ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2015-11-04

      ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠲᠠᠷᠬᠠᠭ᠋ᠠᠭᠰᠠᠨ 《ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠳᠤ ᠶᠢᠰᠦᠨ ᠶᠡᠬᠡ ᠭᠣᠣᠯᠳᠠᠯᠭ᠋ᠠᠲᠤ ᠡᠭᠦᠷᠭᠡ ᠵᠢᠨ ᠬᠠᠷᠠᠯᠲᠠ ᠲᠣᠭᠲᠠᠭ᠋ᠠᠵᠤ᠂ ᠡᠯ᠎ᠡ ᠰᠠᠯᠠᠭ᠎ᠠ ᠮᠥᠴᠢᠷ᠎ᠤᠳ ᠤᠰᠤᠨ᠎ᠤ ᠪᠣᠬᠢᠷᠲᠤᠯ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠦᠬᠦ ᠣᠷᠣᠨ᠎ᠤ ᠤᠰᠤᠨ᠎ᠤ ᠣᠷᠴᠢᠨ ᠠᠬᠤᠢ ᠵᠢᠨ ᠶᠠᠰᠤ ᠴᠢᠨᠠᠷ᠎ᠢ ᠰᠠᠶ᠋ᠢᠵᠢᠷᠠᠭᠤᠯᠵᠤ᠂ ᠤᠰᠤᠨ᠎ᠤ ᠣᠷᠴᠢᠨ ᠠᠬᠤᠢ ᠵᠢᠨ ᠠᠶᠤᠯ ᠦᠬᠡᠢ ᠵᠢ ᠪᠠᠲᠤᠯᠠᠬᠤ ᠬᠡᠷᠡᠭᠲᠠᠢ ᠬᠡᠵᠤ ᠱᠠᠭ᠋ᠠᠷᠳᠠᠪᠠ᠃
      ᠪᠣᠬᠢᠷᠲᠤᠭᠤᠯᠤᠭᠴᠢ ᠪᠣᠳᠠᠰ᠎ᠤᠨ ᠭᠠᠳᠠᠭᠰᠢᠯ᠎ᠢ ᠡᠵᠡᠮᠳᠡᠨ᠎ᠡ
     《ᠰᠠᠨᠠᠯ》᠎ᠳᠤ 2016 ᠤᠨ᠎ᠤ ᠡᠴᠦᠰ᠎ᠠᠴᠠ ᠡᠮᠦᠨ᠎ᠡ᠂ ᠤᠯᠤᠰ᠎ᠤᠨ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ᠎ᠳᠤ ᠨᠡᠶ᠋ᠢᠴᠡᠬᠦ ᠦᠭᠡᠢ ᠵᠢᠵᠢᠭ ᠬᠡᠯᠪᠡᠷᠢ ᠵᠢᠨ ᠴᠠᠭ᠋ᠠᠰᠤ ᠬᠢᠬᠦ᠂ ᠠᠷᠠᠰᠤ ᠡᠯᠳᠡᠬᠦ᠂ ᠳᠠᠷᠤᠮᠠᠯᠯᠠᠵᠤ ᠪᠣᠳᠤᠬᠤ᠂ ᠪᠤᠳᠤᠵᠤ ᠰᠢᠷᠲᠡᠬᠦ᠂ ᠨᠡᠭᠦᠷᠡᠰᠦ ᠬᠡᠦᠷᠰᠢᠭᠦᠯᠬᠦ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠲᠣᠰᠤ ᠪᠣᠯᠪᠠᠰᠤᠷᠠᠭᠤᠯᠬᠤ᠂ ᠴᠠᠬᠢᠯᠭ᠋ᠠᠨ ᠵᠶ᠋ᠠᠷ ᠥᠩᠭᠡᠯᠡᠬᠦ᠂ ᠲᠠᠷᠢᠶᠠᠨ ᠡᠮ ᠵᠡᠷᠭᠡ ᠤᠰᠤᠨ᠎ᠤ ᠣᠷᠴᠢᠨ ᠠᠬᠤᠢ ᠵᠢ ᠬᠦᠨᠳᠦ ᠨᠣᠴᠢᠲᠠᠶ ᠪᠣᠬᠢᠷᠲᠤᠭᠤᠯᠬᠤ 《ᠠᠷᠪᠠᠨ ᠵᠢᠵᠢᠭ》 ᠠᠵᠤ ᠠᠬᠤᠶ᠋ᠢᠯᠠᠯ᠎ᠢ ᠴᠠᠭ᠋ᠠᠵᠠᠯᠠᠬᠤ ᠬᠡᠷᠡᠭᠲᠠᠢ ᠬᠡᠵᠤ ᠱᠠᠭ᠋ᠠᠷᠳᠠᠪᠠ᠃ ᠲᠤᠰᠬᠠᠶ ᠵᠦᠢ᠍ᠯ᠎ᠤᠨ ᠴᠡᠭᠴᠡᠯᠡᠨ ᠵᠠᠰᠠᠬᠤ ᠠᠵᠢᠯ᠎ᠨᠢ ᠴᠠᠭ᠋ᠠᠰᠤ ᠬᠢᠬᠦ᠂ ᠬᠡᠦᠷᠰᠢᠭᠦᠯᠬᠦ᠂ ᠠᠽᠣᠲ᠎ᠤᠨ ᠪᠤᠷᠳᠤᠭᠤᠷ᠂ ᠥᠩᠭᠡᠲᠦ ᠲᠡᠮᠦᠷᠯᠢᠭ᠂ ᠳᠠᠷᠤᠮᠠᠯᠯᠠᠨ ᠪᠤᠳᠤᠬᠤ᠂ ᠲᠠᠷᠢᠶᠠᠯᠠᠩ᠎ᠤᠨ ᠲᠤᠰᠠᠯᠠᠬᠤ ᠦᠢ᠍ᠯᠡᠳᠪᠦᠷᠢᠯᠡᠯ᠎ᠤᠨ ᠢᠳᠡᠭᠡᠨ ᠤᠮᠳᠠᠭ᠋ᠠᠨ ᠪᠣᠯᠪᠠᠰᠤᠷᠠᠭᠤᠯᠬᠤ᠂ ᠲᠦᠭᠦᠬᠡᠶ ᠮᠠᠲ᠋ᠧᠷᠢᠶᠠᠯ᠎ᠤᠨ ᠡᠮ ᠦᠢ᠍ᠯᠡᠳᠬᠦ᠂ ᠠᠷᠠᠰᠤ ᠡᠯᠳᠡᠬᠦ᠂ ᠲᠠᠷᠢᠶᠠᠨ ᠡᠮ᠂ ᠴᠠᠬᠢᠯᠭ᠋ᠠᠨ ᠵᠶ᠋ᠠᠷ ᠥᠩᠭᠡᠯᠡᠬᠦ ᠵᠡᠷᠭᠡ ᠠᠵᠢᠯ ᠲᠦᠷᠦᠯ᠎ᠲᠠᠢ ᠬᠤᠯᠪᠤᠭᠳᠠᠨ᠎ᠠ᠃ ᠡᠭᠦᠨ᠎ᠠᠴᠠ ᠭᠠᠳᠠᠨ᠎ᠠ᠂ ᠡᠯ᠎ᠡ ᠭᠠᠵᠠᠷ ᠣᠷᠣᠨ ᠲᠤᠰ ᠭᠠᠵᠠᠷ ᠣᠷᠣᠨ᠎ᠤ᠎ᠪᠠᠨ ᠠᠵᠤ ᠦᠢ᠍ᠯᠡᠳᠪᠦᠷᠢ ᠲᠦᠪᠯᠡᠷᠡᠭᠰᠡᠨ ᠣᠷᠣᠨ᠎ᠤ ᠪᠣᠬᠢᠷ ᠤᠰᠤ ᠵᠢ ᠰᠢᠢ᠍ᠳᠪᠦᠷᠢᠯᠡᠬᠦ ᠲᠥᠬᠥᠭᠡᠷᠦᠮᠵᠢ ᠵᠢᠨ ᠪᠠᠶ᠋ᠢᠳᠠᠯ᠎ᠢ ᠵᠢᠭᠰᠠᠭ᠋ᠠᠨ   ᠪᠠᠢ᠌ᠴᠠᠭ᠋ᠠᠬᠤ ᠵᠢ ᠳᠠᠷᠤᠶ ᠲᠦᠷᠭᠡᠨ ᠡᠬᠢᠯᠡᠭᠦᠯᠵᠦ᠂ 2017 ᠣᠨ᠎ᠤ ᠡᠴᠦᠰ᠎ᠠᠴᠠ ᠡᠮᠦᠨ᠎ᠡ᠂ ᠠᠵᠤ ᠦᠢ᠍ᠯᠡᠳᠪᠦᠷᠢ ᠲᠦᠪᠯᠡᠷᠡᠭᠰᠡᠨ ᠣᠷᠣᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠪᠡᠯᠡᠳᠬᠡᠮᠵᠢ ᠵᠢ ᠲᠣᠭᠲᠠᠭ᠋ᠠᠯ ᠶᠣᠰᠣᠭ᠋ᠠᠷ ᠪᠠᠢ᠌ᠭᠤᠯᠬᠤ ᠪᠥᠭᠡᠳ ᠠᠦ᠋ᠲ᠋ᠤᠴᠢᠯᠠᠭᠰᠠᠨ ᠰᠦᠯᠵᠢᠶᠡᠨ ᠳᠡᠭᠡᠷᠡᠬᠢ ᠬᠢᠨᠠᠨ ᠡᠵᠡᠮᠰᠢᠬᠦ ᠲᠥᠬᠥᠭᠡᠷᠦᠮᠵᠢ ᠵᠢ ᠤᠭᠰᠠᠷᠠᠨ᠎ᠠ᠃ ᠬᠤᠭᠤᠴᠠᠭ᠎ᠠ ᠶᠤᠰᠤᠭ᠋ᠠᠷ ᠪᠡᠶᠡᠯᠡᠭᠦᠯᠦᠭᠰᠡᠨ ᠤᠢ᠍ᠭᠡᠢ ᠪᠠᠶ᠋ᠢᠪᠠᠯ᠂   ᠲᠡᠭᠦᠨ᠎ᠤ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠢ ᠨᠡᠮᠡᠭᠳᠡᠬᠦᠯᠬᠦ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠬᠤ ᠵᠢ ᠴᠦᠮ ᠲᠦᠷ ᠵᠣᠭᠰᠣᠭ᠋ᠠᠬᠤ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠡᠭᠦᠨ᠎ᠤ ᠬᠦᠷᠢᠶᠡᠯᠡᠩ ᠲᠣᠭᠣᠷᠢᠭ᠎ᠤᠨ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ ᠬᠡᠪᠡ᠃
