ᠬᠥᠳᠡᠭᠡ ᠲᠣᠰᠬᠤᠨ᠎ᠤ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ ᠵᠢᠨ ᠰᠢᠯᠵᠢᠯᠲᠡ ᠵᠢ ᠵᠢᠷᠤᠮᠵᠢᠭᠤᠯᠬᠤ ᠵᠢ ᠬᠡᠷᠬᠢᠨ ᠣᠢ᠌ᠯᠠᠭ᠋ᠠᠬᠤ ᠪᠣᠢ?
— — 《ᠬᠦᠳᠡᠭᠡ ᠳᠤᠰᠬᠤᠨ᠎ᠤ ᠭᠠᠵᠠᠷ ᠰᠢᠷᠦᠢ ᠵᠢᠨ ᠡᠵᠡᠩᠨᠡᠯᠳᠡ ᠵᠢᠨ ᠡᠷᠭᠡ ᠵᠢ ᠡᠮᠬᠢ ᠲᠢᠭᠯᠢᠮ᠎ᠲᠠᠢ ᠰᠢᠯᠵᠢᠬᠦᠯᠬᠦ ᠵᠢ ᠬᠦᠳᠦᠯᠦᠨ ᠵᠢᠯᠤᠭᠤᠳᠴᠤ ᠲᠠᠷᠢᠶᠠᠯᠠᠩ᠎ᠤᠨ ᠵᠤᠬᠢᠬᠤ ᠭᠡᠪᠴᠢᠶᠡᠳᠦ ᠡᠵᠡᠩᠨᠡᠯᠲᠡ ᠵᠢ ᠬᠦᠭᠵᠢᠬᠦᠯᠬᠦ ᠳᠤᠬᠠᠢ ᠰᠠᠨᠠᠯ》᠎ᠤᠨ ᠳᠠᠢ᠍ᠢ᠍ᠯᠦᠮᠵᠢ (ᠭᠤᠷᠪᠡ)
ᠲᠤᠰ ᠰᠣᠨᠢᠨ᠎ᠤ ᠰᠣᠷᠪᠤᠯᠵᠢᠯᠠᠭᠴᠢ ᠰᠠᠷᠠᠭᠤᠯ
ᠤᠢ᠍ᠢ᠍ᠷ᠎ᠠ᠎ᠳᠤ ᠨᠠᠮ᠎ᠤᠨ ᠲᠦᠪ ᠬᠤᠷᠢᠶ᠎ᠠ ᠪᠤᠯᠤᠨ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠠᠴᠠ 《ᠬᠦᠳᠡᠭᠡ ᠳᠤᠰᠬᠤᠨ᠎ᠤ ᠭᠠᠵᠠᠷ ᠰᠢᠷᠦᠢ ᠵᠢᠨ ᠡᠵᠡᠩᠨᠡᠯᠳᠡ ᠵᠢᠨ ᠡᠷᠭᠡ ᠵᠢ ᠡᠮᠬᠢ ᠲᠢᠭᠯᠢᠮ᠎ᠲᠠᠢ ᠰᠢᠯᠵᠢᠬᠦᠯᠬᠦ ᠵᠢ ᠬᠦᠳᠦᠯᠦᠨ ᠵᠢᠯᠤᠭᠤᠳᠴᠤ ᠲᠠᠷᠢᠶᠠᠯᠠᠩ᠎ᠤᠨ ᠵᠤᠬᠢᠬᠤ ᠭᠡᠪᠴᠢᠶᠡᠳᠦ ᠡᠵᠡᠩᠨᠡᠯᠲᠡ ᠵᠢ ᠬᠦᠭᠵᠢᠬᠦᠯᠬᠦ ᠳᠤᠬᠠᠢ ᠰᠠᠨᠠᠯ》 (ᠲᠤᠤᠷ᠎ᠠ 《ᠰᠠᠨᠠᠯ》 ᠬᠡᠵᠤ ᠲᠦᠬᠦᠮᠴᠢᠯᠡᠶᠠ)᠎ᠢ ᠳᠠᠷᠤᠮᠠᠯᠯᠠᠨ ᠲᠠᠷᠬᠠᠭ᠋ᠠᠵᠤ᠂ 《ᠬᠦᠳᠡᠭᠡ ᠲᠤᠰᠬᠤᠨ᠎ᠤ ᠭᠠᠵᠡᠷ ᠰᠢᠷᠦᠢ ᠵᠢᠨ ᠡᠵᠡᠡᠭᠨᠡᠯᠳᠡ ᠵᠢᠨ ᠡᠷᠬᠡ ᠵᠢ ᠡᠮᠬᠢ ᠲᠢᠭᠯᠢᠮ᠎ᠲᠠᠢ ᠰᠢᠯᠵᠢᠬᠦᠯᠬᠦ ᠵᠢ ᠵᠢᠷᠤᠮᠵᠢᠭᠤᠯᠤᠨ᠎ᠠ》 ᠬᠡᠵᠤ ᠲᠤᠷᠠᠳᠴᠠᠢ᠃ ᠲᠠᠬᠡᠪᠡᠯ ᠮᠠᠨ᠎ᠤ ᠤᠷᠤᠨ ᠪᠤᠳᠠᠳᠤ ᠪᠠᠢ᠍ᠢ᠍ᠳᠠᠯ᠎ᠳᠠᠭᠠᠨ ᠵᠤᠬᠢᠴᠠᠭᠤᠯᠤᠨ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ ᠵᠢ ᠰᠢᠯᠵᠢᠭᠦᠯᠭᠦ ᠠᠵᠢᠯᠯᠠᠭ᠎ᠠ ᠵᠢ ᠬᠡᠷᠬᠢᠨ ᠵᠢᠷᠤᠮᠵᠢᠭᠤᠯᠬᠤ᠂ ᠡᠵᠡᠨᠭᠨᠡᠯᠳᠠ ᠵᠢᠨ ᠡᠷᠭᠡ ᠵᠢ ᠰᠢᠯᠵᠢᠭᠦᠯᠭᠦ ᠬᠠᠮᠢᠶᠠᠷᠤᠯᠳᠠ ᠪᠤᠯᠤᠨ ᠦᠢ᠍ᠯᠡᠴᠢᠯᠡᠭᠡ᠎ᠪᠠᠨ ᠬᠡᠷᠬᠢᠨ ᠴᠢᠨᠭ᠌ᠭ᠋ᠠᠳᠬᠠᠬᠤ ᠪᠤᠢ? ᠡᠨᠡ ᠲᠤᠬᠠᠢ ᠰᠤᠷᠪᠤᠯᠵᠢᠯᠠᠭᠴᠢ ᠦᠪᠦᠷ ᠮᠤᠩᠭᠤᠯ᠎ᠤᠨ ᠨᠡᠢ᠍ᠢ᠍ᠬᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠮᠠᠯᠵᠢᠬᠤ ᠤᠷᠤᠨ᠎ᠤ ᠬᠦᠭᠵᠢᠯᠳᠡ ᠵᠢ ᠰᠤᠳᠤᠯᠬᠤ ᠭᠠᠵᠠᠷ᠎ᠤᠨ ᠳᠡᠳ᠋ ᠰᠤᠳᠤᠯᠤᠭᠴᠢ ᠪᠤᠯᠪᠠᠰᠤᠨ᠎ᠢ ᠰᠤᠷᠪᠤᠯᠵᠢᠯᠠᠭᠰᠠᠨ ᠶᠤᠮ᠃
ᠰᠤᠷᠪᠤᠯᠵᠢᠯᠠᠭᠴᠢ᠄ ᠮᠠᠨ᠎ᠤ ᠤᠷᠤᠨ᠎ᠤ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ ᠵᠢ ᠰᠢᠯᠵᠢᠭᠦᠯᠵᠤ ᠪᠠᠢ᠍ᠢ᠍ᠭ᠎ᠠ ᠤᠳᠤᠬᠠᠨ᠎ᠤ ᠪᠠᠢ᠍ᠢ᠍ᠳᠠᠯ ᠶᠠᠮᠠᠷ ᠪᠠᠢ᠍ᠢ᠍ᠭ᠎ᠠ ᠪᠤᠯ?
