠨ ᠦᠵᠡᠭᠦᠯᠵᠦ   ᠳᠠᠬᠢᠨ ᠵᠢᠭᠡᠯᠡᠯᠭᠡ ᠲᠠᠯᠪᠢᠬᠤ ᠲᠥᠷᠥ ᠵᠢᠨ ᠪᠣᠳᠣᠯᠭ᠎ᠠ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠪᠠ
      ᠡᠯ᠎ᠡ ᠱᠠᠲᠤᠨ᠎ᠤ ᠠᠷᠠᠳ᠎ᠤᠨ ᠪᠠᠩᠬᠢ᠎ᠨᠤᠭᠤᠳ ᠬᠦᠳᠡᠭᠡ ᠲᠣᠰᠬᠤᠨ᠎ᠤ ᠬᠤᠳᠠᠯᠳᠤᠭ᠋ᠠᠨ᠎ᠤ ᠪᠠᠩᠬᠢ᠂ ᠬᠣᠷᠰᠢᠭᠰᠠᠨ ᠪᠠᠩᠬᠢ᠂ ᠢᠲᠡᠭᠡᠮᠵᠢ ᠵᠢᠨ ᠬᠣᠷᠰᠢᠶ᠎ᠠ᠂ ᠭᠠᠴᠠᠭ᠎ᠠ ᠪᠠᠯᠭ᠋ᠠᠰᠤᠨ᠎ᠤ ᠪᠠᠩᠬᠢ ᠵᠢᠨ ᠲᠠᠷᠢᠶᠠᠯᠠᠩ᠎ᠢ ᠳᠡᠮᠵᠢᠬᠦ ᠵᠢᠵᠢᠭ ᠠᠵᠤ ᠠᠬᠤᠢ᠌ᠯᠠᠯ᠎ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠤᠨ᠂ ᠲᠠᠷᠢᠶᠠᠯᠠᠩ ᠮᠠᠯ ᠠᠵᠤ ᠠᠬᠤᠶ ᠳᠤᠮᠳᠠ ᠵᠢᠵᠢᠭ ᠠᠵᠤ ᠠᠬᠤᠶ᠋ᠢᠯᠠᠯ᠎ᠳᠤ ᠭᠠᠷ᠎ᠤᠨ ᠦᠰᠦᠭ ᠵᠢᠷᠤᠵᠤ ᠶᠠᠪᠤᠭᠤᠯᠤᠭᠰᠠᠨ ᠬᠤᠳᠠᠯᠳᠤᠭ᠋ᠠᠨ᠎ᠤ ᠭᠤᠪᠢᠭᠤᠯᠭ᠎ᠠ ᠵᠢᠨ ᠬᠠᠭᠤᠳᠠᠰᠤ ᠵᠢ ᠡᠩ ᠲᠡᠷᠢᠭᠦᠨ᠎ᠳᠤ ᠪᠡᠯᠡᠨ ᠵᠣᠭᠣᠰ ᠰᠣᠯᠢᠵᠤ ᠦᠭᠬᠥ ᠬᠡᠷᠡᠭᠲᠡᠢ᠃ ᠲᠠᠷᠢᠶᠠᠯᠠᠩ᠎ᠳᠤ ᠬᠣᠯᠪᠤᠭᠳᠠᠬᠤ ᠬᠠᠤᠯᠢ ᠵᠢᠨ ᠡᠷᠬᠡᠲᠡᠨ᠎ᠲᠠᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠳᠠᠮᠵᠢᠵᠤ ᠪᠠᠢ᠌ᠭ᠋ᠠᠳ 《ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ》᠂ ᠲᠠᠷᠢᠶᠠᠯᠠᠬᠤ ᠮᠠᠯᠵᠢᠬᠤ ᠤᠷᠤᠨ᠎ᠤ ᠵᠢᠵᠢᠭ ᠪᠢᠴᠢᠯ ᠠᠵᠤ ᠠᠬᠤᠢ᠌ᠯᠠᠯ᠎ᠤᠨ ᠬᠦᠭᠵᠢᠯᠲᠡ᠂ ᠶᠠᠳᠠᠭᠤ ᠵᠢ ᠳᠡᠳᠬᠦᠵᠦ ᠨᠡᠬᠡᠬᠡᠨ ᠬᠦᠭᠵᠢᠭᠦᠯᠬᠦ᠎ᠳᠠᠬᠢ ᠪᠡᠯᠡ ᠮᠥᠩᠭᠦ ᠵᠢᠨ ᠳᠡᠮᠵᠢᠯᠭᠡ ᠵᠢ᠎ᠨᠢ ᠨᠡᠮᠡᠭᠳᠡᠭᠦᠯᠵᠦ᠂ 《ᠠᠷᠪᠠ᠎ᠪᠠᠷ ᠪᠥᠬᠥᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢᠨ ᠠᠵᠤ ᠠᠬᠤᠢ ᠵᠢᠨ ᠰᠠᠭᠤᠷᠢ ᠵᠢ   ᠰᠠᠢ᠌ᠲᠤᠷ ᠲᠠᠯᠪᠢᠬᠤ ᠬᠡᠷᠡᠭᠲᠡᠢ᠃ ᠠᠳᠠᠯᠢ ᠨᠦᠭᠦᠴᠡᠯ᠎ᠤᠨ ᠳᠣᠣᠷ᠎ᠠ᠂  《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠢᠲᠡᠭᠡᠮᠵᠢᠲᠦ ᠵᠢᠭᠡᠯᠡᠯᠭᠡ ᠵᠢᠨ ᠣᠷᠣᠭᠤᠯᠤᠯᠲᠠ᠎ᠪᠠᠷ ᠶᠡᠬᠡ ᠲᠠᠷᠢᠶᠠᠯᠠᠩ᠎ᠳᠤ ᠬᠣᠯᠪᠤᠭᠳᠠᠬᠤ ᠬᠠᠤᠯᠢ ᠵᠢᠨ ᠡᠷᠬᠡᠲᠡᠨ᠎ᠲᠠᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ᠂ ᠲᠠᠷᠢᠶᠠᠯᠠᠩ᠎ᠢ ᠳᠡᠮᠵᠢᠬᠦ ᠵᠢᠵᠢᠭ ᠠᠵᠤ ᠠᠬᠤᠢ᠌ᠯᠠᠯ᠎ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠣᠰ ᠰᠣᠯᠢᠵᠤ ᠥᠭᠬᠦ ᠵᠡᠷᠭᠡ ᠲᠥᠷᠦ ᠵᠢᠨ ᠪᠣᠳᠤᠯᠭ᠎ᠠ ᠵᠢᠨ ᠳᠡᠳᠭᠦᠮᠵᠢ ᠡᠩ ᠲᠡᠷᠢᠭᠦᠨ᠎ᠳᠤ ᠣᠯᠭᠤᠵᠤ᠂ ᠲᠠᠷᠢᠶᠠᠯᠠᠩ᠎ᠳᠤ ᠬᠣᠯᠪᠤᠭᠳᠠᠬᠤ ᠬᠠᠤᠯᠢ ᠵᠢᠨ ᠡᠷᠬᠡᠲᠡᠨ᠎ᠲᠠᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ  《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠳᠠᠬᠢ ᠪᠡᠯᠡ ᠮᠦᠩᠭᠦᠨ᠎ᠤ ᠳᠡᠮᠵᠢᠯᠭᠡ᠎ᠪᠠᠨ ᠦᠷᠭᠦᠯᠵᠢᠯᠡᠨ ᠨᠡᠮᠡᠭᠳᠡᠭᠦᠯᠬᠦ ᠵᠢ ᠵᠣᠷᠢᠭᠵᠢᠭᠤᠯᠬᠤ ᠬᠡᠷᠡᠭᠲᠡᠢ᠃
      ᠵᠣᠭᠣᠰ᠎ᠤᠨ ᠲᠥᠷᠦ ᠵᠢᠨ ᠪᠣᠳᠤᠯᠭ᠎ᠠ ᠵᠢᠨ ᠳᠡᠮᠵᠢᠯᠭᠡ ᠦᠵᠡᠭᠦᠯᠬᠦ ᠡᠷᠴᠢᠮ᠎ᠢ ᠨᠡᠮᠡᠭᠳᠡᠭᠦᠯᠪᠡ
     《ᠬᠠᠳᠠᠭ᠋ᠠᠯᠠᠮᠵᠢ ᠵᠢᠨ ᠪᠡᠯᠡᠳᠬᠡᠯ ᠮᠥᠩᠭᠥᠨ᠎ᠤ ᠨᠣᠷᠮ᠎ᠠ ᠵᠢ ᠬᠠᠨᠳᠤᠯᠭ᠎ᠠ᠎ᠲᠠᠢ᠎ᠪᠠᠷ ᠪᠠᠭᠤᠷᠠᠭᠤᠯᠬᠤ》 ᠲᠥᠷᠦ ᠵᠢᠨ ᠪᠣᠳᠤᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠠᠷᠢᠶᠠᠯᠠᠩ᠎ᠳᠤ ᠬᠣᠯᠪᠤᠭᠳᠠᠬᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠵᠢ ᠦᠨᠡᠨ ᠬᠦ᠌ ᠨᠡᠮᠡᠭᠳᠡᠭᠦᠯᠦᠨ᠎ᠡ᠃  《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ ᠪᠣᠯᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ᠎ᠤᠨ ᠬᠦᠭᠵᠢᠯᠲᠡ ᠵᠢ ᠡᠩ ᠲᠡᠷᠢᠭᠦᠨ᠎ᠳᠤ ᠳᠡᠮᠵᠢᠵᠦ᠂ ᠲᠠᠷᠢᠶᠠᠯᠠᠩ᠎ᠳᠤ ᠬᠣᠯᠪᠣᠭᠳᠠᠭᠰᠠᠨ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ᠎ᠪᠠᠷ ᠶᠡᠬᠡ᠂ ᠡᠵᠡᠯᠡᠬᠦ ᠬᠠᠷᠢᠴᠠᠯ᠎ᠨᠢ ᠦᠨᠳᠦᠷ᠂ ᠦᠷ᠎ᠡ ᠪᠦᠲᠦᠮᠵᠢ᠎ᠪᠠᠷ ᠰᠠᠢ᠌ᠨ ᠤᠷᠤᠨ ᠨᠤᠲᠤᠭ᠎ᠤᠨ ᠬᠠᠤᠯᠢ ᠵᠢᠨ ᠡᠷᠬᠡᠲᠡᠨ᠎ᠲᠠᠢ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠪᠣᠯ᠂ ᠠᠷᠠᠳ᠎ᠤᠨ ᠪᠠᠩᠬᠢ ᠵᠢᠨ ᠬᠥᠬᠡᠬᠣᠲᠠ ᠭᠣᠣᠯ ᠰᠠᠯᠪᠤᠷᠢ ᠪᠠᠩᠬᠢ᠎ᠨᠢ ᠶᠡᠷᠦᠩᠬᠡᠢ ᠪᠠᠩᠬᠢ᠎ᠠᠴᠠ᠎ᠪᠠᠨ ᠢᠲᠡᠭᠡᠮᠵᠢᠲᠦ ᠵᠢᠭᠡᠯᠡᠯᠭᠡ ᠵᠢᠨ ᠲᠥᠯᠦᠪᠵᠢᠭᠦᠯᠭᠡ ᠵᠢ ᠢᠳᠡᠪᠬᠢᠯᠡᠨ ᠣᠯᠵᠤ᠂ ᠣᠨ᠎ᠤ ᠢᠲᠡᠭᠡᠮᠵᠢᠲᠦ ᠵᠢᠭᠡᠯᠡᠯᠭᠡ ᠵᠢᠨ ᠲᠥᠯᠥᠪᠵᠢᠭᠦᠯᠭᠡ ᠵᠢ ᠲᠥᠰᠦᠭᠡᠯᠡᠨ ᠪᠣᠳᠤᠬᠤ᠎ᠳᠠᠭᠠᠨ᠂ ᠢᠯᠡᠳᠭᠡᠮᠵᠢ ᠵᠢ᠎ᠨᠢ ᠵᠣᠬᠢᠰᠲᠠᠶ ᠲᠣᠬᠢᠷᠠᠭᠤᠯᠵᠤ᠂ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠦᠨ᠎ᠡ᠃ ᠢᠯᠠᠩᠭᠤᠶ᠎ᠠ ᠢᠲᠡᠭᠡᠮᠵᠢᠲᠦ ᠵᠢᠭᠡᠯᠡᠯᠭᠡ ᠵᠢᠨ ᠵᠠᠭᠪᠤᠷ ᠬᠢᠭᠡᠳ ᠨᠡᠷᠡᠯᠡᠭᠳᠡᠬᠦᠨ᠎ᠤ ᠰᠢᠨ᠎ᠡ ᠵᠢ ᠡᠭᠦᠳᠴᠦ᠂ 《ᠠᠷᠪᠠ᠎ᠪᠠᠷ ᠪᠦᠬᠦᠨ᠎ᠢ ᠬᠠᠮᠤᠷᠬᠤ》 ᠪᠦᠲᠦᠭᠡᠨ ᠪᠠᠢ᠌ᠭᠤᠯᠤᠯᠲᠠ ᠵᠢ ᠬᠦᠴᠦᠲᠡᠢ ᠳᠡᠮᠵᠢᠭᠰᠡᠨ ᠤᠷᠤᠨ ᠨᠤᠲᠤᠭ᠎ᠤᠨ ᠬᠠᠤᠯᠢ ᠵᠢᠨ ᠡᠷᠬᠡᠲᠡᠨ᠎ᠲᠠᠢ ᠮᠥᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠢᠯᠡᠭᠦᠬᠡᠨ ᠳᠡᠮᠵᠢᠯᠭᠡ ᠦᠵᠡᠭᠦᠯᠦᠨ᠎ᠡ᠃
      《ᠴᠣᠩᠬᠤᠨ ᠵᠢᠯᠤᠭᠤᠳᠤᠯᠭ᠎ᠠ》 ᠵᠢᠨ ᠦᠢ᠍ᠯᠡᠳᠦᠯ᠎ᠢ ᠪᠠᠳᠠᠷᠠᠭᠤᠯᠪᠠ