      ᠬᠤᠳᠠ ᠪᠠᠯᠭ᠋ᠠᠰᠤ ᠵᠢᠨ ᠠᠮᠢᠳᠤᠷᠠᠯ᠎ᠤᠨ ᠪᠣᠬᠢᠷᠲᠤᠯ᠎ᠢ ᠵᠠᠰᠠᠬᠤ ᠠᠵᠢᠯ᠎ᠢ ᠴᠢᠨᠭ᠌ᠭ᠋ᠠᠳᠬᠠᠨ᠎ᠠ᠃ 2020 ᠣᠨ ᠪᠣᠯᠬᠤ᠎ᠳᠤ᠂ ᠪᠥᠬᠦ ᠣᠷᠣᠨ᠎ᠤ ᠪᠣᠢ ᠪᠦᠬᠦᠢ ᠬᠣᠰᠢᠭᠤ ᠰᠢᠶᠠᠨ (ᠬᠤᠳᠠ᠂ ᠲᠣᠭᠣᠷᠢᠭ) ᠪᠣᠯᠤᠨ ᠭᠣᠣᠯᠳᠠᠯᠭ᠎ᠠ᠎ᠲᠠᠢ ᠪᠠᠯᠭ᠋ᠠᠰᠤ ᠵᠢ ᠪᠣᠬᠢᠷ ᠤᠰᠤ ᠵᠢ ᠴᠤᠭᠯᠠᠭᠤᠯᠵᠤ ᠰᠢᠢ᠍ᠳᠪᠦᠷᠢᠯᠡᠬᠦ ᠴᠢᠳᠠᠪᠤᠷᠢ᠎ᠲᠠᠢ ᠪᠤᠯᠭ᠋ᠠᠵᠤ᠂ ᠬᠣᠰᠢᠭᠤ ᠰᠢᠶᠠᠨ (ᠬᠤᠳᠠ᠂ ᠲᠣᠭᠣᠷᠢᠭ)᠂ ᠬᠤᠳᠠ ᠵᠢᠨ ᠪᠣᠬᠢᠷ ᠤᠰᠤ ᠰᠢᠢ᠍ᠳᠪᠦᠷᠢᠯᠡᠬᠦ ᠨᠣᠷᠮ᠎ᠠ ᠵᠢ ᠲᠣᠰ ᠲᠣᠰ 85%᠂ 95% ᠣᠷᠴᠢᠮ᠎ᠳᠤ ᠬᠦᠷᠦᠭᠦᠯᠦᠨ᠎ᠡ᠃ ᠳᠦᠬᠦᠷᠵᠢᠭᠰᠡᠨ ᠬᠣᠭᠣᠯᠠᠶ ᠲᠣᠣᠷ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠬᠤᠳᠠ᠎ᠳᠠᠬᠢ ᠲᠣᠰᠬᠣᠨ᠂ ᠬᠠᠭᠤᠴᠢᠨ ᠬᠤᠳᠠ ᠵᠢᠨ ᠲᠣᠭᠣᠷᠢᠭ ᠪᠠ ᠬᠤᠳᠠ ᠬᠥᠳᠡᠭᠡ ᠵᠢᠨ ᠠᠭᠤᠯᠵᠠᠷ ᠬᠡᠰᠡᠭ᠎ᠤᠨ ᠪᠣᠬᠢᠷ ᠤᠰᠤ ᠵᠢ   ᠬᠠᠰᠢᠵᠤ ᠬᠤᠷᠢᠭᠯᠠᠬᠤ᠂ ᠴᠤᠭᠯᠠᠭᠤᠯᠬᠤ ᠵᠢ ᠴᠢᠨᠭ᠌ᠭ᠋ᠠᠷᠠᠭᠤᠯᠬᠤ ᠬᠡᠷᠡᠭᠲᠡᠶ᠃ ᠬᠥᠬᠡᠬᠣᠲᠠ ᠵᠢᠨ ᠪᠠᠶ᠋ᠢᠭᠤᠯᠤᠭᠰᠠᠨ ᠲᠣᠭᠣᠷᠢᠭ 2017 ᠣᠨ ᠪᠤᠯᠲᠠᠯ᠎ᠠ᠂ ᠪᠤᠰᠤᠳ ᠭᠠᠵᠠᠷ ᠣᠷᠣᠨ᠎ᠤ ᠪᠠᠶ᠋ᠢᠭᠤᠯᠤᠭᠰᠠᠨ ᠲᠣᠭᠣᠷᠢᠭ᠎ᠤᠳ 2020 ᠤᠨ᠎ᠤ ᠡᠴᠦᠰ᠎ᠠᠴᠠ ᠡᠮᠦᠨ᠎ᠡ ᠪᠣᠬᠢᠷ ᠤᠰᠤ ᠵᠢ ᠦᠨᠳᠦᠰᠦᠨ᠎ᠳᠡᠭᠡᠨ ᠪᠦᠷᠢᠨ ᠴᠤᠭᠯᠠᠭᠤᠯᠬᠤ᠂ ᠪᠦᠬᠦᠨ᠎ᠢ ᠰᠢᠢ᠍ᠳᠪᠦᠷᠢᠯᠡᠬᠦ ᠬᠡᠷᠡᠭᠲᠡᠶ᠃ ᠤᠳᠤ ᠪᠠᠶ᠋ᠢᠭ᠎ᠠ ᠪᠤᠵᠠᠷ ᠰᠢᠪᠠᠷ᠎ᠢ ᠰᠢᠢ᠍ᠳᠪᠦᠷᠢᠯᠡᠬᠦ ᠲᠥᠬᠥᠭᠡᠷᠦᠮᠵᠢ ᠵᠢ 2017 ᠤᠨ᠎ᠤ ᠡᠴᠦᠰ᠎ᠠᠴᠠ ᠡᠮᠦᠨ᠎ᠡ ᠦᠨᠳᠦᠰᠦᠨ᠎ᠳᠡᠭᠡᠨ ᠪᠠᠷᠢᠮᠵᠢᠶ᠎ᠠ᠎ᠳᠤ ᠬᠦᠷᠭᠡᠭᠡᠨ ᠥᠭᠡᠷᠡᠴᠢᠯᠡᠬᠦ ᠵᠢ ᠪᠡᠶᠡᠯᠡᠭᠦᠯᠵᠦ᠂ ᠭᠠᠵᠠᠷ ᠣᠷᠣᠨ᠎ᠤ ᠲᠡᠰ᠎ᠤᠨ ᠬᠤᠳᠠ ᠵᠢᠨ ᠪᠣᠬᠢᠷ ᠰᠢᠪᠡᠷ᠎ᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠨᠤᠷᠮ᠎ᠠ ᠵᠢ 2020 ᠤᠨ᠎ᠤ ᠡᠴᠦᠰ᠎ᠠᠴᠠ ᠡᠮᠦᠨ᠎ᠡ 90%᠎ᠠᠴᠠ ᠳᠡᠭᠡᠭᠰᠢ᠎ᠳᠤ ᠬᠦᠷᠦᠭᠦᠯᠦᠨ᠎ᠡ᠃
      ᠲᠠᠷᠢᠶᠠᠯᠠᠩ ᠬᠥᠳᠡᠭᠡ ᠲᠣᠰᠬᠣᠨ᠎ᠤ ᠪᠣᠬᠢᠷᠲᠤᠯ᠎ᠤᠨ ᠰᠡᠷᠭᠡᠶ᠋ᠢᠯᠡ᠊ ᠵᠠᠰᠠᠯᠲᠠ ᠵᠢ ᠲᠥᠯᠬᠢᠨ ᠠᠬᠢᠭᠤᠯᠤᠨ᠎ᠠ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ᠎ᠳᠠᠬᠢ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠴᠠᠭ᠋ᠠᠵᠠᠲᠠᠢ ᠣᠷᠣᠨ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠣᠭᠲᠠᠭ᠋ᠠᠵᠤ᠂ 2017 ᠣᠨ᠎ᠤ ᠡᠴᠦᠰ᠎ᠠᠴᠠ ᠡᠮᠦᠨ᠎ᠡ᠂ ᠬᠠᠤᠯᠢ ᠶᠣᠰᠣᠭ᠋ᠠᠷ ᠲᠣᠭᠲᠠᠭ᠋ᠠᠭᠰᠠᠨ ᠲᠡᠵᠢᠭᠡᠬᠦ ᠵᠢ ᠴᠠᠭ᠋ᠠᠵᠠᠯᠠᠭᠰᠠᠨ ᠣᠷᠣᠨ᠎ᠤ ᠳᠣᠲᠣᠷᠠᠬᠢ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ (ᠵᠢᠵᠢᠭ ᠲᠣᠭᠣᠷᠢᠭ) ᠪᠠ ᠲᠡᠵᠢᠭᠡᠨ ᠦᠷᠡᠵᠢᠭᠦᠯᠬᠦ ᠲᠤᠰᠬᠠᠶ ᠡᠷᠤᠭᠡ ᠵᠢ ᠬᠠᠭ᠋ᠠᠬᠤ ᠪᠤᠶᠤ ᠨᠡᠭᠦᠯᠭᠡᠨ᠎ᠡ᠃ 2016 ᠣᠨ᠎ᠠᠴᠠ ᠡᠬᠢᠯᠡᠨ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠬᠡᠪᠴᠢᠶᠡᠵᠢᠬᠦᠯᠦᠭᠰᠡᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ (ᠵᠢᠵᠢᠭ ᠲᠣᠭᠣᠷᠢᠭ) ᠵᠢᠨ ᠪᠣᠷᠣᠭ᠋ᠠᠨ᠎ᠤ ᠤᠰᠤ ᠪᠣᠬᠢᠷ ᠤᠰᠤ ᠵᠢ ᠰᠠᠯᠭ᠋ᠠᠨ ᠵᠠᠯᠠᠵᠤ᠂ ᠰᠢᠭᠡᠭ ᠦᠷᠲᠡᠨᠭ᠎ᠳᠤ ᠪᠤᠬᠢᠷᠳᠤᠭᠰᠠᠨ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠨ᠎ᠠ᠃ ᠳᠤᠤᠷ᠎ᠠ ᠬᠤᠤᠷᠲᠤ ᠳᠤᠤᠷ᠎ᠠ ᠦᠯᠡᠳᠡᠴᠡᠲᠦ ᠪᠠᠭ᠋ᠠᠲᠠᠶ ᠲᠠᠷᠢᠶᠠᠨ ᠡᠮ ᠬᠡᠷᠡᠭᠯᠡᠬᠦ᠎ᠳᠤ ᠨᠥᠬᠥᠪᠥᠷᠢ ᠥᠭᠬᠦ ᠲᠤᠷᠰᠢᠯᠲᠠ ᠵᠢᠨ ᠲᠤᠷᠰᠢᠯᠭ᠎ᠠ ᠵᠢ ᠳᠡᠯᠭᠡᠷᠡᠭᠦᠯᠵᠤ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠪᠤᠬᠢᠷᠳᠤᠯ ᠦᠭᠡᠢ ᠰᠡᠷᠭᠡᠶ᠋ᠢᠯᠡᠨ ᠬᠢᠵᠠᠭ᠋ᠠᠷᠯᠠᠬᠤ ᠪᠠ ᠨᠢᠭᠡᠳᠦᠯᠲᠡᠶ᠎ᠪᠠᠷ ᠰᠡᠷᠭᠡᠶ᠋ᠢᠯᠡᠨ ᠵᠠᠰᠠᠵᠤ᠂ 2020 ᠣᠨ ᠪᠣᠯᠬᠤ᠎ᠳᠤ᠂ ᠲᠠᠷᠢᠮᠠᠯ᠎ᠤᠨ ᠡᠪᠡᠳᠴᠢᠨ ᠬᠣᠷᠣᠬᠠᠶ ᠵᠢ ᠨᠢᠭᠡᠳᠦᠯᠲᠡᠶ᠎ᠪᠠᠷ ᠰᠡᠷᠭᠡᠶ᠋ᠢᠯᠡᠨ   ᠵᠠᠰᠬᠤ ᠪᠦᠷᠬᠦᠴᠡ ᠵᠢᠨ ᠨᠤᠷᠮ᠎ᠠ ᠵᠢ 40 %᠎ᠠᠴᠠ ᠳᠡᠭᠡᠭᠰᠢ᠎ᠳᠤ ᠬᠦᠷᠦᠭᠦᠯᠦᠨ᠎ᠡ; ᠬᠥᠷᠥᠰᠥ ᠰᠢᠷᠣᠶ ᠵᠢ ᠰᠢᠯᠭ᠋ᠠᠵᠤ ᠪᠤᠷᠳᠤᠭᠤᠷ ᠣᠷᠣᠭᠤᠯᠬᠤ ᠵᠢ ᠬᠡᠷᠡᠭᠵᠢᠭᠦᠯᠵᠦ᠂ ᠨᠠᠷᠢᠯᠢᠭ ᠤᠨᠤᠪᠴᠢᠲᠠᠢ ᠪᠤᠷᠳᠤᠭᠤᠷ ᠣᠷᠣᠭᠤᠯᠬᠤ ᠮᠡᠷᠭᠡᠵᠢᠯ ᠪᠤᠯᠤᠨ ᠮᠠᠰᠢᠨ ᠪᠠᠭ᠋ᠠᠵᠢ ᠵᠢ ᠳᠡᠯᠭᠡᠷᠡᠬᠦᠯᠵᠤ᠂ 2020 ᠣᠨ ᠪᠣᠯᠬᠤ᠎ᠳᠤ᠂ ᠬᠥᠷᠥᠰᠥ ᠰᠢᠷᠤᠢ ᠵᠢ ᠰᠢᠯᠭ᠋ᠠᠵᠤ ᠪᠤᠷᠳᠤᠭᠤᠷ ᠣᠷᠣᠭᠤᠯᠬᠤ ᠮᠡᠷᠭᠡᠵᠢᠯ᠎ᠤᠨ ᠪᠦᠷᠬᠦᠴᠡ ᠵᠢᠨ ᠨᠤᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠵᠤ᠂ ᠬᠢᠮᠢ ᠵᠢᠨ ᠪᠤᠷᠳᠤᠭᠤᠷ ᠵᠢᠨ ᠠᠰᠢᠭᠯᠠᠮᠵᠢ ᠵᠢᠨ ᠨᠤᠷᠮ᠎ᠠ ᠵᠢ 40 %᠎ᠠᠴᠠ ᠳᠡᠭᠡᠭᠰᠢ᠎ᠳᠤ ᠬᠦᠷᠲᠡᠯ᠎ᠡ ᠳᠡᠭᠡᠭᠰᠢᠯᠡᠭᠦᠯᠦᠨ᠎ᠡ᠃
      ᠠᠵᠤ ᠠᠬᠤᠶ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠵᠤ ᠲᠡᠰ ᠳᠡᠪᠰᠢᠬᠦ ᠵᠢ ᠲᠦᠯᠬᠢᠨ ᠠᠬᠢᠭᠤᠯᠤᠨ᠎ᠠ
     《ᠰᠠᠨᠠᠯ》᠎ᠳᠤ ᠳᠤᠷᠠᠳᠤᠨ ᠭᠠᠷᠭ᠋ᠠᠭᠰᠠᠨ᠎ᠨᠢ᠂ ᠡᠯ᠎ᠡ ᠭᠠᠵᠠᠷ᠎ᠤᠨ᠎ᠬᠢᠨ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠠᠬᠤᠢ ᠵᠢᠨ ᠳᠠᠭ᠋ᠠᠭ᠋ᠠᠴᠠ ᠵᠢᠨ ᠴᠢᠳᠠᠪᠤᠷᠢ ᠵᠢ ᠬᠢᠨᠠᠨ ᠬᠡᠮᠵᠢᠵᠦ ᠦᠨᠡᠯᠡᠬᠦ ᠰᠢᠰᠲᠸᠮᠵᠢ ᠵᠢ ᠪᠠᠢ᠌ᠭᠤᠯᠵᠤ᠂ ᠳᠠᠭ᠋ᠠᠭ᠋ᠠᠬᠤ ᠴᠢᠳᠠᠪᠤᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠬᠡᠷᠡᠭᠵᠢᠭᠦᠯᠵᠦ᠂ ᠳᠠᠭ᠋ᠠᠭ᠋ᠠᠴᠠ᠎ᠠᠴᠠ ᠬᠡᠲᠦᠷᠡᠭᠰᠡᠨ ᠣᠷᠣᠨ᠎ᠳᠤ ᠤᠰᠤ ᠪᠣᠬᠢᠷᠲᠤᠭᠤᠯᠬᠤ ᠪᠣᠳᠠᠰ᠎ᠢ ᠪᠠᠭ᠋ᠠᠰᠬᠠᠬᠤ ᠲᠥᠰᠦᠯ᠎ᠢ ᠬᠡᠷᠡᠭᠵᠢᠬᠦᠯᠦᠨ᠂ ᠬᠥᠭᠵᠢᠯᠲᠡ ᠵᠢᠨ ᠲᠥᠯᠥᠪᠵᠢᠭᠦᠯᠭᠡ ᠪᠤᠯᠤᠨ ᠠᠵᠤ ᠦᠢ᠍ᠯᠡᠰ᠎ᠤᠨ ᠪᠦᠲᠦᠴᠡ ᠵᠢ ᠲᠦᠷᠭᠡᠳᠭᠡᠨ ᠲᠤᠬᠢᠷᠠᠭᠤᠯᠬᠤ ᠬᠡᠷᠡᠭᠲᠠᠢ᠃ 2020 ᠣᠨ ᠪᠣᠯᠬᠤ᠎ᠳᠤ᠂ ᠡᠯ᠎ᠡ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠠᠬᠤᠢ ᠵᠢᠨ ᠳᠠᠭ᠋ᠠᠭ᠋ᠠᠴᠠ ᠵᠢᠨ ᠴᠢᠳᠠᠪᠤᠷᠢ ᠵᠢᠨ ᠣᠳᠣᠬᠢ ᠪᠠᠶ᠋ᠢᠳᠠᠯ᠎ᠤᠨ ᠦᠨᠡᠯᠡᠯᠲᠡ ᠵᠢ ᠪᠡᠶᠡᠯᠡᠭᠦᠯᠦᠨ᠎ᠡ᠃ ᠪᠣᠬᠢᠷᠲᠤᠯ ᠡᠭᠦᠰᠭᠡᠬᠦ ᠠᠵᠤ ᠠᠬᠤᠶ᠋ᠢᠯᠠᠯ᠎ᠢ ᠤᠬᠤᠷᠢᠨ ᠭᠠᠷᠭ᠋ᠠᠵᠤ᠂ ᠬᠤᠳᠠ ᠵᠢᠨ ᠪᠠᠶ᠋ᠢᠭᠤᠯᠤᠭᠰᠠᠨ ᠲᠤᠭᠤᠷᠢᠭ᠎ᠲᠤ ᠤᠳᠤ ᠪᠠᠶ᠋ᠢᠭ᠎ᠠ ᠪᠤᠯᠤᠳ ᠲᠡᠮᠦᠷ᠂ ᠥᠩᠭᠡᠲᠦ ᠲᠡᠮᠦᠷᠯᠢᠭ᠂ ᠴᠠᠭ᠋ᠠᠰᠤ ᠬᠢᠬᠦ᠂ ᠳᠠᠷᠤᠮᠠᠯᠯᠠᠨ ᠪᠤᠳᠤᠬᠤ᠂ ᠲᠦᠭᠦᠬᠡᠶ ᠮᠠᠲ᠋ᠧᠷᠢᠶᠠᠯ᠎ᠤᠨ ᠡᠮ ᠦᠢ᠍ᠯᠡᠳᠬᠦ᠂ ᠬᠢᠮᠢ ᠵᠢᠨ ᠠᠵᠤ ᠦᠢ᠍ᠯᠡᠳᠪᠦᠷᠢ ᠵᠡᠷᠭᠡ ᠪᠣᠬᠢᠷᠲᠤᠯ ᠶᠡᠬᠡᠪᠲᠦᠷ ᠠᠵᠤ ᠠᠬᠤᠶ᠋ᠢᠯᠠᠯ᠎ᠢ ᠡᠮᠬᠢ ᠵᠢᠷᠤᠮ᠎ᠲᠠᠢ᠎ᠪᠠᠷ ᠨᠡᠭᠦᠯᠭᠡᠬᠦ ᠪᠤᠶᠤ ᠬᠠᠤᠯᠢ ᠶᠣᠰᠣᠭ᠋ᠠᠷ ᠬᠠᠭ᠋ᠠᠬᠤ ᠪᠤᠯᠤᠨ᠎ᠠ᠃
      ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠭᠠᠮᠨᠠᠨ ᠬᠠᠮᠠᠭ᠋ᠠᠯᠠᠨ᠎ᠠ
     《ᠰᠠᠨᠠᠯ》᠎ᠳᠤ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢ ᠬᠡᠷᠡᠭᠵᠢᠭᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠬᠦᠢ᠍ᠴᠡᠳᠭᠡᠯ ᠲᠣᠭ᠋ᠠᠨ᠎ᠤ ᠰᠢᠰᠲᠸᠮᠵᠢ ᠵᠢ