ᠪᠤᠯᠪᠠᠰᠤᠨ᠄ ᠮᠠᠨ᠎ᠤ ᠤᠷᠤᠨ᠎ᠤ ᠪᠠᠶ᠋ᠢᠳᠠᠯ᠎ᠪᠠᠷ ᠦᠵᠡᠪᠡᠯ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ᠎ᠨᠢ ᠲᠠᠷᠢᠶᠠᠯᠠᠬᠤ ᠤᠷᠤᠨ᠎ᠤ ᠲᠠᠷᠢᠶᠠᠨ ᠭᠠᠵᠡᠷ᠎ᠲᠠᠢ ᠬᠤᠯᠪᠤᠭᠳᠠᠵᠤ ᠪᠠᠢ᠍ᠢ᠍ᠬᠤ ᠪᠦᠭᠡᠳ ᠮᠠᠯᠵᠢᠬᠤ ᠤᠷᠤᠨ᠎ᠤ ᠨᠤᠳᠤᠭ ᠪᠡᠯᠴᠢᠬᠡᠷ᠎ᠲᠠᠢ ᠨᠢᠬᠳᠠ ᠬᠤᠯᠪᠤᠬᠳᠠᠵᠤ ᠪᠠᠢ᠍ᠢ᠍ᠳᠠᠭ᠃ 1999 ᠣᠨ᠎ᠳᠤ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠤᠳᠤᠭ ᠪᠡᠯᠴᠢᠬᠡᠷ᠎ᠤᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠬᠠᠮᠢᠶᠠᠷᠤᠯᠳᠠ ᠵᠢᠨ ᠠᠷᠭ᠎ᠠ》 ᠵᠢ ᠨᠡᠶ᠋ᠢᠳᠡᠯᠡᠵᠦ᠂ ᠲᠤᠬᠠᠢ ᠵᠢᠨ ᠦᠶ᠎ᠡ ᠵᠢᠨ ᠮᠠᠯᠵᠢᠬᠤ ᠤᠷᠤᠨ᠎ᠤ ᠨᠤᠳᠤᠭ ᠪᠡᠯᠴᠢᠬᠡᠷ᠎ᠤᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠠᠵᠢᠯᠯᠠᠭ᠎ᠠ ᠵᠢ ᠲᠦᠷᠢᠮᠵᠢᠬᠦᠯᠬᠦ᠎ᠪᠠᠷ ᠵᠤᠷᠢᠬᠰᠠᠨ ᠪᠠᠶ᠋ᠢᠨ᠎ᠠ᠃ ᠡᠨᠡᠬᠦ 《ᠠᠷᠭ᠎ᠠ》᠎ᠨᠢ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠤᠳᠤᠭ ᠪᠡᠯᠴᠢᠬᠡᠷ᠎ᠤᠨ ᠬᠠᠮᠢᠶᠠᠷᠤᠯᠳᠠ ᠵᠢᠨ ᠲᠦᠷᠢᠮ᠎ᠢ ᠬᠡᠷᠡᠭᠵᠢᠬᠦᠯᠬᠦ ᠨᠠᠷᠢᠨ ᠲᠦᠰᠦᠯ》 ᠵᠶ᠋ᠠᠷ ᠤᠷᠤᠯᠠᠭᠳᠠᠨ ᠬᠦᠴᠦᠨ ᠦᠬᠡᠢ ᠪᠤᠯᠤᠬᠰᠠᠨ ᠪᠤᠯᠪᠠᠴᠤ ᠮᠠᠨ᠎ᠤ ᠤᠯᠤᠰ᠎ᠤᠨ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠠᠵᠢᠯᠯᠠᠭ᠎ᠠ ᠵᠢ ᠲᠦᠷᠢᠮᠵᠢᠬᠦᠯᠬᠦ ᠲᠤᠬᠠᠢ ᠬᠠᠮᠤᠭ ᠠᠩᠬᠠᠨ᠎ᠤ ᠲᠦᠷᠢᠮ ᠲᠤᠬᠳᠠᠭ᠋ᠠᠯ᠎ᠤᠨ ᠨᠢᠬᠡ ᠪᠤᠯᠤᠬᠰᠠᠨ ᠶᠤᠮ᠃ ᠡᠨᠡ᠎ᠨᠢ ᠮᠠᠨ᠎ᠤ ᠤᠷᠤᠨ᠎ᠤ ᠮᠠᠯᠴᠢᠨ ᠲᠠᠷᠢᠶᠠᠴᠢᠨ᠎ᠤ ᠨᠤᠳᠤᠭ ᠪᠡᠯᠴᠢᠬᠡᠷ᠎ᠤᠨ ᠡᠵᠡᠩᠨᠡᠯᠳᠡ ᠵᠢᠨ ᠡᠷᠬᠡ᠎ᠪᠠᠨ ᠰᠢᠯᠵᠢᠬᠦᠯᠬᠦ ᠠᠵᠢᠯᠯᠠᠭ᠎ᠠ ᠵᠢ ᠲᠦᠷᠢᠮᠵᠢᠬᠦᠯᠵᠤ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠵᠠᠬ᠎ᠠ ᠲᠡᠯᠭᠡᠭᠦᠷ᠎ᠤᠨ ᠡᠮᠬᠢ ᠵᠢᠷᠦᠮ᠎ᠲᠠᠢ᠎ᠪᠠᠷ ᠬᠦᠭᠵᠢᠬᠦ᠎ᠳᠤ ᠲᠤᠩ ᠶᠡᠭᠡ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃
