ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠯᠪᠠᠨ ᠪᠠᠢ᠌ᠭᠤᠯᠭ᠎ᠠ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠲᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠨᠡᠶ᠋ᠢᠲᠡᠯᠡᠭᠰᠡᠨ ᠴᠠᠭ᠄ 2015-02-25

      ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠠᠷᠭ᠎ᠠ
      ᠡᠬᠢᠯᠡᠵᠦ ᠬᠡᠷᠡᠭᠵᠢᠭᠦᠯᠬᠦ ᠴᠠᠭ᠄ 2014 ᠤᠨ᠎ᠤ 10 ᠰᠠᠷ᠎ᠠ ᠵᠢᠨ 1᠎ᠠᠴᠠ ᠡᠬᠢᠯᠡᠵᠦ᠂ ᠤᠯᠤᠰ᠎ᠤᠨ ᠠᠯᠪᠠᠳᠠᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠵᠦ᠂ ᠡᠭᠦᠨ᠎ᠤ ᠬᠠᠮᠳᠤ ᠭᠡᠰᠡᠭ ᠳᠦᠷᠢᠮᠵᠢᠭᠰᠡᠨ ᠨᠡᠮᠡᠭᠦᠷᠢ ᠨᠦᠬᠦᠪᠦᠷᠢ ᠵᠢ ᠦᠨᠳᠦᠰᠦᠨ ᠴᠠᠯᠢᠩ᠎ᠳᠤ ᠨᠡᠢ᠍ᠢ᠍ᠯᠡᠭᠦᠯᠦᠨ᠎ᠠ᠃
      ᠠᠵᠢᠯ ᠲᠦᠷᠦᠯ᠎ᠤᠨ ᠴᠠᠯᠢᠩ᠎ᠤᠨ ᠪᠠᠷᠢᠮᠵᠢᠶ᠎ᠠ᠄ 340 — 4000 ᠲᠦᠭᠦᠷᠢᠭ᠎ᠠᠴᠠ 510 — 5250 ᠲᠦᠭᠦᠷᠢᠭ ᠪᠤᠯᠭ᠋ᠠᠨ ᠨᠡᠮᠡᠭᠳᠡᠭᠦᠯᠦᠨ᠎ᠠ᠃
      ᠵᠡᠷᠭᠡ ᠳᠡᠰ᠎ᠤᠨ ᠴᠠᠯᠢᠩ᠎ᠤᠨ ᠪᠠᠷᠢᠮᠵᠢᠶ᠎ᠠ᠄ 293 — 3020 ᠲᠦᠭᠦᠷᠢᠭ᠎ᠠᠴᠠ 810 — 6135 ᠲᠦᠭᠦᠷᠢᠭ ᠪᠤᠯᠭ᠋ᠠᠨ ᠨᠡᠮᠡᠭᠳᠡᠭᠦᠯᠦᠨ᠎ᠠ᠃
      ᠠᠯᠪᠠᠨ ᠪᠠᠢ᠌ᠭᠤᠯᠭ᠎ᠠ ᠵᠢᠨ ᠠᠵᠢᠯᠴᠢᠨ᠎ᠤ ᠮᠡᠷᠭᠡᠵᠢᠯ᠎ᠤᠨ ᠵᠡᠷᠭᠡ ᠳᠡᠰ᠎ᠤᠨ ᠴᠠᠯᠢᠩ᠎ᠤᠨ ᠪᠠᠷᠢᠮᠵᠢᠶ᠎ᠠ᠄ ᠮᠡᠷᠭᠡᠵᠢᠯ᠎ᠤᠨ ᠵᠡᠷᠭᠡ ᠳᠡᠰ᠎ᠤᠨ ᠴᠠᠯᠢᠩ᠎ᠤᠨ ᠪᠠᠷᠢᠮᠵᠢᠶ᠎ᠠ᠎ᠳᠤ ᠮᠦᠨ ᠵᠤᠬᠢᠬᠤ ᠳᠤᠬᠢᠷᠠᠭᠤᠯᠤᠯᠳᠠ ᠬᠢᠨ᠎ᠠ᠃ ᠡᠭᠦᠨ᠎ᠤ ᠬᠠᠮᠳᠤ᠂ ᠭᠡᠰᠡᠭ ᠳᠦᠷᠢᠮᠵᠢᠭᠰᠡᠨ ᠨᠡᠮᠡᠭᠦᠷᠢ ᠨᠦᠬᠦᠪᠦᠷᠢ ᠵᠢ ᠮᠡᠷᠭᠡᠵᠢᠯ᠎ᠤᠨ ᠵᠡᠷᠭᠡ ᠳᠡᠰ᠎ᠤᠨ ᠴᠠᠯᠢᠩ᠎ᠳᠤ ᠨᠡᠢ᠍ᠢ᠍ᠯᠡᠭᠦᠯᠦᠨ᠎ᠠ᠃
      ᠳᠦᠷᠢᠮᠵᠢᠭᠰᠡᠨ ᠨᠦᠬᠦᠪᠦᠷᠢ ᠵᠢᠨ ᠪᠠᠷᠢᠮᠵᠢᠶ᠎ᠠ᠄ ᠳᠦᠷᠢᠮᠵᠢᠭᠰᠡᠨ ᠨᠦᠬᠦᠪᠦᠷᠢ ᠵᠢᠨ ᠪᠠᠷᠢᠮᠵᠢᠶ᠎ᠠ᠎ᠨᠢ ᠬᠠᠷᠢᠴᠠᠩᠭᠤᠢ᠎ᠪᠠᠷ ᠬᠠᠰᠤᠭᠳᠠᠨ᠎ᠠ᠃ ᠨᠦᠬᠦᠪᠦᠷᠢ ᠵᠢᠨ ᠪᠠᠷᠢᠮᠵᠢᠶ᠎ᠠ ᠵᠢᠨ ᠦᠨᠳᠦᠰᠦᠨ ᠴᠠᠯᠢᠩ᠎ᠳᠤ ᠨᠡᠢ᠌ᠯᠡᠭᠦᠯᠦᠭᠡᠳ ᠦᠯᠡᠳᠡᠭᠰᠡᠨ ᠭᠡᠰᠡᠭ᠎ᠢ ᠦᠨᠳᠦᠰᠦᠯᠡᠨ ᠬᠡᠷᠡᠭᠵᠢᠭᠦᠯᠦᠨ᠎ᠡ᠃
                ᠤᠯᠤᠰ᠎ᠤᠨ ᠠᠯᠪᠠᠳᠠᠨ᠎ᠤ ᠠᠵᠢᠯ ᠲᠦᠷᠦᠯ ᠵᠡᠷᠭᠡ ᠳᠡᠰ᠎ᠤᠨ