ᠲᠡᠭᠦᠯᠳᠡᠷᠵᠢᠭᠦᠯᠵᠦ᠂ 2020 ᠣᠨ᠎ᠳᠤ ᠪᠦᠬᠦ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 211 ᠳ᠋ᠦᠨᠭᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭ᠋ᠠᠷᠯᠠᠨ᠎ᠠ᠃ ᠡᠭᠦᠨ᠎ᠤ ᠬᠠᠮᠲᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ 2017 ᠣᠨ᠎ᠤ ᠡᠴᠦᠰ᠎ᠠᠴᠠ ᠡᠮᠦᠨ᠎ᠡ᠂ ᠪᠦᠬᠦ ᠤᠷᠤᠨ᠎ᠤ ᠭᠠᠵᠠᠷ ᠳᠤᠤᠷ᠎ᠠ᠎ᠠᠴᠠ ᠤᠰᠤ ᠭᠠᠷᠭ᠋ᠠᠬᠤ ᠵᠢ ᠴᠠᠭ᠋ᠠᠵᠠᠯᠠᠬᠤ ᠣᠷᠣᠨ᠂ ᠬᠡᠮᠵᠢᠶ᠎ᠡ᠎ᠲᠠᠢ ᠣᠷᠣᠨ ᠪᠤᠯᠤᠨ ᠭᠠᠵᠠᠷ᠎ᠤᠨ ᠭᠠᠳᠠᠷᠭᠤ ᠳᠤᠷᠤᠭᠰᠢ ᠰᠠᠭᠤᠬᠤ ᠵᠢ ᠬᠢᠵᠠᠭ᠋ᠠᠷᠯᠠᠬᠤ ᠣᠷᠣᠨ᠎ᠤ ᠬᠦᠷᠢᠶ᠎ᠡ ᠬᠡᠪᠴᠢᠶ᠎ᠡ ᠵᠢ ᠲᠣᠭᠲᠠᠭ᠋ᠠᠬᠤ ᠠᠵᠢᠯ᠎ᠢ ᠪᠡᠶᠡᠯᠡᠬᠦᠯᠦᠨ᠎ᠡ᠃
      ᠤᠰᠤᠨ᠎ᠤ ᠣᠷᠴᠢᠨ ᠠᠬᠤᠢ ᠵᠢᠨ ᠬᠠᠮᠢᠶᠠᠷᠤᠯᠲᠠ ᠵᠢ ᠴᠢᠨᠭ᠌ᠭ᠋ᠠᠳᠬᠠᠨ᠎ᠠ
      ᠡᠯ᠎ᠡ ᠵᠦᠢ᠍ᠯ᠎ᠤᠨ ᠤᠰᠤᠨ ᠴᠤᠭᠴᠠᠰ ᠤᠰᠤᠨ ᠴᠢᠨᠠᠷ᠎ᠤᠨ ᠬᠠᠮᠠᠭ᠋ᠠᠯᠠᠯᠲᠠ ᠵᠢᠨ ᠬᠠᠷᠠᠯᠲᠠ ᠵᠢ

ᠲᠤᠲᠤᠷᠬᠠᠢ᠌ᠯᠠᠵᠤ᠂ ᠤᠰᠤᠨ ᠴᠤᠭᠴᠠᠰ᠎ᠤᠨ ᠪᠠᠷᠢᠮᠵᠢᠶ᠎ᠠ᠎ᠳᠤ ᠬᠦᠷᠦᠭᠰᠡᠨ ᠪᠠᠶ᠋ᠢᠳᠠᠯ᠎ᠢ ᠨᠢᠭᠡ ᠨᠢᠭᠡ᠎ᠪᠠᠷ ᠵᠢᠭᠰᠠᠭ᠋ᠠᠨ ᠪᠠᠢ᠌ᠴᠠᠭ᠋ᠠᠨ᠎ᠠ᠃ 2016 ᠤᠨ᠎ᠠᠴᠠ ᠡᠬᠢᠯᠡᠨ᠂ ᠨᠡᠶ᠋ᠢᠭᠡᠮ ᠨᠡᠶ᠋ᠢᠲᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ ᠬᠡᠷᠡᠭᠲᠡᠶ᠃ ᠤᠰᠦᠠ᠎ᠤ ᠴᠢᠨᠠᠷ᠎ᠨᠢ ᠪᠠᠷᠢᠮᠵᠢᠶ᠎ᠠ᠎ᠳᠤ ᠬᠥᠷᠥᠭᠰᠡᠨ ᠥᠭᠡᠢ ᠣᠷᠣᠨ ᠪᠦᠰᠡ ᠵᠢ ᠰᠢᠮᠳᠠᠭᠤᠯᠤᠨ ᠭᠦᠢ᠍ᠴᠡᠳᠭᠡᠯᠭᠡᠵᠤ᠂ ᠴᠢᠬᠤᠯᠠ᠎ᠲᠠᠢ ᠦᠶ᠎ᠡ᠎ᠳᠤ ᠣᠷᠣᠨ ᠪᠦᠰᠡ ᠵᠢᠨ ᠵᠥᠪᠰᠢᠶᠡᠷᠡᠯ᠎ᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠬᠢᠨᠠᠨ ᠣᠯᠭᠣᠵᠤ᠂ 2015 ᠣᠨ᠎ᠤ ᠡᠴᠦᠰ᠎ᠠᠴᠠ ᠡᠮᠦᠨ᠎ᠡ᠂ ᠤᠯᠤᠰ᠎ᠤᠨ ᠡᠵᠡᠮᠰᠢᠯᠲᠦ ᠭᠣᠣᠯᠳᠠᠯᠭ᠎ᠠ᠎ᠲᠠᠢ ᠪᠣᠬᠢᠷᠲᠤᠯ᠎ᠤᠨ ᠰᠤᠷᠪᠤᠯᠵᠢ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠭᠠᠵᠠᠷ ᠣᠷᠣᠨ᠎ᠤ ᠪᠣᠬᠢᠷᠲᠤᠯ᠎ᠤᠨ   ᠰᠤᠷᠪᠤᠯᠵᠢᠲᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠬᠢᠨᠠᠨ ᠣᠯᠭᠣᠬᠤ ᠠᠵᠢᠯ᠎ᠢ ᠪᠡᠶᠡᠯᠡᠭᠦᠯᠵᠦ᠂ ᠪᠤᠰᠤᠳ ᠪᠣᠬᠢᠷᠲᠤᠯ᠎ᠤᠨ ᠡᠬᠢ ᠰᠤᠷᠪᠤᠯᠵᠢ ᠵᠢ 2017 ᠤᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃
      ᠣᠷᠴᠢᠨ ᠲᠤᠭᠤᠷᠢᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠨᠭ᠌ᠳᠠᠯᠠᠨ᠎ᠠ
      ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠵᠦ᠂ ᠪᠠᠷᠢᠮᠵᠢᠶ᠎ᠠ ᠵᠢᠨ ᠰᠢᠰᠲᠸᠮᠵᠢ ᠵᠢ ᠲᠡᠭᠦᠯᠳᠡᠷᠵᠢᠬᠦᠯᠦᠨ᠎ᠡ᠃  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠲᠦᠷᠢᠮ》᠎ᠢ ᠲᠤᠭᠲᠠᠭ᠋ᠠᠨ᠎ᠠ (ᠵᠠᠰᠠᠪᠤᠷᠢ ᠤᠷᠤᠭᠤᠯᠤᠨ᠎ᠠ)᠃ ᠬᠠᠤᠯᠢ ᠬᠡᠷᠡᠭᠵᠢᠭᠦᠯᠬᠦ ᠡᠷᠴᠢᠮ ᠵᠶ᠋ᠠᠨ ᠨᠡᠮᠡᠭᠳᠡᠭᠦᠯᠦᠨ᠎ᠡ᠃ 2016 ᠣᠨ᠎ᠠᠴᠠ ᠡᠬᠢᠯᠡᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠰᠢᠷ᠎ᠠ ᠫᠠᠶ᠋ᠢᠰᠠ》᠂ 《ᠤᠯᠠᠭ᠋ᠠᠨ ᠫᠠᠶ᠋ᠢᠰᠠ》 ᠤᠯᠤᠭᠰᠠᠨ ᠠᠵᠤ ᠠᠬᠤᠶ᠋ᠢᠯᠠᠯ᠎ᠤᠨ ᠨᠡᠷᠡᠰ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠤ᠂   ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠨᠢᠭᠡᠴᠡ ᠵᠢᠨ ᠭᠠᠳᠠᠭᠰᠢᠯᠠᠭᠤᠯᠤᠯᠲᠠ᠎ᠨᠢ ᠪᠠᠷᠢᠮᠵᠢᠶ᠎ᠠ᠎ᠳᠤ ᠬᠦᠷᠦᠨᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠭᠤᠴᠠᠨ ᠪᠠᠢ᠌ᠴᠠᠭ᠋ᠠᠵᠤ᠂ ᠦᠷ᠎ᠡ ᠳ᠋ᠦᠨᠭ᠎ᠢ ᠨᠡᠶ᠋ᠢᠭᠡᠮ᠎ᠳᠤ ᠨᠡᠢ᠌ᠲᠡᠯᠡᠨ᠎ᠡ᠃ ᠣᠷᠴᠢᠨ ᠲᠤᠭᠤᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠪᠦᠳᠤᠭᠡᠨ ᠪᠠᠶ᠋ᠢᠭᠤᠯᠤᠯᠲᠠ ᠵᠢᠨ   ᠲᠦᠷᠦᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠬᠦᠯᠬᠦ ᠨᠦᠯᠦᠭᠡ ᠵᠢ ᠦᠨᠡᠯᠡᠬᠦ ᠬᠦᠷᠢᠶ᠎ᠡ ᠬᠡᠪᠴᠢᠶ᠎ᠠ᠎ᠳᠠᠬᠢ ᠡᠷᠬᠡ᠎ᠠᠴᠠ᠎ᠪᠠᠨ ᠳᠠᠪᠠᠵᠤ ᠬᠢᠨᠠᠨ ᠵᠥᠪᠰᠢᠶᠡᠷᠡᠬᠦ᠂ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠢ᠌ᠭᠤᠯᠬᠤ᠂ ᠵᠥᠪᠰᠢᠶᠡᠷᠡᠭᠦᠯᠵᠦ ᠪᠠᠶ᠋ᠢᠬᠤ ᠵᠢᠨ ᠳᠠᠭ᠋ᠠᠤ ᠪᠠᠢ᠌ᠭᠤᠯᠬᠤ᠂ ᠤᠳᠠᠭ᠋ᠠᠨ ᠵᠢᠯ ᠲᠤᠷᠰᠢᠭ᠋ᠠᠳ ᠦᠯᠦ ᠰᠢᠯᠭ᠋ᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠶᠠᠯ᠎ᠠ ᠬᠢᠭᠰᠡᠨ᠎ᠳᠤ ᠲᠤᠭ᠋ᠠᠴᠠᠭᠳᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠰᠤᠨ᠎ᠤ ᠣᠷᠴᠢᠨ ᠠᠬᠤᠢ ᠵᠢ ᠬᠢᠨᠠᠨ ᠬᠡᠮᠵᠢᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠣᠷᠴᠢᠨ ᠲᠤᠭᠤᠷᠢᠨ᠎ᠢ ᠬᠢᠨᠠᠨ ᠬᠠᠮᠢᠶᠠᠷᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃ ᠬᠢᠨᠠᠨ ᠬᠡᠮᠵᠢᠬᠦ ᠣᠭᠲᠣᠯᠤᠭ᠋ᠠᠰᠤ (ᠭᠠᠵᠠᠷ ᠣᠷᠣᠨ) ᠵᠢ ᠨᠢᠭᠡᠳᠦᠯᠲᠡᠶ ᠲᠥᠯᠥᠪᠵᠢᠭᠦᠯᠦᠨ ᠲᠤᠬᠢᠷᠠᠭᠤᠯᠵᠤ᠂ ᠡᠯ᠎ᠡ ᠭᠠᠵᠠᠷ ᠣᠷᠣᠨ 2016 ᠣᠨ᠎ᠠᠴᠠ ᠡᠬᠢᠯᠡᠨ ᠣᠷᠴᠢᠨ ᠲᠤᠭᠤᠷᠢᠨ᠎ᠢ ᠬᠢᠨᠠᠨ ᠬᠠᠮᠢᠶᠠᠷᠬᠤ ᠰᠦᠯᠵᠢᠶᠡᠨ᠎ᠤ ᠲᠤᠤᠷᠴᠢᠯᠠᠭᠰᠠᠨ ᠬᠠᠮᠢᠶᠠᠷᠤᠯᠲᠠ ᠵᠢ ᠬᠡᠷᠡᠭᠵᠢᠬᠦᠯᠦᠨ᠎ᠡ᠃
      ᠤᠰᠤᠨ᠎ᠤ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠨ᠎ᠠ
     《ᠰᠠᠨᠠᠯ》᠎ᠳᠤ ᠵᠢᠭ᠋ᠠᠵᠤ ᠭᠠᠷᠭ᠋ᠠᠭᠰᠠᠨ᠎ᠨᠢ᠂ ᠡᠯ᠎ᠡ ᠭᠠᠵᠠᠷ ᠣᠷᠣᠨ ᠵᠢᠴᠢ ᠤᠰᠤ ᠬᠠᠩᠭ᠋ᠠᠬᠤ ᠨᠢᠭᠡᠴᠡ ᠲᠤᠰ ᠵᠠᠰᠠᠭ ᠵᠠᠬᠢᠷᠭ᠋ᠠᠨ᠎ᠤ ᠣᠷᠣᠨ᠎ᠤ ᠤᠤᠭᠤᠬᠤ ᠤᠰᠤᠨ᠎ᠤ ᠡᠬᠢ ᠰᠤᠷᠪᠤᠯᠵᠢ᠂ ᠤᠰᠤ ᠬᠠᠩᠭ᠋ᠠᠬᠤ ᠦᠢ᠍ᠯᠡᠳᠪᠦᠷᠢ ᠵᠢᠨ ᠤᠰᠤ ᠭᠠᠷᠭ᠋ᠠᠬᠤ ᠪᠠ ᠬᠡᠷᠡᠭᠯᠡᠭᠴᠢ ᠵᠢᠨ ᠤᠰᠤᠨ ᠭᠤᠭᠤᠵᠢᠭᠤᠷ᠎ᠠᠴᠠ ᠭᠠᠷᠬᠤ ᠤᠰᠤᠨ᠎ᠤ ᠴᠢᠨᠠᠷ ᠵᠡᠷᠭᠡ ᠤᠤᠭᠤᠬᠤ ᠤᠰᠤᠨ᠎ᠤ ᠠᠶᠤᠯ ᠥᠭᠡᠢ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ᠂ ᠪᠠᠶ᠋ᠢᠴᠠᠭ᠋ᠠᠨ ᠬᠡᠮᠵᠢᠬᠦ ᠪᠠ ᠦᠨᠡᠯᠡᠨ ᠵᠢᠱ᠌ᠢᠵᠤ᠂ ᠭᠠᠵᠠᠷ ᠣᠷᠣᠨ᠎ᠤ ᠲᠡᠰ᠎ᠤᠨ ᠬᠤᠲᠠ 2016 ᠣᠨ᠎ᠠᠴᠠ ᠡᠬᠢᠯᠡᠨ ᠤᠯᠠᠷᠢᠯ ᠪᠦᠷᠢ ᠨᠢᠭᠡ ᠤᠳᠠᠭ᠎ᠠ ᠨᠡᠶ᠋ᠢᠭᠡᠮ ᠨᠡᠶ᠋ᠢᠲᠡ᠎ᠳᠤ ᠢᠯᠡ᠎ᠪᠠᠷ ᠵᠠᠷᠯᠠᠨ᠎ᠠ᠃ 2018 ᠣᠨ᠎ᠠᠴᠠ ᠡᠬᠢᠯᠡᠨ᠂ ᠪᠤᠢ ᠪᠦᠬᠦᠢ ᠬᠣᠰᠢᠭᠤ ᠰᠢᠶᠠᠨ (ᠬᠤᠳᠠ᠂ ᠲᠣᠭᠣᠷᠢᠭ)᠎ᠤ ᠬᠤᠳᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠶ᠋ᠢᠳᠠᠯ᠎ᠤᠨ ᠮᠡᠳᠡᠭᠡ ᠵᠠᠩᠭᠢ ᠪᠥᠬᠥᠨ᠎ᠢ ᠴᠥᠮ ᠨᠡᠶ᠋ᠢᠭᠡᠮ᠎ᠳᠤ ᠢᠯᠡ ᠪᠤᠯᠭ᠋ᠠᠨ᠎ᠠ᠃ ᠲᠦᠩᠯᠢᠶᠣᠤ ᠬᠤᠳᠠ᠂ ᠬᠢᠩᠭ᠋ᠠᠨ ᠠᠶ᠋ᠢᠮᠠᠭ᠂ ᠬᠥᠯᠥᠨ ᠪᠤᠢ᠍ᠢ᠍ᠷ ᠬᠤᠳᠠ᠂ ᠠᠯᠠᠱ᠌ᠠ ᠠᠶ᠋ᠢᠮᠠᠭ᠂ ᠰᠢᠯᠢ ᠵᠢᠨ ᠭᠣᠣᠯ ᠠᠶ᠋ᠢᠮᠠᠭ᠂ ᠦᠬᠠᠶ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠵᠡᠷᠭᠡ ᠭᠠᠵᠠᠷ ᠣᠷᠣᠨ᠎ᠤ᠎ᠬᠢᠨ 2020 ᠣᠨ᠎ᠠᠴᠠ ᠡᠮᠦᠨ᠎ᠡ᠂ ᠪᠡᠯᠡᠳᠬᠡᠯ ᠤᠰᠤᠨ ᠰᠤᠷᠪᠤᠯᠵᠢ ᠪᠤᠶᠤ ᠪᠠᠴᠢᠮ ᠪᠠᠶ᠋ᠢᠳᠠᠯ᠎ᠢ ᠠᠷᠭ᠋ᠠᠴᠠᠬᠤ ᠣᠰᠣᠠ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ  ᠃ ᠬᠥᠳᠡᠭᠡ ᠲᠣᠰᠬᠣᠨ᠎ᠤ ᠤᠤᠭᠤᠬᠤ ᠣᠰᠣᠨ᠎ᠤ ᠰᠤᠷᠪᠤᠯᠵᠢ ᠵᠢᠨ ᠬᠠᠮᠠᠭ᠋ᠠᠯᠠᠯᠲᠠ ᠪᠠ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ ᠵᠢ ᠴᠢᠨᠭ᠌ᠭ᠋ᠠᠳᠬᠠᠨ᠎ᠠ᠃
