《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠪᠤᠷᠠᠨ ᠲᠤᠰᠠᠯᠠᠬᠤ ᠠᠷᠭ᠎ᠠ》 ᠵᠢ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ᠂ ᠭᠠᠮᠰᠢᠭ᠎ᠲᠤ ᠳᠠᠭ᠋ᠠᠷᠢᠭᠳᠠᠭᠰᠠᠨ ᠬᠥᠮᠦᠰ᠎ᠤᠨ ᠬᠡᠪᠴᠢᠶ᠎ᠡ ᠵᠢᠴᠢ ᠲᠡᠳᠡᠨᠠᠷ᠎ᠤᠨ ᠬᠦᠷᠲᠡᠬᠥ ᠶᠣᠰᠤᠲᠠᠢ ᠡᠮᠴᠢᠯᠡᠭᠡ᠂ ᠰᠤᠷᠭ᠋ᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠠᠪᠤᠷᠠᠨ ᠲᠤᠰᠠᠯᠠᠬᠤ ᠲᠥᠷᠥᠯ ᠵᠦᠢ᠍ᠯ᠎ᠢ ᠲᠣᠳᠣᠷᠬᠠᠢ᠌ᠯᠠᠭᠰᠠᠨ᠎ᠤ ᠬᠠᠮᠲᠤ ᠨᠡᠶ᠋ᠢᠭᠡᠮ᠎ᠤᠨ ᠠᠪᠤᠷᠠᠨ ᠲᠤᠰᠠᠯᠠᠯᠲᠠ᠎ᠳᠤ ᠨᠡᠢ᠌ᠭᠡᠮ᠎ᠤᠨ ᠬᠦᠴᠦᠨ ᠣᠷᠤᠯᠴᠠᠬᠤ ᠵᠢ ᠵᠣᠷᠢᠭᠵᠢᠭᠤᠯᠪᠠ ᠃
ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠴᠠᠭ ᠲᠤᠬᠠᠢᠳᠤᠨᠢ ᠲᠣᠬᠢᠷᠠᠭᠤᠯᠤᠨ᠎ᠠ
ᠲᠤᠰ ᠠᠷᠭ᠎ᠠ᠎ᠳᠤ ᠲᠣᠭᠲᠠᠭ᠋ᠠᠭᠰᠠᠨ᠎ᠨᠢ᠂ ᠡᠯ᠎ᠡ ᠱᠠᠲᠤᠨ᠎ᠤ ᠵᠠᠰᠠᠭ᠎ᠤᠨ ᠤᠷᠳᠤᠨ᠎ᠠᠴᠠ ᠬᠠᠮᠲᠤ ᠠᠮᠢᠳᠤᠷᠠᠵᠤ ᠪᠠᠶ᠋ᠢᠭ᠎ᠠ ᠭᠡᠷ ᠪᠦᠯᠢ ᠵᠢᠨ ᠪᠦᠷᠢᠯᠳᠦᠬᠦᠨ᠎ᠤ ᠬᠥᠮᠦᠨ ᠪᠦᠷᠢ ᠵᠢᠨ ᠳᠤᠮᠳᠠᠴᠢ ᠣᠷᠣᠯᠭ᠎ᠠ᠎ᠨᠢ ᠲᠣᠬᠠᠢ ᠵᠢᠨ ᠭᠠᠵᠠᠷ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠳᠣᠣᠷ᠎ᠠ ᠮᠦᠷᠲᠡᠭᠡᠨ ᠲᠤᠬᠠᠢ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠡᠳ᠋ ᠬᠥᠷᠤᠨᠭ᠌ᠭᠡ ᠵᠢᠨ ᠪᠠᠢ᠌ᠳᠠᠯ᠎ᠤᠨ ᠲᠤᠬᠠᠢ ᠲᠣᠭᠲᠠᠭ᠋ᠠᠯ᠎ᠳᠤ ᠨᠡᠢ᠌ᠴᠡᠭᠰᠡᠨ ᠭᠡᠷ ᠪᠦᠯᠢ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠣᠯᠭᠤᠨ᠎ᠠ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠡᠯ᠎ᠡ ᠭᠠᠵᠠᠷ ᠤᠷᠤᠨ ᠲᠤᠬᠠᠢ ᠵᠢᠨ ᠭᠠᠵᠠᠷ᠎ᠤᠨ ᠵᠶ᠋ᠡᠨ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠴᠢᠬᠣᠯᠠ ᠬᠡᠷᠡᠭᠯᠡᠭᠡᠨ᠎ᠤ ᠵᠠᠷᠤᠳᠠᠯ ᠶᠣᠰᠤᠭ᠋ᠠᠷ ᠨᠤᠲᠠᠯᠠᠨ ᠲᠣᠭᠲᠠᠭ᠋ᠠᠭᠰᠠᠨ᠎ᠤ ᠳᠠᠷᠠᠭ᠎ᠠ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠳᠤ ᠮᠡᠳᠡᠭᠦᠯᠦᠨ ᠬᠢᠨᠠᠨ ᠬᠠᠷᠭᠤᠭᠤᠯᠤᠨ ᠨᠡᠢ᠌ᠲᠡᠯᠡᠬᠦ ᠵᠢᠨ ᠬᠠᠮᠲᠤ᠂ ᠴᠠᠭ ᠲᠤᠬᠠᠢᠳᠤᠨᠢ ᠲᠣᠬᠢᠷᠠᠭᠤᠯᠤᠯᠲᠠ ᠬᠢᠨ᠎ᠡ᠃ ᠡᠯ᠎ᠡ ᠭᠠᠵᠠᠷ ᠣᠷᠣᠨ ᠬᠣᠲᠠ ᠬᠥᠳᠡᠭᠡ ᠪᠠ ᠭᠠᠵᠠᠷ ᠣᠷᠣᠨ᠎ᠤ ᠬᠣᠭᠣᠷᠣᠨᠳᠣᠬᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠶᠣᠰᠤᠲᠠᠢ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠭᠤᠶᠤᠴᠢᠯᠠᠬᠤ᠎ᠳᠤ᠂ ᠭᠡᠷ ᠪᠦᠯᠢ᠎ᠪᠠᠷ ᠨᠢᠭᠡᠴᠢ ᠪᠣᠯᠭ᠋ᠠᠨ᠂ ᠬᠠᠮᠲᠤ ᠠᠮᠢᠳᠤᠷᠠᠵᠤ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ ᠨᠠᠷ᠎ᠤᠨ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠤᠨ ᠰᠣᠮᠦ ᠰᠢᠶᠠᠩ ᠪᠠᠯᠭ᠋ᠠᠰᠤ᠂ ᠵᠡᠭᠡᠯᠢ ᠭᠤᠲᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠭᠤᠶᠤᠴᠢᠯᠠᠯ ᠵᠶ᠋ᠠᠨ ᠪᠢᠴᠢᠭ ᠵᠶ᠋ᠠᠷ ᠳᠤᠷᠠᠳᠤᠪᠠᠯ ᠵᠣᠬᠢᠨ᠎ᠠ᠃ ᠭᠡᠷ ᠪᠦᠯᠢ ᠵᠢᠨ ᠪᠦᠷᠢᠯᠳᠦᠭᠦᠨ ᠨᠠᠷ ᠭᠤᠶᠤᠴᠢᠯᠠᠬᠤ᠎ᠳᠤ ᠬᠦᠴᠢᠷ᠎ᠲᠠᠢ ᠪᠠᠢ᠌ᠪᠠᠯ᠂ ᠭᠠᠴᠠᠭ᠎ᠠ ᠲᠤᠰᠬᠤᠨ (ᠰᠠᠭᠤᠭ᠋ᠠᠯᠢ ᠠᠷᠠᠳ᠎ᠤᠨ ᠵᠦᠪᠯᠡᠯ)᠎ᠳᠤ ᠨᠠᠢ᠌ᠳᠠᠵᠤ ᠣᠷᠤᠯᠠᠨ ᠭᠤᠶᠤᠴᠢᠯᠠᠭᠤᠯᠵᠤ ᠪᠣᠯᠤᠨ᠎ᠠ᠃ ᠰᠣᠮᠦ ᠰᠢᠶᠠᠩ ᠪᠠᠯᠭ᠋ᠠᠰᠤ᠂ ᠵᠡᠭᠡᠯᠢ ᠭᠤᠲᠤᠮᠵᠢ ᠵᠢᠨ ᠬᠡᠷᠡᠭ ᠡᠷᠬᠢᠯᠡᠬᠦ ᠭᠠᠵᠠᠷ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠬᠡᠷᠡᠭᠰᠡᠬᠦ ᠪᠦᠬᠦᠢ ᠮᠠᠲᠸᠷᠢᠶᠠᠯ᠎ᠢ ᠨᠢᠭᠡ ᠯᠡ ᠤᠳᠠᠭ᠎ᠠ᠎ᠳᠤ ᠬᠡᠯᠡᠵᠦ ᠦᠭᠭᠦᠭᠰᠡᠨ᠎ᠤ ᠳᠠᠷᠠᠭ᠎ᠠ᠂ ᠭᠡᠷ᠎ᠲᠤ᠎ᠨᠢ ᠬᠦᠷᠴᠦ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠭᠤᠶᠤᠴᠢᠯᠠᠭᠴᠢ ᠵᠢᠨ ᠭᠡᠷ ᠪᠦᠯᠢ ᠵᠢᠨ ᠬᠦᠮᠦᠨ ᠠᠮᠠ ᠵᠢᠨ ᠪᠠᠢ᠌ᠳᠠᠯ᠂ ᠣᠷᠤᠯᠭ᠎ᠠ ᠵᠢᠨ ᠪᠠᠢ᠌ᠳᠠᠯ᠂ ᠡᠳ᠋ ᠬᠦᠷᠦᠩᠭᠡ ᠵᠢᠨ ᠪᠠᠢ᠌ᠳᠠᠯ᠎ᠢ ᠪᠠᠢ᠌ᠴᠠᠭ᠋ᠠᠨ ᠬᠠᠷᠭᠤᠭᠤᠯᠤᠭ᠋ᠠᠳ᠂ ᠠᠩᠬ᠎ᠠ ᠬᠢᠨᠠᠭᠰᠠᠨ ᠰᠠᠨᠠᠯ ᠵᠶ᠋ᠡᠨ ᠳᠤᠷᠠᠳᠬᠤ ᠶᠣᠰᠤᠲᠠᠢ᠃ ᠭᠤᠶᠤᠴᠢᠯᠠᠭᠴᠢ ᠵᠢᠨ ᠪᠠᠢ᠌ᠭ᠎ᠠ ᠭᠠᠴᠠᠭ᠎ᠠ ᠲᠤᠰᠬᠤᠨ᠂ ᠨᠡᠢ᠌ᠭᠡᠮ ᠲᠣᠭᠤᠷᠢᠭ᠎ᠲᠤ ᠨᠡᠢ᠌ᠲᠡᠯᠡᠨ ᠵᠠᠷᠯᠠᠭᠰᠠᠨ᠎ᠤ ᠳᠠᠷᠠᠭ᠎ᠠ ᠬᠤᠰᠢᠭᠤ ᠰᠢᠶᠠᠨ (ᠬᠣᠲᠠ᠂ ᠲᠣᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠬᠤᠰᠢᠭᠤ ᠰᠢᠶᠠᠨ (ᠬᠣᠲᠠ᠂ ᠲᠣᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠮᠠᠲᠸᠷᠢᠶᠠᠯ᠎ᠢ ᠬᠢᠨᠠᠨ ᠪᠠᠢ᠌ᠴᠠᠭ᠋ᠠᠬᠤ᠂ ᠭᠡᠷ ᠪᠦᠯᠢ ᠵᠢᠨ ᠠᠵᠤ ᠠᠬᠤᠢ ᠵᠢᠨ ᠣᠷᠤᠯᠭ᠎ᠠ ᠵᠢᠨ ᠪᠠᠢ᠌ᠳᠠᠯ᠎ᠢ ᠬᠠᠷᠭᠤᠭᠤᠯᠬᠤ ᠪᠠ ᠭᠡᠷ᠎ᠲᠤ᠎ᠨᠢ ᠬᠦᠷᠴᠦ ᠰᠤᠭᠤᠴᠢᠨ ᠪᠠᠢ᠌ᠴᠠᠭ᠋ᠠᠬᠤ᠎ᠪᠠᠷ ᠳᠠᠮᠵᠢᠵᠤ᠂ ᠨᠦᠭᠦᠴᠡᠯ᠎ᠳᠤ ᠨᠡᠢ᠌ᠴᠡᠬᠦ ᠭᠤᠶᠤᠴᠢᠯᠠᠯ᠎ᠢ ᠵᠥᠪᠰᠢᠶᠡᠷᠡᠬᠦ ᠵᠢᠨ ᠬᠠᠮᠲᠤ ᠭᠤᠶᠤᠴᠢᠯᠠᠭᠴᠢ ᠵᠢᠨ ᠪᠠᠢ᠌ᠭ᠎ᠠ ᠭᠠᠴᠠᠭ᠎ᠠ ᠲᠤᠰᠬᠤᠨ᠂ ᠨᠡᠢ᠌ᠭᠡᠮ ᠲᠣᠭᠤᠷᠢᠭ᠎ᠲᠤ ᠨᠡᠢ᠌ᠲᠡᠯᠡᠨ ᠵᠠᠷᠯᠠᠨ᠎ᠠ; ᠨᠦᠭᠦᠴᠡᠯ᠎ᠳᠤ ᠨᠡᠢ᠌ᠴᠡᠬᠦ ᠦᠭᠡᠢ ᠭᠤᠶᠤᠴᠢᠯᠠᠯ᠎ᠢ ᠦᠯᠦ ᠵᠦᠪᠰᠢᠶᠡᠷᠡᠬᠦ ᠵᠢᠨ ᠬᠠᠮᠲᠤ ᠰᠢᠯᠲᠠᠭ᠋ᠠᠨ ᠵᠶ᠋ᠠᠨ ᠭᠤᠶᠤᠴᠢᠯᠠᠭᠴᠢ᠎ᠳᠤ ᠪᠢᠴᠢᠭ ᠵᠶ᠋ᠡᠷ ᠲᠣᠳᠤᠷᠬᠠᠢ᠌ᠯᠠᠨ᠎ᠠ᠃ ᠬᠦᠴᠢᠷᠳᠡᠯᠲᠡᠢ ᠭᠡᠷ ᠪᠦᠯᠢ᠎ᠳᠠᠬᠢ ᠬᠦᠳᠡᠯᠮᠦᠷᠢ ᠵᠢᠨ ᠴᠢᠳᠠᠪᠤᠷᠢ᠎ᠪᠠᠨ ᠠᠯᠳᠠᠭ᠋ᠠᠳ᠂ ᠪᠣᠰᠤᠳ᠎ᠲᠤ ᠲᠦᠰᠢᠨ ᠠᠮᠢᠳᠤᠷᠠᠵᠤ ᠪᠠᠢ᠌ᠭ᠎ᠠ ᠨᠠᠰᠤᠨ᠎ᠳᠤ ᠬᠦᠷᠦᠭᠰᠡᠨ ᠬᠦᠨᠳᠦ ᠵᠡᠮᠳᠡᠭ ᠬᠦᠮᠦᠨ᠎ᠢ ᠠᠰᠲᠤᠨᠢ ᠡᠷᠥᠬᠡ ᠠᠮᠠ ᠵᠢᠨ ᠳᠠᠩᠰᠠ᠎ᠲᠠᠢ᠎ᠪᠠᠷ ᠪᠣᠳᠤᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠠᠰᠲᠤᠨᠢ ᠭᠤᠶᠤᠴᠢᠯᠠᠵᠤ ᠪᠣᠯᠤᠨ᠎ᠠ᠃
