ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠤᠨ ᠲᠠᠬᠦᠯᠳᠡᠷᠵᠢᠬᠦᠯᠬᠦ ᠵᠢ ᠬᠡᠷᠬᠢᠨ ᠤᠢ᠍ᠢ᠍ᠯᠠᠭ᠋ᠠᠬᠤ ᠪᠤᠢ?
— — 《ᠬᠦᠳᠡᠭᠡ ᠳᠤᠰᠬᠤᠨ᠎ᠤ ᠭᠠᠵᠠᠷ ᠰᠢᠷᠦᠢ ᠵᠢᠨ ᠡᠵᠡᠩᠨᠡᠯᠳᠡ ᠵᠢᠨ ᠡᠷᠭᠡ ᠵᠢ ᠡᠮᠬᠢ ᠲᠢᠭᠯᠢᠮ᠎ᠲᠠᠢ ᠰᠢᠯᠵᠢᠬᠦᠯᠬᠦ ᠵᠢ ᠬᠦᠳᠦᠯᠦᠨ ᠵᠢᠯᠤᠭᠤᠳᠴᠤ ᠲᠠᠷᠢᠶᠠᠯᠠᠩ᠎ᠤᠨ ᠵᠤᠬᠢᠬᠤ ᠭᠡᠪᠴᠢᠶᠡᠳᠦ ᠡᠵᠡᠩᠨᠡᠯᠲᠡ ᠵᠢ ᠬᠦᠭᠵᠢᠬᠦᠯᠬᠦ ᠳᠤᠬᠠᠢ ᠰᠠᠨᠠᠯ》᠎ᠤᠨ ᠳᠠᠢ᠍ᠢ᠍ᠯᠦᠮᠵᠢ (ᠬᠣᠶᠠᠷ)
ᠲᠤᠰ ᠰᠣᠨᠢᠨ᠎ᠤ ᠰᠣᠷᠪᠤᠯᠵᠢᠯᠠᠭᠴᠢ ᠲᠣ᠋ · ᠣᠶᠣᠨᠬᠣᠸᠡᠷ
ᠨᠠᠮ᠎ᠤᠨ ᠲᠦᠪ ᠬᠤᠷᠢᠶ᠎ᠠ ᠪᠤᠯᠤᠨ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠠᠴᠠ ᠤᠢ᠍ᠢ᠍ᠷ᠎ᠠ ᠵᠢᠨ ᠡᠳᠤᠷ ᠲᠠᠷᠤᠮᠠᠯᠯᠠᠨ ᠲᠠᠷᠬᠠᠭ᠋ᠠᠭᠰᠠᠨ 《ᠬᠦᠳᠡᠭᠡ ᠲᠣᠰᠬᠤᠨ᠎ᠤ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ ᠵᠢ ᠡᠮᠬᠢ ᠲᠢᠭᠯᠢᠮ᠎ᠲᠠᠢ ᠰᠢᠯᠵᠢᠬᠦᠯᠬᠦ ᠵᠢ ᠬᠦᠳᠦᠯᠦᠨ ᠵᠢᠯᠤᠭᠤᠳᠴᠦ ᠲᠠᠷᠢᠶᠠᠯᠠᠩ᠎ᠤᠨ ᠵᠣᠬᠢᠬᠣ ᠬᠡᠪᠴᠢᠶ᠎ᠡ᠎ᠳᠦ ᠡᠵᠡᠩᠨᠡᠯᠲᠡ ᠵᠢ ᠬᠦᠭᠵᠢᠭᠦᠯᠬᠦ ᠲᠤᠬᠠᠢ ᠰᠠᠨᠠᠯ》᠎ᠨᠢ ᠭᠠᠵᠠᠷ ᠰᠢᠷᠦᠢ ᠵᠢᠨ ᠬᠠᠮᠳᠣ ᠵᠢᠨ ᠡᠵᠡᠩᠨᠡᠯᠳᠡ ᠵᠢᠨ ᠡᠷᠭᠡ᠂ ᠮᠠᠯᠵᠢᠬᠤ ᠲᠠᠷᠢᠶᠠᠯᠠᠬᠤ ᠡᠷᠦᠬᠡ ᠵᠢᠨ ᠳᠠᠭ᠋ᠠᠭ᠋ᠠᠴᠢᠯᠠᠯᠲᠠ ᠵᠢᠨ ᠡᠷᠬᠡ ᠪᠤᠯᠤᠨ ᠭᠠᠵᠠᠷ ᠰᠢᠷᠦᠢ ᠵᠢᠨ ᠡᠵᠡᠩᠨᠡᠯᠲᠡ ᠵᠢᠨ ᠡᠷᠬᠡ ᠵᠢ ᠰᠠᠯᠭ᠋ᠠᠵᠦ᠂ ᠵᠤᠬᠢᠴᠠᠭᠤᠯᠤᠨ ᠲᠤᠬᠢᠷᠠᠭᠤᠯᠬᠤ᠎ᠪᠠᠷ ᠭᠤᠤᠯ ᠠᠭᠤᠯᠭ᠎ᠠ᠎ᠪᠠᠨ ᠪᠤᠯᠭ᠋ᠠᠭᠰᠠᠨ ᠪᠠᠶ᠋ᠢᠨ᠎ᠠ᠃ ᠡᠭᠦᠨ᠎ᠳᠤ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠶᠠᠪᠤᠳᠠᠯ᠎ᠨᠢ ᠲᠤᠶ᠋ᠢᠯ᠎ᠤᠨ ᠴᠢᠬᠤᠯᠠ ᠨᠢᠭᠡᠨ ᠠᠭᠤᠯᠭ᠎ᠠ ᠪᠤᠯᠵᠠᠢ᠃ ᠲᠠᠷᠢᠶᠠᠯᠠᠩ᠎ᠤᠨ ᠨᠡᠢ᠍ᠢ᠍ᠬᠡᠮᠴᠢᠯᠡᠭᠰᠡᠨ ᠦᠢ᠍ᠯᠡᠴᠢᠯᠡᠬᠡᠨ᠎ᠤ ᠰᠢᠰᠲᠸᠮ᠎ᠢ ᠴᠤᠬᠤᠮ ᠶᠠᠭ᠋ᠠᠬᠢᠵᠤ ᠪᠠᠢ᠍ᠢ᠍ᠭᠤᠯᠤᠨ᠂ ᠬᠡᠷᠬᠢᠨ ᠲᠠᠬᠦᠯᠳᠡᠷᠵᠢᠬᠦᠯᠬᠦ ᠪᠤᠢ? ᠡᠨᠡ ᠲᠤᠬᠠᠢ ᠦᠪᠤᠷ ᠮᠤᠩᠭᠤᠯ᠎ᠤᠨ ᠶᠡᠬᠡ ᠰᠤᠷᠭ᠋ᠠᠭᠤᠯᠢ ᠵᠢᠨ ᠠᠵᠤ ᠠᠬᠤᠢ ᠵᠢᠨ ᠬᠠᠮᠢᠶᠠᠷᠤᠯᠳᠠ᠎ᠶᠢᠨ ᠲᠡᠬᠡᠳᠤ ᠰᠤᠷᠭ᠋ᠠᠭᠤᠯᠢ ᠵᠢᠨ ᠡᠩᠬᠡ ᠲᠡᠳ᠋ ᠫᠷᠣᠹᠸᠰᠰᠣᠷ ᠪᠢᠳᠡᠨ᠎ᠳᠤ ᠬᠠᠷᠢᠭᠤᠯᠳᠠ ᠦᠭᠬᠦᠯ᠎ᠠ᠃
ᠰᠣᠷᠪᠣᠯᠵᠢᠯᠠᠭᠴᠢ᠄ ᠲᠠᠷᠢᠶᠠᠯᠠᠩ᠎ᠤᠨ ᠵᠣᠬᠢᠬᠣ ᠬᠡᠪᠴᠢᠶᠡᠳᠣ ᠡᠵᠡᠩᠨᠡᠯᠳᠡ ᠵᠢ ᠬᠦᠭᠵᠢᠬᠦᠯᠬᠦ᠎ᠳᠤ ᠶᠠᠭᠤᠨ᠎ᠳᠤ ᠵᠠᠪᠠᠯ ᠲᠠᠷᠢᠶᠠᠯᠠᠩ᠎ᠤᠨ ᠨᠡᠢ᠍ᠢ᠍ᠬᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠢ᠍ᠢ᠍ᠭᠣᠯᠣᠨ ᠲᠡᠬᠦᠯᠳᠡᠷᠵᠢᠬᠦᠯᠬᠦ ᠴᠢᠬᠤᠯᠠᠳᠠᠢ ᠪᠤᠢ?
ᠡᠩᠬᠡ᠄ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ ᠵᠢ ᠰᠢᠯᠵᠢᠬᠦᠯᠬᠦ ᠵᠢᠨ ᠭᠤᠤᠯ ᠵᠤᠷᠢᠯᠭ᠎ᠠ᠎ᠨᠢ ᠮᠠᠯᠴᠢᠨ ᠲᠠᠷᠢᠶᠠᠴᠢᠨ᠎ᠢ ᠵᠤᠷᠢᠭᠵᠢᠭᠤᠯᠵᠦ ᠪᠠᠶ᠋ᠢᠭ᠋ᠠᠳ ᠲᠠᠷᠠᠬᠠᠢ ᠪᠤᠲᠠᠷᠬᠠᠢ ᠡᠵᠡᠩᠨᠡᠯᠲᠡ᠎ᠪᠠᠨ ᠬᠤᠪᠢᠷᠠᠭᠤᠯᠵᠦ ᠵᠤᠬᠢᠬᠤ ᠬᠡᠮᠵᠢᠶᠡᠨ᠎ᠤ ᠬᠡᠪᠴᠢᠶᠡᠵᠢᠭᠰᠡᠨ ᠡᠵᠡᠩᠨᠡᠯᠲᠡ ᠵᠢ ᠪᠤᠢ ᠪᠤᠯᠭ᠋ᠠᠬᠤ ᠵᠢᠨ ᠲᠦᠯᠦᠭᠡ ᠶᠤᠮ᠃ ᠮᠠᠯᠴᠢᠨ ᠲᠠᠷᠢᠶᠠᠴᠢᠨ ᠦᠪᠡᠷ᠎ᠤᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ᠎ᠤᠨ ᠡᠵᠡᠩᠨᠡᠯᠲᠡ ᠵᠢᠨ ᠡᠷᠬᠡ᠎ᠪᠠᠨ ᠪᠤᠰᠤᠳ᠎ᠲᠤ ᠰᠢᠯᠵᠢᠭᠦᠯᠤᠨ ᠦᠭᠴᠦ᠂ ᠳᠠᠭ᠋ᠠᠭ᠋ᠠᠴᠢᠯᠠᠯᠲᠠ ᠵᠢᠨ ᠡᠷᠬᠡ᠎ᠪᠠᠨ ᠪᠦᠷᠢᠨ ᠭᠦᠢ᠍ᠴᠡᠳ ᠠᠰᠢᠬᠯᠠᠵᠦ ᠪᠠᠶ᠋ᠢᠭ᠋ᠠᠳ ᠭᠠᠵᠠᠷ ᠨᠤᠲᠤᠭ᠎ᠤᠨ ᠵᠶ᠋ᠠᠨ ᠠᠰᠢᠭ ᠲᠤᠰᠠ ᠵᠢ ᠬᠦᠷᠲᠡᠵᠦ ᠪᠤᠯᠳᠠᠭ᠃ ᠡᠭᠦᠨ ᠵᠶ᠋ᠠᠷ ᠲᠠᠮᠵᠢᠭ᠋ᠠᠳ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ᠎ᠨᠢ ᠨᠢᠭᠡ ᠪᠦᠯᠦᠭ ᠠᠵᠦ ᠠᠬᠤᠶ᠋ᠢᠯᠠᠯ ᠪᠤᠶᠤ ᠲᠤᠰᠬᠠᠢ ᠬᠤᠷᠰᠢᠶ᠎ᠠ᠂ ᠡᠰᠡᠭᠦᠯ᠎ᠡ ᠬᠤᠪᠢ ᠬᠦᠮᠦᠨ᠎ᠤ ᠭᠠᠷ᠎ᠲᠤ ᠲᠦᠪᠯᠡᠷᠡᠬᠦ ᠪᠤᠯᠤᠨ᠎ᠠ᠃ ᠡᠨᠡ᠎ᠨᠢ ᠮᠠᠯ ᠠᠵᠤ ᠠᠬᠤᠢ ᠲᠠᠷᠢᠶᠠᠯᠠᠩ᠎ᠤᠨ ᠡᠵᠡᠩᠨᠡᠯᠲᠡ ᠵᠢ ᠬᠡᠪᠴᠢᠶᠡᠵᠢᠬᠦ ᠲᠡᠰᠢ ᠬᠦᠭᠵᠢᠬᠦᠯᠵᠦ᠂ ᠵᠠᠬ᠎ᠠ ᠳᠡᠯᠭᠡᠭᠦᠷ᠎ᠤᠨ ᠦᠷᠢᠰᠦᠯᠳᠦᠬᠦ ᠬᠦᠴᠦ ᠵᠢ ᠨᠡᠮᠡᠭᠳᠡᠬᠦᠯᠵᠤ ᠲᠠᠢ᠍ᠢ᠍ᠯᠦᠨᠠ᠃ ᠡᠨᠡ᠎ᠨᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠲᠤᠷᠠᠳᠤᠭᠰᠠᠨ ᠨᠡᠩ ᠤᠯᠠᠨ ᠠᠵᠦ ᠠᠬᠤᠢ ᠵᠢᠨ ᠠᠵᠢᠯᠯᠠᠭ᠎ᠠ ᠵᠢ ᠵᠠᠬ᠎ᠠ ᠳᠡᠯᠭᠡᠭᠦᠷ᠎ᠤᠨ ᠵᠢᠮ᠎ᠡ ᠶᠤᠰᠤ᠎ᠪᠠᠷ ᠲᠤᠬᠢᠷᠠᠭᠤᠯᠬᠤ ᠲᠦᠷᠦ ᠵᠢᠨ ᠪᠤᠳᠤᠯᠭ᠎ᠠ ᠵᠢᠨ ᠴᠢᠭᠯᠡᠯᠲᠡ᠎ᠲᠠᠢ ᠨᠡᠶ᠋ᠢᠴᠡᠵᠦ ᠪᠤᠢ᠃ ᠮᠦᠨᠴᠦ ᠤᠯᠤᠰ᠎ᠤᠨ ᠨᠦᠬᠦᠪᠦᠷᠢ ᠮᠦᠩᠭᠦ ᠵᠢᠨ ᠲᠡᠮᠵᠢᠯᠭᠡ᠎ᠨᠢ ᠭᠡᠷ ᠪᠦᠯᠢ ᠵᠢᠨ ᠲᠤᠮᠤ ᠮᠠᠯᠵᠢᠯ᠎ᠤᠨ ᠲᠠᠯᠠᠪᠠᠢ ᠪᠤᠶᠤ ᠲᠠᠷᠢᠶᠠᠯᠠᠩ᠎ᠤᠨ ᠲᠠᠯᠠᠪᠠᠢ ᠲᠡᠰᠢ ᠲᠦᠪᠯᠡᠷᠡᠵᠦ᠂ ᠲᠡᠭᠦᠨ᠎ᠤ ᠦᠷ᠎ᠡ ᠠᠰᠢᠭ᠎ᠢ ᠨᠡᠮᠡᠭᠳᠡᠭᠦᠯᠵᠦ ᠴᠢᠳᠠᠳᠠᠭ᠃ ᠵᠢᠱ᠌ᠢᠶᠠᠯᠡᠪᠡᠯ᠂ ᠮᠤᠨᠳᠠᠭ ᠶᠡᠬᠡ ᠪᠡᠯᠡ ᠤᠷᠤᠭᠤᠯᠤᠯᠲᠠ᠎ᠨᠢ ᠮᠠᠯᠴᠢᠨ ᠲᠠᠷᠢᠶᠠᠴᠢᠨ ᠬᠦᠮᠦᠨ ᠨᠢᠬᠡᠪᠦᠷᠢ ᠳᠡᠭᠡᠷ᠎ᠡ ᠲᠡᠭᠰᠢᠳᠭᠡᠪᠡᠯ ᠢᠯᠡ ᠦᠭᠡᠢ ᠴᠦᠬᠡᠨ ᠲᠤᠭ᠎ᠠ ᠪᠠᠢ᠍ᠢ᠍ᠵᠤ᠂ ᠬᠠᠷᠢᠨ ᠨᠡᠯᠢᠶᠡᠳ ᠤᠯᠠᠨ ᠬᠦᠮᠤᠨ ᠬᠠᠮᠲᠤᠷᠠᠨ ᠬᠤᠷᠰᠢᠭᠰᠠᠨ ᠪᠠᠶ᠋ᠢᠳᠠᠯ ᠲᠤᠤᠷ᠎ᠠ ᠲᠡᠷᠡ᠎ᠨᠢ ᠨᠠᠯᠢᠶᠡᠳ ᠶᠡᠭᠡ ᠲᠤᠭ᠋ᠠᠨ᠎ᠤ ᠪᠡᠯᠡ ᠤᠷᠤᠭᠤᠯᠤᠯᠲᠠ ᠪᠤᠯᠵᠦ᠂ ᠲᠤᠮᠤ ᠬᠡᠯᠪᠡᠷᠢ ᠵᠢᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠵᠡᠷᠭᠡ ᠲᠦᠪᠯᠡᠷᠡᠭᠰᠡᠨ ᠪᠡᠯᠡ ᠤᠷᠤᠭᠤᠯᠤᠯᠲᠠ ᠵᠢᠨ ᠠᠰᠢᠭᠲᠠᠢ ᠲᠠᠯ᠎ᠠ ᠵᠢ ᠪᠠᠳᠠᠷᠠᠭᠤᠯᠵᠦ ᠴᠢᠳᠠᠳᠠᠭ᠃ ᠡᠨᠡ᠎ᠨᠢ ᠤᠳᠤᠬᠠᠨ᠎ᠤ ᠮᠠᠯᠵᠢᠬᠤ ᠤᠷᠤᠨᠲᠤ ᠤᠷᠤᠰᠢᠵᠦ ᠪᠠᠢ᠍ᠢ᠍ᠭ᠎ᠠ ᠮᠠᠯᠴᠢᠳ ᠶᠠᠮᠠᠷ ᠨᠢᠭᠡᠨ ᠲᠤᠮᠤ ᠬᠡᠯᠪᠡᠷᠢ ᠵᠢᠨ ᠮᠠᠰᠢᠨ ᠬᠤᠳᠠᠯᠳᠤᠨ ᠠᠪᠤᠪᠠᠯ ᠬᠡᠴᠢᠨᠡᠨ ᠵᠢᠯ ᠦᠷᠢ ᠰᠢᠷᠢ᠎ᠲᠤ ᠤᠨᠠᠬᠤ ᠭᠠᠴᠢᠭᠳᠠᠯ᠎ᠲᠦ ᠦᠵᠡᠭᠳᠡᠯ᠎ᠠᠴᠠ ᠵᠠᠢ᠍ᠢ᠍ᠯᠠᠰᠬᠢᠵᠤ ᠴᠢᠳᠠᠨ᠎ᠠ᠃ ᠨᠦᠭᠦᠭᠡ ᠲᠠᠯ᠎ᠠ᠎ᠪᠠᠷ ᠬᠡᠪᠴᠢᠶᠡᠵᠢᠭᠰᠡᠨ ᠮᠠᠯᠵᠢᠯ᠎ᠤᠨ ᠲᠠᠯᠠᠪᠠᠢ ᠵᠡᠷᠭᠡ᠎ᠨᠢ ᠮᠠᠯᠵᠢᠬᠤ ᠲᠠᠷᠢᠶᠠᠯᠠᠬᠤ ᠤᠷᠤᠨ᠎ᠤ ᠦᠢ᠍ᠯᠡᠳᠪᠦᠷᠢᠯᠡᠯ᠎ᠤᠨ ᠰᠢᠨ᠎ᠡ ᠨᠢᠭᠡᠨ ᠲᠦᠯᠦᠭᠡᠯᠡᠭᠴᠢ ᠬᠦᠴᠦᠨ ᠪᠤᠯᠵᠦ᠂ ᠵᠠᠬ᠎ᠠ ᠳᠡᠯᠭᠡᠭᠦᠷ᠎ᠲᠤ ᠤᠷᠤᠬᠤ᠎ᠳᠤ ᠡᠷᠬᠡᠪᠰᠢ ᠨᠡᠶ᠋ᠢᠭᠡᠮ᠎ᠤᠨ ᠤᠯᠠᠨ ᠲᠠᠯ᠎ᠠ ᠵᠢᠨ ᠰᠢᠰᠲᠸᠮᠴᠢᠯᠡᠭᠰᠡᠨ ᠦᠢ᠍ᠯᠡᠴᠢᠯᠡᠭᠡᠨ᠎ᠤ ᠲᠡᠮᠵᠢᠯᠭᠡ ᠵᠢ ᠱᠠᠭ᠋ᠠᠷᠳᠠᠳᠠᠭ᠃ ᠡᠭᠦᠨ᠎ᠳᠤ ᠮᠠᠯᠵᠢᠬᠤ ᠲᠠᠷᠢᠶᠠᠯᠠᠬᠤ ᠤᠷᠤᠨ᠎ᠤ ᠦᠢ᠍ᠯᠡᠳᠪᠦᠷᠢᠯᠡᠯ᠎ᠳᠤ ᠦᠢ᠍ᠯᠡᠴᠢᠯᠡᠬᠦ ᠤᠯᠠᠮᠵᠢᠯᠠᠯᠲᠦ ᠨᠡᠶ᠋ᠢᠲᠡ ᠵᠢᠨ ᠦᠢ᠍ᠯᠡᠴᠢᠯᠡᠭᠡᠨ᠎ᠤ ᠨᠦᠭᠦᠴᠡᠯ ᠵᠶ᠋ᠠᠨ ᠰᠠᠶ᠋ᠢᠵᠢᠷᠠᠭᠤᠯᠬᠤ ᠵᠢᠨ ᠬᠠᠮᠲᠤ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠬᠦ ᠵᠡᠷᠭᠡ ᠪᠤᠯ ᠮᠠᠯᠵᠢᠬᠤ ᠲᠠᠷᠢᠶᠠᠯᠠᠬᠤ ᠤᠷᠤᠨ᠎ᠤ ᠬᠡᠪᠴᠢᠶᠡᠵᠢᠭᠰᠡᠨ ᠠᠵᠦ ᠠᠬᠤᠢ ᠵᠢ ᠬᠦᠭᠵᠢᠭᠦᠯᠬᠦ ᠵᠢᠨ ᠠᠰᠢᠭᠲᠠᠢ ᠨᠦᠭᠦᠴᠡᠯ ᠪᠤᠯᠤᠨ᠎ᠠ᠃ ᠭᠡᠪᠡᠴᠦ ᠤᠳᠤ ᠪᠤᠯᠲᠠᠯ᠎ᠠ ᠨᠡᠶ᠋ᠢᠲᠡ ᠵᠢᠨ ᠦᠢ᠍ᠯᠡᠴᠢᠯᠡᠭᠡ ᠵᠢ ᠪᠦᠷ ᠵᠠᠰᠠᠭ᠎ᠤᠨ ᠤᠷᠳᠤᠨ᠎ᠠᠴᠠ ᠭᠤᠤᠯᠯᠠᠨ ᠬᠢᠵᠤ᠂ ᠨᠡᠶ᠋ᠢᠭᠡᠮ᠎ᠤᠨ ᠬᠦᠷᠦᠩᠭᠡ ᠵᠢᠨ ᠤᠷᠤᠯᠴᠠᠯᠭ᠎ᠠ ᠵᠢᠨ ᠬᠠᠷᠢᠴᠠᠯ ᠮᠠᠰᠢ ᠳᠤᠤᠷ᠎ᠠ ᠪᠠᠶ᠋ᠢᠭᠰᠠᠭ᠋ᠠᠷ᠃ ᠡᠨᠡ᠎ᠨᠢ ᠵᠠᠬ᠎ᠠ ᠳᠡᠯᠭᠡᠭᠦᠷ᠎ᠤᠨ ᠠᠵᠦ ᠠᠬᠤᠢ ᠵᠢᠨ ᠬᠦᠭᠵᠢᠯᠲᠡ᠎ᠲᠠᠢ ᠵᠤᠬᠢᠴᠠᠬᠤ ᠦᠭᠡᠢ ᠪᠦᠭᠡᠳ ᠵᠠᠰᠠᠭ᠎ᠤᠨ ᠤᠷᠳᠤᠨ᠎ᠤ ᠠᠵᠦ ᠠᠬᠤᠢ ᠵᠢᠨ ᠳᠠᠷᠤᠭ᠋ᠠᠰᠤ ᠵᠢ ᠴᠦ᠍ ᠬᠦᠨᠳᠦᠷᠡᠭᠦᠯᠳᠡᠭ᠃ ᠴᠢᠨᠠᠭᠰᠢᠯᠠᠪᠠᠯ ᠲᠠᠩ ᠴᠤᠯᠭᠤᠢ ᠲᠦᠷᠦᠯ ᠵᠦᠢ᠍ᠯ᠎ᠤᠨ ᠪᠡᠯᠡ ᠤᠷᠤᠭᠤᠯᠤᠯᠲᠠ᠎ᠨᠢ ᠨᠡᠶ᠋ᠢᠭᠡᠮ᠎ᠤᠨ ᠬᠢᠨᠠᠯᠲᠠ ᠲᠤᠲᠠᠮᠠᠭ᠎ᠠᠴᠠ ᠪᠤᠯᠵᠦ᠂ ᠢᠯᠵᠠᠷᠠᠵᠦ ᠲᠤᠷᠤᠶ᠋ᠢᠲᠠᠬᠤ ᠶᠠᠪᠤᠳᠠᠯ ᠬᠢᠯᠪᠠᠷᠬᠠᠨ ᠭᠠᠷᠳᠠᠭ ᠪᠠᠶ᠋ᠢᠨ᠎ᠠ᠃ ᠡᠶ᠋ᠢᠮᠦ᠎ᠠᠴᠠ ᠨᠢᠭᠡ ᠪᠦᠯᠦᠭ ᠡᠵᠡᠩᠨᠡᠯᠲᠡ ᠵᠢᠨ ᠴᠢᠨᠠᠷᠲᠠᠢ ᠨᠡᠢ᠍ᠢ᠍ᠬᠡᠮ᠎ᠤᠨ ᠦᠢ᠍ᠯᠡᠴᠢᠯᠡᠭᠡᠨ᠎ᠤ ᠵᠤᠬᠢᠶᠠᠨ ᠪᠠᠶ᠋ᠢᠭᠤᠯᠤᠯᠲᠠ ᠵᠢ ᠳᠡᠮᠵᠢᠨ ᠬᠦᠭᠵᠢᠬᠦᠯᠵᠤ᠂ ᠵᠠᠬ᠎ᠠ ᠳᠡᠯᠭᠡᠭᠦᠷ᠎ᠲᠤ ᠨᠡᠩ ᠲᠤᠰᠬᠠᠢ᠍ᠢ᠍ᠵᠢᠭᠰᠠᠨ᠂ ᠨᠡᠩ ᠲᠡᠭᠦᠯᠳᠡᠷᠵᠢᠭᠰᠡᠨ ᠦᠢ᠍ᠯᠡᠴᠢᠯᠡᠭᠡ ᠬᠠᠩᠭ᠋ᠠᠵᠦ ᠳᠡᠶ᠋ᠢᠯᠬᠦ ᠰᠢᠰᠲᠸᠮ᠎ᠢ ᠪᠤᠢ ᠪᠤᠯᠭ᠋ᠠᠪᠠᠯ ᠵᠤᠬᠢᠨ᠎ᠠ᠃ ᠡᠭᠦᠨ᠎ᠳᠤ ᠮᠠᠯ᠎ᠤᠨ ᠡᠭᠦᠯᠳᠡᠷ᠎ᠢ ᠰᠠᠶ᠋ᠢᠵᠢᠷᠠᠭᠤᠯᠬᠤ᠂ ᠰᠢᠯᠢᠳᠡᠭ ᠲᠠᠷᠢᠶᠠᠨ ᠦᠷ᠎ᠡ ᠵᠢ ᠪᠤᠶ᠋ᠢᠵᠢᠭᠤᠯᠬᠤ᠂ ᠬᠡᠮ ᠬᠢᠵᠢᠭ᠎ᠢ ᠨᠢᠭᠡᠲᠦᠯᠲᠠᠢ᠎ᠪᠠᠷ ᠰᠡᠷᠭᠡᠶ᠋ᠢᠯᠡᠨ ᠵᠠᠰᠠᠬᠤ᠂ ᠬᠦᠷᠦᠰᠦ ᠵᠢ ᠰᠢᠨᠵᠢᠵᠤ ᠪᠤᠷᠳᠤᠭᠤᠷ ᠨᠠᠢ᠍ᠢ᠍ᠷᠠᠭᠤᠯᠬᠤ᠂ ᠬᠠᠶᠠᠭᠳᠠᠮᠠᠯ ᠪᠤᠳᠠᠰ᠎ᠢ ᠲᠦᠪᠯᠡᠷᠡᠭᠦᠯᠦᠨ ᠰᠢᠢ᠍ᠳᠪᠦᠷᠢᠯᠡᠬᠦ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡ ᠪᠠᠭᠲᠠᠵᠦ ᠪᠠᠶ᠋ᠢᠬᠤ ᠪᠦᠭᠡᠳ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠡᠯᠸᠺᠲᠷᠣᠨ ᠬᠤᠳᠠᠯᠳᠤᠭ᠎ᠠ ᠵᠢᠨ ᠦᠢ᠍ᠯᠡᠰ᠎ᠢ ᠬᠦᠭᠵᠢᠭᠦᠯᠬᠦ ᠵᠡᠷᠭᠡ ᠭᠦᠢ᠍ᠯᠭᠡᠭᠡᠨ᠎ᠤ ᠦᠢ᠍ᠯᠡᠴᠢᠯᠡᠭᠡ ᠴᠦ᠍ ᠪᠠᠭᠲᠠᠵᠦ ᠪᠠᠶ᠋ᠢᠳᠠᠭ᠃ ᠤᠷᠤᠨ ᠨᠤᠲᠤᠭ᠎ᠤᠨ ᠵᠠᠰᠠᠭ᠎ᠤᠨ ᠤᠷᠳᠤᠨ᠎ᠨᠢ ᠨᠡᠶ᠋ᠢᠲᠡ ᠵᠢᠨ ᠦᠢ᠍ᠯᠡᠴᠢᠯᠡᠭᠡ᠎ᠪᠠᠨ ᠤᠯᠠᠮ ᠨᠢᠭᠡ ᠠᠯᠬᠤᠮ ᠰᠠᠶ᠋ᠢᠵᠢᠷᠠᠭᠤᠯᠬᠤ ᠵᠢᠨ ᠵᠡᠷᠭᠡ᠎ᠪᠡᠷ ᠮᠠᠯ ᠠᠵᠦ ᠠᠬᠣᠢ ᠲᠠᠷᠢᠶᠠᠯᠠᠩ ᠦᠢ᠍ᠯᠡᠳᠪᠦᠷᠢᠯᠡᠯ᠎ᠳᠤ ᠬᠡᠷᠡᠭᠯᠡᠬᠦ ᠴᠠᠬᠢᠯᠭ᠋ᠠᠨ᠎ᠤ ᠦᠨ᠎ᠡ ᠵᠢ ᠲᠤᠬᠢᠷᠠᠭᠤᠯᠬᠤ᠂ ᠵᠢᠱ᠌ᠢᠶ᠎ᠡ ᠦᠵᠡᠭᠦᠯᠬᠦ ᠴᠢᠬᠢ ᠪᠦᠳᠦᠬᠡᠨ ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠠᠷ ᠨᠡᠶ᠋ᠢᠭᠡᠮ᠎ᠤᠨ ᠦᠢ᠍ᠯᠡᠴᠢᠯᠡᠭᠡᠨ᠎ᠳᠤ ᠤᠷᠤᠯᠴᠠᠬᠤ ᠤᠷᠢᠳᠡᠴᠢ ᠨᠦᠭᠦᠴᠡᠯ᠎ᠢ ᠪᠤᠢ ᠪᠤᠯᠭ᠋ᠠᠬᠤ ᠴᠢᠬᠤᠯᠠᠲᠠᠢ ᠶᠤᠮ᠃ ᠡᠨᠡᠬᠦ ᠰᠠᠭᠤᠷᠢᠨ ᠳᠡᠭᠡᠷ᠎ᠡ ᠪᠤᠳᠠᠲᠤ ᠪᠠᠶ᠋ᠢᠳᠠᠯ᠎ᠳᠤ ᠵᠤᠬᠢᠴᠠᠬᠰᠠᠨ᠂ ᠨᠡᠶ᠋ᠢᠭᠡᠮ᠎ᠤᠨ ᠬᠢᠨᠠᠯᠲᠠ ᠲᠠᠯᠪᠢᠬᠤ᠎ᠳᠤ ᠳᠦᠭᠦᠮ ᠪᠠᠢ᠍ᠢ᠍ᠳᠠᠭ ᠨᠡᠶ᠋ᠢᠭᠡᠮ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠨᠢ ᠵᠠᠰᠠᠭ᠎ᠤᠨ ᠤᠷᠳᠤᠨ᠎ᠠᠴᠠ ᠪᠦᠬᠦᠶ᠋ᠢᠯᠡ ᠦᠢ᠍ᠯᠡᠴᠢᠯᠡᠭᠡ ᠵᠢ ᠬᠠᠩᠭ᠋ᠠᠳᠠᠭ ᠦᠩᠭᠡᠷᠡᠭᠰᠡᠨ᠎ᠤ ᠪᠠᠶ᠋ᠢᠳᠠᠯ᠎ᠲᠠᠢ ᠬᠠᠷᠢᠴᠠᠭᠤᠯᠪᠠᠯ ᠨᠡᠶ᠋ᠢᠭᠡᠮ᠎ᠤᠨ ᠦᠷ᠎ᠡ ᠠᠰᠢᠭ ᠵᠶ᠋ᠠᠷ ᠨᠡᠩ ᠰᠠᠢ᠍ᠢ᠍ᠨ ᠪᠤᠯᠳᠠᠭ᠃ ᠤᠴᠢᠷ᠎ᠨᠢ ᠨᠡᠶ᠋ᠢᠭᠡᠮ᠎ᠤᠨ ᠦᠢ᠍ᠯᠡᠴᠢᠯᠡᠭᠡ ᠬᠠᠩᠭ᠋ᠠᠵᠦ ᠦᠭᠬᠦ ᠡᠯ᠎ᠡ ᠵᠤᠬᠢᠶᠠᠨ ᠪᠠᠶ᠋ᠢᠭᠤᠯᠤᠯᠲᠠ᠎ᠨᠢ ᠨᠡᠩ ᠲᠤᠰᠬᠠᠢ᠍ᠢ᠍ᠵᠢᠭᠰᠠᠨ ᠪᠠᠶ᠋ᠢᠳᠠᠭ ᠪᠦᠭᠡᠳ ᠲᠤᠰ ᠪᠡᠶ᠎ᠡ ᠵᠢᠨ ᠠᠰᠢᠭ ᠲᠤᠰᠠ᠎ᠪᠠᠷ ᠵᠶ᠋ᠠᠨ ᠰᠠᠭᠤᠷᠢᠯᠠᠭᠰᠠᠨ ᠵᠠᠬ᠎ᠠ ᠳᠡᠯᠭᠡᠭᠦᠷ᠎ᠤᠨ ᠦᠷᠢᠰᠦᠯᠳᠦᠭᠡᠨ᠎ᠤ ᠳᠤᠮᠳᠠ ᠤᠷᠤᠰᠢᠵᠦ᠂ ᠬᠤᠷᠴᠨ ᠰᠢᠷᠦᠬᠦᠨ ᠦᠷᠢᠰᠦᠯᠳᠦᠭᠡᠨ᠎ᠨᠢ ᠡᠳᠡᠭᠡᠷ ᠨᠡᠶ᠋ᠢᠭᠡᠮ᠎ᠤᠨ ᠦᠢ᠍ᠯᠡᠴᠢᠯᠡᠭᠡ ᠵᠢᠨ ᠶᠠᠰᠤ ᠴᠢᠨᠠᠷ᠎ᠢ ᠲᠠᠰᠤᠷᠠᠯᠳᠠ ᠦᠬᠡᠢ ᠰᠠᠢ᠍ᠢ᠍ᠵᠢᠷᠠᠭᠤᠯᠳᠠᠭ ᠶᠤᠮ᠃
ᠰᠣᠷᠪᠣᠯᠵᠢᠯᠠᠭᠴᠢ᠄ ᠰᠢᠨ᠎ᠠ ᠮᠠᠶᠢᠬ᠎ᠤᠨ ᠲᠣᠰᠬᠠᠢ ᠠᠵᠢᠯ᠎ᠤᠨ ᠲᠠᠷᠢᠶᠠᠴᠢᠨ᠎ᠤ ᠬᠦᠮᠦᠵᠢᠯ ᠪᠣᠯᠪᠠᠰᠣᠷᠠᠯ᠎ᠢ ᠥᠷᠨᠢᠭᠦᠯᠬᠦ ᠵᠢᠨ ᠴᠢᠬᠣᠯᠠ ᠴᠢᠨᠠᠷ᠎ᠢ ᠬᠡᠷᠬᠢᠨ ᠣᠢ᠍ᠢ᠍ᠯᠠᠭ᠋ᠠᠪᠠᠯ ᠵᠣᠬᠢᠬᠣ ᠪᠣᠢ?
