ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2015-07-08

      ᠣᠶ᠋ᠢᠷ᠎ᠠ᠎ᠳᠤ᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠣᠯ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠪᠴᠢᠶ᠎ᠠ 《ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠨᠡᠶ᠋ᠢᠲᠡᠯᠡᠨ᠂ ᠥᠪᠡᠷᠲᠡᠭᠡᠨ ᠵᠠᠰᠠᠬᠤ ᠣᠷᠣᠨ᠎ᠤ 112233 ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢᠨ ᠲᠤᠭᠤᠷᠢᠨ᠎ᠳᠤ ᠣᠯᠠᠨ ᠵᠦᠢ᠍ᠯ᠎ᠤᠨ ᠰᠢᠨ᠎ᠡ ᠲᠥᠷᠥ ᠵᠢᠨ ᠪᠣᠳᠣᠯᠭ᠎ᠠ ᠵᠢ ᠳᠤᠷᠠᠳᠴᠤ᠂ ᠡᠭᠦᠪᠡᠷ ᠰᠢᠨ᠎ᠡ ᠵᠢ ᠡᠭᠦᠳᠬᠦ ᠠᠳᠠᠯ ᠦᠢ᠍ᠯᠡᠰ ᠴᠤᠭᠴᠠᠯᠠᠬᠤ᠎ᠪᠠᠷ ᠬᠦᠳᠡᠯᠭᠡᠭᠦᠷ ᠪᠤᠯᠭ᠋ᠠᠭᠰᠠᠨ ᠬᠦᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠬᠦᠯᠦᠨ᠂ ᠣᠯᠠᠨ ᠵᠶ᠋ᠠᠷ ᠵᠶ᠋ᠠᠨ ᠠᠳᠠᠯ ᠦᠢ᠍ᠯᠡᠰ ᠴᠤᠭᠴᠠᠯᠠᠬᠤ ᠵᠢ ᠠᠬᠢᠭᠤᠯᠬᠤ᠎ᠪᠠᠷ ᠪᠠᠢ᠌ᠨ᠎ᠠ᠃
     《ᠰᠠᠨᠠᠯ》᠎ᠤᠨ ᠶᠤᠰᠤᠭ᠋ᠠᠷ᠂ ᠡᠨᠡ ᠵᠢᠯ᠎ᠠᠴᠠ ᠡᠬᠢᠯᠡᠨ᠂ ᠲᠠᠪᠤᠨ ᠵᠢᠯ᠎ᠤᠨ ᠳᠣᠲᠣᠷ᠎ᠠ᠂ ᠪᠦᠬᠦ ᠣᠷᠣᠨ᠎ᠤ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ᠴᠥᠮ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠢᠰᠲᠸᠮᠵᠢ ᠵᠢ ᠪᠦᠷᠢᠨᠰᠢᠭᠦᠯᠵᠤ᠂   ᠴᠢᠳᠠᠮᠵᠢ ᠵᠢ ᠪᠦᠷᠢᠨᠰᠢᠭᠦᠯᠵᠤ᠂ ᠦᠢ᠍ᠯᠡᠴᠢᠯᠡᠭᠡ ᠵᠢ ᠵᠢᠷᠤᠮᠵᠢᠭᠤᠯᠵᠤ᠂ ᠠᠵᠢᠯᠯᠠᠭ᠋ᠠᠨ᠎ᠢ ᠥᠨᠳᠥᠷ ᠪᠦᠲᠦᠮᠵᠢᠲᠡᠶ ᠪᠤᠯᠭ᠋ᠠᠵᠤ᠂ ᠠᠳᠠᠯ ᠦᠢ᠍ᠯᠡᠰ ᠴᠤᠭᠴᠠᠯᠠᠭᠴᠢᠳ᠎ᠤᠨ ᠠᠳᠠᠯᠢ ᠪᠤᠰᠤ ᠬᠥᠭᠵᠢᠯᠲᠡ ᠵᠢᠨ ᠱᠠᠲᠤ ᠦᠶ᠎ᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠬᠠᠩᠭ᠋ᠠᠬᠤ ᠨᠡᠶ᠋ᠢᠭᠡᠮᠴᠢᠯᠡᠭᠰᠡᠨ 112233 ᠦᠢ᠍ᠯᠡᠴᠢᠯᠡᠭᠡᠨ᠎ᠤ ᠰᠢᠰᠲᠸᠮᠵᠢ ᠵᠢ ᠪᠤᠶ ᠪᠤᠯᠭ᠋ᠠᠨ᠎ᠠ᠃ ᠡᠬᠦᠨ᠎ᠳᠤ ᠭᠤᠤᠯᠳᠠᠭᠤ 1 ᠵᠦᠢ᠍ᠯ᠎ᠤᠨ ᠪᠡᠯᠡ ᠮᠥᠩᠭᠥ ᠪᠠᠢ᠌ᠭᠤᠯᠬᠤ (ᠠᠳᠠᠯ ᠦᠢ᠍ᠯᠡᠰ ᠴᠤᠭᠴᠠᠯᠠᠬᠤ ᠬᠥᠭᠵᠢᠯᠲᠡ ᠵᠢᠨ ᠪᠡᠯᠡ ᠮᠥᠩᠭᠥ); 1 ᠲᠠᠪᠴᠠᠩ ᠪᠠᠢ᠌ᠭᠤᠯᠬᠤ (ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠲᠠᠪᠴᠠᠩ); ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ 2 ᠎ᠢ ᠵᠣᠬᠢᠶᠠᠨ ᠪᠠᠢ᠌ᠭᠤᠯᠬᠤ (ᠠᠳᠠᠯ ᠦᠢ᠍ᠯᠡᠰ ᠴᠣᠭᠴᠠᠯᠠᠬᠤ ᠵᠢᠯᠣᠭᠣᠳᠬᠤ ᠲᠥᠪ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠲᠥᠪ); ᠠᠳᠠᠯ ᠦᠢ᠍ᠯᠡᠰ ᠴᠣᠭᠴᠠᠯᠠᠬᠤ 2 ᠲᠥᠷᠥᠯ᠎ᠤᠨ ᠪᠣᠯᠪᠠᠰᠤᠷᠠᠭᠤᠯᠤᠯ᠎ᠢ ᠵᠢᠷᠤᠮᠵᠢᠭᠤᠯᠬᠤ (ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ ᠦᠢ᠍ᠯᠡᠰ ᠴᠤᠭᠴᠠᠯᠠᠬᠤ   ᠳᠠᠳᠤᠯᠭ᠎ᠠ ᠪᠤᠯᠪᠠᠰᠤᠷᠠᠭᠤᠯᠤᠯ); ᠠᠳᠠᠯ ᠦᠢ᠍ᠯᠡᠰ ᠴᠣᠭᠴᠠᠯᠠᠬᠤ 3 ᠰᠠᠯᠠᠭ᠎ᠠ ᠦᠢ᠍ᠯᠡᠴᠢᠯᠡᠭᠡᠨ᠎ᠤ ᠡᠨᠭᠨᠡᠭᠡ ᠵᠢ ᠲᠡᠭᠦᠯᠳᠡᠷᠵᠢᠭᠦᠯᠬᠦ (ᠠᠳᠠᠯ ᠦᠢ᠍ᠯᠡᠰ ᠴᠤᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠦᠯᠬᠦᠮ᠂ ᠠᠳᠠᠯ ᠦᠢ᠍ᠯᠡᠰ ᠴᠣᠭᠴᠠᠯᠠᠬᠤ ᠪᠠᠭᠰᠢ᠂ ᠠᠳᠠᠯ ᠦᠢ᠍ᠯᠡᠰ ᠴᠤᠭᠴᠠᠯᠠᠭᠴᠢᠳ᠎ᠤᠨ ᠨᠡᠶ᠋ᠢᠭᠡᠮᠯᠢᠭ); ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ 3 ᠵᠦᠢ᠍ᠯ᠎ᠤᠨ ᠠᠴᠢᠶᠠᠯᠠᠭᠴᠢ ᠵᠢ ᠪᠡᠬᠢᠵᠢᠭᠦᠯᠬᠦ (ᠠᠳᠠᠯ ᠦᠢ᠍ᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢ᠍ᠯᠡᠰ ᠴᠤᠭᠴᠠᠯᠠᠬᠤ ᠵᠢᠨ ᠨᠡᠪᠴᠢᠭᠦᠯᠬᠦ ᠰᠠᠭᠤᠷᠢᠨ ᠭᠠᠵᠠᠷ᠂ ᠠᠳᠠᠯ ᠦᠢ᠍ᠯᠡᠰ ᠴᠤᠭᠴᠠᠯᠠᠬᠤ ᠵᠢᠱ᠌ᠢᠶ᠎ᠡ ᠦᠵᠡᠭᠦᠯᠬᠦ ᠳᠡᠯᠭᠡᠭᠦᠷ᠂ ᠠᠳᠠᠯ ᠦᠢ᠍ᠯᠡᠰ ᠴᠤᠭᠴᠠᠯᠠᠬᠤ ᠲᠦᠷᠦᠯ ᠵᠦᠢ᠍ᠯ᠎ᠤᠨ ᠬᠥᠮᠥᠷᠭᠡ) ᠵᠢ ᠪᠠᠭᠲᠠᠭ᠋ᠠᠨ᠎ᠠ᠃