      ᠣᠷᠴᠢᠨ ᠲᠤᠭᠤᠷᠢᠨ᠎ᠤ ᠬᠤᠷᠮᠤᠨᠯᠢᠭ ᠬᠢᠮᠢ ᠵᠢᠨ ᠪᠣᠳᠠᠰ᠎ᠤᠨ ᠪᠣᠬᠢᠷᠲᠤᠯ᠎ᠢ ᠴᠢᠩᠭ᠎ᠠ ᠬᠢᠵᠠᠭ᠋ᠠᠷᠯᠠᠨ᠎ᠠ᠃ 2017 ᠣᠨ᠎ᠤ ᠵᠢᠯ᠎ᠤᠨ ᠡᠴᠦᠰ᠎ᠠᠴᠠ ᠡᠮᠦᠨ᠎ᠡ ᠣᠷᠴᠢᠨ ᠲᠤᠭᠤᠷᠢᠨ᠎ᠤ ᠬᠤᠷᠮᠤᠨᠯᠢᠭ ᠬᠢᠮᠢ ᠵᠢᠨ ᠵᠦᠢ᠍ᠯ᠎ᠢ ᠦᠢ᠍ᠯᠡᠳᠪᠦᠷᠢᠯᠡᠨ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠪᠠᠢ᠌ᠴᠠᠭ᠋ᠠᠨ ᠳᠠᠭᠤᠰᠬᠠᠵᠤ᠂ ᠤᠰᠤᠨ ᠰᠤᠷᠪᠤᠯᠵᠢ ᠵᠢᠨ ᠭᠠᠵᠠᠷ᠂ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠷᠢᠶᠠᠯᠠᠭ᠎ᠠ ᠵᠢᠨ ᠣᠷᠣᠨ ᠵᠢᠴᠢ ᠤᠰᠤᠨ ᠭᠠᠷᠤᠯᠲᠠ ᠵᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠣᠷᠣᠨ᠎ᠤ ᠠᠶᠤᠯ ᠲᠦᠭᠰᠢᠭᠦᠷᠢ ᠵᠢ ᠬᠢᠨᠠᠨ ᠡᠵᠡᠮᠳᠡᠨ ᠦᠨᠡᠯᠡᠨ ᠵᠢᠱ᠌ᠢᠵᠤ᠂ ᠣᠷᠴᠢᠨ ᠲᠤᠭᠤᠷᠢᠨ᠎ᠤ ᠬᠤᠷᠮᠤᠨᠯᠢᠭ ᠬᠢᠮᠢ ᠵᠢᠨ ᠵᠦᠢ᠍ᠯ᠎ᠢ ᠴᠠᠭ᠋ᠠᠵᠠᠯᠠᠬᠤ᠂ ᠬᠢᠵᠠᠭ᠋ᠠᠷᠯᠠᠬᠤ᠂ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃
      ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠭᠠᠵᠠᠷ ᠳᠣᠣᠷᠠᠬᠢ   ᠤᠰᠤ ᠵᠢ ᠲᠥᠪᠯᠡᠷᠡᠩᠭᠦᠶ᠎ᠪᠠᠷ ᠲᠠᠲᠠᠵᠤ ᠤᠤᠭᠤᠬᠤ ᠤᠰᠤᠨ᠎ᠤ ᠡᠬᠢ ᠰᠤᠷᠪᠤᠯᠵᠢ᠎ᠪᠠᠨ ᠨᠥᠬᠥᠨ ᠬᠠᠨᠭ᠌ᠭ᠋ᠠᠵᠤ ᠪᠠᠢ᠌ᠭ᠎ᠠ ᠣᠷᠣᠨ ᠵᠡᠷᠭᠡ ᠣᠷᠣᠨ ᠪᠦᠰᠡ ᠵᠢᠨ ᠣᠷᠴᠢᠨ ᠲᠤᠭᠤᠷᠢᠨ᠎ᠤ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠵᠢᠱ᠌ᠢᠬᠦ ᠬᠡᠷᠡᠭᠲᠠᠢ᠃ ᠲᠤᠰᠤ ᠨᠡᠮᠡᠬᠦ ᠥᠷᠲᠡᠭᠡᠨ᠎ᠤ ᠭᠠᠵᠠᠷ ᠳᠣᠣᠷᠠᠬᠢ ᠲᠤᠰᠤᠨ ᠰᠠᠪᠠ ᠵᠢ 2017 ᠤᠨ᠎ᠤ ᠵᠢᠯ᠎ᠤᠨ ᠡᠴᠦᠰ᠎ᠠᠴᠠ ᠡᠮᠦᠨ᠎ᠡ ᠪᠥᠬᠥᠳᠡ ᠵᠢ ᠰᠢᠨᠡᠳᠭᠡᠨ ᠳᠠᠪᠬᠤᠷ ᠰᠠᠪᠠ ᠪᠤᠶᠤ ᠨᠡᠪᠴᠢᠬᠦ ᠵᠢ ᠰᠡᠷᠭᠡᠶ᠋ᠢᠯᠡᠬᠦ ᠴᠥᠭᠥᠷᠥᠮ ᠪᠠᠢ᠌ᠭᠤᠯᠤᠨ᠎ᠠ᠃ ᠬᠠᠶᠠᠭᠳᠠᠮᠠᠯ ᠠᠭᠤᠷᠬᠠᠶ ᠵᠢᠨ ᠬᠤᠳᠳᠤᠭ᠂ ᠡᠷᠦᠮᠳᠡᠭᠰᠡᠨ ᠬᠤᠳᠳᠤᠭ᠂ ᠤᠰᠤᠨ ᠬᠤᠳᠳᠤᠭ᠎ᠢ ᠪᠦᠭᠯᠡᠨ᠎ᠡ᠃
      ᠬᠤᠳᠠ ᠵᠢᠨ ᠬᠠᠷ᠎ᠠ ᠦᠮᠡᠬᠡᠶ ᠤᠰᠤ ᠵᠢ ᠴᠡᠭᠴᠡᠯᠡᠨ ᠵᠠᠰᠠᠨ᠎ᠠ᠃ ᠭᠠᠵᠠᠷ ᠣᠷᠣᠨ᠎ᠤ ᠲᠡᠰ᠎ᠤᠨ ᠬᠤᠲᠠ ᠵᠢᠨ ᠪᠠᠶ᠋ᠢᠭᠤᠯᠤᠭᠰᠠᠨ ᠲᠣᠭᠣᠷᠢᠭ 2015 ᠣᠨ᠎ᠤ ᠵᠢᠯ᠎ᠤᠨ ᠡᠴᠦᠰ᠎ᠠᠴᠠ ᠡᠮᠦᠨ᠎ᠡ ᠤᠰᠤ ᠵᠢ ᠵᠢᠭᠰᠠᠭ᠋ᠠᠨ ᠪᠠᠢ᠌ᠴᠠᠭ᠋ᠠᠬᠤ ᠠᠵᠢᠯ ᠵᠶ᠋ᠠᠨ ᠳᠠᠭᠤᠰᠬᠠᠵᠤ᠂ ᠬᠠᠷ᠎ᠠ ᠦᠮᠡᠬᠡᠶ ᠤᠰᠤᠨ᠎ᠤ ᠨᠡᠷᠡᠶ᠋ᠢᠳᠦᠯ᠂ ᠬᠠᠷᠢᠭᠤᠴᠠᠯᠭ᠋ᠠᠲᠠᠨ ᠬᠢᠭᠡᠳ ᠪᠠᠷᠢᠮᠵᠢᠶ᠎ᠠ᠎ᠳᠤ ᠬᠦᠷᠭᠡᠬᠦ ᠬᠤᠭᠤᠴᠠᠭ᠎ᠠ ᠵᠢ ᠨᠡᠢ᠌ᠲᠡᠯᠡᠨ᠎ᠡ; 2017 ᠤᠨ᠎ᠤ ᠵᠢᠯ᠎ᠤᠨ ᠡᠴᠦᠰ᠎ᠠᠴᠠ ᠡᠮᠦᠨ᠎ᠡ ᠭᠣᠣᠯ᠎ᠤᠨ ᠤᠰᠤᠨ᠎ᠳᠤ ᠶᠡᠬᠡ   ᠬᠡᠪᠴᠢᠶᠡᠨ᠎ᠤ ᠬᠥᠪᠦᠮᠡᠯ ᠪᠤᠳᠠᠰ ᠳᠡᠭᠳᠡᠬᠦ ᠦᠭᠡᠶ᠂ ᠭᠣᠣᠯ᠎ᠤᠨ ᠡᠷᠭᠢ᠎ᠳᠤ ᠬᠣᠭ ᠨᠣᠪᠰᠢ ᠦᠭᠡᠢ᠂ ᠬᠠᠤᠯᠢ᠎ᠠᠴᠠ ᠵᠥᠷᠢᠴᠡᠵᠦ   ᠪᠤᠬᠢᠷᠳᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠦᠭᠡᠢ ᠪᠠᠢ᠌ᠬᠤ ᠵᠢ ᠪᠠᠲᠤᠯᠠᠨ᠎ᠠ; 2020 ᠤᠨ᠎ᠤ ᠵᠢᠯ᠎ᠤᠨ ᠡᠴᠦᠰ᠎ᠠᠴᠠ ᠡᠮᠦᠨ᠎ᠡ ᠬᠠᠷ᠎ᠠ ᠦᠮᠡᠬᠡᠶ ᠤᠰᠤ ᠵᠢ ᠵᠠᠰᠠᠬᠤ ᠬᠠᠷᠠᠯᠲᠠ ᠵᠢ ᠪᠡᠶᠡᠯᠡᠭᠦᠯᠬᠦ ᠪᠤᠯᠤᠨ᠎ᠠ᠃ 2017 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠬᠥᠬᠡᠬᠣᠲᠠ ᠵᠢᠨ ᠪᠠᠶ᠋ᠢᠭᠤᠯᠤᠭᠰᠠᠨ ᠲᠣᠭᠣᠷᠢᠭ᠎ᠤᠨ ᠬᠠᠷ᠎ᠠ ᠦᠮᠡᠬᠡᠶ ᠤᠰᠤ ᠵᠢ ᠦᠨᠳᠦᠰᠦᠨ᠎ᠳᠤᠨᠢ ᠠᠷᠢᠯᠭ᠋ᠠᠵᠤ᠂ ᠪᠤᠰᠤᠳ ᠭᠠᠵᠠᠷ ᠣᠷᠣᠨ᠎ᠤ ᠲᠡᠰ᠎ᠤᠨ ᠬᠤᠲᠠ ᠵᠢᠨ ᠪᠠᠶ᠋ᠢᠭᠤᠯᠤᠭᠰᠠᠨ ᠲᠣᠭᠣᠷᠢᠭ᠎ᠨᠢ ᠴᠡᠭᠴᠡᠯᠡᠨ ᠵᠠᠰᠠᠬᠤ ᠬᠠᠷᠠᠯᠲᠠ ᠵᠢᠨ ᠵᠶ᠋ᠠᠨ 70% ᠵᠢ ᠪᠡᠶᠡᠯᠡᠬᠦᠯᠬᠦ ᠪᠤᠯᠤᠨ᠎ᠠ᠃
      ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠤᠨ᠎ᠠ