      ᠡᠯ᠎ᠡ ᠱᠠᠲᠤᠨ᠎ᠤ ᠠᠷᠠᠳ᠎ᠤᠨ ᠪᠠᠩᠬᠢ᠎ᠨᠤᠭᠤᠳ ᠲᠥᠷᠦ ᠵᠢᠨ ᠪᠣᠳᠤᠯᠭ᠎ᠠ᠎ᠪᠠᠷ ᠬᠥᠲᠥᠯᠥᠨ ᠵᠢᠯᠣᠭᠣᠳᠬᠤ ᠪᠠ ᠴᠣᠩᠬᠤᠨ ᠵᠢᠯᠤᠭᠤᠳᠤᠯᠭ᠎ᠠ ᠬᠢᠬᠦ᠎ᠪᠠᠨ ᠴᠢᠩᠭ᠋ᠠᠳᠬᠠᠵᠤ᠂ ᠢᠲᠡᠭᠡᠮᠵᠢᠲᠦ ᠵᠢᠭᠡᠯᠡᠯᠭᠡ ᠵᠢᠨ ᠲᠥᠷᠦ ᠵᠢᠨ ᠪᠣᠳᠤᠯᠭ᠎ᠠ ᠵᠢᠨ ᠳᠠᠮᠵᠢᠭᠤᠯᠭ᠎ᠠ ᠵᠢᠨ ᠴᠠᠭ ᠲᠤᠬᠠᠢ᠌ᠴᠢ ᠴᠢᠨᠠᠷ ᠪᠠ ᠪᠦᠲᠦᠮᠵᠢᠲᠦ ᠴᠢᠨᠠᠷ᠎ᠢ ᠨᠡᠮᠡᠭᠳᠡᠭᠦᠯᠬᠦ ᠬᠡᠷᠡᠭᠲᠡᠢ᠃ ᠲᠤᠬᠠᠢ ᠵᠢᠨ ᠭᠠᠵᠠᠷ ᠵᠢᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠴᠢᠯᠡᠯᠲᠡ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠣᠭᠤᠷᠢᠨ᠎ᠳᠤ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠤᠭᠳᠠᠭᠰᠠᠨ ᠵᠢᠭᠡᠯᠡᠯᠭᠡ ᠲᠠᠯᠪᠢᠬᠤ ᠵᠢ ᠬᠥᠲᠥᠯᠥᠨ ᠵᠢᠯᠣᠭᠣᠳᠬᠤ᠂ ᠮᠠᠯᠵᠢᠬᠤ ᠲᠠᠷᠢᠶᠠᠯᠠᠬᠤ ᠤᠷᠤᠨ᠎ᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠰᠠᠢ᠌ᠵᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠲᠦᠯᠬᠢᠨ ᠠᠬᠢᠭᠤᠯᠬᠤ᠎ᠳᠠᠬᠢ ᠢᠲᠡᠭᠡᠮᠵᠢᠲᠦ ᠵᠢᠭᠡᠯᠡᠯᠭᠡ ᠵᠢᠨ ᠲᠥᠷᠦ ᠵᠢᠨ ᠪᠣᠳᠤᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠬᠡᠷᠡᠭᠲᠡᠢ᠃
      ᠬᠦᠦ ᠮᠥᠩᠭᠥ ᠵᠢᠨ ᠨᠣᠷᠮ᠎ᠠ ᠵᠢᠨ ᠦᠨ᠎ᠡ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ
      ᠠᠷᠠᠳ᠎ᠤᠨ ᠪᠠᠩᠬᠢ ᠵᠢᠨ ᠲᠠᠷᠢᠶᠠᠯᠠᠩ᠎ᠢ ᠳᠡᠮᠵᠢᠬᠦ ᠵᠢᠵᠢᠭ ᠠᠵᠤ ᠠᠬᠤᠢ᠌ᠯᠠᠯ᠎ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠵᠢᠨ ᠬᠢᠵᠠᠭ᠋ᠠᠷᠲᠤ ᠬᠦᠦ ᠮᠥᠩᠭᠦ ᠨᠡᠮᠡᠬᠦ ᠲᠥᠷᠦ ᠵᠢᠨ ᠪᠣᠳᠤᠯᠭ᠎ᠠ ᠵᠢ ᠴᠢᠩᠭ᠎ᠠ ᠬᠡᠷᠡᠭᠵᠢᠭᠦᠯᠦᠨ᠎ᠡ᠃ ᠪᠦᠬᠦ ᠤᠷᠤᠨ᠎ᠤ ᠪᠠᠩᠬᠢ ᠵᠢᠨ ᠦᠢ᠍ᠯᠡᠰ᠎ᠤᠨ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠤᠭᠤᠴᠠᠭ᠎ᠠ ᠬᠤᠪᠢᠶᠠᠭᠰᠠᠨ᠂   ᠪᠠᠢ᠌ᠭᠤᠯᠤᠮᠵᠢ ᠬᠤᠪᠢᠶᠠᠭᠰᠠᠨ ᠬᠦᠦ ᠮᠥᠩᠭᠥ ᠵᠢᠨ ᠨᠣᠷᠮ᠎ᠠ ᠵᠢᠨ ᠬᠢᠨᠠᠨ ᠬᠡᠮᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠪᠠ ᠲᠣᠭ᠎ᠠ ᠪᠠᠷᠢᠮᠳᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠪᠠᠩᠬᠢ ᠵᠢᠨ ᠦᠢ᠍ᠯᠡᠰ᠎ᠤᠨ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠦᠲᠦᠯᠦᠨ ᠵᠢᠯᠤᠭᠤᠳᠴᠤ ᠪᠠᠢ᠌ᠭ᠋ᠠᠳ ᠬᠦᠦ ᠮᠦᠩᠭᠦ ᠵᠢᠨ ᠨᠣᠷᠮ᠎ᠠ ᠵᠢᠨ ᠦᠨ᠎ᠡ ᠲᠣᠭᠲᠠᠭ᠋ᠠᠬᠤ ᠲᠣᠭᠲᠠᠴᠠ ᠵᠢ᠎ᠨᠢ ᠰᠢᠯᠢᠳᠡᠭᠵᠢᠭᠦᠯᠵᠦ᠂ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠳ᠎ᠲᠤ   ᠰᠠᠨᠠᠭ᠋ᠠᠴᠢᠯᠠᠭ᠎ᠠ᠎ᠲᠠᠢ᠎ᠪᠠᠷ ᠦᠪᠡᠷ᠎ᠤᠨ ᠦᠷᠲᠡᠭ᠎ᠢ ᠪᠠᠭᠤᠷᠠᠭᠤᠯᠤᠨ ᠠᠰᠢᠭ ᠲᠠᠯᠪᠢᠨ᠎ᠠ᠃ ᠤᠷᠤᠨ ᠨᠤᠲᠤᠭ᠎ᠤᠨ ᠵᠠᠰᠠᠭ᠎ᠤᠨ ᠤᠷᠳᠤᠨ ᠣᠯᠭᠤᠭᠰᠠᠨ ᠡᠳ᠋᠎ᠤᠨ ᠵᠠᠰᠠᠭ᠎ᠤᠨ ᠳᠠᠮ ᠬᠦᠦ ᠥᠭᠬᠦ᠂ ᠲᠦᠭᠰᠢᠭᠦᠷᠢ᠎ᠳᠤ ᠨᠦᠭᠦᠪᠦᠷᠢᠯᠡᠭᠰᠡᠨ ᠵᠢᠭᠡᠯᠡᠯᠭᠡ᠂ ᠪᠠᠷᠢᠴᠠᠭ᠋ᠠᠯᠠᠵᠤ ᠳᠠᠨᠵᠢᠯᠠᠬᠤ ᠠᠷᠭ᠎ᠠ ᠮᠠᠶᠢᠭ ᠪᠤᠶᠤ ᠳᠠᠭ᠋ᠠᠳᠬᠠᠯ᠂ ᠳᠠᠭ᠋ᠠᠭ᠋ᠠᠯᠲᠠ ᠬᠢᠬᠦ ᠲᠣᠭᠲᠠᠴᠠ ᠵᠢ ᠣᠷᠤᠭᠤᠯᠵᠤ ᠢᠷᠡᠬᠦ᠎ᠪᠠᠷ ᠳᠠᠮᠵᠢᠭᠤᠯᠤᠨ ᠲᠠᠯᠪᠢᠭᠰᠠᠨ ᠵᠢᠭᠡᠯᠡᠯᠭᠡ᠎ᠳᠤ᠂ ᠮᠦᠩᠭᠦᠨ ᠭᠦᠢ᠍ᠯᠡᠭᠡᠭᠡᠨ᠎ᠤ ᠪᠠᠢ᠌ᠭᠤᠯᠤᠮᠵᠢ᠎ᠨᠤᠭᠤᠳ ᠵᠦᠶ ᠵᠣᠬᠢᠰᠲᠠᠶ ᠦᠨ᠎ᠡ ᠲᠣᠭᠲᠠᠭ᠋ᠠᠵᠤ᠂ ᠬᠦᠦ ᠮᠥᠩᠭᠥ ᠵᠢᠨ ᠨᠣᠷᠮ᠎ᠠ ᠵᠢ ᠵᠠᠷᠴᠢᠮ ᠳᠡᠭᠡᠷ᠎ᠡ᠎ᠪᠠᠨ ᠲᠤᠰ ᠪᠠᠢ᠌ᠭᠤᠯᠤᠮᠵᠢ ᠵᠢᠨ ᠠᠳᠠᠯᠢ ᠲᠦᠷᠦᠯ ᠠᠳᠠᠯᠢ ᠳᠡᠰ᠎ᠤᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢᠨ ᠳᠤᠮᠳᠠᠴᠢ ᠬᠢᠷᠢ ᠬᠡᠮᠵᠢᠶ᠎ᠡ᠎ᠠᠴᠠ ᠳᠣᠣᠷ᠎ᠠ ᠪᠠᠢ᠌ᠯᠭ᠋ᠠᠬᠤ ᠬᠡᠷᠡᠭᠲᠡᠢ᠃
      ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠳᠠᠪᠠᠭᠤᠯᠢᠭ ᠵᠶ᠋ᠠᠨ ᠢᠯᠡᠷᠡᠭᠦᠯᠵᠦ   ᠲᠥᠷᠦ ᠵᠢᠨ ᠪᠣᠳᠤᠯᠭ᠎ᠠ ᠵᠢᠨ ᠴᠢᠨᠠᠷᠲᠠᠢ ᠮᠦᠩᠭᠦᠨ ᠭᠦᠢ᠍ᠯᠭᠡᠭᠡ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠪᠠ
      ᠤᠯᠤᠰ᠎ᠤᠨ ᠨᠡᠬᠡᠬᠡᠯᠲᠡ ᠵᠢᠨ ᠪᠠᠩᠬᠢ ᠤᠷᠲᠤᠪᠲᠤᠷ ᠪᠠ ᠤᠷᠲᠤ ᠬᠤᠭᠤᠴᠠᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠡᠯᠡ ᠲᠣᠬᠢᠷᠠᠭᠤᠯᠬᠤ ᠵᠠᠭᠪᠤᠷ ᠪᠠ ᠢᠲᠡᠭᠡᠮᠵᠢᠲᠦ ᠵᠢᠭᠡᠯᠡᠯᠭᠡ ᠵᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠮᠠᠯᠵᠢᠬᠤ ᠲᠠᠷᠢᠶᠠᠯᠠᠬᠤ ᠤᠷᠤᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ᠎ᠤ ᠨᠤᠷᠠᠬᠤ ᠠᠶᠤᠯᠲᠠᠶ ᠪᠠᠢ᠌ᠰᠢᠩ᠎ᠢ ᠵᠠᠰᠠᠨ ᠰᠢᠨᠡᠳᠭᠡᠬᠦ ᠢᠨᠵᠧᠨᠧᠷᠢᠩ᠎ᠳᠠᠬᠢ ᠪᠡᠯᠡ ᠮᠦᠩᠭᠦ ᠵᠢᠨ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠭᠡᠷ᠎ᠡ ᠲᠣᠭᠲᠠᠬᠤ ᠭᠠᠷᠳᠠᠮ ᠵᠶ᠋ᠠᠨ ᠤᠯᠠᠮ ᠨᠢᠭᠡ ᠠᠯᠬᠤᠮ ᠳᠥᠭᠦᠮᠴᠢᠯᠡᠨ᠂ ᠤᠷᠢᠳᠠᠪᠠᠷ ᠬᠢᠨᠠᠨ ᠵᠦᠪᠰᠢᠶᠡᠷᠡᠨ᠂ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠳ᠎ᠤᠨ ᠪᠡᠯᠡ ᠮᠦᠩᠭᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ᠎ᠤ ᠨᠤᠷᠠᠬᠤ ᠠᠶᠤᠯᠲᠠᠶ ᠪᠠᠢ᠌ᠰᠢᠩ᠎ᠢ ᠵᠠᠰᠠᠨ ᠰᠢᠨᠡᠳᠭᠡᠬᠦ ᠵᠢᠨ ᠢᠵᠢ ᠪᠦᠷᠢᠯᠳᠦᠭᠦᠯᠬᠦ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠣᠰᠬᠤᠨ᠎ᠤ ᠵᠡᠭᠡᠯᠢ ᠭᠣᠲᠤᠮᠵᠢ ᠵᠢ ᠬᠠᠲᠠᠭᠤᠷᠠᠭᠤᠯᠬᠤ᠂ ᠭᠠᠴᠠᠭ᠎ᠠ ᠲᠤᠰᠬᠤᠨ ᠪᠦᠬᠦᠨ᠎ᠳᠤ ᠴᠠᠬᠢᠯᠭ᠋ᠠᠨ ᠨᠡᠪᠲᠡᠷᠡᠭᠦᠯᠬᠦ ᠪᠠ ᠬᠥᠳᠡᠭᠡ ᠲᠤᠰᠬᠤᠨ᠎ᠤ ᠴᠠᠬᠢᠯᠭ᠋ᠠᠨ ᠲᠣᠣᠷ᠎ᠤ ᠥᠭᠡᠷᠡᠴᠢᠯᠡᠨ ᠳᠡᠰ ᠳᠡᠪᠰᠢᠭᠦᠯᠬᠦ᠂ ᠭᠠᠴᠠᠭ᠎ᠠ ᠲᠣᠰᠬᠣᠨ ᠪᠦᠬᠦᠨ᠎ᠳᠤ ᠷᠠᠳᠢᠣ᠋ ᠲᠧᠯᠸᠢᠰ ᠴᠢᠮᠡᠭᠡ ᠨᠡᠪᠲᠡᠷᠯᠡᠭᠡ ᠨᠡᠪᠲᠡᠷᠡᠭᠦᠯᠬᠦ ᠵᠡᠷᠭᠡ ᠢᠨᠵᠧᠨᠧᠷᠢᠩ᠎ᠢ ᠢᠳᠡᠪᠬᠢᠲᠡᠢ ᠳᠡᠮᠵᠢᠵᠦ᠂ ᠡᠩ ᠲᠡᠷᠢᠭᠦᠨ᠎ᠳᠤ ᠬᠢᠨᠠᠨ ᠵᠥᠪᠰᠢᠶᠡᠷᠡᠵᠦ᠂ ᠵᠢᠭᠡᠯᠡᠯᠭᠡ ᠲᠠᠯᠪᠢᠨ᠂ ᠲᠤᠰᠬᠠᠶ ᠵᠣᠭᠣᠰ᠎ᠢ ᠲᠤᠰᠬᠠᠢ ᠵᠦᠢ᠍ᠯ᠎ᠳᠤᠨᠢ ᠬᠡᠷᠡᠭᠯᠡᠭᠦᠯᠦᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠤᠷᠤᠭᠰᠢᠲᠠᠶ ᠠᠬᠢᠬᠤ ᠵᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠩ᠎ᠤᠨ ᠬᠦᠭᠵᠢᠭᠦᠯᠦᠯᠲᠡ ᠵᠢᠨ ᠪᠠᠩᠬᠢ᠎ᠨᠤᠭᠤᠳ ᠦᠪᠡᠷᠲᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠵᠢᠨ ᠨᠡᠬᠡᠬᠡᠯᠲᠡ ᠬᠢᠬᠦ ᠪᠠ ᠮᠠᠯᠵᠢᠬᠤ ᠲᠠᠷᠢᠶᠠᠯᠠᠬᠤ ᠤᠷᠤᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠎ᠳᠠᠬᠢ ᠤᠷᠲᠤᠪᠲᠤᠷ ᠪᠠ ᠤᠷᠲᠤ ᠬᠤᠭᠤᠴᠠᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ᠎ᠪᠠᠨ ᠨᠡᠮᠡᠭᠳᠡᠭᠦᠯᠵᠦ᠂ ᠨᠡᠷᠡᠳᠬᠦᠨ᠂ ᠦᠢ᠍ᠯᠡᠴᠢᠯᠡᠭᠡ᠂ ᠪᠠᠷᠢᠴᠠᠭ᠋ᠠᠯᠠᠵᠤ ᠳᠠᠨᠵᠢᠯᠠᠬᠤ ᠠᠷᠭ᠎ᠠ ᠮᠠᠶᠢᠭ ᠵᠡᠷᠭᠡ ᠲᠠᠯ᠎ᠠ᠎ᠪᠠᠷ ᠨᠡᠬᠡᠬᠡᠯᠲᠡ ᠬᠢᠬᠦ ᠪᠠ ᠰᠢᠨ᠎ᠡ ᠵᠢ ᠡᠭᠦᠳᠬᠦ᠎ᠪᠠᠨ ᠴᠢᠩᠭ᠋ᠠᠳᠬᠠᠵᠤ᠂ ᠬᠥᠳᠡᠭᠡ ᠲᠣᠰᠬᠣᠨ᠎ᠤ ᠴᠠᠬᠢᠯᠭ᠋ᠠᠨ᠎ᠤ ᠲᠣᠣᠷ᠎ᠢ ᠳᠡᠰ ᠳᠡᠪᠰᠢᠭᠦᠯᠬᠦ ᠵᠡᠷᠭᠡ ᠮᠠᠯᠵᠢᠬᠤ ᠲᠠᠷᠢᠶᠠᠯᠠᠬᠤ ᠤᠷᠤᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠎ᠳᠠᠬᠢ ᠣᠷᠤᠭᠤᠯᠤᠯᠲᠠ᠎ᠪᠠᠨ ᠠᠯᠬᠤᠮ ᠠᠯᠬᠤᠮ ᠵᠶ᠋ᠠᠷ ᠦᠷᠭᠡᠳᠬᠡᠵᠦ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠳᠠᠬᠢ ᠪᠡᠯᠡ ᠮᠦᠩᠭᠦ ᠵᠢᠨ ᠳᠡᠮᠵᠢᠯᠭᠡ ᠦᠵᠡᠭᠦᠯᠬᠦ᠎ᠪᠠᠨ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃
      ᠬᠤᠳᠠᠯᠳᠤᠭ᠋ᠠᠨ᠎ᠤ ᠴᠢᠨᠠᠷᠲᠠᠢ ᠮᠦᠩᠭᠦᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠪᠠ
      ᠡᠯ᠎ᠡ ᠬᠤᠳᠠᠯᠳᠤᠭ᠋ᠠᠨ᠎ᠤ ᠪᠠᠩᠬᠢ᠎ᠨᠢ ᠲᠤᠰ ᠪᠡᠶ᠎ᠡ ᠵᠢᠨ ᠣᠨᠴᠠᠯᠢᠭ ᠵᠶ᠋ᠠᠨ ᠦᠨᠳᠦᠰᠦᠯᠡᠨ᠂ ᠳᠠᠪᠠᠭᠤᠯᠢᠭ ᠵᠶ᠋ᠠᠨ ᠪᠠᠳᠠᠷᠠᠭᠤᠯᠵᠤ᠂ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠯᠵᠢᠬᠤ ᠲᠠᠷᠢᠶᠠᠯᠠᠬᠤ ᠤᠷᠤᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠴᠢᠯᠡᠭᠰᠡᠨ ᠡᠵᠡᠩᠨᠡᠯᠲᠡ ᠵᠢᠴᠢ ᠮᠠᠯᠵᠢᠬᠤ ᠲᠠᠷᠢᠶᠠᠯᠠᠬᠤ ᠤᠷᠤᠨ᠎ᠤ ᠨᠡᠢ᠌ᠭᠡᠮ᠎ᠤᠨ ᠦᠢ᠍ᠯᠡᠰ᠎ᠤᠨ ᠬᠦᠭᠵᠢᠯᠲᠡ ᠵᠢ ᠳᠡᠮᠵᠢᠬᠦ ᠵᠡᠷᠭᠡ ᠲᠦᠷᠦᠯ ᠵᠦᠢ᠍ᠯ᠎ᠳᠠᠬᠢ ᠪᠡᠯᠡ ᠮᠦᠩᠭᠦ ᠵᠢᠨ ᠣᠷᠤᠭᠤᠯᠤᠯᠲᠠ ᠵᠢᠨ ᠠᠵᠢᠯ᠎ᠢ ᠰᠠᠢ᠌ᠲᠤᠷ ᠬᠢᠵᠦ᠂ ᠬᠥᠳᠡᠭᠡ ᠲᠣᠰᠬᠣᠨ᠎ᠤ ᠴᠠᠬᠢᠯᠭ᠋ᠠᠨ᠎ᠤ ᠲᠣᠣᠷ᠎ᠤᠨ ᠦᠭᠡᠷᠴᠢᠯᠡᠯᠲᠡ᠂ ᠮᠠᠯᠵᠢᠬᠤ ᠲᠠᠷᠢᠶᠠᠯᠠᠬᠤ ᠤᠷᠤᠨ᠎ᠤ ᠤᠤᠭᠤᠬᠤ ᠤᠰᠤᠨ᠎ᠤ ᠠᠮᠤᠷ ᠲᠦᠪᠰᠢᠨ᠂ ᠲᠠᠸᠠᠷ᠎ᠤᠨ ᠭᠦᠢ᠍ᠯᠭᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠡᠷᠭᠡ ᠴᠢᠬᠤᠯᠠ ᠶᠡᠬᠡ ᠲᠦᠷᠦᠯ ᠵᠦᠢ᠍ᠯ᠎ᠳᠤ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠬᠦ ᠬᠡᠷᠡᠭᠲᠡᠢ᠃ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ᠎ᠳᠤ ᠤᠷᠤᠯᠴᠠᠭᠰᠠᠨ ᠨᠢᠭᠡᠴᠡ ᠪᠣᠯᠤᠨ ᠠᠵᠤ ᠠᠬᠤᠢ᠌ᠯᠠᠯ᠎ᠤᠨ ᠢᠲᠡᠭᠡᠮᠵᠢᠲᠦ ᠵᠢᠭᠡᠯᠡᠯᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠴᠢᠷᠮᠠᠢ᠌ᠨ ᠬᠠᠩᠭ᠋ᠠᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠬᠦ ᠬᠡᠷᠡᠭᠲᠡᠢ᠃
      ᠰᠢᠤᠳᠠᠨ᠎ᠤ ᠶᠠᠪᠤᠳᠠᠯ᠎ᠤᠨ ᠬᠠᠳᠠᠭ᠋ᠠᠯᠠᠮᠵᠢ ᠵᠢᠨ ᠪᠠᠩᠬᠢ ᠵᠢᠨ ᠨᠦᠬᠦᠪᠦᠷᠢᠯᠡᠬᠦ ᠦᠢ᠍ᠯᠡᠳᠦᠯ᠎ᠢ ᠪᠠᠳᠠᠷᠠᠭᠤᠯᠪᠠ
      ᠰᠢᠤᠳᠠᠨ᠎ᠤ ᠶᠠᠪᠤᠳᠠᠯ᠎ᠤᠨ ᠬᠠᠳᠠᠭ᠋ᠠᠯᠠᠮᠵᠢ ᠵᠢᠨ ᠪᠠᠩᠬᠢ᠎ᠨᠤᠭᠤᠳ ᠮᠠᠯᠵᠢᠬᠤ ᠲᠠᠷᠢᠶᠠᠯᠠᠬᠤ ᠤᠷᠤᠨ᠎ᠳᠤ ᠨᠡᠶ᠋ᠢᠳᠡᠮ ᠲᠠᠷᠬᠠᠵᠤ ᠪᠠᠢ᠌ᠭ᠎ᠠ ᠲᠣᠣᠷ ᠰᠦᠯᠵᠢᠶᠡᠨ᠎ᠤ ᠳᠠᠪᠠᠭᠤᠯᠢᠭ ᠵᠶ᠋ᠠᠨ ᠭᠦᠢ᠍ᠴᠡᠳ ᠠᠰᠢᠭᠯᠠᠨ᠂ ᠮᠠᠯᠵᠢᠬᠤ ᠲᠠᠷᠢᠶᠠᠯᠠᠬᠤ ᠤᠷᠤᠨ᠎ᠤ ᠮᠦᠩᠭᠦᠨ ᠭᠦᠢ᠍ᠯᠭᠡᠭᠡᠨ᠎ᠤ ᠲᠤᠬᠠᠢ᠌ᠯᠠᠭᠰᠠᠨ ᠠᠵᠢᠯ ᠵᠶ᠋ᠠᠨ ᠦᠷᠭᠦᠯᠵᠢᠯᠡᠨ ᠦᠷᠭᠡᠵᠢᠭᠦᠯᠵᠦ᠂ ᠮᠠᠯᠵᠢᠬᠤ ᠲᠠᠷᠢᠶᠠᠯᠠᠬᠤ ᠤᠷᠤᠨ᠎ᠳᠠᠬᠢ ᠡᠯ᠎ᠡ ᠲᠦᠷᠦᠯ᠎ᠤᠨ ᠢᠲᠡᠭᠡᠮᠵᠢᠲᠦ ᠵᠢᠭᠡᠯᠡᠯᠭᠡ ᠵᠢᠨ ᠤᠷᠤᠭᠤᠯᠤᠯᠲᠠ᠎ᠪᠠᠨ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ᠎ᠳᠤ ᠬᠣᠯᠪᠤᠭᠳᠠᠬᠤ ᠲᠤᠬᠠᠢ᠌ᠯᠠᠭᠰᠠᠨ ᠠᠵᠢᠯ᠎ᠤᠨ ᠬᠡᠪᠴᠢᠶ᠎ᠡ᠎ᠪᠠᠨ ᠦᠷᠭᠡᠳᠬᠡᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ᠎ᠳᠤ ᠠᠯᠬᠤᠮ ᠠᠯᠬᠤᠮ ᠵᠶ᠋ᠠᠷ ᠰᠢᠮᠡᠳᠦᠨ ᠣᠷᠤᠬᠤ ᠬᠡᠷᠡᠭᠲᠡᠢ᠃
       《ᠮᠦᠩᠭᠦᠨ ᠭᠦᠢ᠍ᠯᠭᠡᠭᠡᠨ ᠵᠶ᠋ᠡᠷ ᠶᠠᠳᠠᠭᠤ ᠵᠢ ᠳᠡᠳᠬᠦᠵᠦ ᠠᠷᠠᠳ᠎ᠢ ᠪᠠᠶᠠᠵᠢᠭᠤᠯᠬᠤ ᠢᠨᠵᠸᠨ᠋ᠸᠷᠢᠨᠭ》᠎ᠤᠨ ᠰᠠᠭᠤᠷᠢ ᠦᠢ᠍ᠯᠡᠳᠦᠯ᠎ᠢ ᠪᠠᠳᠠᠷᠠᠭᠤᠯᠪᠠ
      ᠲᠠᠷᠢᠶᠠᠯᠠᠩ᠎ᠤᠨ ᠪᠠᠩᠬᠢ᠎ᠨᠤᠭᠤᠳ 《ᠮᠦᠩᠭᠦᠨ ᠭᠦᠢ᠍ᠯᠭᠡᠭᠡᠨ ᠵᠶ᠋ᠠᠷ ᠶᠠᠳᠠᠭᠤ ᠵᠢ ᠳᠡᠳᠬᠦᠵᠦ ᠠᠷᠠᠳ᠎ᠢ ᠪᠠᠶᠠᠵᠢᠭᠤᠯᠬᠤ ᠢᠨᠵᠸᠨ᠋ᠸᠷᠢᠨᠭ》 ᠬᠢᠭᠡᠳ 《ᠠᠷᠪᠠ᠎ᠪᠠᠷ ᠪᠦᠬᠦᠨ᠎ᠢ ᠬᠠᠮᠤᠷᠬᠤ》 ᠵᠢ ᠣᠷᠭ᠋ᠠᠨᠢᠭ ᠵᠶ᠋ᠠᠷ ᠤᠶᠠᠯᠳᠤᠭᠤᠯᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠡᠯᠡ ᠮᠦᠩᠭᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠡᠩ ᠲᠡᠷᠢᠭᠦᠨ᠎ᠳᠤ ᠬᠠᠩᠭ᠋ᠠᠬᠤ ᠬᠡᠷᠡᠭᠲᠡᠢ᠃ ᠬᠣᠯᠪᠤᠭᠳᠠᠯ ᠪᠦᠬᠦᠢ ᠰᠠᠯᠠᠭ᠎ᠠ ᠮᠦᠴᠢᠷ᠎ᠤᠳ ᠦᠷᠢᠰᠦᠯᠳᠦᠬᠦ ᠲᠣᠭᠲᠠᠴᠠ ᠵᠢ ᠣᠷᠤᠭᠤᠯᠵᠤ ᠢᠷᠡᠨ᠂ ᠡᠯ᠎ᠡ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ 《ᠮᠦᠩᠭᠦᠨ ᠭᠦᠢ᠍ᠯᠭᠡᠭᠡᠨ᠎ᠤ ᠶᠠᠳᠠᠭᠤ ᠵᠢ ᠳᠡᠳᠬᠦᠵᠦ ᠠᠷᠠᠳ᠎ᠢ ᠪᠠᠶᠠᠵᠢᠭᠤᠯᠬᠤ ᠢᠨᠵᠸᠨ᠋ᠸᠷᠢᠨᠭ》᠎ᠳᠤ ᠢᠳᠡᠪᠬᠢᠲᠡᠢ ᠣᠷᠣᠯᠴᠠᠭᠤᠯᠤᠨ᠂ 《ᠮᠦᠩᠭᠦᠨ ᠭᠦᠢ᠍ᠯᠭᠡᠭᠡᠨ ᠵᠶ᠋ᠠᠷ ᠶᠠᠳᠠᠭᠤ ᠵᠢ ᠳᠡᠳᠬᠦᠵᠦ ᠠᠷᠠᠳ᠎ᠢ ᠪᠠᠶᠠᠵᠢᠭᠤᠯᠬᠤ ᠢᠨᠵᠸᠨ᠋ᠸᠷᠢᠨᠭ》᠎ᠤᠨ ᠠᠵᠢᠯ᠎ᠤᠨ ᠭᠦᠨᠵᠡᠭᠡᠢ᠌ᠷᠡᠬᠦ᠂ ᠦᠷᠭᠦᠯᠵᠢᠯᠡᠨ ᠦᠷᠨᠢᠬᠦ ᠵᠢ ᠲᠦᠯᠬᠢᠨ ᠠᠬᠢᠭᠤᠯᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠰᠠᠭᠤᠷᠢ ᠵᠢ ᠪᠡᠬᠢᠵᠢᠭᠦᠯᠬᠦ ᠬᠡᠷᠡᠭᠲᠡᠢ᠃