      ᠠᠳᠠᠯ ᠦᠢ᠍ᠯᠡᠰ ᠴᠤᠭᠴᠠᠯᠠᠬᠤ ᠬᠦᠭᠵᠢᠭᠦᠯᠦᠯᠲᠡ ᠵᠢᠨ ᠪᠡᠯᠡ ᠮᠥᠩᠭᠥ ᠵᠢ ᠬᠦᠢ᠍ᠴᠡᠳ ᠲᠣᠭ᠎ᠠ᠎ᠪᠠᠷ ᠪᠠᠢ᠌ᠭᠤᠯᠤᠨ᠎ᠠ
      ᠠᠳᠠᠯ ᠦᠢ᠍ᠯᠡᠰ ᠴᠣᠭᠴᠠᠯᠠᠬᠤ ᠵᠢᠨ ᠨᠡᠪᠴᠢᠭᠦᠯᠬᠦ ᠳᠠᠲᠤᠯᠭ᠎ᠠ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠳᠭᠦᠵᠤ᠂ ᠠᠳᠠᠯ ᠦᠢ᠍ᠯᠡᠰ ᠴᠤᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠦᠯᠬᠦᠮ᠎ᠤᠨ ᠲᠤᠬᠠᠶ᠋ᠢᠯᠠᠭᠰᠠᠨ ᠠᠵᠢᠯ᠎ᠤᠨ ᠠᠯᠪᠠᠨ ᠵᠠᠷᠤᠳᠠᠯ᠎ᠢ ᠲᠡᠭᠦᠯᠳᠡᠷᠵᠢᠭᠦᠯᠦᠨ᠂ ᠠᠳᠠᠯ ᠦᠢ᠍ᠯᠡᠰ ᠴᠣᠭᠴᠠᠯᠠᠬᠤ ᠪᠣᠳᠠᠲᠤ ᠴᠣᠭᠴᠠ ᠵᠢᠨ ᠲᠠᠯᠠᠪᠤᠷ ᠭᠠᠵᠠᠷ ᠳᠦᠷᠢᠶᠡᠰᠦᠯᠡᠬᠦ ᠵᠢᠨ ᠨᠥᠬᠥᠪᠥᠷᠢ᠂ ᠳᠤᠯᠠᠭ᠋ᠠᠯᠠᠯᠭ᠎ᠠ ᠵᠢᠨ ᠵᠠᠷᠤᠳᠠᠯ᠎ᠤᠨ ᠨᠥᠬᠥᠪᠥᠷᠢ ᠵᠡᠷᠭᠡ ᠵᠢ ᠬᠡᠷᠡᠭᠵᠢᠬᠦᠯᠦᠨ᠎ᠡ᠃ 《ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠭᠠᠵᠠᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠶ ᠵᠤᠬᠢᠴᠠᠭᠤᠯᠵᠤ᠂ ᠠᠳᠠᠯ ᠦᠢ᠍ᠯᠡᠰ ᠴᠤᠭᠴᠠᠯᠠᠬᠤ ᠬᠥᠭᠵᠢᠯᠲᠡ ᠵᠢᠨ ᠪᠡᠯᠡ ᠮᠥᠩᠭᠥ ᠵᠢ ᠬᠦᠢ᠍ᠴᠡᠳ ᠲᠣᠭ᠎ᠠ᠎ᠪᠠᠷ ᠪᠠᠢ᠌ᠭᠤᠯᠤᠨ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠳᠠᠭ᠋ᠠᠭ᠋ᠠᠯᠲᠠ ᠵᠢᠨ ᠰᠠᠭᠤᠷᠢ ᠮᠥᠩᠭᠥ ᠵᠢ ᠨᠦᠬᠦᠪᠦᠷᠢᠯᠡᠬᠦ ᠵᠢᠴᠢ ᠲᠦᠷ ᠣᠷᠣᠯᠠᠨ ᠲᠦᠯᠦᠵᠤ ᠥᠭᠬᠦ᠂ ᠵᠢᠭᠡᠯᠡᠯᠭᠡ᠎ᠳᠤ ᠳᠠᠮ ᠬᠦᠦ ᠵᠢᠭᠡᠯᠡᠯᠭᠡ ᠥᠭᠬᠦ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠭᠰᠠᠨ᠎ᠢ ᠱᠠᠨᠭ᠌ᠨᠠᠬᠤ ᠪᠠ ᠤᠬᠠᠭᠤᠯᠬᠤ ᠵᠢ ᠳᠡᠮᠵᠢᠬᠦ ᠬᠡᠷᠡᠭᠲᠡᠶ᠃ ᠡᠭᠦᠨ᠎ᠤ ᠬᠠᠮᠲᠤ᠂ ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂ ᠠᠳᠠᠯ ᠦᠢ᠍ᠯᠡᠰ ᠴᠣᠭᠴᠠᠯᠠᠬᠤ ᠨᠡᠪᠴᠢᠭᠦᠯᠬᠦ ᠳᠠᠳᠤᠯᠭ᠎ᠠ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠳᠭᠦᠵᠤ᠂ ᠠᠳᠠᠯ ᠦᠢ᠍ᠯᠡᠰ ᠴᠤᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠦᠯᠬᠦᠮ᠎ᠤᠨ ᠲᠤᠬᠠᠶ᠋ᠢᠯᠠᠭᠰᠠᠨ ᠠᠵᠢᠯ᠎ᠤᠨ ᠵᠠᠷᠤᠳᠠᠯ᠎ᠢ ᠲᠡᠭᠦᠯᠳᠡᠷᠵᠢᠭᠦᠯᠦᠨ᠂ ᠠᠳᠠᠯ ᠦᠢ᠍ᠯᠡᠰ ᠴᠣᠭᠴᠠᠯᠠᠬᠤ ᠪᠣᠳᠠᠲᠤ ᠴᠣᠭᠴᠠ ᠵᠢᠨ ᠲᠠᠯᠠᠪᠤᠷ ᠭᠠᠵᠠᠷ ᠳᠦᠷᠢᠶᠡᠰᠦᠯᠡᠬᠦ ᠵᠢᠨ ᠨᠥᠬᠥᠪᠥᠷᠢ᠂ ᠳᠤᠯᠠᠭ᠋ᠠᠯᠠᠯᠭ᠎ᠠ ᠵᠢᠨ ᠵᠠᠷᠤᠳᠠᠯ᠎ᠤᠨ ᠨᠥᠬᠥᠪᠥᠷᠢ ᠵᠡᠷᠭᠡ ᠵᠢ ᠬᠡᠷᠡᠭᠵᠢᠬᠦᠯᠬᠦ ᠬᠡᠷᠡᠭᠲᠠᠢ᠃
      ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠂ 《ᠰᠠᠨᠠᠯ》᠎ᠳᠤ᠂ ᠡᠯ᠎ᠡ ᠭᠠᠵᠠᠷ᠎ᠤᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ ᠴᠥᠮ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠴᠣᠩᠬᠣ ᠭᠠᠷᠭ᠋ᠠᠵᠤ᠂ ᠲᠤᠰᠬᠠᠶ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠵᠢᠴᠢ ᠮᠣᠩᠭᠣᠯ ᠬᠢᠲᠠᠳ ᠬᠣᠣᠰ ᠬᠡᠯᠡᠨ᠎ᠤ ᠡᠮᠦᠨ᠎ᠡ ᠲᠠᠶ᠋ᠢᠰᠠ ᠵᠢᠨ ᠦᠢ᠍ᠯᠡᠴᠢᠯᠡᠭᠴᠢ ᠲᠤᠬᠢᠷᠠᠭᠤᠯᠵᠤ᠂ ᠠᠳᠠᠯ ᠦᠢ᠍ᠯᠡᠰ ᠴᠣᠭᠴᠠᠯᠠᠬᠤ᠎ᠳᠤ ᠯᠠᠪᠯᠠᠯᠭ᠎ᠠ ᠥᠭᠬᠦ ᠦᠢ᠍ᠯᠡᠴᠢᠯᠡᠭᠡᠨ᠎ᠤ ᠳ᠋ᠢᠶᠠᠨᠭ᠌ᠬᠤᠸᠠ ᠵᠢ ᠨᠡᠢ᠌ᠲᠡᠯᠡᠬᠦ ᠬᠡᠷᠡᠭᠲᠠᠢ᠃ ᠡᠳ᠋᠎ᠤᠨ ᠵᠠᠰᠠᠭ᠂ ᠠᠵᠤ ᠠᠬᠤᠶ ᠮᠡᠳᠡᠭᠡ ᠵᠠᠩᠭᠢ᠂ ᠠᠵᠤ ᠦᠢ᠍ᠯᠡᠳᠪᠦᠷᠢ ᠬᠤᠳᠠᠯᠳᠤᠭ᠎ᠠ᠂ ᠭᠠᠶ᠋ᠢᠯᠢ ᠵᠢᠨ ᠶᠠᠪᠤᠳᠠᠯ᠂ ᠪᠠᠩᠬᠢ᠂ ᠳᠠᠭ᠋ᠠᠭ᠋ᠠᠯᠲᠠ ᠬᠢᠬᠦ ᠺᠣᠮᠫᠠᠨᠢ᠂ ᠪᠡᠯᠡ ᠣᠷᠣᠭᠤᠯᠤᠯᠲᠠ ᠵᠢᠨ ᠪᠠᠶ᠋ᠢᠭᠤᠯᠤᠮᠵᠢ᠂ ᠣᠯᠠᠨ ᠵᠶ᠋ᠠᠷ ᠵᠶ᠋ᠠᠨ ᠠᠳᠠᠯ ᠦᠢ᠍ᠯᠡᠰ ᠴᠤᠭᠴᠠᠯᠠᠬᠤ ᠣᠷᠣᠨ ᠵᠠᠶ᠂ ᠪᠤᠯᠪᠠᠰᠤᠷᠠᠭᠤᠯᠤᠯ᠎ᠤᠨ ᠪᠠᠶ᠋ᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠤᠬᠢᠴᠠᠭᠤᠯᠤᠨ ᠲᠤᠰᠬᠠᠶ ᠬᠥᠮᠦᠨ ᠲᠤᠮᠢᠯᠠᠵᠤ᠂ ᠭᠠᠷᠳᠠᠨ ᠬᠢᠬᠦ ᠦᠢ᠍ᠯᠡᠴᠢᠯᠡᠭᠡᠨ᠎ᠤ ᠴᠣᠩᠬᠣ᠎ᠳᠤ ᠤᠴᠢᠭᠤᠯᠤᠨ ᠨᠢᠭᠡᠳᠦᠯᠲᠠᠢ ᠲᠦᠪᠯᠡᠷᠡᠭᠦᠯᠦᠨ ᠠᠵᠢᠯᠯᠠᠭᠤᠯᠬᠤ ᠬᠡᠷᠡᠭᠲᠡᠶ᠃ ᠡᠭᠦᠨ᠎ᠤ ᠬᠠᠮᠲᠤ᠂ ᠠᠳᠠᠯ ᠦᠢ᠍ᠯᠡᠰ ᠴᠣᠭᠴᠠᠯᠠᠬᠤ ᠵᠢᠨ ᠯᠠᠪᠯᠠᠯᠭ᠎ᠠ ᠦᠭᠭᠦ ᠵᠢᠯᠣᠭᠣᠳᠣᠯᠭ᠎ᠠ᠂ ᠠᠳᠠᠯ ᠦᠢ᠍ᠯᠡᠰ ᠴᠣᠭᠴᠠᠯᠠᠬᠤ ᠵᠢᠨ ᠲᠥᠷᠥ ᠵᠢᠨ ᠪᠣᠳᠣᠯᠭ᠎ᠠ ᠵᠢ ᠤᠬᠠᠭᠤᠯᠬᠤ᠂ ᠠᠳᠠᠯ ᠦᠢ᠍ᠯᠡᠰ ᠴᠤᠭᠴᠠᠯᠠᠬᠤ ᠵᠢᠨ ᠲᠦᠷᠦᠯ ᠵᠦᠢ᠍ᠯ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠᠲᠤ ᠵᠢᠭᠡᠯᠡᠯᠭᠡ᠂ ᠠᠳᠠᠯ ᠦᠢ᠍ᠯᠡᠰ ᠴᠤᠭᠴᠠᠯᠠᠬᠤ ᠵᠢᠨ ᠨᠡᠪᠴᠢᠭᠦᠯᠬᠦ ᠰᠠᠭᠤᠷᠢᠨ ᠭᠠᠵᠠᠷ᠎ᠲᠤ ᠤᠷᠤᠵᠤ ᠰᠠᠭᠤᠬᠤ᠂ ᠠᠳᠠᠯ ᠦᠢ᠍ᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠭᠤᠶᠤᠴᠢᠯᠠᠬᠤ᠂ ᠠᠵᠢᠯᠲᠠᠨ᠎ᠤ ᠶᠠᠪᠤᠳᠠᠯ᠎ᠢ ᠤᠷᠤᠯᠠᠨ ᠬᠦᠢ᠍ᠴᠡᠳᠭᠡᠭᠦ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠭᠠᠶ᠋ᠢᠯᠢ ᠵᠢᠨ ᠶᠠᠪᠤᠳᠠᠯ᠎ᠤᠨ ᠲᠡᠮᠳᠡᠭᠯᠡᠭᠦᠯᠦᠯᠲᠡ ᠵᠡᠷᠭᠡ ᠵᠢ ᠦᠢ᠍ᠯᠡᠴᠢᠯᠡᠭᠡᠨ᠎ᠤ ᠵᠦᠢ᠍ᠯᠡᠰ᠎ᠲᠤ ᠤᠷᠤᠭᠤᠯᠤᠨ᠂ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠳᠠᠪᠴᠠᠨᠭ᠌ᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠵᠤ᠂ ᠠᠳᠠᠯ ᠦᠢ᠍ᠯᠡᠰ ᠴᠤᠭᠴᠠᠯᠠᠭᠴᠢᠳ᠎ᠲᠤ ᠳᠥᠭᠥᠮ ᠳᠥᠲᠡ ᠵᠢᠯᠣᠭᠣᠳᠣᠯᠭ᠎ᠠ ᠬᠠᠩᠭ᠋ᠠᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠡᠯ᠎ᠡ ᠭᠠᠵᠠᠷ᠎ᠤᠨ᠎ᠬᠢᠨ᠎ᠨᠢ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠᠲᠤ ᠵᠢᠭᠡᠯᠡᠯᠭᠡ᠂ ᠠᠳᠠᠯ ᠦᠢ᠍ᠯᠡᠰ ᠴᠤᠭᠴᠠᠯᠠᠬᠤ ᠵᠢᠨ ᠨᠥᠬᠥᠪᠥᠷᠢ᠂ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ ᠳᠠᠳᠤᠯᠭ᠎ᠠ ᠪᠤᠯᠪᠠᠰᠤᠷᠠᠭᠤᠯᠤᠯ ᠵᠡᠷᠭᠡ ᠠᠳᠠᠯ ᠦᠢ᠍ᠯᠡᠰ ᠴᠣᠭᠴᠠᠯᠠᠬᠤ ᠵᠢ ᠲᠡᠳᠬᠦᠬᠦ ᠲᠥᠷᠥ ᠵᠢᠨ ᠪᠣᠳᠣᠯᠭ᠎ᠠ ᠵᠢᠨ ᠰᠦᠯᠵᠢᠶᠡᠨ ᠳᠡᠭᠡᠷ᠎ᠡ ᠮᠡᠳᠡᠭᠦᠯᠬᠦ ᠴᠢᠳᠠᠮᠵᠢ ᠵᠢ ᠨᠡᠭᠡᠭᠡᠬᠦ ᠬᠡᠷᠡᠭᠲᠠᠢ᠃ 《12333》 ᠰᠢᠭᠤᠳ ᠨᠡᠪᠲᠡᠷᠡᠬᠦ ᠳ᠋ᠢᠶᠠᠨᠭ᠌ᠬᠤᠸᠠ ᠵᠢᠨ ᠠᠳᠠᠯ ᠦᠢ᠍ᠯᠡᠰ ᠴᠤᠭᠴᠠᠯᠠᠬᠤ ᠵᠢᠨ ᠯᠠᠪᠯᠠᠯᠭ᠎ᠠ ᠥᠭᠬᠦ ᠦᠢ᠍ᠯᠡᠴᠢᠯᠡᠭᠡᠨ᠎ᠤ ᠴᠢᠳᠠᠮᠵᠢ ᠵᠢ ᠦᠷᠭᠡᠳᠭᠡᠨ᠂ ᠠᠳᠠᠯ ᠦᠢ᠍ᠯᠡᠰ ᠴᠤᠭᠴᠠᠯᠠᠭᠴᠢᠳ᠎ᠲᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠠᠳᠠᠯ ᠦᠢ᠍ᠯᠡᠰ ᠴᠣᠭᠴᠠᠯᠠᠬᠤ ᠯᠠᠪᠯᠠᠯᠭ᠎ᠠ᠂ ᠠᠳᠠᠯ ᠦᠢ᠍ᠯᠡᠰ ᠴᠣᠭᠴᠠᠯᠠᠬᠤ ᠵᠢᠯᠤᠭᠤᠳᠤᠯᠭ᠎ᠠ ᠵᠡᠷᠭᠡ ᠨᠡᠩ ᠳᠥᠭᠥᠮ ᠳᠥᠲᠡ ᠠᠳᠠᠯ ᠦᠢ᠍ᠯᠡᠰ ᠴᠤᠭᠴᠠᠯᠠᠬᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠨᠭ᠌ᠭ᠋ᠠᠬᠤ ᠬᠡᠷᠡᠭᠲᠠᠢ ᠬᠡᠵᠤ ᠲᠤᠲᠤᠷᠬᠠᠢ᠌ᠯᠠᠭᠰᠠᠨ ᠪᠠᠢ᠌ᠨ᠎ᠠ᠃
      ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠲᠣᠭ᠎ᠠ ᠬᠡᠮᠵᠢᠶ᠎ᠡ ᠵᠢ 10 ᠲᠦᠮᠡᠨ ᠲᠥᠭᠥᠷᠢᠭ᠎ᠢ ᠳᠠᠪᠠᠭᠤᠯᠬᠤ ᠦᠭᠡᠢ
      ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠠᠳᠠᠯ ᠦᠢ᠍ᠯᠡᠰ ᠴᠣᠭᠴᠠᠯᠠᠬᠤ ᠪᠦᠷᠢᠳᠬᠡᠯᠭᠡᠭᠰᠡᠨ ᠠᠵᠢᠯ ᠠᠯᠳᠠᠭᠰᠠᠳ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠠᠵᠢᠯ ᠣᠯᠬᠣ᠎ᠳᠤ ᠬᠦᠴᠢᠷᠲᠡᠶ ᠬᠥᠮᠦᠰ᠂ ᠴᠡᠷᠢᠭ᠎ᠠᠴᠠ ᠬᠠᠯᠠᠭᠳᠠᠭᠰᠠᠳ ᠰᠢᠯᠵᠢᠭᠰᠡᠳ ᠪᠠᠭᠤᠭᠰᠠᠳ᠂ ᠡᠷᠡᠭᠦᠦ ᠵᠢᠨ ᠬᠤᠭᠤᠴᠠᠭ᠎ᠠ ᠳᠠᠭᠤᠰᠴᠣ ᠰᠤᠯᠠᠯᠠᠭᠰᠠᠳ ᠬᠦᠳᠡᠯᠮᠦᠷᠢ᠎ᠪᠠᠷ ᠵᠠᠰᠠᠨ ᠬᠥᠮᠥᠵᠢᠭᠦᠯᠬᠦ᠎ᠠᠴᠠ ᠭᠠᠷᠤᠭᠰᠠᠳ᠂ ᠮᠠᠯᠴᠢᠨ ᠲᠠᠷᠢᠶᠠᠴᠢᠳ᠎ᠤᠨ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠬᠣᠲᠠ ᠬᠥᠳᠡᠭᠡ ᠵᠢᠨ ᠬᠦᠳᠡᠯᠮᠦᠷᠢᠯᠡᠭᠴᠢᠳ ᠴᠥᠮ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠳᠡᠳᠬᠦᠬᠦ ᠲᠥᠷᠥ ᠵᠢᠨ ᠪᠣᠳᠣᠯᠭ᠎ᠠ ᠵᠢ   ᠬᠦᠷᠲᠡᠵᠦ ᠪᠣᠯᠣᠨ᠎ᠠ᠃ 《ᠰᠠᠨᠠᠯ》᠎ᠤᠨ ᠬᠠᠮᠤᠭ᠎ᠤᠨ ᠶᠡᠬᠡ ᠭᠢᠯᠠᠰ ᠴᠡᠭ ᠪᠣᠯ ᠳᠠᠷᠤᠶ 《ᠠᠰ ᠵᠶ᠋ᠡᠷ ᠵᠶ᠋ᠡᠨ   ᠪᠠᠢ᠌ᠭᠤᠯᠬᠤ ᠪᠤᠶᠤ ᠬᠠᠮᠲᠤᠷᠠᠨ ᠠᠯᠪᠠᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠳᠠᠯ ᠦᠢ᠍ᠯᠡᠰ ᠴᠣᠭᠴᠠᠯᠠᠬᠤ ᠵᠢ ᠵᠢᠯᠣᠭᠣᠳᠬᠤ ᠦᠢ᠍ᠯᠡᠴᠢᠯᠡᠭᠡᠨ᠎ᠤ ᠲᠥᠪ ᠬᠢᠭᠡᠳ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠲᠥᠪ᠎ᠢ ᠲᠣᠬᠢᠷᠠᠭᠤᠯᠤᠨ ᠵᠣᠬᠢᠶᠠᠨ ᠪᠠᠢ᠌ᠭᠤᠯᠵᠤ᠂ ᠡᠷᠬᠡ ᠵᠢᠨ ᠵᠠᠭ᠋ᠠᠭ᠎ᠨᠢ ᠲᠣᠳᠣᠷᠬᠠᠶ᠂ ᠠᠵᠢᠯ᠎ᠤᠨ ᠬᠤᠪᠢᠶᠠᠷᠢᠯᠠᠯ᠎ᠨᠢ ᠵᠦᠶ ᠵᠣᠬᠢᠰᠲᠠᠶ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠢᠯᠡ ᠲᠣᠳᠣ᠂ ᠠᠵᠢᠯᠯᠠᠭ᠋ᠠᠨ᠎ᠨᠢ ᠥᠨᠳᠥᠷ ᠦᠷ᠎ᠡ ᠪᠦᠲᠦᠮᠵᠢᠲᠡᠶ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ   ᠰᠢᠰᠲᠸᠮᠵᠢ ᠵᠢ ᠪᠣᠢ ᠪᠣᠯᠭ᠋ᠠᠬᠤ》᠂ 《ᠡᠯ᠎ᠡ ᠭᠠᠵᠠᠷ ᠣᠷᠣᠨ᠎ᠨᠤᠭᠤᠳ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠵᠢᠴᠢ ᠨᠡᠶ᠋ᠢᠭᠡᠮ᠎ᠤᠨ ᠬᠦᠴᠦᠨ᠎ᠠᠴᠠ ᠵᠠᠬ᠎ᠠ   ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠵᠶ᠋ᠡᠷ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠰᠢᠰᠲᠸᠮᠵᠢ ᠪᠠᠢ᠌ᠭᠤᠯᠬᠤ ᠵᠢ ᠵᠣᠷᠢᠭᠵᠢᠭᠤᠯᠬᠤ》᠂ 《ᠪᠠᠭ᠎ᠠ ᠲᠣᠭ᠋ᠠᠨ᠎ᠤ ᠳᠠᠭ᠋ᠠᠭ᠋ᠠᠯᠲᠠᠲᠤ ᠵᠢᠭᠡᠯᠡᠯᠭᠡ ᠵᠢ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠᠲᠤ ᠵᠢᠭᠡᠯᠡᠯᠭᠡ ᠪᠣᠯᠭ᠋ᠠᠨ ᠲᠣᠬᠢᠷᠠᠭᠤᠯᠬᠤ》 ᠵᠢ ᠳᠤᠷᠠᠳᠤᠭᠰᠠᠨ ᠶᠠᠪᠤᠳᠠᠯ ᠪᠣᠯᠣᠨ᠎ᠠ᠃ 《ᠰᠠᠨᠠᠯ》᠎ᠤᠨ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠭᠰᠠᠨ ᠠᠳᠠᠯ ᠦᠢ᠍ᠯᠡᠰ ᠴᠣᠭᠴᠠᠯᠠᠬᠤ ᠵᠢᠨ ᠵᠢᠯᠣᠭᠣᠳᠬᠤ ᠦᠢ᠍ᠯᠡᠴᠢᠯᠡᠭᠡᠨ᠎ᠤ ᠲᠥᠪ᠎ᠨᠢ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ (SIYB)᠂ ᠠᠳᠠᠯ ᠦᠢ᠍ᠯᠡᠰ ᠴᠣᠭᠴᠠᠯᠠᠬᠤ ᠵᠢ ᠳᠠᠭᠤᠷᠢᠶᠠᠮᠠᠯ ᠪᠣᠯᠪᠠᠰᠤᠷᠠᠭᠤᠯᠤᠯ᠂ ᠰᠠᠭᠤᠷᠢᠨ ᠭᠠᠵᠠᠷ᠎ᠤᠨ ᠳᠠᠳᠤᠯᠭ᠎ᠠ ᠪᠣᠯᠪᠠᠰᠤᠷᠠᠭᠤᠯᠤᠯ ᠦᠷᠨᠢᠭᠦᠯᠵᠦ᠂ ᠠᠳᠠᠯ ᠦᠢ᠍ᠯᠡᠰ ᠴᠣᠭᠴᠠᠯᠠᠭᠴᠢᠳ᠎ᠲᠤ   ᠠᠳᠠᠯ ᠦᠢ᠍ᠯᠡᠰ ᠴᠣᠭᠴᠠᠯᠠᠬᠤ ᠦᠵᠡᠯ ᠤᠬᠠᠮᠰᠠᠷ᠂ ᠴᠢᠳᠠᠪᠤᠷᠢ᠂ ᠦᠢ᠍ᠯᠡᠳᠦᠯᠭᠡ ᠵᠢᠨ ᠨᠥᠭᠡᠴᠡ ᠬᠠᠩᠭ᠋ᠠᠨ᠎ᠠ; ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ   ᠴᠣᠭᠴᠠᠯᠠᠭᠤᠯᠬᠤ᠂ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ᠂ ᠠᠳᠠᠯ ᠦᠢ᠍ᠯᠡᠰ ᠴᠣᠭᠴᠠᠯᠠᠬᠤ ᠲᠥᠷᠥ ᠵᠦᠢ᠍ᠯ᠎ᠤᠨ ᠦᠵᠡᠭᠦᠯᠦᠯᠭᠡ ᠬᠢᠬᠦ ᠪᠠ ᠲᠠᠨᠢᠯᠴᠠᠭᠤᠯᠬᠤ ᠵᠢ   ᠶᠠᠪᠤᠭᠳᠠᠭᠤᠯᠵᠤ᠂ ᠠᠳᠠᠯ ᠦᠢ᠍ᠯᠡᠰ ᠴᠣᠭᠴᠠᠯᠠᠭᠴᠢᠳ᠎ᠲᠤ ᠲᠦᠭᠰᠢᠭᠦᠷᠢ ᠪᠠᠭ᠋ᠠᠲᠠᠢ᠂ ᠦᠷᠭᠦᠯᠵᠢᠯᠡᠬᠦ᠂   ᠦᠷᠭᠡᠵᠢᠬᠦ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ ᠬᠠᠩᠭ᠋ᠠᠨ᠎ᠠ; ᠠᠳᠠᠯ ᠦᠢ᠍ᠯᠡᠰ ᠴᠣᠭᠴᠠᠯᠠᠬᠤ   ᠤᠷᠤᠯᠳᠤᠭ᠋ᠠᠨ᠂ ᠠᠳᠠᠯ ᠦᠢ᠍ᠯᠡᠰ ᠴᠣᠭᠴᠠᠯᠠᠬᠤ ᠶᠠᠷᠢᠯᠴᠠᠭ᠋ᠠᠨ᠎ᠤ ᠲᠠᠪᠴᠠᠩ᠂ ᠠᠳᠠᠯ ᠦᠢ᠍ᠯᠡᠰ ᠴᠣᠭᠴᠠᠯᠠᠬᠤ ᠲᠤᠷᠰᠢᠯᠭ᠎ᠠ ᠰᠣᠯᠢᠯᠴᠠᠭ᠎ᠠ ᠵᠢ ᠵᠣᠬᠢᠶᠠᠨ ᠪᠠᠢ᠌ᠭᠤᠯᠵᠤ᠂ ᠠᠳᠠᠯ ᠦᠢ᠍ᠯᠡᠰ ᠴᠣᠭᠴᠠᠯᠠᠭᠴᠢᠳ᠎ᠲᠤ   ᠪᠠᠭᠤᠯᠭ᠋ᠠᠨ ᠠᠪᠴᠤ ᠪᠣᠯᠬᠤ᠂ ᠲᠣᠯᠢᠳᠠᠵᠤ ᠪᠣᠯᠬᠣ᠂ ᠰᠡᠩᠬᠡᠷᠡᠭᠦᠯᠦᠯ   ᠬᠦᠷᠲᠡᠬᠦ ᠠᠮᠵᠢᠯᠲᠠ᠎ᠲᠠᠢ ᠵᠢᠱ᠌ᠢᠶ᠎ᠡ ᠬᠠᠩᠭ᠋ᠠᠨ᠎ᠠ; ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠣᠷᠣᠨ ᠵᠠᠶ᠂ ᠠᠳᠠᠯ ᠦᠢ᠍ᠯᠡᠰ ᠴᠣᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠦᠯᠬᠥᠮ᠂ ᠠᠳᠠᠯ ᠦᠢ᠍ᠯᠡᠰ ᠴᠣᠭᠴᠠᠯᠠᠬᠤ ᠴᠤᠭᠯᠠᠭ᠋ᠠᠨ᠂ ᠠᠳᠠᠯ ᠦᠢ᠍ᠯᠡᠰ ᠴᠣᠭᠴᠠᠯᠠᠬᠤ ᠺᠤᠹᠸ᠂ ᠠᠳᠠᠯ ᠦᠢ᠍ᠯᠡᠰ ᠴᠣᠭᠴᠠᠯᠠᠬᠤ ᠺᠯᠦ᠋ᠪ᠂ ᠠᠳᠠᠯ ᠦᠢ᠍ᠯᠡᠰ ᠴᠣᠭᠴᠠᠯᠠᠬᠤ ᠬᠣᠯᠪᠣᠭ᠎ᠠ᠂ ᠠᠳᠠᠯ ᠦᠢ᠍ᠯᠡᠰ ᠴᠣᠭᠴᠠᠯᠠᠬᠤ ᠬᠢᠴᠢᠶᠡᠯ᠎ᠤᠨ ᠲᠢᠩᠬᠢᠮ ᠵᠡᠷᠭᠡ ᠵᠢ ᠴᠣᠭᠴᠠᠯᠠᠨ ᠪᠠᠢ᠌ᠭᠤᠯᠵᠤ᠂ ᠠᠳᠠᠯ ᠦᠢ᠍ᠯᠡᠰ ᠴᠣᠭᠴᠠᠯᠠᠭᠴᠢᠳ᠎ᠲᠤ ᠠᠰᠠᠷᠠᠭᠴᠢ ᠮᠠᠶᠢᠭ᠎ᠤᠨ᠂ ᠪᠠᠭᠰᠢ ᠮᠠᠶᠢᠭ᠎ᠤᠨ᠂ ᠦᠢ᠍ᠯᠡᠳᠦᠯᠴᠡᠬᠦ ᠮᠠᠶᠢᠭ᠎ᠤᠨ ᠲᠣᠲᠤᠨᠤ ᠦᠢ᠍ᠯᠡᠴᠢᠯᠡᠭᠡ ᠬᠠᠩᠭ᠋ᠠᠨ᠎ᠠ; ᠬᠤᠳᠠᠯᠳᠤᠭ᠋ᠠᠨ᠎ᠤ᠎ᠬᠢᠨ᠎ᠤ ᠣᠬᠢ ᠰᠣᠳᠣ᠂ ᠠᠳᠠᠯ ᠦᠢ᠍ᠯᠡᠰ   ᠴᠣᠭᠴᠠᠯᠠᠭᠰᠠᠨ ᠨᠡᠶ᠋ᠢᠲᠡᠯᠢᠭ ᠬᠥᠮᠥᠰ᠂ ᠨᠡᠷᠡᠲᠦ ᠡᠷᠳᠡᠮᠲᠡᠳ᠎ᠤᠨ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡ᠎ᠳᠤ ᠣᠷᠣᠯᠴᠠᠬᠤ ᠵᠢ ᠳᠠᠢ᠌ᠴᠢᠯᠠᠨ᠂ ᠠᠷᠠᠳ ᠨᠡᠶ᠋ᠢᠲᠡ᠎ᠪᠠᠷ ᠵᠶ᠋ᠠᠨ ᠠᠳᠠᠯ ᠦᠢ᠍ᠯᠡᠰ ᠴᠣᠭᠴᠠᠯᠠᠬᠤ ᠠᠭᠤᠷ ᠠᠮᠢᠰᠬᠤᠯ᠎ᠢ ᠪᠤᠶ ᠪᠣᠯᠭ᠋ᠠᠵᠤ᠂ ᠪᠦᠬᠦ ᠠᠷᠠᠳ᠎ᠤᠨ ᠠᠳᠠᠯ ᠦᠢ᠍ᠯᠡᠰ ᠴᠣᠭᠴᠠᠯᠠᠬᠤ ᠣᠷᠬᠢᠯᠣᠮ᠎ᠠ ᠤᠷᠮ᠎ᠠ ᠵᠢ ᠬᠥᠭᠵᠢᠭᠡᠨ᠎ᠡ᠃
      ᠬᠣᠶ᠋ᠢᠰᠢᠳᠠ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠲᠥᠪ᠎ᠨᠢ ᠮᠠᠨ᠎ᠤ ᠣᠷᠣᠨ᠎ᠤ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠵᠤ᠂

《ᠰᠠᠨᠠᠯ》᠎ᠳᠤ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠠᠳᠠᠯ ᠦᠢ᠍ᠯᠡᠰ   ᠴᠣᠭᠴᠠᠯᠠᠬᠤ᠎ᠪᠠᠷ ᠪᠦᠷᠢᠳᠬᠡᠯᠭᠡᠭᠰᠡᠨ ᠠᠵᠢᠯ ᠠᠯᠳᠠᠭᠰᠠᠳ᠂ ᠳᠡᠭᠡᠳᠦ ᠰᠤᠷᠭ᠋ᠠᠭᠤᠯᠢ ᠲᠡᠭᠦᠰᠦᠭᠰᠡᠳ᠂   ᠠᠵᠢᠯ ᠣᠯᠬᠣ᠎ᠳᠤ ᠬᠦᠴᠢᠷᠲᠡᠶ ᠬᠥᠮᠦᠰ᠂ ᠴᠡᠷᠢᠭ᠎ᠠᠴᠠ ᠬᠠᠯᠠᠭᠳᠠᠭᠰᠠᠳ ᠰᠢᠯᠵᠢᠭᠰᠡᠳ ᠪᠠᠭᠤᠭᠰᠠᠳ᠂ ᠡᠷᠡᠭᠦᠦ ᠵᠢᠨ ᠬᠤᠭᠤᠴᠠᠭ᠎ᠠ ᠳᠠᠭᠤᠰᠴᠣ ᠰᠤᠯᠠᠯᠠᠭᠰᠠᠳ ᠬᠦᠳᠡᠯᠮᠦᠷᠢ᠎ᠪᠠᠷ ᠵᠠᠰᠠᠨ ᠬᠥᠮᠥᠵᠢᠭᠦᠯᠬᠦ᠎ᠠᠴᠠ ᠭᠠᠷᠤᠭᠰᠠᠳ᠂ ᠮᠠᠯᠴᠢᠨ ᠲᠠᠷᠢᠶᠠᠴᠢᠳ᠎ᠤᠨ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠬᠣᠲᠠ ᠬᠥᠳᠡᠭᠡ ᠵᠢᠨ ᠬᠦᠳᠡᠯᠮᠦᠷᠢᠯᠡᠭᠴᠢᠳ ᠴᠥᠮ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠳᠠᠳᠤ ᠵᠢᠭᠡᠯᠡᠯᠭᠡ ᠵᠢᠨ ᠳᠡᠳᠬᠦᠬᠦ ᠲᠥᠷᠥ ᠵᠢᠨ ᠪᠣᠳᠣᠯᠭ᠎ᠠ ᠵᠢ ᠬᠦᠷᠲᠡᠵᠦ ᠪᠣᠯᠬᠤ ᠪᠦᠭᠡᠳ ᠵᠢᠭᠡᠯᠡᠯᠭᠡ ᠵᠢᠨ ᠬᠠᠮᠤᠭ᠎ᠤᠨ ᠥᠨᠳᠦᠷ ᠲᠣᠭ᠎ᠠ ᠬᠡᠮᠵᠢᠶ᠎ᠡ ᠵᠢ 10 ᠲᠦᠮᠡᠨ ᠲᠥᠭᠥᠷᠢᠭ᠎ᠢ ᠳᠠᠪᠠᠭᠤᠯᠬᠤ ᠦᠭᠡᠶ ᠭᠡᠵᠦ ᠨᠢᠭᠡᠳᠦᠯᠲᠡᠶ ᠲᠣᠬᠢᠷᠠᠭᠤᠯᠤᠭᠰᠠᠨ ᠪᠠᠢ᠌ᠨ᠎ᠠ᠃   ᠰᠢᠨ᠎ᠡ ᠵᠢ ᠡᠭᠦᠳᠴᠦ ᠠᠳᠠᠯ ᠦᠢ᠍ᠯᠡᠰ ᠴᠣᠭᠴᠠᠯᠠᠬᠤ ᠪᠠ ᠠᠵᠢᠯ ᠣᠯᠭᠣᠯᠲᠠ ᠵᠢ ᠳᠠᠶ᠋ᠢᠴᠢᠯᠠᠬᠤ ᠰᠠᠶ᠋ᠢᠨ ᠲᠥᠷᠥᠯ ᠵᠦᠢ᠍ᠯ ᠪᠣᠯ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠠᠮᠤᠭ ᠥᠨᠳᠥᠷ ᠵᠢᠭᠡᠯᠡᠯᠭᠡ ᠵᠢᠨ ᠲᠣᠭ᠎ᠠ ᠬᠡᠮᠵᠢᠶ᠎ᠡ ᠵᠢ 50 ᠲᠦᠮᠡ ᠲᠥᠭᠥᠷᠢᠭ᠎ᠢ ᠳᠠᠪᠠᠭᠤᠯᠬᠤ ᠦᠭᠡᠶ; ᠳᠠᠢ᠌ᠴᠢᠯᠠᠯᠲᠠ᠎ᠪᠠᠷ 10 ᠳᠡᠭᠡᠭᠰᠢ ᠬᠥᠮᠥᠨ᠎ᠳᠤ ᠠᠵᠢᠯ ᠣᠯᠭᠣᠵᠤ᠂ ᠬᠣᠶᠠᠳᠡᠬᠢ ᠤᠳᠠᠭ᠋ᠠᠨ᠎ᠤ ᠵᠢᠭᠡᠯᠡᠯᠭᠡ ᠵᠢᠨ ᠬᠡᠷᠡᠭᠴᠡᠭᠡ᠎ᠲᠠᠢ ᠪᠠᠢ᠌ᠵᠤ᠂ ᠡᠵᠡᠩᠨᠡᠯᠲᠡ ᠵᠢᠨ ᠬᠡᠪᠴᠢᠶ᠎ᠡ᠎ᠪᠠᠨ ᠦᠷᠭᠡᠳᠬᠡᠬᠦ ᠵᠢᠨ ᠬᠠᠮᠲᠤ ᠳᠠᠢ᠌ᠴᠢᠯᠠᠯᠲᠠ᠎ᠪᠠᠷ ᠳᠠᠬᠢᠨ ᠰᠢᠨ᠎ᠡ ᠬᠦᠯᠢᠶᠡᠨ ᠠᠪᠴᠤ ᠠᠵᠢᠯ ᠣᠯᠭᠣᠭᠰᠠᠨ ᠬᠥᠮᠦᠨ᠎ᠤ ᠲᠣᠭ᠎ᠠ᠎ᠨᠢ ᠠᠵᠢᠯᠲᠠᠨ ᠠᠵᠢᠯᠴᠢᠨ᠎ᠤ ᠪᠦᠬᠦ ᠲᠣᠭ᠎ᠠ ᠵᠢᠨ 30᠎ᠠᠴᠠ ᠳᠡᠭᠡᠭᠰᠢ ᠵᠢ ᠡᠵᠡᠯᠡᠭᠰᠡᠨ ᠪᠠᠢ᠌ᠪᠠᠯ᠂ ᠲᠦᠷᠦᠭᠦᠦ ᠤᠳᠠᠭ᠎ᠠ ᠵᠢᠨ ᠵᠢᠭᠡᠯᠡᠯᠭᠡ ᠵᠢᠨ ᠲᠣᠭ᠎ᠠ ᠵᠢᠨ ᠨᠢᠭᠡ ᠳᠠᠬᠢᠨ᠎ᠠᠴᠠ ᠳᠡᠭᠡᠭᠰᠢ ᠠᠳᠠᠯ ᠦᠢ᠍ᠯᠡᠰ ᠴᠣᠭᠴᠠᠯᠠᠬᠤ   ᠳᠠᠭ᠋ᠠᠭ᠋ᠠᠯᠲᠠᠲᠤ ᠵᠢᠭᠡᠯᠡᠯᠭᠡ ᠵᠢᠨ ᠳᠡᠳᠬᠦᠮᠵᠢ ᠣᠯᠭᠣᠵᠤ ᠪᠣᠯᠣᠨ᠎ᠠ᠃
      ᠪᠣᠯᠪᠠᠰᠤᠷᠠᠭᠤᠯᠤᠯ᠎ᠳᠤ ᠣᠷᠣᠯᠴᠠᠵᠤ ᠬᠢᠷᠢ ᠲᠡᠩᠴᠡᠭᠰᠡᠳ᠎ᠲᠤ ᠨᠥᠬᠥᠪᠥᠷᠢ ᠣᠯᠭᠣᠨ᠎ᠠ
      ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ᠬᠣᠶ᠋ᠢᠰᠢᠳᠠ ᠪᠦᠬᠦᠨ ᠵᠶ᠋ᠡᠷ ᠵᠶ᠋ᠡᠨ ᠠᠳᠠᠯ ᠦᠢ᠍ᠯᠡᠰ   ᠴᠣᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠦᠯᠬᠥᠮ ᠵᠣᠬᠢᠶᠠᠨ ᠪᠠᠢ᠌ᠭᠤᠯᠵᠤ᠂ ᠡᠯᠪᠡᠭ ᠪᠠᠶᠠᠯᠢᠭ ᠲᠤᠷᠰᠢᠯᠭ᠎ᠠ ᠪᠣᠯᠣᠨ ᠠᠳᠠᠯ ᠦᠢ᠍ᠯᠡᠰ ᠴᠣᠭᠴᠠᠯᠠᠬᠤ ᠡᠬᠢ ᠪᠠᠶᠠᠯᠢᠭ᠎ᠲᠠᠢ ᠠᠵᠤ ᠠᠬᠤᠶ᠋ᠢᠯᠠᠯᠲᠠᠨ᠂ ᠲᠩᠷᠢ ᠵᠢᠨ   ᠡᠯᠴᠢ ᠪᠡᠯᠡ ᠣᠷᠣᠭᠤᠯᠤᠭᠴᠢ ᠬᠢᠭᠡᠳ ᠲᠤᠰᠬᠠᠶ ᠮᠡᠷᠭᠡᠵᠢᠯᠲᠡᠨ ᠡᠷᠳᠡᠮᠲᠡᠨ᠎ᠤ ᠬᠣᠯᠪᠤᠭ᠎ᠠ᠎ᠲᠠᠢ ᠪᠣᠯᠬᠣ ᠵᠢ ᠵᠢ ᠵᠣᠷᠢᠭᠵᠢᠭᠤᠯᠤᠨ᠎ᠠ
     《ᠰᠠᠨᠠᠯ》᠎ᠳᠤ ᠡᠯ᠎ᠡ ᠲᠥᠷᠥᠯ᠎ᠤᠨ ᠬᠥᠮᠦᠰ ᠠᠵᠤ ᠠᠬᠤᠶ᠋ᠢᠯᠠᠯ ᠪᠠᠢ᠌ᠭᠤᠯᠬᠤ᠂ ᠠᠵᠤ ᠠᠬᠤᠶ᠋ᠢᠯᠠᠯ ᠰᠠᠶ᠋ᠢᠵᠢᠷᠠᠭᠤᠯᠬᠤ ᠪᠣᠯᠪᠠᠰᠤᠷᠠᠭᠤᠯᠤᠯ᠎ᠳᠤ ᠣᠷᠣᠯᠴᠠᠭ᠋ᠠᠳ ᠬᠢᠷᠢ ᠲᠡᠩᠴᠡᠭᠰᠡᠨ ᠪᠣᠯ ᠵᠠᠷᠴᠢᠮ ᠳᠡᠭᠡᠷ᠎ᠡ᠎ᠪᠠᠨ ᠬᠥᠮᠦᠨ ᠪᠦᠷᠢ ᠵᠢᠨ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠤᠨ ᠨᠥᠬᠥᠪᠥᠷᠢ᠎ᠢ 1000 ᠲᠥᠭᠥᠷᠢᠭ᠎ᠠᠴᠠ ᠳᠤᠲᠠᠭᠤ ᠪᠠᠢ᠌ᠯᠭ᠋ᠠᠬᠤ ᠦᠭᠡᠢ᠃ ᠠᠵᠢᠯ ᠠᠯᠳᠠᠭᠰᠠᠨ ᠵᠶ᠋ᠠᠨ ᠳᠠᠩᠰᠠᠯᠠᠭᠤᠯᠤᠭᠰᠠᠨ ᠳᠡᠭᠡᠳᠦ ᠰᠤᠷᠭ᠋ᠠᠭᠤᠯᠢ ᠲᠡᠭᠦᠰᠦᠭᠰᠡᠳ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠳᠤ ᠣᠷᠣᠯᠴᠠᠭ᠋ᠠᠳ ᠬᠢᠷᠢ ᠲᠡᠩᠴᠡᠭᠰᠡᠨ ᠪᠣᠯ ᠵᠠᠷᠴᠢᠮ ᠳᠡᠭᠡᠷ᠎ᠡ᠎ᠪᠠᠨ ᠬᠥᠮᠦᠨ ᠪᠦᠷᠢ ᠵᠢᠨ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠤᠨ ᠨᠥᠬᠥᠪᠥᠷᠢ ᠵᠢᠨ ᠪᠠᠷᠢᠮᠵᠢᠶ᠎ᠠ ᠵᠢ 2000 ᠲᠥᠭᠥᠷᠢᠭ᠎ᠤᠨ ᠪᠠᠷᠢᠮᠵᠢᠶ᠎ᠠ ᠵᠢᠨ ᠳᠣᠲᠣᠷ᠎ᠠ ᠪᠣᠲᠠᠲᠠᠢ ᠵᠢ ᠦᠨᠳᠦᠰᠦᠯᠡᠨ ᠬᠢᠨᠠᠨ ᠲᠣᠭᠲᠠᠭ᠋ᠠᠬᠤ ᠬᠡᠷᠡᠭᠲᠡᠶ ᠭᠡᠵᠦ ᠲᠣᠳᠣᠷᠬᠠᠢ᠌ᠯᠠᠭᠰᠠᠨ ᠪᠠᠢ᠌ᠨ᠎ᠠ᠃
