ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠦᠪᠦᠷ ᠮᠣᠩᠭᠣᠯ᠎ᠤᠨ ᠡᠷᠡᠭᠦᠦ ᠵᠢᠨ ᠵᠠᠷᠭᠤ᠎ᠳᠠᠬᠢ ᠬᠠᠤᠯᠢᠴᠢ ᠵᠢᠨ ᠠᠵᠢᠯ ᠡᠷᠬᠢᠯᠡᠬᠥ ᠡᠷᠬᠡ ᠵᠢ ᠬᠠᠤᠯᠢ ᠶᠣᠰᠤᠭ᠋ᠠᠷ ᠭᠦᠢ᠍ᠴᠡᠳ ᠪᠠᠳᠤᠯᠠᠬᠤ ᠲᠤᠭᠲᠠᠭ᠋ᠠᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2015-10-29

      ᠥᠢ᠍ᠷ᠎ᠠ ᠵᠢᠨ ᠡᠳᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠲᠣᠲᠤᠭ᠋ᠠᠳᠣ ᠵᠢ ᠬᠠᠮᠠᠭ᠋ᠠᠯᠠᠬᠤ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ ᠬᠤᠯᠪᠤᠭ᠋ᠠᠯᠠᠵᠤ 《ᠡᠷᠡᠭᠦᠦ ᠵᠢᠨ ᠵᠠᠷᠭᠤ᠎ᠳᠠᠬᠢ ᠬᠠᠤᠯᠢᠴᠢ ᠵᠢᠨ ᠠᠵᠢᠯ ᠡᠷᠬᠢᠯᠡᠬᠦ ᠡᠷᠬᠡ ᠵᠢ ᠬᠠᠤᠯᠢ ᠶᠤᠰᠤᠭ᠋ᠠᠷ ᠭᠦᠢ᠍ᠴᠡᠳ ᠪᠠᠳᠤᠯᠠᠬᠤ ᠲᠤᠬᠠᠢ ᠲᠤᠭᠲᠠᠭ᠋ᠠᠯ》 (ᠳᠤᠷᠤᠭᠰᠢ᠎ᠪᠠᠨ 《ᠲᠤᠭᠲᠠᠭ᠋ᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠲᠣᠭᠲᠠᠭ᠋ᠠᠯ》᠎ᠨᠢ ᠨᠠᠢ᠌ᠳᠠᠬᠤ᠂ ᠠᠭᠤᠯᠵᠠᠬᠤ ᠪᠠ ᠴᠢᠮᠡᠭᠡ ᠨᠡᠪᠲᠡᠷᠡᠬᠦ᠂ ᠡᠪᠬᠡᠮᠡᠯ ᠦᠵᠡᠬᠦ᠂ ᠪᠠᠢ᠌ᠴᠠᠭ᠋ᠠᠵᠤ ᠭᠡᠷᠡᠴᠢ ᠣᠯᠬᠤ᠂ ᠦᠮᠦᠭᠯᠡᠬᠦ ᠠᠵᠢᠯᠯᠠᠭ᠎ᠠ᠂ ᠭᠤᠮᠤᠳᠠᠯ ᠵᠠᠭ᠋ᠠᠯᠳᠤᠯᠭ᠎ᠠ ᠬᠢᠭᠡᠳ ᠬᠠᠤᠯᠢ ᠴᠠᠭ᠋ᠠᠵᠠ ᠵᠢᠨ ᠬᠠᠷᠢᠴᠠᠭᠤᠯᠭ᠎ᠠ ᠵᠡᠷᠭᠡ ᠲᠠᠯ᠎ᠠ᠎ᠪᠠᠷ ᠬᠠᠤᠯᠢᠴᠢ ᠵᠢᠨ ᠠᠵᠢᠯ ᠡᠷᠬᠢᠯᠡᠬᠦ ᠡᠷᠬᠡ ᠵᠢ ᠤᠯᠠᠮ ᠨᠢᠭᠡ ᠠᠯᠬᠤᠮ ᠪᠠᠳᠤᠯᠠᠬᠤ ᠲᠤᠭᠲᠠᠭ᠋ᠠᠯ ᠭᠠᠷᠭ᠋ᠠᠪᠠ᠃
       《ᠲᠤᠭᠲᠠᠭ᠋ᠠᠯ》᠎ᠳᠤ᠂ ᠬᠡᠷᠡᠭ ᠰᠢᠳᠭᠡᠬᠦ ᠪᠠᠢ᠌ᠭᠤᠯᠭ᠎ᠠ᠎ᠨᠢ ᠬᠠᠤᠯᠢᠴᠢ ᠵᠢᠨ ᠬᠠᠤᠯᠢ ᠶᠣᠰᠤᠭ᠋ᠠᠷ ᠦᠮᠦᠭᠯᠡᠬᠦ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠪᠠᠳᠤᠯᠠᠬᠤ ᠶᠣᠰᠤᠲᠠᠢ᠂ ᠥᠮᠥᠭᠯᠡᠬᠦ ᠬᠠᠤᠯᠢᠴᠢ ᠵᠢᠨ ᠬᠠᠤᠯᠢ ᠶᠣᠰᠤᠭ᠋ᠠᠷ ᠡᠳ᠋ᠯᠡᠬᠦ ᠪᠠᠢ᠌ᠳᠠᠯ ᠮᠡᠳᠡᠬᠦ ᠡᠷᠬᠡ᠂ ᠠᠭᠤᠯᠵᠠᠬᠤ ᠡᠷᠬᠡ᠂ ᠡᠪᠬᠡᠮᠡᠯ ᠦᠵᠡᠬᠦ ᠡᠷᠬᠡ᠂ ᠰᠤᠳᠤᠯᠤᠨ ᠪᠠᠢ᠌ᠴᠠᠭ᠋ᠠᠬᠤ ᠡᠷᠬᠡ ᠪᠤᠯᠤᠨ ᠦᠭᠡ ᠬᠡᠯᠡᠬᠦ ᠡᠷᠬᠡ᠂ ᠰᠠᠨᠠᠯ ᠰᠠᠨᠠᠭᠤᠯᠭ᠎ᠠ ᠳᠤᠷᠠᠳᠬᠤ ᠡᠷᠬᠡ᠂ ᠰᠠᠭ᠋ᠠᠳ ᠤᠴᠠᠷᠠᠭᠤᠯᠬᠤ ᠪᠤᠶᠤ ᠬᠢᠵᠠᠭ᠋ᠠᠷᠯᠠᠵᠤ ᠪᠤᠯᠠᠬᠤ ᠦᠭᠡᠢ᠃ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠡᠷᠡᠭ ᠰᠢᠳᠭᠡᠬᠦ ᠪᠠᠢ᠌ᠭᠤᠯᠭ᠎ᠠ ᠵᠢᠨ ᠨᠠᠢ᠌ᠳᠠᠪᠤᠷᠢᠵᠢᠭᠤᠯᠤᠯᠲᠠ ᠪᠣᠯᠣᠨ ᠬᠠᠤᠯᠢᠴᠢ ᠵᠢᠨ ᠡᠷᠬᠡ ᠵᠢ ᠪᠠᠳᠤᠯᠠᠵᠤ ᠪᠠᠢ᠌ᠭ᠎ᠠ ᠪᠠᠢ᠌ᠳᠠᠯ᠎ᠳᠤ ᠬᠠᠤᠯᠢ ᠶᠣᠰᠤᠭ᠋ᠠᠷ ᠬᠢᠨᠠᠯᠲᠠ ᠲᠠᠯᠪᠢᠵᠤ᠂ ᠬᠠᠤᠯᠢᠴᠢ ᠵᠢᠨ ᠬᠠᠤᠯᠢ ᠶᠣᠰᠤᠨ᠎ᠤ ᠡᠷᠬᠡ᠎ᠳᠤ ᠬᠠᠯᠳᠠᠬᠤ ᠵᠢ ᠰᠡᠷᠭᠡᠢ᠌ᠯᠡᠵᠦ᠂ ᠬᠡᠷᠡᠭ ᠰᠢᠳᠭᠡᠬᠦ ᠪᠠᠢ᠌ᠭᠤᠯᠭ᠎ᠠ ᠵᠢᠨ ᠬᠠᠤᠯᠢᠴᠢ ᠵᠢᠨ ᠳᠤᠰᠢᠶᠠᠯ ᠵᠶ᠋ᠠᠨ ᠭᠦᠢ᠍ᠴᠡᠳᠭᠡᠬᠦ᠎ᠳᠤ ᠰᠠᠭ᠋ᠠᠳ ᠤᠴᠠᠷᠠᠭᠤᠯᠤᠭᠰᠠᠨ ᠪᠣᠶᠤ ᠬᠢᠵᠠᠭ᠋ᠠᠷᠯᠠᠭᠰᠠᠨ ᠦᠢ᠍ᠯᠡ ᠠᠵᠢᠯᠯᠠᠭ᠎ᠠ ᠵᠢ ᠬᠠᠤᠯᠢ ᠶᠤᠰᠤᠭ᠋ᠠᠷ ᠵᠠᠯᠠᠷᠠᠭᠤᠯᠤᠨ᠎ᠠ᠃ ᠡᠨᠡ ᠪᠣᠯ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ ᠨᠠᠮ᠎ᠤᠨ ᠠᠷᠪᠠᠨ ᠨᠠᠢ᠍ᠮᠠᠳᠤᠭ᠋ᠠᠷ ᠬᠣᠭᠤᠴᠠᠭ᠋ᠠᠨ᠎ᠤ ᠭᠤᠷᠪᠠᠳᠤᠭ᠋ᠠᠷ ᠪᠦᠭᠦᠲᠡ ᠪᠤᠯᠤᠨ ᠲᠥᠷᠪᠡᠳᠦᠭᠡᠷ ᠪᠦᠭᠦᠲᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ᠂ ᠬᠠᠤᠯᠢᠴᠢ ᠵᠢᠨ ᠲᠥᠷᠢᠮ᠎ᠤᠨ ᠦᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠤᠨ᠂ ᠬᠠᠤᠯᠢᠴᠢ ᠵᠢᠨ ᠠᠵᠢᠯ ᠡᠷᠬᠢᠯᠡᠬᠦ ᠡᠷᠬᠡ ᠵᠢ ᠪᠠᠳᠤᠯᠠᠬᠤ ᠲᠤᠭᠲᠠᠴᠠ ᠵᠢ ᠪᠦᠷᠢᠨᠰᠢᠭᠦᠯᠦᠨ ᠲᠡᠭᠥᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠣᠷ᠂ ᠬᠠᠤᠯᠢᠴᠢ ᠵᠢᠨ ᠡᠷᠡᠭᠦᠦ ᠵᠢᠨ ᠵᠠᠷᠭᠤ᠎ᠳᠤ ᠬᠠᠤᠯᠢ ᠶᠤᠰᠤᠭ᠋ᠠᠷ ᠡᠳ᠋ᠯᠡᠬᠦ ᠡᠷᠬᠡ ᠵᠢ ᠪᠠᠲᠤᠯᠠᠬᠤ᠂ ᠥᠮᠦᠭᠯᠡᠬᠦ ᠬᠠᠤᠯᠢᠴᠢ ᠵᠢᠨ ᠠᠵᠢᠯ ᠡᠷᠬᠢᠯᠡᠬᠦ ᠦᠢ᠍ᠯᠡ ᠠᠵᠢᠯᠯᠠᠭ᠎ᠠ ᠵᠢ ᠳᠦᠷᠢᠮᠵᠢᠭᠦᠯᠬᠦ᠎ᠳᠤ ᠴᠢᠬᠣᠯᠠ ᠠᠴᠢ ᠬᠣᠯᠪᠣᠭᠳᠠᠯ᠎ᠲᠠᠢ ᠶᠤᠮ᠃
