ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠨᠡᠶ᠋ᠢᠲᠡᠯᠡᠭᠰᠡᠨ ᠴᠠᠭ᠄ 2015-02-15

      ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠠᠷᠭ᠎ᠠ
      ᠡᠬᠢᠯᠡᠵᠦ ᠬᠡᠷᠡᠭᠵᠢᠭᠦᠯᠬᠦ ᠴᠠᠭ᠄ 2014 ᠤᠨ᠎ᠤ 10 ᠰᠠᠷ᠎ᠠ ᠵᠢᠨ 1᠎ᠠᠴᠠ ᠡᠬᠢᠯᠡᠵᠦ᠂ ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠵᠦ᠂ ᠡᠭᠦᠨ᠎ᠤ ᠬᠠᠮᠳᠤ᠂ ᠭᠡᠰᠡᠭ ᠦᠷ᠎ᠡ ᠪᠦᠲᠦᠮᠵᠢ ᠵᠢᠨ ᠴᠠᠯᠢᠩ᠎ᠢ ᠦᠨᠳᠦᠰᠦᠨ ᠴᠠᠯᠢᠩ᠎ᠳᠤ ᠨᠡᠢ᠍ᠢ᠍ᠯᠡᠭᠦᠯᠦᠨ᠎ᠠ; ᠦᠷ᠎ᠡ ᠪᠦᠲᠦᠮᠵᠢ ᠵᠢᠨ ᠴᠠᠯᠢᠩ᠎ᠤᠨ ᠲᠦᠷᠢᠮ᠎ᠢ ᠬᠡᠷᠡᠭᠵᠢᠭᠦᠯᠦᠭᠡᠳᠦᠢ ᠪᠤᠯ ᠭᠡᠷᠡᠭᠵᠢᠭᠦᠯᠦᠭᠰᠡᠨ ᠳᠦᠷᠦᠯ ᠵᠦᠢ᠍ᠯ᠎ᠠᠴᠠ ᠳᠠᠳᠠᠵᠤ ᠨᠡᠢ᠍ᠢ᠍ᠯᠡᠭᠦᠯᠦᠨ᠎ᠠ᠃
      ᠠᠵᠢᠯ᠎ᠤᠨ ᠪᠠᠢ᠍ᠢ᠍ᠷᠢ ᠵᠢᠨ ᠴᠠᠯᠢᠩ᠎ᠤᠨ ᠪᠠᠷᠢᠮᠵᠢᠶ᠎ᠠ᠄
      ᠠᠵᠢᠯ ᠮᠡᠷᠭᠡᠵᠢᠯ᠎ᠤᠨ ᠠᠵᠢᠯᠳᠠᠨ ᠄ 550 — 2800 ᠲᠦᠭᠦᠷᠢᠭ᠎ᠠᠴᠠ 1150 — 3810 ᠲᠦᠭᠦᠷᠢᠭ ᠪᠤᠯᠭ᠋ᠠᠨ ᠨᠡᠮᠡᠭᠳᠡᠭᠦᠯᠦᠨ᠎ᠠ
      ᠬᠠᠮᠢᠶᠠᠷᠤᠯᠳᠠ ᠵᠢᠨ ᠠᠵᠢᠯᠳᠠᠨ᠄ 550 — 2750 ᠲᠦᠭᠦᠷᠢᠭ᠎ᠠᠴᠠ 1150 — 3770 ᠲᠦᠭᠦᠷᠢᠭ ᠪᠤᠯᠭ᠋ᠠᠨ ᠨᠡᠮᠡᠭᠳᠡᠭᠦᠯᠦᠨ᠎ᠠ
    ᠠᠵᠢᠯᠴᠢᠨ᠄ 540 — 830 ᠲᠦᠭᠦᠷᠢᠭ᠎ᠠᠴᠠ 1130 — 1640 ᠲᠦᠭᠦᠷᠢᠭ ᠪᠤᠯᠭ᠋ᠠᠨ ᠨᠡᠮᠡᠭᠳᠡᠭᠦᠯᠦᠨ᠎ᠠ
      ᠴᠠᠯᠢᠩ᠎ᠤᠨ ᠳᠡᠰ᠎ᠤᠨ ᠴᠠᠯᠢᠩ᠎ᠤᠨ ᠪᠠᠷᠢᠮᠵᠢᠶ᠎ᠠ᠄
      ᠠᠵᠢᠯ ᠮᠡᠷᠭᠡᠵᠢᠯ᠎ᠤᠨ ᠠᠵᠢᠯᠳᠠᠨ᠂ ᠬᠠᠮᠢᠶᠠᠷᠤᠯᠳᠠ ᠵᠢᠨ ᠠᠵᠢᠯᠳᠠᠨ᠄ 80 — 2600 ᠲᠦᠭᠦᠷᠢᠭ᠎ᠠᠴᠠ 170 — 5795 ᠲᠦᠭᠦᠷᠢᠭ ᠪᠤᠯᠭ᠋ᠠᠨ ᠨᠡᠮᠡᠭᠳᠡᠭᠦᠯᠦᠨ᠎ᠠ
      ᠠᠵᠢᠯᠴᠢᠨ᠄ 70 — 915 ᠲᠦᠭᠦᠷᠢᠭ᠎ᠠᠴᠠ 150 — 1855 ᠲᠦᠭᠦᠷᠢᠭ ᠪᠤᠯᠭ᠋ᠠᠨ ᠨᠡᠮᠡᠭᠳᠡᠭᠦᠯᠦᠨ᠎ᠠ
      ᠦᠷ᠎ᠡ ᠪᠦᠲᠦᠮᠵᠢ ᠵᠢᠨ ᠴᠠᠯᠢᠩ᠄ ᠬᠡᠰᠡᠭ ᠦᠷ᠎ᠡ ᠪᠦᠲᠦᠮᠵᠢ ᠵᠢᠨ ᠴᠠᠯᠢᠩ᠎ᠢ ᠦᠨᠳᠦᠰᠦᠨ ᠴᠠᠯᠢᠩ᠎ᠳᠤ ᠨᠡᠢ᠍ᠢ᠍ᠯᠡᠭᠦᠯᠦᠨ᠎ᠠ; ᠦᠷ᠎ᠡ ᠪᠦᠲᠦᠮᠵᠢ ᠵᠢᠨ ᠴᠠᠯᠢᠩ ᠬᠠᠷᠢᠴᠠᠩᠭᠤᠢ᠎ᠪᠠᠷ ᠬᠠᠰᠤᠭᠳᠠᠨ᠎ᠠ᠃
                ᠠᠵᠢᠯ ᠦᠢ᠍ᠯᠡᠰ᠎ᠤᠨ ᠨᠢᠭᠡᠴᠡ ᠵᠢᠨ ᠠᠵᠢᠯ ᠮᠡᠷᠭᠡᠵᠢᠯ᠎ᠤᠨ ᠠᠵᠢᠯᠳᠠᠨ᠎ᠤ