ᠠᠷᠭ᠎ᠠ᠎ᠳᠤ ᠪᠠᠰᠠ ᠲᠤᠭᠲᠠᠭ᠋ᠠᠭᠰᠠᠨ᠎ᠨᠢ᠂ ᠬᠦᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ᠎ᠤᠨ ᠢᠷᠡᠯᠲᠡ ᠦᠭᠡᠢ ᠮᠦᠷᠲᠡᠭᠡᠨ ᠬᠠᠤᠯᠢ᠎ᠳᠤ ᠲᠣᠭᠲᠠᠭ᠋ᠠᠭᠰᠠᠨ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠡᠭᠦᠷᠭᠡ᠎ᠲᠠᠢ ᠬᠦᠮᠦᠨ ᠪᠠᠢ᠌ᠬᠤ ᠦᠭᠡᠢ᠂ ᠡᠰᠡᠬᠦᠯ᠎ᠡ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠡᠭᠦᠷᠭᠡ᠎ᠲᠠᠢ ᠬᠦᠮᠦᠨ᠎ᠨᠢ ᠠᠰᠠᠷᠠᠨ ᠲᠡᠵᠢᠭᠡᠬᠦ᠂ ᠦᠰᠭᠡᠨ ᠲᠡᠵᠢᠭᠡᠬᠦ᠂ ᠳᠡᠳᠭᠦᠨ ᠲᠡᠵᠢᠭᠡᠬᠦ ᠴᠢᠳᠠᠪᠤᠷᠢ ᠦᠭᠡᠢ ᠨᠠᠰᠤᠲᠠᠨ ᠬᠦᠮᠦᠨ᠂ ᠵᠡᠮᠳᠡᠭ ᠬᠦᠮᠦᠨ᠂ ᠪᠦᠬᠦᠯᠢ16 ᠨᠠᠰᠤᠨ᠎ᠳᠤ ᠦᠯᠦ ᠬᠦᠷᠦᠭᠰᠡᠳ ᠪᠠᠢ᠌ᠪᠠᠯ ᠣᠨᠴᠠ ᠬᠦᠴᠢᠷᠳᠡᠯᠲᠡᠢ ᠬᠦᠮᠦᠨ ᠪᠣᠯᠭ᠋ᠠᠵᠤ ᠠᠰᠠᠷᠠᠨ ᠲᠡᠵᠢᠭᠡᠨ᠎ᠡ᠃ ᠣᠨᠴᠠ ᠬᠦᠴᠢᠷᠳᠡᠯᠲᠡᠢ ᠬᠦᠮᠦᠨ᠎ᠢ ᠠᠰᠠᠷᠠᠨ ᠲᠡᠵᠢᠭᠡᠬᠦ ᠠᠭᠤᠯᠭ᠎ᠠ᠎ᠳᠤ ᠦᠨᠳᠦᠰᠦᠨ ᠠᠮᠢᠳᠤᠷᠠᠯ᠎ᠤᠨ ᠨᠦᠭᠦᠴᠡᠯ᠎ᠤᠨ ᠬᠠᠩᠭ᠋ᠠᠯᠭ᠎ᠠ ᠪᠠᠭᠲᠠᠨ᠎ᠠ᠃ ᠠᠮᠢᠳᠤᠷᠠᠯ ᠵᠶ᠋ᠠᠨ ᠦᠪᠡᠰᠦᠪᠡᠨ ᠠᠷᠭ᠋ᠠᠴᠠᠭ᠋ᠠᠵᠤ ᠳᠡᠢ᠌ᠯᠬᠦ ᠦᠭᠡᠢ ᠪᠠᠢ᠌ᠪᠠᠯ ᠬᠠᠷᠠᠭ᠋ᠠᠯᠵᠠᠯ ᠦᠵᠡᠭᠦᠯᠵᠦ᠂ ᠡᠪᠡᠳᠴᠢᠨ ᠡᠮᠭᠡᠭ᠎ᠢ᠎ᠨᠢ ᠵᠠᠰᠠᠨ ᠡᠮᠴᠢᠯᠡᠵᠦ᠂ ᠪᠠᠯᠪᠠᠰᠤᠷᠠᠯ ᠣᠷᠤᠰᠢᠯᠭᠠ ᠵᠢᠨ ᠶᠠᠪᠤᠳᠠᠯ᠎ᠢ᠎ᠨᠢ ᠬᠢᠵᠦ ᠥᠭᠭᠦᠨ᠎ᠡ᠃ ᠣᠨᠴᠠ ᠬᠦᠴᠢᠷᠳᠡᠯᠲᠡᠢ ᠬᠦᠮᠦᠰ᠎ᠤᠨ ᠠᠰᠠᠷᠠᠨ ᠲᠡᠵᠢᠭᠡᠬᠦ ᠪᠠᠷᠢᠮᠵᠢᠶ᠎ᠠ ᠵᠢ ᠡᠯ᠎ᠡ ᠭᠠᠵᠠᠷ ᠤᠷᠤᠨ᠎ᠤ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠳᠤᠮᠳᠠᠴᠢ ᠬᠡᠷᠡᠭᠯᠡᠭᠡᠨ᠎ᠤ ᠬᠡᠮᠵᠢᠶ᠎ᠡ ᠵᠢᠴᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠦᠨᠳᠦᠰᠦᠯᠡᠨ ᠲᠣᠭᠲᠠᠭ᠋ᠠᠵᠤ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠬᠢᠨᠠᠨ ᠬᠠᠷᠭᠤᠭᠤᠯᠵᠤ ᠨᠡᠢ᠌ᠲᠡᠯᠡᠬᠦ ᠵᠢᠨ ᠬᠠᠮᠲᠤ ᠴᠠᠭ ᠲᠤᠬᠠᠢᠳᠤᠨᠢ ᠲᠣᠬᠢᠷᠠᠭᠤᠯᠤᠯᠲᠠ ᠬᠢᠨ᠎ᠡ᠃ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ ᠲᠤᠬᠠᠢ ᠵᠨ ᠭᠠᠵᠠᠷ᠎ᠤᠨ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠴᠤᠭᠯᠠᠷᠠᠵᠤ ᠠᠰᠠᠷᠠᠨ ᠲᠡᠵᠢᠭᠡᠯᠭᠡᠬᠦ ᠪᠤᠶᠤ ᠭᠡᠷ᠎ᠲᠡᠭᠡᠨ ᠰᠠᠭᠤᠵᠤ ᠠᠰᠠᠷᠠᠨ ᠲᠡᠵᠢᠭᠡᠯᠭᠡᠬᠦ᠎ᠪᠠᠨ ᠦᠪᠡᠰᠦᠪᠡᠨ ᠰᠤᠩᠭᠤᠨ᠎ᠠ᠃
ᠡᠮᠴᠢᠯᠡᠭᠡ ᠪᠠ ᠣᠷᠤᠨ ᠰᠠᠭᠤᠴᠠ ᠵᠢᠨ ᠠᠪᠤᠷᠠᠨ ᠲᠤᠰᠠᠯᠠᠯᠲᠠ ᠵᠢ ᠭᠤᠶᠤᠴᠢᠯᠠᠵᠤ ᠪᠣᠯᠤᠨ᠎ᠠ
ᠠᠷᠭ᠎ᠠ ᠵᠢ ᠵᠢᠩᠬᠢᠨᠢ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠬᠦᠮᠦᠰ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ᠂ ᠳᠣᠣᠷ᠎ᠠ ᠣᠷᠤᠯᠭ᠎ᠠ᠎ᠲᠠᠢ ᠭᠡᠷ ᠪᠦᠯᠢ ᠵᠢᠨ ᠨᠠᠰᠤᠲᠠᠢ᠌ᠴᠤᠳ᠂ ᠨᠠᠰᠤᠨ᠎ᠳᠤ᠎ᠳᠤ ᠦᠯᠦ ᠬᠦᠷᠦᠭᠰᠡᠳ᠂ ᠬᠦᠨᠳᠦ ᠵᠡᠮᠳᠡᠭ ᠬᠦᠮᠦᠨ ᠪᠠ ᠬᠦᠨᠳᠦ ᠡᠪᠡᠳᠴᠢᠲᠡᠨ ᠵᠢᠴᠢ ᠦᠯᠡᠮᠵᠢ ᠲᠣᠭ᠋ᠠᠨ᠎ᠤ ᠡᠮᠴᠢᠯᠡᠭᠡᠨ᠎ᠤ ᠵᠠᠷᠤᠳᠠᠯ ᠭᠠᠷᠭ᠋ᠠᠭᠰᠠᠨ᠂ ᠭᠡᠷ ᠪᠦᠯᠢ ᠵᠢᠨ ᠳᠠᠭ᠋ᠠᠭ᠋ᠠᠬᠤ ᠴᠢᠳᠠᠪᠤᠷᠢ᠎ᠠᠴᠠ ᠬᠡᠲᠦᠷᠡᠭᠰᠡᠨ᠂ ᠦᠨᠳᠦᠰᠦᠨ ᠠᠮᠢᠳᠤᠷᠠᠯᠳᠤᠨᠢ ᠬᠦᠨᠳᠦ ᠰᠥᠷᠬᠡᠢ ᠬᠦᠴᠢᠷᠳᠡᠯ ᠲᠤᠯᠭ᠋ᠠᠷᠠᠭᠰᠠᠨ ᠭᠡᠷ ᠪᠦᠯᠢ᠎ᠳᠠᠬᠢ ᠬᠦᠨᠳᠦ ᠡᠪᠡᠳᠴᠢᠲᠡᠨ ᠪᠠ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠲᠣᠭᠲᠠᠭ᠋ᠠᠭᠰᠠᠨ ᠪᠣᠰᠤᠳ ᠣᠨᠴᠠ ᠬᠦᠴᠢᠷᠳᠡᠯᠲᠡᠢ ᠬᠦᠮᠦᠰ ᠡᠮᠴᠢᠯᠡᠭᠡᠨ᠎ᠤ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ ᠠᠷᠭ᠎ᠠ ᠵᠢᠨ ᠲᠣᠭᠲᠠᠭ᠋ᠠᠯ ᠶᠣᠰᠤᠭ᠋ᠠᠷ᠂ ᠠᠪᠤᠷᠠᠨ ᠲᠤᠰᠠᠯᠠᠭᠳᠠᠭᠴᠢ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠤᠯᠴᠠᠬᠤ ᠪᠤᠶᠤ ᠰᠢᠨ᠎ᠡ ᠬᠡᠯᠪᠡᠷᠢ ᠵᠢᠨ ᠬᠦᠳᠡᠭᠡ ᠲᠤᠰᠬᠤᠨ᠎ᠤ ᠬᠣᠷᠰᠢᠶᠠᠵᠢᠯᠲᠠ ᠵᠢᠨ ᠡᠮ ᠡᠮᠨᠡᠯᠭᠡ ᠵᠢᠨ ᠬᠤᠪᠢ ᠬᠦᠮᠦᠨ ᠦᠪᠡᠷ ᠵᠶ᠋ᠡᠨ ᠲᠤᠰᠢᠶᠠᠬᠤ ᠶᠣᠰᠤᠲᠠᠢ ᠰᠦᠢ᠍ᠳᠭᠡᠯ᠎ᠤᠨ ᠬᠡᠰᠡᠭ᠎ᠲᠤ ᠨᠦᠬᠦᠪᠦᠷᠢ ᠣᠯᠭᠤᠨ᠎ᠠ᠃ ᠠᠪᠤᠷᠠᠨ ᠲᠤᠰᠠᠯᠠᠭᠳᠠᠭᠴᠢ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠪᠠ ᠪᠣᠰᠤᠳ ᠨᠦᠬᠦᠪᠦᠷᠢ ᠡᠮ ᠡᠮᠨᠡᠯᠭᠡ ᠵᠢᠨ ᠳᠠᠭ᠋ᠠᠳᠬᠠᠯ᠎ᠢ ᠵᠠᠷᠤᠴᠠᠭᠤᠯᠤᠭᠰᠠᠨᠤ ᠳᠠᠷᠠᠭ᠎ᠠ᠂ ᠬᠤᠪᠢ ᠬᠦᠮᠦᠨ ᠵᠢᠴᠢ ᠭᠡᠷ ᠪᠦᠯᠢ᠎ᠨᠢ ᠡᠭᠦᠷᠭᠡᠯᠡᠬᠦ᠎ᠳᠤ ᠪᠡᠷᠬᠡ ᠪᠦᠭᠡᠳ ᠲᠣᠭᠲᠠᠭ᠋ᠠᠯ᠎ᠳᠤ ᠨᠡᠢ᠌ᠴᠡᠬᠦ ᠦᠨᠳᠦᠰᠦᠨ ᠡᠮ ᠡᠮᠨᠡᠯᠭᠡ ᠵᠢᠨ ᠦᠪᠡᠷ ᠵᠶ᠋ᠡᠨ ᠲᠤᠰᠢᠶᠠᠬᠤ ᠶᠣᠰᠤᠲᠠᠢ ᠵᠠᠷᠤᠳᠠᠯ᠎ᠳᠤ ᠲᠤᠰᠠᠯᠠᠮᠵᠢ ᠣᠯᠭᠤᠨ᠎ᠠ᠃ ᠠᠪᠤᠷᠠᠨ ᠲᠤᠰᠠᠯᠠᠭᠳᠠᠭᠴᠢ ᠵᠢᠨ ᠳᠣᠲᠤᠷᠠᠬᠢ ᠤᠷᠲᠤ ᠬᠤᠭᠤᠴᠠᠭ᠎ᠠ᠎ᠪᠠᠷ ᠡᠮ ᠤᠤᠭᠤᠬᠤ ᠴᠢᠬᠣᠯᠠᠲᠠᠢ ᠠᠷᠬᠠᠭ ᠡᠪᠡᠳᠴᠢᠨ᠂ ᠬᠦᠨᠳᠦ ᠶᠡᠬᠡ ᠡᠪᠡᠳᠴᠢᠨ᠎ᠳᠤ ᠨᠡᠷᠪᠡᠭᠳᠡᠭᠰᠡᠳ᠎ᠲᠤ ᠡᠭᠦᠳᠡᠨ ᠡᠮᠨᠡᠯᠭᠡ ᠵᠢᠨ ᠠᠪᠤᠷᠠᠨ ᠲᠤᠰᠠᠯᠠᠮᠵᠢ ᠣᠯᠭᠤᠨ᠎ᠠ᠃ ᠡᠮᠴᠢᠯᠡᠭᠡᠨ᠎ᠤ ᠠᠪᠤᠷᠠᠨ ᠲᠤᠰᠠᠯᠠᠬᠤ ᠲᠤᠰᠠᠯᠠᠮᠵᠢ ᠣᠯᠤᠭᠰᠠᠨ᠎ᠨᠢ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠡᠪᠡᠳᠴᠢᠨ ᠵᠶ᠋ᠡᠨ ᠦᠵᠡᠭᠦᠯᠵᠦ᠂ ᠡᠭᠦᠳᠡᠨ ᠡᠮᠨᠡᠯᠭᠡ ᠵᠢᠨ ᠳ᠋ᠤᠭ᠋ᠠᠷᠯᠠᠬᠤ ᠵᠠᠷᠤᠳᠠᠯ᠂ ᠡᠮᠴᠢᠯᠡᠭᠡᠨ᠎ᠤ ᠵᠠᠷᠤᠳᠠᠯ᠂ ᠡᠮ ᠡᠮᠨᠡᠯᠭᠡ ᠵᠢᠨ ᠪᠡᠯᠡᠳᠭᠡᠮᠵᠢ ᠵᠢᠨ ᠪᠠᠢ᠌ᠴᠠᠭ᠋ᠠᠬᠤ ᠵᠠᠷᠤᠳᠠᠯ᠂ ᠡᠮᠨᠡᠯᠭᠡ᠎ᠳᠤ ᠰᠠᠭᠤᠬᠤ ᠣᠷᠣ ᠵᠢᠨ ᠵᠠᠷᠤᠳᠠᠯ ᠵᠡᠷᠭᠡ ᠵᠢ ᠬᠣᠯᠪᠤᠭᠳᠠᠯ ᠪᠦᠬᠦᠢ ᠲᠣᠭᠲᠠᠭ᠋ᠠᠯ ᠶᠣᠰᠤᠭ᠋ᠠᠷ ᠬᠥᠩᠭᠡᠷᠡᠭᠦᠯᠦᠨ ᠬᠡᠯᠲᠦᠷᠢᠭᠦᠯᠬᠦ ᠬᠠᠷᠠᠭ᠋ᠠᠯᠵᠠᠯ ᠦᠵᠡᠭᠦᠯᠦᠨ᠎ᠡ᠃ ᠡᠮᠴᠢᠯᠡᠭᠡᠨ᠎ᠤ ᠠᠪᠤᠷᠠᠨ ᠲᠤᠰᠠᠯᠠᠬᠤ ᠪᠠᠷᠢᠮᠵᠢᠶ᠎ᠠ ᠵᠢ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠠᠴᠠ ᠠᠵᠤ ᠠᠬᠤᠢ ᠨᠡᠢ᠌ᠭᠡᠮ᠎ᠤᠨ ᠬᠦᠭᠵᠢᠯᠲᠡ ᠵᠢᠨ ᠬᠢᠷᠢ ᠲᠦᠪᠰᠢᠨ ᠪᠠ ᠡᠮᠴᠢᠯᠡᠭᠡᠨ᠎ᠤ ᠠᠪᠤᠷᠠᠨ ᠲᠤᠰᠠᠯᠠᠬᠤ ᠪᠡᠯᠡ ᠮᠦᠩᠭᠦ ᠵᠢᠨ ᠪᠠᠢ᠌ᠳᠠᠯ ᠶᠣᠰᠤᠭ᠋ᠠᠷ ᠲᠣᠭᠲᠠᠭ᠋ᠠᠵᠤ ᠨᠡᠢ᠌ᠲᠡᠯᠡᠨ᠎ᠡ᠃ ᠡᠭᠦᠨ᠎ᠠᠴᠠ ᠭᠠᠳᠠᠨ᠎ᠠ᠂ ᠠᠷᠭ᠎ᠠ᠎ᠳᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠪᠠ ᠣᠨᠴᠠ ᠬᠦᠴᠢᠷᠳᠡᠯᠲᠡᠢ ᠬᠦᠮᠦᠰ᠎ᠤᠨ ᠤᠷᠤᠨ ᠰᠠᠭᠤᠴᠠ ᠵᠢᠨ ᠠᠪᠤᠷᠠᠨ ᠲᠤᠰᠠᠯᠠᠬᠤ ᠲᠠᠯ᠎ᠠ᠎ᠪᠠᠷ ᠲᠣᠳᠤᠷᠬᠠᠢ ᠲᠣᠭᠲᠠᠭ᠋ᠠᠭᠰᠠᠨ᠎ᠨᠢ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠬᠦ ᠣᠷᠤᠨ ᠰᠠᠭᠤᠴᠠ᠎ᠨᠢ ᠬᠦᠴᠢᠷᠳᠡᠯᠲᠡᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ᠂ ᠲᠠᠷᠠᠬᠠᠢ ᠪᠣᠲᠠᠷᠬᠠᠢ ᠠᠰᠠᠷᠠᠨ ᠲᠡᠵᠢᠭᠡᠯᠭᠡᠵᠦ ᠪᠠᠢ᠌ᠬᠤ ᠣᠨᠴᠠ ᠬᠦᠴᠢᠷᠳᠡᠯᠲᠡᠢ ᠬᠦᠮᠦᠰ᠎ᠲᠤ᠂ ᠤᠯᠤᠰ᠎ᠠᠴᠠ ᠣᠷᠤᠨ ᠰᠠᠭᠤᠴᠠ ᠵᠢᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃ ᠣᠷᠤᠨ ᠰᠠᠭᠤᠴᠠ ᠵᠢᠨ ᠠᠪᠤᠷᠠᠨ ᠲᠤᠰᠠᠯᠠᠯᠲᠠ ᠵᠢ ᠣᠯᠠᠨ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠨ ᠳᠦᠷᠢᠶᠡᠰᠦᠯᠡᠭᠦᠯᠬᠦ᠂ ᠣᠷᠤᠨ ᠰᠠᠭᠤᠴᠠ ᠳᠦᠷᠢᠶᠡᠰᠦᠯᠡᠬᠦ ᠨᠦᠬᠦᠪᠦᠷᠢ ᠣᠯᠭᠤᠬᠣ᠂ ᠮᠠᠯᠵᠢᠬᠤ ᠲᠠᠷᠢᠶᠠᠯᠠᠬᠤ ᠤᠷᠤᠨ᠎ᠤ ᠨᠤᠷᠠᠬᠤ ᠠᠶᠤᠯᠲᠠᠢ ᠪᠠᠢ᠌ᠰᠢᠩ᠎ᠢ ᠵᠠᠰᠠᠨ ᠰᠢᠨᠡᠳᠭᠡᠬᠦ ᠵᠡᠷᠭᠡ ᠠᠷᠭ᠎ᠠ ᠮᠠᠶᠢᠭ ᠵᠶ᠋ᠡᠷ ᠳᠠᠮᠵᠢᠵᠤ ᠬᠡᠷᠡᠭᠵᠢᠭᠦᠯᠦᠨ᠎ᠡ᠃ ᠣᠷᠤᠨ ᠰᠠᠭᠤᠴᠠ ᠵᠢᠨ ᠬᠦᠴᠢᠷᠳᠡᠯ᠎ᠤᠨ ᠪᠠᠷᠢᠮᠵᠢᠶ᠎ᠠ ᠪᠠ ᠠᠪᠤᠷᠠᠨ ᠲᠤᠰᠠᠯᠠᠬᠤ ᠪᠠᠷᠢᠮᠵᠢᠶ᠎ᠠ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠠᠵᠤ ᠠᠬᠤᠢ ᠨᠡᠢ᠌ᠭᠡᠮ᠎ᠤᠨ ᠬᠦᠭᠵᠢᠯᠲᠡ ᠵᠢᠨ ᠬᠢᠷᠢ ᠲᠦᠪᠰᠢᠨ᠂ ᠤᠷᠤᠨ ᠰᠠᠭᠤᠴᠠ ᠵᠢᠨ ᠦᠨ᠎ᠡ ᠬᠠᠩᠰᠢ ᠵᠢᠨ ᠬᠢᠷᠢ ᠬᠡᠮᠵᠢᠶ᠎ᠡ ᠵᠡᠷᠭᠡ ᠡᠯᠸᠮᠸᠨ᠋ᠲ ᠵᠢ ᠦᠨᠳᠦᠰᠦᠯᠡᠨ ᠲᠣᠭᠲᠠᠭ᠋ᠠᠵᠤ ᠨᠡᠢ᠌ᠲᠡᠯᠡᠨ᠎ᠡ᠃
ᠰᠤᠷᠭ᠋ᠠᠨ ᠬᠦᠮᠦᠵᠢᠯ᠎ᠤᠨ ᠠᠪᠤᠷᠠᠨ ᠲᠤᠰᠠᠯᠠᠯᠲᠠ ᠵᠢᠴᠢ ᠠᠵᠢᠯ ᠣᠯᠭᠤᠵᠤ ᠠᠳᠠᠯ ᠦᠢ᠍ᠯᠡᠰ ᠴᠣᠭᠴᠠᠯᠠᠬᠤ ᠳᠡᠳᠭᠦᠮᠵᠢ ᠣᠯᠭᠤᠨ᠎ᠠ