      ᠥᠮᠦᠭᠯᠡᠬᠦ ᠬᠠᠤᠯᠢᠴᠢ ᠠᠭᠤᠯᠵᠠᠬᠤ ᠳᠤᠷᠠᠳᠤᠯᠭ᠎ᠠ ᠭᠠᠷᠭ᠋ᠠᠪᠠᠯ ᠲᠡᠷᠡ ᠳᠤᠤᠷ᠎ᠠ᠎ᠨᠢ ᠲᠤᠬᠢᠷᠠᠭᠤᠯᠵᠣ ᠥᠭᠪᠡᠯ ᠵᠣᠬᠢᠨ᠎ᠠ
     《ᠲᠤᠭᠲᠠᠭ᠋ᠠᠯ》᠎ᠳᠤ᠂ ᠬᠡᠷᠡᠭ ᠰᠢᠳᠭᠡᠬᠦ ᠪᠠᠢ᠌ᠭᠤᠯᠭ᠎ᠠ᠎ᠨᠢ ᠥᠪᠡᠷ᠎ᠤᠨ ᠰᠢᠳᠭᠡᠬᠦ ᠬᠡᠷᠡᠭ ᠵᠶ᠋ᠡᠨ ᠬᠡᠷᠡᠭ ᠪᠤᠯᠠᠭ᠋ᠠᠨ ᠳᠠᠩᠰᠠᠯᠠᠬᠤ᠎ᠳᠠᠭᠠᠨ ᠤᠯᠤᠰ᠎ᠤᠨ ᠠᠮᠤᠷ ᠲᠦᠪᠰᠢᠨ᠎ᠳᠤ ᠬᠤᠤᠷ ᠬᠦᠨᠦᠭᠡᠯ ᠣᠴᠠᠷᠠᠭᠤᠯᠤᠭᠰᠠᠨ ᠶᠠᠯᠠᠳᠤ ᠬᠡᠷᠡᠭ᠂ ᠰᠦᠷᠳᠡᠭᠦᠯᠦᠯ᠎ᠤᠨ ᠠᠵᠢᠯᠯᠠᠭ᠎ᠠ ᠵᠢᠨ ᠶᠠᠯᠠᠳᠤ ᠬᠡᠷᠡᠭ᠂ ᠣᠨᠴᠠ ᠬᠦᠨᠳᠦ ᠶᠡᠬᠡ ᠬᠡᠭᠡᠯᠢ ᠬᠠᠬᠤᠤᠯᠢ ᠵᠢᠨ ᠶᠠᠯᠠᠲᠤ ᠬᠡᠷᠡᠭ᠎ᠤᠨ ᠬᠦᠷᠢᠶ᠎ᠡ ᠬᠡᠪᠴᠢᠶᠡᠨ᠎ᠳᠤ ᠪᠠᠭᠲᠠᠬᠤ ᠡᠰᠡᠬᠦ ᠵᠢ ᠬᠠᠤᠯᠢ ᠶᠣᠰᠤᠭ᠋ᠠᠷ ᠴᠢᠩᠭ᠎ᠠ ᠨᠢᠮᠪᠠᠢ ᠲᠣᠳᠣᠯᠠᠬᠤ ᠶᠣᠰᠤᠲᠠᠢ᠂ ᠳᠤᠷ᠎ᠠ᠎ᠪᠠᠷ ᠵᠶ᠋ᠠᠨ ᠦᠷᠭᠡᠳᠭᠡᠨ ᠲᠠᠢ᠌ᠯᠪᠦᠷᠢᠯᠠᠵᠦ ᠪᠣᠯᠬᠤ ᠦᠭᠡᠢ᠃ ᠬᠡᠷᠡᠭ ᠰᠢᠳᠭᠡᠬᠦ ᠪᠠᠢ᠌ᠭᠤᠯᠭ᠎ᠠ ᠬᠡᠷᠡᠭ ᠪᠤᠯᠭ᠋ᠠᠨ ᠳᠠᠩᠰᠠᠯᠠᠬᠤ ᠦᠶ᠎ᠡ᠎ᠳᠤ᠂ ᠦᠪᠡᠷ᠎ᠤᠨ ᠰᠢᠳᠭᠡᠵᠦ ᠪᠠᠢ᠌ᠭ᠎ᠠ ᠬᠡᠷᠡᠭ᠎ᠨᠢ ᠳᠡᠭᠡᠷ᠎ᠡ ᠳᠤᠷᠠᠳᠤᠭᠰᠠᠨ ᠭᠤᠷᠪᠠᠨ ᠳᠦᠷᠦᠯ᠎ᠤᠨ ᠬᠡᠷᠡᠭ᠎ᠲᠤ ᠪᠠᠭᠲᠠᠬᠤ ᠦᠭᠡᠢ ᠪᠣᠯᠪᠠᠴᠤ ᠬᠡᠷᠡᠭ ᠰᠢᠳᠭᠡᠬᠦ ᠠᠬᠢᠴᠠ ᠵᠢ ᠦᠨᠳᠦᠰᠦᠯᠡᠪᠡᠯ᠂ ᠰᠢᠳᠭᠡᠵᠦ ᠪᠠᠢ᠌ᠭ᠎ᠠ ᠬᠡᠷᠡᠭ᠎ᠤᠨ ᠰᠢᠨᠵᠢ ᠴᠢᠨᠠᠷ ᠪᠤᠯᠤᠨ ᠶᠠᠯ᠎ᠠ ᠵᠢᠨ ᠨᠡᠷ᠎ᠡ᠎ᠨᠢ ᠳᠡᠭᠡᠷ᠎ᠡ ᠳᠤᠷᠠᠳᠤᠭᠰᠠᠨ ᠭᠤᠷᠪᠠᠨ ᠲᠦᠷᠦᠯ᠎ᠤᠨ ᠬᠡᠷᠡᠭ᠎ᠲᠤ ᠪᠠᠭᠲᠠᠬᠤ ᠦᠭᠡᠢ ᠮᠦᠷᠲᠡᠭᠡᠨ ᠨᠢᠭᠡᠨᠲᠡ ᠭᠡᠷᠡᠴᠢ ᠪᠠᠷᠢᠮᠲᠠ᠎ᠪᠠᠷ ᠨᠤᠳ᠋ᠯᠠᠭᠰᠠᠨ ᠭᠡᠵᠦ ᠦᠵᠡᠪᠡᠯ᠂ ᠭᠤᠷᠪᠠᠨ ᠡᠳᠦᠷ᠎ᠤᠨ ᠳᠣᠲᠣᠷ᠎ᠠ ᠬᠤᠷᠢᠭᠤᠯ᠎ᠤᠨ ᠭᠠᠵᠠᠷ᠎ᠲᠤ ᠮᠡᠳᠡᠭᠳᠡᠬᠦ ᠵᠢᠨ ᠬᠠᠮᠳᠤ ᠥᠮᠦᠭᠯᠡᠬᠦ ᠬᠠᠤᠯᠢᠴᠢ᠎ᠳᠤ ᠬᠡᠯᠡᠵᠦ ᠥᠭᠬᠦ ᠶᠣᠰᠤᠲᠠᠢ᠃ ᠥᠮᠥᠭᠯᠡᠬᠦ ᠬᠠᠤᠯᠢᠴᠢ ᠬᠤᠷᠢᠵᠤ ᠪᠠᠢ᠌ᠭ᠎ᠠ ᠶᠡᠯ᠎ᠠ ᠬᠢᠭᠰᠡᠨ ᠰᠡᠵᠢᠭᠲᠡᠨ᠂ ᠵᠠᠭ᠋ᠠᠯᠳᠤᠭᠳᠠᠭᠴᠢ᠎ᠲᠠᠢ ᠠᠭᠤᠯᠵᠠᠬᠤ᠎ᠳᠤ᠂ ᠬᠤᠷᠢᠭᠤᠯ᠎ᠤᠨ ᠭᠠᠵᠠᠷ ᠬᠠᠤᠯᠢᠴᠢ ᠵᠢᠨ ᠠᠵᠢᠯ ᠡᠷᠬᠢᠯᠡᠬᠦ ᠥᠨᠡᠮᠯᠡᠯ᠂ ᠬᠠᠤᠯᠢᠴᠢ ᠵᠢᠨ ᠶᠠᠪᠤᠳᠠᠯ᠎ᠤᠨ ᠭᠠᠵᠠᠷ᠎ᠤᠨ ᠭᠡᠷᠡᠴᠢ ᠪᠢᠴᠢᠭ ᠪᠤᠯᠤᠨ ᠨᠠᠢ᠌ᠳᠠᠯᠭ᠎ᠠ ᠵᠢᠨ ᠪᠢᠴᠢᠭ ᠪᠤᠶᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠯᠪᠠᠨ ᠪᠢᠴᠢᠭ᠎ᠢ ᠪᠠᠢ᠌ᠴᠠᠭ᠋ᠠᠨ ᠰᠢᠯᠭ᠋ᠠᠭᠰᠠᠨ᠎ᠤ ᠳᠠᠷᠠᠭ᠎ᠠ᠂ ᠲᠡᠷᠡ ᠳᠠᠷᠤᠢ᠎ᠳᠤᠨᠢ ᠠᠭᠤᠯᠵᠠᠭᠤᠯᠬᠠᠤ ᠶᠣᠰᠤᠲᠠᠢ᠃ ᠬᠡᠷᠡᠭ ᠰᠢᠳᠭᠡᠭᠴᠢ ᠶᠠᠭ ᠪᠠᠢ᠌ᠴᠠᠭ᠋ᠠᠨ ᠠᠰᠠᠭᠤᠵᠤ ᠪᠠᠢ᠌ᠬᠤ ᠵᠡᠷᠭᠡ ᠤᠨᠴᠠᠭ᠋ᠠᠢ ᠪᠠᠢ᠌ᠳᠠᠯ᠎ᠠᠴᠠ ᠪᠤᠯᠵᠤ ᠲᠡᠷᠡ ᠳᠠᠷᠤᠢ᠎ᠳᠤᠨᠢ ᠠᠭᠤᠯᠵᠠᠭᠤᠯᠵᠤ ᠳᠡᠢ᠌ᠯᠡᠬᠦ ᠦᠭᠡᠢ ᠪᠠᠢ᠌ᠪᠠᠯ᠂ ᠬᠣᠷᠢᠭᠤᠯ᠎ᠤᠨ ᠭᠠᠵᠠᠷ᠎ᠤᠨ᠎ᠬᠢᠨ ᠥᠮᠥᠭᠯᠡᠬᠦ ᠬᠠᠤᠯᠢᠴᠢ᠎ᠳᠤ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠬᠠᠮᠳᠤ ᠥᠮᠥᠭᠯᠡᠬᠦ ᠬᠠᠤᠯᠢᠴᠢ ᠳᠥᠴᠢᠨ ᠨᠠᠢ᠍ᠮᠠᠨ ᠴᠠᠭ᠎ᠤᠨ ᠳᠤᠲᠤᠷ᠎ᠠ ᠶᠠᠯ᠎ᠠ ᠬᠢᠭᠰᠡᠨ ᠰᠡᠵᠢᠭᠲᠡᠨ᠂ ᠵᠠᠭ᠋ᠠᠯᠳᠤᠭᠳᠠᠭᠴᠢ᠎ᠲᠠᠢ ᠣᠯᠵᠤ ᠠᠭᠣᠯᠵᠠᠬᠤ ᠵᠢ ᠪᠠᠳᠤᠯᠠᠬᠤ ᠶᠣᠰᠤᠲᠠᠢ᠃
      ᠬᠡᠷᠡᠭ᠎ᠤᠨ ᠡᠪᠬᠡᠮᠡᠯ᠎ᠢ ᠰᠡᠭᠦᠳᠡᠷᠯᠡᠵᠦ ᠳᠠᠷᠤᠮᠠᠯᠯᠠᠨ ᠪᠠᠭᠤᠯᠭ᠋ᠠᠵᠤ ᠪᠤᠯᠤᠨ᠎ᠠ᠂ ᠡᠪᠬᠡᠮᠡᠯ᠎ᠢ ᠣᠯᠠᠨᠲᠠ ᠦᠵᠡᠵᠦ ᠪᠣᠯᠣᠨ᠎ᠠ
      ᠥᠮᠥᠭᠯᠡᠬᠦ ᠬᠠᠤᠯᠢᠴᠢ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠡᠷᠡᠭ᠎ᠢ ᠬᠢᠨᠠᠨ ᠪᠠᠢ᠌ᠴᠠᠭ᠋ᠠᠵᠤ ᠵᠠᠭ᠋ᠠᠯᠳᠤᠭᠰᠠᠨ ᠲᠡᠷᠡ ᠡᠳᠦᠷ᠎ᠠᠴᠠ ᠡᠬᠢᠯᠡᠨ᠂ ᠲᠣᠰ ᠬᠡᠷᠡᠭ᠎ᠤᠨ ᠡᠪᠬᠡᠮᠡᠯ ᠮᠠᠲᠸᠷᠢᠶᠠᠯ᠎ᠢ ᠪᠠᠢ᠌ᠴᠠᠭ᠋ᠠᠨ ᠦᠵᠡᠵᠦ᠂ ᠲᠣᠪᠴᠢᠯᠠᠨ ᠬᠠᠭᠤᠯᠵᠤ᠂ ᠪᠠᠭᠤᠯᠭ᠋ᠠᠵᠤ ᠪᠣᠯᠣᠨ᠎ᠠ᠂ ᠪᠠᠭᠤᠯᠭ᠋ᠠᠨ ᠳᠠᠷᠤᠮᠠᠯᠯᠠᠬᠤ᠂ ᠰᠡᠭᠦᠳᠡᠷᠯᠡᠬᠦ᠂ ᠰᠢᠷᠪᠡᠬᠦ ᠵᠡᠷᠭᠡ ᠠᠷᠭ᠎ᠠ ᠮᠠᠶᠢᠭ ᠵᠶ᠋ᠠᠷ ᠪᠠᠭᠤᠯᠭ᠋ᠠᠨ ᠠᠪᠴᠤ ᠪᠣᠯᠣᠨ᠎ᠠ᠃ ᠬᠠᠤᠯᠢᠴᠢ ᠠᠵᠢᠯ᠎ᠤᠨ ᠬᠡᠷᠡᠭᠴᠡᠭᠡ᠎ᠪᠠᠨ ᠦᠵᠡᠵᠦ ᠪᠠᠢ᠌ᠭ᠋ᠠᠳ᠂ ᠠᠵᠢᠯᠯᠠᠬᠤ ᠴᠠᠭ᠎ᠤᠨ ᠳᠣᠲᠣᠷ᠎ᠠ ᠡᠪᠬᠡᠮᠡᠯ ᠦᠵᠡᠬᠦ ᠤᠳᠠᠭ᠎ᠠ ᠪᠤᠯᠤᠨ ᠴᠠᠭ ᠵᠶ᠋ᠠᠨ ᠰᠣᠩᠭᠤᠵᠤ ᠪᠤᠯᠤᠨ᠎ᠠ᠃ ᠥᠮᠥᠭᠯᠡᠬᠦ ᠬᠠᠤᠯᠢᠴᠢ ᠬᠠᠤᠯᠢ ᠴᠠᠭ᠋ᠠᠵᠠ ᠵᠢᠨ ᠲᠣᠭᠲᠠᠭ᠋ᠠᠯ ᠶᠤᠰᠤᠭ᠋ᠠᠷ ᠬᠡᠷᠡᠭ᠎ᠲᠠᠢ ᠬᠤᠯᠪᠤᠭᠳᠠᠬᠤ ᠬᠠᠮᠢᠶ᠎ᠠ ᠪᠥᠬᠦᠢ ᠭᠡᠷᠡᠴᠢ ᠮᠠᠲᠸᠷᠢᠶᠠᠯ᠎ᠢ ᠴᠤᠭᠯᠠᠭᠤᠯᠵᠤ ᠪᠤᠯᠤᠨ᠎ᠠ᠃
