ᠪᠡᠯᠡ ᠣᠷᠣᠭᠤᠯᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠨᠡᠶ᠋ᠢᠭᠡᠮ᠎ᠤᠨ ᠬᠥᠷᠥᠩᠭᠡ ᠵᠢ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶ᠎ᠡ᠎ᠳᠤ ᠲᠡᠳᠡᠨ ᠣᠷᠣᠭᠤᠯᠵᠤ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠵᠢ ᠳᠥᠯᠭᠢᠨ ᠠᠬᠢᠭᠤᠯᠵᠤ᠂ ᠮᠠᠨ᠎ᠤ ᠣᠷᠣᠨ᠎ᠤ ᠠᠵᠤ ᠠᠬᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ ᠳᠡᠰ ᠳᠡᠪᠰᠢᠭᠦᠯᠬᠦ ᠵᠢ ᠠᠬᠢᠭᠤᠯᠬᠤ ᠵᠢᠨ ᠲᠤᠰᠠᠳᠠ᠂ ᠲᠤᠰ ᠠᠷᠭ᠎ᠠ ᠵᠢ ᠲᠣᠭᠲᠠᠭ᠋ᠠᠪᠠ᠃
1᠂ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠶᠠᠮᠠᠷ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠪᠤᠶ?
(ᠨᠢᠭᠡ) ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠰᠠᠨ ᠬᠥᠷᠥᠩᠭᠡ᠎ᠨᠢ ᠠᠷᠠᠳ᠎ᠤᠨ ᠵᠣᠭᠣᠰ ᠵᠶ᠋ᠠᠷ 500 ᠲᠦᠮᠡᠨ ᠲᠥᠭᠥᠷᠢᠭ᠎ᠠᠴᠠ ᠳᠣᠣᠷ᠎ᠠ ᠦᠭᠡᠶ ᠪᠠᠢ᠌ᠵᠤ᠂ ᠵᠣᠬᠢᠬᠤ ᠪᠡᠯᠡ ᠮᠥᠩᠭᠥ ᠴᠤᠭᠯᠠᠭᠤᠯᠬᠤ ᠴᠢᠳᠠᠪᠤᠷᠢ᠎ᠲᠠᠢ᠂ ᠲᠣᠭᠲᠠᠮᠠᠯ ᠡᠵᠡᠩᠨᠡᠯᠲᠡ ᠵᠢᠨ ᠭᠠᠵᠠᠷ᠎ᠲᠠᠢ ᠪᠠ ᠲᠤᠬᠠᠶ᠋ᠢᠯᠠᠭᠰᠠᠨ ᠠᠵᠢᠯ᠎ᠯᠤᠭ᠎ᠠ ᠲᠣᠬᠢᠷᠠᠯᠴᠠᠭᠰᠠᠨ ᠬᠠᠲᠠᠭᠤ ᠵᠥᠭᠡᠯᠡᠨ ᠬᠡᠷᠡᠭᠰᠡᠯ᠎ᠤᠨ ᠪᠡᠯᠡᠳᠬᠡᠮᠵᠢ᠎ᠲᠠᠢ᠂ ᠪᠡᠯᠡ ᠣᠷᠣᠭᠤᠯᠬᠤ ᠬᠠᠮᠢᠶᠠᠷᠤᠯᠲᠠ ᠵᠢᠨ ᠪᠠᠶᠠᠯᠢᠭ ᠲᠤᠷᠰᠢᠯᠭ᠎ᠠ ᠪᠠ ᠰᠠᠶ᠋ᠢᠨ ᠰᠠᠶ᠋ᠢᠬᠠᠨ ᠬᠠᠮᠢᠶᠠᠷᠤᠯᠲᠠ ᠵᠢᠨ ᠠᠮᠵᠢᠯᠲᠠ ᠪᠦᠲᠦᠮᠵᠢ᠂ ᠰᠠᠭᠤᠷᠢ ᠮᠥᠩᠭᠥ ᠵᠢᠨ ᠪᠡᠯᠡ ᠣᠷᠣᠭᠤᠯᠬᠤ ᠬᠠᠮᠢᠶᠠᠷᠤᠯᠲᠠ ᠪᠠ ᠲᠦᠭᠰᠢᠭᠦᠷᠢ ᠵᠢ ᠬᠢᠵᠠᠭ᠋ᠠᠷᠯᠠᠬᠤ ᠪᠦᠷᠢᠨᠰᠢᠭᠰᠡᠨ ᠴᠤᠪᠤᠷᠠᠯ᠂ ᠲᠥᠷᠥᠯ ᠵᠦᠢ᠍ᠯ ᠰᠢᠯᠢᠨ ᠰᠣᠩᠭᠣᠬᠤ ᠲᠣᠭᠲᠠᠴᠠ ᠪᠠ ᠪᠡᠯᠡ ᠣᠷᠣᠭᠤᠯᠬᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮᠰᠢᠭᠰᠠᠨ ᠲᠣᠭᠲᠠᠴᠠ᠂ ᠪᠡᠯᠡ ᠣᠷᠣᠭᠤᠯᠤᠭᠤᠯᠤᠭᠰᠠᠨ ᠠᠵᠤ ᠠᠬᠤᠶ᠋ᠢᠯᠠᠯ᠎ᠳᠤ ᠠᠳᠠᠯ ᠦᠢ᠍ᠯᠡᠰ ᠴᠣᠭᠴᠠᠯᠠᠬᠤ ᠬᠠᠪᠰᠤᠷᠤᠨ ᠵᠢᠯᠣᠭᠣᠳᠣᠮᠵᠢ᠂ ᠬᠠᠮᠢᠶᠠᠷᠤᠯᠲᠠ ᠵᠢᠨ ᠯᠠᠪᠯᠠᠭ᠎ᠠ ᠥᠭᠬᠦ ᠵᠡᠷᠭᠡ ᠥᠷᠲᠡᠭ ᠨᠡᠮᠡᠭᠳᠡᠯ᠎ᠤᠨ ᠦᠢ᠍ᠯᠡᠴᠢᠯᠡᠭᠡ ᠬᠠᠩᠭ᠋ᠠᠵᠤ ᠳᠡᠢ᠌ᠯᠬᠦ;