ᠠᠷᠭ᠎ᠠ᠎ᠳᠤ ᠲᠣᠭᠲᠠᠭ᠋ᠠᠭᠰᠠᠨ᠎ᠨᠢ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠰᠤᠷᠭ᠋ᠠᠨ ᠬᠦᠮᠦᠵᠢᠯ᠎ᠤᠨ ᠠᠪᠤᠷᠠᠨ ᠲᠤᠰᠠᠯᠠᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠤᠷᠤᠬᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠪᠦᠷᠢᠯᠳᠦᠭᠦᠨ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ᠎ᠲᠤ᠂ ᠰᠤᠷᠭ᠋ᠠᠨ ᠬᠦᠮᠦᠵᠢᠯ᠎ᠤᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃ ᠰᠤᠷᠬᠤ ᠨᠠᠰᠤᠨ᠎ᠤ ᠡᠮᠦᠨᠡᠬᠢ ᠰᠤᠷᠭ᠋ᠠᠨ ᠬᠦᠮᠦᠵᠢᠯ᠂ ᠦᠨᠳᠦᠷ ᠳᠤᠮᠳᠠᠳᠤ ᠵᠢᠨ ᠰᠤᠷᠭ᠋ᠠᠨ ᠬᠦᠮᠦᠵᠢᠯ (ᠳᠤᠮᠳᠠᠳᠤ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠨ ᠬᠦᠮᠦᠵᠢᠯ ᠪᠠᠭᠲᠠᠨ᠎ᠠ)᠂ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠦᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠣᠷᠤᠬᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠪᠦᠷᠢᠯᠳᠦᠭᠦᠨ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠰ᠂ ᠵᠢᠴᠢ ᠰᠤᠷᠭ᠋ᠠᠭᠤᠯᠢ᠎ᠳᠤ ᠣᠷᠤᠵᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ ᠬᠦᠷᠲᠡᠵᠦ ᠴᠢᠳᠠᠬᠤ ᠦᠭᠡᠢ ᠵᠡᠮᠳᠡᠭ ᠬᠡᠤᠬᠡᠳ᠎ᠲᠤ᠂ ᠪᠣᠳᠠᠲᠠᠢ ᠪᠠᠢ᠌ᠳᠠᠯ᠎ᠢ ᠦᠨᠳᠦᠰᠦᠯᠡᠨ ᠵᠣᠬᠢᠬᠤ ᠬᠡᠮᠵᠢᠶ᠎ᠡ ᠵᠢᠨ ᠰᠤᠷᠭ᠋ᠠᠨ ᠬᠦᠮᠦᠵᠢᠯ ᠤᠨ ᠠᠪᠤᠷᠠᠨ ᠲᠤᠰᠠᠯᠠᠬᠤ ᠲᠤᠰᠠᠯᠠᠮᠵᠢ ᠣᠯᠭᠤᠨ᠎ᠠ᠃
ᠠᠷᠭ᠎ᠠ᠎ᠳᠤ ᠪᠠᠰᠠ ᠲᠣᠳᠤᠷᠬᠠᠢ ᠲᠣᠭᠲᠠᠭ᠋ᠠᠭᠰᠠᠨ᠎ᠨᠢ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠬᠠᠤᠯᠢ᠎ᠪᠠᠷ ᠲᠣᠭᠲᠠᠭ᠋ᠠᠭᠰᠠᠨ ᠬᠦᠳᠡᠯᠮᠦᠷᠢᠯᠡᠬᠦ ᠨᠠᠰᠤᠨ᠎ᠳᠠᠬᠢ ᠬᠦᠳᠡᠯᠮᠦᠷᠢᠯᠡᠬᠦ ᠴᠢᠳᠠᠪᠤᠷᠢ᠎ᠲᠠᠢ᠂ ᠠᠵᠢᠯ ᠣᠯᠬᠤ ᠬᠦᠰᠡᠯᠡᠩ᠎ᠲᠠᠢ ᠪᠦᠭᠡᠳ ᠣᠳᠣᠬᠠᠨ᠎ᠳᠤ ᠠᠵᠢᠯ ᠠᠯᠳᠠᠭᠰᠠᠨ ᠪᠠᠢ᠌ᠳᠠᠯ᠎ᠳᠤ ᠣᠷᠤᠰᠢᠵᠤ ᠪᠠᠢ᠌ᠬᠤ ᠪᠦᠷᠢᠯᠳᠦᠭᠦᠨ᠎ᠨᠢ᠂ ᠦᠪᠡᠷᠲᠡᠭᠡᠨ ᠵᠠᠰᠠᠬᠤ ᠤᠷᠤᠨ᠎ᠤ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠳᠡᠳᠬᠦᠯᠲᠡ ᠵᠢᠨ ᠲᠥᠷᠦ ᠵᠢᠨ ᠪᠣᠳᠤᠯᠭ᠎ᠠ᠎ᠳᠤ ᠨᠡᠢ᠌ᠴᠡᠵᠦ ᠪᠠᠢ᠌ᠪᠠᠯ᠂ ᠲᠣᠭᠲᠠᠭ᠋ᠠᠯ ᠶᠣᠰᠤᠭ᠋ᠠᠷ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠤ ᠵᠢᠭᠡᠯᠡᠯᠭᠡ᠂ ᠨᠡᠢ᠌ᠭᠡᠮ᠎ᠤᠨ ᠳᠠᠭ᠋ᠠᠳᠬᠠᠯ᠎ᠤᠨ ᠨᠦᠬᠦᠪᠦᠷᠢ᠂ ᠪᠣᠯᠪᠠᠰᠤᠷᠠᠯ᠎ᠤᠨ ᠨᠦᠬᠦᠪᠦᠷᠢ᠂ ᠭᠠᠢ᠌ᠯᠢ ᠵᠠᠷᠤᠳᠠᠯ᠎ᠢ ᠬᠦᠩᠭᠡᠷᠡᠭᠦᠯᠵᠦ ᠬᠡᠯᠲᠦᠷᠢᠭᠦᠯᠬᠦ ᠵᠡᠷᠭᠡ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠳᠡᠳᠬᠦᠮᠵᠢ ᠣᠯᠭᠤᠨ᠎ᠠ᠃ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠵᠢᠨ ᠬᠠᠤᠯᠢ᠎ᠪᠠᠷ ᠲᠤᠭᠲᠠᠭ᠋ᠠᠭᠰᠠᠨ ᠬᠦᠳᠡᠯᠮᠦᠷᠢᠯᠡᠬᠦ ᠨᠠᠰᠤᠨ᠎ᠳᠠᠬᠢ ᠬᠦᠳᠡᠯᠮᠦᠷᠢᠯᠡᠬᠦ ᠴᠢᠳᠠᠪᠤᠷᠢ᠎ᠲᠠᠢ ᠪᠦᠷᠢᠯᠳᠦᠭᠦᠨ᠎ᠨᠢ ᠪᠦᠭᠦᠳᠡᠭᠡᠷ ᠵᠶ᠋ᠡᠨ ᠪᠦᠷ ᠠᠵᠢᠯ ᠠᠯᠳᠠᠭᠰᠠᠨ ᠪᠠᠢ᠌ᠳᠠᠯ᠎ᠳᠤ ᠣᠷᠤᠰᠢᠵᠤ ᠪᠠᠢ᠌ᠪᠠᠯ᠂ ᠤᠯᠠᠨ ᠨᠡᠢ᠌ᠲᠡ ᠵᠢᠨ ᠠᠵᠢᠯ ᠣᠯᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠠᠵᠢᠯ ᠠᠯᠳᠠᠭᠰᠠᠨ ᠵᠶ᠋ᠠᠷ ᠲᠡᠮᠳᠡᠭᠯᠡᠨ ᠳᠠᠩᠰᠠᠯᠠᠬᠤ ᠵᠢᠨ ᠬᠠᠮᠲᠤ ᠠᠵᠢᠯ ᠣᠯᠤᠭᠰᠠᠨ ᠦᠭᠡᠢ ᠬᠦᠮᠦᠰ ᠭᠡᠷ ᠪᠦᠯᠢ᠎ᠪᠠᠷ ᠮᠠᠭ᠋ᠠᠳᠯᠠᠨ ᠮᠡᠳᠡᠭᠦᠯᠦᠭᠰᠡᠨ ᠪᠠᠢ᠌ᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠲᠤᠰ ᠭᠡᠷ ᠪᠦᠯᠢ᠎ᠳᠤ ᠠᠳᠠᠭ᠎ᠲᠠᠭᠠᠨ ᠨᠢᠭᠡ ᠬᠦᠮᠦᠨ ᠠᠵᠢᠯ ᠣᠯᠬᠤ ᠵᠢ ᠥᠨᠡᠨᠬᠥ ᠪᠠᠲᠤᠯᠠᠬᠤ ᠶᠣᠰᠤᠲᠠᠢ᠃ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠣᠯᠤᠭᠰᠠᠳ ᠠᠵᠢᠯ ᠣᠯᠬᠤ ᠵᠢ ᠪᠡᠶᠡᠯᠡᠭᠦᠯᠦᠭᠡᠳ ᠲᠡᠭᠦᠨ᠎ᠤ ᠭᠡᠷ ᠪᠦᠯᠢ ᠵᠢᠨ ᠣᠷᠤᠯᠭ᠎ᠠ ᠵᠢᠨ ᠲᠣᠭ᠋ᠠᠴᠠᠭ᠎ᠠ ᠬᠢᠬᠦ ᠦᠶ᠎ᠡ᠂ ᠠᠵᠢᠯ ᠣᠯᠤᠭᠰᠠᠳ ᠴᠢᠬᠣᠯᠠ ᠪᠦᠬᠦᠢ ᠦᠪᠡᠷ᠎ᠤᠨ ᠦᠷᠲᠡᠭ᠎ᠢ ᠰᠠᠭᠤᠯᠭ᠋ᠠᠨ ᠠᠪᠴᠤ ᠪᠣᠯᠤᠨ᠎ᠠ᠃
ᠳᠤᠲᠤᠭ᠋ᠠᠳᠤ ᠵᠢ ᠬᠠᠮᠠᠭ᠋ᠠᠯᠠᠬᠤ ᠪᠠ ᠬᠤᠲᠠ ᠵᠢᠨ ᠬᠠᠮᠢᠶᠠᠷᠤᠯᠲᠠ ᠵᠢᠨ᠎ᠬᠢᠨ ᠲᠡᠨᠦᠭᠦᠯᠴᠢ ᠭᠤᠢ᠌ᠷᠠᠨᠴᠢᠳᠢ ᠰᠠᠨᠠᠭ᠋ᠠᠴᠢᠯᠠᠭ᠎ᠠ᠎ᠠᠴᠠ᠎ᠪᠠᠨ ᠠᠪᠤᠷᠠᠨ ᠲᠤᠰᠠᠯᠠᠬᠤ ᠬᠡᠷᠡᠭᠲᠡᠢ
ᠠᠷᠭ᠎ᠠ ᠵᠢᠨ ᠲᠣᠭᠲᠠᠭ᠋ᠠᠯ ᠶᠣᠰᠤᠭ᠋ᠠᠷ᠂ ᠭᠠᠯ ᠲᠣᠢ᠌ᠮᠠᠷ᠂ ᠵᠠᠮ ᠬᠠᠷᠢᠯᠴᠠᠭ᠋ᠠᠨ᠎ᠤ ᠡᠨᠳᠡᠯ ᠵᠡᠷᠭᠡ ᠰᠠᠨᠠᠭ᠋ᠠᠨ᠎ᠤ ᠭᠠᠳᠠᠭᠤᠷᠬᠢ ᠬᠡᠷᠡᠭ ᠶᠠᠪᠤᠳᠠᠯ ᠲᠤᠯᠭ᠋ᠠᠷᠠᠭᠰᠠᠨ᠂ ᠭᠡᠷ ᠪᠦᠯᠢ ᠵᠢᠨ ᠪᠦᠷᠢᠯᠳᠦᠭᠦᠨ᠎ᠨᠢ ᠭᠡᠨᠡᠳᠲᠡ ᠬᠦᠨᠳᠦ ᠡᠪᠡᠳᠴᠢᠯᠡᠭᠰᠡᠨ ᠵᠡᠷᠭᠡ ᠰᠢᠯᠲᠠᠭ᠋ᠠᠨ᠎ᠠᠴᠠ ᠪᠣᠯᠵᠤ᠂ ᠦᠨᠳᠦᠰᠦᠨ ᠠᠮᠢᠳᠤᠷᠠᠯ᠎ᠨᠢ ᠲᠦᠷ ᠴᠠᠭ ᠬᠦᠨᠳᠦ ᠰᠦᠷᠡᠬᠡᠢ ᠬᠦᠴᠢᠷᠳᠡᠯ᠎ᠳᠤ ᠲᠤᠯᠭ᠋ᠠᠷᠠᠭᠰᠠᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ᠂ ᠡᠰᠡᠬᠦᠯ᠎ᠡ ᠠᠮᠢᠳᠤᠷᠠᠯ᠎ᠤᠨ ᠴᠢᠬᠣᠯᠠ ᠪᠦᠬᠦᠢ ᠵᠠᠷᠤᠯᠭ᠎ᠠ᠎ᠨᠢ ᠭᠡᠨᠡᠳᠲᠡ ᠨᠡᠮᠡᠭᠳᠡᠭᠡᠳ ᠭᠡᠷ ᠪᠦᠯᠢ ᠵᠢᠨ ᠳᠠᠭ᠋ᠠᠭ᠋ᠠᠬᠤ ᠴᠢᠳᠠᠪᠤᠷᠢ᠎ᠠᠴᠠ ᠬᠡᠲᠦᠷᠡᠭᠰᠡᠨ ᠵᠡᠷᠭᠡ ᠰᠢᠯᠲᠠᠭ᠋ᠠᠨ᠎ᠠᠴᠠ ᠪᠣᠯᠵᠤ ᠦᠨᠳᠦᠰᠦᠨ ᠠᠮᠢᠳᠤᠷᠠᠯ᠎ᠨᠢ ᠲᠦᠷ ᠴᠠᠭ ᠬᠦᠨᠳᠦ ᠰᠦᠷᠡᠬᠡᠢ ᠬᠦᠴᠢᠷᠳᠡᠯ᠎ᠳᠤ ᠲᠤᠯᠭ᠋ᠠᠷᠠᠭᠰᠠᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ᠂ ᠵᠢᠴᠢ ᠪᠣᠰᠤᠳ ᠣᠨᠴᠠᠭ᠋ᠠᠢ ᠬᠦᠴᠢᠷᠳᠡᠯ᠎ᠲᠠᠢ ᠭᠡᠷ ᠪᠦᠯᠢᠨᠦᠭᠦᠳ ᠴᠦᠮ ᠲᠦᠷ ᠴᠠᠭ᠎ᠤᠨ ᠠᠪᠤᠷᠠᠨ ᠲᠤᠰᠠᠯᠠᠬᠤ ᠲᠤᠰᠠᠯᠠᠮᠵᠢ ᠵᠢ ᠭᠤᠶᠤᠴᠢᠯᠠᠵᠤ ᠪᠣᠯᠤᠨ᠎ᠠ᠃ ᠲᠦᠷ ᠴᠠᠭ᠎ᠤᠨ ᠠᠪᠤᠷᠠᠨ ᠲᠤᠰᠠᠯᠠᠬᠤ ᠪᠣᠳᠠᠲᠠᠢ ᠵᠦᠢ᠍ᠯ ᠪᠠ ᠪᠠᠷᠢᠮᠵᠢᠶ᠎ᠠ ᠵᠢ ᠡᠯ᠎ᠡ ᠭᠠᠵᠠᠷ ᠤᠷᠤᠨ ᠠᠪᠤᠷᠠᠨ ᠲᠤᠰᠠᠯᠠᠭᠰᠠᠳ᠎ᠤᠨ ᠬᠦᠴᠢᠷᠳᠡᠯ᠎ᠤᠨ ᠲᠦᠷᠦᠯ ᠰᠢᠨᠵᠢ᠂ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠵᠦ᠂ ᠨᠡᠢ᠌ᠭᠡᠮ᠎ᠤᠨ ᠪᠣᠰᠤᠳ ᠠᠪᠤᠷᠠᠨ ᠲᠤᠰᠠᠯᠠᠬᠤ ᠳᠦᠷᠢᠮ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠨᠢᠭᠡᠳᠦᠯᠲᠡᠢ ᠲᠦᠯᠦᠪᠯᠡᠨ ᠪᠣᠳᠤᠯᠬᠢᠯᠠᠭᠰᠠᠨᠤ ᠳᠠᠷᠠᠭ᠎ᠠ ᠲᠣᠭᠲᠠᠭ᠋ᠠᠬᠤ ᠵᠢᠨ ᠬᠠᠮᠲᠤ ᠵᠢᠯ ᠳᠠᠷᠠᠭ᠋ᠠᠯᠠᠨ ᠲᠣᠬᠢᠷᠠᠭᠤᠯᠤᠯᠲᠠ ᠬᠢᠨ᠎ᠡ᠃
ᠠᠷᠭ᠎ᠠ᠎ᠳᠤ ᠲᠣᠳᠤᠷᠬᠠᠢ ᠲᠣᠭᠲᠠᠭ᠋ᠠᠭᠰᠠᠨ᠎ᠨᠢ᠂ ᠬᠤᠰᠢᠭᠤ ᠰᠢᠶᠠᠨ (ᠬᠣᠲᠠ᠂ ᠲᠣᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠵᠢᠴᠢ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠡᠷᠬᠡᠪᠰᠢ ᠰᠠᠢ᠌ᠨ ᠳᠤᠷ᠎ᠠ᠎ᠠᠴᠠ᠎ᠪᠠᠨ ᠲᠤᠰᠠᠯᠠᠮᠵᠢ ᠬᠦᠷᠲᠡᠵᠦ᠂ ᠲᠦᠯᠦᠪᠦᠷᠢ ᠦᠭᠡᠢ᠎ᠪᠠᠷ ᠠᠪᠤᠷᠠᠨ ᠲᠤᠰᠠᠯᠠᠬᠤ ᠵᠠᠷᠴᠢᠮ᠎ᠢ ᠵᠢᠷᠤᠮᠯᠠᠵᠤ᠂ ᠲᠡᠨᠦᠭᠦᠯᠴᠢ ᠭᠤᠢ᠌ᠷᠠᠨᠴᠢᠳᠲᠤ ᠲᠦᠷ ᠴᠠᠭ᠎ᠤᠨ ᠢᠳᠡᠭᠡᠨ ᠤᠮᠳᠠᠭ᠋ᠠᠨ ᠣᠷᠤᠨ ᠰᠠᠭᠤᠴᠠ᠂ ᠲᠦᠷᠭᠡᠨ ᠡᠪᠡᠳᠴᠢᠨ᠎ᠤ ᠡᠮᠨᠡᠨ ᠵᠠᠰᠠᠯᠲᠠ᠂ ᠬᠠᠮᠵᠢᠨ ᠬᠠᠪᠰᠤᠷᠴᠤ ᠪᠣᠴᠠᠭ᠋ᠠᠬᠤ ᠵᠡᠷᠭᠡ ᠠᠪᠤᠷᠠᠨ ᠲᠤᠰᠠᠯᠠᠯᠲᠠ ᠬᠠᠩᠭ᠋ᠠᠬᠤ ᠶᠣᠰᠤᠲᠠᠢ᠃ ᠳᠣᠲᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠬᠣᠲᠠ ᠵᠢᠨ ᠬᠠᠮᠢᠶᠠᠷᠤᠯᠲᠠ ᠪᠠ ᠪᠣᠰᠤᠳ ᠬᠣᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠠᠵᠢᠯᠲᠠᠨ ᠠᠯᠪᠠᠨ ᠶᠠᠪᠤᠳᠠᠯ᠎ᠢ ᠭᠦᠢ᠍ᠴᠡᠳᠭᠡᠬᠦ᠎ᠳᠡᠭᠡᠨ ᠲᠡᠨᠦᠭᠦᠯᠴᠢ ᠭᠤᠢ᠌ᠷᠠᠨᠴᠢᠳᠢ ᠣᠯᠵᠤ ᠮᠡᠳᠡᠪᠡᠯ᠂ ᠠᠪᠤᠷᠠᠨ ᠲᠤᠰᠠᠯᠠᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠲᠤᠰᠠᠯᠠᠮᠵᠢ ᠭᠤᠶᠤᠴᠢᠯᠠᠬᠤ ᠵᠢ ᠲᠡᠳᠡᠨ᠎ᠳᠤ ᠬᠡᠯᠡᠵᠦ ᠥᠭᠬᠦ ᠶᠣᠰᠤᠲᠠᠢ᠃ ᠲᠡᠳᠡᠨ᠎ᠤ ᠳᠣᠲᠤᠷᠠᠬᠢ ᠵᠡᠮᠳᠡᠭ ᠬᠦᠮᠦᠨ᠂ ᠨᠠᠰᠤᠨ᠎ᠳᠤ ᠦᠯᠦ ᠬᠦᠷᠦᠭᠰᠡᠳ᠂ ᠨᠠᠰᠤᠲᠠᠢ᠌ᠴᠤᠳ᠂ ᠬᠥᠳᠡᠯᠵᠦ ᠪᠠᠷᠢᠬᠤ᠎ᠨᠢ ᠳᠦᠭᠦᠮ ᠦᠭᠡᠢ ᠪᠠ ᠣᠨᠴᠠᠭ᠋ᠠᠢ ᠬᠦᠴᠢᠷᠳᠡᠯ᠎ᠲᠠᠢ ᠪᠤᠰᠤᠳ ᠬᠦᠮᠦᠰ᠎ᠢ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠬᠦᠲᠦᠯᠦᠨ ᠵᠢᠯᠤᠭᠤᠳᠴᠤ᠂ ᠬᠠᠮᠠᠭ᠋ᠠᠯᠠᠨ ᠬᠦᠷᠭᠡᠬᠦ ᠶᠣᠰᠤᠲᠠᠢ; ᠲᠦᠷᠭᠡᠨ ᠡᠪᠡᠳᠴᠢᠨ᠎ᠲᠠᠢ ᠬᠦᠮᠦᠨ᠎ᠢ ᠲᠦᠷᠭᠡᠨ ᠠᠪᠤᠷᠠᠯᠲᠠ ᠵᠢᠨ ᠪᠠᠢ᠌ᠭᠤᠯᠤᠮᠵᠢ᠎ᠳᠤ ᠲᠡᠷᠡ ᠳᠠᠷᠤᠢ᠎ᠳᠤ᠎ᠨᠢ ᠮᠡᠳᠡᠭᠳᠡᠵᠦ ᠠᠪᠤᠷᠠᠨ ᠡᠮᠴᠢᠯᠡᠭᠦᠯᠬᠦ ᠶᠣᠰᠤᠲᠠᠢ᠃