ᠡᠩᠬᠡ ᠄ ᠰᠢᠨ᠎ᠡ ᠮᠠᠶᠢᠬ᠎ᠤᠨ ᠲᠤᠰᠬᠠᠢ ᠠᠵᠢᠯ᠎ᠤᠨ ᠲᠠᠷᠢᠶᠠᠴᠢᠨ᠎ᠤ ᠬᠦᠮᠦᠵᠢᠯ ᠪᠤᠯᠪᠠᠰᠤᠷᠠᠯ᠎ᠢ ᠴᠢᠩᠭ᠋ᠠᠳᠬᠠᠬᠤ᠎ᠨᠢ ᠬᠤᠶᠠᠷ ᠵᠦᠢ᠍ᠯ᠎ᠤᠨ ᠠᠭᠤᠯᠭ᠎ᠠ᠎ᠲᠠᠢ᠃ ᠨᠢᠭᠡ᠎ᠳᠤ᠂ ᠭᠠᠵᠠᠷ ᠰᠢᠷᠤᠢ ᠵᠢᠨ ᠡᠵᠡᠡᠭᠨᠡᠯᠲᠡ ᠵᠢᠨ ᠡᠷᠬᠡ᠎ᠪᠠᠨ ᠪᠤᠰᠤᠳ᠎ᠲᠤ ᠰᠢᠯᠵᠢᠭᠦᠯᠦᠨ ᠦᠭᠭᠦᠭᠰᠡᠨ ᠪᠠᠶ᠋ᠢᠳᠠᠯ ᠳᠤᠤᠷ᠎ᠠ ᠨᠢᠭᠡ ᠪᠦᠯᠦᠭ ᠮᠠᠯᠴᠢᠨ ᠲᠠᠷᠢᠶᠠᠴᠢᠨ ᠬᠦᠳᠡᠯᠮᠦᠷᠢ ᠬᠦᠴᠦ ᠦᠯᠡᠬᠦᠳᠡᠵᠤ ᠢᠷᠡᠳᠡᠭ᠃ ᠡᠳᠡᠭᠡᠷ ᠬᠦᠳᠡᠯᠮᠦᠷᠢ ᠬᠦᠴᠦᠨ᠎ᠢ ᠳᠠᠬᠢᠵᠦ ᠬᠦᠯᠦᠰᠦᠨ ᠠᠵᠢᠯᠴᠢᠨ᠎ᠤ ᠬᠡᠯᠪᠡᠷᠢ᠎ᠪᠠᠷ ᠲᠤᠮᠤ ᠮᠠᠯᠵᠢᠯ᠎ᠤᠨ ᠲᠠᠯᠠᠪᠠᠢ ᠪᠤᠶᠤ ᠲᠠᠷᠢᠶᠠᠯᠠᠩ᠎ᠤᠨ ᠲᠠᠯᠠᠪᠠᠢ᠎ᠳᠤ ᠠᠵᠢᠯᠯᠠᠬᠤ᠎ᠳᠤ ᠲᠡᠷᠡ᠎ᠨᠢ ᠨᠢᠭᠡᠨᠲᠡ ᠲᠤᠷ᠎ᠠ ᠵᠤᠷᠢᠭ ᠵᠶ᠋ᠠᠷ ᠵᠶ᠋ᠠᠨ ᠪᠠᠶ᠋ᠢᠳᠠᠭ ᠲᠠᠷᠬᠠᠢ ᠪᠤᠲᠠᠷᠬᠠᠢ ᠡᠵᠡᠡᠭᠨᠡᠯᠲᠡ ᠪᠢᠰᠢ ᠪᠤᠯᠵᠦ᠂ ᠨᠢᠭᠡᠲᠦᠯᠲᠠᠢ ᠵᠤᠬᠢᠶᠠᠨ ᠪᠠᠶ᠋ᠢᠭᠤᠯᠤᠯᠲᠠ ᠳᠤᠤᠷᠠᠬᠢ ᠳᠦᠷᠢᠮᠵᠢᠭᠰᠡᠨ ᠬᠦᠳᠡᠯᠮᠦᠷᠢ ᠪᠤᠯᠳᠠᠭ ᠪᠠᠶ᠋ᠢᠨ᠎ᠠ᠃ ᠡᠶ᠋ᠢᠮᠦ᠎ᠠᠴᠠ ᠡᠳᠡᠭᠡᠷ ᠬᠦᠮᠦᠰ᠎ᠨᠢ ᠵᠠᠪᠠᠯ ᠴᠢᠩᠭ᠎ᠠ ᠨᠢᠮᠪᠠᠢ ᠬᠦᠮᠦᠵᠢᠯ ᠪᠤᠯᠪᠠᠰᠤᠷᠠᠯ ᠬᠦᠷᠲᠡᠭᠰᠡᠨ ᠪᠠᠶ᠋ᠢᠬᠤ ᠬᠡᠷᠡᠭᠲᠠᠢ ᠪᠦᠭᠡᠳ ᠠᠵᠢᠯ᠎ᠤᠨ ᠮᠡᠷᠭᠡᠵᠢᠯ ᠴᠢᠳᠠᠪᠤᠷᠢ᠎ᠪᠠᠷ ᠦᠨᠳᠦᠷ ᠪᠠᠶ᠋ᠢᠬᠤ ᠵᠢ ᠱᠠᠭ᠋ᠠᠷᠳᠠᠳᠠᠭ ᠶᠤᠮ᠃ ᠬᠤᠶᠠᠷ᠎ᠲᠤ᠂ ᠨᠢᠭᠡ ᠪᠦᠯᠦᠭ ᠲᠤᠰᠬᠠᠶ᠋ᠢᠵᠢᠭᠰᠠᠨ ᠲᠤᠮᠤ ᠡᠷᠦᠬᠡ᠂ ᠭᠡᠷ ᠪᠦᠯᠢ ᠵᠢᠨ ᠮᠠᠯᠵᠢᠯ᠎ᠤᠨ ᠲᠠᠯᠠᠪᠠᠢ ᠪᠤᠶᠤ ᠲᠠᠷᠢᠶᠠᠯᠠᠩ᠎ᠤᠨ ᠲᠠᠯᠠᠪᠠᠢ ᠵᠢᠨ ᠡᠵᠡᠳ᠂ ᠬᠤᠷᠰᠢᠶ᠎ᠠ ᠵᠢᠨ ᠳᠠᠭ᠋ᠠᠭᠤᠯᠤᠭᠴᠢ ᠪᠤᠯᠤᠨ ᠠᠵᠦ ᠠᠬᠤᠶ᠋ᠢᠯᠠᠯ᠎ᠤᠨ ᠬᠠᠮᠢᠶᠠᠷᠤᠭᠴᠢ ᠵᠡᠷᠭᠡ᠎ᠨᠢ ᠡᠵᠡᠩᠨᠡᠯᠲᠡ ᠵᠢᠨ ᠬᠦᠷᠢᠶ᠎ᠡ ᠬᠡᠪᠴᠢᠶ᠎ᠡ ᠵᠢᠨ ᠦᠷᠬᠡᠵᠢᠯᠢ ᠳᠠᠭ᠋ᠠᠯᠳᠤᠨ ᠦᠢ᠍ᠯᠡᠳᠬᠦᠨ᠎ᠤ ᠪᠤᠷᠤᠯᠠᠭᠤᠯᠭ᠎ᠠ ᠵᠡᠷᠭᠡ ᠵᠠᠬ᠎ᠠ ᠳᠡᠯᠭᠡᠭᠦᠷ᠎ᠤᠨ ᠰᠢᠨ᠎ᠡ ᠠᠰᠠᠭᠤᠳᠠᠯ ᠳᠤ ᠲᠤᠯᠭ᠋ᠠᠷᠠᠵᠤ᠂ ᠬᠦᠮᠦᠵᠢᠯ ᠪᠤᠯᠪᠠᠰᠤᠷᠠᠯ᠎ᠨᠢ ᠡᠳᠡᠭᠡᠷ ᠬᠦᠮᠦᠰ᠎ᠲᠤ ᠴᠦ᠍ ᠲᠤᠶ᠋ᠢᠯ᠎ᠤᠨ ᠴᠢᠬᠤᠯᠠ ᠪᠠᠶ᠋ᠢᠳᠠᠭ᠃ ᠲᠡᠷᠡ ᠮᠦᠷᠲᠡᠭᠡᠨ ᠬᠦᠮᠦᠵᠢᠯ ᠪᠤᠯᠪᠠᠰᠤᠷᠠᠯ᠎ᠨᠢ ᠤᠷᠲᠤ ᠬᠤᠭᠤᠴᠠᠭ᠋ᠠᠨ᠎ᠤ ᠦᠷᠬᠦᠯᠵᠢ ᠵᠢᠨ ᠴᠢᠨᠠᠷᠲᠠᠢ ᠪᠠᠶ᠋ᠢᠬᠤ ᠵᠢ ᠱᠠᠭ᠋ᠠᠷᠳᠠᠵᠦ᠂ ᠰᠢᠨ᠎ᠡ ᠬᠡᠯᠪᠡᠷᠢ ᠵᠢᠨ ᠲᠤᠰᠬᠠᠢ ᠠᠵᠢᠯ᠎ᠤᠨ ᠮᠠᠯᠴᠢᠨ ᠲᠠᠷᠢᠶᠠᠴᠢᠨ᠎ᠢ ᠬᠦᠮᠦᠵᠢᠭᠦᠯᠬᠦ ᠳᠦᠷᠢᠮᠵᠢᠯ᠎ᠤᠨ ᠪᠤᠢ ᠪᠤᠯᠬᠤ ᠵᠢ ᠱᠠᠭ᠋ᠠᠷᠳᠠᠵᠤ ᠪᠤᠢ᠃ ᠡᠨᠡ᠎ᠨᠢ ᠮᠦᠨᠴᠦ ᠰᠢᠰᠲᠸᠮᠵᠢᠭᠰᠡᠨ ᠨᠡᠶ᠋ᠢᠭᠡᠮ᠎ᠤᠨ ᠦᠢ᠍ᠯᠡᠴᠢᠯᠡᠭᠡᠨ᠎ᠤ ᠴᠢᠬᠤᠯᠠ ᠨᠢᠭᠡᠨ ᠠᠭᠤᠯᠭ᠎ᠠ ᠪᠤᠯᠤᠨ᠎ᠠ᠃
ᠰᠣᠷᠪᠣᠯᠵᠢᠯᠠᠭᠴᠢ᠄ ᠬᠠᠩᠭ᠋ᠠᠨ ᠪᠣᠷᠣᠯᠠᠭᠣᠯᠬᠣ ᠬᠣᠷᠰᠢᠶ᠎ᠠ ᠵᠢᠨ ᠲᠠᠪᠠᠭᠤᠯᠢᠭ ᠪᠠ ᠦᠢ᠍ᠯᠡᠳᠤᠯ᠎ᠢ ᠬᠡᠷᠬᠢᠨ ᠪᠠᠳᠠᠷᠠᠭᠤᠯᠵᠤ ᠪᠠᠢ᠍ᠢ᠍ᠭ᠋ᠠᠳ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠣᠷᠠᠯ ᠳᠤᠦᠢ᠍ᠯᠡᠴᠢᠯᠡᠬᠦᠯᠬᠦ ᠪᠣᠢ?
ᠡᠩᠬᠡ᠄ ᠨᠢᠬᠡ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠤᠷᠤᠨᠲᠠᠬᠢ ᠬᠠᠩᠭ᠋ᠠᠨ ᠪᠤᠷᠤᠯᠠᠭᠤᠯᠬᠤ ᠬᠤᠷᠰᠢᠶ᠎ᠠ᠎ᠨᠢ ᠨᠡᠯᠢᠶᠡᠳ ᠤᠷᠲᠤ ᠬᠤᠭᠤᠴᠠᠭ᠋ᠠᠨ᠎ᠤ ᠡᠵᠡᠩᠨᠡᠯᠲᠡ᠎ᠪᠠᠷ ᠳᠠᠮᠵᠢᠭ᠋ᠠᠳ ᠬᠦᠷᠦᠩᠭᠡ ᠵᠢᠨ ᠡᠵᠡᠩᠨᠡᠯᠲᠡ ᠵᠢᠨ ᠬᠡᠯᠪᠡᠷᠢ᠎ᠪᠠᠷ ᠲᠤᠳᠤᠷᠬᠠᠢ᠂ ᠵᠠᠬ᠎ᠠ ᠳᠡᠯᠭᠡᠭᠦᠷ᠎ᠤᠨ ᠪᠤᠷᠤᠯᠠᠭᠤᠯᠭ᠎ᠠ ᠵᠢᠨ ᠠᠷᠭ᠎ᠠ ᠬᠡᠯᠪᠡᠷᠢ᠎ᠪᠠᠷ ᠨᠠᠯᠢᠶᠡᠳ ᠪᠤᠯᠪᠠᠰᠤᠷᠠᠩᠭᠤᠢ ᠪᠤᠯᠤᠭᠰᠠᠨ ᠪᠠᠶ᠋ᠢᠳᠠᠭ᠃ ᠡᠨᠡ᠎ᠨᠢ ᠮᠠᠯ ᠠᠵᠤ ᠠᠬᠤᠢ ᠲᠠᠷᠢᠶᠠᠯᠠᠩ᠎ᠢ ᠬᠡᠪᠴᠢᠶᠡᠵᠢᠬᠦᠯᠤᠨ ᠡᠵᠡᠩᠨᠡᠬᠦ᠎ᠳᠤ ᠡᠯᠪᠡᠭ ᠪᠠᠶᠠᠯᠢᠭ ᠲᠤᠷᠰᠢᠯᠭ᠎ᠠ ᠬᠠᠩᠭ᠋ᠠᠭᠰᠠᠨ ᠪᠦᠭᠡᠳ ᠮᠡᠷᠭᠡᠵᠢᠯ᠎ᠤᠨ ᠴᠢᠨᠠᠷᠲᠠᠢ ᠲᠤᠰᠠᠯᠠᠮᠵᠢ ᠤᠯᠭᠤᠵᠦ ᠴᠢᠳᠠᠳᠠᠭ ᠶᠤᠮ᠃ ᠨᠦᠭᠦᠭᠡ ᠲᠠᠯ᠎ᠠ᠎ᠪᠠᠷ᠂ ᠲᠤᠰᠬᠠᠢ ᠬᠤᠷᠰᠢᠶ᠎ᠠ ᠪᠤᠯ ᠮᠠᠯᠴᠢᠨ ᠲᠠᠷᠢᠶᠠᠴᠢᠨ᠎ᠤ ᠡᠵᠡᠩᠨᠡᠯᠲᠡ ᠵᠢᠨ ᠡᠷᠭᠡ ᠵᠢ ᠨᠢᠭᠡᠲᠦᠭᠦᠯᠦᠭᠰᠡᠨ ᠬᠠᠮᠤᠭ ᠰᠠᠶ᠋ᠢᠨ ᠦᠯᠢᠭᠡᠷ ᠵᠢᠱ᠌ᠢᠶ᠎ᠡ ᠪᠤᠯᠤᠨ᠎ᠠ᠃ ᠲᠤᠰᠬᠠᠢ ᠬᠤᠷᠰᠢᠶ᠎ᠠ᠎ᠨᠢ ᠡᠵᠡᠩᠨᠡᠯᠲᠡ ᠵᠢᠨ ᠡᠷᠬᠡ ᠵᠢ ᠡᠵᠡᠮᠲᠡᠵᠦ᠂ ᠮᠠᠯᠴᠢᠨ ᠲᠠᠷᠢᠶᠠᠴᠢᠨ ᠳᠠᠭ᠋ᠠᠭ᠋ᠠᠴᠢᠯᠠᠯᠲᠠ ᠵᠢᠨ ᠡᠷᠬᠡ᠎ᠪᠠᠨ ᠠᠰᠢᠬᠯᠠᠨ ᠬᠤᠪᠢ ᠤᠷᠤᠬᠤ ᠵᠡᠷᠭᠡ ᠬᠡᠯᠪᠡᠷᠢ᠎ᠪᠠᠷ ᠠᠰᠢᠭ ᠤᠯᠵᠠᠪᠤᠷᠢ ᠤᠯᠵᠦ ᠪᠤᠯᠬᠤ ᠪᠦᠭᠡᠳ ᠲᠤᠰᠬᠠᠢ ᠬᠤᠷᠰᠢᠶ᠎ᠠ ᠵᠢᠨ ᠬᠦᠳᠡᠯᠮᠦᠷᠢ᠎ᠲᠤ ᠤᠷᠤᠯᠴᠠᠬᠤ ᠪᠤᠶᠤ ᠪᠤᠰᠤᠳ ᠵᠦᠢ᠍ᠯ᠎ᠤᠨ ᠬᠦᠳᠡᠯᠮᠦᠷᠢ᠎ᠳᠤ ᠤᠷᠤᠯᠴᠠᠬᠤ ᠬᠡᠯᠪᠡᠷᠢ᠎ᠪᠠᠷ ᠴᠦ᠍ ᠤᠷᠤᠯᠭ᠎ᠠ᠎ᠪᠠᠨ ᠨᠡᠮᠡᠭᠳᠡᠭᠦᠯᠵᠦ ᠪᠤᠯᠳᠠᠭ ᠶᠤᠮ᠃