(ᠬᠣᠶᠠᠷ) ᠰᠠᠭᠤᠷᠢ ᠮᠥᠩᠭᠥ ᠵᠢᠨ ᠬᠠᠮᠢᠶᠠᠷᠤᠯᠲᠠ ᠵᠢᠨ 3 ᠵᠢᠯ᠎ᠠᠴᠠ ᠳᠡᠭᠡᠭᠰᠢ ᠠᠵᠢᠯ᠎ᠤᠨ ᠲᠤᠷᠰᠢᠯᠭ᠎ᠠ᠎ᠲᠠᠢ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠠᠳᠠᠭ᠎ᠲᠠᠭᠠᠨ 3 ᠨᠡᠷ᠎ᠡ ᠪᠠᠢ᠌ᠵᠤ᠂ ᠠᠳᠠᠭ᠎ᠲᠠᠭᠠᠨ 3᠎ᠠᠴᠠ ᠳᠡᠭᠡᠭᠰᠢᠬᠢ ᠠᠵᠤ ᠠᠬᠤᠶ᠋ᠢᠯᠠᠯ᠎ᠳᠤ ᠪᠡᠯᠡ ᠣᠷᠣᠯᠠᠭᠤᠯᠵᠤ ᠠᠮᠵᠢᠯᠲᠠ ᠣᠯᠣᠭᠰᠠᠨ ᠵᠢᠱ᠌ᠢᠶ᠎ᠡ᠎ᠲᠠᠢ ᠪᠠᠢ᠌ᠬᠤ;
(ᠭᠤᠷᠪᠠ) ᠰᠠᠭᠤᠷᠢ ᠮᠥᠩᠭᠥ ᠬᠠᠮᠢᠶᠠᠷᠬᠤ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠨ ᠰᠢᠳᠬᠡᠯ᠎ᠢ ᠣᠯᠵᠤ ᠥᠩᠭᠡᠷᠡᠭᠰᠡᠨ ᠮᠠᠭᠤ ᠲᠡᠮᠳᠡᠭᠯᠡᠯ ᠦᠭᠡᠶ ᠪᠠᠢ᠌ᠬᠤ᠃
2᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠬᠤ ᠪᠠᠩᠬᠢ ᠶᠠᠮᠠᠷ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠪᠤᠶ?
(ᠨᠢᠭᠡ) ᠡᠳ᠋ ᠬᠥᠷᠥᠩᠭᠡ ᠵᠢ ᠨᠠᠢ᠌ᠳᠠᠯᠭ᠎ᠠ᠎ᠪᠠᠷ ᠬᠠᠮᠢᠶᠠᠷᠬᠤ ᠡᠵᠡᠩᠨᠡᠯᠲᠡ ᠵᠢᠨ ᠬᠢᠷᠢ ᠴᠢᠳᠠᠮᠵᠢ᠎ᠲᠠᠢ᠂ ᠪᠡᠯᠡ ᠣᠷᠣᠭᠤᠯᠬᠤ ᠵᠢᠨ ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠬᠤ ᠲᠤᠷᠰᠢᠯᠭ᠎ᠠ᠎ᠲᠠᠢ ᠪᠠᠢ᠌ᠬᠤ;
(ᠬᠣᠶᠠᠷ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠭᠣᠣᠯ ᠪᠡᠯᠡ ᠭᠠᠷᠭ᠋ᠠᠭᠴᠢ᠂ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠯᠤᠭ᠎ᠠ ᠰᠲ᠋ᠣᠺ᠎ᠤᠨ ᠡᠷᠬᠡ᠂ ᠥᠭᠴᠡᠭᠡ ᠪᠠ ᠲᠥᠷᠥᠯ ᠰᠠᠳᠤᠨ᠎ᠤ ᠵᠡᠷᠭᠡ ᠬᠣᠯᠪᠣᠭᠳᠠᠯ ᠪᠣᠯᠣᠨ ᠠᠰᠢᠭ ᠬᠣᠣᠷ᠎ᠤᠨ ᠬᠠᠷᠢᠴᠠᠭ᠎ᠠ ᠦᠭᠡᠢ ᠪᠠᠢ᠌ᠬᠤ;
(ᠭᠤᠷᠪᠠ) ᠬᠦᠨᠳᠦ ᠶᠡᠬᠡ ᠡᠨᠳᠡᠯ ᠪᠠ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠪᠠᠷ ᠰᠢᠳᠬᠡᠭᠳᠡᠵᠦ ᠥᠩᠭᠡᠷᠡᠭᠰᠡᠨ ᠮᠠᠭᠤ ᠲᠡᠮᠳᠡᠭᠯᠡᠯ ᠦᠭᠡᠶ ᠪᠠᠢ᠌ᠬᠤ᠃
3᠂ ᠬᠥᠲᠥᠯᠥᠨ ᠵᠢᠯᠣᠭᠣᠳᠬᠤ ᠰᠠᠭᠤᠷᠢ ᠮᠥᠩᠭᠥᠢ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠬᠠᠮᠲᠤᠷᠠᠨ ᠡᠭᠦᠰᠬᠡᠨ ᠪᠠᠶ᠋ᠢᠭᠤᠯᠬᠤ ᠵᠢ ᠭᠤᠶᠤᠴᠢᠯᠠᠬᠤ᠎ᠳᠤ ᠶᠠᠮᠠᠷ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠪᠤᠶ?
(ᠨᠢᠭᠡ) ᠭᠣᠣᠯ ᠡᠭᠦᠰᠬᠡᠭᠴᠢ (ᠬᠤᠷᠰᠢᠬ᠍ᠴᠢ᠂ ᠳᠣᠷᠣᠭᠰᠢ ᠠᠳᠠᠯᠢ)᠂ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠨᠠᠢ᠌ᠳᠠᠵᠤ ᠬᠠᠮᠢᠶᠠᠷᠤᠭᠤᠯᠬᠤ ᠪᠠᠩᠬᠢ ᠵᠢ ᠨᠢᠭᠡᠨᠲᠡ ᠦᠨᠳᠦᠰᠦᠨ᠎ᠳᠡᠭᠡᠨ ᠲᠣᠭᠲᠠᠭ᠋ᠠᠭᠰᠠᠨ ᠪᠠᠢ᠌ᠬᠤ ᠵᠢᠨ ᠬᠠᠮᠲᠤ ᠡᠭᠦᠰᠬᠡᠭᠴᠢ ᠵᠢᠨ ᠵᠥᠪᠯᠡᠯᠴᠡᠭᠡᠷ᠂ ᠰᠠᠭᠤᠷᠢ ᠮᠥᠩᠭᠥ ᠵᠢᠨ ᠳᠦᠷᠢᠮ (ᠬᠤᠷᠰᠢᠬᠤ ᠵᠥᠪᠯᠡᠯᠴᠡᠭᠡᠷ᠂ ᠳᠣᠷᠣᠭᠰᠢ ᠠᠳᠠᠯᠢ)᠂ ᠨᠠᠶ᠋ᠢᠳᠠᠵᠤ ᠬᠠᠮᠢᠶᠠᠷᠤᠭᠤᠯᠬᠤ ᠵᠥᠪᠯᠡᠯᠴᠡᠭᠡᠷ᠂ ᠪᠡᠯᠡ ᠮᠥᠩᠭᠥ ᠵᠢ ᠨᠠᠶ᠋ᠢᠳᠠᠵᠤ ᠬᠠᠮᠢᠶᠠᠷᠤᠭᠤᠯᠬᠤ ᠵᠥᠪᠯᠡᠯᠴᠡᠭᠡᠷ ᠳᠡᠭᠡᠷ᠎ᠡ ᠠᠩᠬᠠᠨ᠎ᠤ ᠭᠠᠷᠤᠨ ᠦᠰᠦᠭ ᠵᠢᠷᠤᠭᠰᠠᠨ ᠪᠠᠢ᠌ᠬᠤ; ᠪᠤᠰᠤᠳ ᠪᠡᠯᠡ ᠭᠠᠷᠭ᠋ᠠᠭᠴᠢ (ᠬᠤᠷᠰᠢᠬ᠍ᠴᠢ᠂ ᠳᠣᠷᠣᠭᠰᠢ ᠠᠳᠠᠯᠢ)᠎ᠨᠢ ᠨᠢᠭᠡᠨᠲᠡ ᠨᠠᠢ᠌ᠳᠠᠪᠤᠷᠢᠵᠢᠭᠰᠠᠨᠤ ᠬᠠᠮᠲᠤ ᠪᠡᠯᠡ ᠮᠥᠩᠭᠥ ᠵᠢ ᠪᠣᠯᠵᠣᠨ ᠲᠣᠭᠲᠠᠭᠰᠠᠨ ᠶᠣᠰᠣᠭ᠋ᠠᠷ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ᠎ᠨᠢ ᠥᠭᠬᠦ ᠵᠢ ᠪᠠᠲᠤᠯᠠᠭᠰᠠᠨ ᠪᠠᠢ᠌ᠬᠤ;
(ᠬᠣᠶᠠᠷ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠴᠤᠭᠯᠠᠭᠤᠯᠤᠭᠰᠠᠨ ᠪᠡᠯᠡ ᠮᠥᠩᠭᠥ ᠵᠢᠨ ᠪᠦᠬᠦ ᠲᠣᠭ᠎ᠠ᠎ᠨᠢ ᠠᠷᠠᠳ᠎ᠤᠨ ᠵᠣᠭᠣᠰ᠎ᠲᠤ 3 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠠᠢ᠌ᠬᠤ; ᠭᠣᠣᠯ ᠡᠭᠦᠰᠬᠡᠭᠴᠢ ᠵᠢᠨ ᠪᠡᠯᠡ ᠭᠠᠷᠭ᠋ᠠᠭᠰᠠᠨ ᠲᠣᠭ᠎ᠠ᠎ᠨᠢ ᠠᠷᠠᠳ᠎ᠤᠨ ᠵᠣᠭᠣᠰ ᠵᠶ᠋ᠡᠷ 5000 ᠲᠦᠮᠡᠨ ᠲᠥᠭᠥᠷᠢᠭ᠎ᠠᠴᠠ ᠳᠣᠣᠷ᠎ᠠ ᠦᠭᠡᠢ ᠪᠠᠶ᠋ᠢᠵᠤ᠂ ᠪᠤᠰᠤᠳ ᠭᠠᠭᠴᠠᠭ᠋ᠠᠷ ᠪᠡᠯᠡ ᠭᠠᠷᠭ᠋ᠠᠭᠴᠢ ᠵᠢᠨ ᠪᠡᠯᠡ ᠭᠠᠷᠭ᠋ᠠᠭᠰᠠᠨ ᠲᠣᠭ᠎ᠠ᠎ᠨᠢ ᠠᠷᠠᠳ᠎ᠤᠨ ᠵᠣᠭᠣᠰ ᠵᠶ᠋ᠠᠷ 1000 ᠲᠦᠮᠡᠨ ᠲᠥᠭᠥᠷᠢᠭ᠎ᠠᠴᠠ ᠳᠣᠣᠷ᠎ᠠ ᠦᠭᠡᠢ ᠪᠠᠢ᠌ᠬᠤ; ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢᠨ ᠪᠡᠯᠡ ᠭᠠᠷᠭ᠋ᠠᠭᠴᠢ᠎ᠠᠴᠠ ᠭᠠᠳᠠᠨᠠᠬᠢ ᠪᠤᠰᠤᠳ ᠪᠡᠯᠡ ᠭᠠᠷᠭ᠋ᠠᠭᠴᠢ ᠵᠢᠨ ᠲᠣᠭ᠎ᠠ ᠬᠡᠮᠵᠢᠶ᠎ᠡ᠎ᠨᠢ 3 ( ᠪᠠᠭᠲᠠᠨ᠎ᠠ)᠎ᠠᠴᠠ ᠲᠤᠲᠠᠭᠤ ᠦᠭᠡᠢ ᠪᠠᠢ᠌ᠵᠤ᠂ ᠡᠭᠦᠨ᠎ᠳᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠤᠶᠤ ᠬᠤᠪᠢ ᠬᠥᠮᠦᠨ ᠪᠡᠯᠡ ᠭᠠᠷᠭ᠋ᠠᠭᠴᠢ 2 (ᠪᠠᠭᠲᠠᠨ᠎ᠠ)᠎ᠠᠴᠠ ᠲᠤᠲᠠᠭᠤ ᠦᠭᠡᠶ ᠪᠠᠢ᠌ᠬᠤ ;
(ᠭᠤᠷᠪᠠ) ᠰᠠᠭᠤᠷᠢ ᠮᠥᠩᠭᠥ ᠵᠢ ᠬᠠᠮᠢᠶᠠᠷᠬᠤ ᠪᠠᠶ᠋ᠢᠭᠤᠯᠤᠮᠵᠢ᠎ᠨᠢ ᠰᠲ᠋ᠣᠺ᠎ᠤᠨ ᠡᠷᠬᠡ ᠵᠢᠨ ᠪᠡᠯᠡ ᠣᠷᠣᠭᠤᠯᠬᠤ ᠰᠠᠭᠤᠷᠢ ᠮᠥᠩᠭᠥ᠎ᠳᠤ ᠭᠠᠷᠭ᠋ᠠᠬᠤ ᠪᠡᠯᠡ ᠲᠤᠰᠢᠶᠠᠵᠤ᠂ ᠪᠡᠯᠡ ᠭᠠᠷᠭ᠋ᠠᠬᠤ ᠬᠠᠷᠢᠴᠠᠯ᠎ᠢ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠶᠡᠷᠦᠩᠬᠡᠶ ᠬᠡᠪᠴᠢᠶ᠎ᠡ ᠵᠢᠨ 1%᠎ᠠᠴᠠ ᠳᠣᠣᠷ᠎ᠠ ᠪᠠᠢ᠌ᠯᠭ᠋ᠠᠬᠤ ᠦᠭᠡᠶ᠂ ᠪᠣᠳᠠᠲᠠᠶ ᠬᠠᠷᠢᠴᠠᠯ᠎ᠢ ᠰᠠᠭᠤᠷᠢ ᠮᠥᠩᠭᠥ ᠵᠢᠨ ᠳᠦᠷᠢᠮ᠎ᠳᠡᠭᠡᠨ ᠲᠣᠳᠣᠷᠬᠠᠢ᠌ᠯᠠᠬᠤ ᠬᠡᠷᠡᠭᠲᠡᠢ᠃
4᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢ ᠮᠡᠳᠡᠭᠦᠯᠵᠦ ᠬᠢᠨᠠᠭᠤᠯᠬᠤ ᠳᠡᠰ ᠳᠠᠷᠠᠭ᠋ᠠᠯᠠᠯ᠎ᠨᠢ ᠶᠠᠭᠤ ᠶᠠᠭᠤ ᠪᠠᠢ᠌ᠳᠠᠭ ᠪᠤᠶ?
(ᠨᠢᠭᠡ) ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠪᠠᠶ᠋ᠢᠭᠤᠯᠬᠤ ᠪᠤᠶᠤ ᠪᠡᠯᠡ ᠨᠡᠮᠡᠭᠳᠡᠭᠦᠯᠦᠨ ᠰᠲ᠋ᠣᠺ ᠥᠷᠭᠡᠳᠬᠡᠬᠦ ᠠᠯᠪᠠᠨ ᠵᠠᠷ᠎ᠢ ᠨᠡᠢ᠌ᠭᠡᠮ᠎ᠳᠤ ᠢᠯᠡ ᠨᠡᠢ᠌ᠲᠡᠯᠡᠨ᠎ᠡ᠃
(ᠬᠣᠶᠠᠷ) ᠰᠠᠭᠤᠷᠢ ᠮᠥᠩᠭᠥ ᠬᠠᠮᠢᠶᠠᠷᠬᠤ ᠪᠠᠶ᠋ᠢᠭᠤᠯᠤᠮᠵᠢ᠎ᠨᠢ ᠲᠤᠰ ᠠᠷᠭ᠎ᠠ ᠵᠢᠨ ᠲᠣᠭᠲᠠᠭ᠋ᠠᠯ ᠪᠣᠯᠣᠨ ᠠᠯᠪᠠᠨ ᠵᠠᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢ ᠵᠣᠬᠢᠶᠠᠨ ᠪᠠᠶ᠋ᠢᠭᠤᠯᠬᠤ ᠲᠥᠰᠦᠯ ᠪᠤᠶᠤ ᠪᠡᠯᠡ ᠨᠡᠮᠡᠭᠳᠡᠭᠦᠯᠦᠨ ᠰᠲ᠋ᠣᠺ ᠥᠷᠭᠡᠳᠬᠡᠬᠦ ᠲᠥᠰᠦᠯ ᠵᠢ ᠵᠣᠬᠢᠶᠠᠨ ᠪᠠᠢ᠌ᠭᠤᠯᠤᠨ ᠨᠠᠶ᠋ᠢᠷᠠᠭᠤᠯᠤᠨ ᠵᠣᠬᠢᠶᠠᠵᠤ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠦᠷᠭᠡᠨ᠎ᠡ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠨᠠᠢ᠌ᠳᠠᠵᠤ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠳᠡᠭᠡᠭᠰᠢ ᠮᠡᠳᠡᠭᠦᠯᠦᠭᠰᠡᠨ ᠲᠥᠰᠦᠯ᠎ᠢ ᠬᠢᠨᠠᠨ ᠲᠣᠭᠲᠠᠭ᠋ᠠᠵᠤ᠂ ᠬᠢᠨᠠᠨ ᠲᠣᠭᠲᠠᠭ᠋ᠠᠬᠤ ᠵᠢ ᠳᠠᠮᠵᠢᠭᠰᠠᠨᠤ ᠳᠠᠷᠠᠭ᠎ᠠ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠪᠠᠶ᠋ᠢᠭᠤᠯᠬᠤ᠎ᠪᠠᠷ ᠪᠠᠢ᠌ᠭ᠎ᠠ ᠪᠤᠶᠤ ᠮᠥᠩᠭᠥ ᠨᠡᠮᠡᠭᠳᠡᠭᠦᠯᠦᠨ ᠰᠲ᠋ᠣᠺ ᠥᠷᠭᠡᠳᠬᠡᠬᠦ ᠰᠠᠭᠤᠷᠢ ᠮᠥᠩᠭᠥ᠎ᠳᠤ ᠡᠭᠦᠷᠭᠡ ᠭᠦᠢ᠍ᠴᠡᠳᠬᠡᠭᠰᠡᠨ᠎ᠤ ᠪᠠᠶ᠋ᠢᠴᠠᠭ᠋ᠠᠯᠲᠠ ᠪᠠ ᠬᠤᠪᠢ ᠣᠷᠣᠭᠤᠯᠬᠤ ᠬᠡᠯᠡᠯᠴᠡᠭᠡᠷ ᠬᠢᠬᠦ ᠵᠢ ᠥᠷᠨᠢᠭᠦᠯᠦᠨ᠎ᠡ᠃
(ᠳᠥᠷᠪᠡ) ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠢᠨᠠᠨ ᠲᠣᠭᠲᠠᠭ᠋ᠠᠭᠰᠠᠨ ᠰᠠᠨᠠᠯ᠎ᠢ ᠦᠨᠳᠦᠰᠦᠯᠡᠨ᠂ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠰᠠᠭᠤᠷᠢ ᠮᠥᠩᠭᠥ ᠵᠢᠨ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢ ᠱᠠᠭ᠋ᠠᠷᠳᠠᠵᠤ᠂ ᠡᠯ᠎ᠡ ᠪᠡᠯᠡ ᠭᠠᠷᠭ᠋ᠠᠭᠴᠢᠳ ᠬᠠᠮᠢᠶ᠎ᠠ ᠪᠦᠬᠦᠢ ᠵᠥᠪᠯᠡᠯᠴᠡᠭᠡᠷ᠎ᠢ ᠲᠣᠭᠲᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠵᠢᠩᠬᠢᠨᠢ ᠲᠥᠰᠦᠯ᠎ᠢ ᠮᠡᠳᠡᠭᠦᠯᠦᠨ᠎ᠡ᠃
(ᠲᠠᠪᠤ) ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠭᠦᠷᠭᠡ ᠭᠦᠢ᠍ᠴᠡᠳᠬᠡᠭᠰᠡᠨ᠎ᠤ ᠪᠠᠢ᠌ᠴᠠᠭ᠋ᠠᠯᠲᠠ ᠵᠢᠨ ᠰᠠᠨᠠᠯ᠎ᠢ ᠯᠠᠪᠯᠠᠵᠤ᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠲᠥᠰᠦᠯ᠎ᠢ ᠵᠢᠩᠬᠢᠨᠢ᠎ᠪᠠᠷ ᠨᠤᠲᠠᠯᠠᠬᠤ ᠵᠢᠨ ᠬᠠᠮᠲᠤ ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢᠨ ᠲᠥᠯᠥᠪᠯᠡᠭᠡ ᠵᠢ ᠳᠣᠷᠣᠭᠰᠢ ᠪᠠᠭᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢ ᠬᠥᠲᠥᠯᠥᠨ ᠵᠢᠯᠣᠭᠣᠳᠬᠤ ᠰᠠᠭᠤᠷᠢ ᠮᠥᠩᠭᠥᠤ ᠨᠠᠶ᠋ᠢᠳᠠᠯᠭ᠎ᠠ᠎ᠪᠠᠷ ᠬᠠᠮᠢᠶᠠᠷᠬᠤ ᠲᠤᠰᠬᠠᠶ ᠳᠠᠩᠰᠠᠨ᠎ᠳᠤ ᠰᠠᠯᠭ᠋ᠠᠨ ᠥᠭᠴᠦ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠰᠲ᠋ᠣᠺ᠎ᠤᠨ ᠡᠷᠬᠡ ᠵᠢ ᠪᠡᠯᠡ ᠣᠷᠣᠭᠤᠯᠬᠤ ᠵᠢᠨ ᠰᠠᠭᠤᠷᠢ ᠮᠥᠩᠭᠥ ᠵᠢᠨ ᠳᠠᠩᠰᠠᠨ ᠡᠷᠦᠬᠡ᠎ᠳᠤ ᠰᠠᠯᠭ᠋ᠠᠨ ᠥᠭᠭᠦᠨ᠎ᠡ᠃
5᠂ ᠨᠠᠢ᠌ᠳᠠᠯᠭ᠎ᠠ ᠵᠢ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠶᠠᠮᠠᠷ ᠶᠠᠮᠠᠷ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠪᠤᠶ?
(ᠨᠢᠭᠡ) ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠪᠠᠢ᠌ᠬᠤ;
(ᠬᠣᠶᠠᠷ) ᠳᠠᠩᠰᠠᠯᠠᠭᠤᠯᠤᠭᠰᠠᠨ ᠬᠥᠷᠥᠩᠭᠡ᠎ᠨᠢ ᠠᠷᠠᠳ᠎ᠤᠨ ᠵᠣᠭᠣᠰ ᠵᠶ᠋ᠠᠷ 1 ᠳ᠋ᠦᠩᠰᠢᠭᠤᠷ ᠲᠥᠭᠥᠷᠢᠭ᠎ᠠᠴᠠ ᠳᠣᠣᠷ᠎ᠠ ᠦᠭᠡᠶ ᠪᠠᠢ᠌ᠵᠤ;
(ᠭᠤᠷᠪᠠ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠵᠢᠨ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ᠎ᠢ 1 ᠵᠢᠯ᠎ᠠᠴᠠ ᠳᠡᠭᠡᠭᠰᠢ ᠬᠢᠭᠰᠡᠨ ᠪᠠᠶ᠋ᠢᠬᠤ;
(ᠳᠥᠷᠪᠡ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ 3 ᠵᠢᠯ᠎ᠠᠴᠠ ᠳᠡᠭᠡᠭᠰᠢ ᠬᠠᠮᠢᠶ᠎ᠠ ᠪᠦᠬᠦᠢ ᠥᠩᠭᠡᠷᠡᠯᠲᠡ᠎ᠲᠠᠢ ᠠᠵᠢᠯᠯᠠᠭᠴᠢᠳ ᠠᠳᠠᠭ᠎ᠲᠠᠭᠠᠨ 5 ᠨᠡᠷ᠎ᠡ ᠪᠠᠢ᠌ᠬᠤ;
(ᠲᠠᠪᠤ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠲᠡᠭᠦᠯᠳᠡᠷᠵᠢᠭᠰᠡᠨ ᠬᠠᠮᠢᠶᠠᠷᠤᠯᠲᠠ ᠵᠢᠨ ᠳᠦᠷᠢᠮ᠎ᠲᠠᠢ ᠪᠠᠢ᠌ᠬᠤ;
(ᠵᠢᠷᠭᠤᠭ᠎ᠠ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠲᠥᠷᠥᠯ ᠵᠦᠢ᠍ᠯ᠎ᠤᠨ ᠠᠵᠢᠯᠯᠠᠭ᠋ᠠᠨ᠎ᠤ ᠠᠮᠵᠢᠯᠲᠠ ᠣᠯᠣᠭᠰᠠᠨ ᠲᠤᠷᠰᠢᠯᠭ᠎ᠠ ᠭᠤᠷᠪᠠ᠎ᠠᠴᠠ ᠳᠡᠭᠡᠭᠰᠢ ᠪᠠᠢ᠌ᠬᠤ᠃
6᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭᠠᠳᠤ ᠭᠣᠣᠯᠳᠠᠭᠤ ᠶᠠᠭᠤ ᠶᠠᠭᠤ ᠪᠠᠭᠲᠠᠬᠤ ᠪᠤᠶ?