     《ᠰᠠᠨᠠᠯ》᠎ᠳᠤ ᠱᠠᠭ᠋ᠠᠷᠳᠠᠭᠰᠠᠨ᠎ᠨᠢ᠂ ᠤᠰᠤᠨ᠎ᠤ ᠦᠨ᠎ᠡ ᠬᠠᠨᠭ᠌ᠰᠢ ᠵᠢᠨ ᠥᠭᠡᠷᠡᠴᠢᠯᠡᠯᠲᠡ ᠵᠢ ᠲᠦᠷᠭᠡᠳᠬᠡᠨ᠂ ᠬᠣᠰᠢᠭᠤ ᠰᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠬᠣᠲᠠ 2015 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠰᠠᠭᠤᠭ᠋ᠠᠯᠢ ᠠᠷᠠᠳ᠎ᠤᠨ ᠱᠠᠲᠤᠯᠢᠭ ᠤᠰᠤᠨ᠎ᠤ ᠦᠨ᠎ᠡ ᠵᠢᠨ ᠲᠥᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠨᠥᠬᠥᠴᠡᠯ ᠪᠦᠷᠢᠯᠳᠦᠭᠦᠯᠦᠭᠰᠡᠨ ᠪᠠᠢ᠌ᠭᠤᠯᠤᠯᠲᠤ ᠪᠠᠯᠭ᠋ᠠᠰᠤ ᠴᠤ᠌ ᠢᠳᠡᠪᠬᠢᠲᠡᠶ᠎ᠪᠠᠷ ᠲᠦᠯᠬᠢᠨ ᠠᠬᠢᠭᠤᠯᠬᠤ ᠬᠡᠷᠡᠭᠲᠡᠶ᠃ 2020 ᠣᠨ᠎ᠤ ᠵᠢᠯ᠎ᠤᠨ ᠡᠴᠦᠰ᠎ᠠᠴᠠ ᠡᠮᠦᠨ᠎ᠡ᠂   ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠪᠤᠰᠤ ᠤᠰᠤ᠎ᠨᠢ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ᠂ ᠲᠥᠯᠥᠪᠯᠡᠭᠡ᠎ᠠᠴᠠ ᠬᠡᠲᠦᠷᠡᠭᠰᠡᠨ ᠪᠠᠢ᠌ᠪᠠᠯ ᠨᠡᠢ᠌ᠯᠡᠪᠦᠷᠢ᠎ᠪᠠᠷ᠎ᠨᠢ ᠦᠨ᠎ᠡ ᠨᠡᠮᠡᠵᠤ ᠪᠤᠳᠤᠬᠤ ᠲᠥᠷᠢᠮ᠎ᠢ ᠪᠦᠬᠦ ᠲᠠᠯ᠎ᠠ᠎ᠪᠠᠷ ᠬᠡᠷᠡᠭᠵᠢᠬᠦᠯᠦᠨ᠎ᠡ᠃ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠡᠭᠦᠨ᠎ᠠᠴᠠ ᠭᠠᠳᠠᠨ᠎ᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠪᠠᠢ᠌ᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠠᠭᠰᠠᠨ ᠲᠡᠷᠢᠭᠦᠨ᠎ᠤ ᠠᠵᠤ ᠠᠬᠤᠶ᠋ᠢᠯᠠᠯ᠂ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠎ᠤ ᠤᠰᠤ ᠬᠡᠷᠡᠭᠯᠡᠬᠦ ᠦᠷ᠎ᠡ ᠪᠦᠲᠦᠮᠵᠢ᠂ ᠪᠣᠬᠢᠷᠲᠤᠭᠤᠯᠬᠤ ᠪᠣᠳᠠᠰ   ᠭᠠᠳᠠᠭᠰᠢᠯᠠᠭᠤᠯᠬᠤ ᠬᠦᠴᠦᠯᠡᠴᠡ ᠵᠡᠷᠭᠡ ᠵᠢ ᠨᠡᠩ ᠥᠨᠳᠥᠷ ᠪᠠᠷᠢᠮᠵᠢᠶ᠎ᠠ᠎ᠳᠤ ᠬᠦᠷᠭᠡᠬᠦ ᠵᠢ ᠵᠤᠷᠢᠭᠵᠢᠭᠤᠯᠤᠨ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠦᠷᠨᠢᠭᠦᠯᠦᠭᠰᠡᠨ᠂ ᠤᠰᠤ ᠵᠢ ᠠᠷᠪᠢᠯᠠᠵᠤ ᠬᠡᠷᠡᠭᠯᠡᠭᠰᠡᠨ ᠪᠠ ᠪᠣᠬᠢᠷᠲᠤᠯ᠎ᠢ ᠵᠠᠰᠠᠭᠰᠠᠨ ᠵᠡᠷᠭᠡ ᠦᠯᠢᠬᠡᠷ ᠵᠢᠱ᠌ᠢᠶ᠎ᠡ ᠵᠢ ᠳᠡᠮᠵᠢᠨ᠎ᠡ᠃ ᠡᠭᠦᠨ᠎ᠤ ᠬᠠᠮᠲᠤ ᠣᠷᠴᠢᠨ ᠲᠤᠭᠤᠷᠢᠨ᠎ᠤ ᠢᠲᠡᠭᠡᠮᠵᠢ ᠵᠢᠨ ᠰᠢᠰᠲᠸᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠲᠡᠭᠡᠯ᠎ᠲᠠᠢ ᠪᠠᠢ᠌ᠬᠤ ᠵᠢ ᠤᠷᠮᠠᠰᠢᠭᠤᠯᠬᠤ ᠪᠠ ᠢᠲᠡᠭᠡᠯ ᠵᠶ᠋ᠠᠨ ᠠᠯᠳᠠᠬᠤ ᠵᠢ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠵᠤ᠂ 2017 ᠣᠨ᠎ᠤ ᠵᠢᠯ᠎ᠤᠨ ᠡᠴᠦᠰ᠎ᠠᠴᠠ ᠡᠮᠦᠨ᠎ᠡ ᠠᠵᠤ ᠠᠬᠤᠶ᠋ᠢᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠬᠦ ᠰᠢᠰᠲ᠋ᠧᠮ ᠵᠢ ᠱᠠᠳᠤ ᠬᠤᠪᠢᠶᠠᠨ

ᠪᠠᠢ᠌ᠭᠤᠯᠤᠨ᠎ᠠ᠃
     《ᠰᠠᠨᠠᠯ》᠎ᠳᠤ ᠪᠠᠰᠠ ᠬᠢᠯᠢ ᠰᠤᠨᠳᠠᠯᠠᠭᠰᠠᠨ ᠤᠰᠤᠨ᠎ᠤ ᠣᠷᠴᠢᠨ ᠲᠤᠭᠤᠷᠢᠨ᠎ᠤ ᠨᠦᠬᠦᠪᠦᠷᠢ ᠦᠭᠭᠦ ᠵᠢ ᠬᠡᠷᠡᠭᠵᠢᠬᠦᠯᠬᠦ ᠬᠡᠷᠡᠭᠲᠡᠶ ᠭᠡᠵᠦ ᠱᠠᠭ᠋ᠠᠷᠳᠠᠵᠠᠶ᠃ ᠬᠥᠨᠳᠡᠯᠡᠨ ᠪᠡᠯᠠ ᠮᠥᠩᠭᠥ ᠵᠢᠨ ᠨᠥᠬᠥᠪᠥᠷᠢ᠂ ᠠᠵᠢᠯ ᠲᠦᠷᠦᠯ᠎ᠤᠨ ᠰᠢᠰᠲ᠋ᠧᠮ ᠵᠶ᠋ᠠᠷ ᠲᠤᠰᠠᠯᠠᠯᠴᠠᠬᠤ᠂ ᠠᠵᠤ ᠦᠢ᠍ᠯᠡᠰ᠎ᠢ ᠰᠢᠯᠵᠢᠬᠦᠯᠬᠦ ᠵᠡᠷᠭᠡ ᠠᠷᠭ᠎ᠠ ᠮᠠᠶᠢᠭ᠎ᠢ ᠬᠠᠶ᠋ᠢᠨ ᠰᠦᠪᠡᠭᠴᠢᠯᠡᠵᠦ᠂ ᠬᠢᠯᠢ ᠰᠤᠨᠳᠠᠯᠠᠭᠰᠠᠨ ᠤᠰᠤᠨ᠎ᠤ ᠣᠷᠴᠢᠨ ᠲᠤᠭᠤᠷᠢᠨ᠎ᠤ ᠨᠦᠬᠦᠪᠦᠷᠢ ᠦᠭᠭᠦ ᠲᠣᠭᠲᠠᠴᠠ ᠵᠢ ᠪᠠᠶ᠋ᠢᠭᠤᠯᠤᠨ᠂ ᠨᠦᠬᠦᠪᠦᠷᠢ ᠦᠭᠭᠦ ᠲᠤᠷᠰᠢᠯᠲᠠ ᠵᠢᠨ ᠠᠵᠢᠯ᠎ᠢ ᠦᠷᠨᠢᠬᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢ ᠬᠦᠨᠵᠡᠭᠡᠢ᠌ᠷᠡᠬᠦᠯᠦᠨ᠎ᠡ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠳᠤᠷᠢᠳᠤᠨ ᠳᠠᠭ᠋ᠠᠭᠤᠯᠵᠤ ᠲᠤᠯᠭ᠋ᠠᠭᠤᠷᠢᠯᠠᠬᠤ ᠦᠢ᠍ᠯᠡᠳᠦᠯ᠎ᠢ ᠴᠢᠨᠭ᠌ᠭ᠋ᠠᠳᠬᠠᠨ᠎ᠠ