              ᠴᠠᠯᠢᠩ᠎ᠤᠨ ᠪᠠᠷᠢᠮᠵᠢᠶ᠎ᠠ ᠵᠢᠨ ᠬᠦᠰᠦᠨᠦᠭᠳᠦ


              ᠠᠯᠪᠠᠨ ᠪᠠᠢ᠌ᠭᠤᠯᠭ᠎ᠠ ᠵᠢᠨ ᠠᠵᠢᠯᠴᠢᠨ᠎ᠤ ᠠᠵᠢᠯ᠎ᠤᠨ ᠪᠠᠢ᠍ᠢ᠍ᠷᠢ ᠮᠡᠷᠭᠡᠵᠢᠯ᠎ᠤᠨ

                ᠵᠡᠷᠭᠡ ᠳᠡᠰ᠎ᠤᠨ ᠴᠠᠯᠢᠩ᠎ᠤᠨ ᠪᠠᠷᠢᠮᠵᠢᠶ᠎ᠠ ᠵᠢᠨ ᠬᠦᠰᠦᠨᠦᠭᠳᠦ



      ᠪᠤᠰᠤᠳ ᠳᠦᠷᠦ ᠵᠢᠨ ᠪᠤᠳᠤᠯᠭ᠎ᠠ ᠵᠢᠨ ᠠᠰᠠᠭᠤᠳᠠᠯ
   
ᠡᠯ᠎ᠠ ᠲᠦᠷᠦᠯ᠎ᠤᠨ ᠰᠤᠷᠭ᠋ᠠᠭᠤᠯᠢ᠎ᠠᠴᠠ ᠳᠡᠭᠦᠰᠦᠭᠰᠡᠨ ᠰᠤᠷᠤᠭᠴᠢᠳ᠎ᠠᠴᠠ ᠡᠯᠰᠡᠭᠰᠡᠨ ᠤᠯᠤᠰ᠎ᠤᠨ ᠠᠯᠪᠠᠳᠠᠨ᠎ᠤ ᠳᠤᠷᠰᠢᠨ ᠭᠡᠷᠡᠭᠯᠡᠬᠦ ᠬᠤᠭᠤᠴᠠᠭ᠋ᠠᠨ᠎ᠤ ᠴᠠᠯᠢᠩ᠎ᠤᠨ ᠪᠠᠷᠢᠮᠵᠢᠶ᠎ᠠ (ᠨᠡᠮᠡᠭᠳᠡᠭᠦᠯᠦᠭᠰᠡᠨ᠎ᠤ ᠳᠠᠷᠠᠭ᠎ᠠ)᠄
      ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠳᠡᠭᠦᠰᠦᠭᠰᠡᠳ᠄ 1190 ᠲᠦᠭᠦᠷᠢᠭ
     