                      ᠦᠨᠳᠦᠰᠦᠨ ᠴᠠᠯᠢᠩ᠎ᠤᠨ ᠪᠠᠷᠢᠮᠵᠢᠶ᠎ᠠ ᠵᠢᠨ ᠬᠦᠰᠦᠨᠦᠭᠳᠦ

                ᠠᠵᠢᠯ ᠦᠢ᠍ᠯᠡᠰ᠎ᠤᠨ ᠨᠢᠭᠡᠴᠡ ᠵᠢᠨ ᠬᠠᠮᠢᠶᠠᠷᠤᠯᠳᠠ ᠵᠢᠨ ᠦᠨᠳᠦᠰᠦᠨ

                            ᠴᠠᠯᠢᠩ᠎ᠤᠨ ᠪᠠᠷᠢᠮᠵᠢᠶ᠎ᠠ ᠵᠢᠨ ᠬᠦᠰᠦᠨᠦᠭᠳᠦ

                  ᠠᠵᠢᠯ ᠦᠢ᠍ᠯᠡᠰ᠎ᠤᠨ ᠨᠢᠭᠡᠴᠡ ᠵᠢᠨ ᠠᠵᠢᠯᠴᠢᠨ᠎ᠤ   ᠦᠨᠳᠦᠰᠦᠨ

                          ᠴᠠᠯᠢᠩ ᠵᠢᠨ ᠪᠠᠷᠢᠮᠵᠢᠶ᠎ᠠ ᠵᠢᠨ ᠬᠦᠰᠦᠨᠦᠭᠳᠦ


      ᠪᠤᠰᠤᠳ ᠳᠦᠷᠦ ᠵᠢᠨ ᠪᠤᠳᠤᠯᠭ᠎ᠠ ᠵᠢᠨ ᠠᠰᠠᠭᠤᠳᠠᠯ
      ᠡᠯ᠎ᠠ ᠲᠦᠷᠦᠯ᠎ᠤᠨ ᠰᠤᠷᠭ᠋ᠠᠭᠤᠯᠢ᠎ᠠᠴᠠ ᠳᠡᠭᠦᠰᠦᠭᠰᠡᠨ ᠰᠤᠷᠤᠭᠴᠢᠳ᠎ᠠᠴᠠ ᠡᠯᠰᠡᠭᠰᠡᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ᠎ᠤ ᠳᠠᠳᠤᠯᠭ᠎ᠠ ᠪᠠ ᠠᠩᠬᠠᠨ᠎ᠤ ᠬᠤᠭᠤᠴᠠᠭ᠋ᠠᠨ᠎ᠤ ᠴᠠᠯᠢᠩ᠎ᠤᠨ ᠪᠠᠷᠢᠮᠵᠢᠶ᠎ᠠ (ᠨᠡᠮᠡᠭᠳᠡᠭᠦᠯᠦᠭᠰᠡᠨ᠎ᠤ ᠳᠠᠷᠠᠭ᠎ᠠ)᠄
      ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠳᠡᠭᠦᠰᠦᠭᠰᠡᠳ᠄ 1190 ᠲᠦᠭᠦᠷᠢᠭ
      ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠳᠡᠭᠦᠰᠦᠭᠰᠡᠳ᠄ 1220 ᠲᠦᠭᠦᠷᠢᠭ
      ᠶᠡᠬᠡ ᠰᠤᠷᠭ᠋ᠠᠭᠤᠯᠢ ᠵᠢᠨ ᠳᠤᠰᠬᠠᠢ ᠮᠡᠷᠭᠡᠵᠢᠯ᠎ᠤᠨ ᠠᠩᠬᠢ᠎ᠠᠴᠠ ᠳᠡᠭᠦᠰᠦᠭᠰᠡᠳ᠄ 1345 ᠲᠦᠭᠦᠷᠢᠭ
      ᠶᠡᠬᠡ ᠰᠤᠷᠭ᠋ᠠᠭᠤᠯᠢ ᠵᠢᠨ ᠦᠨᠳᠦᠰᠦᠨ ᠠᠩᠬᠢ᠎ᠠᠴᠠ ᠳᠡᠭᠦᠰᠦᠭᠰᠡᠳ᠄ 1390 ᠲᠦᠭᠦᠷᠢᠭ
      ᠬᠤᠤᠰ ᠴᠤᠯᠠ᠎ᠲᠠᠢ (6 ᠵᠢᠯ᠎ᠠᠴᠠ ᠳᠡᠭᠡᠭᠰᠢ ᠰᠤᠷᠤᠯᠭ᠎ᠠ ᠵᠢᠨ ᠳᠦᠷᠢᠮ᠎ᠢ ᠪᠠᠭᠳᠠᠭ᠋ᠠᠨ᠎ᠠ) ᠤᠶᠤᠳᠠᠨ᠂ ᠰᠤᠳᠤᠯᠬᠤ ᠰᠤᠷᠤᠭᠴᠢ ᠵᠢᠨ ᠠᠩᠬᠢ᠎ᠠᠴᠠ ᠳᠡᠭᠦᠰᠦᠭᠰᠡᠳ ᠪᠠ ᠠᠰᠫᠢᠷᠠᠨᠲ᠎ᠤᠨ ᠴᠤᠯᠠ ᠬᠠᠮᠠᠭ᠋ᠠᠯᠠᠭᠰᠠᠨ ᠦᠭᠡᠢ ᠰᠤᠳᠤᠯᠬᠤ ᠰᠤᠷᠤᠭᠴᠢ᠄ 1435 ᠲᠦᠭᠦᠷᠢᠭ
      ᠠᠰᠫᠢᠷᠠᠨᠲ᠎ᠤᠨ ᠴᠤᠯᠠ ᠬᠠᠮᠠᠭ᠋ᠠᠯᠠᠭᠰᠠᠨ ᠰᠤᠳᠤᠯᠬᠤ ᠰᠤᠷᠤᠭᠴᠢ᠄ 1580 ᠲᠦᠭᠦᠷᠢᠭ
      ᠳ᠋ᠤᠺᠲ᠋ᠤᠷ ᠴᠤᠯᠠ ᠬᠠᠮᠠᠭ᠋ᠠᠯᠠᠭᠰᠠᠨ ᠰᠤᠳᠤᠯᠬᠤ ᠰᠤᠷᠤᠭᠴᠢ᠄ 1720 ᠲᠦᠭᠦᠷᠢᠭ
      ᠦᠷ᠎ᠡ ᠪᠦᠲᠦᠮᠵᠢ ᠵᠢᠨ ᠴᠠᠯᠢᠩ᠄ ᠦᠷ᠎ᠡ ᠪᠦᠲᠦᠮᠵᠢ ᠵᠢᠨ ᠴᠠᠯᠢᠩ᠎ᠨᠢ ᠬᠠᠷᠢᠴᠠᠩᠭᠤᠢ᠎ᠪᠠᠷ ᠬᠠᠰᠤᠭᠳᠠᠬᠤ ᠳᠤᠬᠠᠢ ᠪᠤᠳᠠᠳᠠᠢ ᠠᠷᠭ᠎ᠠ ᠵᠢ ᠡᠯ᠎ᠠ ᠭᠠᠵᠠᠷ ᠤᠷᠤᠨ ᠪᠤᠳᠠᠳᠠᠢ ᠪᠠᠢ᠍ᠢ᠍ᠳᠠᠯ ᠵᠶ᠋ᠡᠨ ᠦᠨᠳᠦᠰᠦᠯᠡᠨ ᠳᠤᠭᠳᠠᠭ᠋ᠠᠨ᠎ᠠ᠃
      ᠠᠵᠢᠯ ᠦᠢ᠍ᠯᠡᠰ᠎ᠤᠨ ᠨᠢᠭᠡᠴᠡ ᠵᠢᠨ ᠰᠢᠨ᠎ᠡ᠎ᠪᠠᠷ ᠠᠵᠢᠯ᠎ᠳᠤ ᠭᠠᠷᠣᠭᠰᠠᠨ ᠠᠵᠢᠯᠴᠢᠨ᠎ᠤ ᠱᠠᠪᠢ ᠠᠵᠢᠯᠴᠢᠨ᠎ᠤ ᠬᠤᠭᠤᠴᠠᠭ᠎ᠠ᠂ ᠳᠠᠳᠤᠯᠭ᠎ᠠ ᠵᠢᠨ ᠬᠤᠭᠤᠴᠠᠭ᠋ᠠᠨ᠎ᠤ ᠴᠠᠯᠢᠩ᠎ᠤᠨ ᠪᠠᠷᠢᠮᠵᠢᠶ᠎ᠠ᠄ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠵᠠᠰᠠᠭ᠎ᠤᠨ ᠤᠷᠳᠤᠨ ᠪᠤᠳᠠᠳᠠᠢ ᠪᠠᠢ᠍ᠢ᠍ᠳᠠᠯ ᠵᠶ᠋ᠠᠨ ᠦᠨᠳᠦᠰᠦᠯᠡᠨ ᠳᠤᠭᠳᠠᠭ᠋ᠠᠨ᠎ᠠ᠃
      ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ᠂ ᠰᠤᠪᠢᠯᠠᠭᠴᠢ ᠵᠢᠨ ᠠᠵᠢᠯ᠎ᠤᠨ ᠪᠠᠢ᠍ᠢ᠍ᠷᠢ ᠵᠢᠨ ᠴᠠᠯᠢᠩ ᠪᠠ ᠴᠠᠯᠢᠩ᠎ᠤᠨ ᠳᠡᠰ᠎ᠤᠨ ᠴᠠᠯᠢᠩ᠎ᠤᠨ ᠪᠠᠷᠢᠮᠵᠢᠶ᠎ᠡ ᠵᠢ 10% ᠦᠨᠳᠦᠷ ᠪᠠᠢ᠍ᠢ᠍ᠯᠭ᠋ᠠᠨ᠎ᠠ᠃