(ᠨᠢᠭᠡ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠲᠥᠰᠦᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠴᠢᠨᠠᠷ᠎ᠢ ᠬᠢᠨᠠᠬᠤ᠎ᠳᠤ ᠣᠷᠣᠯᠴᠠᠨ᠎ᠠ;
(ᠬᠣᠶᠠᠷ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ᠎ᠳᠤ ᠡᠭᠦᠷᠭᠡ᠎ᠪᠠᠨ ᠭᠦᠢ᠍ᠴᠡᠳᠬᠡᠭᠰᠡᠨ ᠪᠠᠶ᠋ᠢᠴᠠᠭ᠋ᠠᠯᠲᠠ᠂ ᠬᠤᠪᠢ ᠣᠷᠣᠭᠤᠯᠬᠤ ᠬᠡᠯᠡᠯᠴᠡᠭᠡᠷ ᠬᠢᠬᠦ᠂ ᠰᠠᠭᠤᠷᠢ ᠮᠥᠩᠭᠥ ᠵᠢᠨ ᠳᠦᠷᠢᠮ ᠲᠣᠭᠲᠠᠭ᠋ᠠᠬᠤ ᠠᠵᠢᠯ ᠥᠷᠨᠢᠭᠦᠯᠦᠨ᠎ᠡ;
(ᠭᠤᠷᠪᠠ) ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢ ᠲᠥᠯᠥᠭᠡᠯᠡᠨ ᠪᠡᠯᠡ ᠭᠠᠷᠭ᠋ᠠᠬᠤ ᠲᠣᠭ᠎ᠠ᠎ᠪᠠᠷ ᠬᠢᠵᠠᠭ᠋ᠠᠷ ᠪᠣᠯᠭ᠋ᠠᠨ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ᠎ᠳᠤ ᠪᠡᠯᠡ ᠭᠠᠷᠭ᠋ᠠᠭᠴᠢ ᠵᠢᠨ ᠡᠷᠬᠡ᠎ᠪᠠᠨ ᠬᠡᠷᠡᠭᠵᠢᠭᠦᠯᠬᠦ ᠵᠢᠨ ᠬᠠᠮᠲᠤ ᠵᠣᠬᠢᠴᠠᠩᠭᠤᠢ ᠡᠭᠦᠷᠭᠡ ᠵᠢ ᠡᠭᠦᠷᠭᠡᠯᠡᠵᠦ᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠠᠵᠤ ᠠᠬᠤᠶ᠋ᠢᠯᠠᠯ᠎ᠳᠤ ᠲᠥᠯᠥᠭᠡᠯᠡᠭᠴᠢ ᠲᠣᠮᠢᠯᠠᠨ᠂ ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠪᠡᠯᠡ ᠣᠷᠣᠭᠤᠯᠬᠤ ᠬᠠᠨᠳᠤᠰᠢ᠎ᠳᠤ ᠬᠢᠨᠠᠯᠲᠠ ᠲᠠᠯᠪᠢᠨ᠎ᠠ;
(ᠳᠥᠷᠪᠡ) ᠳᠠᠭ᠋ᠠᠭ᠋ᠠᠴᠢᠯᠠᠯᠲᠠ ᠵᠠᠷᠯᠠᠬᠤ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠢᠭ᠋ᠠᠨ ᠲᠣᠭᠲᠠᠭ᠋ᠠᠭᠰᠠᠨ ᠤᠯᠤᠰ᠎ᠤᠨ ᠬᠥᠮᠥᠷᠭᠡᠤ ᠲᠥᠪᠯᠡᠷᠡᠭᠦᠯᠦᠨ ᠥᠭᠬᠦ ᠵᠢ ᠣᠷᠣᠯᠠᠨ ᠭᠦᠢ᠍ᠴᠡᠳᠬᠡᠬᠦ ᠪᠠᠩᠬᠢ ᠵᠢᠨ ᠬᠡᠪᠴᠢᠶᠡᠨ᠎ᠳᠤ ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢᠨ ᠨᠠᠶ᠋ᠢᠳᠠᠯᠭ᠎ᠠ᠎ᠪᠠᠷ ᠬᠠᠮᠢᠶᠠᠷᠬᠤ ᠲᠤᠰᠬᠠᠶ ᠳᠠᠩᠰᠠ ᠵᠢ ᠪᠠᠢ᠌ᠭᠤᠯᠵᠤ᠂ ᠰᠠᠭᠤᠷᠢ ᠮᠥᠩᠭᠥ ᠵᠢᠨ ᠳᠦᠷᠢᠮ᠎ᠢ ᠪᠣᠯᠵᠣᠨ ᠲᠣᠭᠲᠠᠭᠰᠠᠨ᠎ᠢ ᠦᠨᠳᠦᠰᠦᠯᠡᠨ᠂ ᠪᠤᠰᠤᠳ ᠪᠡᠯᠡ ᠭᠠᠷᠭ᠋ᠠᠭᠴᠢ ᠪᠡᠯᠡ ᠭᠠᠷᠭ᠋ᠠᠭᠰᠠᠨ ᠪᠡᠯᠡ ᠮᠥᠩᠭᠥ᠎ᠪᠠᠨ ᠬᠤᠭᠤᠴᠠᠭ᠎ᠠ ᠶᠣᠰᠣᠭ᠋ᠠᠷ ᠲᠤᠰᠢᠶᠠᠭᠰᠠᠨ ᠮᠥᠷᠲᠡᠭᠡᠨ ᠭᠦᠢ᠍ᠴᠡᠳ ᠲᠣᠭ᠎ᠠ᠎ᠪᠠᠷ ᠣᠷᠣᠨ᠎ᠳᠤᠨᠢ ᠣᠷᠣᠭᠤᠯᠤᠭᠰᠠᠨ᠎ᠤ ᠳᠠᠷᠠᠭ᠎ᠠ᠂ ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢ ᠰᠠᠭᠤᠷᠢ ᠮᠥᠩᠭᠥ ᠵᠢᠨ ᠳᠠᠩᠰᠠᠨ ᠡᠷᠦᠬᠡ᠎ᠳᠤ ᠰᠠᠯᠭ᠋ᠠᠨ ᠥᠭᠭᠦᠨ᠎ᠡ;
(ᠲᠠᠪᠤ) ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢᠨ ᠠᠰᠢᠭ ᠬᠤᠪᠢᠶᠠᠭᠰᠠᠨ᠂ ᠤᠬᠤᠷᠢᠵᠤ ᠭᠠᠷᠤᠭᠰᠠᠨ ᠵᠡᠷᠭᠡ ᠪᠡᠯᠡ ᠮᠥᠩᠭᠥ (ᠡᠬᠡ ᠮᠥᠩᠭᠥ ᠪᠠ ᠠᠰᠢᠭ ᠣᠷᠣᠯᠭ᠎ᠠ ᠪᠠᠭᠲᠠᠨ᠎ᠠ) ᠵᠢ ᠬᠥᠲᠥᠯᠥᠨ ᠵᠢᠯᠣᠭᠣᠳᠬᠤ ᠰᠠᠭᠤᠷᠢ ᠮᠥᠩᠭᠥ ᠵᠢᠨ ᠨᠠᠶ᠋ᠢᠳᠠᠯᠭ᠎ᠠ᠎ᠪᠠᠷ ᠬᠠᠮᠢᠶᠠᠷᠬᠤ ᠲᠤᠰᠬᠠᠶ ᠳᠠᠩᠰᠠᠨ᠎ᠳᠤ ᠴᠠᠭ ᠲᠤᠬᠠᠶ᠎ᠳᠤᠨᠢ ᠰᠠᠯᠭ᠋ᠠᠨ ᠣᠷᠣᠭᠤᠯᠤᠨ᠎ᠠ;
(ᠵᠢᠷᠭᠤᠭ᠎ᠠ) ᠰᠲ᠋ᠣᠺ᠎ᠤᠨ ᠡᠷᠬᠡ᠎ᠪᠠᠷ ᠪᠡᠯᠡ ᠣᠷᠣᠭᠤᠯᠬᠤ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠶ᠋ᠢᠳᠠᠯ᠂ ᠰᠲ᠋ᠣᠺ᠎ᠤᠨ ᠡᠬᠡ ᠮᠥᠩᠭᠥ ᠵᠢᠨ ᠬᠤᠪᠢᠷᠠᠯᠲᠠ ᠵᠢᠨ ᠪᠠᠶ᠋ᠢᠳᠠᠯ ᠬᠢᠭᠡᠳ ᠪᠤᠰᠤᠳ ᠴᠢᠬᠤᠯᠠ ᠶᠡᠬᠡ ᠪᠠᠶ᠋ᠢᠳᠠᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ᠎ᠡ᠃