ᠬᠥᠬᠡ ᠠᠭᠤᠯᠠ ᠬᠥᠬᠡᠮᠳᠦᠭ ᠤᠰᠤ ᠪᠣᠯ ᠠᠯᠲᠠᠨ ᠠᠭᠤᠯᠠ ᠮᠥᠩᠭᠥᠨ ᠬᠠᠶ᠋ᠢᠷᠬᠠᠨ ᠪᠤᠯᠤᠨ᠎ᠠ
ᠠᠵᠤ ᠠᠬᠤᠶ ᠵᠢ ᠬᠥᠭᠵᠢᠭᠦᠯᠬᠦ ᠵᠢ ᠳᠤᠷᠠᠳᠤᠮᠠᠭᠴᠠ᠂ ᠴᠥᠭᠡᠨ ᠪᠤᠰᠤ ᠬᠦᠮᠦᠰ᠎ᠤᠨ ᠳᠤᠲᠤᠷ᠎ᠠ ᠣᠷᠴᠢᠨ ᠠᠬᠤᠶ ᠵᠢ ᠡᠪᠳᠡᠭᠰᠡᠨ ᠪᠠ ᠠᠮᠢ ᠠᠬᠤᠶ ᠵᠢᠨ ᠪᠣᠯᠪᠠᠰᠤᠨᠯᠤᠭᠠ ᠡᠰᠡᠷᠭᠦᠴᠡᠯᠳᠦᠭᠰᠡᠨ ᠢᠨᠧᠷᠼᠢ ᠰᠡᠳᠬᠢᠬᠦᠶ ᠲᠡᠷᠡ ᠳᠠᠷᠤᠢ ᠡᠭᠦᠰᠳᠡᠭ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠸᠠᠩ ᠯᠢᠨ ᠡᠾᠸ ᠵᠢᠨ ᠦᠵᠡᠬᠦ᠎ᠪᠠᠷ᠂ ᠠᠵᠤ ᠠᠬᠤᠶ ᠨᠡᠶ᠋ᠢᠭᠡᠮ᠎ᠢ ᠬᠥᠭᠵᠢᠭᠦᠯᠬᠦ ᠶᠠᠪᠤᠴᠠ᠎ᠳᠤ᠂ ᠬᠥᠮᠦᠰ ᠠᠮᠵᠢᠯᠲᠠ ᠪᠦᠲᠦᠮᠵᠢ ᠪᠠ ᠦᠷ᠎ᠡ ᠪᠦᠲᠦᠮᠵᠢ ᠵᠢ ᠢᠯᠡᠭᠦᠦ ᠴᠢᠬᠤᠯᠠᠴᠢᠯᠠᠭ᠋ᠠᠳ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠶᠡᠷᠦ᠎ᠨᠢ ᠤᠮᠳᠠᠭ᠋ᠠᠢ᠌ᠯᠠᠭ᠋ᠠᠳ ᠪᠠᠢ᠌ᠳᠠᠭ᠃ ᠶᠡᠷᠦᠩᠬᠡᠶ᠎ᠳᠤᠨᠢ ᠠᠪᠴᠤ ᠦᠵᠡᠪᠡᠯ᠂ ᠣᠳᠣᠬᠠᠨ᠎ᠳᠤ ᠮᠠᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠠᠴᠠ ᠮᠥᠨ ᠬᠦ᠌ ᠬᠣᠴᠣᠷᠴᠤ ᠪᠠᠶ᠋ᠢᠨ᠎ᠠ᠃
ᠣᠶ᠋ᠢᠷ᠎ᠠ ᠵᠢᠨ ᠵᠢᠯ᠎ᠤᠳ᠎ᠲᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠦᠬᠦ ᠤᠯᠤᠰ᠎ᠤᠨ ᠡᠯ᠎ᠡ ᠭᠠᠵᠠᠷ᠎ᠤᠨ᠎ᠬᠢᠨ ᠴᠥᠮ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠲᠠᠯ᠎ᠠ᠎ᠪᠠᠷ ᠴᠢᠬᠤᠯᠠ ᠶᠡᠬᠡ ᠠᠬᠢᠴᠠ ᠪᠠ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠭᠡᠪᠡᠴᠦ ᠡᠬᠢ ᠪᠠᠶᠠᠯᠢᠭ᠎ᠤᠨ ᠬᠢᠵᠠᠭ᠋ᠠᠷᠯᠠᠯ ᠴᠢᠩᠭ᠋ᠠᠷᠠᠵᠤ᠂ ᠣᠷᠴᠢᠨ ᠲᠤᠭᠤᠷᠢᠨ᠎ᠤ ᠪᠣᠬᠢᠷᠲᠤᠯ ᠬᠦᠨᠳᠦ ᠨᠣᠴᠢᠲᠠᠶ ᠪᠤᠯᠵᠤ᠂ ᠠᠮᠢ ᠠᠬᠤᠶ ᠵᠢᠨ ᠰᠢᠰᠲ᠋ᠧᠮ ᠮᠠᠭᠤᠳᠠᠵᠤ᠂ ᠬᠥᠭᠵᠢᠯᠲᠡ ᠬᠢᠭᠡᠳ ᠬᠥᠮᠦᠨ ᠠᠮᠠ ᠡᠬᠢ ᠪᠠᠶᠠᠯᠢᠭ ᠣᠷᠴᠢᠨ ᠲᠤᠭᠤᠷᠢᠨ᠎ᠤ ᠬᠣᠭᠣᠷᠣᠨᠳᠣᠬᠢ ᠵᠥᠷᠢᠴᠡᠯ ᠡᠳᠦᠷ ᠢᠷᠡᠬᠦᠶ᠎ᠡ ᠲᠣᠪᠣᠶ᠋ᠢᠮ᠎ᠠ ᠪᠣᠯᠵᠤ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠬᠦᠭᠵᠢᠬᠦ ᠵᠢᠨ ᠴᠢᠬᠤᠯᠠ ᠶᠡᠬᠡ ᠪᠣᠭᠣᠮᠢ ᠬᠢᠵᠠᠭ᠋ᠠᠷᠯᠠᠯ ᠪᠤᠯᠤᠭᠰᠠᠨ ᠪᠠᠢ᠌ᠨ᠎ᠠ᠃ 《ᠮᠠᠨ᠎ᠤ ᠤᠯᠤᠰ᠎ᠤᠨ ᠡᠬᠢ ᠪᠠᠶᠠᠯᠢᠭ ᠣᠷᠴᠢᠨ ᠲᠤᠭᠤᠷᠢᠨ᠎ᠤ ᠲᠠᠯ᠎ᠠ᠎ᠪᠠᠷ᠎ᠬᠢ ᠤᠯᠤᠰ᠎ᠤᠨ ᠦᠨᠳᠦᠰᠦᠨ ᠪᠠᠶ᠋ᠢᠳᠠᠯ ᠪᠤᠯ᠂ ᠨᠢᠭᠡ᠎ᠳᠤ ᠡᠬᠢ ᠪᠠᠶᠠᠯᠢᠭ ᠣᠷᠴᠢᠨ ᠲᠣᠭᠣᠷᠢᠨ᠎ᠤ ᠪᠣᠭᠣᠮᠢ ᠬᠢᠵᠠᠭ᠋ᠠᠷᠯᠠᠯ ᠬᠡᠴᠡᠭᠦᠳᠡᠵᠦ᠂ ᠢᠯᠠᠩᠭᠤᠶ᠎ᠠ ᠣᠷᠴᠢᠨ ᠲᠤᠭᠤᠷᠢᠨ᠎ᠤ ᠳᠠᠭ᠋ᠠᠭ᠋ᠠᠬᠤ ᠴᠢᠳᠠᠪᠤᠷᠢ ᠨᠢᠭᠡᠨᠲᠡ ᠳᠡᠭᠡᠳᠦ ᠲᠠᠯ᠎ᠠ ᠵᠢᠨ ᠬᠢᠵᠠᠭ᠋ᠠᠷ᠎ᠲᠠᠭᠠᠨ ᠬᠦᠷᠦᠭᠰᠡᠨ ᠪᠤᠶᠤ ᠣᠶ᠋ᠢᠷᠠᠳᠤᠭᠰᠠᠨ ᠪᠠᠶ᠋ᠢᠨ᠎ᠠ; ᠬᠣᠶᠠᠷ᠎ᠲᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠶᠡᠷᠦᠩᠬᠡᠶ᠎ᠳᠡᠭᠡᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠠᠴᠠ ᠬᠣᠴᠣᠷᠴᠤ ᠪᠠᠶ᠋ᠢᠨ᠎ᠠ᠃》 ᠡᠬᠢ ᠪᠠᠶᠠᠯᠢᠭ ᠣᠷᠴᠢᠨ ᠲᠣᠭᠣᠷᠢᠨ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠬᠠᠷᠠᠯᠲᠠ ᠵᠢ ᠪᠡᠶᠡᠯᠡᠭᠦᠯᠬᠦ᠎ᠳᠠᠬᠢ ᠬᠠᠮᠤᠭ᠎ᠤᠨ ᠴᠢᠩᠭ᠎ᠠ ᠬᠢᠵᠠᠭ᠋ᠠᠷᠯᠠᠯ᠂ ᠬᠠᠮᠤᠭ᠎ᠤᠨ ᠭᠤᠤᠯ ᠠᠰᠠᠭᠤᠳᠠᠯ᠂ ᠲᠤᠭᠤᠷᠢᠵᠤ ᠭᠠᠷᠤᠰᠢ ᠦᠭᠡᠢ ᠡᠨᠭᠭᠦᠯ ᠪᠤᠯᠵᠤ᠂ ᠵᠠᠢ᠌ᠯᠠᠵᠤ᠂ ᠲᠣᠭᠣᠷᠢᠵᠤ᠂ ᠪᠤᠴᠠᠬᠤ ᠵᠢᠨ ᠠᠷᠭ᠎ᠠ ᠦᠭᠡᠢ ᠡᠷᠬᠡᠪᠰᠢ ᠰᠢᠢ᠍ᠳᠪᠦᠷᠢᠯᠡᠭᠦᠰᠢᠲᠠᠢ ᠨᠢᠭᠡᠨ ᠲᠤᠯᠭ᠋ᠠᠮ᠎ᠠ ᠠᠰᠠᠭᠤᠳᠠᠯ ᠪᠤᠯᠤᠭ᠋ᠠᠳ ᠪᠠᠢ᠌ᠨ᠎ᠠ ᠬᠡᠵᠤ ᠲᠤᠰᠬᠠᠢ ᠮᠡᠷᠭᠡᠵᠢᠯᠲᠡᠨ ᠵᠢᠭ᠋ᠠᠵᠤ ᠭᠠᠷᠭ᠋ᠠᠭᠰᠠᠨ ᠶᠤᠮ᠃
ᠶᠠᠭ᠋ᠠᠬᠢᠪᠠᠯ ᠵᠣᠬᠢᠬᠤ ᠪᠤᠶ? 《ᠰᠠᠨᠠᠯ》 ᠬᠠᠷᠢᠭᠤᠯᠲᠠ ᠦᠭᠪᠡ!