      ᠬᠡᠷᠡᠭ ᠰᠢᠳᠭᠡᠬᠦ ᠶᠠᠪᠤᠴᠠ ᠳᠤᠮᠳᠠ ᠥᠮᠥᠭᠯᠡᠬᠦ ᠬᠠᠤᠯᠢᠴᠢ ᠵᠢᠨ ᠰᠠᠨᠠᠯ᠎ᠢ ᠰᠣᠨᠣᠰᠬᠤ ᠶᠤᠰᠤᠲᠠᠢ
      ᠲᠤᠷᠰᠢᠨ ᠪᠠᠢ᠌ᠴᠠᠭ᠋ᠠᠬᠤ ᠪᠠᠢ᠌ᠭᠤᠯᠤᠯᠭ᠎ᠠ ᠬᠡᠷᠡᠭ᠎ᠢ ᠲᠤᠷᠰᠢᠨ ᠪᠠᠢ᠌ᠴᠠᠭ᠋ᠠᠵᠤ ᠳᠠᠭᠤᠰᠬᠠᠬᠤ ᠵᠢᠨ ᠡᠮᠦᠨ᠎ᠡ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠪᠠᠷᠢᠪᠴᠢᠯᠠᠬᠤ᠎ᠪᠠᠷ ᠬᠢᠨᠠᠨ ᠵᠥᠪᠰᠢᠶᠡᠷᠡᠬᠦ᠂ ᠲᠣᠭᠲᠠᠭ᠋ᠠᠬᠤ ᠦᠶ᠎ᠡ᠎ᠳᠤ᠂ ᠠᠷᠠᠳ᠎ᠤᠨ ᠰᠢᠭᠦᠬᠦ ᠬᠣᠷᠢᠶ᠎ᠠ ᠪᠠᠷᠢᠪᠴᠢᠯᠠᠬᠤ᠎ᠪᠠᠷ ᠲᠣᠭᠲᠠᠭ᠋ᠠᠬᠤ ᠦᠶ᠎ᠡ᠎ᠳᠤ᠂ ᠥᠮᠥᠭᠯᠡᠬᠦ ᠬᠠᠤᠯᠢᠴᠢ ᠱᠠᠭ᠋ᠠᠷᠳᠠᠯᠭ᠎ᠠ ᠳᠤᠷᠠᠳᠤᠭᠰᠠᠨ ᠪᠠᠢ᠌ᠪᠠᠯ᠂ ᠥᠮᠥᠭᠯᠡᠬᠦ ᠬᠠᠤᠯᠢᠴᠢ ᠵᠢᠨ ᠰᠠᠨᠠᠯ᠎ᠢ ᠰᠣᠨᠣᠰᠬᠤ ᠶᠣᠰᠣᠲᠠᠢ᠃ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢ ᠬᠢᠨᠠᠨ ᠵᠠᠭ᠋ᠠᠯᠳᠤᠬᠤ᠂ ᠠᠷᠠᠳ᠎ᠤᠨ ᠰᠢᠭᠦᠬᠦ ᠬᠣᠷᠢᠶ᠎ᠠ ᠰᠢᠭᠦᠨ ᠰᠢᠢ᠍ᠳᠪᠦᠷᠢᠯᠡᠬᠦ ᠬᠣᠭᠤᠴᠠᠭ᠋ᠠᠨ᠎ᠳᠤ᠎ᠪᠠᠨ ᠥᠮᠥᠭᠯᠡᠬᠦ ᠬᠠᠤᠯᠢᠴᠢ ᠵᠢᠨ ᠰᠠᠨᠠᠯ᠎ᠢ ᠭᠦᠢ᠍ᠴᠡᠳ ᠰᠣᠨᠣᠰᠬᠤ ᠶᠣᠰᠣᠲᠠᠢ᠃
      ᠲᠢᠩᠬᠢᠮ᠎ᠤᠨ ᠰᠢᠭᠦᠯᠲᠡ᠎ᠳᠤ ᠣᠷᠣᠯᠴᠠᠬᠤ ᠦᠶ᠎ᠡ᠎ᠳᠤ ᠰᠢᠭᠦᠬᠦ ᠬᠤᠷᠢᠶ᠎ᠠ ᠬᠠᠤᠯᠢᠴᠢ᠎ᠳᠤ ᠠᠶᠤᠯ ᠦᠭᠡᠢ ᠵᠢᠨ ᠪᠠᠢ᠌ᠴᠠᠭ᠋ᠠᠯᠲᠠ ᠬᠢᠬᠦ ᠦᠭᠡᠢ
      ᠥᠮᠥᠭᠯᠡᠬᠦ ᠬᠠᠤᠯᠢᠴᠢ ᠰᠢᠭᠦᠯᠲᠡ ᠡᠬᠢᠯᠡᠬᠦ ᠮᠡᠳᠡᠭᠳᠡᠯ᠎ᠢ ᠦᠨᠳᠦᠰᠦᠯᠡᠨ ᠬᠠᠤᠯᠢᠴᠢ ᠵᠢᠨ ᠠᠵᠢᠯ ᠡᠷᠬᠢᠯᠡᠬᠦ ᠦᠨᠡᠮᠯᠡᠯ ᠵᠶ᠋ᠡᠨ ᠠᠪᠴᠤ ᠰᠢᠭᠦᠨ ᠲᠠᠰᠤᠯᠬᠤ ᠲᠠᠯᠠᠪᠤᠷ᠎ᠲᠤ ᠣᠷᠤᠵᠤ ᠲᠢᠩᠬᠢᠮ᠎ᠤᠨ ᠰᠢᠭᠦᠯᠲᠡ᠎ᠳᠤ ᠣᠷᠣᠯᠴᠠᠬᠤ᠎ᠳᠤ᠂ ᠠᠷᠠᠳ᠎ᠤᠨ ᠰᠢᠭᠦᠬᠦ ᠬᠣᠷᠢᠶ᠎ᠠ ᠬᠠᠤᠯᠢᠴᠢ ᠵᠢᠨ ᠪᠡᠶ᠎ᠡ᠎ᠳᠤ ᠠᠶᠤᠯ ᠦᠭᠡᠢ ᠵᠢᠨ ᠪᠠᠢ᠌ᠴᠠᠭ᠋ᠠᠯᠲᠠ ᠬᠢᠬᠦ ᠦᠭᠡᠢ᠃ ᠠᠷᠠᠳ᠎ᠤᠨ ᠰᠢᠭᠦᠬᠦ ᠬᠣᠷᠢᠶ᠎ᠠ ᠥᠮᠥᠭᠯᠡᠬᠦ ᠬᠠᠤᠯᠢᠴᠢ ᠲᠢᠩᠬᠢᠮ᠎ᠤᠨ ᠰᠢᠭᠦᠯᠲᠡ᠎ᠳᠤ ᠣᠷᠣᠯᠴᠠᠵᠣ᠂ ᠥᠮᠥᠭᠯᠡᠬᠦ ᠠᠵᠢᠯᠯᠠᠭ᠎ᠠ ᠬᠢᠬᠦ᠎ᠳᠤ ᠳᠤᠰᠬᠠᠢ ᠨᠡᠪᠲᠡᠷᠡᠬᠦ ᠵᠠᠮ᠂ ᠬᠤᠪᠴᠠᠰᠤ ᠰᠣᠯᠢᠬᠤ ᠲᠠᠰᠤᠭ᠂ ᠡᠪᠬᠡᠮᠡᠯ ᠦᠵᠡᠬᠦ ᠲᠠᠰᠣᠭ᠂ ᠠᠮᠠᠷᠠᠯᠲᠠ ᠵᠢᠨ ᠲᠠᠰᠤᠭ ᠵᠡᠷᠭᠡ ᠳᠦᠭᠦᠮ ᠨᠦᠬᠦᠴᠡᠯ ᠬᠠᠩᠭ᠋ᠠᠬᠤ ᠶᠣᠰᠤᠲᠠᠢ᠃ ᠠᠷᠠᠳ᠎ᠤᠨ ᠰᠢᠭᠦᠬᠦ ᠬᠣᠷᠢᠶ᠎ᠠ ᠰᠢᠭᠦᠯᠲᠡ ᠡᠬᠢᠯᠡᠬᠦ ᠵᠢᠭᠰᠠᠭ᠋ᠠᠯᠲᠠ ᠵᠢᠨ ᠬᠣᠭᠤᠴᠠᠭ᠋ᠠᠨ᠎ᠠᠴᠠ ᠡᠮᠦᠨ᠎ᠡ᠂ ᠥᠮᠥᠭᠯᠡᠬᠦ ᠬᠠᠤᠯᠢᠴᠢ ᠵᠢᠨ ᠰᠠᠨᠠᠯ᠎ᠢ ᠠᠰᠠᠭᠤᠬᠤ ᠶᠣᠰᠣᠲᠠᠢ᠃ ᠰᠢᠭᠦᠬᠦ ᠲᠢᠩᠬᠢᠮ᠎ᠨᠢ ᠥᠮᠥᠭᠯᠡᠬᠦ ᠬᠠᠤᠯᠢᠴᠢ ᠵᠢᠨ ᠲᠢᠩᠬᠢᠮ᠎ᠤᠨ ᠰᠢᠭᠥᠯᠲᠡ᠎ᠳᠤ ᠠᠰᠠᠭᠤᠬᠤ᠂ ᠭᠡᠷᠡᠴᠢ ᠲᠤᠯᠭ᠋ᠠᠬᠤ᠂ ᠮᠠᠷᠭᠤᠯᠳᠤᠬᠤ ᠵᠡᠷᠭᠡ ᠵᠠᠷᠭᠤ ᠵᠢᠨ ᠡᠷᠬᠡ ᠵᠢ ᠭᠦᠢ᠍ᠴᠡᠳ ᠪᠠᠳᠤᠯᠠᠬᠤ   ᠶᠣᠰᠣᠲᠠᠢ᠃
      ᠬᠠᠤᠯᠢᠴᠢ ᠵᠢᠨ ᠵᠠᠷᠭᠤ ᠵᠢᠨ ᠡᠷᠬᠡ ᠎ᠳᠤ ᠰᠠᠭ᠋ᠠᠳ ᠤᠴᠠᠷᠠᠪᠠᠯ ᠭᠤᠮᠤᠳᠠᠯ ᠭᠠᠷᠭ᠋ᠠᠨ᠂ ᠢᠯᠡᠴᠢᠯᠡᠨ ᠵᠠᠭ᠋ᠠᠯᠳᠤᠵᠤ ᠪᠤᠯᠤᠨ᠎ᠠ
     《ᠲᠣᠭᠲᠠᠭ᠋ᠠᠯ》᠎ᠳᠤ᠂ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠬᠠᠤᠯᠢᠴᠢ ᠵᠢᠨ ᠬᠠᠤᠯᠢ ᠶᠣᠰᠤᠭ᠋ᠠᠷ ᠠᠵᠢᠯ ᠡᠷᠬᠢᠯᠡᠬᠦ ᠵᠢ   ᠬᠠᠷᠰᠢᠯᠠᠬᠤ᠎ᠳᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠭᠡᠬᠦ ᠶᠣᠰᠤᠲᠠᠢ᠃ ᠬᠠᠤᠯᠢᠴᠢ ᠡᠷᠡᠭᠦᠦ ᠵᠢᠨ ᠵᠠᠷᠭᠤ ᠵᠢᠨ ᠬᠠᠤᠯᠢ ᠵᠢᠨ ᠳᠥᠴᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠥᠨᠳᠦᠰᠦᠯᠡᠨ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠠᠷᠠᠳ᠎ᠤᠨ ᠰᠢᠭᠦᠬᠦ ᠬᠣᠷᠢᠶ᠎ᠠ ᠵᠢᠴᠢ ᠠᠵᠢᠯᠲᠠᠨ ᠲᠡᠭᠦᠨ᠎ᠤ ᠵᠠᠷᠭᠤ ᠵᠢᠨ ᠡᠷᠬᠡ᠎ᠪᠠᠨ ᠬᠠᠤᠯᠢ ᠶᠣᠰᠤᠭ᠋ᠠᠷ ᠶᠠᠪᠤᠭᠤᠯᠬᠤ ᠵᠢ ᠬᠠᠷᠰᠢᠯᠠᠯ᠎ᠠ ᠭᠡᠵᠦ ᠦᠵᠡᠭᠡᠳ᠂ ᠠᠳᠠᠯᠢ ᠱᠠᠲᠤᠨ᠎ᠤ ᠪᠤᠶᠤ ᠳᠡᠭᠡᠷ᠎ᠡ ᠨᠢᠭᠡᠨ ᠱᠠᠲᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠳᠤ ᠭᠣᠮᠤᠳᠠᠯ ᠭᠠᠷᠭ᠋ᠠᠭᠰᠠᠨ ᠪᠣᠶᠤ ᠢᠯᠡᠴᠢᠯᠡᠨ ᠵᠠᠭ᠋ᠠᠯᠳᠤᠭᠰᠠᠨ ᠪᠠᠢ᠌ᠪᠠᠯ᠂ ᠭᠤᠮᠤᠳᠠᠯ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠭᠣᠮᠣᠳᠠᠯ ᠵᠠᠭ᠋ᠠᠯᠳᠤᠯᠭ᠎ᠠ ᠪᠠᠢ᠌ᠴᠠᠭ᠋ᠠᠬᠤ ᠰᠠᠯᠠᠭ᠎ᠠ ᠮᠥᠴᠢᠷ ᠬᠦᠯᠢᠶᠡᠨ ᠠᠪᠤᠭᠰᠠᠨ᠎ᠤ ᠳᠠᠷᠠᠭ᠋ᠠᠬᠢ ᠠᠷᠪᠠᠨ ᠬᠣᠨᠣᠭ᠎ᠤᠨ ᠳᠤᠲᠤᠷ᠎ᠠ ᠬᠢᠨᠠᠨ ᠪᠠᠢ᠌ᠴᠠᠭ᠋ᠠᠭ᠋ᠠᠳ᠂ ᠪᠠᠢ᠌ᠳᠠᠯ᠎ᠨᠢ ᠦᠨᠡᠨ ᠪᠣᠳᠠᠲᠠᠢ ᠪᠠᠢ᠌ᠪᠠᠯ᠂ ᠬᠣᠯᠪᠤᠭᠳᠠᠯ ᠪᠦᠬᠦᠢ ᠪᠠᠢ᠌ᠭᠤᠯᠤᠯᠭ᠎ᠠ ᠪᠣᠶᠤ ᠲᠣᠰ ᠬᠣᠷᠢᠶ᠎ᠠ ᠵᠢᠨ ᠬᠣᠯᠪᠤᠭᠳᠠᠯ ᠪᠦᠬᠦᠢ ᠰᠠᠯᠠᠭ᠎ᠠ ᠮᠦᠴᠢᠷ᠂ ᠳᠣᠣᠷ᠎ᠠ ᠱᠠᠳᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠳᠤ   ᠮᠡᠳᠡᠭᠳᠡᠨ ᠵᠠᠯᠠᠷᠠᠭᠤᠯᠬᠤ ᠵᠢᠨ ᠬᠠᠮᠳᠤ ᠭᠦᠢ᠍ᠴᠡᠳᠬᠡᠭᠰᠡᠨ ᠪᠠᠢ᠌ᠳᠠᠯ ᠵᠶ᠋ᠠᠨ ᠬᠠᠤᠯᠢᠴᠢ᠎ᠳᠤ ᠪᠢᠴᠢᠭ ᠵᠶ᠋ᠡᠷ ᠬᠠᠷᠢᠭᠤ ᠥᠭᠬᠦ   ᠶᠣᠰᠣᠲᠠᠢ; ᠪᠠᠢ᠌ᠳᠠᠯ᠎ᠨᠢ ᠥᠨᠡᠨ ᠪᠣᠳᠠᠲᠠᠢ ᠪᠢᠰᠢ ᠪᠠᠢ᠌ᠪᠠᠯ᠂ ᠭᠦᠢ᠍ᠴᠡᠳᠭᠡᠭᠰᠡᠨ ᠪᠠᠢ᠌ᠳᠠᠯ ᠵᠶ᠋ᠠᠨ ᠬᠠᠤᠯᠢᠴᠢ᠎ᠳᠤ ᠪᠢᠴᠢᠭ ᠵᠶ᠋ᠡᠷ ᠬᠠᠷᠢᠭᠤ ᠦᠭᠭᠦ ᠵᠢᠨ ᠬᠠᠮᠳᠤ ᠲᠣᠳᠤᠷᠬᠠᠢ᠌ᠯᠠᠨ ᠲᠠᠢ᠌ᠯᠪᠤᠷᠢᠯᠠᠬᠤ ᠠᠵᠢᠯ᠎ᠢ ᠰᠠᠢ᠌ᠳᠤᠷ ᠬᠢᠬᠦ ᠶᠤᠰᠤᠲᠡᠢ᠃ ᠠᠷᠠᠳ᠎ᠤᠨ ᠰᠢᠭᠦᠬᠦ ᠬᠣᠷᠢᠶ᠎ᠠ ᠬᠡᠷᠡᠭ ᠰᠢᠭᠦᠬᠦ ᠶᠠᠪᠤᠴᠠ ᠳᠣᠮᠳᠠ ᠬᠠᠤᠯᠢᠴᠢ ᠵᠢᠨ ᠡᠷᠬᠡ᠎ᠪᠠᠨ ᠬᠠᠤᠯᠢ ᠶᠣᠰᠤᠭ᠋ᠠᠷ ᠶᠠᠪᠤᠭᠤᠯᠬᠤ ᠵᠢ ᠬᠠᠷᠰᠢᠯᠠᠭᠰᠠᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠵᠠᠯᠠᠷᠠᠭᠤᠯᠬᠤ ᠰᠠᠨᠠᠯ ᠵᠶ᠋ᠠᠨ ᠬᠠᠤᠯᠢ ᠶᠣᠰᠤᠭ᠋ᠠᠷ ᠳᠤᠷᠠᠳᠬᠤ ᠶᠣᠰᠣᠲᠡᠢ᠃
      ᠬᠠᠤᠯᠢᠴᠢ ᠵᠠᠷᠭᠤ ᠵᠢ ᠬᠠᠷᠰᠢᠯᠠᠵᠤ ᠶᠠᠯ᠎ᠠ ᠬᠢᠭᠰᠡᠨ ᠵᠶ᠋ᠡᠷ ᠰᠡᠵᠢᠭᠯᠡᠭᠳᠡᠪᠡᠯ ᠬᠡᠷᠡᠭ ᠪᠣᠯᠭ᠋ᠠᠵᠤ ᠲᠣᠷᠰᠢᠨ ᠪᠠᠢ᠌ᠴᠠᠭ᠋ᠠᠨ᠎ᠠ
      ᠬᠡᠷᠡᠭ ᠰᠢᠳᠭᠡᠬᠦ ᠪᠠᠢ᠌ᠭᠤᠯᠤᠯᠭ᠎ᠠ ᠥᠮᠥᠭᠯᠡᠬᠦ ᠬᠠᠤᠯᠢᠴᠢ᠎ᠳᠤ ᠬᠠᠤᠯᠢ ᠲᠣᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠪᠠᠢ᠌ᠬᠤ ᠵᠢ ᠣᠯᠵᠤ ᠮᠡᠳᠡᠪᠡᠯ᠂ ᠥᠮᠥᠭᠯᠡᠬᠦ ᠬᠠᠤᠯᠢᠴᠢ ᠵᠢ ᠬᠠᠷᠢᠶᠠᠯᠠᠬᠤ ᠬᠠᠤᠯᠢᠴᠢ ᠵᠢᠨ ᠶᠠᠪᠤᠳᠠᠯ᠎ᠤᠨ ᠭᠠᠵᠠᠷ᠎ᠤᠨ ᠪᠠᠢ᠌ᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ ᠪᠣᠶᠤ ᠬᠠᠤᠯᠢᠴᠢ ᠵᠢᠨ ᠨᠡᠢ᠌ᠭᠡᠮᠯᠢᠭ᠎ᠲᠤ ᠳᠠᠷᠤᠢ᠌ᠬᠠᠨ ᠮᠡᠳᠡᠭᠳᠡᠬᠦ ᠶᠣᠰᠣᠲᠠᠢ᠃ ᠳᠤᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠥᠮᠥᠭᠯᠡᠬᠦ ᠬᠠᠤᠯᠢᠴᠢ ᠵᠠᠷᠭᠤ ᠵᠢᠨ ᠠᠵᠢᠯᠯᠠᠭ᠎ᠠ ᠵᠢ ᠬᠠᠷᠰᠢᠯᠠᠵᠤ ᠶᠠᠯ᠎ᠠ ᠬᠢᠭᠰᠡᠨ ᠵᠶ᠋ᠡᠷ ᠰᠡᠵᠢᠭᠯᠡᠭᠳᠡᠬᠦ ᠵᠢ ᠣᠯᠵᠤ ᠮᠡᠳᠡᠪᠡᠯ᠂ ᠲᠣᠭᠲᠠᠭ᠋ᠠᠯ ᠶᠣᠰᠤᠭ᠋ᠠᠷ ᠥᠮᠥᠭᠯᠡᠬᠦ ᠬᠠᠤᠯᠢᠴᠢ ᠵᠢᠨ ᠳᠠᠭ᠋ᠠᠭ᠋ᠠᠨ ᠰᠢᠳᠭᠡᠵᠦ ᠪᠠᠢ᠌ᠭ᠎ᠠ ᠬᠡᠷᠡᠭ᠎ᠢ ᠲᠤᠷᠰᠢᠨ ᠪᠠᠢ᠌ᠴᠠᠭ᠋ᠠᠬᠤ ᠪᠠᠢ᠌ᠭᠤᠯᠤᠯᠭ᠎ᠠ ᠵᠢᠨ ᠳᠡᠭᠡᠷ᠎ᠡ ᠨᠢᠭᠡᠨ ᠱᠠᠳᠤᠨ᠎ᠤ ᠲᠣᠷᠰᠢᠨ ᠪᠠᠢ᠌ᠴᠠᠭ᠋ᠠᠭᠰᠠᠨ ᠪᠠᠢ᠌ᠭᠤᠯᠤᠯᠭ᠎ᠠ ᠵᠢᠨ ᠵᠢᠭ᠋ᠠᠨ ᠲᠣᠭᠲᠠᠭ᠋ᠠᠭᠰᠠᠨ ᠪᠣᠰᠣᠳ ᠲᠣᠷᠰᠢᠨ ᠪᠠᠢ᠌ᠴᠠᠭ᠋ᠠᠬᠤ ᠪᠠᠢ᠌ᠭᠤᠯᠤᠯᠭ᠎ᠠ ᠵᠢ ᠨᠡᠷᠡᠯᠡᠨ ᠲᠣᠭᠲᠠᠭ᠋ᠠᠵᠤ ᠬᠡᠷᠡᠭ ᠪᠣᠯᠭ᠋ᠠᠨ ᠲᠣᠷᠰᠢᠨ ᠪᠠᠢ᠌ᠴᠠᠭ᠋ᠠᠯᠭ᠋ᠠᠬᠤ᠎ᠪᠠᠷ ᠳᠡᠪᠰᠢᠭᠦᠯᠦᠨ ᠮᠡᠳᠡᠭᠦᠯᠬᠦ   ᠶᠣᠰᠣᠲᠠᠢ᠂ ᠡᠰᠡᠭᠥᠯ᠎ᠡ ᠳᠡᠭᠡᠷ᠎ᠡ ᠨᠢᠭᠡᠨ ᠱᠠᠳᠤᠨ᠎ᠤ ᠲᠣᠷᠰᠢᠨ ᠪᠠᠢ᠌ᠴᠠᠭ᠋ᠠᠬᠤ ᠪᠠᠢ᠌ᠭᠤᠯᠤᠯᠭ᠎ᠠ᠎ᠠᠴᠠ ᠬᠡᠷᠡᠭ ᠪᠣᠯᠭ᠋ᠠᠨ ᠲᠣᠷᠰᠢᠨ ᠪᠠᠢ᠌ᠴᠠᠭ᠋ᠠᠬᠤ ᠶᠣᠰᠣᠲᠠᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠠᠷᠭ᠎ᠠ》 ᠵᠢᠨ ᠲᠠᠢ᠌ᠯᠤᠮᠵᠢ
ᠥᠪᠥᠷ ᠮᠣᠩᠭᠣᠯ᠎ᠤᠨ 《ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠢ ᠲᠦᠷᠭᠡᠳᠭᠡᠨ ᠬᠥᠭᠵᠢᠭᠦᠯᠬᠦ ᠲᠤᠬᠠᠶ ᠰᠠᠨᠠᠯ》 ᠎ᠤᠨ ᠲᠠᠢ᠌ᠯᠤᠮᠵᠢ
《ᠳᠥᠷᠪᠡᠨ ᠪᠦᠬᠦ ᠲᠠᠯ᠎ᠠ》 ᠪᠣᠯᠣᠨ 《13 · 5》 ᠵᠢᠨ ᠲᠥᠯᠥᠪᠵᠢᠭᠦᠯᠭᠡ
《13·5》 ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠵᠢ ᠵᠢᠷᠤᠭ ᠵᠶ᠋ᠠᠷ ᠲᠠᠢ᠌ᠯᠬᠤᠢ
 
            