      ᠪᠡᠯᠡ ᠲᠣᠬᠢᠷᠠᠭᠤᠯᠭ᠎ᠠ ᠵᠢᠨ ᠠᠷᠭ᠎ᠠ ᠵᠠᠮ᠎ᠢ ᠤᠯᠠᠨ ᠡᠰᠢᠵᠢᠭᠦᠯᠵᠦ   ᠮᠦᠩᠭᠦᠨ ᠭᠦᠢ᠍ᠯᠭᠡᠭᠡᠨ᠎ᠤ ᠨᠡᠷᠡᠳᠬᠦᠨ᠂ ᠬᠦᠦ ᠮᠦᠩᠭᠦ ᠵᠢᠨ ᠨᠤᠷᠮ᠎ᠠ ᠵᠡᠷᠭᠡ ᠦᠢ᠍ᠯᠡᠴᠢᠯᠡᠭᠡ ᠵᠢᠨ ᠵᠠᠭᠪᠤᠷ᠎ᠤᠨ ᠰᠢᠨ᠎ᠡ ᠵᠢ ᠡᠭᠦᠳᠪᠡ
      ᠢᠲᠡᠭᠡᠮᠵᠢᠲᠦ ᠵᠢᠭᠡᠯᠡᠯᠭᠡ ᠵᠢᠨ ᠲᠥᠷᠦ ᠵᠢᠨ ᠪᠣᠳᠤᠯᠭ᠎ᠠ ᠵᠢ ᠠᠮᠢᠳᠤᠯᠢᠭ ᠵᠶ᠋ᠡᠷ ᠬᠡᠷᠡᠭᠯᠡᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠤᠨᠴᠠᠯᠢᠭ᠎ᠲᠤ ᠴᠢᠭᠯᠡᠭᠦᠯᠦᠨ᠂ ᠣᠳᠣ ᠪᠠᠢ᠌ᠭ᠎ᠠ ᠲᠤᠬᠠᠢ᠌ᠯᠠᠭᠰᠠᠨ ᠠᠵᠢᠯ᠎ᠤᠨ ᠲᠦᠷᠦᠯ ᠵᠦᠢ᠍ᠯ᠎ᠳᠡᠭᠡᠨ ᠰᠢᠪᠲᠤᠯᠤᠯᠲᠠ ᠬᠢᠵᠦ᠂ ᠨᠢᠭᠡᠳᠦᠯᠲᠡᠢ ᠵᠢᠭᠡᠯᠡᠵᠦ ᠬᠤᠪᠢᠶᠠᠨ ᠬᠡᠷᠡᠭᠯᠡᠬᠦ ᠵᠡᠷᠭᠡ ᠠᠷᠭ᠎ᠠ ᠮᠠᠶᠢᠭ᠎ᠢ ᠠᠪᠴᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠡᠯᠡ ᠮᠦᠩᠭᠦ ᠵᠢᠨ ᠣᠷᠤᠭᠤᠯᠤᠯᠲᠠ ᠵᠢ ᠪᠦᠲᠦᠮᠵᠢᠲᠡᠢ᠎ᠪᠠᠷ ᠥᠷᠭᠡᠳᠬᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ᠎ᠤ ᠦᠪᠡᠷ ᠵᠶ᠋ᠡᠨ ᠦᠢ᠍ᠯᠡᠴᠢᠯᠡᠳᠡᠭ ᠪᠠᠩᠬᠢ᠂ ᠳ᠋ᠢᠶᠠᠩᠬᠤᠸᠠ ᠳᠡᠭᠡᠷᠡᠬᠢ ᠪᠠᠩᠬᠢ᠂ ᠭᠠᠷ ᠤᠲᠠᠰᠤᠨ ᠳᠡᠭᠡᠷᠡᠬᠢ ᠪᠠᠩᠬᠢ᠂ ᠣᠬᠤᠷ ᠴᠢᠮᠡᠭᠡᠨ ᠪᠠᠩᠬᠢ᠂ ᠸᠢᠴᠠᠲ ᠳᠡᠭᠡᠷᠡᠬᠢ ᠪᠠᠩᠬᠢ᠂ ᠰᠦᠯᠵᠢᠶ᠎ᠡ ᠳᠡᠭᠡᠷᠡᠬᠢ ᠪᠠᠩᠬᠢ ᠵᠡᠷᠭᠡ ᠰᠢᠨ᠎ᠡ ᠬᠡᠯᠪᠡᠷᠢ ᠵᠢᠨ ᠲᠤᠬᠠᠢ᠌ᠯᠠᠭᠰᠠᠨ ᠠᠵᠢᠯ᠎ᠢ ᠶᠡᠬᠡᠪᠡᠷ ᠬᠦᠭᠵᠢᠭᠦᠯᠦᠨ᠂ ᠲᠤᠰᠬᠠᠢ ᠡᠵᠡᠩᠨᠡᠬᠦ ᠪᠠᠢ᠌ᠭᠤᠯᠤᠮᠵᠢ᠂ ᠢᠲᠡᠭᠡᠮᠵᠢᠲᠦ ᠵᠢᠭᠡᠯᠡᠯᠭᠡ ᠵᠢᠨ ᠦᠢ᠍ᠯᠡᠳᠪᠦᠷᠢ ᠵᠡᠷᠭᠡ ᠦᠢ᠍ᠯᠡᠴᠢᠯᠡᠭᠡᠨ ᠵᠠᠭᠪᠤᠷ᠎ᠤᠨ ᠰᠢᠨ᠎ᠡ ᠵᠢ ᠡᠭᠦᠳᠬᠦ ᠪᠠ ᠳᠡᠯᠭᠡᠷᠡᠭᠦᠯᠬᠦ ᠬᠡᠷᠡᠭᠲᠡᠢ᠃ ᠣᠳᠣ ᠪᠠᠢ᠌ᠭ᠎ᠠ ᠮᠠᠯᠵᠢᠬᠤ ᠲᠠᠷᠢᠶᠠᠯᠠᠬᠤ ᠤᠷᠤᠨ᠎ᠤ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠭᠤᠯᠤᠭᠳᠠᠬᠤᠨ᠎ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠲᠡᠭᠦᠨ᠎ᠢ 《ᠠᠷᠪᠠ᠎ᠪᠠᠷ ᠪᠦᠬᠦᠨ᠎ᠢ ᠬᠠᠮᠤᠷᠬᠤ》 ᠲᠡᠰᠢ ᠬᠡᠯᠪᠡᠢ᠌ᠯᠭᠡᠬᠦ ᠵᠢ ᠲᠦᠯᠬᠢᠨ ᠠᠬᠢᠭᠤᠯᠵᠤ᠂ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠵᠣᠭᠤᠰ᠎ᠤᠨ ᠲᠣᠭ᠎ᠠ ᠵᠢ ᠨᠡᠮᠡᠭᠳᠡᠭᠦᠯᠵᠦ᠂ ᠵᠢᠭᠡᠯᠡᠯᠭᠡ ᠵᠢᠭᠡᠯᠡᠭᠴᠢ ᠵᠢ ᠰᠤᠩᠭ᠋ᠠᠨ᠂ ᠵᠢᠭᠡᠯᠡᠯᠭᠡ ᠵᠢᠨ ᠬᠡᠷᠡᠭᠴᠡᠭᠡ ᠵᠢ ᠦᠷᠭᠡᠵᠢᠭᠦᠯᠬᠦ ᠬᠡᠷᠡᠭᠲᠡᠢ᠃
      ᠪᠠᠷᠢᠴᠠᠭ᠋ᠠᠯᠠᠵᠤ ᠳᠠᠨᠵᠢᠯᠠᠨ ᠳᠠᠭ᠋ᠠᠭ᠋ᠠᠯᠲᠠ ᠬᠢᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠪᠡ
      ᠮᠠᠯᠵᠢᠬᠤ ᠲᠠᠷᠢᠶᠠᠯᠠᠬᠤ ᠤᠷᠤᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ᠂ ᠨᠤᠲᠤᠭ ᠪᠡᠯᠴᠢᠭᠡᠷ ᠡᠵᠡᠩᠨᠡᠬᠦ ᠡᠷᠬᠡ᠂ ᠤᠷᠤᠨ ᠰᠠᠭᠤᠴᠠ ᠵᠢᠨ ᠭᠠᠵᠠᠷ᠎ᠤᠨ ᠬᠡᠷᠡᠭᠯᠡᠬᠦ ᠡᠷᠬᠡ᠂ ᠤᠢ ᠮᠣᠳᠤᠨ᠎ᠤ ᠡᠷᠬᠡ᠎ᠪᠠᠨ ᠪᠠᠷᠢᠴᠠᠭ᠋ᠠᠯᠠᠵᠤ ᠳᠠᠨᠵᠢᠯᠠᠨ ᠵᠢᠭᠡᠯᠡᠯᠭᠡ ᠵᠢᠭᠡᠯᠡᠬᠦ ᠲᠤᠬᠠᠢ᠌ᠯᠠᠭᠰᠠᠨ ᠠᠵᠢᠯ᠎ᠤᠨ ᠲᠠᠪᠴᠠᠩ᠎ᠤᠨ ᠪᠠᠢ᠌ᠭᠤᠯᠤᠯᠲᠠ ᠵᠢ ᠯᠠᠪᠳᠠᠭᠤᠨ ᠵᠶ᠋ᠡᠷ ᠲᠦᠯᠬᠢᠨ ᠠᠬᠢᠭᠤᠯᠤᠨ᠎ᠠ᠃ ᠵᠢᠭᠡᠯᠡᠯᠭᠡ ᠵᠢᠨ ᠲᠥᠭᠰᠢᠭᠦᠷᠢ᠎ᠲᠤ ᠨᠦᠬᠦᠪᠦᠷᠢᠯᠡᠬᠦ ᠰᠠᠭᠤᠷᠢ ᠮᠦᠩᠭᠦ᠂ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠬᠢᠬᠦ ᠰᠠᠭᠤᠷᠢ ᠮᠦᠩᠭᠦ᠂ ᠲᠠᠷᠢᠶᠠᠯᠠᠩ ᠮᠠᠯ ᠠᠵᠤ ᠠᠬᠤᠢ ᠵᠢᠨ ᠬᠦᠭᠵᠢᠯᠲᠡ ᠵᠢᠨ ᠰᠠᠭᠤᠷᠢ ᠮᠦᠩᠭᠦ ᠪᠠᠢ᠌ᠭᠤᠯᠬᠤ ᠵᠢ ᠲᠦᠯᠬᠢᠨ ᠠᠬᠢᠭᠤᠯᠵᠤ᠂ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠭᠰᠠᠨ ᠵᠢᠭᠡᠯᠡᠯᠭᠡ ᠵᠢᠨ ᠲᠦᠭᠰᠢᠭᠦᠷᠢ ᠵᠢ ᠵᠦᠢ ᠵᠣᠬᠢᠰᠲᠠᠢ ᠬᠤᠪᠢᠶᠠᠨ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠵᠢᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠦᠷᠭᠡᠳᠬᠡᠨ᠂ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠬᠤ ᠢᠲᠡᠭᠡᠮᠵᠢᠲᠦ ᠵᠢᠭᠡᠯᠡᠯᠭᠡ ᠪᠣᠯᠤᠨ ᠳᠠᠭ᠋ᠠᠳᠬᠠᠯ᠎ᠤᠨ ᠬᠣᠷᠰᠢᠯᠴᠠᠭ᠎ᠠ ᠵᠢ ᠴᠢᠩᠭ᠋ᠠᠳᠬᠠᠨ᠂ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠬᠤ ᠳᠠᠭ᠋ᠠᠳᠬᠠᠯ᠎ᠤᠨ ᠬᠠᠭᠤᠳᠠᠰᠤ ᠵᠢ ᠪᠠᠷᠢᠴᠠᠭ᠋ᠠᠯᠠᠵᠤ ᠳᠠᠨᠵᠢᠯᠠᠭᠰᠠᠨ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠢ ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ᠎ᠤ ᠡᠯ᠎ᠡ ᠲᠦᠷᠦᠯ᠎ᠤᠨ ᠦᠮᠴᠢᠯᠡᠬᠦ ᠡᠷᠬᠡ᠎ᠪᠠᠨ ᠪᠠᠷᠢᠴᠠᠭ᠋ᠠᠯᠠᠵᠤ ᠳᠠᠨᠵᠢᠯᠠᠭᠰᠠᠨ ᠵᠢᠭᠡᠯᠡᠯᠭᠡ ᠵᠢᠨ ᠬᠠᠮᠢᠶᠠᠷᠤᠯᠲᠠ ᠵᠢᠨ ᠠᠷᠭ᠎ᠠ ᠪᠣᠯᠤᠨ ᠠᠵᠢᠯᠯᠠᠭᠤᠯᠬᠤ ᠴᠣᠪᠤᠷᠠᠯ᠎ᠢ ᠲᠥᠷᠭᠡᠳᠬᠡᠨ ᠲᠣᠭᠲᠠᠭ᠋ᠠᠵᠤ᠂ ᠪᠠᠷᠢᠴᠠᠭ᠋ᠠᠯᠠᠵᠤ ᠳᠠᠨᠵᠢᠯᠠᠭᠰᠠᠨ ᠵᠢᠭᠡᠯᠡᠯᠭᠡ ᠵᠢᠨ ᠲᠤᠷᠰᠢᠯᠲᠠ ᠵᠢᠨ ᠴᠢᠭ᠋᠎ᠤᠨ ᠠᠵᠢᠯ᠎ᠢ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠵᠢᠨ ᠮᠠᠰᠢᠨ ᠲᠦᠬᠦᠭᠡᠷᠦᠮᠵᠢ᠂ ᠲᠡᠭᠡᠭᠡᠪᠦᠷᠢ ᠵᠢᠨ ᠪᠠᠭ᠋ᠠᠵᠢ᠂ ᠨᠠᠭᠤᠷ ᠤᠰᠤ ᠭᠣᠣᠯ᠎ᠤᠨ ᠳᠠᠩ᠎ᠤᠨ ᠲᠡᠵᠢᠭᠡᠨ ᠦᠷᠡᠵᠢᠭᠦᠯᠬᠦ ᠡᠷᠬᠡ᠂ ᠳᠠᠭ᠋ᠠᠭ᠋ᠠᠴᠢᠯᠠᠭᠰᠠᠨ ᠭᠠᠵᠠᠷ ᠰᠢᠷᠣᠶ ᠪᠠ ᠨᠤᠲᠤᠭ ᠪᠡᠯᠴᠢᠭᠡᠷ᠎ᠤᠨ ᠠᠰᠢᠭ ᠤᠯᠬᠤ ᠡᠷᠬᠡ᠂ ᠲᠡᠵᠢᠭᠡᠵᠦ ᠪᠠᠢ᠌ᠭ᠎ᠠ ᠮᠠᠯ ᠵᠢᠭᠦᠷᠲᠡᠨ ᠵᠡᠷᠭᠡ᠎ᠪᠠᠷ ᠪᠠᠷᠢᠴᠠᠭ᠋ᠠᠨ ᠡᠳ᠋ ᠪᠣᠯᠭ᠋ᠠᠭᠰᠠᠨ ᠰᠢᠨ᠎ᠡ ᠬᠡᠯᠪᠡᠷᠢ ᠵᠢᠨ ᠪᠠᠷᠢᠴᠠᠭ᠋ᠠᠯᠠᠵᠤ ᠳᠠᠨᠵᠢᠯᠠᠨ ᠳᠠᠭ᠋ᠠᠭ᠋ᠠᠯᠲᠠ ᠬᠢᠬᠦ ᠠᠷᠭ᠎ᠠ ᠮᠠᠶᠢᠭ᠎ᠢ ᠬᠠᠢ᠌ᠨ ᠰᠦᠪᠡᠭᠴᠢᠯᠡᠨ᠎ᠡ᠃
      ᠤᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠵᠢᠨ ᠠᠷᠭ᠎ᠠ ᠵᠠᠮ᠎ᠢ ᠨᠡᠬᠡᠬᠡᠪᠡ
      ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠴᠢᠯᠡᠯᠲᠡ ᠵᠢᠨ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠤᠨ ᠰᠢᠭᠤᠳ ᠪᠡᠯᠡ ᠲᠣᠬᠢᠷᠠᠭᠤᠯᠬᠤ ᠵᠢ ᠵᠣᠷᠢᠭᠵᠢᠭᠤᠯᠤᠨ᠂ ᠪᠠᠩᠬᠢ ᠵᠢᠨ ᠬᠣᠭᠤᠷᠤᠨᠳᠤ ᠵᠢᠨ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ ᠵᠶ᠋ᠠᠷ ᠪᠡᠯᠡ ᠲᠣᠬᠢᠷᠠᠭᠤᠯᠬᠤ ᠪᠠᠭ᠋ᠠᠵᠢ ᠵᠢ ᠬᠡᠷᠡᠭᠯᠡᠬᠦ ᠵᠢ ᠨᠡᠮᠡᠭᠳᠡᠭᠦᠯᠦᠨ᠂ ᠠᠵᠤ ᠠᠬᠤᠢ᠌ᠯᠠᠯ᠎ᠤᠳ᠎ᠤᠨ ᠠᠵᠤ ᠠᠬᠤᠢ᠌ᠯᠠᠯ᠎ᠤᠨ ᠵᠢᠭᠡᠯᠡᠯᠭᠡ᠂ ᠤᠷᠲᠤᠪᠲᠤᠷ ᠬᠤᠭᠤᠴᠠᠭ᠋ᠠᠨ᠎ᠤ ᠫᠢᠶᠣᠣ ᠪᠠᠷᠢᠮᠲᠠ᠂ ᠣᠬᠤᠷ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢᠨ ᠲᠡᠮᠳᠡᠭᠲᠦ᠂ ᠳᠤᠮᠳᠠ ᠵᠢᠵᠢᠭ ᠠᠵᠤ ᠠᠬᠤᠢ᠌ᠯᠠᠯ᠎ᠤᠨ ᠦᠪᠡᠷ ᠵᠶ᠋ᠡᠨ ᠴᠤᠭᠯᠠᠭᠤᠯᠬᠤ ᠲᠡᠮᠳᠡᠭᠲᠦ᠂ ᠳᠤᠮᠳᠠ ᠵᠢᠵᠢᠭ ᠠᠵᠤ ᠠᠬᠤᠢ᠌ᠯᠠᠯ᠎ᠤᠨ ᠨᠡᠶ᠋ᠢᠯᠡᠮᠡᠯ ᠫᠢᠶᠣᠣ ᠪᠠᠷᠢᠮᠲᠠ ᠪᠠ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠬᠦᠲᠦᠯᠦᠨ ᠵᠢᠯᠤᠭᠤᠳᠬᠤ ᠪᠠ ᠵᠤᠬᠢᠶᠠᠨ ᠪᠠᠢ᠌ᠭᠤᠯᠵᠤ᠂ ᠨᠦᠭᠦᠴᠡᠯ ᠪᠦᠷᠢᠳᠦᠭᠰᠡᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠴᠤ ᠪᠡᠯᠡ ᠲᠣᠬᠢᠷᠠᠭᠤᠯᠬᠤ ᠵᠢ ᠳᠡᠮᠵᠢᠨ᠎ᠡ᠃ ᠮᠠᠯᠵᠢᠬᠤ ᠲᠠᠷᠢᠶᠠᠯᠠᠬᠤ ᠤᠷᠤᠨ᠎ᠤ ᠨᠡᠢ᠌ᠭᠡᠮ᠎ᠤᠨ ᠠᠵᠢᠯ ᠦᠢ᠍ᠯᠡᠰ ᠪᠠ ᠰᠠᠭᠤᠷᠢ ᠪᠡᠯᠡᠳᠭᠡᠮᠵᠢ ᠵᠢᠨ ᠪᠠᠢ᠌ᠭᠤᠯᠤᠯᠲᠠ᠎ᠳᠤ ᠨᠡᠢ᠌ᠭᠡᠮ᠎ᠤᠨ ᠬᠦᠷᠦᠩᠭᠡ ᠮᠦᠩᠭᠦ ᠤᠷᠤᠭᠤᠯᠬᠤ ᠵᠢ ᠬᠦᠲᠦᠯᠦᠨ ᠵᠢᠯᠤᠭᠤᠳᠤᠨ᠎ᠠ᠃ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠲᠠᠷᠢᠶᠠᠴᠢᠨ ᠮᠠᠯᠴᠢᠳ᠎ᠲᠤ ᠲᠤᠰᠬᠠᠢ ᠵᠦᠢ᠍ᠯ ᠵᠶ᠋ᠡᠷ ᠬᠡᠷᠡᠭᠯᠡᠬᠦ ᠮᠦᠩᠭᠦᠨ ᠭᠦᠢ᠍ᠯᠭᠡᠭᠡᠨ᠎ᠤ ᠵᠢᠭᠡᠯᠡᠯᠭᠡ ᠲᠠᠷᠬᠠᠭ᠋ᠠᠬᠤ ᠵᠢ ᠳᠡᠮᠵᠢᠵᠦ᠂ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠬᠤ ᠡᠳ᠋ ᠬᠦᠷᠦᠩᠭᠡ ᠵᠢ ᠲᠡᠮᠳᠡᠭᠲᠦᠵᠢᠭᠦᠯᠬᠦ ᠲᠤᠷᠰᠢᠯᠲᠠ ᠵᠢᠨ ᠴᠢᠭ᠋᠎ᠤᠨ ᠠᠵᠢᠯ ᠦᠷᠨᠢᠭᠦᠯᠵᠦ᠂ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠬᠤ ᠳᠦᠷᠢᠶᠡᠰᠦᠯᠡᠯ᠎ᠤᠨ ᠲᠤᠬᠠᠢ᠌ᠯᠠᠭᠰᠠᠨ ᠠᠵᠢᠯ᠎ᠢ ᠶᠡᠬᠡᠪᠡᠷ ᠬᠦᠭᠵᠢᠭᠦᠯᠦᠨ᠂ ᠮᠦᠩᠭᠦᠨ ᠭᠦᠢ᠍ᠯᠭᠡᠭᠡᠨ᠎ᠤ ᠳᠦᠷᠢᠶᠡᠰᠦᠯᠡᠯ᠎ᠤᠨ ᠺᠣᠮᠫᠠᠨᠢ ᠵᠢᠨ ᠲᠠᠷᠢᠶᠠᠯᠠᠩ ᠮᠠᠯ ᠠᠵᠤ ᠠᠬᠤᠢ ᠵᠢᠨ ᠮᠠᠰᠢᠨ ᠲᠦᠬᠦᠭᠡᠷᠦᠮᠵᠢ ᠵᠢᠨ ᠪᠡᠯᠡ ᠲᠣᠬᠢᠷᠠᠭᠤᠯᠬᠤ ᠲᠤᠬᠠᠢ᠌ᠯᠠᠭᠰᠠᠨ ᠠᠵᠢᠯ ᠦᠷᠨᠢᠭᠦᠯᠬᠦ ᠵᠢ ᠳᠡᠮᠵᠢᠨ᠎ᠡ᠃
      ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠣᠷᠰᠢᠯᠴᠠᠭ᠎ᠠ ᠵᠢᠨ ᠰᠢᠨ᠎ᠡ ᠵᠢ ᠵᠣᠷᠢᠭᠵᠢᠭᠤᠯᠤᠨ᠎ᠠ
      ᠪᠠᠩᠬᠢ ᠵᠢᠨ ᠪᠦᠯᠬᠦᠮ᠎ᠤᠨ ᠵᠢᠭᠡᠯᠡᠯᠭᠡ᠂ ᠪᠦᠭᠡᠮ ᠪᠠ ᠲᠠᠷᠠᠬᠠᠢ ᠪᠣᠲᠠᠷᠬᠠᠢ ᠵᠢ ᠤᠶᠠᠯᠳᠤᠭᠤᠯᠬᠤ᠂ ᠲᠤᠬᠠᠢ᠌ᠯᠠᠭᠰᠠᠨ ᠠᠵᠢᠯ᠎ᠢ ᠣᠷᠤᠯᠠᠨ ᠭᠦᠢ᠍ᠴᠡᠳᠭᠡᠬᠦ᠂ ᠪᠠᠩᠬᠢ ᠪᠠ ᠳᠠᠭ᠋ᠠᠳᠬᠠᠯ᠎ᠤᠨ᠎ᠬᠢᠨ ᠬᠣᠷᠰᠢᠯᠴᠠᠬᠤ᠂ ᠪᠠᠩᠬᠢ ᠪᠠ ᠳᠠᠭ᠋ᠠᠭ᠋ᠠᠯᠲᠠ ᠬᠢᠬᠦ ᠲᠠᠯ᠎ᠠ ᠵᠢᠨ᠎ᠬᠢᠨ ᠬᠣᠷᠰᠢᠯᠴᠠᠬᠤ᠂ ᠪᠠᠩᠬᠢ ᠪᠠ ᠳᠦᠷᠢᠶᠡᠰᠦᠯᠡᠯ᠎ᠤᠨ ᠲᠠᠯ᠎ᠠ ᠵᠢᠨ᠎ᠬᠢᠨ ᠬᠣᠷᠰᠢᠯᠴᠠᠬᠤ᠂ ᠪᠡᠯᠡ ᠣᠷᠤᠭᠤᠯᠬᠤ ᠪᠠ ᠵᠢᠭᠡᠯᠡᠯᠭᠡ ᠲᠠᠯᠪᠢᠬᠤ ᠬᠠᠮᠲᠤᠷᠠᠨ ᠬᠥᠳᠡᠯᠦᠯᠴᠡᠬᠦ ᠵᠡᠷᠭᠡ᠎ᠪᠠᠷ ᠳᠠᠮᠵᠢᠭᠤᠯᠤᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠳᠤ ᠪᠦᠬᠦ ᠲᠠᠯ᠎ᠠ ᠵᠢᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡᠨ ᠬᠠᠩᠭ᠋ᠠᠨ᠎ᠠ᠃ ᠳᠠᠭ᠋ᠠᠭ᠋ᠠᠯᠲᠠ ᠬᠠᠩᠭ᠋ᠠᠬᠤ᠎ᠳᠤ ᠬᠦᠴᠢᠷ᠎ᠲᠠᠢ ᠲᠠᠷᠢᠶᠠᠯᠠᠩ᠎ᠳᠤ ᠬᠣᠯᠪᠤᠭᠳᠠᠬᠤ ᠮᠠᠯ ᠠᠵᠤ ᠠᠬᠤᠢ᠎ᠳᠤ ᠬᠣᠯᠪᠤᠭᠳᠠᠬᠤ ᠭᠣᠣᠯ ᠴᠣᠭᠴᠠ᠎ᠳᠤ᠂ ᠪᠠᠲᠤᠯᠠᠬᠤ᠂ ᠪᠠᠷᠢᠴᠠᠭ᠋ᠠᠯᠠᠬᠤ᠂ ᠳᠠᠨᠵᠢᠯᠠᠬᠤ ᠨᠡᠢ᠌ᠯᠡᠮᠡᠯ ᠳᠠᠭ᠋ᠠᠭ᠋ᠠᠯᠲᠠ ᠬᠢᠬᠦ ᠬᠡᠯᠪᠡᠷᠢ ᠪᠤᠶᠤ ᠤᠯᠠᠨ ᠵᠦᠢ᠍ᠯ᠎ᠤᠨ ᠬᠡᠯᠪᠡᠷᠢ ᠪᠦᠬᠦᠢ ᠬᠠᠮᠵᠢᠯᠴᠠᠬᠤ ᠴᠢᠨᠠᠷᠲᠠᠢ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠬᠢᠬᠦ ᠵᠢ ᠠᠪᠴᠤ᠂ ᠨᠢᠭᠡ ᠪᠦᠯᠦᠭ ᠪᠦᠲᠦᠮᠵᠢᠲᠡᠢ ᠮᠦᠩᠭᠦᠨ ᠭᠦᠢ᠍ᠯᠡᠭᠡᠭᠡᠨ᠎ᠤ ᠬᠣᠷᠰᠢᠭᠰᠠᠨ ᠦᠢ᠍ᠯᠡᠴᠢᠯᠡᠭᠡ ᠵᠢᠨ ᠨᠡᠢ᠌ᠲᠡᠯᠢᠭ ᠵᠢᠱ᠌ᠢᠶ᠎ᠡ ᠵᠢ ᠳᠡᠯᠭᠡᠷᠡᠭᠦᠯᠬᠦ ᠪᠠ ᠬᠠᠭᠤᠯᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
      ᠢᠲᠡᠭᠡᠮᠵᠢᠲᠦ ᠵᠢᠭᠡᠯᠡᠯᠭᠡ ᠵᠢᠨ ᠬᠠᠮᠢᠶᠠᠷᠤᠯᠲᠠ ᠵᠢᠨ ᠲᠣᠭᠲᠠᠴᠠ ᠵᠢ ᠰᠢᠯᠢᠳᠡᠭᠵᠢᠭᠦᠯᠦᠨ᠎ᠡ