《ᠰᠠᠨᠠᠯ》᠎ᠳᠤ᠂ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠴᠢᠬᠤᠯᠠ ᠠᠭᠤᠯᠭ᠎ᠠ ᠪᠤᠯᠬᠤ ᠪᠦᠭᠡᠳ ᠠᠷᠠᠳ ᠲᠦᠮᠡᠨ᠎ᠤ ᠠᠵᠠ ᠵᠢᠷᠭ᠋ᠠᠯ᠂ ᠦᠨᠳᠦᠰᠦᠲᠡᠨ᠎ᠤ ᠢᠷᠡᠭᠡᠳᠦᠶ᠎ᠲᠠᠢ ᠬᠣᠯᠪᠣᠭᠳᠠᠵᠤ᠂ 《ᠬᠣᠶᠠᠷ ᠵᠠᠭᠤᠨ ᠵᠢᠯ》᠎ᠤᠨ ᠲᠡᠮᠡᠴᠡᠬᠦ ᠬᠠᠷᠠᠯᠲᠠ ᠪᠤᠯᠤᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠵᠡᠭᠦᠳᠦ ᠵᠢ ᠪᠡᠶᠡᠯᠡᠭᠦᠯᠬᠦ᠎ᠲᠠᠢ ᠬᠤᠯᠪᠤᠭᠳᠠᠬᠤ ᠶᠤᠮ᠃》 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠣᠪᠣᠶ᠋ᠢᠮ᠎ᠠ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠨ᠎ᠳᠤ ᠲᠠᠯᠪᠢᠵᠤ᠂ ᠲᠡᠭᠦᠨ᠎ᠢ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠥᠷᠥ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠡᠯ᠎ᠡ ᠲᠠᠯ᠎ᠠ ᠪᠠ ᠪᠦᠬᠦ ᠶᠠᠪᠤᠴᠠ᠎ᠳᠤ ᠤᠷᠤᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠣᠲᠠ ᠪᠠᠯᠭ᠋ᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ ᠪᠠ ᠪᠤᠬᠢᠷᠳᠤᠯ ᠦᠭᠡᠢ᠌ᠵᠢᠭᠦᠯᠦᠯᠲᠡᠯᠦᠭᠡ ᠬᠠᠮᠲᠤᠳᠤᠨᠢ ᠲᠦᠯᠬᠢᠨ ᠠᠬᠢᠭᠤᠯᠬᠤ ᠬᠡᠷᠡᠭᠲᠡᠶ᠃》 ᠬᠡᠵᠤ ᠵᠢᠭ᠋ᠠᠵᠤ ᠭᠠᠷᠭ᠋ᠠᠭᠰᠠᠨ ᠪᠠᠢ᠌ᠨ᠎ᠠ᠂ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠮᠠᠨ᠎ᠤ ᠤᠯᠤᠰ ᠮᠠᠰᠢ ᠡᠷᠲᠡ ᠳᠤᠷᠠᠳᠤᠭᠰᠠᠨ ᠪᠤᠯᠪᠠᠴᠤ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠠᠴᠠ ᠤᠯᠤᠰ᠎ᠤᠨ ᠭᠣᠣᠯᠳᠠᠯᠭ᠎ᠠ ᠪᠤᠯᠭ᠋ᠠᠵᠤ᠂ ᠵᠢᠩᠬᠢᠨᠢ᠎ᠪᠠᠷ ᠤᠯᠠᠭ᠋ᠠᠨ ᠲᠦᠷᠦᠭᠦᠲᠦ ᠪᠢᠴᠢᠭ ᠮᠠᠲᠸᠷᠢᠶᠠᠯ ᠪᠤᠯᠭ᠋ᠠᠭᠰᠠᠨ᠎ᠨᠢ ᠬᠠᠰᠢᠯᠠ ᠠᠩᠬ᠎ᠠ ᠤᠳᠠᠭ᠎ᠠ ᠶᠤᠮ᠃》 ᠬᠡᠵᠤ ᠸᠠᠩ ᠯᠢᠨ ᠡᠾᠸ ᠬᠡᠯᠡᠪᠡ᠃
ᠥᠪᠥᠷ ᠮᠣᠩᠭᠣᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠵᠤ ᠠᠬᠤᠶ ᠰᠤᠳᠤᠯᠬᠤ ᠭᠠᠵᠠᠷ᠎ᠤᠨ ᠳᠠᠷᠤᠭ᠎ᠠ ᠢᠦᠶ ᠭᠤᠸᠠᠨᠭ᠌ ᠵᠢᠶᠦ᠋ᠨ᠎ᠤ ᠦᠵᠡᠬᠦ᠎ᠪᠠᠷ᠂ ᠡᠨᠡ᠎ᠨᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠮᠠᠨ᠎ᠤ ᠨᠠᠮ᠎ᠤᠨ ᠲᠥᠷᠥ ᠪᠠᠷᠢᠬᠤ ᠵᠢᠨ ᠴᠢᠬᠤᠯᠠ ᠠᠵᠢᠯ ᠪᠤᠯᠭ᠋ᠠᠵᠤ᠂ 4 ᠪᠦᠲᠦᠭᠡᠨ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠲᠤᠤᠱᠯᠠᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠣᠲᠠ ᠪᠠᠯᠭ᠋ᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ ᠪᠠ ᠪᠤᠬᠢᠷᠳᠤᠯ ᠦᠭᠡᠢ᠌ᠵᠢᠭᠦᠯᠦᠯᠲᠡ ᠵᠢ ᠬᠠᠮᠲᠤᠳᠤᠨᠢ ᠲᠦᠯᠬᠢᠨ ᠠᠬᠢᠭᠤᠯᠬᠤ ᠵᠢ ᠬᠠᠷᠠᠭᠤᠯᠵᠤ ᠪᠠᠢ᠌ᠨ᠎ᠠ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠤᠷᠠᠳᠤᠭᠰᠠᠨ᠎ᠠᠴᠠ ᠠᠪᠤᠭ᠋ᠠᠳ ᠣᠳᠣ ᠪᠣᠯᠲᠠᠯ᠎ᠠ᠂ ᠲᠡᠭᠦᠨ᠎ᠢ ᠤᠷᠢᠳ ᠡᠮᠦᠨ᠎ᠡ ᠭᠠᠷᠤᠭ᠎ᠠ ᠦᠭᠡᠶ ᠦᠨᠳᠦᠷ ᠬᠡᠮᠵᠢᠶᠡᠨ᠎ᠳᠤ ᠬᠦᠷᠲᠡᠯ᠎ᠡ ᠳᠡᠭᠡᠭᠰᠢᠯᠡᠭᠦᠯᠪᠡ᠃ 《ᠣᠶ᠋ᠢᠷ᠎ᠠ᠎ᠳᠤ ᠨᠡᠢ᠌ᠲᠡᠯᠡᠭᠰᠡᠨ ᠬᠠᠮᠤᠭ᠎ᠤᠨ ᠴᠢᠩᠭ᠎ᠠ ᠣᠷᠴᠢᠨ ᠲᠤᠭᠤᠷᠢᠨ᠎ᠢ ᠬᠠᠮᠠᠭ᠋ᠠᠯᠠᠬᠤ ᠬᠠᠤᠯᠢ᠂ 〈ᠤᠰᠤᠨ᠎ᠤ ᠠᠷᠪᠠᠨ ᠵᠤᠷᠪᠤᠰ〉᠎ᠲᠠᠢ ᠤᠶᠠᠯᠳᠤᠭᠤᠯᠵᠤ ᠦᠵᠡᠪᠡᠯ᠂ ᠮᠠᠨ᠎ᠤ ᠤᠯᠤᠰ ᠢᠷᠡᠭᠡᠳᠦᠶ ᠵᠢᠨ ᠨᠡᠯᠢᠶᠡᠳ ᠤᠷᠲᠤ ᠬᠤᠭᠤᠴᠠᠭ᠋ᠠᠨ᠎ᠳᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠤᠬᠠᠶ᠂ ᠦᠷ᠎ᠡ ᠬᠣᠶ᠋ᠢᠴᠢᠰ᠎ᠲᠠᠭᠠᠨ ᠨᠢᠭᠡᠨ ᠰᠠᠶ᠋ᠢᠨ ᠰᠠᠶ᠋ᠢᠬᠠᠨ ᠣᠷᠣᠰᠢᠨ ᠲᠣᠭᠲᠠᠨᠢᠬᠤ᠂ ᠠᠮᠢᠳᠤᠷᠠᠬᠤ ᠪᠠ ᠬᠦᠭᠵᠢᠬᠦ ᠣᠷᠴᠢᠨ ᠨᠥᠬᠥᠴᠡᠯ ᠬᠠᠩᠭ᠋ᠠᠬᠤ ᠲᠤᠬᠠᠶ᠎ᠳᠤ᠂ ᠥᠩᠭᠡᠷᠡᠭᠰᠡᠨ᠎ᠤ ᠮᠠᠰᠢ ᠣᠯᠠᠨ ᠠᠷᠭ᠎ᠠ ᠵᠢ ᠬᠤᠪᠢᠷᠠᠭᠤᠯᠬᠤ ᠬᠡᠷᠡᠭᠲᠠᠢ ᠪᠠᠢ᠌ᠨ᠎ᠠ᠃ ᠬᠥᠬᠡ ᠠᠭᠤᠯᠠ ᠬᠥᠬᠡᠮᠳᠦᠭ ᠤᠰᠤ ᠪᠣᠯ ᠠᠯᠲᠠᠨ ᠠᠭᠤᠯᠠ ᠮᠥᠩᠭᠥᠨ ᠬᠠᠢ᠌ᠷᠬᠠᠨ ᠪᠤᠯᠤᠨ᠎ᠠ᠂ ᠡᠨᠡ᠎ᠨᠢ ᠢᠷᠡᠭᠡᠳᠦᠶ ᠵᠢᠨ ᠰᠢᠨ᠎ᠡ ᠬᠡᠪ ᠵᠢᠨ ᠪᠠᠶ᠋ᠢᠳᠠᠯ᠎ᠤᠨ ᠬᠡᠪ ᠪᠠᠶ᠋ᠢᠳᠠᠯ ᠪᠤᠯᠬᠤ ᠶᠤᠮ᠃》
《ᠰᠠᠨᠠᠯ》᠎ᠳᠤ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠠᠷᠪᠢᠯᠠᠬᠤ ᠳᠤᠮᠳᠠ᠂ ᠠᠷᠪᠢᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠠᠮᠤᠭ᠎ᠤᠨ ᠪᠠᠭ᠎ᠠ ᠡᠬᠢ ᠪᠠᠶᠠᠯᠢᠭ᠎ᠤᠨ ᠬᠤᠷᠤᠭᠳᠠᠭᠤᠯᠭᠠᠪᠠᠷ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠬᠦᠭᠵᠢᠬᠦ ᠵᠢ ᠲᠤᠯᠭ᠋ᠠᠭᠤᠷᠢᠯᠠᠨ᠎ᠠ; ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠬᠥᠭᠵᠢᠭᠦᠯᠬᠦ ᠳᠤᠮᠳᠠ᠂ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠦᠭᠵᠢᠬᠦᠯᠬᠦ ᠵᠢᠨ ᠳᠠᠭ᠋ᠠᠤ᠎ᠳᠤ ᠬᠠᠮᠠᠭ᠋ᠠᠯᠠᠵᠤ᠂ ᠬᠠᠮᠠᠭ᠋ᠠᠯᠠᠬᠤ ᠵᠢᠨ ᠳᠠᠭ᠋ᠠᠤ᠎ᠳᠤ ᠬᠦᠭᠵᠢᠬᠦᠯᠦᠨ᠎ᠡ; ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠬᠢᠭᠡᠳ ᠵᠠᠰᠠᠵᠤ ᠰᠡᠷᠭᠦᠭᠡᠬᠦ ᠳᠤᠮᠳᠠ᠂ ᠠᠶᠠᠨᠳᠠᠭ᠋ᠠᠨ ᠰᠡᠷᠭᠦᠬᠦ᠎ᠪᠠᠷ᠎ᠨᠢ ᠭᠣᠣᠯ ᠪᠣᠯᠭ᠋ᠠᠵᠤ᠂ ᠬᠥᠮᠦᠨ᠎ᠤ ᠬᠦᠴᠦ᠎ᠪᠠᠷ ᠵᠠᠰᠠᠵᠤ ᠰᠡᠷᠭᠦᠭᠡᠬᠦᠯᠦᠭᠡ ᠤᠶᠠᠯᠳᠤᠭᠤᠯᠤᠨ᠎ᠠ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠡᠷᠬᠡᠪᠰᠢ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢᠲᠡᠶ᠂ ᠤᠷᠴᠢᠯᠳᠤᠭᠤᠯᠤᠨ ᠠᠰᠢᠭᠯᠠᠬᠤ᠂ ᠠᠮᠢ ᠠᠬᠤᠶ ᠵᠢᠨ ᠣᠷᠴᠢᠨ ᠲᠣᠭᠣᠷᠢᠨ᠎ᠢ ᠴᠢᠩᠭ᠎ᠠ ᠬᠠᠮᠠᠭ᠋ᠠᠯᠠᠬᠤ ᠰᠠᠭᠤᠷᠢᠨ ᠳᠡᠭᠡᠷ᠎ᠡ ᠪᠠᠢ᠌ᠭᠤᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠯᠤᠭ᠎ᠠ ᠵᠤᠬᠢᠴᠠᠯᠳᠠᠭᠤᠯᠤᠨ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠤᠭᠤᠷᠢᠨ᠎ᠢ ᠬᠠᠮᠠᠭ᠋ᠠᠯᠠᠬᠤ ᠣᠷᠣᠨ ᠵᠠᠶ ᠵᠢᠨ ᠪᠠᠶ᠋ᠢᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠭᠦ ᠠᠷᠭ᠎ᠠ ᠮᠠᠶᠢᠭ᠎ᠢ ᠪᠤᠢ ᠪᠤᠯᠭ᠋ᠠᠨ᠎ᠠ ᠬᠡᠵᠤ ᠲᠤᠲᠤᠷᠬᠠᠢ ᠳᠤᠷᠠᠳᠤᠭᠰᠠᠨ ᠪᠠᠢ᠌ᠨ᠎ᠠ᠃ ᠵᠦᠪᠬᠡᠨ ᠦᠢ᠍ᠯᠡᠳᠪᠦᠷᠢᠯᠡᠯ᠎ᠤᠨ ᠦᠢ᠍ᠯᠡᠳᠦᠯᠭᠡ ᠳᠤᠮᠳᠠ᠂ ᠬᠡᠷᠬᠢᠨ ᠰᠠᠶᠢ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠤ᠂ ᠬᠥᠮᠦᠰ᠎ᠤᠨ ᠠᠮᠢᠳᠤᠷᠠᠯ᠎ᠢ ᠪᠠᠶᠠᠨ ᠴᠢᠨᠡᠭᠡᠯᠢᠭ ᠪᠤᠯᠭ᠋ᠠᠬᠤ ᠮᠦᠷᠲᠡᠭᠡᠨ᠂ ᠪᠠᠰᠠ ᠣᠷᠴᠢᠨ ᠲᠤᠭᠤᠷᠢᠨ᠎ᠢ ᠬᠠᠮᠠᠭ᠋ᠠᠯᠠᠵᠤ ᠴᠢᠳᠠᠬᠤ ᠪᠤᠶ? ᠲᠥᠷᠥ ᠪᠠᠷᠢᠭᠴᠢ᠎ᠳᠤ ᠠᠪᠴᠤ ᠬᠡᠯᠡᠪᠡᠯ᠂ ᠡᠨᠡ᠎ᠨᠢ ᠬᠦᠴᠢᠷ ᠠᠰᠠᠭᠤᠳᠠᠯ ᠪᠤᠯᠬᠤ ᠪᠦᠭᠡᠳ ᠮᠦᠨ ᠴᠤ᠌ ᠰᠢᠯᠭ᠋ᠠᠯᠲᠠ ᠪᠣᠯᠬᠤ ᠶᠤᠮ᠃
《ᠰᠠᠨᠠᠯ》᠎ᠳᠤ᠂ ᠠᠵᠤ ᠠᠬᠤᠶ ᠵᠢᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠤᠭᠤᠷᠢᠨ᠎ᠤ ᠬᠣᠭᠣᠷᠣᠨᠳᠣᠬᠢ ᠵᠥᠷᠢᠴᠡᠯ᠎ᠢ ᠦᠨᠳᠦᠰᠦᠨ᠎ᠠᠴᠠ᠎ᠨᠢ ᠨᠠᠮᠳᠠᠭᠤᠯᠬᠤ᠎ᠳᠤ᠂ ᠡᠷᠬᠡᠪᠰᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ᠎ᠪᠠᠷ ᠥᠨᠳᠥᠷ᠂ ᠡᠬᠢ ᠪᠠᠶᠠᠯᠢᠭ᠎ᠢ ᠬᠤᠷᠤᠭᠳᠠᠭᠤᠯᠬᠤ᠎ᠨᠢ ᠪᠠᠭ᠎ᠠ᠂ ᠣᠷᠴᠢᠨ ᠲᠤᠭᠤᠷᠢᠨ᠎ᠢ ᠪᠤᠬᠢᠷᠳᠤᠭᠤᠯᠬᠤ᠎ᠨᠢ ᠪᠠᠭ᠎ᠠ ᠠᠵᠤ ᠦᠢ᠍ᠯᠡᠰ᠎ᠤᠨ ᠪᠦᠲᠦᠴᠡ ᠵᠢ ᠪᠠᠶ᠋ᠢᠭᠤᠯᠵᠤ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ ᠪᠤᠬᠢᠷᠳᠤᠯ ᠦᠬᠡᠢ ᠪᠤᠯᠭ᠋ᠠᠬᠤ ᠵᠢ ᠲᠦᠷᠭᠡᠳᠭᠡᠨ ᠠᠬᠢᠭᠤᠯᠵᠤ᠂ ᠠᠵᠤ ᠠᠬᠤᠶ ᠵᠢᠨ ᠪᠣᠬᠢᠷᠲᠤᠯ ᠦᠭᠡᠶ ᠵᠢᠨ ᠬᠡᠮᠵᠢᠶ᠎ᠡ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠵᠦ᠂ ᠬᠥᠭᠵᠢᠯᠲᠡ᠎ᠳᠠᠬᠢ ᠡᠬᠢ ᠪᠠᠶᠠᠯᠢᠭ ᠣᠷᠴᠢᠨ ᠲᠤᠭᠤᠷᠢᠨ᠎ᠤ ᠦᠨ᠎ᠡ ᠦᠷᠲᠡᠭ ᠭᠠᠷᠭ᠋ᠠᠬᠤ ᠵᠢ ᠪᠦᠲᠦᠮᠵᠢᠲᠡᠶ ᠪᠠᠭ᠋ᠠᠰᠬᠠᠨ᠎ᠠ ᠬᠡᠵᠤ ᠵᠢᠭ᠋ᠠᠵᠤ ᠭᠠᠷᠭ᠋ᠠᠪᠠ᠃
ᠨᠢᠭᠡᠨ ᠵᠦᠢ᠍ᠯ᠎ᠤᠨ ᠪᠦᠬᠦ ᠣᠷᠣᠨ ᠪᠠᠢ᠌ᠷᠢ ᠵᠢᠨ ᠰᠢᠰᠲᠸᠮᠵᠢ᠎ᠲᠤ ᠢᠨᠵᠧᠨᠧᠷᠢᠩ
《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠵᠥᠪᠬᠡᠨ 〈ᠡᠪᠡᠰᠦ ᠮᠣᠳᠣ ᠲᠠᠷᠢᠬᠤ〉᠎ᠳᠤ ᠬᠢᠵᠠᠭ᠋ᠠᠷᠯᠠᠭᠳᠠᠬᠤ ᠦᠭᠡᠢ᠂ ᠬᠠᠷᠢᠨ ᠬᠥᠭᠵᠢᠯᠲᠡ ᠵᠢᠨ ᠣᠨᠣᠯᠵᠢᠬᠤᠨ᠂ ᠬᠥᠭᠵᠢᠯᠲᠡ ᠵᠢᠨ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠪᠠᠢ᠌ᠵᠤ᠂ ᠠᠵᠤ ᠠᠬᠤᠶ᠂ ᠤᠯᠤᠰ ᠲᠥᠷᠥ᠂ ᠰᠣᠶᠣᠯ᠂ ᠨᠡᠶ᠋ᠢᠭᠡᠮ᠎ᠤᠨ ᠪᠠᠶ᠋ᠢᠭᠤᠯᠤᠯᠲᠠ ᠵᠡᠷᠭᠡ ᠡᠯ᠎ᠡ ᠲᠠᠯ᠎ᠠ ᠵᠢᠨ᠎ᠬᠢᠨ᠎ᠲᠠᠢ ᠬᠣᠯᠪᠤᠭᠳᠠᠭᠤᠯᠵᠤ᠂ ᠲᠡᠷᠡᠴᠢᠯᠡᠨ ᠦᠢ᠍ᠯᠡᠳᠪᠦᠷᠢᠯᠡᠯ᠎ᠤᠨ ᠬᠦᠴᠦᠨ᠎ᠤ ᠪᠠᠢ᠌ᠷᠢᠰᠢᠭᠤᠯᠤᠯᠲᠠ᠂ ᠣᠷᠣᠨ ᠵᠠᠶ ᠵᠢᠨ ᠪᠥᠲᠥᠴᠡ ᠮᠠᠶᠢᠭ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ ᠵᠢᠴᠢ ᠥᠷᠲᠡᠭ᠎ᠤᠨ ᠣᠨᠣᠯᠵᠢᠬᠤᠨ᠂ ᠳᠦᠷᠢᠮ ᠪᠠᠶ᠋ᠢᠭᠤᠯᠤᠯᠯᠤᠭᠠ ᠨᠢᠭᠲᠠ ᠬᠣᠯᠪᠤᠭᠳᠠᠵᠤ᠂ ᠨᠢᠭᠡ ᠵᠦᠢ᠍ᠯ᠎ᠤᠨ ᠪᠦᠬᠦ ᠲᠠᠯ᠎ᠠ ᠵᠢᠨ ᠪᠥᠭᠡᠳ ᠰᠢᠰᠲᠸᠮᠵᠢ᠎ᠲᠤ ᠢᠨᠵᠧᠨᠧᠷᠢᠩ᠂ ᠨᠢᠭᠡ ᠤᠳᠠᠭ᠋ᠠᠨ᠎ᠤ ᠪᠦᠬᠦ ᠣᠷᠣᠨ ᠪᠠᠢ᠌ᠷᠢ ᠵᠢᠨ᠂ ᠰᠢᠰᠲᠸᠮᠲᠤ ᠴᠢᠨᠠᠷᠲᠠᠶ ᠪᠣᠬᠢᠷᠳᠤᠯ ᠦᠭᠡᠢ ᠬᠤᠪᠢᠰᠤᠯᠲᠠ ᠪᠣᠯᠬᠤ ᠶᠤᠮ᠃》 ᠭᠡᠵᠦ ᠸᠠᠩ ᠯᠢᠨ ᠡᠾᠸ ᠬᠡᠯᠡᠪᠡ᠃ ᠡᠳᠦᠷ ᠲᠤᠲᠤᠮ᠎ᠤᠨ ᠠᠮᠢᠳᠤᠷᠠᠯ ᠳᠤᠮᠳᠠ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ᠂ ᠤᠰᠤ ᠠᠷᠪᠢᠯᠠᠬᠤ ᠲᠠᠷᠢᠶᠠᠯᠠᠩ᠂ ᠬᠣᠭ ᠨᠣᠪᠰᠢ ᠵᠢ ᠲᠥᠷᠥᠯ ᠬᠤᠪᠢᠶᠠᠵᠤ ᠡᠭᠡᠭᠦᠯᠦᠨ ᠬᠤᠷᠢᠶᠠᠬᠤ᠂ ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ᠂ ᠦᠵᠡᠰᠭᠦᠯᠡᠩᠲᠦ ᠰᠠᠶ᠋ᠢᠬᠠᠨ ᠬᠥᠳᠡᠭᠡ ᠲᠣᠰᠬᠣᠨ ᠪᠠ ᠪᠣᠬᠢᠷᠳᠤᠯ ᠦᠭᠡᠢ ᠬᠣᠲᠠ ᠪᠠᠯᠭ᠋ᠠᠰᠤ ᠵᠢ ᠪᠥᠲᠦᠭᠡᠨ ᠪᠠᠢ᠌ᠭᠤᠯᠬᠤ ᠵᠡᠷᠭᠡ᠎ᠨᠢ ᠴᠥᠮ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠲᠠᠢ ᠣᠯᠠᠨ ᠲᠠᠯ᠎ᠠ ᠵᠢᠨ ᠬᠠᠷᠢᠴᠠᠭ᠎ᠠ᠎ᠲᠠᠢ ᠶᠤᠮ᠃
《ᠰᠠᠨᠠᠯ》᠎ᠨᠢ 9 ᠲᠠᠯ᠎ᠠ ᠵᠢᠨ 35 ᠵᠦᠢ᠍ᠯ᠎ᠢ ᠬᠡᠷᠡᠭᠯᠡᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠰᠢᠰᠲᠸᠮ᠎ᠲᠠᠢ ᠪᠠᠶ᠋ᠢᠷᠢᠯᠠᠭᠤᠯᠤᠯᠲᠠ ᠬᠢᠵᠦ᠂ ᠶᠡᠷᠦᠩᠬᠡᠶ ᠱᠠᠭ᠋ᠠᠷᠳᠠᠯᠭ᠎ᠠ᠂ ᠭᠣᠣᠯ ᠬᠠᠷᠠᠯᠲᠠ᠂ ᠠᠵᠢᠯ᠎ᠤᠨ ᠬᠦᠷᠢᠶ᠎ᠡ ᠬᠡᠪᠴᠢᠶ᠎ᠡ᠂ ᠳᠦᠷᠢᠮ᠎ᠤᠨ ᠰᠢᠰᠲᠸᠮᠵᠢ᠂ ᠡᠯ᠎ᠡ ᠵᠦᠢ᠍ᠯ᠎ᠤᠨ ᠪᠠᠲᠤᠯᠠᠭ᠎ᠠ ᠵᠡᠷᠭᠡ ᠵᠢ ᠳᠤᠷᠠᠳᠴᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠵᠢ ᠬᠤᠭᠤᠴᠠᠭ᠋ᠠᠨ᠎ᠳᠤ᠎ᠨᠢ ᠪᠠᠲᠤᠯᠠᠵᠤ᠂᠂ ᠥᠭᠡᠷᠡᠴᠢᠯᠡᠯᠲᠡ ᠵᠢᠨ ᠬᠡᠰᠡᠭ ᠪᠤᠰᠠᠭ ᠪᠣᠯᠬᠤ ᠵᠢ ᠰᠡᠷᠭᠡᠶ᠋ᠢᠯᠡᠬᠦ ᠪᠣᠯᠣᠨ᠎ᠠ᠃
ᠰᠠᠨᠠᠯ᠎ᠳᠤ 《ᠲᠠᠪᠤ ᠵᠢ ᠪᠠᠷᠢᠮᠲᠠᠯᠠᠬᠤ》 ᠪᠠ 《ᠲᠠᠪᠤᠨ ᠵᠦᠢ᠍ᠯ᠎ᠤᠨ ᠡᠭᠦᠷᠭᠡ》 ᠵᠢ ᠳᠤᠷᠠᠳᠪᠠ᠃