ᠶᠡᠷᠦᠩᠬᠡᠢ᠎ᠳᠤ᠎ᠨᠢ ᠠᠪᠴᠦ ᠬᠡᠯᠡᠪᠡᠯ᠂ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠵᠦ ᠲᠡᠭᠦᠯᠳᠡᠷᠵᠢᠭᠦᠯᠬᠦ᠎ᠨᠢ ᠤᠯᠠᠨ ᠡᠰᠢᠴᠢᠯᠡᠭᠰᠡᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠤᠬᠢᠶᠠᠨ ᠪᠠᠶ᠋ᠢᠭᠤᠯᠤᠯᠲᠠ ᠵᠢ ᠪᠠᠶ᠋ᠢᠭᠤᠯᠬᠤ᠎ᠪᠠᠷ ᠲᠠᠮᠵᠢᠨ ᠮᠠᠯ ᠠᠵᠤ ᠠᠬᠤᠢ ᠲᠠᠷᠢᠶᠠᠯᠠᠩ᠎ᠤᠨ ᠲᠤᠰᠬᠠᠶ᠋ᠢᠵᠢᠵᠦ ᠬᠡᠪᠵᠢᠶᠡᠵᠢᠬᠦ ᠵᠢ ᠠᠬᠢᠭᠤᠯᠵᠦ᠂ ᠨᠡᠩ ᠬᠦᠨ ᠭᠦᠨᠵᠡᠭᠡᠢ ᠵᠠᠬ᠎ᠠ ᠳᠡᠯᠭᠡᠭᠦᠷᠵᠢᠬᠦᠯᠦᠨ ᠡᠵᠡᠩᠨᠡᠬᠦ ᠵᠢ ᠵᠤᠷᠢᠵᠤ ᠪᠤᠢ᠃ ᠤᠴᠢᠷ᠎ᠨᠢ᠂ ᠬᠤᠷᠰᠢᠵᠦ ᠬᠡᠪᠴᠢᠶᠡᠵᠢᠭᠰᠡᠨ ᠡᠵᠡᠩᠨᠡᠯᠳᠡ ᠬᠢᠬᠦ ᠦᠭᠡᠢ ᠪᠤᠯ ᠮᠠᠯᠴᠢᠨ ᠲᠠᠷᠢᠶᠠᠴᠢᠨ ᠶᠡᠷᠤ᠎ᠨᠢ ᠵᠠᠬ᠎ᠠ ᠳᠡᠯᠭᠡᠭᠦᠷ᠎ᠤᠨ ᠦᠷᠢᠰᠦᠯᠳᠦᠭᠡᠨ ᠳᠤᠮᠳᠠ ᠲᠤᠷᠤᠢ ᠪᠠᠭᠤᠷᠠᠢ ᠪᠠᠶ᠋ᠢᠵᠦ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠨ᠎ᠡ ᠲᠤᠭᠲᠠᠭ᠋ᠠᠬᠤ ᠡᠷᠬᠡ᠎ᠪᠠᠨ ᠠᠯᠳᠠᠳᠠᠭ ᠶᠤᠮ᠃ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠨᠢ ᠮᠠᠯᠴᠢᠨ ᠲᠠᠷᠢᠶᠠᠴᠢᠨ᠎ᠤ ᠰᠠᠶ᠋ᠢᠨ ᠳᠤᠷ᠎ᠠ᠎ᠠᠴᠠ᠎ᠪᠠᠨ ᠭᠠᠵᠠᠷ ᠰᠢᠷᠤᠢ ᠵᠢᠨ ᠡᠵᠡᠡᠭᠨᠡᠯᠲᠡ ᠵᠢᠨ ᠡᠷᠬᠡ᠎ᠪᠠᠨ ᠰᠢᠯᠵᠢᠬᠦᠯᠬᠦ᠎ᠪᠠᠷ ᠰᠠᠭᠤᠷᠢ ᠪᠤᠯᠭ᠋ᠠᠭᠰᠠᠨ ᠲᠤᠮᠤ ᠬᠡᠯᠪᠡᠷᠢ ᠵᠢᠨ ᠮᠠᠯᠵᠢᠯ᠎ᠤᠨ ᠲᠠᠯᠠᠪᠠᠢ ᠪᠤᠶᠤ ᠲᠠᠷᠢᠶᠠᠯᠠᠩ᠎ᠤᠨ ᠲᠠᠯᠠᠪᠠᠢ ᠵᠡᠷᠬᠡ᠎ᠲᠤ ᠦᠢ᠍ᠯᠡᠴᠢᠯᠡᠬᠦ᠎ᠪᠠᠷ ᠤᠷᠢᠳᠡᠴᠢ ᠨᠦᠭᠦᠴᠡᠯ ᠪᠤᠯᠭ᠋ᠠᠳᠠᠭ ᠤᠴᠢᠷ᠎ᠠᠴᠠ ᠡᠵᠡᠩᠨᠡᠯᠲᠡ ᠵᠢᠨ ᠡᠷᠬᠡ᠎ᠪᠠᠨ ᠰᠢᠯᠵᠢᠭᠦᠯᠦᠭᠰᠡᠨ ᠬᠦᠮᠦᠰ ᠪᠤᠶᠤ ᠡᠵᠡᠩᠨᠡᠯᠲᠡ ᠵᠢᠨ ᠡᠷᠬᠡ ᠵᠢ ᠬᠦᠯᠢᠶᠡᠵᠦ ᠠᠪᠤᠭᠰᠠᠨ ᠬᠦᠮᠦᠰ ᠪᠦᠷ ᠠᠵᠢᠯ᠎ᠤᠨ ᠴᠢᠳᠠᠪᠦᠷᠢ᠎ᠪᠠᠨ ᠳᠡᠭᠡᠭᠰᠢᠯᠡᠭᠦᠯᠬᠦ ᠴᠢᠬᠤᠯᠠᠲᠠᠢ᠃ ᠡᠨᠡ᠎ᠨᠢ ᠤᠷᠲᠤ ᠬᠤᠭᠤᠴᠠᠭ᠋ᠠᠨ᠎ᠤ ᠬᠦᠮᠦᠵᠢᠯ ᠪᠤᠯᠪᠠᠰᠤᠷᠠᠯ ᠵᠶ᠋ᠠᠷ ᠳᠠᠮᠵᠢᠨ ᠰᠢᠢ᠍ᠳᠪᠦᠷᠢᠯᠡᠭᠳᠡᠬᠦᠨᠢ ᠵᠠᠢ᠌ᠯᠠᠰᠢ ᠦᠭᠡᠢ᠃