      ᠲᠥᠭᠰᠢᠭᠦᠷᠢ ᠵᠢ ᠡᠵᠡᠮᠳᠡᠵᠦ ᠴᠢᠳᠠᠬᠤ ᠰᠠᠭᠤᠷᠢᠨ ᠳᠡᠭᠡᠷ᠎ᠡ᠂ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ᠎ᠤᠨ ᠲᠠᠷᠢᠶᠠᠯᠠᠩ ᠮᠠᠯ ᠠᠵᠤ ᠠᠬᠤᠢ᠎ᠳᠤ ᠬᠣᠯᠪᠤᠭᠳᠠᠬᠤ ᠢᠲᠡᠭᠡᠮᠵᠢᠲᠦ ᠵᠢᠭᠡᠯᠡᠯᠭᠡ ᠵᠢᠨ ᠲᠥᠯᠦᠪᠯᠡᠭᠡ ᠵᠢ ᠠᠰ᠎ᠲᠤᠨᠢ ᠵᠢᠭᠰᠠᠭ᠋ᠠᠬᠤ ᠵᠢ ᠵᠣᠷᠢᠭᠵᠢᠭᠤᠯᠵᠤ᠂ ᠵᠢᠭᠡᠯᠡᠯᠭᠡ ᠵᠢᠨ ᠬᠢᠨᠠᠨ ᠵᠦᠪᠰᠢᠶᠡᠷᠡᠬᠦ ᠡᠷᠬᠡ ᠮᠡᠳᠡᠯ᠎ᠤᠨ ᠬᠡᠪᠴᠢᠶ᠎ᠡ ᠵᠢ ᠳᠣᠷᠤᠭᠰᠢ ᠪᠠᠭᠤᠯᠭ᠋ᠠᠨ᠂ ᠦᠷ᠎ᠡ ᠪᠦᠲᠦᠮᠵᠢ ᠵᠢ ᠰᠢᠯᠭ᠋ᠠᠨ ᠬᠢᠨᠠᠬᠤ ᠲᠣᠭᠲᠠᠴᠠ ᠵᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ᠎ᠳᠤᠨᠢ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠳᠦᠷᠢᠮ᠎ᠢ ᠶᠠᠪᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ᠎ᠲᠤ ᠢᠲᠡᠭᠡᠮᠵᠢᠲᠦ ᠵᠢᠭᠡᠯᠡᠯᠭᠡ ᠲᠠᠯᠪᠢᠬᠤ ᠢᠳᠡᠪᠬᠢᠵᠢᠯ᠎ᠢ ᠳᠠᠢ᠌ᠴᠢᠯᠠᠨ᠎ᠠ᠃ ᠵᠢᠭᠡᠯᠡᠯᠭᠡ ᠵᠢᠨ ᠬᠢᠨᠠᠨ ᠵᠦᠪᠰᠢᠶᠡᠷᠡᠬᠦ ᠭᠠᠷᠳᠠᠮ᠎ᠢ ᠤᠯᠠᠮ ᠨᠢᠭᠡ ᠠᠯᠬᠤᠮ ᠳᠦᠭᠦᠮᠴᠢᠯᠡᠨ᠂ ᠲᠤᠬᠠᠢ᠌ᠯᠠᠭᠰᠠᠨ ᠠᠵᠢᠯ᠎ᠤᠨ ᠠᠵᠢᠯᠯᠠᠭᠤᠯᠬᠤ ᠴᠣᠪᠤᠷᠠᠯ᠎ᠢ ᠲᠣᠳᠤᠷᠬᠠᠢ᠌ᠯᠠᠵᠤ᠂ ᠬᠢᠨᠠᠨ ᠵᠦᠪᠰᠢᠶᠡᠷᠡᠬᠦ ᠬᠤᠷᠳᠤᠴᠠ ᠵᠢ ᠲᠦᠷᠭᠡᠳᠬᠡᠨ᠂ ᠴᠠᠭ ᠬᠤᠭᠤᠴᠠᠭ᠎ᠠ ᠬᠢᠵᠠᠭ᠋ᠠᠷᠯᠠᠨ ᠭᠦᠢ᠍ᠴᠡᠳᠭᠡᠬᠦ ᠵᠢ ᠶᠠᠪᠤᠭᠤᠯᠵᠤ᠂ ᠵᠢᠭᠡᠯᠡᠯᠭᠡ ᠵᠢᠭᠡᠯᠡᠭᠦᠯᠦᠭᠰᠡᠨ᠎ᠤ ᠳᠠᠷᠠᠭ᠎ᠠ ᠮᠦᠷᠳᠡᠨ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠂ ᠵᠢᠭᠡᠯᠡᠯᠭᠡ ᠵᠢᠨ ᠲᠦᠭᠰᠢᠭᠦᠷᠢ ᠵᠢ ᠪᠠᠭᠤᠷᠠᠭᠤᠯᠤᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠳᠤ ᠦᠷᠭᠦᠯᠵᠢᠯᠡᠭᠰᠡᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠬᠠᠩᠭ᠋ᠠᠨ᠎ᠠ᠃
      ᠮᠦᠩᠭᠦᠨ ᠭᠦᠢ᠍ᠯᠭᠡᠭᠡᠨ᠎ᠤ ᠰᠠᠭᠤᠷᠢ ᠦᠢ᠍ᠯᠡᠴᠢᠯᠡᠭᠡ᠎ᠪᠠᠷ ᠪᠦᠬᠦᠨ᠎ᠢ ᠬᠠᠮᠤᠷᠬᠤ   ᠮᠠᠯᠵᠢᠬᠤ ᠲᠠᠷᠢᠶᠠᠯᠠᠬᠤ ᠤᠷᠤᠨ᠎ᠤ ᠨᠡᠢ᠌ᠭᠡᠮ᠎ᠤᠨ ᠪᠠᠲᠤᠯᠠᠭ᠎ᠠ ᠵᠢᠨ ᠮᠦᠩᠭᠦᠨ ᠭᠦᠢ᠍ᠯᠭᠡᠭᠡᠨ᠎ᠤ ᠰᠠᠭᠤᠷᠢ ᠦᠢ᠍ᠯᠡᠴᠢᠯᠡᠭᠡ ᠵᠢ ᠴᠢᠩᠭ᠋ᠠᠳᠬᠠᠨ᠎ᠠ
      ᠦᠪᠡᠷᠲᠡᠭᠡᠨ ᠵᠠᠰᠠᠬᠤ ᠤᠷᠤᠨ᠎ᠤ 《ᠠᠷᠪᠠ᠎ᠪᠠᠷ ᠪᠦᠬᠦᠨ᠎ᠢ ᠬᠠᠮᠤᠷᠬᠤ ᠬᠣᠯᠪᠤᠭ᠋ᠠᠯᠠᠨ ᠨᠡᠪᠲᠡᠷᠡᠯᠴᠡᠭᠰᠡᠨ ᠠᠷᠠᠳ᠎ᠲᠤ ᠠᠰᠢᠭ ᠬᠦᠷᠲᠡᠭᠡᠬᠦ ᠠᠷᠠᠳ᠎ᠲᠤ ᠳᠦᠭᠦᠮ ᠦᠵᠡᠭᠦᠯᠬᠦ》 ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠭᠠᠴᠠᠭ᠎ᠠ ᠲᠤᠰᠬᠤᠨ᠎ᠤ ᠲᠠᠷᠢᠶᠠᠯᠠᠩ᠎ᠢ ᠳᠡᠮᠵᠢᠬᠦ ᠮᠦᠩᠭᠦᠨ ᠭᠦᠢ᠍ᠯᠭᠡᠭᠡᠨ᠎ᠤ ᠦᠢ᠍ᠯᠡᠴᠢᠯᠡᠬᠦ ᠴᠢᠭ᠋᠎ᠢ ᠲᠦᠰᠢᠵᠦ᠂ ᠮᠠᠯᠵᠢᠬᠤ ᠲᠠᠷᠢᠶᠠᠯᠠᠬᠤ ᠤᠷᠤᠨ᠎ᠤ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡ ᠵᠢᠨ ᠴᠢᠭ᠋᠎ᠲᠤ ᠪᠠᠢ᠌ᠭᠤᠯᠤᠨ᠎ᠠ᠃ ᠮᠦᠩᠭᠦᠨ ᠭᠦᠢ᠍ᠯᠭᠡᠭᠡᠨ᠎ᠤ ᠴᠢᠳᠠᠮᠵᠢ ᠵᠢ ᠠᠴᠢᠶᠠᠯᠠᠭᠰᠠᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ ᠤᠯᠭᠤᠬᠣ ᠪᠠ ᠬᠡᠷᠡᠭᠯᠡᠭᠦᠯᠬᠦ ᠵᠢ ᠲᠦᠷᠭᠡᠳᠬᠡᠨ᠂ 《ᠦᠪᠦᠷ ᠮᠣᠩᠭᠣᠯ12333》 ᠬᠡᠷᠡᠭᠯᠡᠯᠲᠡ ᠵᠢ ᠠᠴᠢᠶᠠᠯᠠᠭᠰᠠᠨ ᠤᠶᠤᠨᠴᠢ ᠮᠠᠰᠢᠨ ᠬᠡᠷᠡᠭᠰᠡᠯ᠎ᠤᠨ ᠦᠵᠦᠭᠦᠷ᠎ᠢ ᠪᠦᠬᠦ ᠲᠠᠯ᠎ᠠ᠎ᠪᠠᠷ ᠲᠣᠬᠢᠷᠠᠭᠤᠯᠤᠨ᠂ ᠨᠡᠢ᠌ᠭᠡᠮ᠎ᠤᠨ ᠪᠠᠲᠤᠯᠠᠭ᠎ᠠ ᠵᠢ ᠪᠠᠢ᠌ᠴᠠᠭ᠋ᠠᠨ ᠠᠰᠠᠭᠤᠬᠤ᠂ ᠳᠡᠰ ᠰᠤᠩᠭᠤᠨ ᠰᠦᠢ᠍ᠳᠭᠡᠯ ᠲᠤᠰᠢᠶᠠᠬᠤ᠂ ᠬᠢᠷᠢ ᠭᠡᠮ ᠭᠡᠷᠡᠴᠢᠯᠡᠬᠦ᠂ ᠣᠯᠭᠤᠮᠵᠢ ᠠᠪᠬᠤ ᠵᠡᠷᠭᠡ ᠲᠤᠰᠬᠤᠨ᠎ᠠᠴᠠ᠎ᠪᠠᠨ ᠭᠠᠷᠬᠤ ᠦᠭᠡᠢ ᠨᠡᠢ᠌ᠭᠡᠮ᠎ᠤᠨ ᠪᠠᠲᠤᠯᠠᠭ᠎ᠠ ᠵᠢᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡᠨ ᠬᠠᠩᠭ᠋ᠠᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠣᠣᠷ ᠴᠢᠭ᠋᠎ᠤᠨ ᠪᠠᠢ᠌ᠷᠢᠰᠢᠭᠤᠯᠤᠯ᠎ᠢ ᠰᠢᠯᠢᠳᠡᠭᠵᠢᠭᠦᠯᠦᠨ᠎ᠡ
      ᠲᠣᠮᠤ ᠳᠤᠮᠳᠠ ᠬᠡᠯᠪᠡᠷᠢ ᠵᠢᠨ ᠬᠤᠳᠠᠯᠳᠤᠭ᠋ᠠᠨ᠎ᠤ ᠪᠠᠩᠬᠢ ᠵᠢᠨ ᠰᠢᠶᠠᠨ᠎ᠤ ᠬᠡᠪᠴᠢᠶᠡᠨ᠎ᠳᠠᠬᠢ ᠲᠣᠣᠷ ᠴᠢᠭ᠋᠎ᠤᠨ ᠪᠠᠢ᠌ᠷᠢᠰᠢᠭᠤᠯᠤᠯ ᠵᠶ᠋ᠠᠨ ᠲᠦᠷᠭᠡᠳᠬᠡᠬᠦ ᠵᠢ ᠳᠡᠮᠵᠢᠬᠦ ᠵᠢᠨ ᠬᠠᠮᠲᠤ ᠦᠢ᠍ᠯᠡᠴᠢᠯᠡᠭᠡᠨ᠎ᠤ ᠲᠣᠣᠷᠯᠠᠯ᠎ᠢ᠎ᠨᠢ ᠰᠢᠶᠠᠩ ᠪᠠᠯᠭ᠋ᠠᠰᠤ ᠵᠦᠭ ᠲᠡᠰᠢ ᠰᠤᠩᠭ᠋ᠠᠨ᠎ᠠ᠃ ᠤᠷᠤᠨ ᠨᠤᠲᠤᠭ᠎ᠤᠨ ᠴᠢᠨᠠᠷᠲᠠᠢ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ᠎ᠤᠨ ᠰᠣᠮᠦ ᠰᠢᠶᠠᠩ ᠪᠠᠯᠭ᠋ᠠᠰᠤ᠎ᠳᠤ ᠲᠣᠣᠷ ᠴᠢᠭ᠋ ᠪᠠᠢ᠌ᠭᠤᠯᠬᠤ ᠵᠢ ᠳᠡᠮᠵᠢᠵᠦ᠂ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠦᠭᠡᠢ ᠰᠢᠶᠠᠩ ᠪᠠᠯᠭ᠋ᠠᠰᠤ ᠵᠢᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠮᠠᠯᠵᠢᠬᠤ ᠲᠠᠷᠢᠶᠠᠯᠠᠬᠤ ᠡᠷᠦᠬᠡ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠬᠡᠪᠴᠢᠶ᠎ᠡ ᠵᠢ ᠦᠷᠭᠡᠳᠬᠡᠨ᠎ᠡ᠃ ᠤᠷᠤᠨ᠎ᠤ ᠳᠣᠲᠤᠷ᠎ᠠ ᠭᠠᠳᠠᠨᠠᠬᠢ ᠪᠣᠳᠠᠲᠤ ᠬᠦᠴᠦᠨ ᠪᠦᠬᠦᠢ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ᠎ᠤᠨ ᠭᠠᠴᠠᠭ᠎ᠠ ᠪᠠᠯᠭ᠋ᠠᠰᠤ ᠵᠢᠨ ᠪᠠᠩᠬᠢ ᠡᠭᠦᠰᠭᠡᠨ ᠪᠠᠢ᠌ᠭᠤᠯᠬᠤ ᠵᠢ ᠳᠡᠮᠵᠢᠵᠦ᠂ ᠣᠳᠣ ᠪᠠᠢ᠌ᠭ᠎ᠠ ᠨᠦᠭᠦᠴᠡᠯ᠎ᠳᠤ ᠨᠡᠢ᠌ᠴᠡᠬᠦ ᠭᠠᠴᠠᠭ᠎ᠠ ᠪᠠᠯᠭ᠋ᠠᠰᠤ ᠵᠢᠨ ᠪᠠᠩᠬᠢ ᠵᠢᠨ ᠳᠣᠷᠣᠭᠰᠢ ᠬᠤᠪᠢᠶᠠᠷᠢ ᠰᠠᠯᠪᠤᠷᠢ ᠪᠠᠢ᠌ᠭᠤᠯᠤᠮᠵᠢ ᠪᠠ ᠦᠢ᠍ᠯᠡᠴᠢᠯᠡᠭᠡᠨ᠎ᠤ ᠴᠢᠭ᠋ ᠵᠶ᠋ᠠᠨ ᠰᠤᠩᠭ᠋ᠠᠬᠤ ᠵᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ᠎ᠳᠤ ᠦᠢ᠍ᠯᠡᠴᠢᠯᠡᠬᠦ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ ᠵᠢᠨ ᠪᠠᠢ᠌ᠭᠤᠯᠬᠤ ᠵᠢ ᠳᠡᠮᠵᠢᠵᠦ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ ᠲᠠᠷᠢᠶᠠᠯᠠᠩ ᠮᠠᠯ ᠠᠵᠤ ᠠᠬᠤᠢ᠎ᠳᠤ ᠬᠣᠯᠪᠤᠭᠳᠠᠬᠤ ᠲᠤᠬᠠᠢ᠌ᠯᠠᠭᠰᠠᠨ ᠠᠵᠢᠯ ᠵᠶ᠋ᠠᠨ ᠲᠠᠰᠤᠷᠠᠯᠲᠠ ᠦᠭᠡᠢ ᠦᠷᠭᠡᠳᠬᠡᠬᠦ ᠵᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠢ ᠳᠡᠳᠭᠦᠬᠥ ᠡᠷᠴᠢᠮ᠎ᠢ ᠴᠢᠩᠭ᠋ᠠᠷᠠᠭᠤᠯᠤᠨ᠎ᠠ᠃
      ᠬᠦᠳᠡᠭᠡ ᠲᠣᠰᠬᠤᠨ᠎ᠤ ᠢᠲᠡᠭᠡᠮᠵᠢ ᠵᠢᠨ ᠰᠢᠰᠲᠸᠮᠵᠢ ᠵᠢ ᠪᠠᠢ᠌ᠭᠤᠯᠤᠨ ᠪᠦᠷᠢᠨᠰᠢᠭᠦᠯᠦᠨ᠎ᠡ