ᠦᠨᠳᠦᠷ   ᠵᠡᠷᠭᠡ ᠵᠢᠨ ᠳᠤᠮᠳᠠᠳᠤ   ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠳᠡᠭᠦᠰᠦᠭᠰᠡᠳ᠄ 1220 ᠲᠦᠭᠦᠷᠢᠭ
      ᠶᠡᠬᠡ ᠰᠤᠷᠭ᠋ᠠᠭᠤᠯᠢ ᠵᠢᠨ   ᠳᠤᠰᠬᠠᠢ   ᠮᠡᠷᠭᠡᠵᠢᠯ ᠎ᠤᠨ   ᠠᠩᠬᠢ ᠎ᠠᠴᠠ   ᠳᠡᠭᠦᠰᠦᠭᠰᠡᠳ᠄ 1345 ᠲᠦᠭᠦᠷᠢᠭ
      ᠶᠡᠬᠡ ᠰᠤᠷᠭ᠋ᠠᠭᠤᠯᠢ ᠵᠢᠨ ᠦᠨᠳᠦᠰᠦᠨ ᠠᠩᠬᠢ᠎ᠠᠴᠠ ᠳᠡᠭᠦᠰᠦᠭᠰᠡᠳ᠄ 1390 ᠲᠦᠭᠦᠷᠢᠭ
      ᠬᠤᠤᠰ ᠴᠤᠯᠠ᠎ᠲᠠᠢ (6 ᠵᠢᠯ᠎ᠠᠴᠠ ᠳᠡᠭᠡᠭᠰᠢ ᠰᠤᠷᠤᠯᠭ᠎ᠠ ᠵᠢᠨ ᠳᠦᠷᠢᠮ᠎ᠲᠠᠢ ᠵᠢ ᠪᠠᠭᠳᠠᠭ᠋ᠠᠨ᠎ᠠ) ᠤᠶᠤᠳᠠᠨ᠂ ᠰᠤᠳᠤᠯᠬᠤ ᠰᠤᠷᠤᠭᠴᠢ ᠵᠢᠨ ᠠᠩᠬᠢ᠎ᠠᠴᠠ ᠳᠡᠭᠦᠰᠦᠭᠰᠡᠳ ᠪᠠ ᠠᠰᠫᠢᠷᠠᠨᠲ᠎ᠤᠨ ᠴᠤᠯᠠ ᠣᠯᠣᠭᠰᠠᠨ ᠦᠭᠡᠢ ᠰᠤᠳᠤᠯᠬᠤ ᠰᠤᠷᠤᠭᠴᠢ᠄ 1435 ᠲᠦᠭᠦᠷᠢᠭ
      ᠠᠰᠫᠢᠷᠠᠨᠲ᠎ᠤᠨ ᠴᠤᠯᠠ ᠤᠯᠤᠭᠰᠠᠨ ᠰᠤᠳᠤᠯᠬᠤ ᠰᠤᠷᠤᠭᠴᠢ᠄ 1580 ᠲᠦᠭᠦᠷᠢᠭ
      ᠳ᠋ᠤᠺᠲ᠋ᠤᠷ ᠴᠤᠯᠠ ᠬᠠᠮᠠᠭ᠋ᠠᠯᠠᠭᠰᠠᠨ ᠰᠤᠳᠤᠯᠬᠤ ᠰᠤᠷᠤᠭᠴᠢ᠄ 1720 ᠲᠦᠭᠦᠷᠢᠭ
      ᠳᠦᠷᠢᠮᠵᠢᠭᠰᠡᠨ ᠨᠦᠬᠦᠪᠦᠷᠢ ᠵᠢᠨ ᠪᠠᠷᠢᠮᠵᠢᠶ᠎ᠠ᠄ ᠳᠦᠷᠢᠮᠵᠢᠭᠰᠡᠨ ᠨᠦᠬᠦᠪᠦᠷᠢ ᠵᠢᠨ ᠪᠠᠷᠢᠮᠵᠢᠶ᠎ᠠ᠎ᠨᠢ ᠬᠠᠷᠢᠴᠠᠩᠭᠤᠢ᠎ᠪᠠᠷ ᠬᠠᠰᠤᠭᠳᠠᠬᠤ ᠳᠤᠬᠠᠢ ᠪᠤᠳᠠᠳᠠᠢ ᠠᠷᠭ᠎ᠠ ᠵᠢ ᠡᠯ᠎ᠠ ᠭᠠᠵᠠᠷ ᠤᠷᠤᠨ ᠪᠤᠳᠠᠳᠠᠢ ᠪᠠᠢ᠍ᠢ᠍ᠳᠠᠯ᠎ᠢ ᠦᠨᠳᠦᠰᠦᠯᠡᠨ ᠳᠤᠭᠳᠠᠭ᠋ᠠᠨ᠎ᠠ

      ᠠᠯᠪᠠᠨ ᠪᠠᠢ᠌ᠭᠤᠯᠭ᠎ᠠ ᠵᠢᠨ ᠰᠢᠨ᠎ᠡ ᠠᠵᠢᠯ᠎ᠳᠤ ᠭᠠᠷᠣᠭᠰᠠᠨ ᠠᠵᠢᠯᠴᠢᠨ᠎ᠤ ᠱᠠᠪᠢ ᠠᠵᠢᠯᠴᠢᠨ᠎ᠤ ᠬᠤᠭᠤᠴᠠᠭ᠎ᠠ᠂ ᠳᠠᠳᠤᠯᠭ᠎ᠠ ᠵᠢᠨ ᠬᠤᠭᠤᠴᠭ᠋ᠠᠨ᠎ᠤ ᠴᠠᠯᠢᠩ᠎ᠤᠨ ᠪᠠᠷᠢᠮᠵᠢᠶ᠎ᠠ᠄ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠵᠠᠰᠠᠭ᠎ᠤᠨ ᠤᠷᠳᠤᠨ ᠪᠤᠳᠠᠳᠠᠢ ᠪᠠᠢ᠍ᠢ᠍ᠳᠠᠯ ᠵᠶ᠋ᠡᠨ ᠦᠨᠳᠦᠰᠦᠯᠡᠨ ᠳᠤᠭᠳᠠᠭ᠋ᠠᠨ᠎ᠠ