ᠰᠢᠨ᠎ᠠ ᠵᠠᠭᠤᠨ᠎ᠳᠤ ᠤᠷᠤᠬᠰᠠᠨ᠎ᠠᠴᠠ ᠨᠠᠰᠢ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ᠎ᠨᠢ ᠮᠠᠨ᠎ᠤ ᠤᠷᠤᠨ᠎ᠤ ᠨᠠᠶ᠋ᠢᠳᠠᠮ᠎ᠤᠨ ᠦᠵᠡᠭᠳᠡᠯ ᠪᠤᠯᠵᠤ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠵᠠᠬ᠎ᠠ ᠲᠠᠯᠬᠡᠬᠦᠷ ᠲᠦᠷᠬᠡᠨ ᠵᠶ᠋ᠠᠷ ᠬᠦᠭᠵᠢᠨ᠂ ᠵᠤᠬᠢᠬᠤ ᠬᠡᠪᠴᠢᠶᠡᠵᠢᠯ ᠪᠠ ᠦᠷᠬᠡᠵᠢᠯᠢ ᠪᠡᠶᠡᠯᠡᠬᠦᠯᠪᠡ᠃ ᠪᠦᠷᠢᠨ ᠪᠤᠰᠤ ᠪᠦᠷᠢᠳᠬᠡᠯ ᠵᠶ᠋ᠠᠷ᠂ 2013 ᠣᠨ᠎ᠤ ᠰᠡᠬᠦᠯᠴᠢ ᠪᠤᠯᠳᠠᠯ᠎ᠠ᠂ ᠮᠠᠨ᠎ᠤ ᠤᠷᠤᠨ᠎ᠤ ᠨᠤᠳᠤᠭ ᠪᠠᠯᠴᠢᠬᠡᠷ᠎ᠤᠨ ᠡᠵᠡᠩᠨᠡᠯᠳᠡ ᠵᠢᠨ ᠡᠷᠬᠡ ᠵᠢ ᠰᠢᠯᠵᠢᠬᠦᠯᠦᠭᠰᠡᠨ ᠲᠠᠯᠠᠪᠠᠢ 6320.89 ᠲᠦᠮᠡᠨ ᠮᠦ᠍᠎ᠳᠤ ᠬᠦᠷᠦᠬᠡᠳ ᠪᠦᠬᠦ ᠤᠷᠤᠨ᠎ᠤ ᠲᠠᠭ᠋ᠠᠭ᠋ᠠᠴᠢᠯᠠᠯᠳᠠ ᠬᠢᠭᠰᠡᠨ ᠨᠤᠳᠤᠭ ᠪᠡᠯᠴᠢᠬᠡᠷ᠎ᠤᠨ ᠲᠠᠯᠠᠪᠠᠢ ᠵᠢᠨ 6.1%᠎ᠢ ᠡᠵᠡᠯᠡᠵᠦ᠂ ᠨᠠᠶ᠋ᠢᠳᠠ 72583 ᠮᠠᠯᠵᠢᠬᠤ ᠡᠷᠦᠬᠡ᠎ᠲᠠᠢ ᠬᠤᠯᠪᠤᠬᠳᠠᠨ᠂ ᠨᠤᠳᠤᠭ ᠪᠡᠯᠴᠢᠬᠡᠷ᠎ᠢ ᠲᠠᠭ᠋ᠠᠭ᠋ᠠᠴᠢᠯᠠᠨ ᠡᠵᠡᠩᠨᠡᠵᠦ ᠪᠠᠶ᠋ᠢᠭ᠎ᠠ ᠪᠦᠬᠦ ᠮᠠᠯᠵᠢᠬᠤ ᠡᠷᠦᠬᠡ ᠵᠢᠨ 4%᠎ᠲᠤ ᠬᠦᠷᠦᠭᠰᠡᠨ ᠶᠤᠮ᠃
ᠰᠤᠷᠪᠤᠯᠵᠢᠯᠠᠭᠴᠢ᠄ ᠮᠠᠨ᠎ᠤ ᠤᠷᠤᠨ᠎ᠤ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ ᠵᠢ ᠰᠢᠯᠵᠢᠭᠦᠯᠭᠦ ᠶᠠᠪᠤᠴᠠ᠎ᠳᠤ ᠶᠠᠮᠠᠷ ᠲᠤᠪᠤᠢ᠍ᠢ᠍ᠮ᠎ᠠ ᠠᠰᠠᠭᠤᠳᠠᠯ ᠤᠷᠤᠰᠢᠵᠤ ᠪᠠᠢ᠍ᠢ᠍ᠬᠤ ᠪᠤᠢ?
ᠪᠤᠯᠪᠠᠰᠤᠨ᠄ ᠪᠦᠬᠦ ᠤᠯᠤᠰ᠎ᠤᠨ ᠪᠠᠢ᠍ᠢ᠍ᠳᠠᠯ᠎ᠲᠠᠢ ᠠᠳᠠᠯᠢᠬᠠᠨ ᠵᠶ᠋ᠠᠷ ᠮᠠᠨ᠎ᠤ ᠤᠷᠤᠨ᠎ᠤ ᠲᠠᠷᠢᠶᠠᠨ ᠭᠠᠵᠠᠷ ᠪᠠ ᠨᠤᠳᠤᠭ ᠪᠡᠯᠴᠢᠬᠡᠷ᠎ᠤᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠶᠠᠪᠤᠴᠠ᠎ᠳᠤ ᠴᠦ᠍ ᠡᠳᠦᠢ ᠲᠡᠳᠦᠢ ᠠᠰᠠᠭᠤᠳᠠᠯ ᠪᠤᠶᠤ ᠬᠦᠴᠢᠷᠳᠡᠯ᠎ᠳᠤ ᠲᠤᠯᠭ᠋ᠠᠷᠠᠵᠤ ᠪᠤᠢ᠃ ᠮᠠᠯᠴᠢᠨ ᠲᠠᠷᠢᠶᠠᠴᠢᠨ᠎ᠤ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ᠎ᠪᠠᠨ ᠰᠢᠯᠵᠢᠭᠦᠯᠭᠦ᠎ᠨᠢ ᠰᠠᠨᠠᠭ᠋ᠠᠨ ᠠᠶ᠎ᠠ᠎ᠪᠠᠷ ᠰᠢᠯᠵᠢᠭᠦᠯᠭᠦ ᠬᠡᠯᠪᠡᠷᠢ᠎ᠪᠠᠷ ᠭᠤᠤᠯᠯᠠᠵᠤ᠂ ᠬᠤᠶᠠᠷ ᠲᠠᠯ᠎ᠠ᠎ᠪᠠᠷ ᠵᠶ᠋ᠠᠨ ᠶᠠᠷᠢᠯᠴᠠᠵᠤ ᠲᠤᠬᠳᠠᠬᠤ ᠪᠤᠶᠤ ᠲᠦᠬᠦᠮ ᠲᠦᠳᠡ ᠬᠡᠷ᠎ᠠ ᠲᠤᠭᠳᠠᠵᠤ᠂ ᠡᠵᠡᠨᠭᠨᠡᠯᠳᠠ ᠵᠢᠨ ᠡᠷᠭᠡ᠎ᠪᠠᠨ ᠰᠢᠯᠵᠢᠬᠦᠯᠵᠤ ᠪᠤᠢ; ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ᠎ᠪᠠᠨ ᠰᠢᠯᠵᠢᠬᠦᠯᠬᠦ ᠬᠠᠮᠢᠶᠠᠷᠤᠯᠳᠠ ᠵᠢᠨ ᠲᠤᠬᠳᠠᠴᠠ ᠲᠡᠭᠦᠯᠳᠡᠷᠵᠢᠭᠡᠳᠤᠢ ᠪᠤᠯᠬᠤᠷ ᠭᠠᠵᠡᠷ ᠰᠢᠷᠦᠢ ᠵᠢ ᠲᠠᠭ᠋ᠠᠭ᠋ᠠᠴᠢᠯᠠᠨ ᠡᠵᠡᠩᠨᠡᠬᠦ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠴᠤ᠌ ᠡᠭᠦᠰᠴᠤ ᠪᠠᠢ᠍ᠢ᠍ᠬᠤ ᠪᠦᠭᠡᠳ ᠮᠠᠯᠴᠢᠨ ᠲᠠᠷᠢᠶᠠᠴᠢᠨ᠎ᠤ ᠭᠠᠵᠡᠷ ᠰᠢᠷᠦᠢ ᠵᠢᠨ ᠡᠵᠡᠩᠨᠡᠬᠦ ᠡᠷᠬᠡ ᠵᠢ ᠤᠮᠳᠤᠭ᠋ᠠᠶ᠋ᠢᠯᠠᠬᠤ᠂ ᠭᠠᠵᠡᠷ ᠰᠢᠷᠦᠢ ᠵᠢ ᠮᠠᠯ ᠠᠵᠤ ᠠᠬᠤᠢ ᠲᠠᠷᠢᠶᠠᠯᠠᠩ᠎ᠤᠨ ᠪᠤᠰᠤ ᠦᠢ᠍ᠯᠡᠳᠪᠦᠷᠢᠯᠡᠯ᠎ᠳᠤ ᠰᠢᠯᠵᠢᠭᠦᠯᠬᠦ᠂ ᠲᠠᠷᠢᠶᠠᠨ ᠭᠠᠵᠠᠷ ᠨᠤᠳᠤᠭ ᠪᠡᠯᠴᠢᠬᠡᠷ᠎ᠤᠨ ᠠᠮᠢ ᠠᠬᠤᠢ᠎ᠳᠤ ᠬᠤᠬᠢᠷᠠᠯ ᠤᠴᠠᠷᠠᠭᠤᠯᠬᠤ ᠮᠡᠳᠤ ᠵᠢᠨ ᠦᠵᠡᠭᠳᠡᠯ ᠴᠤ᠌ ᠢᠯᠡᠷᠡᠵᠤ ᠪᠤᠢ᠃ ᠡᠳᠡᠬᠡᠷ ᠠᠰᠠᠭᠤᠳᠠᠯ ᠪᠤᠶᠤ ᠬᠦᠴᠢᠷᠳᠡᠯ᠎ᠨᠢ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠲᠤᠬᠳᠠᠴᠠ ᠵᠢᠨ ᠡᠷᠡᠬᠦᠯ ᠵᠶ᠋ᠠᠷ ᠬᠦᠭᠵᠢᠬᠦ ᠵᠢᠴᠢ ᠮᠠᠯ ᠠᠵᠤ ᠠᠬᠤᠢ ᠲᠠᠷᠢᠶᠠᠯᠠᠩ᠎ᠢ ᠬᠡᠪᠴᠢᠶᠡᠵᠢᠬᠦᠯᠦᠨ ᠡᠵᠡᠩᠨᠡᠬᠦ ᠪᠠ ᠤᠳᠤᠬᠢᠴᠢᠯᠠᠬᠤ ᠶᠠᠪᠤᠴᠠ ᠲᠤᠮᠳᠠ ᠵᠠᠪᠠᠯ ᠰᠢᠢ᠍ᠳᠪᠦᠷᠢᠯᠡᠬᠦ ᠴᠢᠬᠤᠯᠠᠳᠠᠢ ᠲᠤᠯᠭ᠋ᠠᠮ᠎ᠠ ᠠᠰᠠᠭᠤᠳᠠᠯ ᠪᠤᠯᠵᠤ ᠪᠤᠢ᠃
ᠰᠤᠷᠪᠤᠯᠵᠢᠯᠠᠭᠴᠢ᠄ 《ᠰᠠᠨᠠᠯ》᠎ᠨᠢ ᠡᠳᠡᠭᠡᠷ ᠠᠰᠠᠭᠤᠳᠠᠯ᠎ᠢ ᠪᠦᠳᠦᠮᠵᠢᠳᠠᠢ ᠰᠢᠢ᠍ᠳᠪᠦᠷᠢᠯᠡᠭᠦ᠎ᠳᠤ ᠶᠠᠮᠠᠷ ᠴᠢᠬᠤᠯᠡ ᠦᠢ᠍ᠯᠡᠳᠦᠯ ᠦᠵᠡᠭᠦᠯᠬᠦ ᠪᠤᠢ?
ᠪᠤᠯᠪᠠᠰᠤᠨ᠄ 《ᠰᠠᠨᠠᠯ》᠎ᠨᠢ ᠡᠳᠡᠬᠡᠷ ᠤᠯᠠᠨ ᠠᠰᠠᠭᠤᠳᠠᠯ᠎ᠢ ᠰᠢᠢ᠍ᠳᠪᠦᠷᠢᠯᠡᠵᠤ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠲᠤᠬᠳᠠᠴᠠ ᠵᠢᠨ ᠡᠷᠡᠬᠦᠯ ᠬᠦᠭᠵᠢᠯᠳᠠ ᠪᠠ ᠮᠠᠯ ᠠᠵᠤ ᠠᠬᠤᠢ ᠲᠠᠷᠢᠶᠠᠯᠠᠩ᠎ᠤᠨ ᠭᠡᠪᠴᠢᠶᠡᠵᠢᠭᠰᠡᠨ ᠬᠦᠭᠵᠢᠯᠳᠠ ᠵᠢ ᠪᠠᠶᠠᠯᠡᠬᠦᠯᠬᠦ᠎ᠳᠤ ᠵᠠᠩᠬᠢᠯᠠᠭ᠎ᠠ ᠵᠢᠨ ᠴᠢᠨᠠᠷᠳᠡᠢ ᠲᠦᠯᠬᠢᠴᠠ ᠦᠢ᠍ᠯᠡᠳᠦᠯ ᠦᠵᠡᠭᠦᠯᠬᠦ᠎ᠨᠢ ᠭᠠᠷᠴᠠᠭ᠎ᠠ ᠦᠭᠡᠢ᠃ ᠦᠡᠭᠬᠡᠷᠡᠭᠰᠡᠨᠤ ᠲᠦᠷᠢᠮ ᠲᠤᠬᠳᠠᠭ᠋ᠠᠯ᠂ ᠪᠢᠴᠢᠭ ᠮᠠᠲᠸᠷᠢᠶᠠᠯ ᠪᠤᠶᠤ ᠪᠤᠳᠠᠳᠠᠢ ᠦᠢ᠍ᠯᠡᠳᠦᠯᠬᠡ ᠵᠢᠨ ᠲᠤᠮᠳᠠᠬᠢ ᠵᠠᠷᠢᠮ ᠲᠦᠷᠢᠮᠵᠢᠯ ᠲᠤᠬᠳᠠᠴᠠ᠎ᠲᠠᠢ ᠬᠠᠷᠢᠴᠠᠭᠤᠯᠪᠠᠯ ᠲᠤᠰ 《ᠰᠠᠨᠠᠯ》᠎ᠨᠢ ᠨᠡᠯᠢᠶᠡᠳ ᠤᠯᠠᠨ ᠲᠠᠯ᠎ᠠ᠎ᠪᠠᠷ ᠵᠤᠬᠢᠬᠤ ᠲᠤᠬᠢᠷᠠᠭᠤᠯᠤᠯᠳᠠ ᠬᠢᠭᠰᠡᠨ ᠪᠤᠶᠤ ᠰᠢᠨ᠎ᠠ ᠰᠢᠪᠳᠤᠯᠤᠯᠳᠠ᠎ᠲᠠᠢ ᠪᠤᠯᠵᠤ ᠴᠢᠳᠠᠵᠡᠢ᠃ ᠦᠡᠭᠬᠡᠷᠡᠭᠰᠡᠨᠤ ᠤᠷᠤᠨ ᠨᠤᠳᠤᠭ ᠪᠤᠶᠤ ᠮᠠᠯᠴᠢᠨ ᠲᠠᠷᠢᠶᠠᠴᠢᠨ᠎ᠠᠴᠠ ᠤᠬᠤᠷ ᠬᠤᠭᠤᠴᠠᠭ᠎ᠠ ᠪᠤᠶᠤ ᠬᠡᠰᠡᠭ ᠬᠤᠭᠤᠴᠠᠭ᠎ᠠ᠎ᠲᠠᠢ᠎ᠪᠠᠷ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ᠎ᠪᠠᠨ ᠰᠢᠯᠵᠢᠬᠦᠯᠬᠦ ᠵᠢ ᠴᠢᠩᠭ᠋ᠠᠳᠬᠠᠵᠤ ᠪᠠᠶ᠋ᠢᠬᠰᠠᠨ ᠲᠦᠷᠢᠮ ᠲᠤᠬᠳᠠᠭ᠋ᠠᠯ ᠪᠠ ᠦᠢ᠍ᠯᠡᠳᠦᠯᠬᠡ ᠵᠢ ᠦᠬᠡᠷᠡᠴᠢᠯᠡᠵᠦ᠂ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠤᠷᠳᠤ ᠬᠤᠭᠤᠴᠠᠭ᠋ᠠᠳᠤ ᠴᠢᠨᠡᠷ᠎ᠢ ᠴᠢᠬᠤᠯᠠᠴᠢᠯᠠᠬᠤ ᠵᠢᠨ ᠬᠠᠮᠳᠤ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠪᠠᠷᠢᠴᠠᠭ᠋ᠠᠯᠠᠬᠤ᠂ ᠪᠠᠳᠤᠯᠠᠨ ᠲᠠᠭ᠋ᠠᠭ᠋ᠠᠬᠤ ᠠᠵᠢᠯ᠎ᠢ ᠤᠨᠤᠯ᠎ᠤᠨ ᠬᠦᠷᠢᠶ᠎ᠡ ᠴᠠᠷᠠᠭ᠎ᠠ᠎ᠠᠴᠠ ᠪᠤᠳᠠᠳᠠᠢ ᠦᠢ᠍ᠯᠡᠳᠦᠯᠬᠡᠵᠢᠭᠦᠯᠭᠦ ᠱᠠᠳᠤᠨ᠎ᠳᠤ ᠤᠷᠤᠭᠤᠯᠬᠤ᠎ᠪᠠᠷ ᠪᠤᠢ᠃ ᠤᠳᠤᠬᠠᠨ᠎ᠤ ᠦᠨᠳᠦᠰᠦᠨ ᠱᠠᠳᠤᠨ᠎ᠳᠤ ᠤᠷᠤᠰᠢᠵᠤ ᠪᠠᠶ᠋ᠢᠭ᠎ᠠ ᠠᠷᠠᠯᠵᠢᠶᠠᠴᠢᠨ ᠤᠷᠢᠵᠤ ᠪᠡᠯᠡ ᠮᠥᠩᠬᠦ ᠤᠷᠤᠭᠤᠯᠤᠨ ᠠᠪᠴᠢᠷᠠᠬᠤ᠂ ᠤᠷᠤᠨ ᠨᠤᠳᠤᠭ᠎ᠤᠨ ᠠᠵᠤ ᠠᠬᠤᠢ ᠵᠢ ᠬᠦᠭᠵᠢᠬᠦᠯᠬᠦ᠂ ᠨᠢᠬᠡᠳᠦᠯᠳᠡᠢ ᠲᠦᠯᠦᠪᠵᠢᠬᠦᠯᠵᠦ ᠬᠡᠪᠴᠢᠶᠠᠵᠢᠬᠦᠯᠦᠨ ᠡᠵᠡᠩᠨᠡᠬᠦ ᠮᠡᠳᠤ ᠵᠢᠨ ᠨᠠᠷ᠎ᠡ᠎ᠪᠠᠷ᠂ ᠡᠰᠡᠬᠦᠯ᠎ᠠ ᠬᠤᠰᠢᠭᠤ ᠰᠢᠶᠠᠨ᠂ ᠰᠤᠮᠤ ᠪᠠᠯᠭ᠋ᠠᠰᠤ ᠪᠤᠶᠤ ᠭᠠᠴᠠᠭ᠎ᠠ ᠲᠤᠰᠬᠤᠨ᠎ᠤ ᠺᠠᠳ᠋ᠷ ᠠᠵᠢᠯᠳᠠᠨ ᠦᠪᠡᠷ᠎ᠤᠨ ᠠᠵᠢᠯ᠎ᠤᠨ ᠪᠦᠳᠦᠮᠵᠢ ᠵᠢᠨ ᠡᠬᠦᠳᠡᠨ᠎ᠠᠴᠠ ᠭᠠᠴᠠᠭ᠎ᠠ ᠲᠤᠰᠬᠤᠨ᠎ᠤ ᠬᠠᠮᠳᠤ ᠵᠢᠨ ᠦᠮᠴᠢᠯᠠᠯᠳᠤ ᠭᠠᠵᠡᠷ ᠰᠢᠷᠦᠢ ᠵᠢᠨ ᠡᠵᠡᠩᠨᠡᠬᠦ ᠡᠷᠬᠡ ᠵᠢ ᠬᠠᠮᠢᠶ᠎ᠡ ᠪᠦᠬᠦᠢ ᠮᠠᠯ ᠠᠵᠤ ᠠᠬᠤᠢ ᠲᠡᠷᠢᠶᠠᠯᠠᠩ᠎ᠤᠨ ᠠᠵᠤ ᠠᠬᠤᠶ᠋ᠢᠯᠠᠯ᠂ ᠬᠤᠪᠢ ᠬᠦᠮᠦᠨ ᠪᠤᠶᠤ ᠪᠦᠯᠬᠦᠮ ᠨᠢᠬᠡᠴᠡ᠎ᠳᠤ ᠲᠤᠷ᠎ᠠ᠎ᠪᠠᠷ ᠰᠢᠯᠵᠢᠬᠦᠯᠦᠨ ᠦᠭᠬᠦ ᠠᠵᠢᠯᠯᠠᠭ᠎ᠠ ᠵᠢ ᠦᠨᠡᠨᠬᠦ ᠴᠠᠭ᠋ᠠᠵᠠᠯᠠᠵᠤ᠂ ᠮᠠᠯᠴᠢᠨ ᠲᠡᠷᠢᠶᠠᠴᠢᠨᠤ ᠬᠠᠮᠳᠤ ᠵᠢᠨ ᠦᠮᠴᠢᠯᠡᠯᠳᠤ ᠭᠠᠵᠡᠷ ᠰᠢᠷᠦᠢ ᠵᠢᠨ ᠲᠠᠭ᠋ᠠᠭ᠋ᠠᠴᠢᠯᠠᠨ ᠡᠵᠡᠩᠨᠡᠬᠦ ᠡᠷᠬᠡ ᠠᠰᠢᠭ ᠵᠢ ᠦᠨᠡᠨᠬᠦ ᠪᠠᠳᠤᠯᠠᠬᠤ ᠵᠢ ᠵᠤᠷᠢᠬᠰᠠᠨ ᠪᠠᠶ᠋ᠢᠨ᠎ᠠ᠃
ᠰᠤᠷᠪᠤᠯᠵᠢᠯᠠᠭᠴᠢ᠄ 《ᠰᠠᠨᠠᠯ》᠎ᠳᠤ ᠲᠤᠷᠠᠳᠤᠭᠰᠡᠨ 《ᠡᠵᠡᠨᠭᠨᠡᠯᠳᠠ ᠵᠢᠨ ᠡᠷᠭᠡ᠎ᠪᠠᠨ ᠰᠢᠯᠵᠢᠭᠦᠯᠦᠭᠰᠡᠨ ᠭᠠᠵᠠᠷ ᠰᠢᠷᠤᠢ ᠵᠢᠨ ᠬᠠᠮᠢᠶᠠᠷᠤᠯᠳᠠ ᠵᠢ ᠡᠷᠴᠢᠮᠵᠢᠭᠦᠯᠦᠨᠠ》 ᠭᠡᠳᠡᠭ᠎ᠨᠢ ᠦᠨᠳᠦᠰᠦᠨ ᠲᠠᠷᠢᠶᠠᠨ ᠭᠠᠵᠠᠷ ᠪᠠ ᠨᠤᠳᠤᠭ ᠪᠡᠯᠴᠢᠭᠡᠷ᠎ᠢ ᠬᠠᠮᠠᠭ᠋ᠠᠯᠠᠬᠤ᠎ᠳᠤ ᠶᠠᠮᠠᠷᠬᠠᠨ ᠢᠳᠡᠪᠬᠢ ᠦᠢ᠍ᠯᠡᠳᠦᠯ᠎ᠲᠠᠢ ᠪᠤᠢ?
ᠪᠤᠯᠪᠠᠰᠤᠨ ᠄ ᠡᠵᠡᠩᠨᠡᠯᠳᠠ ᠵᠢᠨ ᠡᠷᠬᠡ᠎ᠪᠠᠨ ᠰᠢᠯᠵᠢᠬᠦᠯᠦᠭᠰᠡᠨ ᠭᠠᠵᠡᠷ ᠰᠢᠷᠦᠢ ᠵᠢᠨ ᠬᠡᠷᠡᠭᠴᠡᠭᠡ ᠵᠢᠨ ᠬᠠᠮᠢᠶᠠᠷᠤᠯᠳᠠ ᠵᠢ ᠡᠷᠴᠢᠮᠵᠢᠬᠦᠯᠬᠦ ᠲᠠᠯ᠎ᠠ᠎ᠠᠴᠠ᠂ ᠭᠠᠵᠡᠷ ᠰᠢᠷᠦᠢ ᠵᠢ ᠮᠠᠯ ᠠᠵᠤ ᠠᠬᠤᠢ ᠲᠠᠷᠢᠶᠠᠯᠠᠩ᠎ᠤᠨ ᠪᠤᠰᠤ ᠬᠡᠷᠡᠭᠴᠡᠬᠡᠨ᠎ᠳᠤ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ᠎ᠪᠠᠷ ᠭᠤᠤᠯ ᠪᠤᠯᠭ᠋ᠠᠵᠤ᠂ ᠡᠯᠳᠡᠪ᠎ᠤᠨ ᠨᠠᠷ᠎ᠡ ᠵᠢᠭ᠋ᠠᠵᠤ ᠰᠢᠯᠳᠠᠭ ᠡᠷᠢᠨ ᠲᠠᠷᠢᠶᠠᠨ ᠭᠠᠵᠡᠷ ᠨᠤᠳᠤᠭ ᠪᠡᠯᠴᠢᠬᠡᠷ᠎ᠢ ᠮᠠᠯ ᠠᠵᠤ ᠠᠬᠤᠢ ᠲᠠᠷᠢᠶᠠᠯᠠᠩ᠎ᠤᠨ ᠪᠤᠰᠤ ᠭᠠᠵᠡᠷ ᠪᠤᠯᠭ᠋ᠠᠬᠤ ᠵᠢ ᠡᠷᠡᠰ ᠴᠠᠭ᠋ᠠᠵᠠᠯᠠᠬᠤ ᠵᠤᠷᠢᠭ ᠰᠠᠨᠠᠭ᠎ᠠ ᠵᠢ ᠲᠠᠮᠵᠢᠭᠤᠯᠤᠬᠰᠠᠨ ᠪᠠᠶ᠋ᠢᠨ᠎ᠠ᠃ 《ᠰᠠᠨᠠᠯ》᠎ᠨᠢ ᠲᠤᠢ᠍ᠢ᠍ᠯ᠎ᠤᠨ ᠴᠢᠩᠭ᠎ᠠ ᠬᠠᠨᠳᠤᠯᠭ᠋ᠠᠳᠤ ᠴᠢᠨᠡᠷ ᠪᠠ ᠦᠷ᠎ᠠ ᠪᠦᠳᠦᠮᠵᠢᠳᠤ ᠴᠢᠨᠡᠷ᠎ᠲᠠᠢ ᠪᠠᠶ᠋ᠢᠵᠤ᠂ ᠲᠠᠷᠢᠶᠠᠨ ᠭᠠᠵᠠᠷ ᠪᠤᠯᠤᠨ ᠨᠤᠳᠤᠭ ᠪᠡᠯᠴᠢᠬᠡᠷ᠎ᠤᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠶᠠᠪᠤᠴᠠ ᠲᠤᠮᠳᠠ ᠤᠷᠤᠰᠢᠵᠤ ᠪᠠᠶ᠋ᠢᠭ᠎ᠠ ᠪᠤᠳᠠᠳᠤ ᠠᠰᠠᠭᠤᠳᠠᠯ᠎ᠢ ᠲᠤᠬᠢᠳᠠᠢ ᠰᠢᠢ᠍ᠳᠪᠦᠷᠢᠯᠡᠵᠤ᠂ ᠮᠠᠯᠵᠢᠬᠤ ᠲᠠᠷᠢᠶᠠᠯᠠᠬᠤ ᠤᠷᠤᠨ᠎ᠤ ᠭᠠᠵᠡᠷ ᠰᠢᠷᠦᠢ ᠵᠢᠨ ᠡᠵᠡᠩᠨᠡᠯᠳᠠ ᠵᠢᠨ ᠡᠷᠬᠡ ᠵᠢ ᠰᠢᠯᠵᠢᠬᠦᠯᠬᠦ ᠵᠢ ᠲᠦᠷᠢᠮᠵᠢᠬᠦᠯᠬᠦ᠎ᠪᠠᠷ ᠬᠠᠷᠠᠯᠳᠠ᠎ᠪᠠᠨ ᠪᠤᠯᠭ᠋ᠠᠬᠰᠠᠨ᠎ᠨᠢ ᠢᠯᠡᠬᠡᠨ᠃ ᠡᠬᠦᠨ᠎ᠤ ᠬᠠᠮᠳᠤ ᠭᠠᠵᠡᠷ ᠰᠢᠷᠦᠢ ᠵᠢᠨ ᠡᠵᠡᠩᠨᠡᠯᠳᠠ ᠵᠢᠨ ᠡᠷᠬᠡ ᠵᠢ ᠰᠢᠯᠵᠢᠬᠦᠯᠬᠦ ᠬᠠᠮᠢᠶᠠᠷᠤᠯᠳᠠ ᠪᠠ ᠦᠢ᠍ᠯᠡᠴᠢᠯᠡᠭᠡ ᠵᠢ ᠴᠢᠩᠭ᠋ᠠᠳᠬᠠᠬᠤ᠂ ᠭᠠᠵᠡᠷ ᠰᠢᠷᠦᠢ ᠵᠢᠨ ᠡᠵᠡᠩᠨᠡᠯᠳᠡ ᠵᠢᠨ ᠬᠡᠪᠴᠢᠶ᠎ᠡ ᠵᠢ ᠵᠤᠬᠢᠰᠳᠡᠢ ᠲᠤᠬᠳᠠᠭ᠋ᠠᠬᠤ᠂ ᠠᠮᠤ ᠪᠤᠳᠠᠭ᠋ᠠᠨ᠎ᠤ ᠬᠡᠪᠴᠢᠶᠡᠵᠢᠭᠰᠡᠨ ᠦᠢ᠍ᠯᠡᠳᠪᠦᠷᠢᠯᠡᠯ᠎ᠢ ᠲᠠᠮᠵᠢᠬᠦ ᠵᠡᠷᠬᠡ ᠲᠠᠯ᠎ᠠ᠎ᠪᠠᠷ ᠠᠯᠢ ᠤᠯᠠᠨ ᠪᠤᠳᠠᠳᠠᠢ ᠰᠠᠨᠠᠯ ᠲᠤᠷᠠᠳᠴᠦ᠂ ᠭᠠᠵᠠᠷ ᠰᠢᠷᠤᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠦᠨ ᠠᠪᠤᠬᠰᠠᠨ ᠡᠳᠡᠬᠡᠳ᠎ᠤᠨ ᠡᠷᠬᠡ ᠠᠰᠢᠭ᠎ᠢ ᠬᠠᠮᠠᠭ᠋ᠠᠯᠠᠬᠤ ᠵᠢ ᠠᠩᠬᠠᠷᠴᠤ᠂ ᠲᠠᠳᠠᠨᠤᠰ᠎ᠤᠨ ᠰᠢᠯᠵᠢᠬᠦᠯᠦᠨ ᠠᠪᠤᠬᠰᠠᠨ ᠭᠠᠵᠡᠷ ᠰᠢᠷᠦᠢ᠎ᠳᠤ ᠤᠷᠳᠤ ᠬᠤᠭᠤᠴᠠᠭ᠋ᠠᠨ᠎ᠤ ᠪᠡᠯᠡ ᠤᠷᠤᠭᠤᠯᠤᠯᠳᠠ ᠬᠢᠬᠦ ᠵᠢ ᠵᠤᠷᠢᠬ᠍ᠵᠢᠭᠤᠯᠵᠤ ᠪᠤᠢ᠃
ᠰᠤᠷᠪᠤᠯᠵᠢᠯᠠᠭᠴᠢ᠄ 《ᠰᠠᠨᠠᠯ》᠎ᠳᠤ ᠲᠤᠷᠠᠳᠤᠭᠰᠡᠨ ᠭᠠᠵᠠᠷ ᠰᠢᠷᠤᠢ ᠵᠢᠨ ᠡᠵᠡᠨᠭᠨᠡᠯᠳᠠ ᠵᠢᠨ ᠭᠡᠪᠴᠢᠶ᠎ᠠ ᠵᠢ ᠵᠤᠬᠢᠰᠳᠠᠢ ᠲᠤᠭᠳᠠᠭ᠋ᠠᠬᠤ ᠪᠠ ᠠᠮᠤ ᠪᠤᠳᠠᠭ᠋ᠠᠨ᠎ᠤ ᠭᠡᠪᠴᠢᠶᠠᠵᠢᠭᠰᠡᠨ ᠦᠢ᠍ᠯᠡᠳᠪᠦᠷᠢᠯᠡᠯ᠎ᠢ ᠲᠡᠮᠵᠢᠭᠦ ᠲᠤᠭᠳᠠᠭ᠋ᠠᠯ᠎ᠢ ᠬᠡᠷᠬᠢᠨ ᠵᠦᠪ ᠵᠶ᠋ᠠᠷ ᠤᠢ᠍ᠢ᠍ᠯᠠᠭ᠋ᠠᠬᠤ ᠪᠤᠢ?
ᠪᠤᠯᠪᠠᠰᠤᠨ᠄ ᠤᠳᠤᠬᠠᠨ᠎ᠤ ᠤᠨᠤᠯ ᠪᠠ ᠦᠢ᠍ᠯᠡᠳᠦᠯᠬᠡ᠎ᠳᠤ ᠮᠠᠷᠭᠤᠭ᠋ᠠᠨ ᠶᠡᠬᠡᠳᠡᠢ ᠪᠠᠶ᠋ᠢᠬᠤ ᠵᠢᠵᠢᠭ ᠬᠡᠪᠴᠢᠶ᠎ᠡ᠎ᠳᠦ ᠪᠠ ᠬᠡᠳᠦ ᠶᠡᠭᠡ ᠬᠡᠪᠴᠢᠶ᠎ᠡ᠎ᠳᠦ ᠡᠵᠡᠩᠨᠡᠯᠳᠡ ᠵᠢᠨ ᠲᠤᠷᠠᠳᠤᠯᠭ᠎ᠠ᠎ᠳᠤ ᠬᠠᠷᠢᠭᠤᠯᠳᠠ ᠦᠭᠴᠦ᠂ ᠵᠦᠪᠬᠡᠨ ᠭᠠᠵᠡᠷ ᠤᠷᠤᠨ᠎ᠤ ᠪᠠᠶ᠋ᠢᠭ᠋ᠠᠯᠢ ᠪᠠ ᠠᠵᠤ ᠠᠬᠤᠢ ᠵᠢᠨ ᠤᠨᠴᠠᠯᠢᠭᠲᠤ ᠲᠤᠬᠢᠷᠠᠭᠰᠠᠨ ᠦᠢ᠍ᠯᠡᠳᠪᠦᠷᠢᠯᠡᠯ᠎ᠤᠨ ᠬᠡᠪᠴᠢᠶ᠎ᠡ ᠰᠠᠶᠢ ᠠᠮᠢᠵᠢᠷᠠᠯ᠎ᠤᠨ ᠬᠦᠴᠦᠨ᠎ᠲᠠᠢ ᠬᠡᠳᠡᠭ᠎ᠢ ᠵᠢᠭ᠋ᠠᠨ ᠭᠠᠷᠭ᠋ᠠᠵᠤ᠂ ᠵᠠᠷᠢᠮ ᠭᠠᠵᠡᠷ ᠤᠷᠤᠨ᠎ᠤ ᠬᠡᠳᠤ ᠶᠡᠭᠡ ᠬᠡᠪᠴᠢᠶ᠎ᠡ᠎ᠪᠠᠷ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠲᠦᠪᠯᠡᠷᠡᠬᠦᠯᠤᠨ ᠰᠢᠯᠵᠢᠬᠦᠯᠬᠦ ᠬᠡᠯᠪᠡᠷᠢ᠎ᠳᠤ ᠰᠠᠷᠠᠮᠵᠢ ᠵᠢᠨ ᠲᠤᠬᠢᠶ᠎ᠡ ᠦᠭᠬᠦᠯ᠎ᠠ᠃ 《ᠰᠠᠨᠠᠯ》᠎ᠳᠤ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠳᠤ ᠰᠢᠭᠤᠳ ᠬᠤᠯᠪᠤᠬᠳᠠᠭᠰᠡᠨ ᠵᠢᠷᠭᠤᠭ᠋ᠠᠨ ᠲᠠᠯ᠎ᠠ᠎ᠪᠠᠷ ᠪᠤᠳᠠᠳᠠᠢ ᠰᠠᠨᠠᠯ ᠲᠤᠷᠠᠳᠴᠤ᠂ ᠠᠮᠤ ᠪᠤᠳᠠᠭ᠋ᠠᠨ᠎ᠤ ᠬᠡᠪᠴᠢᠶ᠎ᠡ᠎ᠳᠦ ᠦᠢ᠍ᠯᠡᠳᠪᠦᠷᠢᠯᠡᠯ᠎ᠢ ᠲᠡᠳᠬᠦᠨ ᠲᠠᠮᠵᠢᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠠᠯ᠎ᠠ᠎ᠪᠠᠷ᠎ᠬᠢ ᠭᠡᠪᠴᠢᠶᠡᠵᠢᠭᠰᠡᠨ ᠡᠵᠡᠩᠨᠡᠯᠳᠡ ᠵᠢᠨ ᠭᠤᠤᠯ ᠴᠤᠬ᠍ᠴᠠ ᠵᠢ ᠲᠠᠮᠵᠢᠬᠦ ᠠᠷᠭ᠎ᠠ ᠵᠠᠮ᠎ᠢ ᠰᠦᠪᠡᠭᠴᠢᠯᠡᠭᠰᠡᠨ ᠪᠠᠶ᠋ᠢᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠭᠠᠵᠡᠷ ᠰᠢᠷᠦᠢ ᠵᠢᠨ ᠠᠰᠠᠭᠤᠳᠠᠯ᠎ᠨᠢ ᠵᠦᠪᠬᠡᠨ ᠮᠠᠯ ᠠᠵᠤ ᠠᠬᠤᠢ ᠲᠠᠷᠢᠶᠠᠯᠠᠩ᠎ᠲᠠᠢ ᠬᠤᠯᠪᠤᠬᠳᠠᠬᠤ ᠪᠢᠰᠢ᠂ ᠪᠦᠬᠦ ᠮᠠᠯᠴᠢᠨ ᠲᠠᠷᠢᠶᠠᠴᠢᠨ᠎ᠤ ᠦᠨᠳᠦᠰᠦᠨ ᠠᠰᠢᠭ ᠲᠤᠰᠠᠲᠠᠢ ᠰᠢᠭᠤᠳ ᠬᠤᠯᠪᠤᠬᠳᠠᠵᠤ ᠪᠦᠬᠦᠢ ᠵᠠᠩᠬᠢᠯᠠᠭ᠎ᠠ ᠵᠢᠨ ᠭᠤᠬ᠍ᠴᠤᠭ᠎ᠠ ᠮᠦᠨ᠃ ᠲᠡᠶ᠋ᠢᠮᠦ᠎ᠠᠴᠠ ᠭᠠᠵᠡᠷ ᠰᠢᠷᠦᠢ ᠵᠢᠨ ᠠᠰᠠᠭᠤᠳᠠᠯ᠎ᠤᠨ ᠲᠤᠬᠠᠢ ᠲᠤᠩ ᠵᠢᠵᠢᠭᠭᠡᠨ ᠲᠤᠬᠢᠷᠠᠭᠤᠯᠤᠯᠳᠠ᠎ᠨᠢ ᠴᠤ᠌ ᠮᠠᠯᠴᠢᠨ ᠲᠠᠷᠢᠶᠠᠴᠢᠨ᠎ᠤ ᠠᠰᠢᠭ ᠲᠤᠰᠠᠲᠠᠢ ᠬᠤᠯᠪᠤᠭᠳᠠᠭᠰᠠᠨ ᠲᠤᠮᠤ ᠲᠤᠬᠢᠷᠠᠭᠤᠯᠤᠯᠳᠠ ᠪᠤᠯᠵᠤ ᠮᠡᠳᠡᠨ᠎ᠠ᠃
ᠡᠨᠡᠬᠦ 《ᠰᠠᠨᠠᠯ》᠎ᠨᠢ ᠮᠠᠯ ᠠᠵᠤ ᠠᠬᠤᠢ ᠲᠠᠷᠢᠶᠠᠯᠠᠩ᠎ᠢ ᠵᠤᠬᠢᠬᠤ ᠬᠡᠮᠵᠢᠶ᠎ᠠ᠎ᠲᠠᠢ᠎ᠪᠠᠷ ᠡᠵᠡᠩᠨᠡᠬᠦ ᠡᠬᠦᠳᠠᠨ᠎ᠠᠴᠠ ᠮᠠᠯᠵᠢᠬᠤ ᠲᠠᠷᠢᠶᠠᠯᠠᠬᠤ ᠤᠷᠤᠨ᠎ᠤ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠲᠠᠯ᠎ᠠ᠎ᠪᠠᠷ ᠨᠠᠷᠢᠨ ᠪᠤᠳᠠᠳᠠᠢ᠂ ᠬᠠᠨᠳᠤᠯᠭ᠋ᠠᠳᠤ ᠴᠢᠨᠡᠷ ᠵᠶ᠋ᠠᠷ ᠴᠢᠩᠭ᠎ᠠ᠂ ᠬᠡᠷᠡᠭᠵᠢᠬᠦᠯᠦᠰᠢᠳᠠᠢ ᠤᠯᠠᠨ ᠰᠠᠨᠠᠯ ᠲᠤᠷᠠᠳᠴᠤ᠂ ᠦᠡᠭᠬᠡᠷᠡᠭᠰᠡᠨᠤ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ ᠵᠢᠨ ᠲᠤᠬᠠᠢ ᠪᠢᠴᠢᠭ ᠮᠠᠲ᠋ᠧᠷᠢᠶᠠᠯ ᠪᠤᠶᠤ ᠲᠦᠷᠦ ᠵᠢᠨ ᠪᠤᠳᠤᠯᠭ᠎ᠠ ᠵᠢᠨ ᠪᠦᠳᠦᠮᠵᠢᠳᠡᠢ ᠨᠦᠬᠦᠪᠦᠷᠢᠯᠡᠯ ᠪᠤᠯᠵᠤ ᠴᠢᠳᠠᠭᠰᠠᠨ ᠪᠥᠬᠡᠳ ᠬᠤᠶ᠋ᠢᠰᠢᠳᠠ ᠵᠢᠨ ᠨᠢᠬᠡ ᠬᠡᠰᠡᠭ ᠬᠤᠭᠤᠴᠠᠭ᠋ᠠᠨ᠎ᠤ ᠭᠠᠵᠡᠷ ᠰᠢᠷᠦᠢ ᠵᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ ᠠᠵᠢᠯᠯᠠᠭ᠎ᠠ᠎ᠳᠤ ᠵᠢᠯᠤᠭᠤᠳᠤᠮᠵᠢ ᠵᠢᠨ ᠴᠢᠨᠠᠷᠳᠡᠢ ᠪᠢᠴᠢᠭ ᠮᠠᠲ᠋ᠧᠷᠢᠶᠠᠯ ᠪᠤᠯᠬᠤ᠎ᠨᠢ ᠭᠠᠷᠴᠠᠭ᠎ᠠ ᠊ᠦᠬᠡᠢ᠃