      ᠢᠲᠡᠭᠡᠮᠵᠢᠲᠦ ᠪᠠᠯᠭ᠋ᠠᠰᠤ᠂ ᠢᠲᠡᠭᠡᠮᠵᠢᠲᠦ ᠲᠣᠰᠬᠤᠨ᠂ ᠢᠲᠡᠭᠡᠮᠵᠢᠲᠦ ᠡᠷᠦᠬᠡ ᠡᠭᠦᠳᠦᠨ ᠪᠠᠢ᠌ᠭᠤᠯᠬᠤ ᠠᠵᠢᠯᠯᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠰᠢᠯᠭ᠋ᠠᠨ ᠬᠢᠨᠠᠬᠤ ᠲᠣᠭᠲᠠᠴᠠ ᠵᠢᠨ ᠰᠢᠨ᠎ᠡ ᠵᠢ ᠡᠭᠦᠳᠴᠦ᠂ ᠢᠲᠡᠭᠡᠯ᠎ᠲᠠᠢ ᠪᠠᠢ᠌ᠪᠠᠯ ᠠᠰᠢᠭ ᠣᠯᠬᠤ ᠲᠣᠭᠲᠠᠴᠠ ᠪᠠ ᠢᠲᠡᠭᠡᠯ ᠵᠶ᠋ᠡᠨ ᠠᠯᠳᠠᠪᠠᠯ ᠰᠢᠳᠭᠡᠨ ᠲᠣᠷᠭ᠋ᠠᠬᠤ ᠲᠣᠭᠲᠠᠴᠠ ᠵᠢ ᠪᠠᠢ᠌ᠭᠤᠯᠤᠨ᠎ᠠ᠃ ᠲᠥᠷᠦ ᠵᠢᠨ ᠶᠠᠪᠤᠳᠠᠯ᠎ᠤᠨ ᠬᠣᠷᠢᠶ᠎ᠠ ᠵᠢᠨ 《2013 —2014 ᠨᠡᠢ᠌ᠭᠡᠮ᠎ᠤᠨ ᠢᠲᠡᠭᠡᠮᠵᠢ ᠵᠢᠨ ᠰᠢᠰᠲᠸᠮᠵᠢ ᠵᠢᠨ ᠪᠠᠢ᠌ᠭᠤᠯᠤᠯᠲᠠ ᠵᠢᠨ ᠲᠦᠯᠦᠪᠵᠢᠭᠦᠯᠭᠡ ᠵᠢᠨ ᠲᠣᠪᠴᠢ》 ᠵᠢᠨ ᠱᠠᠭ᠋ᠠᠷᠳᠠᠯᠭ᠎ᠠ ᠶᠣᠰᠤᠭ᠋ᠠᠷ᠂ ᠬᠦᠳᠡᠭᠡ ᠲᠤᠰᠬᠤᠨ᠎ᠤ ᠢᠲᠡᠭᠡᠮᠵᠢ ᠵᠢᠨ ᠰᠢᠰᠲᠸᠮᠵᠢ ᠵᠢᠨ ᠲᠤᠷᠰᠢᠯᠲᠠ ᠵᠢᠨ ᠤᠷᠤᠨ᠎ᠢ ᠪᠠᠢ᠌ᠭᠤᠯᠬᠤ ᠲᠣᠰᠬᠠᠢ ᠵᠦᠢ᠍ᠯ᠎ᠤᠨ ᠢᠨᠵᠸᠨ᠋ᠸᠷᠢᠨᠭ᠎ᠢ ᠦᠷᠨᠢᠭᠦᠯᠵᠦ᠂ ᠲᠠᠷᠢᠶᠠᠯᠠᠬᠤ ᠮᠠᠯᠵᠢᠬᠤ ᠡᠷᠦᠬᠡ ᠪᠠ ᠵᠢᠵᠢᠭ ᠪᠢᠴᠢᠯ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠬᠢ ᠵᠢᠨ ᠬᠦᠮᠦᠷᠭᠡ ᠵᠢᠨ ᠪᠠᠢ᠌ᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠳᠤ ᠬᠣᠯᠪᠤᠭᠳᠠᠬᠤ ᠳᠤᠮᠳᠠ ᠵᠢᠵᠢᠭ ᠠᠵᠤ ᠠᠬᠤᠢ᠌ᠯᠠᠯ᠂ ᠮᠠᠯᠵᠢᠬᠤ ᠲᠠᠷᠢᠶᠠᠯᠠᠬᠤ ᠡᠷᠦᠬᠡ᠎ᠳᠤ ᠢᠲᠡᠭᠡᠮᠵᠢ ᠵᠢᠨ ᠮᠡᠳᠡᠭᠡ ᠵᠠᠩᠬᠢ ᠵᠢ ᠪᠦᠬᠦᠨ᠎ᠢ ᠴᠤᠭᠯᠠᠭᠤᠯᠬᠤ ᠵᠢ ᠪᠡᠶᠡᠯᠡᠭᠦᠯᠵᠦ᠂ ᠢᠲᠡᠭᠡᠮᠵᠢ᠎ᠳᠤ ᠬᠤᠪᠢ ᠣᠯᠭᠤᠬᠣ ᠳᠦᠷᠢᠮ ᠪᠠᠢ᠌ᠭᠤᠯᠵᠤ᠂ ᠲᠠᠷᠢᠶᠠᠯᠠᠩ᠎ᠳᠤ ᠬᠣᠯᠪᠤᠭᠳᠠᠬᠤ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ᠎ᠢ ᠬᠦᠲᠦᠯᠦᠨ ᠵᠢᠯᠤᠭᠤᠳᠴᠤ ᠪᠠᠢ᠌ᠭ᠋ᠠᠳ ᠰᠢᠨᠵᠢᠯᠡᠬᠦ ᠤᠬᠠᠭ᠋ᠠᠨᠴᠢ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠵᠢᠨ ᠢᠲᠡᠭᠡᠯ ᠣᠯᠭᠤᠬᠣ ᠲᠣᠭᠲᠠᠴᠠ ᠵᠢ ᠪᠠᠢ᠌ᠭᠤᠯᠤᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠮᠦᠩᠭᠦᠨ ᠭᠦᠢ᠍ᠯᠭᠡᠭᠡᠨ᠎ᠤ ᠮᠡᠳᠡᠯᠭᠡ ᠤᠬᠠᠭᠤᠯᠬᠤ ᠰᠢᠰᠲᠸᠮᠵᠢ ᠵᠢ ᠲᠡᠭᠦᠯᠳᠡᠷᠵᠢᠭᠦᠯᠦᠨ᠎ᠡ
     《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢᠨ ᠭᠠᠴᠠᠭ᠎ᠠ ᠲᠣᠰᠬᠤᠨ᠎ᠤ ᠰᠤᠶᠤᠯ᠎ᠤᠨ ᠦᠷᠦᠭᠡ᠂ ᠬᠡᠯᠬᠢᠶ᠎ᠡ ᠬᠡᠳᠦ ᠳᠡᠯᠭᠡᠭᠦᠷ ᠵᠢᠴᠢ ᠲᠠᠷᠢᠶᠠᠯᠠᠩ᠎ᠢ ᠲᠤᠰᠠᠯᠠᠬᠤ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠴᠢᠭ᠋᠎ᠲᠤ ᠲᠦᠰᠢᠵᠦ᠂ 《ᠬᠠᠮᠤᠷᠬᠤ᠎ᠨᠢ ᠦᠷᠭᠡᠨ᠂ ᠬᠠᠮᠢᠶᠠᠷᠤᠯᠲᠠ᠎ᠨᠢ ᠡᠮᠬᠢ ᠵᠢᠷᠤᠮ᠎ᠲᠠᠢ᠂ ᠯᠠᠪᠯᠠᠯᠭ᠎ᠠ ᠦᠭᠬᠥ᠎ᠨᠢ ᠪᠡᠯᠡᠬᠡᠨ᠂ ᠦᠢ᠍ᠯᠡᠳᠦᠯ᠎ᠨᠢ ᠤᠳᠠᠭ᠋ᠠᠨ ᠳᠠᠭ᠋ᠠᠭ᠋ᠠᠮᠠᠭ᠋ᠠᠢ》 ᠮᠦᠩᠭᠦᠨ ᠭᠦᠢ᠍ᠯᠭᠡᠭᠡᠨ᠎ᠤ ᠮᠡᠳᠡᠯᠭᠡ ᠤᠬᠠᠭᠤᠯᠬᠤ ᠲᠣᠣᠷ ᠰᠦᠯᠵᠢᠶᠡᠨ᠎ᠤ ᠰᠢᠰᠲᠸᠮᠵᠢ ᠵᠢ ᠪᠠᠢ᠌ᠭᠤᠯᠤᠨ᠎ᠠ᠃ ᠤᠷᠤᠨ ᠨᠤᠲᠤᠭ᠎ᠤᠨ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠲᠠᠢ ᠬᠠᠮᠲᠤᠷᠠᠨ᠂ ᠤᠯᠤᠰ ᠪᠣᠯᠤᠨ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠠᠷᠢᠶᠠᠯᠠᠩ᠎ᠢ ᠲᠤᠰᠠᠯᠠᠬᠤ᠂ ᠲᠠᠷᠢᠶᠠᠴᠢᠳ᠎ᠲᠤ ᠠᠰᠢᠭ ᠬᠦᠷᠲᠡᠭᠡᠬᠦ᠂ ᠲᠠᠷᠢᠶᠠᠴᠢᠳ᠎ᠲᠤ ᠳᠦᠭᠦᠮ ᠦᠵᠡᠭᠦᠯᠬᠦ ᠮᠦᠩᠭᠦᠨ ᠭᠦᠢ᠍ᠯᠭᠡᠭᠡᠨ᠎ᠤ ᠲᠥᠷᠦ ᠵᠢᠨ ᠪᠣᠳᠤᠯᠭ᠎ᠠ᠂ ᠮᠦᠩᠭᠦᠨ ᠭᠦᠢ᠍ᠯᠭᠡᠭᠡᠨ᠎ᠤ ᠠᠪᠴᠠᠭ᠋ᠠᠨ᠎ᠤ ᠡᠷᠬᠡ ᠵᠢ ᠬᠠᠮᠠᠭ᠋ᠠᠯᠠᠬᠤ᠂ ᠮᠠᠯᠵᠢᠬᠤ ᠲᠠᠷᠢᠶᠠᠯᠠᠬᠤ ᠤᠷᠤᠨ᠎ᠤ ᠢᠲᠡᠭᠡᠮᠵᠢ ᠵᠢᠨ ᠣᠷᠴᠢᠨ ᠠᠬᠤᠢ ᠵᠢ ᠰᠢᠯᠢᠳᠡᠭᠵᠢᠭᠦᠯᠬᠦ ᠪᠠ ᠮᠠᠯᠵᠢᠬᠤ ᠲᠠᠷᠢᠶᠠᠯᠠᠬᠤ ᠤᠷᠤᠨ᠎ᠤ ᠲᠡᠷᠢᠭᠦᠨ᠎ᠤ ᠰᠣᠶᠣᠯ᠎ᠢ ᠪᠠᠢ᠌ᠭᠤᠯᠬᠤ᠂ ᠮᠠᠯᠵᠢᠬᠤ ᠲᠠᠷᠢᠶᠠᠯᠠᠬᠤ ᠤᠷᠤᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠮᠠᠯᠴᠢᠨ ᠲᠠᠷᠢᠶᠠᠴᠢᠳ᠎ᠤᠨ ᠮᠦᠩᠭᠦᠨ ᠭᠦᠢ᠍ᠯᠭᠡᠭᠡᠨ᠎ᠢ ᠲᠠᠨᠢᠨ ᠮᠡᠳᠡᠬᠦ ᠬᠡᠮᠵᠢᠶ᠎ᠡ ᠵᠢ ᠳᠡᠭᠡᠭᠰᠢᠯᠡᠭᠦᠯᠵᠦ᠂ ᠮᠠᠯᠴᠢᠨ ᠲᠡᠷᠢᠶᠠᠴᠢᠳ ᠢᠲᠡᠭᠡᠮᠵᠢ᠎ᠤᠨ ᠲᠤᠬᠠᠢ ᠦᠵᠡᠯ ᠤᠬᠠᠮᠰᠠᠷ᠎ᠢ ᠨᠡᠮᠡᠭᠳᠡᠭᠦᠯᠦᠨ᠂ ᠮᠦᠩᠭᠦᠨ ᠭᠦᠢ᠍ᠯᠭᠡᠭᠡᠨ᠎ᠤ ᠰᠠᠢ᠌ᠨ ᠰᠠᠢ᠌ᠬᠠᠨ ᠣᠷᠴᠢᠨ ᠠᠬᠤᠢ ᠵᠢ ᠪᠣᠢ ᠪᠣᠯᠭ᠋ᠠᠨ᠎ᠠ᠃
      ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠳᠠᠭ᠋ᠠᠭ᠋ᠠᠮᠠᠭ᠋ᠠᠢ ᠠᠳᠬᠤᠵᠤ   ᠮᠦᠩᠭᠦᠨ ᠭᠦᠢ᠍ᠯᠭᠡᠭᠡᠨ᠎ᠤ ᠺᠠᠳ᠋ᠷ᠂ ᠬᠤᠰᠢᠭᠤ ᠰᠢᠶᠠᠨ᠎ᠤ ᠺᠠᠳ᠋ᠷ᠎ᠤᠨ ᠬᠣᠣᠰ ᠴᠢᠭᠯᠡᠯ ᠵᠶ᠋ᠡᠷ ᠲᠤᠰᠢᠶᠠᠯ ᠡᠭᠦᠷᠭᠡᠯᠡᠬᠦ ᠵᠢ ᠯᠠᠪᠳᠠᠭᠤᠨ ᠦᠷᠨᠢᠭᠦᠯᠦᠨ᠎ᠡ
      ᠦᠪᠡᠷᠲᠡᠭᠡᠨ ᠵᠠᠰᠠᠬᠤ ᠤᠷᠤᠨ᠎ᠤ 《ᠮᠦᠩᠭᠦᠨ ᠭᠦᠢ᠍ᠯᠭᠡᠭᠡᠨ᠎ᠤ ᠺᠠᠳ᠋ᠷ᠎ᠢ ᠬᠤᠰᠢᠭᠤ ᠰᠢᠶᠠᠨ᠎ᠳᠤ ᠣᠴᠢᠭᠤᠯᠬᠤ》 ᠢᠨᠵᠸᠨ᠋ᠸᠷᠢᠨᠭ᠎ᠤᠨ ᠮᠦᠩᠭᠦᠨ ᠭᠦᠢ᠍ᠯᠭᠡᠭᠡᠨ᠎ᠤ ᠺᠠᠳ᠋ᠷ ᠬᠤᠰᠢᠭᠤ ᠰᠢᠶᠠᠨ᠎ᠤ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠤᠰᠢᠭᠤ ᠰᠢᠶᠠᠨ᠎ᠤ ᠮᠦᠩᠭᠦᠨ ᠭᠦᠢ᠍ᠯᠭᠡᠭᠡᠨ᠎ᠤ ᠡᠬᠢ ᠪᠠᠶᠠᠯᠢᠭ᠎ᠢ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ ᠲᠡᠰᠢ ᠬᠡᠯᠪᠡᠢ᠌ᠯᠭᠡᠬᠦ ᠵᠢ ᠪᠦᠲᠦᠮᠵᠢᠲᠡᠢ ᠵᠣᠬᠢᠶᠠᠨ ᠪᠠᠢ᠌ᠭᠤᠯᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠨᠡᠮᠡᠭᠳᠡᠭᠦᠯᠦᠨ᠎ᠡ᠃ ᠡᠨᠡᠬᠥ ᠰᠠᠭᠤᠷᠢᠨ ᠳᠡᠭᠡᠷ᠎ᠡ᠂ ᠬᠤᠰᠢᠭᠤ ᠰᠢᠶᠠᠨ᠎ᠤ ᠺᠳ᠋ᠷᠴᠤᠳ᠎ᠤᠨ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠲᠤᠰᠢᠶᠠᠯ ᠡᠭᠦᠷᠭᠡᠯᠡᠬᠦ ᠠᠵᠢᠯ᠎ᠢ ᠡᠬᠢᠯᠡᠭᠦᠯᠵᠦ᠂ ᠬᠤᠰᠢᠭᠤ ᠰᠢᠶᠠᠨ᠎ᠤ ᠺᠳ᠋ᠷᠴᠤᠳ᠎ᠤᠨ ᠮᠦᠩᠭᠦᠨ ᠭᠦᠢ᠍ᠯᠭᠡᠭᠡᠨ᠎ᠢ ᠰᠤᠷᠤᠯᠴᠠᠬᠤ᠂ ᠮᠦᠩᠭᠦᠨ ᠭᠦᠢ᠍ᠯᠭᠡᠭᠡᠨ᠎ᠢ ᠮᠡᠳᠡᠵᠦ ᠠᠪᠬᠤ᠂ ᠮᠦᠩᠭᠦᠨ ᠭᠦᠢ᠍ᠯᠭᠡᠭᠡᠨ᠎ᠢ ᠬᠡᠷᠡᠭᠯᠡᠬᠦ ᠢᠳᠡᠪᠬᠢᠵᠢᠯ ᠪᠣᠯᠤᠨ ᠰᠠᠨᠠᠭ᠋ᠠᠴᠢᠯᠠᠭ᠋ᠠᠲᠤ ᠴᠢᠨᠠᠷ᠎ᠢ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠮᠦᠩᠭᠦᠨ ᠭᠦᠢ᠍ᠯᠭᠡᠭᠡᠨ᠎ᠤ ᠠᠵᠢᠯ᠎ᠢ ᠴᠢᠩᠭ᠋ᠠᠳᠬᠠᠬᠤ᠎ᠳᠤ ᠨᠢᠭᠡ ᠪᠦᠯᠦᠭ ᠦᠨᠳᠦᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠦᠮᠦᠵᠢᠭᠦᠯᠦᠨ ᠪᠣᠢ ᠪᠣᠯᠭ᠋ᠠᠵᠤ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠬᠢᠷᠢ ᠬᠡᠮᠵᠢᠶ᠎ᠡ ᠵᠢ ᠥᠨᠡᠨᠬᠥ ᠳᠡᠭᠡᠭᠰᠢᠯᠡᠭᠦᠯᠦᠨ᠎ᠡ᠃