                  ᠤᠯᠤᠰ᠎ᠤᠨ ᠠᠯᠪᠠᠲᠠᠨ ᠪᠠ ᠠᠯᠪᠠᠨ ᠪᠠᠢ᠌ᠭᠤᠯᠭ᠎ᠠ ᠵᠢᠨ ᠠᠵᠢᠯᠴᠢᠨ᠎ᠤ

                  ᠳᠦᠷᠢᠮᠵᠢᠭᠰᠡᠨ ᠨᠦᠬᠦᠪᠦᠷᠢ ᠵᠢᠨ ᠬᠠᠰᠤᠭᠳᠠᠭᠰᠠᠨ ᠬᠡᠮᠵᠢᠶ᠎ᠡ



      ᠦᠨᠳᠦᠰᠦᠨ ᠴᠠᠯᠢᠩ᠎ᠤᠨ ᠪᠠᠷᠢᠮᠵᠢᠶ᠎ᠠ ᠵᠢᠨ ᠬᠡᠪ᠎ᠤᠨ ᠳᠤᠬᠢᠷᠠᠭᠤᠯᠤᠯᠳᠠ ᠵᠢᠨ ᠳᠤᠭᠳᠠᠴᠠ ᠵᠢ ᠪᠠᠢ᠍ᠢ᠍ᠭᠤᠯᠤᠨ᠎ᠠ
      ᠳᠤᠬᠢᠷᠠᠭᠤᠯᠤᠯᠳᠠ ᠵᠢᠨ ᠳᠠᠪᠳᠠᠮᠵᠢ᠄ ᠤᠢ᠍ᠢ᠍ᠷ᠎ᠠ ᠵᠢᠨ ᠬᠤᠭᠤᠴᠠᠭ᠋ᠠᠨ᠎ᠳᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠠᠯᠪᠠᠨ ᠪᠠᠢ᠌ᠭᠤᠯᠭ᠎ᠠ 2 ᠵᠢᠯ᠎ᠳᠤ ᠨᠢᠭᠡ ᠤᠳᠠᠭ᠎ᠠ᠂ ᠠᠵᠢᠯ ᠦᠢ᠍ᠯᠡᠰ᠎ᠤᠨ ᠨᠢᠭᠡᠴᠡ 1 ᠵᠢᠯ᠎ᠳᠤ ᠨᠢᠭᠡ ᠤᠳᠠᠭ᠎ᠠ ᠳᠤᠬᠢᠷᠠᠭᠤᠯᠤᠯᠳᠠ ᠬᠢᠨ᠎ᠡ᠃
   
ᠠᠳᠠᠯᠢ ᠬᠤᠭᠤᠴᠠᠭ᠋ᠠᠨ᠎ᠤ ᠪᠤᠳᠠᠰ᠎ᠤᠨ ᠦᠨ᠎ᠡ ᠦᠰᠦᠭᠰᠡᠨ ᠬᠡᠮᠵᠢᠶ᠎ᠡ᠂ ᠠᠳᠠᠯᠢ ᠬᠤᠭᠤᠴᠠᠭ᠋ᠠᠨ᠎ᠲᠠᠬᠢ ᠠᠵᠤ ᠠᠬᠤᠢ᠍ᠢ᠍ᠯᠠᠯ᠎ᠤᠨ ᠠᠵᠢᠯᠳᠠᠨ᠎ᠤ ᠴᠠᠯᠢᠩ᠎ᠤᠨ ᠨᠡᠮᠡᠭᠳᠡᠯ᠎ᠤᠨ ᠬᠡᠮᠵᠢᠶ᠎ᠡ᠎ᠪᠠᠷ ᠯᠠᠪᠯᠠᠯᠳᠠ ᠪᠤᠯᠭ᠋ᠠᠨ᠎ᠠ᠃
      ᠤᠨᠴᠠᠭ᠋ᠠᠢ ᠪᠠᠢ᠍ᠢ᠍ᠳᠠᠯ᠄ ᠠᠵᠤ ᠠᠬᠤᠢ ᠵᠢᠨ ᠬᠢᠮᠤᠷᠠᠯ᠂ ᠤᠨᠴᠠ ᠶᠡᠬᠡ ᠪᠠᠢ᠍ᠢ᠍ᠭ᠋ᠠᠯᠢ ᠵᠢᠨ ᠭᠠᠮᠰᠢᠬ ᠵᠡᠷᠭᠡ ᠤᠨᠴᠠᠭ᠋ᠠᠢ ᠪᠠᠢ᠍ᠢ᠍ᠳᠠᠯ᠎ᠳᠤ ᠦᠨᠳᠦᠰᠦᠨ ᠴᠠᠯᠢᠩ᠎ᠤᠨ ᠪᠠᠷᠢᠮᠵᠢᠶ᠎ᠡ᠎ᠳᠤ ᠳᠤᠬᠢᠷᠠᠭᠤᠯᠤᠯᠳᠠ ᠬᠢᠬᠦ ᠵᠢ ᠠᠯᠭᠤᠷᠯᠠᠨ᠎ᠠ᠃
      ᠬᠠᠷᠢᠭᠤᠴᠠᠬᠤ ᠪᠠᠢ᠌ᠭᠤᠯᠭ᠎ᠠ᠄ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ

      ᠪᠡᠯᠡ ᠮᠦᠩᠭᠦᠨ᠎ᠤ ᠢᠷᠡᠯᠳᠡ᠄

      ᠠᠯᠪᠠᠨ ᠪᠠᠢ᠌ᠭᠤᠯᠭ᠎ᠠ ᠵᠢᠨ᠎ᠬᠢ ᠵᠢ ᠵᠠᠰᠠᠭ ᠵᠠᠬᠢᠷᠭ᠋ᠠᠨ᠎ᠤ ᠬᠠᠷᠢᠶᠠᠯᠠᠬᠤ ᠬᠠᠷᠢᠴᠠᠭ᠎ᠠ ᠪᠠ ᠤᠳᠤ ᠵᠢᠨ ᠬᠡᠷᠡᠭᠵᠢᠭᠦᠯᠵᠦ ᠪᠠᠢ᠍ᠢ᠍ᠭ᠎ᠠ ᠪᠡᠯᠡ ᠮᠦᠩᠬᠦ ᠵᠢ ᠪᠠᠳᠤᠯᠠᠵᠤ ᠪᠦᠬᠦᠢ ᠠᠷᠭ᠎ᠠ ᠵᠠᠮ ᠵᠶ᠋ᠡᠷ ᠰᠢᠢ᠍ᠳᠪᠦᠷᠢᠯᠡᠨ᠎ᠡ᠃
      ᠠᠵᠢᠯ ᠦᠢ᠍ᠯᠡᠰ᠎ᠤᠨ ᠨᠢᠭᠡᠴᠡ ᠵᠢᠨ᠎ᠬᠢ ᠵᠢ ᠡᠳ᠋᠎ᠤᠨ ᠵᠠᠰᠠᠭ ᠪᠠ ᠠᠵᠢᠯ ᠦᠢ᠍ᠯᠡᠰ᠎ᠤᠨ ᠨᠢᠭᠡᠴᠡ᠎ᠠᠴᠠ ᠬᠠᠷᠢᠭᠤᠴᠠᠨ᠎ᠠ᠃
      ᠡᠳ᠋᠎ᠤᠨ ᠵᠠᠰᠠᠭ᠎ᠠᠴᠠ ᠬᠠᠷᠢᠭᠤᠴᠠᠬᠤ ᠭᠡᠰᠡᠭ᠎ᠢ ᠤᠳᠤ ᠵᠢᠨ ᠡᠳ᠋᠎ᠤᠨ ᠵᠠᠰᠠᠭ᠎ᠤᠨ ᠳᠤᠭᠳᠠᠴᠠ ᠪᠠ ᠨᠢᠭᠡᠴᠡ ᠵᠢᠨ ᠬᠠᠷᠢᠶᠠᠯᠠᠬᠤ ᠬᠠᠷᠢᠴᠠᠭ᠎ᠠ᠎ᠪᠠᠷ ᠳᠦᠪ᠎ᠤᠨ ᠡᠳ᠋᠎ᠤᠨ ᠵᠠᠰᠠᠭ ᠪᠠ ᠭᠠᠵᠠᠷ ᠤᠷᠤᠨ᠎ᠤ ᠡᠳ᠋᠎ᠤᠨ ᠵᠠᠰᠠᠭ᠎ᠠᠴᠠ ᠬᠤᠪᠢᠶᠠᠨ ᠬᠠᠷᠢᠭᠤᠴᠠᠨ᠎ᠠ᠃
      ᠵᠠᠷᠢᠮ ᠭᠠᠵᠠᠷ ᠤᠷᠤᠨ᠎ᠳᠤ ᠳᠦᠪ᠎ᠤᠨ ᠡᠳ᠋᠎ᠤᠨ ᠵᠠᠰᠠᠭ᠎ᠠᠴᠠ ᠰᠢᠯᠵᠢᠭᠦᠯᠦᠨ ᠤᠯᠭᠤᠬᠤ ᠠᠷᠭ᠎ᠠ᠎ᠪᠠᠷ ᠨᠦᠬᠦᠪᠦᠷᠢ ᠤᠯᠭᠤᠨ᠎ᠠ᠂ ᠪᠤᠳᠠᠳᠠᠢ ᠠᠷᠭ᠎ᠠ ᠵᠢ ᠡᠳ᠋᠎ᠤᠨ ᠵᠠᠰᠠᠭ᠎ᠤᠨ ᠶᠠᠮᠤᠨ᠎ᠠᠴᠠ ᠳᠤᠰᠬᠠᠢ᠍ᠢ᠍ᠯᠠᠨ ᠰᠤᠳᠤᠯᠤᠨ ᠳᠤᠭᠳᠠᠭ᠋ᠠᠨ᠎ᠠ᠃
      ᠵᠤᠬᠢᠶᠠᠨ ᠪᠠᠢ᠍ᠢ᠍ᠭᠤᠯᠤᠨ ᠭᠡᠷᠡᠭᠵᠢᠭᠦᠯᠬᠦ
      ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠠ ᠰᠠᠯᠠᠭ᠎ᠠ ᠮᠦᠴᠢᠷ ᠪᠠ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠬᠡ ᠬᠤᠷᠠᠯ᠂ ᠤᠯᠤᠰ ᠲᠦᠷᠦ ᠵᠢᠨ ᠵᠦᠪᠯᠡᠯᠭᠡᠨ᠂ ᠠᠷᠠᠳ᠎ᠤᠨ ᠳᠡᠭᠡᠳᠦ ᠰᠢᠬᠦᠬᠦ ᠬᠤᠷᠢᠶ᠎ᠠ᠂ ᠪᠠᠢ᠍ᠢ᠍ᠴᠠᠭ᠋ᠠᠬᠤ ᠬᠤᠷᠢᠶ᠎ᠠ᠂ ᠡᠯ᠎ᠠ ᠨᠠᠮ ᠪᠦᠯᠦᠭ᠂ ᠡᠯ᠎ᠠ ᠠᠷᠠᠳ᠎ᠤᠨ ᠪᠦᠯᠭᠦᠮ ᠨᠢᠭᠡᠴᠡ ᠵᠢᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠡ ᠵᠢᠴᠢ ᠪᠡᠭᠡᠵᠢᠩ᠎ᠲᠠᠬᠢ ᠬᠠᠮᠢᠶ᠎ᠠ ᠪᠦᠬᠦᠢ ᠨᠢᠭᠡᠴᠡ ᠵᠢᠨ ᠪᠠᠢ᠌ᠭᠤᠯᠭ᠎ᠠ ᠵᠢᠨ ᠠᠵᠢᠯᠳᠠᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠠᠵᠢᠯ᠎ᠢ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ ᠬᠠᠷᠢᠭᠤᠴᠠᠨ ᠵᠤᠬᠢᠴᠠᠭᠤᠯᠵᠤ᠂ ᠡᠯ᠎ᠠ ᠰᠠᠯᠠᠭ᠎ᠠ ᠮᠦᠴᠢᠷ (ᠪᠠᠢ᠌ᠭᠤᠯᠭ᠎ᠠ)᠎ᠤᠨ᠎ᠬᠢᠨ ᠪᠤᠳᠠᠳᠠᠢ ᠬᠡᠷᠡᠭᠵᠢᠭᠦᠯᠦᠨ᠎ᠠ; ᠡᠯ᠎ᠠ ᠭᠠᠵᠠᠷ ᠤᠷᠤᠨ ᠪᠠ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠠ ᠰᠠᠯᠠᠭ᠎ᠠ ᠮᠦᠴᠢᠷ᠎ᠤᠨ ᠪᠡᠭᠡᠵᠢᠩ᠎ᠠᠴᠠ ᠭᠠᠳᠠᠨᠠᠬᠢ ᠨᠢᠭᠡᠴᠡ (ᠴᠦᠭᠡᠨ ᠭᠡᠰᠡᠭ ᠰᠠᠯᠠᠭ᠎ᠠ ᠮᠦᠴᠢᠷ᠎ᠢ ᠪᠠᠭᠳᠠᠭ᠋ᠠᠬᠤ ᠦᠭᠡᠢ)᠂ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠳᠤᠷᠢᠳᠤᠯᠭ᠎ᠠ ᠳᠤᠤᠷ᠎ᠠ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ ᠵᠢᠨ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠨ ᠵᠤᠬᠢᠶᠠᠨ ᠪᠠᠢ᠍ᠢ᠍ᠭᠤᠯᠤᠨ ᠬᠡᠷᠡᠭᠵᠢᠭᠦᠯᠦᠨ᠎ᠠ᠃
      ᠠᠯᠪᠠᠨ ᠪᠠᠢ᠌ᠭᠤᠯᠭ᠎ᠠ ᠵᠢᠨ ᠬᠣᠪᠢ᠎ᠳᠤ᠂ ᠡᠯ᠎ᠠ ᠭᠠᠵᠠᠷ ᠤᠷᠤᠨ᠎ᠤ᠎ᠬᠢᠨ ᠳᠤᠬᠠᠢ ᠵᠢᠨ ᠭᠠᠵᠠᠷ ᠤᠷᠤᠨ᠎ᠤ᠎ᠪᠠᠨ ᠦᠨᠳᠦᠰᠦᠨ ᠴᠠᠯᠢᠩ᠎ᠤᠨ ᠪᠠᠷᠢᠮᠵᠢᠶ᠎ᠠ ᠪᠠ ᠭᠡᠰᠡᠭ ᠳᠦᠷᠢᠮᠵᠢᠭᠰᠡᠨ ᠨᠦᠬᠦᠪᠦᠷᠢ ᠵᠢ ᠦᠨᠳᠦᠰᠦᠨ ᠴᠠᠯᠢᠩ᠎ᠳᠤ ᠨᠡᠢ᠍ᠢ᠍ᠯᠡᠭᠦᠯᠬᠦ ᠪᠤᠳᠠᠳᠠᠢ ᠠᠷᠭ᠎ᠠ ᠵᠢ ᠳᠤᠭᠤᠷᠪᠢᠵᠤ᠂ ᠵᠢᠷᠤᠮ᠎ᠤᠨ ᠳᠠᠭ᠋ᠠᠤ ᠮᠡᠳᠡᠭᠦᠯᠦᠨ ᠵᠦᠪᠰᠢᠶᠡᠷᠡᠭᠦᠯᠵᠦ ᠵᠤᠬᠢᠶᠠᠨ ᠪᠠᠢ᠍ᠢ᠍ᠭᠤᠯᠤᠨ᠎ᠠ ᠭᠡᠷᠡᠭᠵᠢᠭᠦᠯᠦᠨ᠎ᠡ᠃ ᠡᠯ᠎ᠠ ᠮᠤᠵᠢ ᠵᠢᠨ ᠰᠢᠭᠤᠳ ᠬᠠᠷᠢᠶ᠎ᠡ ᠪᠠᠢ᠌ᠭᠤᠯᠭ᠎ᠠ ᠪᠠ ᠡᠯ᠎ᠠ ᠮᠤᠵᠢ ᠵᠢᠨ ᠳᠦᠪ ᠬᠤᠳᠠ᠂ ᠳᠦᠯᠦᠪᠯᠡᠭᠡᠨ᠎ᠲᠠᠬᠢ ᠪᠡᠶ᠎ᠡ᠎ᠪᠠᠨ ᠳᠠᠭ᠋ᠠᠭ᠋ᠠᠭᠰᠠᠨ ᠬᠤᠳᠠ ᠵᠢᠨ ᠭᠡᠷᠡᠭᠵᠢᠭᠦᠯᠬᠦ ᠠᠷᠭ᠎ᠠ ᠵᠢ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠠ; ᠪᠤᠰᠤᠳ ᠬᠤᠳᠠ (ᠤᠷᠤᠨ᠂ ᠵᠧᠦ᠂ ᠠᠢ᠍ᠢ᠍ᠮᠠᠬ) ᠪᠠ ᠡᠯ᠎ᠠ ᠰᠢᠶᠡᠨ (ᠬᠤᠳᠠ᠂ ᠳᠤᠭᠤᠷᠢᠬ᠂ ᠬᠤᠰᠢᠭᠤ)᠎ᠤ ᠬᠢᠨᠠᠨ ᠵᠦᠪᠰᠢᠶᠡᠷᠡᠬᠦ ᠠᠷᠭ᠎ᠠ ᠵᠢ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠳᠤᠬᠠᠢ ᠵᠢᠨ ᠭᠠᠵᠠᠷ᠎ᠤᠨ ᠪᠤᠳᠠᠳᠤ ᠪᠠᠢ᠍ᠢ᠍ᠳᠠᠯ᠎ᠲᠠᠢ᠎ᠪᠠᠨ ᠤᠶᠯᠳᠤᠭᠤᠯᠤᠨ ᠳᠤᠭᠳᠠᠭ᠋ᠠᠵᠤ᠂ ᠭᠡᠰᠡᠭ ᠳᠦᠷᠢᠮᠵᠢᠭᠰᠡᠨ ᠨᠦᠬᠦᠪᠦᠷᠢ ᠵᠢ ᠦᠨᠳᠦᠰᠦᠨ ᠴᠠᠯᠢᠩ᠎ᠳᠤ ᠨᠡᠢ᠍ᠢ᠍ᠯᠡᠭᠦᠯᠬᠦ ᠠᠵᠢᠯ᠎ᠢ ᠦᠨᠡᠨᠬᠦ ᠨᠠᠢ᠍ᠢ᠍ᠳᠠᠪᠤᠷᠢᠵᠢᠭᠤᠯᠬᠤ ᠭᠡᠷᠡᠭᠳᠡᠢ᠃
      ᠠᠵᠢᠯ ᠦᠢ᠍ᠯᠡᠰ᠎ᠤᠨ ᠨᠢᠭᠡᠴᠡ ᠵᠢᠨ ᠬᠣᠪᠢ᠎ᠳᠤ᠂ ᠡᠯ᠎ᠠ ᠭᠠᠵᠠᠷ ᠤᠷᠤᠨ᠎ᠤ᠎ᠬᠢᠨ ᠳᠤᠬᠠᠢ ᠵᠢᠨ ᠭᠠᠵᠠᠷ ᠤᠷᠤᠨ᠎ᠤ᠎ᠪᠠᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ ᠪᠠ ᠭᠡᠰᠡᠭ ᠦᠷ᠎ᠡ ᠪᠦᠲᠦᠮᠵᠢ ᠵᠢᠨ ᠴᠠᠯᠢᠩ᠎ᠢ ᠦᠨᠳᠦᠰᠦᠨ ᠴᠠᠯᠢᠩ᠎ᠳᠤ ᠨᠡᠢ᠍ᠢ᠍ᠯᠡᠭᠦᠯᠬᠦ ᠪᠤᠳᠠᠳᠠᠢ ᠠᠷᠭ᠎ᠠ ᠵᠢ ᠳᠤᠭᠤᠷᠪᠢᠵᠤ᠂ ᠵᠢᠷᠤᠮ᠎ᠤᠨ ᠳᠠᠭ᠋ᠠᠤ ᠮᠡᠳᠡᠭᠦᠯᠦᠨ ᠵᠦᠪᠰᠢᠶᠡᠷᠡᠭᠦᠯᠵᠦ ᠵᠤᠬᠢᠶᠠᠨ ᠪᠠᠢ᠍ᠢ᠍ᠭᠤᠯᠤᠨ ᠭᠡᠷᠡᠭᠵᠢᠭᠦᠯᠦᠨ᠎ᠡ᠃ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠭᠡᠷᠡᠭᠵᠢᠭᠦᠯᠬᠦ ᠠᠷᠭ᠎ᠠ ᠵᠢ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠠ; ᠪᠤᠰᠤᠳ ᠬᠤᠳᠠ (ᠤᠷᠤᠨ᠂ ᠵᠧᠦ᠂ ᠠᠢ᠍ᠢ᠍ᠮᠠᠬ) ᠪᠠ ᠡᠯ᠎ᠠ ᠰᠢᠶᠡᠨ (ᠬᠤᠳᠠ᠂ ᠳᠤᠭᠤᠷᠢᠬ᠂ ᠬᠤᠰᠢᠭᠤ)᠎ᠤ ᠬᠢᠨᠠᠨ ᠵᠦᠪᠰᠢᠶᠡᠷᠡᠬᠦ ᠠᠷᠭ᠎ᠠ ᠵᠢ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠳᠤᠬᠠᠢ ᠵᠢᠨ ᠭᠠᠵᠠᠷ᠎ᠤᠨ ᠪᠤᠳᠠᠳᠤ ᠪᠠᠢ᠍ᠢ᠍ᠳᠠᠯ᠎ᠲᠠᠢ᠎ᠪᠠᠨ ᠤᠶᠯᠳᠤᠭᠤᠯᠤᠨ ᠳᠤᠭᠳᠠᠭ᠋ᠠᠨ᠎ᠠ᠃
      ᠭᠡᠰᠡᠭ ᠦᠷ᠎ᠡ ᠪᠦᠲᠦᠮᠵᠢ ᠵᠢᠨ ᠴᠠᠯᠢᠩ᠎ᠢ ᠦᠨᠳᠦᠰᠦᠨ ᠴᠠᠯᠢᠩ᠎ᠳᠤ ᠨᠡᠢ᠍ᠢ᠍ᠯᠡᠭᠦᠯᠦᠭᠰᠡᠨ᠎ᠤ ᠳᠠᠷᠠᠭ᠎ᠠ᠂ ᠡᠯ᠎ᠠ ᠭᠠᠵᠠᠷ᠎ᠤᠨ ᠬᠦᠮᠦᠨ᠎ᠤ ᠬᠦᠴᠦᠨ᠎ᠤ ᠡᠬᠢ ᠪᠠᠶᠠᠯᠢᠬ ᠪᠠ ᠨᠡᠢ᠍ᠢ᠍ᠭᠡᠮ᠎ᠤᠨ ᠪᠠᠳᠤᠯᠠᠪᠤᠷᠢ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠠᠵᠢᠯ ᠦᠢ᠍ᠯᠡᠰ᠎ᠤᠨ ᠨᠢᠭᠡᠴᠡ ᠵᠢᠨ ᠦᠷ᠎ᠡ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶ᠎ᠠ ᠵᠢ ᠳᠠᠬᠢᠨ ᠬᠢᠨᠠᠨ ᠳᠤᠭᠳᠠᠭ᠋ᠠᠵᠤ᠂ ᠡᠯ᠎ᠠ ᠨᠢᠭᠡᠴᠡ ᠵᠢᠨ᠎ᠬᠢᠨ ᠡᠨᠡᠬᠦ ᠬᠢᠨᠠᠨ ᠳᠤᠭᠳᠠᠭ᠋ᠠᠭᠰᠠᠨ ᠶᠡᠷᠦᠩᠬᠡᠢ ᠬᠡᠮᠵᠢᠶ᠎ᠠ ᠵᠢᠨ ᠳᠠᠭ᠋ᠠᠤ ᠴᠢᠩᠭ᠎ᠠ ᠬᠡᠷᠡᠭᠵᠢᠭᠦᠯᠦᠨ᠎ᠡ᠃