     《ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ᠬᠣᠶ᠋ᠢᠰᠢᠳᠠ ᠪᠥᠬᠦᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠪᠥᠯᠬᠥᠮ ᠵᠣᠬᠢᠶᠠᠨ ᠪᠠᠢ᠌ᠭᠤᠯᠬᠤ ᠵᠢᠨ ᠬᠠᠮᠲᠤ ᠡᠯᠪᠡᠭ ᠪᠠᠶᠠᠯᠢᠭ ᠲᠤᠷᠰᠢᠯᠭ᠎ᠠ᠎ᠲᠠᠢ ᠪᠥᠭᠡᠳ ᠠᠳᠠᠯ ᠦᠢ᠍ᠯᠡᠰ ᠴᠣᠭᠴᠠᠯᠠᠬᠤ ᠡᠬᠢ ᠪᠠᠶᠠᠯᠢᠭ᠎ᠲᠠᠢ ᠠᠵᠤ ᠠᠬᠤᠶ᠋ᠢᠯᠠᠯᠲᠠᠨ᠂ ᠠᠨᠴᠢᠯ ᠪᠡᠯᠡ ᠣᠷᠣᠭᠤᠯᠤᠭᠴᠢ ᠪᠣᠯᠣᠨ ᠲᠤᠰᠬᠠᠶ ᠮᠡᠷᠭᠡᠵᠢᠯᠲᠡᠨ ᠡᠷᠳᠡᠮᠲᠡᠳ ᠣᠷᠣᠯᠴᠠᠬᠤ ᠵᠢ ᠵᠣᠷᠢᠭᠵᠢᠭᠤᠯᠵᠤ᠂ ᠠᠲᠠᠯ ᠦᠢ᠍ᠯᠡᠰ ᠴᠤᠭᠴᠠᠯᠠᠭᠴᠢᠳ᠎ᠲᠤ ᠠᠳᠠᠯ ᠦᠢ᠍ᠯᠡᠰ ᠴᠣᠭᠴᠠᠯᠠᠬᠤ ᠮᠡᠳᠡᠭᠡ ᠵᠠᠩᠭᠢ᠂ ᠠᠳᠠᠯ ᠦᠢ᠍ᠯᠡᠰ ᠴᠣᠭᠴᠠᠯᠠᠬᠤ ᠵᠢ ᠤᠬᠠᠭ᠋ᠠᠯᠠᠨ ᠰᠡᠳᠦᠬᠦ᠂ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ᠂ ᠠᠵᠤ ᠠᠬᠤᠶ᠋ᠢᠯᠠᠯ᠎ᠤᠨ ᠬᠠᠮᠢᠶᠠᠷᠤᠯᠲᠠ᠂ ᠮᠥᠷᠳᠡᠨ ᠵᠢᠯᠤᠭᠤᠳᠬᠤ᠂ ᠯᠠᠪᠯᠯᠠᠭ᠎ᠠ ᠥᠭᠴᠦ ᠮᠠᠳᠠᠭ᠎ᠲᠠᠢ ᠠᠰᠠᠭᠤᠳᠠᠯ᠎ᠢ ᠲᠠᠶ᠋ᠢᠯᠪᠤᠷᠢᠯᠠᠬᠤ ᠵᠡᠷᠭᠡ ᠳᠡᠮᠵᠢᠬᠦ ᠦᠢ᠍ᠯᠡᠴᠢᠯᠡᠭᠡ ᠵᠢ ᠥᠷᠨᠢᠭᠦᠯᠬᠦ ᠬᠡᠷᠡᠭᠲᠡᠢ᠃ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠵᠣᠷᠢᠭᠵᠢᠭᠤᠯᠤᠨ ᠪᠣᠳᠠᠲᠠᠶ ᠬᠡᠷᠡᠭᠴᠡᠭᠡ᠎ᠪᠠᠨ ᠦᠨᠳᠦᠰᠦᠯᠡᠵᠦ ᠠᠳᠠᠯ ᠦᠢ᠍ᠯᠡᠰ ᠴᠣᠭᠴᠠᠯᠠᠬᠤ ᠪᠠᠭᠰᠢ ᠵᠢ ᠰᠢᠯᠢᠨ ᠬᠥᠮᠦᠵᠢᠭᠦᠯᠵᠦ᠂ ᠠᠳᠠᠯ ᠦᠢ᠍ᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ᠎ᠤᠨ ᠲᠠᠰᠤᠭ ᠪᠠᠢ᠌ᠭᠤᠯᠤᠨ᠂ ᠠᠳᠠᠯ ᠦᠢ᠍ᠯᠡᠰ ᠴᠣᠭᠴᠠᠯᠠᠬᠤ ᠶᠡᠬᠡ ᠪᠠᠭᠰᠢ ᠵᠢᠨ ᠲᠠᠰᠤᠭ ᠡᠭᠦᠳᠦᠨ ᠪᠠᠶ᠋ᠢᠭᠤᠯᠬᠤ ᠵᠢ ᠵᠣᠷᠢᠭᠵᠢᠭᠤᠯᠤᠨ ᠳᠡᠮᠵᠢᠵᠦ᠂ ᠠᠳᠠᠯ ᠦᠢ᠍ᠯᠡᠰ ᠴᠣᠭᠴᠠᠯᠠᠬᠤ ᠵᠢᠨ ᠪᠣᠯᠪᠠᠰᠤᠷᠠᠭᠤᠯᠬᠤ ᠬᠤᠸᠠᠷᠠᠨ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠤᠷᠤᠯᠳᠤᠭ᠋ᠠᠨ ᠵᠡᠷᠭᠡ ᠠᠵᠢᠯᠯᠠᠭ᠎ᠠ ᠡᠷᠬᠢᠯᠡᠬᠦ ᠵᠢ ᠳᠡᠮᠵᠢᠨ᠎ᠡ᠃ ᠡᠯ᠎ᠡ ᠠᠶ᠋ᠢᠮᠠᠭ ᠬᠣᠲᠠ ᠪᠥᠬᠦᠨ ᠵᠶ᠋ᠠᠷ ᠵᠶ᠋ᠠᠨ ᠠᠲᠠᠯ ᠦᠢ᠍ᠯᠡᠰ ᠴᠤᠭᠴᠠᠯᠠᠭᠴᠢᠳ᠎ᠤᠨ ᠨᠡᠶ᠋ᠢᠭᠡᠮᠯᠢᠭ ᠪᠠᠢ᠌ᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ)᠎ᠨᠦᠭᠦᠳ ᠠᠲᠠᠯ ᠦᠢ᠍ᠯᠡᠰ ᠴᠤᠭᠴᠠᠯᠠᠭᠴᠢᠳ᠎ᠤᠨ ᠬᠤᠪᠢᠶᠠᠷᠢ ᠬᠤᠷᠠᠯ ᠪᠠᠢ᠌ᠭᠤᠯᠤᠨ᠂ ᠠᠲᠠᠯ ᠦᠢ᠍ᠯᠡᠰ ᠴᠤᠭᠴᠠᠯᠠᠭᠴᠢᠳ᠎ᠲᠤ ᠠᠳᠠᠯ ᠦᠢ᠍ᠯᠡᠰ ᠴᠣᠭᠴᠠᠯᠠᠬᠤ ᠮᠡᠳᠡᠭᠡ ᠵᠠᠩᠭᠢ᠂ ᠠᠳᠠᠯ ᠦᠢ᠍ᠯᠡᠰ ᠴᠣᠭᠴᠠᠯᠠᠬᠤ ᠵᠢ ᠤᠬᠠᠭ᠋ᠠᠯᠠᠨ ᠰᠡᠳᠦᠬᠦ᠂ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠡᠷᠭᠡ ᠯᠠᠪᠯᠠᠯᠭ᠎ᠠ ᠥᠭᠬᠦ ᠦᠢ᠍ᠯᠡᠴᠢᠯᠡᠭᠡ ᠵᠢ ᠪᠥᠲᠥᠮᠵᠢᠲᠡᠢ ᠥᠷᠨᠢᠭᠦᠯᠬᠦ ᠬᠡᠷᠡᠭᠲᠡᠢ᠃
      ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠬᠦᠷᠢᠶᠡᠨ᠎ᠳᠤ ᠠᠷᠠᠳ᠎ᠤᠨ ᠳᠣᠲᠣᠷᠠᠬᠢ ᠬᠥᠷᠥᠩᠭᠡ ᠣᠷᠣᠵᠤ ᠪᠣᠯᠣᠨ᠎ᠠ
      ᠡᠯ᠎ᠡ ᠭᠠᠵᠠᠷ ᠣᠷᠣᠨ᠎ᠨᠤᠭᠤᠳ ᠴᠠᠭ ᠲᠤᠬᠠᠶ᠎ᠳᠤᠨᠢ ᠰᠢᠨᠡᠳᠬᠡᠬᠦ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠬᠥᠮᠥᠷᠭᠡ ᠪᠠᠢ᠌ᠭᠤᠯᠵᠤ᠂ ᠠᠶ᠋ᠢᠮᠠᠭ ᠬᠣᠲᠠ ᠵᠢᠨ ᠬᠥᠮᠥᠷᠭᠡ᠎ᠳᠤ ᠣᠷᠣᠭᠤᠯᠬᠤ ᠠᠳᠠᠯ ᠦᠢ᠍ᠯᠡᠰ ᠴᠣᠭᠴᠠᠯᠬᠤ ᠲᠥᠷᠥᠯ ᠵᠦᠢ᠍ᠯ᠎ᠢ ᠶᠡᠷᠦᠩᠬᠡᠶ᠎ᠳᠡᠭᠡᠨ 1000᠎ᠠᠴᠠ ᠳᠤᠲᠠᠭᠤ ᠦᠭᠡᠢ ᠪᠠᠢ᠌ᠯᠭ᠋ᠠᠵᠤ᠂ ᠬᠣᠰᠢᠭᠤ ᠰᠢᠶᠠᠨ (ᠲᠣᠭᠣᠷᠢᠭ᠂ ᠬᠣᠲᠠ)᠎ᠨᠦᠭᠦᠳ 300᠎ᠠᠴᠠ ᠳᠤᠲᠠᠭᠤ ᠦᠭᠡᠢ ᠪᠠᠢ᠌ᠯᠭ᠋ᠠᠬᠤ ᠬᠡᠷᠡᠭᠲᠡᠢ᠃
     《ᠰᠠᠨᠠᠯ》᠎ᠳᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠬᠦᠷᠢᠶᠡᠨ᠎ᠳᠤ ᠠᠷᠠᠳ᠎ᠤᠨ ᠳᠣᠲᠣᠷᠠᠬᠢ ᠬᠥᠷᠥᠩᠭᠡ   ᠣᠷᠣᠬᠤ ᠵᠢ ᠵᠣᠷᠢᠭᠵᠢᠭᠤᠯᠵᠤ᠂ ᠪᠠᠩᠬᠢ ᠬᠢᠭᠡᠳ ᠠᠵᠤ ᠠᠬᠤᠶ᠋ᠢᠯᠠᠯ᠎ᠢ ᠵᠣᠯᠭ᠋ᠠᠯᠳᠣᠭᠣᠯᠬᠣ᠂ ᠲᠥᠷᠥᠯ ᠵᠦᠢ᠍ᠯ ᠲᠠᠨᠢᠯᠴᠠᠭᠤᠯᠬᠤ ᠠᠵᠢᠯᠯᠠᠭ᠎ᠠ ᠵᠢ ᠪᠠᠶ᠋ᠢᠩᠭᠤ ᠵᠢᠨ ᠴᠢᠨᠠᠷᠲᠠᠶ ᠥᠷᠨᠢᠭᠦᠯᠬᠦ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠳᠠᠭ᠂ ᠦᠨᠡᠨᠴᠢ ᠢᠲᠡᠭᠡᠮᠵᠢᠲᠡᠶ᠎ᠪᠠᠷ ᠵᠣᠴᠢᠨ᠎ᠳᠤ ᠬᠠᠨᠳᠤᠳᠠᠭ᠂ ᠬᠠᠤᠯᠢ ᠶᠣᠰᠣᠭ᠋ᠠᠷ ᠭᠠᠶ᠋ᠢᠯᠢ ᠲᠤᠰᠢᠶᠠᠳᠠᠭ᠂ ᠠᠵᠤ ᠠᠬᠤᠶ ᠵᠢᠨ ᠦᠷ᠎ᠡ ᠠᠰᠢᠭ ᠵᠶ᠋ᠠᠷ ᠰᠠᠶ᠋ᠢᠨ᠂ ᠰᠢᠨ᠎ᠡ ᠵᠢ ᠡᠭᠦᠳᠬᠦ ᠴᠢᠳᠠᠪᠤᠷᠢ᠎ᠪᠠᠷ ᠴᠢᠩᠭ᠎ᠠ᠂ ᠬᠥᠭᠵᠢᠯᠲᠡ ᠵᠢᠨ ᠢᠷᠡᠭᠡᠳᠦᠶ ᠵᠢᠨ ᠲᠥᠯᠥᠪ᠎ᠨᠢ ᠰᠠᠶ᠋ᠢᠨ᠂ ᠵᠢᠱ᠌ᠢᠶ᠎ᠡ ᠦᠵᠡᠭᠦᠯᠵᠦ ᠳᠠᠶ᠋ᠢᠴᠢᠯᠠᠬᠤ ᠦᠢ᠍ᠯᠡᠳᠦᠯ ᠵᠶ᠋ᠡᠷ ᠮᠡᠳᠡᠭᠳᠡᠬᠦᠶ᠋ᠢᠴᠡ ᠠᠳᠠᠯ ᠦᠢ᠍ᠯᠡᠰ ᠴᠣᠭᠴᠠᠯᠠᠬᠤ ᠨᠡᠶ᠋ᠢᠲᠡᠯᠢᠭ ᠵᠢᠱ᠌ᠢᠶ᠎ᠡ ᠵᠢ ᠪᠣᠢ᠌ᠵᠢᠭᠤᠯᠵᠤ᠂ ᠵᠢᠯ ᠪᠦᠷᠢ ᠠᠳᠠᠯ ᠦᠢ᠍ᠯᠡᠰ ᠴᠣᠭᠴᠠᠯᠠᠭᠰᠠᠨ ᠵᠢᠱ᠌ᠢᠶ᠎ᠡ ᠦᠵᠡᠭᠦᠯᠬᠦ 50᠎ᠠᠴᠠ ᠳᠡᠭᠡᠭᠰᠢ ᠰᠢᠯᠢᠳᠡᠭ ᠳᠡᠯᠭᠡᠭᠦᠷ᠎ᠢ ᠰᠣᠩᠭᠣᠵᠣ ᠰᠢᠯᠭ᠋ᠠᠷᠠᠭᠤᠯᠤᠨ᠎ᠠ ᠭᠡᠵᠦ ᠲᠣᠳᠣᠷᠬᠠᠢ᠌ᠯᠠᠪᠠ᠃
     《ᠰᠠᠨᠠᠯ》᠎ᠳᠤ ᠪᠠᠰᠠ᠂ ᠡᠯ᠎ᠡ ᠭᠠᠵᠠᠷ ᠣᠷᠣᠨ᠎ᠨᠤᠭᠤᠳ ᠢᠯᠡ᠎ᠪᠠᠷ ᠴᠤᠭᠯᠠᠭᠤᠯᠬᠤ ᠪᠤᠶᠤ ᠵᠠᠰᠠᠭ᠎ᠤᠨ ᠣᠷᠳᠣᠨ ᠬᠤᠳᠠᠯᠳᠤᠨ ᠠᠪᠴᠤ ᠣᠷᠤᠭᠤᠯᠵᠤ ᠢᠷᠡᠬᠦ᠂ ᠲᠠᠨᠢᠯᠴᠠᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠠᠭ ᠲᠤᠬᠠᠶ᠎ᠳᠤᠨᠢ ᠰᠢᠨᠡᠳᠬᠡᠬᠦ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠬᠥᠮᠥᠷᠭᠡ ᠪᠠᠢ᠌ᠭᠤᠯᠵᠤ᠂ ᠠᠶ᠋ᠢᠮᠠᠭ ᠬᠣᠲᠠ ᠵᠢᠨ ᠬᠥᠮᠥᠷᠭᠡ᠎ᠳᠤ ᠣᠷᠣᠭᠤᠯᠬᠤ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠢ ᠶᠡᠷᠦᠩᠬᠡᠶ᠎ᠳᠡᠭᠡᠨ 1000᠎ᠠᠴᠠ ᠳᠤᠲᠠᠭᠤ ᠦᠭᠡᠢ ᠪᠠᠢ᠌ᠯᠭ᠋ᠠᠵᠤ᠂ ᠬᠣᠰᠢᠭᠤ ᠰᠢᠶᠠᠨ (ᠲᠣᠭᠣᠷᠢᠭ᠂ ᠬᠣᠲᠠ)᠎ᠤ᠎ᠬᠢ 300᠎ᠠᠴᠠ ᠳᠤᠲᠠᠭᠤ ᠦᠭᠡᠢ ᠪᠠᠢ᠌ᠯᠭ᠋ᠠᠵᠤ᠂ ᠠᠲᠠᠯ ᠦᠢ᠍ᠯᠡᠰ ᠴᠤᠭᠴᠠᠯᠠᠭᠴᠢᠳ᠎ᠢ ᠬᠠᠪᠰᠤᠷᠤᠨ ᠵᠠᠬ᠎ᠠ ᠳᠡᠯᠭᠡᠭᠦᠷ᠎ᠢ ᠣᠢ᠌ᠯᠠᠭ᠋ᠠᠭᠤᠯᠤᠨ᠂ ᠲᠦᠭᠰᠢᠭᠦᠷᠢ᠎ᠠᠴᠠ ᠵᠠᠢ᠌ᠯᠠᠭᠤᠯᠵᠤ᠂ ᠠᠳᠠᠯ ᠦᠢ᠍ᠯᠡᠰ ᠴᠣᠭᠴᠠᠯᠠᠨ ᠠᠮᠵᠢᠯᠲᠠ ᠣᠯᠬᠤ ᠨᠣᠷᠮ᠎ᠠ ᠵᠢ᠎ᠨᠢ ᠳᠡᠭᠡᠭᠰᠢᠯᠡᠭᠦᠯᠵᠦ᠂ ᠠᠳᠠᠯ ᠦᠢ᠍ᠯᠡᠰ ᠴᠤᠭᠴᠠᠯᠠᠭᠰᠠᠨ ᠦᠷ᠎ᠡ ᠪᠥᠲᠦᠭᠡᠯ᠎ᠤᠨ ᠦᠵᠡᠭᠦᠯᠦᠯᠭᠡ᠂ ᠲᠥᠷᠥᠯ ᠵᠦᠢ᠍ᠯ ᠲᠠᠨᠢᠯᠴᠠᠭᠤᠯᠬᠤ ᠪᠠ ᠰᠣᠨᠢᠨ ᠮᠡᠳᠡᠭᠡᠨ᠎ᠤ ᠵᠠᠭᠤᠴᠢᠯᠠᠭᠤᠷ᠂ ᠣᠳᠣ ᠦᠶ᠎ᠡ ᠵᠢᠨ ᠤᠯᠠᠮᠵᠢᠯᠠᠬᠤ ᠵᠠᠭᠤᠴᠢ᠎ᠪᠠᠷ ᠳᠠᠮᠵᠢᠭᠤᠯᠤᠨ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠭᠦᠢ᠍ᠴᠡᠳᠬᠡᠭᠴᠢ ᠵᠢᠨ ᠠᠳᠠᠯ ᠦᠢ᠍ᠯᠡᠰ ᠴᠣᠭᠴᠠᠯᠠᠭᠰᠠᠨ ᠦᠷ᠎ᠡ ᠪᠦᠲᠦᠭᠡᠯ᠎ᠢ ᠤᠬᠠᠭᠤᠯᠬᠤ ᠵᠢ ᠴᠠᠭ ᠲᠤᠬᠠᠢ᠎ᠳᠤᠨᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠢ ᠲᠠᠶ᠋ᠢᠯᠤᠮᠵᠢ
ᠬᠥᠳᠡᠭᠡ ᠲᠣᠰᠬᠤᠨ᠎ᠤ ᠭᠠᠵᠠᠷ ᠰᠢᠷᠤᠢ ᠳᠠᠭ᠋ᠠᠭ᠋ᠠᠴᠢᠯᠠᠬᠤ ᠬᠠᠷᠢᠴᠠᠭ᠎ᠠ ᠵᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠬᠦ ᠵᠢ ᠬᠡᠷᠬᠢᠨ ᠣᠢ᠌ᠯᠠᠭ᠋ᠠᠬᠤ ᠪᠤᠢ?
ᠬᠥᠳᠡᠭᠡ ᠲᠣᠰᠬᠤᠨ᠎ᠤ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ ᠵᠢᠨ ᠰᠢᠯᠵᠢᠯᠲᠡ ᠵᠢ ᠵᠢᠷᠤᠮᠵᠢᠭᠤᠯᠬᠤ ᠵᠢ ᠬᠡᠷᠬᠢᠨ ᠣᠢ᠌ᠯᠠᠭ᠋ᠠᠬᠤ ᠪᠣᠢ?
ᠥᠪᠥᠷ ᠮᠣᠩᠭᠣᠯ ᠬᠠᠤᠯᠢ᠎ᠪᠠᠷ ᠣᠷᠣᠨ ᠵᠶ᠋ᠠᠨ ᠵᠠᠰᠠᠬᠤ ᠰᠢᠨ᠎ᠡ ᠠᠶᠠᠨ ᠵᠠᠮ᠎ᠢ ᠪᠦᠬᠦ ᠲᠠᠯ᠎ᠠ᠎ᠪᠠᠷ ᠡᠬᠢᠯᠡᠭᠦᠯᠪᠡ
 
            