      《ᠦᠵᠡᠰᠬᠦᠯᠡᠩᠲᠦ ᠰᠠᠢ᠌ᠬᠠᠨ ᠬᠦᠳᠡᠭᠡ ᠲᠤᠰᠬᠤᠨ》 ᠠᠵᠤ ᠦᠢ᠍ᠯᠡᠰ᠎ᠤᠨ ᠰᠠᠭᠤᠷᠢ ᠮᠦᠩᠭᠦ ᠵᠢᠨ ᠪᠡᠯᠡ ᠲᠣᠬᠢᠷᠠᠭᠤᠯᠬᠤ ᠵᠠᠭᠪᠤᠷ᠎ᠢ ᠳᠡᠯᠭᠡᠷᠡᠭᠦᠯᠦᠨ᠎ᠡ
      《ᠦᠵᠡᠰᠬᠦᠯᠡᠩᠲᠦ ᠰᠠᠢ᠌ᠬᠠᠨ ᠬᠦᠳᠡᠭᠡ ᠲᠤᠰᠬᠤᠨ》 ᠠᠵᠤ ᠦᠢ᠍ᠯᠡᠰ᠎ᠤᠨ ᠰᠠᠭᠤᠷᠢ ᠮᠦᠩᠭᠦ᠎ᠨᠢ ᠠᠢ᠌ᠮᠠᠭ ᠬᠣᠲᠠ ᠵᠢᠨ ᠵᠠᠰᠠᠭ᠎ᠤᠨ ᠤᠷᠳᠤᠨ ᠬᠦᠲᠦᠯᠦᠨ ᠵᠢᠯᠤᠭᠤᠳᠬᠤ ᠮᠦᠩᠭᠦ ᠪᠠᠢ᠌ᠭᠤᠯᠬᠤ᠂ ᠠᠷᠠᠳ᠎ᠤᠨ ᠳᠤᠮᠳᠠᠬᠢ ᠪᠠ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠪᠡᠯᠡ ᠣᠷᠤᠭᠤᠯᠤᠯᠲᠠ ᠵᠢ ᠲᠠᠲᠠᠵᠤ ᠠᠵᠤ ᠦᠢ᠍ᠯᠡᠰ᠎ᠤᠨ ᠰᠠᠭᠤᠷᠢ ᠮᠦᠩᠭᠦ ᠵᠢ ᠬᠠᠮᠲᠤᠪᠡᠷ ᠪᠠᠢ᠌ᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠣᠬᠤᠷ ᠬᠤᠭᠤᠴᠠᠭ᠋ᠠᠨ᠎ᠤ ᠪᠡᠯᠡ ᠮᠦᠩᠭᠦ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠨᠦᠭᠦᠴᠡᠯ ᠪᠦᠬᠦᠢ ᠠᠢ᠌ᠮᠠᠭ ᠬᠣᠲᠠ ᠪᠠ ᠬᠤᠰᠢᠭᠤ ᠰᠢᠶᠠᠨ᠎ᠨᠦᠭᠦᠳ ᠡᠨᠡᠬᠥ ᠵᠠᠭᠪᠤᠷ᠎ᠢ ᠢᠳᠡᠪᠬᠢᠲᠡᠢ᠎ᠪᠠᠷ ᠲᠣᠯᠢ ᠪᠣᠯᠭ᠋ᠠᠨ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠤᠨ ᠪᠡᠯᠡ ᠲᠣᠬᠢᠷᠠᠭᠤᠯᠬᠤ ᠠᠷᠭ᠎ᠠ ᠵᠠᠮ᠎ᠢ ᠦᠷᠭᠡᠵᠢᠭᠦᠯᠵᠦ᠂ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠢ ᠤᠷᠤᠭᠰᠢᠲᠠᠢ ᠬᠡᠷᠡᠭᠵᠢᠭᠦᠯᠬᠦ᠎ᠳᠤ ᠬᠦᠴᠦᠨ ᠲᠡᠭᠦᠯᠳᠡᠷ ᠪᠡᠯᠡ ᠮᠦᠩᠭᠦ ᠵᠢᠨ ᠳᠡᠮᠵᠢᠯᠭᠡ ᠪᠠ ᠪᠠᠲᠤᠯᠠᠭ᠎ᠠ ᠵᠢ ᠬᠠᠩᠭ᠋ᠠᠬᠤ ᠬᠡᠷᠡᠭᠲᠡᠢ᠃
     《ᠠᠷᠪᠠ᠎ᠪᠠᠷ ᠪᠦᠬᠦᠨ᠎ᠢ ᠬᠠᠮᠤᠷᠬᠤ》 ᠵᠢ ᠮᠦᠩᠭᠦᠨ ᠭᠦᠢ᠍ᠯᠭᠡᠭᠡᠨ ᠵᠶ᠋ᠡᠷ ᠳᠡᠮᠵᠢᠭᠰᠡᠨ ᠪᠠᠢ᠌ᠳᠠᠯ᠎ᠢ ᠰᠢᠮᠳᠠᠭᠤᠯᠤᠨ ᠪᠠᠢ᠌ᠴᠠᠭ᠋ᠠᠬᠤ ᠪᠠ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ
      ᠦᠪᠡᠷᠲᠡᠭᠡᠨ ᠵᠠᠰᠠᠬᠤ ᠤᠷᠤᠨ᠎ᠤ ᠮᠦᠩᠭᠦᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ᠂ ᠠᠷᠠᠳ᠎ᠤᠨ ᠪᠠᠩᠬᠢ ᠵᠢᠨ ᠬᠦᠬᠡᠬᠣᠲᠠ ᠵᠢᠨ ᠭᠣᠣᠯ ᠰᠠᠯᠪᠤᠷᠢ ᠪᠠᠩᠬᠢ᠂ ᠦᠪᠦᠷ ᠮᠣᠩᠭᠤᠯ᠎ᠤᠨ ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠦᠴᠢᠷ᠎ᠤᠳ ᠡᠯ᠎ᠡ ᠬᠣᠯᠪᠤᠭᠳᠠᠯ ᠪᠦᠬᠦᠢ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠢ ᠳᠡᠮᠵᠢᠭᠰᠡᠨ ᠪᠠᠢ᠌ᠳᠠᠯ᠎ᠢ ᠰᠢᠮᠳᠠᠭᠤᠯᠤᠨ ᠪᠠᠢ᠌ᠴᠠᠭ᠋ᠠᠬᠤ ᠪᠠ ᠰᠢᠯᠭ᠋ᠠᠨ ᠬᠢᠨᠠᠬᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ᠂ ᠰᠢᠯᠭ᠋ᠠᠨ ᠬᠢᠨᠠᠭᠰᠠᠨ ᠪᠠᠢ᠌ᠳᠠᠯ᠎ᠢ ᠵᠢᠯ᠎ᠤᠨ ᠡᠴᠦᠰ᠎ᠤᠨ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠡᠯ᠎ᠡ ᠲᠦᠷᠦᠯ᠎ᠤᠨ ᠱᠠᠩᠨᠠᠵᠤ ᠦᠨᠡᠯᠡᠬᠦ ᠭᠦᠢ᠍ᠴᠡᠳᠭᠡᠬᠦ ᠲᠣᠭ᠎ᠠ ᠵᠢᠨ ᠰᠢᠰᠲ᠋ᠧᠮ᠎ᠳᠤ ᠵᠢᠭᠰᠠᠭ᠋ᠠᠨ ᠣᠷᠤᠭᠤᠯᠬᠤ ᠬᠡᠷᠡᠭᠲᠡᠢ᠃
      ᠬᠣᠯᠪᠤᠭᠳᠠᠯ ᠪᠦᠬᠦᠢ ᠰᠠᠯᠠᠭ᠎ᠠ ᠮᠦᠴᠢᠷ ᠬᠢᠭᠡᠳ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠤᠨ᠎ᠠ
      ᠰᠠᠯᠠᠭ᠎ᠠ ᠮᠦᠴᠢᠷ᠎ᠤᠨ ᠬᠣᠭᠤᠷᠤᠨᠳᠤ᠂ ᠰᠠᠯᠠᠭ᠎ᠠ ᠮᠦᠴᠢᠷ ᠬᠢᠭᠡᠳ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠣᠭᠤᠷᠤᠨᠳᠤ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠮᠦᠩᠭᠦᠨ ᠭᠦᠢ᠍ᠯᠭᠡᠭᠡᠨ᠎ᠤ ᠪᠠᠢ᠌ᠭᠤᠯᠤᠮᠵᠢ᠎ᠪᠠᠷ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠨᠭ᠎ᠢ ᠳᠡᠮᠵᠢᠭᠦᠯᠬᠦ ᠪᠦᠲᠦᠮᠵᠢᠲᠡᠢ ᠠᠷᠭ᠎ᠠ ᠮᠠᠶᠢᠭ ᠪᠠ ᠵᠠᠮ ᠮᠦᠷ᠎ᠢ ᠰᠣᠳᠤᠯᠤᠨ ᠰᠢᠨᠵᠢᠯᠡᠵᠦ᠂ ᠮᠦᠩᠭᠦᠨ ᠭᠦᠢ᠍ᠯᠭᠡᠭᠡᠨ᠎ᠤ ᠨᠡᠷᠡᠳᠭᠦᠨ᠎ᠤ ᠰᠢᠨ᠎ᠡ ᠵᠢ ᠡᠭᠦᠳᠴᠦ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠨ᠂ ᠰᠡᠳᠭᠢᠮᠵᠢ ᠵᠢᠨ ᠰᠠᠨᠠᠭᠤᠯᠭ᠎ᠠ ᠳᠤᠷᠠᠳᠴᠤ᠂ ᠠᠵᠢᠯ᠎ᠤᠨ ᠬᠤᠪᠢᠶᠠᠷᠢᠯᠠᠯ᠎ᠤᠨ ᠬᠠᠷᠢᠭᠤᠴᠠᠯᠭ᠎ᠠ ᠵᠢ ᠲᠣᠳᠤᠷᠬᠠᠢ᠌ᠯᠠᠨ᠂ ᠪᠦᠲᠦᠮᠵᠢᠲᠡᠢ ᠵᠣᠬᠢᠶᠠᠨ ᠪᠠᠢ᠌ᠭᠤᠯᠵᠤ ᠨᠠᠢ᠌ᠳᠠᠪᠤᠷᠢᠵᠢᠭᠤᠯᠤᠨ᠎ᠠ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠦᠪᠦᠷ ᠮᠣᠩᠭᠣᠯ᠎ᠤᠨ ᠡᠷᠡᠭᠦᠦ ᠵᠢᠨ ᠵᠠᠷᠭᠤ᠎ᠳᠠᠬᠢ ᠬᠠᠤᠯᠢᠴᠢ ᠵᠢᠨ ᠠᠵᠢᠯ ᠡᠷᠬᠢᠯᠡᠬᠥ ᠡᠷᠬᠡ ᠵᠢ ᠬᠠᠤᠯᠢ ᠶᠣᠰᠤᠭ᠋ᠠᠷ ᠭᠦᠢ᠍ᠴᠡᠳ ᠪᠠᠳᠤᠯᠠᠬᠤ ᠲᠤᠭᠲᠠᠭ᠋ᠠᠯ》᠎ᠤᠨ ᠲᠠᠢ᠌ᠯᠤᠮᠵᠢ
《ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠠᠷᠭ᠎ᠠ》 ᠵᠢᠨ ᠲᠠᠢ᠌ᠯᠤᠮᠵᠢ
ᠥᠪᠥᠷ ᠮᠣᠩᠭᠣᠯ᠎ᠤᠨ 《ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠢ ᠲᠦᠷᠭᠡᠳᠭᠡᠨ ᠬᠥᠭᠵᠢᠭᠦᠯᠬᠦ ᠲᠤᠬᠠᠶ ᠰᠠᠨᠠᠯ》 ᠎ᠤᠨ ᠲᠠᠢ᠌ᠯᠤᠮᠵᠢ
《ᠳᠥᠷᠪᠡᠨ ᠪᠦᠬᠦ ᠲᠠᠯ᠎ᠠ》 ᠪᠣᠯᠣᠨ 《13 · 5》 ᠵᠢᠨ ᠲᠥᠯᠥᠪᠵᠢᠭᠦᠯᠭᠡ
 
            