      ᠣᠷᠴᠢᠨ ᠲᠤᠭᠤᠷᠢᠨ᠎ᠢ ᠬᠠᠮᠠᠭ᠋ᠠᠯᠠᠬᠤ ᠠᠵᠤ ᠦᠢ᠍ᠯᠡᠰ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ᠎ᠠ᠃ ᠣᠷᠴᠢᠨ ᠲᠤᠭᠤᠷᠢᠨ᠎ᠢ ᠬᠠᠮᠠᠭ᠋ᠠᠯᠠᠬᠤ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠡᠵᠡᠩᠨᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠬᠤᠯᠪᠤᠭᠳᠠᠬᠤ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠪᠦᠬᠦ ᠲᠠᠯ᠎ᠠ᠎ᠪᠠᠷ ᠡᠮᠬᠢᠯᠡᠨ ᠲᠢᠭᠯᠡᠵᠦ᠂   ᠣᠷᠴᠢᠨ ᠲᠤᠭᠤᠷᠢᠨ᠎ᠢ ᠨᠢᠭᠡᠳᠦᠯᠲᠡᠶ ᠬᠠᠮᠠᠭ᠋ᠠᠯᠠᠬᠤ ᠵᠠᠬ᠎ᠠ ᠳᠡᠯᠭᠡᠭᠦᠷ ᠪᠤᠯᠤᠨ ᠭᠣᠣᠯᠴᠢ ᠥᠷᠢᠰᠥᠯᠳᠦᠭᠡᠨ᠎ᠢ ᠬᠠᠷᠰᠢᠯᠠᠬᠤ ᠲᠣᠭᠲᠠᠭ᠋ᠠᠯ ᠪᠠ ᠠᠷᠭ᠎ᠠ ᠬᠢᠳᠡᠯ᠎ᠢ ᠬᠦᠴᠦᠨ ᠦᠭᠡᠢ ᠪᠤᠯᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠵᠢ ᠲᠦᠷᠭᠡᠳᠭᠡᠨ᠎ᠡ᠃ ᠪᠣᠬᠢᠷ ᠤᠰᠤ᠂ ᠬᠣᠭ ᠨᠣᠪᠰᠢ ᠵᠢ ᠰᠢᠢ᠍ᠳᠪᠦᠷᠢᠯᠡᠬᠦ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠶ᠋ᠠᠷ ᠭᠣᠣᠯᠳᠠᠯᠭ᠎ᠠ ᠪᠣᠯᠭ᠋ᠠᠨ᠂ ᠣᠷᠴᠢᠨ ᠲᠤᠭᠤᠷᠢᠨ᠎ᠤ ᠪᠣᠬᠢᠷᠲᠤᠯ᠎ᠢ ᠭᠤᠷᠪᠠᠳᠠᠬᠢ ᠡᠲᠡᠭᠡᠳ᠎ᠠᠴᠠ ᠵᠠᠰᠠᠬᠤ ᠪᠠ ᠬᠢᠨᠠᠨ ᠬᠡᠮᠵᠢᠬᠦ ᠵᠢ ᠬᠡᠷᠡᠭᠵᠢᠬᠦᠯᠦᠨ᠎ᠡ᠃
      ᠨᠡᠶ᠋ᠢᠲᠡ ᠤᠯᠠᠨ᠎ᠢ ᠣᠷᠣᠯᠴᠠᠭᠤᠯᠬᠤ ᠪᠠ ᠨᠡᠶ᠋ᠢᠭᠡᠮ᠎ᠤᠨ ᠬᠢᠨᠠᠯᠲᠠ ᠵᠢ ᠴᠢᠨᠭ᠌ᠭ᠋ᠠᠳᠬᠠᠨ᠎ᠠ
      ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠨᠡᠶ᠋ᠢᠲᠡᠯᠢᠭ ᠵᠢᠱ᠌ᠢᠶ᠎ᠡ ᠬᠡᠷᠡᠭ᠎ᠢ ᠨᠡᠢ᠌ᠲᠡᠯᠡᠨ ᠢᠯᠡᠷᠡᠭᠦᠯᠦᠨ᠎ᠡ᠃ ᠢᠯᠡᠴᠢᠯᠡᠨ ᠮᠡᠳᠡᠭᠦᠯᠬᠦ ᠲᠤᠢ᠍ᠷᠢᠮ᠎ᠢ ᠲᠡᠭᠦᠯᠳᠡᠷᠵᠢᠭᠦᠯᠦᠨ᠂ 《12369》 ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠢᠯᠡᠴᠢᠯᠡᠨ ᠮᠡᠳᠡᠭᠦᠯᠬᠦ ᠤᠲᠠᠰᠤ ᠪᠤᠯᠤᠨ ᠲᠣᠣᠷ ᠰᠦᠯᠵᠢᠶ᠎ᠡ᠂ ᠸᠢᠴᠠᠲ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠣᠯᠠᠨ ᠲᠦᠮᠡᠨ᠎ᠤ ᠢᠯᠡᠴᠢᠯᠡᠨ ᠵᠠᠭ᠋ᠠᠯᠳᠤᠭᠰᠠᠨ ᠣᠷᠴᠢᠨ ᠲᠤᠭᠤᠷᠢᠨ᠎ᠤ ᠠᠰᠠᠭᠤᠳᠠᠯ᠎ᠢ ᠬᠤᠭᠤᠴᠠᠭ᠎ᠠ ᠲᠣᠭᠲᠠᠭ᠋ᠠᠨ ᠰᠢᠢ᠍ᠳᠪᠦᠷᠢᠯᠡᠨ᠎ᠡ᠃ ᠣᠷᠴᠢᠨ ᠲᠤᠭᠤᠷᠢᠨ᠎ᠤ ᠶᠠᠪᠤᠳᠠᠯ᠎ᠳᠤ ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠬᠢᠬᠦ ᠵᠢ ᠢᠳᠡᠪᠬᠢᠲᠡᠶ ᠬᠡᠷᠡᠭᠵᠢᠬᠦᠯᠦᠨ᠎ᠡ᠃ ᠢᠯᠡ᠎ᠪᠠᠷ ᠭᠡᠷᠡᠴᠢᠯᠡᠭᠡ ᠰᠣᠨᠣᠰᠬᠤ᠂ ᠰᠦᠯᠵᠢᠶ᠎ᠡ᠎ᠪᠠᠷ ᠴᠤᠭᠯᠠᠭᠤᠯᠬᠤ ᠵᠡᠷᠭᠡ ᠬᠡᠯᠪᠡᠷᠢ᠎ᠪᠠᠷ᠂ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠣᠯᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠤᠬᠠᠢ ᠤᠯᠠᠨ ᠨᠡᠢ᠌ᠲᠡ ᠵᠢᠨ ᠰᠠᠨᠠᠯ᠎ᠢ ᠭᠦᠢ᠍ᠴᠡᠳ ᠰᠤᠨᠤᠰᠤᠨ᠎ᠠ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠠᠷᠭ᠎ᠠ》 ᠵᠢᠨ ᠲᠠᠢ᠌ᠯᠤᠮᠵᠢ
ᠥᠪᠥᠷ ᠮᠣᠩᠭᠣᠯ᠎ᠤᠨ 《ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠢ ᠲᠦᠷᠭᠡᠳᠭᠡᠨ ᠬᠥᠭᠵᠢᠭᠦᠯᠬᠦ ᠲᠤᠬᠠᠶ ᠰᠠᠨᠠᠯ》 ᠎ᠤᠨ ᠲᠠᠢ᠌ᠯᠤᠮᠵᠢ
《ᠳᠥᠷᠪᠡᠨ ᠪᠦᠬᠦ ᠲᠠᠯ᠎ᠠ》 ᠪᠣᠯᠣᠨ 《13 · 5》 ᠵᠢᠨ ᠲᠥᠯᠥᠪᠵᠢᠭᠦᠯᠭᠡ
《13·5》 ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠵᠢ ᠵᠢᠷᠤᠭ ᠵᠶ᠋ᠠᠷ ᠲᠠᠢ᠌ᠯᠬᠤᠢ
ᠬᠠᠮᠲᠤ᠎ᠪᠠᠷ ᠡᠳ᠋ᠯᠡᠬᠦ᠄ ᠠᠷᠠᠳ ᠲᠦᠮᠡᠨ᠎ᠳᠤ ᠨᠡᠩ ᠣᠯᠠᠨ ᠬᠦᠷᠲᠡᠭᠡᠮᠵᠢ ᠵᠢᠨ ᠲᠥᠷᠥᠭᠳᠡᠯ ᠥᠭᠬᠦ — — ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠋ᠠᠨ᠎ᠤ ᠲᠠᠶ᠋ᠢᠯᠤᠮᠵᠢ
 
            