      ᠳᠤᠭᠳᠠᠭ᠋ᠠᠯ᠎ᠠᠴᠠ ᠵᠦᠷᠢᠴᠡᠭᠰᠡᠳ᠎ᠢ 《ᠳᠤᠭᠳᠠᠭ᠋ᠠᠯ᠎ᠠᠴᠠ ᠵᠦᠷᠢᠴᠡᠨ ᠨᠦᠭᠦᠪᠦᠷᠢ ᠦᠭᠭᠦᠭᠰᠡᠨ ᠠᠵᠢᠯᠯᠠᠭ᠎ᠠ᠎ᠳᠤ ᠰᠢᠢ᠍ᠳᠬᠡᠯ ᠥᠭᠬᠦ ᠳᠤᠭᠳᠠᠭ᠋ᠠᠯ》 ᠶᠣᠰᠣᠭ᠋ᠠᠷ ᠴᠢᠩᠭ᠎ᠠ ᠰᠢᠳᠭᠡᠨ᠎ᠠ᠃
                  ᠳᠤᠰ ᠭᠡᠷᠡᠭᠵᠢᠬᠦᠯᠬᠦ ᠳᠦᠰᠦᠯ᠎ᠢ ᠬᠦᠮᠦᠨ᠎ᠤ ᠬᠦᠴᠦᠨ᠎ᠤ ᠡᠬᠢ ᠪᠠᠶᠠᠯᠢᠬ ᠪᠠ
                  ᠨᠡᠢ᠍ᠢ᠍ᠭᠡᠮ᠎ᠤᠨ ᠪᠠᠳᠤᠯᠠᠪᠤᠷᠢ ᠵᠢᠨ ᠶᠠᠮᠤᠨ ᠬᠠᠷᠢᠭᠤᠴᠠᠨ ᠳᠠᠢ᠍ᠢ᠍ᠯᠪᠤᠷᠢᠯᠡᠨ᠎ᠠ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠵᠢᠷᠤᠭ ᠵᠶ᠋ᠠᠷ ᠲᠠᠢ᠌ᠯᠬᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠠᠵᠢᠯ᠎ᠢ ᠵᠢᠷᠤᠭ ᠵᠶ᠋ᠠᠷ ᠲᠠᠢ᠌ᠯᠬᠤᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯᠯᠠᠬᠤ ᠬᠣᠷᠢᠶ᠎ᠠ ᠵᠢᠨ ᠬᠠᠷᠢᠭᠤᠴᠠᠯᠭ᠋ᠠᠲᠠᠨ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠡᠪ ᠬᠠᠮᠲᠤ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠬᠤᠷᠢᠮ ᠨᠠᠢ᠌ᠷ ᠤᠷᠤᠰᠢᠭᠤᠯᠭ᠎ᠠ ᠪᠠᠶᠠᠷ ᠳᠤᠷᠠᠰᠬᠠᠯ᠎ᠤᠨ ᠠᠵᠢᠯᠯᠠᠭ᠎ᠠ ᠬᠢᠬᠦ ᠲᠣᠬᠠᠢ ᠬᠡᠷᠡᠭᠵᠢᠭᠦᠯᠬᠦ ᠠᠷᠭ᠎ᠠ 》 ᠲᠣᠭᠲᠠᠭ᠋ᠠᠨ ᠨᠡᠢ᠌ᠲᠡᠯᠡᠭᠰᠡᠨ ᠲᠣᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠬᠦᠳᠡᠭᠡ ᠲᠤᠰᠬᠤᠨ᠎ᠤ ᠡᠵᠡᠩᠨᠡᠯᠳᠡ ᠵᠢᠨ ᠭᠤᠤᠯ ᠴᠤᠭᠴᠠ ᠵᠢ ᠳᠦᠷᠭᠡᠳᠭᠡᠨ ᠪᠤᠢ᠍ᠢ᠍ᠵᠢᠭᠤᠯᠬᠤ ᠵᠢ ᠭᠡᠷᠬᠢᠨ ᠤᠢ᠍ᠢ᠍ᠯᠠᠭ᠋ᠠᠬᠤ ᠪᠤᠢ?
ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠤᠨ ᠲᠠᠬᠦᠯᠳᠡᠷᠵᠢᠬᠦᠯᠬᠦ ᠵᠢ ᠬᠡᠷᠬᠢᠨ ᠤᠢ᠍ᠢ᠍ᠯᠠᠭ᠋ᠠᠬᠤ ᠪᠤᠢ?
 
            