                  ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠠᠵᠢᠯᠴᠢᠨ᠎ᠤ

                  ᠦᠷ᠎ᠡ ᠪᠦᠲᠦᠮᠵᠢ ᠵᠢᠨ ᠴᠠᠯᠢᠩ᠎ᠤᠨ ᠬᠠᠰᠤᠭᠳᠠᠭᠰᠠᠨ ᠬᠡᠮᠵᠢᠶ᠎ᠡ


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠠᠯᠪᠠᠨ ᠪᠠᠢ᠌ᠭᠤᠯᠭ᠎ᠠ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠲᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠵᠢᠷᠤᠭ ᠵᠶ᠋ᠠᠷ ᠲᠠᠢ᠌ᠯᠬᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠠᠵᠢᠯ᠎ᠢ ᠵᠢᠷᠤᠭ ᠵᠶ᠋ᠠᠷ ᠲᠠᠢ᠌ᠯᠬᠤᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯᠯᠠᠬᠤ ᠬᠣᠷᠢᠶ᠎ᠠ ᠵᠢᠨ ᠬᠠᠷᠢᠭᠤᠴᠠᠯᠭ᠋ᠠᠲᠠᠨ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠡᠪ ᠬᠠᠮᠲᠤ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠬᠤᠷᠢᠮ ᠨᠠᠢ᠌ᠷ ᠤᠷᠤᠰᠢᠭᠤᠯᠭ᠎ᠠ ᠪᠠᠶᠠᠷ ᠳᠤᠷᠠᠰᠬᠠᠯ᠎ᠤᠨ ᠠᠵᠢᠯᠯᠠᠭ᠎ᠠ ᠬᠢᠬᠦ ᠲᠣᠬᠠᠢ ᠬᠡᠷᠡᠭᠵᠢᠭᠦᠯᠬᠦ ᠠᠷᠭ᠎ᠠ 》 ᠲᠣᠭᠲᠠᠭ᠋ᠠᠨ ᠨᠡᠢ᠌ᠲᠡᠯᠡᠭᠰᠡᠨ ᠲᠣᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠬᠦᠳᠡᠭᠡ ᠲᠤᠰᠬᠤᠨ᠎ᠤ ᠡᠵᠡᠩᠨᠡᠯᠳᠡ ᠵᠢᠨ ᠭᠤᠤᠯ ᠴᠤᠭᠴᠠ ᠵᠢ ᠳᠦᠷᠭᠡᠳᠭᠡᠨ ᠪᠤᠢ᠍ᠢ᠍ᠵᠢᠭᠤᠯᠬᠤ ᠵᠢ ᠭᠡᠷᠬᠢᠨ ᠤᠢ᠍ᠢ᠍ᠯᠠᠭ᠋ᠠᠬᠤ ᠪᠤᠢ?
 
            