《ᠲᠠᠪᠤ ᠵᠢ ᠪᠠᠷᠢᠮᠲᠠᠯᠠᠬᠤ》᠎ᠨᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠦᠨᠳᠦᠰᠦᠨ ᠵᠠᠷᠴᠢᠮ᠎ᠢ ᠲᠣᠳᠣᠷᠬᠠᠢ᠌ᠯᠠᠪᠠ᠄ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠬᠦ᠎ᠪᠠᠷ ᠦᠨᠳᠦᠰᠦᠨ ᠴᠢᠭᠯᠡᠯᠲᠡ ᠪᠣᠯᠭ᠋ᠠᠬᠤ ᠵᠢ ᠪᠠᠷᠢᠮᠲᠠᠯᠠᠨ᠎ᠠ; ᠪᠣᠬᠢᠷᠲᠤᠯ ᠦᠭᠡᠶ ᠬᠥᠭᠵᠢᠭᠦᠯᠬᠦ᠂ ᠣᠷᠴᠢᠯᠳᠤᠭᠤᠯᠤᠨ ᠬᠥᠭᠵᠢᠭᠦᠯᠬᠦ᠂ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠭᠦᠯᠬᠦ᠎ᠪᠠᠷ ᠦᠨᠳᠦᠰᠦᠨ ᠠᠷᠭ᠎ᠠ ᠵᠠᠮ ᠪᠣᠯᠭ᠋ᠠᠬᠤ ᠵᠢ ᠪᠠᠷᠢᠮᠲᠠᠯᠠᠨ᠎ᠠ; ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠰᠢᠨ᠎ᠡ ᠵᠢ ᠡᠭᠦᠳᠬᠦ ᠬᠥᠳᠡᠯᠭᠡᠭᠦᠷ ᠵᠶ᠋ᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠬᠤ ᠵᠢ ᠪᠠᠷᠢᠮᠲᠠᠯᠠᠨ᠎ᠠ; ᠠᠮᠢ ᠠᠬᠤᠶ ᠵᠢᠨ ᠰᠣᠶᠣᠯ᠎ᠢ ᠬᠥᠮᠦᠵᠢᠭᠦᠯᠬᠦ᠎ᠪᠠᠷ ᠴᠢᠬᠤᠯᠡ ᠲᠤᠯᠭ᠋ᠠᠭᠤᠷᠢ ᠪᠣᠯᠭ᠋ᠠᠬᠤ ᠵᠢ ᠪᠠᠷᠢᠮᠲᠠᠯᠠᠨ᠎ᠠ; ᠭᠣᠣᠯᠳᠠᠯᠭ᠎ᠠ᠎ᠲᠠᠢ᠎ᠪᠠᠷ ᠰᠢᠪᠲᠤᠯᠤᠯᠲᠠ ᠬᠢᠬᠦ ᠪᠠ ᠪᠦᠬᠦᠯᠢ ᠴᠣᠭᠴᠠ᠎ᠪᠠᠷ᠎ᠨᠢ ᠳᠥᠯᠭᠢᠨ ᠠᠬᠢᠭᠤᠯᠬᠤ᠎ᠪᠠᠷ ᠠᠵᠢᠯ᠎ᠤᠨ ᠠᠷᠭ᠎ᠠ ᠮᠠᠶᠢᠭ ᠪᠣᠯᠭ᠋ᠠᠬᠤ ᠵᠢ ᠪᠠᠷᠢᠮᠲᠠᠯᠠᠨ᠎ᠠ᠃
《ᠲᠠᠪᠤᠨ ᠵᠦᠢ᠍ᠯ᠎ᠤᠨ ᠡᠭᠦᠷᠭᠡ》᠎ᠨᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠭᠣᠣᠯ ᠬᠠᠷᠠᠯᠲᠠ ᠵᠢ ᠳᠤᠷᠠᠳᠤᠭᠰᠠᠨ ᠪᠠᠶ᠋ᠢᠨ᠎ᠠ᠄ ᠪᠡᠶᠡᠴᠢ ᠴᠣᠭᠴᠠ ᠵᠢᠨ ᠴᠢᠳᠠᠮᠵᠢ ᠵᠢᠨ ᠣᠷᠣᠨ ᠲᠣᠭᠲᠠᠭ᠋ᠠᠯᠲᠠ ᠵᠢ ᠴᠢᠩᠭ᠋ᠠᠷᠠᠭᠤᠯᠤᠨ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢ ᠨᠡᠭᠡᠭᠡᠨ ᠠᠰᠢᠭᠯᠠᠬᠤ ᠪᠠᠶ᠋ᠢᠷᠢᠰᠢᠯ᠎ᠢ ᠰᠢᠯᠢᠳᠡᠭᠵᠢᠭᠦᠯᠦᠨ᠎ᠡ; ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠪᠠ ᠪᠦᠲᠦᠴᠡ ᠵᠢᠨ ᠲᠣᠬᠢᠷᠠᠭᠤᠯᠤᠯᠲᠠ ᠬᠢᠬᠦ ᠵᠢ ᠳᠥᠯᠭᠢᠨ ᠠᠬᠢᠭᠤᠯᠵᠤ᠂ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ; ᠡᠬᠢ ᠪᠠᠶᠠᠯᠢᠭ᠎ᠢ ᠠᠷᠪᠢᠯᠠᠵᠤ ᠣᠷᠴᠢᠯᠳᠤᠭᠤᠯᠤᠨ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠵᠢ ᠪᠦᠬᠦ ᠲᠠᠯ᠎ᠠ᠎ᠪᠠᠷ ᠠᠬᠢᠭᠤᠯᠵᠤ᠂ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠤᠨ᠎ᠠ; ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲᠸᠮᠵᠢ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠨ ᠬᠦ᠌ ᠰᠠᠢ᠌ᠵᠢᠷᠠᠭᠤᠯᠤᠨ᠎ᠠ; ᠠᠮᠢ ᠠᠬᠤᠶ ᠵᠢᠨ ᠪᠣᠯᠪᠠᠰᠤᠨ᠎ᠤ ᠳᠦᠷᠢᠮ᠎ᠤᠨ ᠰᠢᠰᠲᠸᠮᠵᠢ ᠵᠢ ᠪᠦᠷᠢᠨᠰᠢᠭᠦᠯᠦᠨ᠎ᠡ᠃
ᠣᠳᠣᠬᠠᠨ᠎ᠳᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠠᠯ᠎ᠠ᠎ᠪᠠᠷ ᠪᠠᠰᠠ ᠮᠠᠰᠢ ᠠᠷᠪᠢᠨ ᠠᠰᠠᠭᠤᠳᠠᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠂ ᠵᠢᠱ᠌ᠢᠶᠡᠯᠡᠪᠡᠯ ᠠᠵᠤ ᠠᠬᠤᠶ ᠵᠢᠨ ᠪᠠᠭᠤᠷᠠᠬᠤ ᠳᠠᠷᠤᠯᠲᠠ᠎ᠨᠢ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠬᠦ ᠵᠢ ᠤᠯᠠᠮ ᠬᠦᠴᠢᠷ ᠪᠡᠷᠬᠡ᠎ᠲᠠᠢ ᠪᠣᠯᠭ᠋ᠠᠵᠤ᠂ ᠺᠠᠲᠠᠷᠴᠤᠳ᠎ᠤᠨ ᠠᠮᠢ ᠠᠬᠤᠶ ᠵᠢᠨ ᠲᠤᠬᠠᠢ ᠦᠵᠡᠯᠲᠡ ᠬᠣᠴᠣᠷᠴᠤ ᠪᠠᠢ᠌ᠭ᠎ᠠ᠎ᠨᠢ ᠭᠦᠢ᠍ᠴᠡᠳᠬᠡᠬᠦ ᠬᠦᠴᠦᠨ᠎ᠢ ᠪᠠᠭᠤᠷᠠᠶ ᠪᠣᠯᠭ᠋ᠠᠵᠤ ᠪᠠᠢ᠌ᠭ᠎ᠠ ᠵᠡᠷᠭᠡ ᠪᠣᠯᠣᠨ᠎ᠠ᠃ 《〈ᠰᠠᠨᠠᠯ〉᠎ᠨᠢ ᠨᠠᠢ᠌ᠳᠠᠪᠤᠷᠢᠵᠢᠭᠤᠯᠬᠤ᠎ᠤᠨ ᠨᠡᠩ ᠢᠯᠡᠭᠦᠦ ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠵᠦ᠂ ᠳᠦᠷᠢᠮ ᠵᠶ᠋ᠠᠷ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠶᠠᠪᠤᠭᠳᠠᠬᠤ ᠵᠢ ᠬᠠᠮᠠᠭ᠋ᠠᠯᠠᠵᠤ ᠪᠣᠢ᠃》 ᠭᠡᠵᠦ ᠵᠠᠷᠢᠮ ᠲᠤᠰᠬᠠᠶ ᠮᠡᠷᠭᠡᠵᠢᠯᠲᠡᠨ ᠢᠯᠡᠳᠬᠡᠪᠡ᠃ ᠰᠠᠨᠠᠯ᠎ᠳᠤ᠂ ᠡᠬᠢ ᠡᠭᠦᠰᠦᠯ᠎ᠠᠴᠠ᠎ᠨᠢ ᠰᠡᠷᠭᠡᠶ᠋ᠢᠯᠡᠬᠦ᠂ ᠶᠠᠪᠤᠴᠠ᠎ᠳᠤ᠎ᠨᠢ ᠡᠵᠡᠮᠳᠡᠬᠦ᠂ ᠬᠣᠬᠢᠷᠠᠯ᠎ᠢ ᠲᠥᠯᠥᠪᠦᠷᠢᠯᠡᠬᠦ᠂ ᠬᠠᠷᠢᠭᠤᠴᠠᠯᠭ᠎ᠠ ᠵᠢ ᠨᠡᠬᠡᠮᠵᠢᠯᠡᠬᠦ ᠪᠦᠬᠦᠯᠢ ᠴᠣᠭᠴᠠ ᠵᠢᠨ ᠰᠡᠳᠬᠢᠮᠵᠢ ᠵᠢ ᠪᠠᠭᠳᠠᠭ᠋ᠠᠵᠤ᠂ ᠡᠬᠢ ᠪᠠᠶᠠᠯᠢᠭ ᠣᠷᠴᠢᠨ ᠲᠣᠭᠣᠷᠢᠨ᠎ᠤ ᠠᠮᠢ ᠠᠬᠤᠶ ᠵᠢᠨ ᠤᠯᠠᠭ᠋ᠠᠨ ᠱᠤᠭᠣᠮᠢ ᠴᠢᠩᠭ᠎ᠠ ᠰᠠᠬᠢᠬᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠮᠴᠢᠯᠡᠬᠦ ᠡᠷᠬᠡ ᠪᠠ ᠬᠡᠷᠡᠭᠴᠡᠭᠡ ᠵᠢ ᠵᠠᠬᠢᠷᠤᠨ ᠬᠠᠮᠢᠶᠠᠷᠬᠤ ᠳᠦᠷᠢᠮ᠎ᠢ ᠪᠦᠷᠢᠨᠰᠢᠭᠦᠯᠬᠦ᠂ ᠠᠮᠢ ᠠᠬᠤᠶ ᠵᠢᠨ ᠬᠠᠮᠠᠭ᠋ᠠᠯᠠᠯᠲᠠ᠎ᠳᠤ ᠨᠥᠬᠥᠪᠥᠷᠢ ᠥᠭᠬᠦ ᠲᠣᠭᠲᠠᠴᠠ ᠵᠢ ᠪᠦᠷᠢᠨᠰᠢᠭᠦᠯᠬᠦ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠠᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠢ ᠲᠡᠭᠦᠯᠳᠡᠷᠵᠢᠭᠦᠯᠬᠦ ᠵᠡᠷᠭᠡ 10 ᠲᠠᠯ᠎ᠠ ᠵᠢᠨ ᠴᠢᠬᠤᠯᠠ ᠶᠡᠬᠡ ᠳᠦᠷᠢᠮ᠎ᠢ ᠳᠤᠷᠠᠳᠴᠤ᠂ ᠪᠠᠶ᠋ᠢᠭ᠋ᠠᠯᠢ ᠵᠢᠨ ᠠᠮᠢ ᠠᠬᠤᠶ ᠵᠢᠨ ᠣᠷᠣᠨ ᠵᠠᠶ᠎ᠳᠤ ᠨᠢᠭᠡᠳᠦᠯᠲᠡᠶ ᠡᠷᠬᠡ ᠵᠢ ᠨᠤᠲᠠᠯᠠᠨ ᠲᠣᠭᠲᠠᠭ᠋ᠠᠵᠤ ᠳᠠᠩᠰᠠᠯᠠᠭᠤᠯᠬᠤ᠂ ᠡᠨᠧᠷᠭᠢ ᠠᠷᠪᠢᠯᠠᠭᠰᠠᠨᠢ ᠦᠨᠡᠯᠡᠨ ᠵᠢᠱ᠌ᠢᠵᠤ ᠴᠢᠩᠭ᠎ᠠ ᠬᠢᠨᠠᠨ ᠪᠠᠢ᠌ᠴᠠᠭ᠋ᠠᠬᠤ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ᠎ᠤᠨ ᠳᠦᠷᠢᠮ᠎ᠢ ᠴᠢᠭᠳᠠᠯᠠᠬᠤ ᠵᠢ ᠳᠤᠷᠠᠳᠴᠠᠢ; ᠡᠬᠢ ᠪᠠᠶᠠᠯᠢᠭ ᠣᠷᠴᠢᠨ ᠲᠣᠭᠣᠷᠢᠨ᠎ᠤ ᠠᠮᠢ ᠠᠬᠤᠶ ᠵᠢᠨ ᠤᠯᠠᠭ᠋ᠠᠨ ᠱᠤᠭᠣᠮᠢ ᠴᠢᠩᠭ᠎ᠠ ᠰᠠᠬᠢᠵᠤ᠂ ᠡᠯ᠎ᠡ ᠲᠥᠷᠥᠯ᠎ᠤᠨ ᠨᠡᠭᠡᠭᠡᠨ ᠠᠰᠢᠭᠯᠠᠬᠤ ᠠᠵᠢᠯᠯᠠᠭ᠎ᠠ ᠵᠢ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ ᠵᠢᠨ ᠳᠣᠲᠣᠷ᠎ᠠ ᠬᠢᠵᠠᠭ᠋ᠠᠷᠯᠠᠬᠤ ᠵᠢ ᠳᠤᠷᠠᠳᠴᠦ᠂ ᠡᠬᠢ ᠪᠠᠶᠠᠯᠢᠭ᠎ᠤᠨ ᠬᠣᠷᠣᠭᠳᠠᠭᠤᠯᠭ᠎ᠠ ᠵᠢᠨ 《ᠲᠡᠭᠡᠪᠦᠷ》᠎ᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠢ; ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠳᠦᠷᠢᠮ᠎ᠢ ᠪᠦᠷᠢᠨᠰᠢᠭᠦᠯᠬᠦ ᠲᠠᠯ᠎ᠠ᠎ᠪᠠᠷ᠂ ᠡᠬᠢ ᠪᠠᠶᠠᠯᠢᠭ᠎ᠤᠨ ᠬᠣᠷᠣᠭᠳᠠᠭᠤᠯᠤᠯ᠂ ᠣᠷᠴᠢᠨ ᠲᠣᠭᠣᠷᠢᠨ᠎ᠤ ᠬᠣᠬᠢᠷᠠᠭᠤᠯᠤᠯ᠂ ᠠᠮᠢ ᠠᠬᠤᠶ ᠵᠢᠨ ᠦᠷ᠎ᠡ ᠠᠰᠢᠭ ᠵᠡᠷᠭᠡ ᠭᠦᠢ᠍ᠴᠡᠳᠬᠡᠬᠦ ᠲᠣᠭ᠎ᠠ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠶᠡᠷᠦᠩᠬᠡᠶ᠋ᠢᠯᠡᠨ ᠦᠨᠡᠯᠡᠬᠦ ᠰᠢᠰᠲᠸᠮᠵᠢ᠎ᠳᠤ ᠣᠷᠤᠭᠤᠯᠬᠤ ᠵᠢ ᠳᠤᠷᠠᠳᠴᠤ᠂ ᠣᠷᠣᠨ ᠪᠦᠰᠡ ᠵᠢᠨ ᠪᠡᠶᠡᠴᠢ ᠴᠣᠭᠴᠠ ᠵᠢᠨ ᠴᠢᠳᠠᠮᠵᠢᠲᠤ ᠣᠷᠣᠨ ᠲᠣᠭᠲᠠᠭ᠋ᠠᠯᠲᠠ ᠵᠢ ᠦᠨᠳᠦᠰᠦᠯᠡᠨ ᠵᠦᠷᠢᠶᠡᠴᠢᠯᠡᠭᠰᠡᠨ ᠰᠢᠯᠭ᠋ᠠᠨ ᠬᠢᠨᠠᠬᠤ ᠳᠦᠷᠢᠮ᠎ᠢ ᠬᠡᠷᠡᠭᠵᠢᠭᠦᠯᠬᠦ ᠬᠡᠷᠡᠭᠲᠡᠢ; ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠲᠡᠭᠦᠯᠳᠡᠷᠵᠢᠭᠦᠯᠵᠦ ᠲᠠᠯ᠎ᠠ᠎ᠪᠠᠷ᠂ ᠰᠢᠨᠵᠢᠯᠡᠬᠦ ᠤᠬᠠᠭ᠋ᠠᠨᠴᠢ᠎ᠪᠠᠷ ᠬᠥᠭᠵᠢᠭᠦᠯᠬᠦ ᠱᠠᠭ᠋ᠠᠷᠳᠠᠯᠭ᠎ᠠ᠎ᠠᠴᠠ ᠵᠦᠷᠢᠴᠡᠭᠰᠡᠨ᠂ ᠡᠬᠢ ᠪᠠᠶᠠᠯᠢᠭ ᠣᠷᠴᠢᠨ ᠲᠣᠭᠣᠷᠢᠨ᠎ᠤ ᠠᠮᠢ ᠠᠬᠤᠶ ᠵᠢ ᠬᠦᠨᠳᠦ ᠨᠣᠴᠢᠲᠠᠶ ᠡᠪᠳᠡᠭᠰᠡᠨᠢ ᠲᠡᠮᠳᠡᠭᠯᠡᠨ ᠳᠠᠩᠰᠠᠯᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠬᠦ ᠬᠡᠷᠡᠭᠲᠡᠶ ᠬᠡᠵᠦ ᠳᠤᠷᠠᠳᠴᠠᠢ᠃
《ᠢᠯᠠᠩᠭᠤᠶ᠎ᠠ ᠤᠳᠤᠷᠢᠳᠬᠤ ᠺᠠᠲᠠᠷ᠎ᠠᠴᠠ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ᠎ᠨᠢ ᠤᠳᠤᠷᠢᠳᠬᠤ ᠺᠠᠳ᠋ᠷ ᠨᠢᠭᠡᠪᠦᠷᠢ᠎ᠳᠤ ᠨᠢᠭᠡ ᠬᠤᠪᠢ ᠬᠠᠷᠢᠭᠤᠴᠠᠯᠭ᠎ᠠ ᠵᠢᠨ ᠳᠠᠩᠰᠠ ᠡᠪᠬᠡᠮᠡᠯ ᠬᠢᠵᠦ ᠥᠭᠬᠦ ᠪᠣᠯᠣᠨ᠎ᠠ᠃ ᠤᠳᠤᠷᠢᠳᠬᠤ ᠺᠠᠳ᠋ᠷᠴᠤᠳ᠎ᠤᠨ ᠬᠠᠷᠢᠭᠤᠴᠠᠯᠭ᠋ᠠᠲᠤ ᠰᠡᠳᠬᠢᠯᠭᠡ ᠵᠢ ᠴᠢᠩᠭ᠋ᠠᠷᠠᠭᠤᠯᠬᠤ᠎ᠳᠤ ᠯᠠᠪ ᠲᠤᠰᠠᠲᠠᠢ ᠪᠠᠢ᠌ᠵᠤ᠂ ᠤᠳᠤᠷᠢᠳᠬᠤ ᠺᠠᠳ᠋ᠷᠴᠤᠳ ᠥᠩᠭᠡᠨ ᠲᠠᠯ᠎ᠠ ᠵᠢᠨ ᠠᠵᠢᠯ ᠪᠠ ᠠᠵᠢᠯ᠎ᠤᠨ ᠪᠦᠲᠦᠮᠵᠢ ᠵᠢᠨ ᠢᠨᠵᠧᠨᠧᠷᠢᠩ᠎ᠤᠨ ᠲᠥᠯᠥᠭᠡ ᠳᠤᠷ᠎ᠠ᠎ᠪᠠᠷ ᠵᠶ᠋ᠠᠨ ᠬᠢᠬᠦ ᠵᠢ ᠰᠡᠷᠭᠡᠢ᠌ᠯᠡᠬᠦ ᠪᠣᠯᠣᠨ᠎ᠠ᠃》 ᠭᠡᠵᠦ ᠬᠣᠲᠠ ᠵᠢᠨ ᠠᠷᠠᠳ ᠡᠦ ᠠᠪᠤᠭ᠋ᠠᠶ ᠦᠵᠡᠵᠦ ᠪᠠᠶ᠋ᠢᠨ᠎ᠠ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠬᠢᠭᠡᠳ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠭᠠᠵᠠᠷ᠎ᠤᠨ ᠳᠠᠷᠤᠭ᠎ᠠ ᠸᠠᠩ ᠢ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠨ ᠠᠪᠬᠤ᠎ᠳᠠᠭᠠᠨ ᠢᠯᠡᠷᠬᠡᠶ᠋ᠢᠯᠡᠭᠰᠡᠨ᠎ᠨᠢ᠂ ᠰᠠᠨᠠᠯ᠎ᠳᠤ ᠳᠤᠷᠠᠳᠤᠭᠰᠠᠨ ᠳᠦᠷᠢᠮ᠎ᠢ ᠵᠠᠯᠭ᠋ᠠᠭ᠋ᠠᠳ ᠢᠵᠢ ᠪᠦᠷᠢᠳᠦᠭᠰᠡᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠲᠠᠢ ᠪᠠᠢ᠌ᠵᠤ ᠨᠠᠷᠢᠯᠠᠭᠵᠢᠭᠤᠯᠬᠤ ᠬᠡᠷᠡᠭᠲᠡᠢ᠃ ᠳᠠᠷᠠᠭ᠋ᠠᠴᠢ ᠵᠢᠨ ᠠᠯᠬᠤᠮ᠎ᠤᠨ ᠵᠠᠩᠭᠢᠯᠠᠭ᠎ᠠ ᠪᠣᠯ ᠡᠳᠡᠭᠡᠷ ᠳᠦᠷᠢᠮ᠎ᠢ ᠦᠨᠡᠨ ᠬᠦ᠌ ᠨᠠᠢ᠌ᠳᠠᠪᠤᠷᠢᠵᠢᠭᠤᠯᠵᠤ ᠳᠡᠢ᠌ᠯᠬᠦ ᠡᠰᠡᠬᠦ᠎ᠳᠤ ᠪᠣᠢ᠃ ᠳᠦᠷᠢᠮ᠎ᠤᠨ ᠶᠠᠨᠭ᠌ᠵᠤ ᠠᠯᠳᠠᠭᠳᠠᠬᠤ ᠦᠭᠡᠢ᠂ ᠳᠦᠷᠰᠦ ᠬᠤᠪᠢᠷᠠᠬᠤ ᠦᠭᠡᠶ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃
ᠬᠥᠮᠦᠨ ᠪᠦᠬᠦᠨ ᠴᠥᠮ ᠪᠣᠬᠢᠷᠳᠣᠯ ᠦᠭᠡᠢ ᠠᠮᠢᠳᠤᠷᠠᠯ᠎ᠤᠨ ᠦᠢ᠍ᠯᠡᠳᠦᠯᠭᠡᠵᠢᠭᠦᠯᠦᠭᠴᠢ ᠮᠦᠨ
《ᠰᠠᠨᠠᠯ》᠎ᠳᠤ᠂ ᠬᠥᠮᠦᠨ ᠪᠦᠬᠦᠨ ᠴᠥᠮ ᠠᠮᠢ ᠠᠬᠤᠶ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠭᠴᠢ ᠮᠦᠨ ᠭᠡᠰᠡᠨ ᠣᠨᠣᠯᠵᠢᠬᠤᠨ᠎ᠢ ᠴᠢᠬᠤᠯᠠᠴᠢᠯᠠᠭᠰᠠᠨ ᠪᠠᠢ᠌ᠨ᠎ᠠ᠂ ᠡᠨᠡ᠎ᠨᠢ ᠳᠠᠷᠤᠢ ᠨᠡᠶ᠋ᠢᠲᠡ ᠣᠯᠠᠨ ᠵᠶ᠋ᠠᠷ ᠵᠶ᠋ᠠᠨ ᠣᠷᠣᠯᠴᠠᠬᠤ᠎ᠨᠢ ᠮᠦᠨᠴᠦ ᠨᠢᠭᠡᠨ ᠶᠡᠬᠡ ᠭᠢᠯᠠᠰ ᠴᠡᠭ ᠪᠣᠯᠣᠨ᠎ᠠ᠃
《ᠰᠠᠨᠠᠯ》᠎ᠳᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠬᠡᠪ ᠰᠤᠷᠲᠠᠯ᠎ᠢ ᠲᠦᠷᠭᠡᠳᠬᠡᠨ ᠪᠤᠶ ᠪᠣᠯᠭ᠋ᠠᠬᠤ ᠬᠡᠷᠡᠭᠲᠡᠶ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠡᠯ᠎ᠡ ᠠᠵᠢᠯ ᠲᠥᠷᠥᠯ᠎ᠤᠨ᠎ᠬᠢᠨ᠂ ᠦᠢ ᠲᠦᠮᠡᠨ ᠠᠶ᠋ᠢᠯ ᠡᠷᠦᠬᠡ᠎ᠲᠠᠢ ᠬᠣᠯᠪᠣᠭᠳᠠᠨ᠎ᠠ᠃ ᠠᠷᠠᠳ ᠣᠯᠠᠨ᠎ᠤ ᠢᠳᠡᠪᠬᠢᠵᠢᠯ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ ᠢ ᠭᠦᠢ᠍ᠴᠡᠳ ᠪᠠᠳᠠᠷᠠᠭᠤᠯᠤᠨ᠂ ᠠᠷᠠᠳ᠎ᠤᠨ ᠰᠡᠳᠬᠢᠯ᠎ᠢ ᠨᠢᠭᠲᠠᠷᠠᠭᠤᠯᠵᠤ᠂ ᠠᠷᠠᠳ᠎ᠤᠨ ᠣᠶᠤᠨ ᠤᠬᠠᠭ᠋ᠠᠨ᠎ᠢ ᠲᠦᠪᠯᠡᠷᠡᠭᠦᠯᠦᠨ᠂ ᠠᠷᠠᠳ᠎ᠤᠨ ᠬᠦᠴᠦᠨ᠎ᠢ ᠨᠡᠢ᠌ᠯᠡᠭᠦᠯᠵᠦ᠂ ᠠᠮᠢᠳᠤᠷᠠᠯ᠎ᠤᠨ ᠠᠷᠭ᠎ᠠ ᠮᠠᠶᠢᠭ᠎ᠤᠨ ᠪᠣᠬᠢᠷᠳᠣᠯ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ 《ᠬᠡᠷᠡᠭ ᠳᠡᠭᠡᠷ᠎ᠡ᠎ᠪᠠᠨ᠂ ᠬᠥᠮᠦᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠦᠵᠡᠯ ᠤᠬᠠᠮᠰᠠᠷ ᠴᠥᠮ ᠢᠳᠡᠭ ᠢᠳᠡᠭ ᠵᠶ᠋ᠡᠷ ᠳᠡᠭᠡᠭᠰᠢᠯᠡᠵᠦ ᠪᠤᠢ᠂ ᠭᠡᠪᠡᠴᠦ ᠪᠠᠰᠠ ᠬᠡᠷᠬᠢᠨ ᠬᠢᠬᠦ᠎ᠪᠠᠨ ᠮᠡᠳᠡᠬᠦ ᠦᠭᠡᠢ ᠪᠣᠯᠬᠣᠷ᠂ ᠰᠤᠷᠭ᠋ᠠᠨ ᠬᠥᠮᠦᠵᠢᠯ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠵᠢᠨ ᠲᠠᠨᠢᠨ ᠮᠡᠳᠡᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃》 ᠭᠡᠵᠦ ᠸᠠᠩ ᠯᠢᠨ ᠡᠾᠸ ᠬᠡᠯᠡᠪᠡ ᠃
《ᠰᠠᠨᠠᠯ》᠎ᠳᠤ᠂ ᠪᠦᠬᠦ ᠠᠷᠠᠳ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠲᠣᠷᠬᠠᠢ᠌ᠯᠠᠭᠰᠠᠨ ᠪᠠᠢ᠌ᠨ᠎ᠠ᠃ ᠠᠮᠢ ᠠᠬᠤᠶ ᠵᠢᠨ ᠰᠣᠶᠣᠯ ᠂ ᠠᠮᠢ ᠠᠬᠤᠶ ᠵᠢᠨ ᠶᠣᠰᠣ ᠰᠤᠷᠲᠠᠬᠤᠨ᠎ᠢ ᠢᠳᠡᠪᠬᠢᠲᠠᠢ ᠪᠤᠢ᠌ᠵᠢᠭᠤᠯᠵᠤ᠂ ᠠᠮᠢ ᠠᠬᠤᠶ ᠵᠢᠨ ᠪᠣᠯᠪᠠᠰᠤᠨ᠎ᠢ ᠨᠡᠶ᠋ᠢᠭᠡᠮ᠎ᠤᠨ ᠭᠣᠣᠯ ᠪᠣᠯᠬᠤ ᠥᠷᠲᠡᠭ᠎ᠤᠨ ᠦᠵᠡᠯᠲᠡ ᠪᠣᠯᠭ᠋ᠠᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃ ᠲᠡᠭᠡᠬᠦ ᠮᠥᠷᠲᠡᠭᠡᠨ ᠬᠡᠦᠬᠡᠳ ᠪᠠ ᠪᠠᠭ᠋ᠠᠴᠤᠳ᠎ᠠᠴᠠ ᠡᠬᠢᠯᠡᠨ ᠠᠳᠬᠤᠵᠤ᠂ ᠭᠡᠷ ᠪᠦᠯᠢ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠠᠴᠠ ᠭᠠᠷᠳᠠᠨ ᠠᠳᠬᠤᠵᠤ᠂ ᠪᠦᠬᠦ ᠨᠡᠢ᠌ᠭᠡᠮ᠎ᠤᠨ᠎ᠬᠢᠨ᠎ᠢ ᠬᠥᠲᠥᠯᠦᠨ ᠵᠢᠯᠣᠭᠣᠳᠴᠤ ᠪᠠᠢ᠌ᠭ᠋ᠠᠳ ᠠᠮᠢ ᠠᠬᠤᠶ ᠵᠢᠨ ᠪᠣᠯᠪᠠᠰᠤᠨ᠎ᠤ ᠦᠵᠡᠯ ᠤᠬᠠᠮᠰᠠᠷ᠎ᠢ ᠪᠣᠢ ᠪᠣᠯᠭ᠋ᠠᠬᠤ ᠬᠡᠷᠡᠭᠲᠡᠢ᠃ ᠠᠮᠢ ᠠᠬᠤᠶ ᠵᠢᠨ ᠪᠣᠯᠪᠠᠰᠤᠨ᠎ᠤ ᠰᠤᠷᠭ᠋ᠠᠨ ᠬᠥᠮᠥᠵᠢᠯ᠎ᠢ ᠬᠡᠪ ᠴᠢᠨᠠᠷ᠎ᠤᠨ ᠰᠤᠷᠭ᠋ᠠᠨ ᠬᠥᠮᠦᠵᠢᠯ᠎ᠤᠨ ᠴᠢᠬᠤᠯᠠ ᠠᠭᠤᠯᠭ᠎ᠠ ᠪᠣᠯᠭ᠋ᠠᠨ᠂ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲᠸᠮᠵᠢ ᠪᠠ ᠺᠠᠳ᠋ᠷᠴᠤᠳ᠎ᠤᠨ ᠬᠥᠮᠥᠵᠢᠯ ᠪᠣᠯᠪᠠᠰᠤᠷᠠᠭᠤᠯᠤᠯ᠎ᠤᠨ ᠰᠢᠰᠲ᠋ᠧᠮᠵᠢ᠎ᠳᠤ ᠣᠷᠣᠭᠤᠯᠬᠤ ᠬᠡᠷᠡᠭᠲᠡᠢ᠃ ᠡᠭᠦᠨ᠎ᠤ ᠬᠠᠮᠲᠤ᠂ ᠪᠣᠬᠢᠷᠲᠤᠯ ᠦᠭᠡᠶ ᠠᠮᠢᠳᠤᠷᠠᠯ᠎ᠤᠨ ᠠᠷᠭ᠎ᠠ ᠮᠠᠶᠢᠭ᠎ᠢ ᠪᠣᠢ᠌ᠵᠢᠭᠤᠯᠤᠨ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠬᠡᠷᠡᠭᠯᠡᠭᠡᠨ᠎ᠤ ᠦᠵᠡᠯᠲᠡ ᠵᠢ ᠰᠠᠨᠠᠭ᠋ᠠᠴᠢᠯᠠᠨ᠂ ᠪᠣᠬᠢᠷᠲᠤᠯ ᠦᠭᠡᠶ ᠠᠮᠢᠳᠤᠷᠠᠯ᠎ᠤᠨ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠪᠦᠬᠦ ᠠᠷᠠᠳ᠎ᠤᠨ ᠡᠮᠦᠰᠬᠦ᠂ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ ᠵᠡᠷᠭᠡ ᠲᠠᠯ᠎ᠠ᠎ᠪᠠᠷ ᠠᠵᠢᠯᠴᠢ ᠠᠷᠪᠢᠴᠢ᠎ᠪᠠᠷ ᠭᠠᠮᠨᠠᠨ ᠠᠷᠪᠢᠯᠠᠬᠤ᠂ ᠪᠣᠬᠢᠷᠲᠤᠯ ᠦᠭᠡᠶ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠡᠩᠬᠡ ᠠᠷᠭ᠎ᠠ ᠮᠠᠶᠢᠭ ᠲᠡᠰᠢ ᠬᠣᠪᠢᠷᠠᠬᠤ ᠵᠢ ᠲᠦᠷᠭᠡᠳᠬᠡᠨ᠂ ᠡᠯ᠎ᠡ ᠵᠦᠢ᠍ᠯ᠎ᠤᠨ ᠬᠡᠯᠪᠡᠷᠢ ᠵᠢᠨ ᠱᠠᠯᠢᠨ ᠪᠦᠷᠢᠯᠭᠡᠬᠦ᠂ ᠵᠦᠶ ᠵᠣᠬᠢᠰ ᠦᠭᠡᠶ ᠬᠡᠷᠡᠭᠯᠡᠭᠡᠨ ᠬᠢᠬᠦ ᠵᠢ ᠡᠷᠡᠰ ᠬᠣᠷᠢᠭᠯᠠᠬᠤ ᠪᠠ ᠡᠰᠡᠷᠭᠦᠴᠡᠬᠦ ᠬᠡᠷᠡᠭᠲᠡᠢ᠃ ᠨᠡᠢ᠌ᠲᠡ ᠣᠯᠠᠨ ᠵᠶ᠋ᠠᠷ ᠵᠶ᠋ᠡᠨ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠤᠨ᠂ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠨᠡᠢ᠌ᠲᠡᠯᠡᠵᠦ᠂ ᠣᠯᠠᠨ ᠨᠡᠶ᠋ᠢᠲᠡ ᠵᠢᠨ ᠣᠷᠴᠢᠨ ᠲᠣᠭᠣᠷᠢᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ᠂ ᠭᠡᠷᠡᠴᠢᠯᠡᠭᠡ ᠰᠣᠨᠣᠰᠬᠤ᠂ ᠶᠠᠷᠢᠶ᠎ᠠ ᠬᠡᠯᠡᠯᠴᠡᠭᠡᠨ ᠪᠠ ᠨᠡᠢ᠌ᠲᠡ ᠣᠯᠠᠨ ᠵᠶ᠋ᠠᠷ ᠵᠶ᠋ᠠᠨ ᠬᠢᠨᠠᠯᠲᠠ ᠲᠠᠯᠪᠢᠬᠤ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠪᠦᠬᠦ ᠠᠷᠠᠳ ᠵᠶ᠋ᠠᠷ ᠵᠶ᠋ᠠᠨ ᠣᠷᠣᠯᠴᠠᠭᠰᠠᠨ ᠨᠡᠶ᠋ᠢᠭᠡᠮ᠎ᠤᠨ ᠠᠵᠢᠯᠯᠠᠭ᠋ᠠᠨ᠎ᠤ ᠰᠢᠰᠲ᠋ᠧᠮᠵᠢ ᠵᠢ ᠪᠠᠢ᠌ᠭᠤᠯᠬᠤ ᠬᠡᠷᠡᠭᠲᠡᠢ᠃ 《ᠠᠮᠢ ᠠᠬᠤᠶ ᠵᠢᠨ ᠪᠣᠯᠪᠠᠰᠤᠨ᠎ᠤ ᠣᠨᠣᠯᠵᠢᠬᠤᠨ᠎ᠢ ᠪᠤᠶ ᠪᠣᠯᠭ᠋ᠠᠬᠤ᠎ᠨᠢ ᠪᠦᠬᠦ ᠨᠡᠶ᠋ᠢᠭᠡᠮ᠎ᠤᠨ ᠠᠰᠢᠭ ᠲᠤᠰᠠᠲᠠᠢ ᠬᠣᠯᠪᠣᠭᠳᠠᠬᠤ ᠪᠣᠯᠬᠣᠷ᠂ ᠪᠦᠬᠦ ᠨᠡᠶ᠋ᠢᠭᠡᠮ ᠵᠶ᠋ᠠᠷ ᠵᠶ᠋ᠠᠨ ᠬᠠᠮᠲᠤᠪᠡᠷ ᠬᠢᠨᠠᠯᠲᠠ ᠲᠠᠯᠪᠢᠬᠤ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠮᠢᠶ᠎ᠠ ᠪᠦᠬᠦᠢ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠴᠢᠬᠤᠯᠠᠲᠠᠢ ᠪᠠᠢ᠌ᠵᠤ᠂ ᠪᠣᠬᠢᠷᠲᠤᠯ ᠦᠭᠡᠶ ᠬᠦᠭᠵᠢᠭᠦᠯᠬᠦ ᠣᠨᠣᠯᠵᠢᠬᠤᠨ ᠢ ᠪᠣᠳᠠᠲᠠᠶ ᠠᠵᠢᠯᠯᠠᠭ᠎ᠠ᠎ᠪᠠᠷ ᠵᠶ᠋ᠡᠨ ᠦᠢ᠍ᠯᠡᠳᠦᠯᠭᠡᠵᠢᠭᠦᠯᠬᠦ ᠬᠡᠷᠡᠭᠲᠡᠢ᠃》 ᠭᠡᠵᠦ ᠸᠠᠩ ᠯᠢᠨ ᠡᠾᠸ ᠬᠡᠯᠡᠪᠡ᠃ 《ᠠᠮᠢ ᠠᠬᠤᠶ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ᠎ᠨᠢ ᠠᠯᠢ ᠨᠢᠭᠡᠨ ᠰᠠᠯᠠᠭ᠎ᠠ ᠮᠥᠴᠢᠷ᠎ᠤᠨ ᠶᠠᠪᠤᠳᠠᠯ ᠪᠢᠰᠢ᠂ ᠪᠦᠬᠦ ᠨᠡᠶ᠋ᠢᠭᠡᠮ᠎ᠤᠨ ᠬᠠᠮᠲᠤ ᠵᠢᠨ ᠬᠠᠷᠢᠭᠤᠴᠠᠯᠭ᠎ᠠ ᠪᠠ ᠬᠠᠷᠠᠯᠲᠠ ᠪᠣᠯᠣᠨ᠎ᠠ᠃ ᠠᠷᠠᠳ ᠢᠷᠭᠡᠳ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠦᠵᠡᠯ ᠤᠬᠠᠮᠰᠠᠷ ᠪᠠ ᠲᠠᠨᠢᠯᠲᠠ ᠵᠢ ᠳᠡᠭᠡᠭᠰᠢᠯᠡᠭᠦᠯᠬᠦ᠎ᠳᠤ᠂ ᠵᠠᠰᠠᠭ᠎ᠤᠨ ᠣᠷᠳᠣᠨ᠎ᠨᠤᠭᠤᠳ ᠳᠦᠷᠢᠮ ᠵᠶ᠋ᠡᠷ ᠬᠥᠮᠦᠰ᠎ᠤᠨ ᠣᠷᠴᠢᠨ ᠲᠣᠭᠣᠷᠢᠨ᠎ᠢ ᠡᠪᠳᠡᠭᠰᠡᠨ ᠦᠢ᠍ᠯᠡ ᠠᠵᠢᠯᠯᠠᠭ᠎ᠠ ᠵᠢ ᠬᠢᠵᠠᠭ᠋ᠠᠷᠯᠠᠵᠤ᠂ ᠪᠣᠬᠢᠷᠳᠣᠯ ᠦᠭᠡᠢ ᠠᠮᠢ ᠠᠬᠤᠶ ᠵᠢ ᠡᠷᠬᠢᠯᠡᠵᠦ ᠪᠠᠢ᠌ᠭ᠎ᠠ ᠠᠵᠤ ᠠᠬᠤᠶ᠋ᠢᠯᠠᠯ ᠪᠠ ᠬᠤᠪᠢ ᠬᠥᠮᠥᠨ᠎ᠢ ᠵᠣᠷᠢᠭᠵᠢᠭᠤᠯᠬᠤ ᠬᠡᠷᠡᠭᠲᠡᠶ᠃》 ᠭᠡᠵᠦ ᠣᠷᠳᠣᠰ ᠬᠣᠲᠠ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡᠨ᠎ᠤ ᠳᠠᠷᠤᠭ᠎ᠠ ᠶᠠᠩ ᠶᠦᠩ ᠹᠸᠩ ᠰᠠᠨᠠᠭᠤᠯᠪᠠ᠃ ᠡᠭᠦᠨ᠎ᠠᠴᠠ ᠭᠠᠳᠠᠨ᠎ᠠ᠂ ᠲᠤᠰᠬᠠᠶ ᠮᠡᠷᠭᠡᠵᠢᠯᠲᠡᠳ ᠢᠯᠡᠳᠬᠡᠬᠦ᠎ᠳᠡᠭᠡᠨ᠂ ᠪᠣᠬᠢᠷᠳᠣᠯ ᠦᠭᠡᠢ ᠵᠢᠨ ᠬᠤᠪᠢᠰᠤᠯᠲᠠ ᠵᠢᠨ ᠠᠷᠭ᠎ᠠ ᠪᠠᠷᠢᠯ᠎ᠤᠨ ᠲᠠᠯ᠎ᠠ᠎ᠪᠠᠷ᠎ᠬᠢ ᠠᠬᠢᠯᠲᠠ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠣᠨᠣᠯᠵᠢᠬᠤᠨ᠎ᠤ ᠬᠥᠮᠦᠰ᠎ᠤᠨ ᠰᠡᠳᠬᠢᠯ᠎ᠳᠤ ᠬᠠᠳᠠᠩᠰᠢᠬᠤ ᠵᠢ ᠳᠠᠭ᠋ᠠᠯᠳᠤᠨ᠂ ᠪᠣᠬᠢᠷᠳᠦᠯ ᠦᠭᠡᠢ᠌ᠵᠢᠯᠲᠡᠨᠢ ᠪᠢᠳᠡᠨ᠎ᠤ ᠠᠮᠢᠳᠤᠷᠠᠯ᠎ᠢ ᠦᠯᠦ ᠮᠡᠳᠡᠭᠳᠡᠮ᠎ᠡ᠎ᠪᠠᠷ ᠨᠥᠯᠥᠭᠡᠯᠡᠵᠦ ᠪᠤᠢ᠃ ᠵᠢᠱ᠌ᠢᠶᠡᠯᠡᠪᠡᠯ ᠣᠷᠣᠰᠢᠨ ᠰᠠᠭᠤᠬᠤ ᠲᠠᠯ᠎ᠠ᠎ᠪᠠᠷ᠂ ᠣᠷᠴᠢᠨ ᠲᠣᠭᠣᠷᠢᠨ ᠰᠠᠢ᠌ᠵᠢᠷᠠᠯᠲᠠ᠎ᠲᠠᠢ ᠪᠣᠯᠵᠤ᠂ ᠨᠣᠭᠤᠭ᠋ᠠᠷᠠᠯᠲᠠ ᠨᠡᠮᠡᠭᠳᠡᠬᠦ ᠪᠣᠯᠣᠨ᠎ᠠ; ᠭᠠᠳᠠᠭᠰᠢ ᠶᠠᠪᠤᠬᠤ ᠲᠠᠯ᠎ᠠ᠎ᠪᠠᠷ᠂ ᠳᠣᠣᠷ᠎ᠠ ᠨᠡᠭᠦᠷᠡᠰᠦᠲᠥ᠋ᠷᠥᠭᠴᠢᠲᠦ᠂ ᠳᠥᠭᠥᠮ ᠳᠥᠲᠡ ᠵᠠᠮ ᠬᠠᠷᠢᠯᠴᠠᠭ᠋ᠠᠨ᠎ᠤ ᠰᠢᠰᠲᠸᠮᠵᠢ᠎ᠨᠢ ᠨᠡᠩ ᠳᠦᠭᠦᠮ ᠳᠦᠳᠡ ᠪᠣᠯᠤᠨ᠎ᠠ; ᠢᠳᠡᠭᠡᠨ ᠤᠮᠳᠠᠭ᠋ᠠᠨ᠎ᠤ ᠲᠠᠯ᠎ᠠ᠎ᠪᠠᠷ᠂ ᠲᠠᠷᠢᠶᠠᠯᠠᠩ᠎ᠤᠨ ᠣᠷᠴᠢᠯ ᠠᠵᠤ ᠠᠬᠤᠶ ᠵᠢ ᠬᠥᠭᠵᠢᠭᠦᠯᠦᠨ᠂ ᠲᠠᠷᠢᠶᠠᠯᠠᠩ᠎ᠤᠨ ᠪᠣᠬᠢᠷᠲᠤᠯ᠎ᠢ ᠵᠠᠰᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠣ ᠴᠢᠨᠠᠷ᠎ᠤᠨ ᠠᠶᠤᠯ ᠦᠭᠡᠢ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ᠎ᠤᠨ ᠳᠡᠭᠡᠭᠰᠢᠯᠡᠬᠦ ᠪᠣᠯᠣᠨ᠎ᠠ᠃ ᠡᠭᠦᠨ᠎ᠤ ᠬᠠᠮᠲᠤ᠂ ᠪᠠᠰᠠ ᠠᠭ᠋ᠠᠷ ᠮᠠᠨᠳᠠᠯ᠎ᠤᠨ ᠪᠣᠬᠢᠷᠲᠤᠯ᠂ ᠤᠰᠤᠨ᠎ᠤ ᠪᠣᠬᠢᠷᠲᠤᠯ᠂ ᠬᠥᠷᠥᠰᠥ ᠰᠢᠷᠣᠶ ᠵᠢᠨ ᠪᠣᠬᠢᠷᠲᠤᠯ᠂ ᠢᠳᠡᠭᠡᠨ᠎ᠤ ᠠᠮᠤᠷ ᠲᠥᠪᠰᠢᠨ ᠵᠡᠷᠭᠡ ᠵᠢ ᠵᠠᠰᠠᠬᠤ ᠨᠢᠭᠡ ᠪᠦᠯᠦᠭ ᠳᠡᠭᠡᠳᠦ ᠮᠡᠷᠭᠡᠵᠢᠯ᠎ᠤᠨ ᠠᠵᠤ ᠠᠬᠤᠶ᠋ᠢᠯᠠᠯ ᠪᠤᠢ ᠪᠣᠯᠵᠤ ᠡᠳᠡᠭᠡᠷ ᠬᠦᠷᠢᠶᠡᠨ᠎ᠳᠠᠬᠢ ᠤᠴᠢᠷ ᠶᠠᠪᠤᠳᠠᠯ᠎ᠢ ᠬᠢᠬᠦ᠎ᠪᠠᠷ ᠬᠦᠴᠦᠯᠡᠨ ᠴᠢᠷᠮᠠᠶ᠋ᠢᠵᠤ᠂ ᠮᠠᠨ᠎ᠤ ᠠᠮᠢᠳᠤᠷᠠᠯ ᠨᠡᠩ ᠰᠠᠨᠠᠭ᠎ᠠ ᠠᠮᠤᠷ ᠪᠠ ᠠᠮᠤᠷ ᠲᠦᠪᠰᠢᠨ ᠪᠣᠯᠣᠨ᠎ᠠ ᠭᠡᠵᠡᠢ᠃
《ᠰᠠᠨᠠᠯ》᠎ᠨᠢ ᠬᠥᠮᠥᠰ᠎ᠲᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠠᠶ᠋ᠢᠨ ᠰᠠᠶ᠋ᠢᠬᠠᠨ ᠠᠯᠤᠰ᠎ᠤᠨ ᠲᠥᠯᠥᠪ᠎ᠢ ᠵᠢᠷᠣᠭᠯᠠᠵᠤ ᠥᠭᠪᠡ᠂ 2020 ᠣᠨ ᠪᠣᠯᠬᠤ᠎ᠳᠤ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ ᠵᠢᠨ ᠪᠠ ᠣᠷᠴᠢᠨ ᠲᠣᠭᠤᠷᠢᠨᠯᠤᠭᠠ ᠨᠥᠬᠥᠷᠰᠡᠭ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠴᠢᠬᠤᠯᠠ ᠶᠡᠬᠡ ᠠᠬᠢᠯᠲᠠ᠎ᠲᠠᠢ ᠪᠣᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠢᠷᠢ ᠬᠡᠮᠵᠢᠶ᠎ᠡ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠬᠠᠷᠠᠯᠲᠠ᠎ᠯᠤᠭ᠎ᠠ ᠲᠣᠬᠢᠷᠠᠯᠴᠠᠵᠤ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠬᠢ ᠪᠠᠶᠠᠯᠢᠭ᠎ᠢ ᠠᠰᠢᠭᠯᠠᠬᠤ᠎ᠨᠢ ᠨᠡᠩ ᠥᠨᠳᠥᠷ ᠦᠷ᠎ᠡ ᠪᠦᠲᠦᠮᠵᠢ᠎ᠲᠠᠢ ᠪᠣᠯᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ ᠶᠡᠷᠦᠩᠭᠡᠢ ᠳᠡᠭᠡᠨ ᠰᠠᠢ᠌ᠵᠢᠷᠠᠨ ᠂ ᠠᠮᠢ ᠠᠬᠤᠶ ᠵᠢᠨ ᠪᠣᠯᠪᠠᠰᠤᠨ᠎ᠤ ᠴᠢᠬᠤᠯᠠ ᠶᠡᠬᠡ ᠳᠦᠷᠢᠮ ᠦᠨᠳᠦᠰᠦᠨ᠎ᠳᠡᠭᠡᠨ ᠪᠣᠢ ᠪᠣᠯᠬᠤ ᠪᠣᠯᠣᠨ᠎ᠠ᠃
ᠬᠡᠯᠡᠯᠭᠡᠨ ᠦᠭᠡᠶ᠂ ᠡᠨᠡ ᠬᠦ᠌ ᠬᠠᠷᠠᠯᠲᠠ ᠵᠢ ᠪᠡᠶᠡᠯᠡᠭᠦᠯᠬᠦ᠎ᠳᠤ᠂ ᠪᠢᠳᠡ ᠨᠠᠷ ᠬᠠᠮᠲᠤ᠎ᠳᠠᠭᠠᠨ ᠴᠢᠷᠮᠠᠢ᠌ᠬᠤ ᠴᠢᠬᠤᠯᠠᠲᠠᠢ ᠪᠠᠢ᠌ᠬᠤ ᠵᠢᠨ ᠬᠠᠮᠲᠤ ᠠᠵᠢᠭᠯᠠᠨ ᠬᠦᠯᠢᠶᠡᠵᠦ ᠪᠠᠢ᠌ᠶ᠎ᠠ!
ᠨᠣᠭᠣᠭ᠋ᠠᠨ ᠬᠤᠪᠢᠰᠤᠯᠲᠠ ᠳᠤᠮᠳᠠᠬᠢ ᠥᠪᠥᠷ ᠮᠣᠩᠭᠣᠯ᠎ᠤᠨ ᠳᠣᠬᠢᠶ᠎ᠠ
ᠣᠶ᠋ᠢᠷ᠎ᠠ ᠵᠢᠨ ᠵᠢᠯ᠎ᠳᠤ᠂ ᠮᠠᠨ᠎ᠤ ᠣᠷᠣᠨ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ》᠎ᠪᠠᠷ ᠬᠠᠷᠠᠯᠲᠠ ᠪᠣᠯᠭ᠋ᠠᠨ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠲᠠᠰᠤᠷᠠᠯᠲᠠ ᠦᠭᠡᠶ ᠴᠢᠩᠭ᠋ᠠᠷᠠᠭᠤᠯᠪᠠ᠃ ᠡᠨᠡ ᠵᠢᠯ᠂ ᠪᠦᠬᠦ ᠣᠷᠣᠨ᠎ᠤ ᠣᠶ ᠰᠢᠭᠤᠶ ᠵᠢᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠦᠷᠭᠦᠯᠵᠢᠯᠡᠨ 1000 ᠲᠦᠮᠡᠨ ᠮᠥ᠍᠎ᠠᠴᠠ ᠳᠡᠭᠡᠭᠰᠢ ᠪᠠᠶ᠋ᠢᠯᠭ᠋ᠠᠵᠤ᠂ ᠪᠦᠬᠦ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠪᠠᠷ ᠬᠠᠮᠤᠭ ᠠᠷᠪᠢᠨ ᠮᠤᠵᠢ ᠣᠷᠣᠨ ᠪᠣᠯᠤᠨ᠎ᠠ᠃ ᠲᠤᠰ ᠤᠳᠠᠭ᠋ᠠᠨ᠎ᠤ ᠨᠣᠭᠣᠭ᠋ᠠᠨ᠎ᠤ ᠬᠤᠪᠢᠰᠤᠯᠲᠠ᠎ᠨᠢ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠶᠠᠮᠠᠷ ᠳᠣᠬᠢᠶ᠎ᠠ ᠲᠠᠯᠪᠢᠵᠤ᠂ ᠶᠠᠮᠠᠷ ᠶᠠᠮᠠᠷ ᠴᠢᠭᠯᠡᠯ᠎ᠢ ᠲᠣᠳᠣᠷᠬᠠᠶ ᠵᠢᠭ᠋ᠠᠭᠰᠠᠨ ᠪᠤᠶ?
ᠢᠦᠢ ᠭᠤᠸᠠᠩ ᠵᠢᠶᠦ᠋ᠨ᠎ᠤ ᠦᠵᠡᠬᠦ᠎ᠪᠠᠷ᠂ ᠪᠢᠳᠡ ᠶᠠᠭ ᠠᠵᠤ ᠠᠬᠤᠶ ᠰᠢᠨ᠎ᠡ ᠬᠡᠪ ᠪᠠᠢ᠌ᠳᠠᠯ᠎ᠢ ᠪᠠᠢ᠌ᠭᠤᠯᠬᠤ ᠪᠠ ᠪᠣᠢ ᠪᠣᠯᠭ᠋ᠠᠬᠤ ᠴᠠᠭ ᠦᠶ᠎ᠡ᠎ᠳᠤ ᠣᠷᠣᠰᠢᠵᠤ ᠪᠠᠢ᠌ᠭ᠎ᠠ ᠲᠤᠯᠠ᠂ ᠤᠯᠠᠮᠵᠢᠯᠠᠯᠲᠤ ᠠᠵᠤ ᠠᠬᠤᠶ ᠵᠢᠨ ᠪᠠᠶ᠋ᠢᠳᠠᠯ᠎ᠠᠴᠠ᠎ᠪᠠᠨ ᠰᠢᠨ᠎ᠡ ᠬᠡᠪ ᠪᠠᠶ᠋ᠢᠳᠠᠯ ᠲᠡᠰᠢ ᠬᠤᠪᠢᠷᠠᠭᠤᠯᠬᠤ ᠶᠠᠪᠤᠴᠠ᠎ᠳᠤ᠂ ᠬᠤᠷᠳᠤᠴᠠ᠎ᠪᠠᠨ ᠨᠡᠮᠡᠭᠳᠡᠭᠦᠯᠬᠦ᠎ᠪᠠᠷ ᠵᠠᠯᠭ᠋ᠠᠯᠲᠠ ᠰᠣᠯᠢᠬᠤ᠂ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠬᠤ᠂ ᠬᠥᠳᠡᠯᠭᠡᠭᠴᠢ ᠬᠦᠴᠦᠨ᠎ᠢ ᠬᠤᠪᠢᠷᠠᠭᠤᠯᠬᠤ ᠴᠢᠬᠤᠯᠠᠲᠠᠢ ᠪᠠᠢ᠌ᠨ᠎ᠠ᠃ 《ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠬᠤ᠎ᠨᠢ ᠮᠠᠨ᠎ᠤ ᠤᠯᠠᠮᠵᠢᠯᠠᠯᠲᠤ ᠠᠵᠤ ᠦᠢ᠍ᠯᠡᠰ᠎ᠤᠨ ᠢᠷᠡᠭᠡᠳᠦᠶ ᠵᠢᠨ ᠬᠥᠭᠵᠢᠯᠲᠡ᠎ᠳᠠᠬᠢ ᠳᠡᠰ ᠳᠡᠪᠰᠢᠭᠦᠯᠦᠨ ᠦᠶ᠎ᠡ ᠰᠣᠯᠢᠬᠤ᠎ᠳᠤ ᠨᠢᠭᠡᠨ ᠲᠣᠳᠣᠷᠬᠠᠶ ᠴᠢᠭᠯᠡᠯ ᠬᠠᠩᠭ᠋ᠠᠭᠰᠠᠨ ᠪᠠᠶ᠋ᠢᠨ᠎ᠠ᠃ ᠨᠢᠭᠡ ᠲᠠᠯ᠎ᠠ᠎ᠪᠠᠷ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠂ ᠨᠥᠭᠥᠭᠡ ᠲᠠᠯ᠎ᠠ᠎ᠪᠠᠷ ᠥᠩᠭᠡᠷᠡᠭᠰᠡᠨ᠎ᠤ ᠠᠮᠢ ᠠᠬᠤᠶ ᠪᠠ ᠣᠷᠴᠢᠨ ᠲᠣᠭᠣᠷᠢᠨ᠎ᠳᠤ ᠬᠠᠨᠳᠤᠭᠤᠯᠤᠭᠰᠠᠨ ᠮᠠᠭᠤ ᠬᠢᠬᠦ ᠠᠷᠭ᠎ᠠ ᠵᠢ ᠥᠭᠡᠷᠡᠴᠢᠯᠡᠬᠦ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠳᠡᠰ ᠳᠡᠪᠰᠢᠬᠦ ᠪᠠ ᠱᠠᠭ᠋ᠠᠷᠳᠠᠯᠭ᠎ᠠ᠎ᠪᠠᠷ ᠠᠪᠴᠤ ᠬᠡᠯᠡᠪᠡᠯ᠂ ᠥᠩᠭᠡᠷᠡᠭᠰᠡᠨ᠎ᠳᠤ ᠠᠵᠤ ᠠᠬᠤᠶ ᠵᠢᠨ ᠦᠷ᠎ᠡ ᠠᠰᠢᠭ᠎ᠤᠨ ᠲᠥᠯᠥᠭᠡ ᠵᠠᠷᠢᠮ ᠪᠣᠬᠢᠷᠲᠤᠯ᠎ᠲᠠᠢ ᠠᠵᠤ ᠦᠢ᠍ᠯᠡᠰ᠎ᠤᠨ ᠪᠠᠢ᠌ᠬᠤ ᠵᠢ ᠲᠡᠰᠪᠦᠷᠢᠯᠡᠵᠦ ᠪᠠᠢ᠌ᠭᠰᠠᠨ᠂ ᠢᠷᠡᠭᠡᠳᠦᠶ᠎ᠳᠤ ᠪᠢᠳᠡᠨ᠎ᠤ ᠲᠡᠰᠪᠦᠷᠢᠯᠡᠬᠦ ᠬᠡᠮᠵᠢᠶ᠎ᠡ ᠶᠠᠪᠤᠬᠤ ᠲᠤᠲᠤᠮ ᠤᠯᠠᠮ ᠳᠣᠣᠷ᠎ᠠ ᠪᠣᠯᠵᠤ᠂ ᠪᠣᠬᠢᠷᠲᠤᠯ᠎ᠢ ᠵᠠᠰᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠎ᠨᠢ ᠬᠠᠲᠠᠭᠤ ᠬᠢᠵᠠᠭ᠋ᠠᠷᠯᠠᠯ ᠪᠣᠯᠬᠤ᠎ᠪᠠᠷ ᠪᠠᠢ᠌ᠨ᠎ᠠ᠃》 《ᠡᠬᠢ ᠪᠠᠶᠠᠯᠢᠭ᠎ᠢ ᠲᠡᠩᠴᠡᠭᠦᠷᠢᠰᠢᠭᠦᠯᠬᠦ ᠬᠢᠭᠡᠳ ᠣᠷᠴᠢᠨ ᠲᠣᠭᠣᠷᠢᠨᠯᠤᠭᠠ ᠵᠢᠨ ᠬᠠᠷᠢᠴᠠᠭ᠋ᠠᠨ᠎ᠤ ᠲᠠᠯ᠎ᠠ᠎ᠪᠠᠷ᠂ 《ᠰᠠᠨᠠᠯ》᠎ᠨᠢ ᠪᠠᠰᠠ ᠨᠢᠭᠡᠨ ᠮᠠᠰᠢ ᠴᠢᠬᠤᠯᠠ ᠴᠢᠭᠯᠡᠯ᠎ᠢ ᠳᠤᠷᠠᠳᠤᠭᠰᠠᠨ ᠪᠠᠶ᠋ᠢᠨ᠎ᠠ᠂ ᠲᠤᠬᠠᠶ᠋ᠢᠯᠠᠪᠠᠯ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ᠂ ᠡᠷᠬᠡᠪᠰᠢ ᠣᠷᠴᠢᠨ ᠲᠣᠭᠣᠷᠢᠨ᠎ᠳᠤ ᠠᠰᠢᠭᠲᠠᠶ ᠪᠠᠢ᠌ᠯᠭ᠋ᠠᠬᠤ ᠬᠡᠷᠡᠭᠲᠡᠢ ᠮᠥᠷᠲᠡᠭᠡᠨ ᠪᠠᠰᠠ ᠨᠡᠶ᠋ᠢᠭᠡᠮ᠎ᠤᠨ ᠠᠮᠤᠷ ᠲᠣᠭᠲᠠᠭᠤᠨ᠎ᠢ ᠪᠠᠲᠤᠯᠠᠬᠤ᠎ᠳᠤ ᠠᠰᠢᠭᠲᠠᠶ ᠪᠠᠢ᠌ᠯᠭ᠋ᠠᠬᠤ ᠬᠡᠷᠡᠭᠲᠡᠢ᠃ ᠥᠪᠥᠷ ᠮᠣᠩᠭᠣᠯ ᠠᠮᠢ ᠠᠬᠤᠶ ᠵᠢᠨ ᠬᠠᠯᠬᠠᠪᠴᠢ ᠪᠠ ᠡᠬᠢ ᠪᠠᠶᠠᠯᠢᠭ ᠵᠶ᠋ᠠᠷ ᠡᠯᠪᠡᠭ ᠳᠡᠯᠪᠡᠭ ᠭᠠᠵᠠᠷ ᠣᠷᠣᠨ ᠪᠣᠯᠣᠭᠰᠠᠨ᠎ᠤ ᠬᠤᠪᠢ᠎ᠳᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠪᠣᠬᠢᠷᠳᠣᠯ ᠦᠭᠡᠢ᠎ᠪᠠᠷ ᠬᠥᠭᠵᠢᠭᠦᠯᠬᠦ᠎ᠪᠠᠷ ᠬᠥᠲᠥᠯᠥᠨ ᠵᠢᠯᠣᠭᠣᠳᠤᠭᠤᠯᠬᠤ ᠵᠢ ᠨᠡᠩ ᠴᠢᠬᠤᠯᠠᠲᠠᠢ ᠶᠤᠮ᠃》 ᠭᠡᠵᠦ ᠢᠦᠢ ᠭᠤᠸᠠᠩ ᠵᠢᠶᠦ᠋ᠨ ᠬᠡᠯᠡᠪᠡ᠃ ᠡᠭᠦᠨ᠎ᠠᠴᠠ ᠭᠠᠳᠠᠨ᠎ᠠ᠂ ᠲᠡᠷᠡ ᠪᠠᠰᠠ ᠢᠷᠡᠭᠡᠳᠦᠶ ᠵᠢᠨ ᠠᠵᠤ ᠦᠢ᠍ᠯᠡᠰ᠎ᠤᠨ ᠬᠥᠭᠵᠢᠯᠲᠡ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠡᠷᠭᠡ ᠪᠣᠬᠢᠷᠲᠤᠯ ᠦᠭᠡᠶ ᠠᠵᠤ ᠦᠢ᠍ᠯᠡᠰ᠂ ᠵᠢᠱ᠌ᠢᠶᠡᠯᠡᠪᠡᠯ ᠮᠠᠨ᠎ᠤ ᠣᠷᠣᠨ᠎ᠤ ᠡᠨᠧᠷᠭᠢ ᠠᠷᠪᠢᠯᠠᠬᠤ ᠴᠠᠬᠢᠯᠭ᠋ᠠᠨ ᠮᠠᠰᠢᠨ ᠬᠢᠭᠡᠳ 5 ᠶᠡᠬᠡ ᠰᠠᠭᠤᠷᠢᠨ ᠭᠠᠵᠠᠷ᠎ᠲᠤ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠬᠤ ᠦᠢ᠍ᠯᠡᠴᠢᠯᠡᠭᠡ ᠬᠠᠩᠭ᠋ᠠᠵᠤ ᠪᠠᠢ᠌ᠭ᠎ᠠ ᠠᠵᠤ ᠦᠢ᠍ᠯᠡᠰ᠎ᠨᠢ ᠨᠡᠩ ᠰᠠᠢ᠌ᠨ ᠵᠠᠬ᠎ᠠ ᠳᠡᠯᠭᠡᠭᠦᠷ᠎ᠤᠨ ᠣᠷᠣᠨ ᠵᠠᠶ᠎ᠲᠠᠢ ᠪᠣᠯᠤᠨ᠎ᠠ ᠭᠡᠵᠦ ᠦᠵᠡᠪᠡ᠃
ᠸᠠᠩ ᠯᠢᠨ ᠾᠧ ᠵᠢᠨ ᠦᠵᠡᠬᠦ᠎ᠪᠠᠷ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠳᠤᠮᠳᠠ᠂ ᠪᠦᠬᠦ ᠤᠯᠤᠰ ᠵᠶ᠋ᠡᠷ ᠵᠶ᠋ᠡᠨ ᠨᠢᠭᠡᠨ ᠬᠥᠯᠭᠡ ᠰᠢᠲᠠᠷ᠎ᠠ ᠮᠡᠲᠦ ᠪᠠᠢ᠌ᠵᠤ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠳᠣᠣᠷᠠᠳᠤ ᠤᠷᠤᠰᠬᠠᠯ᠎ᠤᠨ ᠣᠷᠣᠨ᠎ᠨᠢ ᠳᠡᠭᠡᠳᠦ ᠤᠷᠤᠰᠬᠠᠯ᠎ᠤᠨ ᠣᠷᠣᠨ᠎ᠢ ᠬᠠᠮᠠᠭ᠋ᠠᠯᠠᠬᠤ ᠪᠠ ᠭᠡᠳᠡᠷᠭᠦ ᠲᠤᠰᠠᠯᠠᠬᠤ ᠵᠢ ᠴᠢᠩᠭ᠋ᠠᠳᠬᠠᠬᠤ ᠬᠡᠷᠡᠭᠲᠡᠢ᠃ 《ᠠᠮᠢ ᠠᠬᠤᠶ ᠵᠢᠨ ᠣᠷᠴᠢᠨ ᠲᠣᠭᠣᠷᠢᠨ ᠬᠡᠪᠡᠷᠡᠭ ᠭᠠᠵᠠᠷ ᠣᠷᠣᠨ᠎ᠳᠤ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ᠂ ᠵᠥᠪᠬᠡᠨ ᠨᠢᠭᠡ ᠯᠠ ᠭᠠᠵᠠᠷ ᠣᠷᠣᠨ᠎ᠤ ᠴᠢᠳᠠᠪᠤᠷᠢ᠎ᠳᠤ ᠲᠦᠰᠢᠭᠯᠡᠬᠦ᠎ᠨᠢ ᠢᠯᠡᠷᠬᠡᠶ ᠬᠦᠷᠦᠯᠴᠡᠬᠦ ᠦᠭᠡᠶ ᠲᠤᠯᠠ᠂ ᠡᠯ᠎ᠡ ᠲᠠᠯ᠎ᠠ ᠵᠢᠨ᠎ᠬᠢᠨ᠎ᠤ ᠳᠡᠮᠵᠢᠯᠭᠡ ᠪᠠᠢ᠌ᠬᠤ ᠴᠢᠬᠤᠯᠠᠲᠠᠶ᠃》 ᠡᠭᠦᠨ᠎ᠤ ᠬᠠᠮᠲᠤ᠂ ᠸᠠᠩ ᠯᠢᠨ ᠾᠧ ᠪᠠᠰᠠ ᠵᠢᠭ᠋ᠠᠵᠤ ᠭᠠᠷᠭ᠋ᠠᠭᠰᠠᠨ᠎ᠨᠢ᠄ 《ᠠᠵᠤ ᠠᠬᠤᠶ ᠵᠢᠨ ᠶᠡᠬᠡ ᠪᠠᠭ᠎ᠠ ᠪᠠᠢ᠌ᠬᠤ᠎ᠨᠢ ᠡᠩ᠎ᠤᠨ ᠬᠣᠲᠠ ᠵᠢᠨ ᠠᠷᠠᠳ᠎ᠲᠤ ᠠᠪᠴᠤ ᠬᠡᠯᠡᠪᠡᠯ᠂ ᠢᠯᠡᠷᠬᠡᠢ ᠪᠣᠳᠠᠲᠤ ᠠᠰᠢᠭ ᠣᠯᠭᠣᠯᠠ ᠭᠡᠵᠦ ᠰᠠᠨᠠᠭᠳᠠᠭᠤᠯᠵᠤ ᠴᠢᠳᠠᠬᠤ ᠦᠭᠡᠢ᠃ ᠭᠡᠪᠡᠴᠦ ᠴᠢᠪ ᠬᠡᠮᠡᠨ ᠠᠮᠢ ᠠᠬᠤᠶ ᠵᠢᠨ ᠣᠷᠴᠢᠨ ᠲᠣᠭᠣᠷᠢᠨ ᠡᠪᠳᠡᠭᠳᠡᠪᠡᠯ᠂ ᠠᠮᠢᠳᠤᠷᠠᠯ ᠲᠣᠩ ᠶᠡᠬᠡ ᠨᠥᠯᠥᠭᠡᠯᠡᠭᠳᠡᠯᠡ ᠭᠡᠳᠡᠭ᠎ᠢ ᠣᠯᠠᠨ ᠵᠶ᠋ᠠᠷ ᠵᠶ᠋ᠠᠨ ᠴᠥᠮ ᠰᠡᠷᠡᠵᠦ ᠮᠡᠳᠡᠬᠦ ᠶᠤᠮ᠃》 ᠸᠠᠩ ᠯᠢᠨ ᠾᠧ ᠵᠢᠨ ᠬᠡᠯᠡᠬᠦ᠎ᠪᠠᠷ᠂ ᠥᠪᠥᠷ ᠮᠣᠩᠭᠣᠯ ᠪᠣᠯ ᠨᠢᠭᠡᠨ ᠠᠮᠢ ᠠᠬᠤᠶ ᠵᠢᠨ ᠣᠷᠴᠢᠨ ᠲᠣᠭᠣᠷᠢᠨ ᠬᠡᠪᠡᠷᠡᠭ ᠭᠠᠵᠠᠷ ᠣᠷᠣᠨ ᠪᠣᠯᠬᠤ ᠪᠦᠭᠡᠳ ᠥᠷᠭᠡᠷᠢᠭ᠎ᠨᠢ ᠥᠨᠳᠥᠷ᠂ ᠬᠤᠷ᠎ᠠ ᠲᠤᠨᠳᠠᠰᠤ ᠴᠥᠭᠡᠨ᠂ ᠢᠯᠠᠩᠭᠤᠶ᠎ᠠ ᠤᠰᠤᠨ᠎ᠤ ᠣᠷᠴᠢᠨ ᠲᠣᠭᠣᠷᠢᠨ᠎ᠨᠢ ᠬᠠᠮᠤᠭ᠎ᠤᠨ ᠶᠡᠬᠡ ᠬᠢᠵᠠᠭ᠋ᠠᠷᠯᠠᠯ ᠪᠣᠯᠵᠤ ᠪᠠᠢ᠌ᠳᠠᠭ᠃ ᠮᠠᠨ᠎ᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠥᠭᠵᠢᠯᠲᠡ ᠵᠢ ᠦᠨᠳᠦᠰᠦᠨ᠎ᠠᠴᠠ ᠰᠠᠢ᠌ᠵᠢᠷᠠᠭᠤᠯᠤᠶ᠎ᠠ ᠭᠡᠪᠡᠯ᠂ ᠬᠡᠪᠡᠷᠡᠭ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠲᠡᠷᠡ ᠥᠪᠡᠷᠲᠡᠭᠡᠨ ᠵᠠᠰᠠᠬᠤ ᠣᠷᠣᠨ ᠬᠠᠮᠠᠭ᠋ᠠᠯᠠᠯᠲᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠵᠢᠨ ᠵᠡᠷᠭᠡᠴᠡᠭᠡᠪᠡᠷ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠪᠠᠶ᠋ᠢᠭ᠋ᠠᠯᠢ ᠵᠢᠨ ᠵᠢᠮ᠎ᠡ ᠶᠣᠰᠣ ᠵᠢ ᠵᠢᠷᠤᠮᠯᠠᠨ᠂ ᠪᠦᠬᠦᠯᠢ ᠴᠣᠭᠴᠠ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠰᠠᠨᠠᠯ ᠪᠠ ᠠᠷᠭ᠎ᠠ ᠵᠢ ᠪᠤᠢ ᠪᠤᠯᠭ᠋ᠠᠬᠤ ᠬᠡᠷᠡᠭᠲᠡᠢ ᠭᠡᠰᠡᠨ ᠰᠠᠨᠠᠭᠤᠯᠭ᠎ᠠ ᠳᠤᠷᠠᠳᠪᠠ᠃